100 ᠲᠤᠰᠭᠠᠶ ᠮᠡᠷᠭᠡᠵᠢᠯᠲᠡᠨ᠎ᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠦᠨ ᠳᠡᠯᠭᠡᠷᠡᠭᠦᠯᠬᠦ᠌ ᠠᠶᠠᠯᠠᠯ ᠡᠬᠢᠯᠡᠪᠡ
2021-07-30 15:31:53
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ 2021 ᠣᠨ᠎ᠤ ᠥᠪᠡᠷᠲᠡᠭᠡᠨ ᠵᠠᠰᠠᠬᠤ ᠣᠷᠣᠨ᠎ᠤ 《100 ᠲᠤᠰᠭᠠᠶ ᠮᠡᠷᠭᠡᠵᠢᠯᠲᠡᠨ ᠠᠢᠮᠠᠭ ᠬᠤᠲᠠ ᠬᠤᠱᠢᠭᠤ ᠱᠢᠶᠠᠨ᠎ᠳᠤ ᠬᠦᠷᠴᠦ᠍ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠦᠨ ᠳᠡᠯᠭᠡᠷᠡᠭᠦᠯᠬᠦ᠌ ᠠᠶᠠᠯᠠᠯ》 ᠎ᠤᠨ ᠬᠥᠬᠡᠬᠤᠲᠠ ᠥᠷᠲᠡᠭᠡ᠎ᠳᠠᠬᠢ ᠠᠵᠢᠯᠯᠠᠭ᠎ᠠ ᠵᠢᠴᠢ 《ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠦᠭ᠌ᠬᠦᠨ᠎ᠡ》 ᠬᠡᠬᠦ᠌ ᠭᠤᠤᠯ ᠰᠡᠳᠦᠪᠳᠦ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯᠯᠠᠭ᠎ᠠ᠎ᠶ᠋ᠢᠨ ᠡᠬᠢᠯᠡᠯᠲᠡ᠎ᠶ᠋ᠢᠨ ᠶᠣᠰᠣᠯᠠᠯ ᠬᠥᠬᠡᠬᠤᠲᠠ᠎ᠶ᠋ᠢᠨ ᠱᠢᠨ᠎ᠡ ᠬᠤᠲᠠ ᠲᠣᠭᠤᠷᠢᠭ᠎ᠤᠨ ᠵᠥᠩ ᠱᠠᠨ ᠵᠡᠭᠡᠯᠢ᠎ᠶ᠋ᠢᠨ ᠬᠡᠷᠡᠭ ᠡᠷᠬᠢᠯᠡᠬᠦ᠌ ᠭᠠᠵᠠᠷ᠎ᠲᠤ ᠶᠠᠪᠤᠭ᠍ᠳᠠᠪᠠ᠃

《100 ᠲᠤᠰᠭᠠᠶ ᠮᠡᠷᠭᠡᠵᠢᠯᠲᠡᠨ ᠠᠢᠮᠠᠭ ᠬᠤᠲᠠ ᠬᠤᠱᠢᠭᠤ ᠱᠢᠶᠠᠨ᠎ᠳᠤ ᠬᠦᠷᠴᠦ᠍ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠦᠨ ᠳᠡᠯᠭᠡᠷᠡᠭᠦᠯᠬᠦ᠌ ᠠᠶᠠᠯᠠᠯ》 ᠪᠤᠯ ᠬᠦᠬᠡᠬᠤᠳᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮᠯᠢᠭ᠎ᠤᠨ ᠵᠣᠬᠢᠶᠠᠨ ᠪᠠᠢᠭᠤᠯᠤᠯᠲᠠ᠎ᠶ᠋ᠢᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ ᠠᠬᠢᠭᠤᠯᠵᠤ᠂ 《ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠭᠦᠨ᠎ᠡ》 ᠬᠡᠬᠦ᠌ ᠭᠤᠤᠯ ᠰᠡᠳᠦᠪᠳᠦ ᠦᠢᠯᠡᠳᠦᠯᠭᠡ᠎ᠶ᠋ᠢᠨ ᠠᠵᠢᠯᠯᠠᠭ᠎ᠠ᠎ᠶ᠋ᠢᠨ ᠴᠢᠬᠤᠯᠠ ᠠᠭᠤᠯᠭ᠎ᠠ ᠪᠣᠯᠤᠨ᠎ᠠ᠃ ᠠᠵᠢᠯᠯᠠᠭ᠎ᠠ᠎ᠳᠤ᠂ ᠬᠥᠬᠡᠬᠤᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮᠯᠢᠭ᠎ᠤᠨ᠎ᠬᠢᠨ ᠵᠦᠩ ᠱᠠᠨ ᠵᠡᠭᠦᠨ ᠵᠠᠮ᠎ᠤᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠲᠤ 《ᠨᠡᠢᠭᠡᠮ ᠲᠣᠭᠤᠷᠢᠭ᠎ᠲᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠮᠡᠳᠡᠯᠭᠡ᠎ᠶ᠋ᠢᠨ ᠭᠠᠷ ᠠᠪᠤᠯᠭ᠎ᠠ》 ᠎ᠶ᠋ᠢ 600 ᠭᠠᠷᠤᠢ ᠳᠡᠪᠲᠡᠷ ᠬᠠᠨᠳᠢᠪᠯᠠᠬᠤ᠎ᠶ᠋ᠢᠨ ᠬᠠᠮᠲᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠤᠰᠭᠠᠢ ᠰᠡᠳᠦᠪᠲᠦ ᠲᠠᠢᠯᠤᠮᠵᠢ ᠬᠢᠵᠦ᠍ ᠰᠠᠭᠤᠭᠠᠯᠢ ᠠᠷᠠᠳ᠎ᠤᠨ ᠬᠠᠯᠠᠭᠤᠨ ᠬᠦᠷᠢᠶᠡᠯᠡᠯ᠎ᠢ ᠤᠯᠪᠠ᠃ ᠠᠵᠢᠯᠯᠠᠭ᠎ᠠ᠎ᠳᠤ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠤᠰᠭᠠᠶ ᠮᠡᠷᠭᠡᠵᠢᠯᠲᠡᠨ᠎ᠤ ᠪᠦᠯᠬᠦᠮ᠎ᠤᠨ 10 ᠪᠦᠷᠢᠯᠳᠦᠬᠦᠨ᠎ᠢ ᠤᠷᠢᠵᠤ᠂ ᠤᠷᠢᠳ ᠬᠤᠵᠢᠳ ᠬᠥᠬᠡᠬᠤᠲᠠ᠎ᠶ᠋ᠢᠨ 9 ᠬᠤᠱᠢᠭᠤ ᠱᠢᠶᠠᠨ᠎ᠳᠤ ᠬᠦᠷᠴᠦ᠍᠂ ᠦᠷᠭᠡᠨ ᠣᠯᠠᠨ ᠮᠠᠯᠴᠢᠨ ᠲᠠᠷᠢᠶᠠᠴᠢᠨ᠂ ᠬᠤᠲᠠ ᠪᠠᠯᠭᠠᠰᠤᠨ᠎ᠤ ᠬᠥᠳᠡᠯᠮᠦᠷᠢᠴᠢᠨ ᠪᠠ ᠺᠠᠳ᠋ᠷ ᠠᠵᠢᠯᠲᠠᠨ ᠠᠵᠢᠯᠴᠢᠨ᠎ᠳᠤ ᠴᠢᠭ᠌ᠯᠡᠬᠦᠯᠦᠨ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠂ ᠡᠮ ᠡᠮᠨᠡᠯᠭᠡ ᠡᠷᠡᠭᠦᠯᠵᠢᠯ᠂ ᠱᠢᠮ᠎ᠡ ᠲᠡᠵᠢᠭᠡᠯ ᠡᠷᠡᠭᠦᠯ ᠮᠡᠨᠳᠦ᠂ ᠲᠠᠷᠢᠶᠠᠯᠠᠩ ᠮᠠᠯ ᠠᠵᠤ ᠠᠬᠤᠶ᠎ᠶ᠋ᠢᠨ ᠬᠡᠷᠡᠭ᠌ᠯᠡᠭᠡᠨ᠎ᠤ ᠮᠡᠷᠭᠡᠵᠢᠯ ᠵᠡᠷᠭᠡ ᠠᠭᠤᠯᠭ᠎ᠠ᠎ᠶ᠋ᠢᠨ ᠲᠣᠭᠤᠷᠢᠨ᠎ᠳᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠪᠤᠯᠪᠠᠰᠤᠷᠠᠯ᠂ ᠲᠤᠬᠠᠶ᠎ᠶ᠋ᠢᠨ ᠲᠠᠯᠠᠪᠠᠶ᠎ᠶ᠋ᠢᠨ ᠮᠡᠷᠭᠡᠵᠢᠯ᠎ᠤᠨ ᠵᠢᠯᠣᠭᠤᠳᠣᠯᠭ᠎ᠠ ᠪᠠ ᠠᠯᠪᠠᠨ ᠵᠢᠷᠤᠮ᠎ᠤᠨ ᠡᠮᠴᠢᠯᠡᠭᠡᠨ᠎ᠤ ᠠᠵᠢᠯᠯᠠᠭ᠎ᠠ ᠵᠡᠷᠭᠡ᠎ᠶ᠋ᠢ 60 ᠭᠠᠷᠤᠢ ᠲᠠᠯᠠᠪᠠᠢ ᠤᠳᠠᠭ᠎ᠠ ᠥᠷᠨᠢᠭᠦᠯᠬᠦ᠌ ᠪᠣᠯᠤᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号