ᠪᠦᠬᠦ᠌ ᠲᠠᠯ᠎ᠠ᠎ᠶ᠋ᠢᠨ ᠴᠢᠨᠡᠭᠡᠯᠢᠭ᠌ᠵᠢᠯ᠎ᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠬᠡᠷᠬᠢᠨ ᠲᠤᠯᠭᠠᠭᠤᠷᠢᠯᠠᠬᠤ ᠳᠤᠬᠠᠢ 《ᠭᠤᠣᠯᠳᠠᠯᠭ᠎ᠠ ᠲᠣᠭ᠍ᠲᠠᠭᠠᠪᠠ》
2021-07-30 15:29:31
ᠵᠣᠬᠢᠶᠠᠭ᠍ᠴᠢ᠄
ᠳ᠋ᠦᠩ ᠷᠦᠢ ᠹᠧᠩ ᠬᠤ᠌ ᠵᠧ
ᠣᠩᠱᠢᠭ᠍ᠰᠠᠨ ᠣᠳᠠᠭ᠎ᠠ᠄
★★★☆☆

ᠳᠣᠬᠢᠭᠤᠷ ᠲᠤᠯᠤᠭᠠᠨ ᠣᠲᠣ ᠠᠶᠠᠯᠠᠯ ᠵᠠᠯᠠᠬᠤ ᠱᠢᠰᠲ᠋ᠧᠮ ᠲᠤᠤᠷ ᠪᠦᠷᠢᠳᠦᠭᠦᠯᠵᠥ᠍᠂ ᠲᠦᠷᠭᠡᠨ᠎ᠤ ᠲᠡᠮᠦᠷ ᠵᠠᠮ ᠨᠢᠰᠭᠦ ᠮᠡᠲᠦ ᠳᠠᠪᠬᠢᠨ᠎ᠠ᠂ ᠰᠠᠭᠤᠷᠢ ᠰᠤᠳᠤᠯᠭᠠᠨ᠎ᠤ ᠪᠠᠯᠠ ᠣᠷᠣᠭᠤᠯᠤᠯᠲᠠ᠎ᠶ᠋ᠢᠨ ᠵᠢᠯ ᠳᠤᠮᠳᠠᠴᠢ᠎ᠶ᠋ᠢᠨ ᠨᠡᠮᠡᠭ᠌ᠳᠡᠯ᠎ᠤᠨ ᠬᠡᠮᠵᠢᠶ᠎ᠡ 16.9% ᠎ᠳᠤ ᠬᠦᠷᠴᠦ᠍᠂ ᠤᠯᠤᠰ᠎ᠤᠨ ᠡᠮᠴᠢᠯᠡᠭᠡᠨ᠎ᠤ ᠠᠨᠠᠭᠠᠬᠤ ᠤᠬᠠᠭᠠᠨ᠎ᠤ ᠰᠤᠳᠤᠯᠭᠠᠨ᠎ᠤ ᠲᠥᠪ᠎ᠢ 50 ᠪᠠᠢᠭᠤᠯᠪᠠ ᠁ ᠮᠠᠨ᠎ᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠣᠳᠠᠲᠤ ᠬᠦᠴᠦᠨ ᠪᠠ ᠱᠢᠨ᠎ᠡ᠎ᠶ᠋ᠢ ᠡᠭᠦᠳᠬᠦ᠌ ᠴᠢᠳᠠᠪᠤᠷᠢ ᠶᠡᠭᠡ᠎ᠪᠠᠷ ᠳᠡᠭᠡᠭ᠌ᠰᠢᠯᠡᠭ᠌ᠰᠡᠨ᠎ᠨᠢ ᠴᠢᠨᠡᠭᠡᠯᠢᠭ ᠨᠡᠢᠭᠡᠮ᠎ᠢ ᠪᠥᠬᠦ᠌ ᠲᠠᠯ᠎ᠠ᠎ᠪᠠᠷ ᠪᠡᠶᠡᠯᠡᠭᠦᠯᠦᠭ᠌ᠰᠡᠨ᠎ᠤ ᠴᠢᠬᠤᠯᠠ ᠪᠡᠯᠭᠡ ᠲᠡᠮᠳᠡᠭ ᠪᠣᠯᠬᠤ ᠪᠥᠭᠡᠳ ᠪᠠᠰᠠ ᠴᠤ᠌ ᠴᠢᠨᠡᠭᠡᠯᠢᠭ ᠨᠡᠢᠭᠡᠮ᠎ᠢ ᠪᠥᠬᠦ᠌ ᠲᠠᠯ᠎ᠠ᠎ᠪᠠᠷ ᠪᠡᠶᠡᠯᠡᠭᠦᠯᠦᠭ᠌ᠰᠡᠨ ᠵᠠᠩᠭᠢᠯᠠᠭ᠎ᠠ᠎ᠶ᠋ᠢᠨ ᠲᠤᠯᠭᠠᠭᠤᠷᠢᠯᠠᠯ ᠪᠣᠯᠤᠨ᠎ᠠ᠃

ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ 27 ᠎ᠤ ᠡᠳᠦᠷ ᠬᠤᠷᠠᠯᠳᠤᠭᠤᠯᠤᠭ᠍ᠰᠠᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠠᠮᠤᠨ᠎ᠤ ᠰᠠᠢᠳ ᠸᠠᠩ ᡁᠢ ᠭᠠᠩ ᠵᠡᠷᠭᠡ ᠬᠠᠷᠢᠭᠤᠴᠠᠯᠭᠠᠲᠠᠨ ᠮᠠᠨ᠎ᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠢᠯᠡᠰ᠎ᠤᠨ ᠣᠯᠤᠭ᠍ᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ᠎ᠶ᠋ᠢ ᠲᠠᠨᠢᠯᠴᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌ ᠵᠠᠮ᠎ᠢ ᠪᠡᠷᠡᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠴᠢᠨᠡᠭᠡᠯᠢᠭ ᠨᠡᠢᠭᠡᠮ᠎ᠢ ᠪᠥᠬᠦ᠌ ᠲᠠᠯ᠎ᠠ᠎ᠪᠠᠷ ᠪᠡᠶᠡᠯᠡᠬᠦᠯᠬᠦ᠌᠎ᠶ᠋ᠢ ᠳᠤᠯᠭᠠᠭᠤᠷᠢᠯᠠᠬᠤ᠎ᠳᠤ 《ᠭᠤᠤᠯᠳᠠᠯᠭ᠎ᠠ ᠲᠣᠭ᠍ᠲᠠᠭᠠᠵᠤ》 ᠦᠭ᠌ᠪᠡ᠃

ᠲᠠᠪᠤᠨ ᠶᠡᠭᠡ ᠴᠢᠳᠠᠪᠤᠷᠢ ᠳᠡᠭᠡᠭ᠌ᠰᠢᠯᠡᠵᠦ᠍ ᠪᠦᠬᠦ᠌ ᠳᠠᠯ᠎ᠠ᠎ᠶ᠋ᠢᠨ ᠴᠢᠨᠡᠭᠡᠯᠢᠭ᠌ᠵᠢᠯ᠎ᠳᠤ ᠵᠠᠩᠭᠢᠯᠠᠭ᠎ᠠ᠎ᠶ᠋ᠢᠨ ᠲᠤᠯᠭᠠᠭᠤᠷᠢᠯᠠᠯ ᠬᠠᠩᠭᠠᠪᠠ

ᠳᠤᠮᠳᠠᠳᠤ ᠤᠯᠤᠰ᠎ᠤᠨ ᠰᠠᠨᠰᠠᠷᠴᠢᠨ ᠠᠩᠬ᠎ᠠ ᠤᠳᠠᠭ᠎ᠠ ᠥᠪᠡᠷ᠎ᠤᠨ ᠣᠭ᠍ᠲᠠᠷᠭᠤᠢ᠎ᠶ᠋ᠢᠨ ᠦᠷᠲᠡᠭᠡ᠎ᠳᠡᠭᠡᠨ ᠣᠷᠣᠵᠤ ᠰᠠᠭᠤᠭ᠍ᠰᠠᠨ᠎ᠠᠴᠠ ᠺᠸᠠᠨ᠋ᠲ᠎ᠤᠨ ᠴᠢᠮᠡᠭᠡ ᠬᠤᠯᠪᠣᠭ᠎ᠠ᠂ ᠲᠡᠮᠦᠷ ᠰᠠᠭᠤᠷᠢᠲᠤ ᠬᠡᠳᠦ ᠳᠠᠮᠵᠢᠭᠤᠯᠤᠭ᠍ᠴᠢ᠂ ᠭᠤᠣᠯ ᠡᠰ᠎ᠢᠶᠠᠷ ᠲᠥᠯᠥᠭᠡᠯᠡᠭᠦᠯᠦᠭ᠌ᠰᠡᠨ ᠨᠢᠭᠡ ᠪᠦᠯᠦᠭ ᠴᠢᠬᠤᠯᠠ ᠶᠡᠭᠡ ᠤᠤᠭᠠᠯ ᠡᠭᠦᠳᠦᠯᠲᠡ᠎ᠶ᠋ᠢᠨ ᠴᠢᠨᠠᠷᠲᠠᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ ᠣᠯᠤᠭ᠍ᠰᠠᠨ ᠬᠦᠷᠲᠡᠯ᠎ᠡ; ᠲᠦᠮᠡᠨ ᠠᠵᠢᠯ ᠣᠯᠤᠭ᠍ᠰᠠᠳ ᠪᠦᠷᠢ᠎ᠳᠤ 62 ᠰᠤᠳᠤᠯᠤᠨ ᠨᠡᠭᠡᠭᠡᠬᠦ᠌ ᠠᠵᠢᠯᠲᠠᠨ᠎ᠲᠠᠢ ᠪᠠᠢᠭ᠍ᠰᠠᠨ᠎ᠠᠴᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠂ ᠳᠡᠭᠡᠳᠦ ᠱᠢᠨ᠎ᠡ ᠮᠡᠷᠭᠡᠵᠢᠯ᠎ᠤᠨ ᠠᠵᠤ ᠠᠬᠤᠢᠯᠠᠯ᠎ᠨᠢ ᠴᠥᠮ 20 ᠲᠦᠮᠡ᠎ᠶ᠋ᠢ ᠳᠠᠪᠠᠭ᠍ᠰᠠᠨ ᠬᠦᠷᠳᠡᠯ᠎ᠡ — ᠣᠢᠷ᠎ᠠ᠎ᠶ᠋ᠢᠨ ᠵᠢᠯ᠎ᠳᠤ᠂ ᠮᠠᠨ᠎ᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠢᠯᠡᠰ ᠲᠡᠦᠬᠡᠲᠦ ᠴᠢᠨᠠᠷᠲᠠᠶ ᠠᠮᠵᠢᠯᠲᠠ ᠣᠯᠵᠤ᠂ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠤᠯᠤᠰ᠎ᠤᠨ ᠪᠥᠲᠥᠭᠡᠨ ᠪᠠᠢᠭᠤᠯᠤᠯᠲᠠ  ᠱᠢᠢᠳᠪᠦᠷᠢᠯᠡᠭ᠌ᠴᠢ ᠴᠢᠨᠠᠷᠲᠠᠶ ᠠᠬᠢᠴᠠ᠎ᠲᠠᠢ ᠪᠣᠯᠪᠠ᠃

《ᠴᠢᠳᠠᠪᠤᠷᠢ᠎ᠶ᠋ᠢᠨ ᠲᠦᠪᠱᠢᠨ᠎ᠢ ᠳᠡᠭᠡᠭ᠌ᠰᠢᠯᠡᠭᠦᠯᠪᠡᠯ ᠰᠠᠶᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠡᠭᠡ ᠬᠥᠭ᠌ᠵᠢᠯᠲᠡ ᠪᠠᠢᠵᠤ᠂ ᠡᠭᠦᠨ᠎ᠤ ᠤᠯᠠᠮ᠎ᠢᠶᠠᠷ ᠠᠵᠤ ᠠᠬᠤᠢ ᠨᠡᠢᠭᠡᠮ᠎ᠤᠨ ᠡᠯ᠎ᠡ ᠲᠠᠯ᠎ᠠ᠎ᠶ᠋ᠢᠨ ᠶᠡᠭᠡ ᠬᠥᠭ᠌ᠵᠢᠯᠲᠡ ᠪᠠᠢᠵᠤ ᠴᠢᠳᠠᠨ᠎ᠠ》᠃ ᠸᠠᠩ ᡁᠢ ᠭᠠᠩ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠩᠬᠠᠨ᠎ᠤ ᠱᠢᠨ᠎ᠡ᠎ᠶ᠋ᠢ ᠡᠭᠦᠳᠬᠦ᠌ ᠴᠢᠳᠠᠪᠤᠷᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠠᠢᠯᠳᠤᠬᠤ ᠪᠣᠳᠣᠯᠭ᠎ᠠ᠎ᠶ᠋ᠢᠨ ᠬᠤᠱᠢᠭᠤᠷᠠᠯ ᠱᠢᠪᠲᠤᠯᠤᠯᠲᠠ᠎ᠶ᠋ᠢᠨ ᠴᠢᠳᠠᠪᠤᠷᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠰᠲ᠋ᠧᠮᠵᠢᠭ᠌ᠰᠡᠨ ᠪᠠᠢᠭᠤᠯᠤᠯᠲᠠ᠎ᠶ᠋ᠢᠨ ᠴᠢᠳᠠᠪᠤᠷᠢ᠂ ᠰᠤᠳᠤᠯᠤᠨ ᠨᠡᠭᠡᠭᠡᠬᠦ᠌ ᠭᠤᠤᠯ ᠴᠣᠭ᠍ᠴᠠ᠎ᠶ᠋ᠢᠨ ᠱᠢᠨ᠎ᠡ᠎ᠶ᠋ᠢ ᠡᠭᠦᠳᠬᠦ᠌ ᠴᠢᠳᠠᠪᠤᠷᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠭᠡᠭᠡᠯᠲᠡ ᠬᠢᠵᠦ᠍ ᠬᠠᠮᠲᠤᠷᠠᠯᠴᠠᠬᠤ ᠴᠢᠳᠠᠪᠤᠷᠢ᠎ᠶ᠋ᠢ ᠴᠥᠮ ᠶᠡᠭᠡ᠎ᠪᠠᠷ ᠳᠡᠭᠡᠭ᠌ᠰᠢᠯᠡᠭᠦᠯᠵᠦ᠍᠂ ᠮᠠᠨ᠎ᠤ ᠤᠯᠤᠰ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠠᠮᠢ ᠠᠬᠤᠶ ᠣᠷᠴᠢᠨ ᠲᠣᠭᠤᠷᠢᠨ᠎ᠢ ᠱᠢᠯᠢᠳᠡᠭ᠌ᠵᠢᠭᠦᠯᠬᠦ᠌ ᠵᠡᠷᠭᠡ ᠴᠢᠬᠤᠯᠠ ᠶᠡᠭᠡ ᠡᠭᠦᠷᠭᠡ᠎ᠳᠤ ᠴᠢᠬᠤᠯᠠ ᠦᠶᠯᠡᠳᠦᠯ ᠦᠵᠡᠭᠦᠯᠵᠠᠢ ᠭᠡᠵᠤ ᠬᠡᠯᠡᠪᠡ᠃

《ᠬᠡᠷᠪᠡ ᠡᠲᠡᠭᠡᠷ ᠴᠢᠳᠠᠪᠤᠷᠢ ᠳᠡᠭᠡᠭ᠌ᠰᠢᠯᠡᠭ᠌ᠰᠡᠨ ᠥᠬᠡᠶ ᠪᠣᠯ ᠪᠢᠳᠡ ᠤᠳᠠᠯ ᠥᠬᠡᠶ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠸᠢᠷᠦ᠋ᠰ᠎ᠤᠨ ᠭᠧᠨ᠎ᠤ ᠴᠤᠪᠤᠷᠠᠯ᠎ᠢ ᠲᠣᠳᠣᠷᠬᠠᠢᠯᠠᠵᠤ᠂ ᠱᠢᠯᠭᠠᠨ ᠪᠠᠢᠴᠠᠭᠠᠬᠤ ᠲᠤᠷᠱᠢᠬᠤ ᠡᠮ᠎ᠢ ᠮᠠᠰᠢ ᠲᠦᠷᠭᠡᠨ᠎ᠢᠶᠠᠷ ᠰᠤᠳᠤᠯᠤᠨ  ᠦᠢᠯᠡᠳᠴᠦ᠍᠂ ᠮᠠᠨ᠎ᠤ ᠤᠯᠤᠰ᠎ᠲᠠᠭᠠᠨ  ᠦᠢᠯᠡᠳᠪᠦᠷᠢᠯᠡᠭ᠌ᠰᠡᠨ ᠥᠨᠳᠥᠷ ᠲᠦᠪᠱᠢᠨ ᠪᠥᠬᠦᠶ ᠸᠠᠺᠼᠢᠨ᠎ᠢ ᠮᠠᠰᠢ ᠲᠦᠷᠭᠡᠨ᠎ᠢᠶᠠᠷ ᠭᠠᠷᠭᠠᠵᠤ ᠴᠢᠳᠠᠨ᠎ᠠ ᠭᠡᠳᠡᠭ᠎ᠢ ᠲᠥᠰᠦᠭᠡᠯᠡᠬᠦᠶ᠎ᠡ ᠪᠡᠷᠬᠡ ᠶᠤᠮ》᠃ ᠸᠠᠩ ᡁᠢ ᠭᠠᠩ᠂ ᠡᠨᠡ ᠪᠣᠯ ᠴᠥᠮ ᠣᠯᠠᠨ ᠵᠢᠯ᠎ᠤᠨ ᠲᠤᠷᠱᠢᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠤᠷᠠᠮᠳᠤᠭᠤᠯᠤᠯ᠎ᠤᠨ ᠪᠠᠴᠢᠮ ᠴᠠᠭ ᠦᠶ᠎ᠡ᠎ᠳᠠᠬᠢ ᠦᠷ᠎ᠡ ᠪᠦᠲᠦᠭᠡᠯ᠎ᠤᠨ ᠢᠯᠡᠷᠡᠯ ᠮᠥᠨ᠂ ᠴᠢᠨᠡᠭᠡᠯᠢᠭ ᠨᠡᠢᠭᠡᠮ᠎ᠢ ᠪᠥᠬᠦ᠌ ᠲᠠᠯ᠎ᠠ᠎ᠪᠠᠷ ᠪᠡᠶᠡᠯᠡᠭᠦᠯᠬᠦ᠌᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠪᠠ ᠵᠠᠩᠭᠢᠯᠠᠭ᠎ᠠ᠎ᠶ᠋ᠢᠨ ᠲᠤᠯᠭᠠᠭᠤᠷᠢᠯᠠᠯ ᠬᠠᠩᠭᠠᠵᠠᠢ ᠭᠡᠵᠤ ᠬᠡᠯᠡᠪᠡ᠃

《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠪᠱᠢᠯᠲᠠ ᠨᠢᠭᠡ ᠪᠦᠷᠢ᠎ᠳᠤ ᠴᠥᠮ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠣᠷᠳᠣ ᠬᠤᠭᠤᠴᠠᠭᠠᠨ᠎ᠤ ᠲᠡᠮᠡᠴᠡᠯ ᠨᠢᠭ᠍ᠲᠠᠷᠠᠵᠤ ᠪᠠᠢᠳᠠᠭ》᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠠᠮᠤᠨ᠎ᠤ ᠳᠡᠭᠡᠳᠦ ᠱᠢᠨ᠎ᠡ ᠮᠡᠷᠭᠡᠵᠢᠯ᠎ᠤᠨ ᠵᠤᠷᠭᠠᠨ᠎ᠤ ᠳᠠᠷᠤᠭ᠎ᠠ ᠴᠧᠨ ᠵᠢᠶᠠ ᠴᠠᠩ᠂ 《ᠡᠨᠡ ᠲᠠᠪᠤᠨ ᠵᠢᠯ᠎ᠳᠤ ᠯᠡ ᠪᠢᠰᠢ᠂ ᠵᠠᠷᠢᠮ ᠮᠡᠷᠭᠡᠵᠢᠯ᠂ ᠵᠢᠱ᠌ᠢᠶᠡᠯᠡᠪᠡᠯ ᠲᠦᠷᠭᠡᠨ᠎ᠤ ᠲᠡᠮᠦᠷ ᠵᠠᠮ᠂ ᠴᠢᠨᠠᠭ᠍ᠰᠢᠯᠠᠪᠠᠯ ᠬᠡᠳᠦᠨ ᠲᠠᠪᠤᠨ ᠵᠢᠯ᠎ᠢ ᠭᠡᠷᠡᠭ᠌ᠰᠡᠵᠤ ᠦᠷᠭᠦᠯᠵᠢᠯᠡᠨ ᠬᠤᠷᠠᠮᠳᠤᠭᠤᠯᠵᠤ ᠪᠠᠢᠭᠠᠳ ᠳᠤᠮᠳᠠᠳᠤ ᠤᠯᠤᠰ᠎ᠤᠨ ᠨᠡᠷ᠎ᠡ᠎ᠶ᠋ᠢᠨ ᠬᠠᠭᠤᠳᠠᠰᠤ ᠪᠣᠯᠤᠭ᠍ᠰᠠᠨ ᠪᠠᠢᠨ᠎ᠠ᠃ ᠢᠷᠡᠭᠡᠳᠦᠢ᠎ᠶ᠋ᠢ ᠪᠠᠷᠠᠯᠠᠬᠤᠶ᠎ᠠ᠂ ᠮᠠᠨ᠎ᠤ ᠳᠡᠭᠡᠳᠦ ᠱᠢᠨ᠎ᠡ ᠮᠡᠷᠭᠡᠵᠢᠯ ᠪᠠᠰᠠ ᠬᠥᠮᠦᠰ᠎ᠲᠤ ᠨᠡᠩ ᠤᠯᠠᠨ ᠲᠦᠬᠦᠮ ᠦᠵᠡᠭᠦᠯᠬᠦ᠌ ᠪᠣᠯᠤᠨ᠎ᠠ》 ᠭᠡᠵᠤ ᠬᠡᠯᠡᠪᠡ᠃

ᠰᠠᠭᠤᠷᠢ ᠰᠤᠳᠤᠯᠭᠠᠨ᠎ᠢ ᠴᠢᠩᠭᠠᠳᠭᠠᠵᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠴᠢᠨᠠᠷ ᠰᠠᠢᠲᠠᠢ ᠥᠭᠦᠯᠡᠯ᠎ᠤᠨ ᠬᠤᠶᠠᠳᠤᠭᠠᠷ ᠲᠤᠮᠤ ᠬᠤᠪᠢ ᠨᠡᠮᠡᠷᠢ ᠦᠵᠡᠬᠦᠯᠦᠭ᠌ᠰᠡᠨ ᠤᠯᠤᠰ ᠪᠤᠯᠵᠠᠢ

ᠰᠠᠭᠤᠷᠢ ᠰᠤᠳᠤᠯᠭᠠᠨ᠎ᠨᠢ ᠤᠯᠤᠰ᠎ᠤᠨ ᠱᠢᠨ᠎ᠡ᠎ᠶ᠋ᠢ ᠡᠭᠦᠳᠬᠦ᠌᠎ᠶ᠋ᠢᠨ ᠰᠠᠭᠤᠷᠢ ᠪᠠ ᠨᠥᠭᠡᠴᠡ ᠬᠦᠴᠦᠨ᠎ᠢ ᠲᠣᠭ᠍ᠲᠠᠭᠠᠵᠤ ᠪᠤᠢ᠃ ᠤᠢ᠍ᠢᠷ᠎ᠠ᠎ᠶ᠋ᠢᠨ ᠵᠢᠯ᠎ᠠᠴᠠ᠂ ᠮᠠᠨ᠎ᠤ ᠤᠯᠤᠰ᠎ᠤᠨ ᠰᠠᠭᠤᠷᠢ ᠰᠤᠳᠤᠯᠭᠠᠨ᠎ᠤ ᠪᠡᠯᠡ ᠣᠷᠣᠭᠤᠯᠤᠯᠲᠠ ᠲᠦᠷᠭᠡᠨ ᠨᠡᠮᠡᠭ᠌ᠳᠡᠵᠦ᠍᠂ ᠰᠤᠳᠤᠯᠤᠨ ᠨᠡᠭᠡᠭᠡᠬᠦ᠌ ᠪᠡᠯᠡ ᠣᠷᠣᠭᠤᠯᠤᠯᠲᠠ᠎ᠳᠠᠬᠢ ᠡᠵᠡᠯᠡᠬᠦ᠌ ᠬᠠᠷᠢᠴᠠᠯ 6% ᠎ᠶ᠋ᠢ ᠳᠠᠪᠠᠪᠠ᠃

《ᠮᠠᠨ᠎ᠤ ᠤᠯᠤᠰ ᠪᠦᠬᠦ᠌ ᠪᠥᠮᠪᠥᠷᠴᠡᠭ᠎ᠤᠨ ᠴᠢᠨᠠᠷ ᠰᠠᠢᠲᠠᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠥᠭᠦᠯᠡᠯ᠎ᠤᠨ ᠬᠤᠶᠠᠳᠤᠭᠠᠷ ᠲᠤᠮᠤ ᠬᠤᠪᠢ ᠨᠡᠮᠡᠷᠢ ᠦᠵᠡᠭᠦᠯᠦᠭ᠌ᠰᠡᠨ ᠤᠯᠤᠰ ᠪᠣᠯᠪᠠ᠃ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ᠂ ᠬᠢᠮᠢ᠂ ᠢᠨᠵᠧᠨᠧᠷᠢᠩ᠎ᠤᠨ ᠮᠡᠷᠭᠡᠵᠢᠯ᠂ ᠲᠣᠭᠠᠨ᠎ᠤ ᠤᠬᠠᠭᠠᠨ᠂ ᠹᠢᠽᠢᠺ ᠵᠡᠷᠭᠡ 12 ᠱᠢᠨᠵᠢᠯᠡᠭᠡᠨ᠎ᠤ ᠰᠠᠯᠠᠭ᠎ᠠ᠎ᠳᠤ ᠥᠨᠳᠥᠷ ᠬᠢᠷᠢ ᠲᠦᠪᠱᠢᠨ ᠪᠥᠬᠦᠶ ᠡᠷᠳᠡᠮ ᠱᠢᠨᠵᠢᠯᠡᠭᠡᠨ᠎ᠤ ᠥᠭᠦᠯᠡᠯ᠎ᠢ ᠡᠱᠢᠯᠡᠵᠦ᠍ ᠳᠡᠯᠡᠬᠡᠶ᠎ᠶ᠋ᠢᠨ ᠡᠮᠦᠨ᠎ᠡ ᠬᠤᠶᠠᠷ᠎ᠲᠤ ᠣᠷᠣᠭᠤᠯᠪᠠ》 ᠬᠡᠵᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠠᠮᠤᠨ᠎ᠤ ᠪᠠᠢᠯᠳᠤᠬᠤ ᠪᠣᠳᠣᠯᠭ᠎ᠠ᠎ᠶ᠋ᠢᠨ ᠲᠥᠯᠥᠪᠵᠢᠭᠦᠯᠭᠡ᠎ᠶ᠋ᠢᠨ ᠵᠤᠷᠭᠠᠨ᠎ᠤ ᠳᠠᠷᠤᠭ᠎ᠠ ᠱᠢᠤᠢ ᠯᠢᠶᠠᠩ ᠬᠡᠯᠡᠪᠡ᠃

ᠲᠠᠨᠢᠯᠴᠠᠭᠤᠯᠤᠭ᠍ᠰᠠᠨ᠎ᠢᠶᠠᠷ᠂ 2019 ᠣᠨ᠎ᠳᠤ ᠮᠠᠨ᠎ᠤ ᠤᠯᠤᠰ᠎ᠤᠨ ᠰᠠᠭᠤᠷᠢ ᠰᠤᠳᠤᠯᠭᠠᠨ᠎ᠤ ᠠᠵᠢᠯᠲᠠᠨ᠎ᠤ ᠪᠥᠬᠦ᠌ ᠲᠤᠭ᠎ᠠ ᠵᠢᠯ᠎ᠳᠤ 39.2 ᠲᠦᠮᠡ᠎ᠳᠤ ᠬᠦᠷᠴᠦ᠍᠂ 《ᠪᠥᠬᠦ᠌ ᠪᠥᠮᠪᠥᠷᠴᠡᠭ᠎ᠤᠨ ᠥᠨᠳᠥᠷ ᠲᠠᠪᠳᠠᠮᠵᠢ᠎ᠪᠠᠷ ᠤᠷᠢᠬ᠍ᠳᠠᠬ᠍ᠰᠠᠨ ᠱᠢᠨᠵᠢᠯᠡᠬᠦ᠌ ᠤᠬᠠᠭᠠᠨᠲᠠᠨ》 ᠎ᠢᠶᠠᠷ ᠰᠣᠩᠭᠤᠭ᠍ᠳᠠᠭ᠍ᠰᠠᠨ ᠬᠥᠮᠦᠨ᠎ᠤ ᠲᠤᠭ᠎ᠠ ᠲᠠᠰᠤᠷᠠᠯᠲᠠ ᠥᠬᠡᠶ ᠨᠡᠮᠡᠭ᠌ᠳᠡᠵᠦ᠍᠂ ᠬᠤᠶᠠᠷ ᠵᠢᠯ ᠳᠠᠷᠠᠭᠠᠯᠠᠨ ᠳᠡᠯᠡᠬᠡᠶ᠎ᠶ᠋ᠢᠨ ᠬᠤᠶᠠᠳᠤᠭᠠᠷ᠎ᠲᠤ ᠣᠷᠣᠪᠠ᠃ ᠮᠠᠨ᠎ᠤ ᠤᠯᠤᠰ᠎ᠤᠨ ᠱᠢᠨᠵᠢᠯᠡᠬᠦ᠌ ᠤᠬᠠᠭᠠᠨᠲᠠᠨ ᠪᠠᠰᠠ 《ᠺᠯᠢᠹᠯᠠᠨᠳ᠋ ᠱᠠᠩᠨᠠᠯ》 ᠵᠡᠷᠭᠡ ᠣᠯᠠᠨ ᠤᠯᠤᠰ᠎ᠤᠨ ᠴᠢᠬᠤᠯᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠠᠩᠨᠠᠯ᠎ᠢ ᠣᠯᠠᠨ ᠭᠥᠷᠳᠡᠪᠡ᠃

ᠱᠢᠤᠢ ᠯᠢᠶᠠᠩ᠂ ᠢᠷᠡᠭᠡᠳᠦᠶ᠎ᠳᠤ ᠰᠠᠭᠤᠷᠢ ᠰᠤᠳᠤᠯᠭᠠᠨ᠎ᠢ ᠨᠠᠩ ᠤᠳᠠᠭᠠᠨ ᠳᠠᠭᠠᠭᠠᠮᠠᠭᠠᠶ᠎ᠪᠠᠷ ᠴᠢᠩᠭᠠᠳᠭᠠᠵᠤ᠂ ᠨᠢᠭᠡ ᠲᠠᠯ᠎ᠠ᠎ᠪᠠᠷ ᠳᠡᠯᠡᠬᠡᠶ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠡᠮᠦᠨ᠎ᠡ ᠡᠩᠨᠡᠭᠡᠨ᠎ᠳᠤ ᠬᠠᠨᠳᠤᠵᠤ᠂ ᠱᠢᠨᠵᠢᠯᠡᠬᠦ᠌ ᠤᠬᠠᠭᠠᠨ᠎ᠤ ᠨᠣᠶᠠᠨ ᠣᠷᠭᠢᠯ᠎ᠳᠤ ᠭᠠᠷᠬᠤ᠎ᠪᠠᠷ ᠴᠢᠷᠮᠠᠢᠨ᠎ᠠ᠂ ᠨᠥᠭᠦᠭᠡ ᠲᠠᠯ᠎ᠠ᠎ᠪᠠᠷ᠂ ᠬᠡᠷᠡᠭ᠌ᠴᠡᠭᠡ᠎ᠪᠠᠷ ᠳᠠᠭᠠᠭᠤᠯᠬᠤ ᠪᠠ ᠬᠡᠷᠡᠭ᠌ᠯᠡᠯᠲᠡ᠎ᠪᠠᠷ ᠳᠠᠢᠴᠢᠯᠠᠬᠤ᠎ᠶ᠋ᠢ ᠴᠢᠩᠭᠠᠳᠭᠠᠵᠤ᠂  ᠦᠢᠯᠡᠳᠪᠦᠷᠢᠯᠡᠯ  ᠦᠢᠯᠡᠳᠦᠯᠭᠡ ᠳᠤᠮᠳᠠᠬᠢ ᠱᠢᠨᠵᠢᠯᠡᠬᠦ᠌ ᠤᠬᠠᠭᠠᠨ᠎ᠤ ᠠᠰᠠᠭᠤᠳᠠᠯ᠎ᠢ ᠲᠤᠪᠴᠢ ᠠᠪᠰᠠᠷ  ᠱᠢᠢᠳᠪᠦᠷᠢᠯᠡᠬᠦ᠌᠎ᠶ᠋ᠢ ᠴᠢᠬᠤᠯᠠᠴᠢᠯᠠᠵᠤ᠂ ᠨᠠᠩ ᠣᠯᠠᠨ ᠱᠢᠨᠵᠢᠯᠡᠬᠦ᠌ ᠤᠬᠠᠭᠠᠨᠲᠠᠨ᠎ᠢ ᠵᠢᠯᠣᠭᠤᠳᠴᠤ᠌ ᠪᠠᠢᠭᠠᠳ ᠬᠠᠷᠠᠯᠲᠠ᠎ᠪᠠᠷ ᠤᠳᠤᠷᠢᠳᠤᠮᠵᠢ ᠪᠣᠯᠭᠠᠭ᠍ᠰᠠᠨ ᠬᠡᠷᠡᠭ᠌ᠯᠡᠭᠡᠨ᠎ᠤ ᠰᠠᠭᠤᠷᠢ ᠰᠤᠳᠤᠯᠭᠠᠨ᠎ᠢ ᠥᠷᠨᠢᠭᠦᠯᠵᠦ᠍᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠳᠤᠮᠳᠠ ᠲᠤᠯᠭᠠᠷᠠᠭ᠍ᠰᠠᠨ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠡᠬᠢ ᠡᠭᠦᠰᠦᠯ ᠪᠠ ᠳᠤᠤᠷᠠᠳᠤ ᠳᠠᠪᠬᠤᠷᠭ᠎ᠠ᠎ᠠᠴᠠ᠎ᠨᠢ  ᠱᠢᠢᠳᠪᠦᠷᠢᠯᠡᠨ᠎ᠡ ᠬᠡᠵᠤ ᠢᠯᠡᠳᠭᠡᠪᠡ᠃

ᠠᠷᠠᠳ᠎ᠤᠨ ᠠᠮᠢᠳᠤᠷᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠳᠣᠪᠤᠢᠯᠭᠠᠵᠤ ᠤᠯᠤᠰ᠎ᠤᠨ ᠡᠮᠴᠢᠯᠡᠬᠡᠨ᠎ᠤ ᠠᠨᠠᠭᠠᠬᠤ ᠤᠬᠠᠭᠠᠨ᠎ᠤ ᠰᠤᠳᠤᠯᠭᠠᠨ᠎ᠤ ᠲᠦᠪ᠎ᠢ 50 ᠪᠦᠳᠤᠬᠡᠨ ᠪᠠᠢᠭᠤᠯᠪᠠ

ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠶᠠᠪᠤᠴᠠ᠎ᠳᠤ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ 《ᠬᠠᠲᠠᠭᠤ ᠴᠥᠮ᠎ᠡ》 ᠎ᠶ᠋ᠢᠨ ᠬᠦᠴᠦᠨ᠎ᠢ ᠪᠠᠢᠭᠤᠯᠪᠠ᠃

《ᠪᠦᠬᠦ᠌ ᠠᠷᠠᠳ᠎ᠤᠨ ᠡᠷᠡᠭᠦᠯ ᠮᠡᠨᠳᠦ ᠪᠠᠢᠬᠤ ᠦᠭᠡᠢ ᠪᠣᠯ ᠪᠦᠬᠦ᠌ ᠲᠠᠯ᠎ᠠ᠎ᠶ᠋ᠢᠨ ᠴᠢᠨᠡᠭᠡᠯᠢᠭ᠌ᠵᠢᠯ ᠪᠠᠢᠵᠤ ᠴᠢᠳᠠᠬᠤ ᠦᠭᠡᠢ》᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠠᠮᠤᠨ᠎ᠤ ᠨᠡᠢᠭᠡᠮ᠎ᠤᠨ ᠬᠥᠭ᠌ᠵᠢᠯᠲᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠵᠤᠷᠭᠠᠨ᠎ᠤ ᠳᠠᠷᠤᠭ᠎ᠠ ᠦ᠋ ᠶᠤᠸᠠᠨ ᠪᠢᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯ᠎ᠳᠤ ᠠᠷᠠᠳ᠎ᠤᠨ ᠠᠮᠢᠳᠤᠷᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠢᠮᠠᠭ᠍ᠲᠠ ᠲᠣᠪᠤᠢᠮ᠎ᠠ ᠪᠠᠢᠷᠢᠨ᠎ᠳᠤ ᠲᠠᠯᠪᠢᠪᠠ᠃ ᠭᠤᠣᠯᠳᠠᠯᠭ᠎ᠠ᠎ᠲᠠᠢ ᠡᠪᠡᠳᠴᠢᠨ ᠡᠮᠭᠡᠭ᠎ᠤᠨ ᠬᠦᠷᠢᠶ᠎ᠡ ᠴᠠᠷᠠᠭ᠎ᠠ ᠪᠠ ᠡᠮᠴᠢᠯᠡᠭᠡᠨ᠎ᠤ ᠲᠤᠰᠭᠠᠢ ᠮᠡᠷᠭᠡᠵᠢᠯ᠎ᠤᠨ ᠲᠣᠭᠤᠷᠢᠨ᠎ᠳᠤ᠂ ᠤᠯᠤᠰ᠎ᠤᠨ ᠡᠮᠴᠢᠯᠡᠭᠡᠨ᠎ᠤ ᠠᠨᠠᠭᠠᠬᠤ ᠤᠬᠠᠭᠠᠨ᠎ᠤ ᠰᠤᠳᠤᠯᠭᠠᠨ᠎ᠤ ᠲᠥᠪ᠎ᠢ 50 ᠪᠠᠢᠭᠤᠯᠪᠠ᠃ ᠡᠮᠴᠢᠯᠡᠭᠡᠨ᠎ᠳᠤ ᠬᠡᠷᠡᠭ᠌ᠯᠡᠬᠦ᠌ ᠬᠦᠨᠳᠦ ᠢᠶᠣᠨ ᠬᠤᠷᠳᠤᠳᠭᠠᠭᠤᠷ᠂ ᠰᠣᠷᠢᠨᠵᠢᠨ ᠳᠠᠷᠪᠢᠯᠲᠠ᠂ ᠪᠤᠳᠤᠭ᠍ᠲᠤ ᠬᠡᠲᠦ ᠳᠣᠯᠭᠢᠶᠠᠨ᠂ CT ᠵᠡᠷᠭᠡ ᠳᠡᠭᠡᠳᠦ ᠲᠠᠰ᠎ᠤᠨ ᠡᠮᠴᠢᠯᠡᠭᠡᠨ᠎ᠤ ᠲᠣᠨᠣᠭ᠍ᠯᠠᠯ᠎ᠢ ᠤᠯᠤᠰ᠎ᠲᠠᠭᠠᠨ  ᠦᠢᠯᠡᠳᠪᠦᠷᠢᠯᠡᠭ᠌ᠰᠡᠨ᠎ᠨᠢ ᠴᠢᠬᠤᠯᠠ ᠶᠡᠭᠡ ᠠᠬᠢᠴᠠ᠎ᠲᠠᠢ ᠪᠣᠯᠵᠣ᠂ ᠡᠪᠡᠳᠴᠢᠲᠡᠨ᠎ᠤ ᠡᠮᠨᠡᠨ ᠵᠠᠰᠠᠬᠤ ᠵᠠᠷᠤᠳᠠᠯ᠎ᠢ ᠪᠦᠲᠦᠮᠵᠢᠲᠡᠶ ᠪᠠᠭᠤᠷᠠᠭᠤᠯᠪᠠ ᠬᠡᠵᠤ ᠢᠯᠡᠳᠭᠡᠵᠡᠢ᠃

ᠡᠭᠦᠨ᠎ᠠᠴᠠ ᠭᠠᠳᠠᠨ᠎ᠠ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠶ᠋ᠢᠨ ᠲᠣᠭᠤᠷᠢᠨ᠎ᠳᠤ᠂ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠶᠠᠮᠤᠨ᠎ᠠᠴᠠ ᠠᠮᠢ ᠠᠬᠤᠢ ᠣᠷᠴᠢᠨ ᠲᠣᠭᠤᠷᠢᠨ᠎ᠤ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠱᠢᠰᠲ᠋ᠧᠮ᠎ᠲᠠᠢ ᠪᠠᠢᠷᠢᠯᠠᠭᠤᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠪᠣᠭᠤᠮᠲᠠ ᠱᠢᠪᠲᠤᠯᠬᠤ᠎ᠶ᠋ᠢ ᠶᠡᠬᠡᠪᠡᠷ ᠠᠬᠢᠭᠤᠯᠵᠤ᠂ ᠭᠤᠣᠯᠳᠠᠯᠭ᠎ᠠ᠎ᠲᠠᠢ ᠣᠷᠣᠨ ᠪᠦᠰᠡ᠎ᠶ᠋ᠢᠨ ᠠᠮᠢ ᠠᠬᠤᠢ ᠣᠷᠴᠢᠨ ᠲᠣᠭᠤᠷᠢᠨ᠎ᠤ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠶᠡᠷᠦᠩᠬᠡᠢᠯᠡᠭ᠌ᠰᠡᠨ i ᠵᠢᠱ᠌ᠢᠶ᠎ᠡ ᠦᠵᠡᠭᠦᠯᠬᠦ᠌ ᠠᠵᠢᠯ᠎ᠢ ᠴᠢᠩᠭᠠᠳᠭᠠᠪᠠ᠃

《ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ ᠪᠣᠯ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠤᠷᠬᠢᠯ ᠬᠡᠮᠵᠢᠭ᠌ᠳᠡᠯ ᠬᠦᠷᠬᠦ᠂ ᠨᠡᠬᠦᠷᠡᠰᠦᠳᠦ᠋ᠷᠦᠭ᠌ᠴᠢ ᠰᠠᠭᠠᠷᠮᠠᠬ᠍ᠵᠢᠭᠤᠯᠬᠤ᠎ᠶ᠋ᠢ ᠠᠵᠤ ᠠᠬᠤᠢ ᠨᠡᠢᠭᠡᠮ᠎ᠯᠦᠭᠡ ᠦᠷᠭᠦᠯᠵᠢᠯᠡᠨ ᠵᠡᠷᠭᠡᠪᠡᠷ ᠬᠥᠭ᠌ᠵᠢᠭᠦᠯᠬᠦ᠌᠎ᠶ᠋ᠢ ᠪᠠᠲᠤᠯᠠᠬᠤ ᠵᠠᠩᠭᠢᠯᠠᠭ᠎ᠠ ᠮᠥᠨ》᠃ ᠦ᠋ ᠶᠤᠸᠠᠨ ᠪᠢᠨ᠂ ᠣᠳᠣᠬᠠᠨ᠎ᠳᠤ ᠶᠠᠭ ᠨᠡᠭᠦᠷᠡᠰᠦᠲᠥ᠋ᠷᠥᠭ᠌ᠴᠢ ᠰᠠᠭᠠᠷᠮᠠᠬ᠍ᠵᠢᠭᠤᠯᠬᠤ ᠮᠡᠷᠭᠡᠵᠢᠯ᠎ᠤᠨ ᠬᠥᠭ᠌ᠵᠢᠯᠲᠡ᠎ᠶ᠋ᠢᠨ ᠱᠤᠭᠤᠮ᠎ᠤᠨ ᠵᠢᠷᠤᠭ ᠵᠢᠴᠢ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠠᠵᠢᠯᠯᠠᠭ᠎ᠠ᠎ᠶ᠋ᠢᠨ ᠲᠥᠰᠦᠯ᠎ᠢ ᠲᠣᠭ᠍ᠲᠠᠭᠠᠵᠤ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠤᠷᠬᠢᠯ ᠬᠡᠮᠵᠢᠭ᠌ᠳᠡᠯ ᠬᠦᠷᠬᠦ᠂ ᠨᠡᠬᠦᠷᠡᠰᠦᠳᠦ᠋ᠷᠦᠭ᠌ᠴᠢ ᠰᠠᠭᠠᠷᠮᠠᠬ᠍ᠵᠢᠭᠤᠯᠬᠤ᠎ᠶ᠋ᠢᠨ ᠵᠠᠩᠭᠢᠯᠠᠭ᠎ᠠ᠎ᠶ᠋ᠢᠨ ᠮᠡᠷᠭᠡᠵᠢᠯ᠎ᠤᠨ ᠰᠤᠳᠤᠯᠭᠠᠨ᠎ᠢ ᠪᠠᠢᠷᠢᠯᠠᠭᠤᠯᠵᠤ ᠪᠤᠢ ᠭᠡᠵᠦ᠍ ᠲᠠᠨᠢᠯᠴᠠᠭᠤᠯᠪᠠ᠃

ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠳᠤ ᠬᠦᠴᠦ᠍ ᠨᠡᠮᠡᠷᠢᠯᠡᠵᠦ᠍ 28.98 ᠲᠦᠮᠡᠨ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠣᠨᠴᠠ ᠲᠣᠮᠢᠯᠠᠭ᠍ᠳᠠᠭ᠍ᠴᠢ᠎ᠶ᠋ᠢ ᠰᠣᠩᠭᠤᠨ ᠲᠣᠮᠢᠯᠠᠪᠠ

ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠶ᠋ᠢᠨ ᠬᠦᠴᠢᠷᠳᠡᠯ᠎ᠨᠢ ᠬᠥᠳᠡᠭᠡ ᠲᠣᠰᠭᠤᠨ᠎ᠳᠤ ᠪᠤᠢ᠂ ᠵᠠᠩᠭᠢᠯᠠᠭ᠎ᠠ᠎ᠨᠢ ᠲᠠᠷᠢᠶᠠᠴᠢᠳ᠎ᠲᠤ ᠪᠤᠢ᠃

ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠶᠠᠮᠤᠨ᠎ᠤ ᠬᠥᠳᠡᠭᠡ ᠲᠣᠰᠭᠤᠨ᠎ᠤ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠵᠤᠷᠭᠠᠨ᠎ᠤ ᠳᠠᠷᠤᠭ᠎ᠠ ᠯᠠᠨ ᠢᠦᠢ ᠵᠢᠶᠧ᠂ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠶᠠᠮᠤᠨ 《ᠲᠠᠷᠢᠶᠠᠨ ᠭᠠᠵᠠᠷ᠎ᠤᠨ ᠠᠮᠤ ᠪᠤᠳᠠᠭᠠᠨ᠎ᠤ ᠦᠢᠯᠡᠳᠪᠤᠷᠢᠯᠡᠯ᠎ᠤᠨ ᠴᠢᠳᠠᠪᠤᠷᠢ᠎ᠶ᠋ᠢ ᠪᠠᠳᠤᠯᠠᠵᠤ᠂ ᠮᠡᠷᠬᠡᠵᠢᠯ᠎ᠢᠶᠠᠷ ᠠᠮᠤ ᠪᠤᠳᠠᠭᠠᠨ᠎ᠤ ᠤᠨᠠᠯᠳᠠ᠎ᠶ᠋ᠢ ᠨᠡᠮᠡᠭ᠌ᠳᠡᠬᠦᠯᠬᠦ᠌》 ᠪᠠᠢᠯᠳᠤᠬᠤ ᠪᠤᠳᠤᠯᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠵᠤ᠂ ᠬᠥᠷᠥᠰᠥ᠍ ᠱᠢᠷᠣᠢ᠎ᠶ᠋ᠢᠨ ᠱᠢᠮ᠎ᠠ ᠬᠦᠴᠦ᠎ᠶ᠋ᠢ ᠳᠡᠭᠡᠭ᠌ᠰᠢᠯᠡᠭᠦᠯᠵᠦ᠍᠂ ᠦᠷ᠎ᠡ ᠠᠱᠢᠭ᠎ᠲᠠᠢ ᠲᠠᠷᠢᠶᠠᠯᠠᠬᠤ ᠲᠠᠯᠠᠪᠠᠢ᠎ᠶ᠋ᠢ ᠨᠡᠮᠡᠭ᠌ᠳᠡᠭᠦᠯᠵᠦ᠍᠂ ᠱᠢᠷᠢᠰ ᠱᠢᠨ᠎ᠡ ᠲᠦᠷᠦᠯ ᠵᠦᠢᠯ᠎ᠢ ᠡᠭᠦᠳᠴᠦ᠍᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠵᠠᠢ ᠭᠡᠵᠦ᠍ ᠲᠠᠨᠢᠯᠴᠠᠭᠤᠯᠪᠠ᠃

《ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠢᠶᠠᠷ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠳᠤ ᠬᠦᠴᠦ᠍ ᠨᠡᠮᠡᠷᠢᠯᠡᠬᠦ᠌ ᠲᠤᠬᠠᠢ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠶᠠᠮᠤᠨ᠎ᠠᠴᠠ ᠴᠡᠭ ᠳᠡᠭᠡᠷ᠎ᠡ ᠬᠦᠴᠦᠯᠡᠵᠦ᠍᠂ ᠪᠦᠬᠦ᠌ ᠲᠠᠯ᠎ᠠ᠎ᠪᠠᠷ ᠠᠬᠢᠭᠤᠯᠵᠤ᠂ 28.98 ᠲᠦᠮᠡᠨ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠣᠨᠴᠠ ᠲᠣᠮᠢᠯᠠᠭ᠍ᠳᠠᠭ᠍ᠰᠠᠳ᠎ᠢ ᠰᠣᠩᠭᠤᠨ ᠲᠣᠮᠢᠯᠠᠵᠤ᠂ 7.7 ᠲᠦᠮᠡᠨ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠢᠶᠠᠷ ᠬᠠᠪᠰᠤᠷᠤᠨ ᠲᠡᠳᠬᠦᠬᠦ᠌ ᠬᠠᠪᠰᠤᠷᠤᠯᠴᠠᠭ᠎ᠠ ᠪᠠᠢᠭᠤᠯᠵᠤ᠂ 5 ᠲᠦᠮᠡ ᠭᠠᠷᠤᠢ ᠲᠡᠷᠢᠭᠦᠨ᠎ᠤ ᠬᠡᠷᠡᠭ᠌ᠯᠡᠭᠡᠨ᠎ᠤ ᠮᠡᠷᠭᠡᠵᠢᠯ᠎ᠢ ᠳᠡᠯᠭᠡᠷᠡᠭᠦᠯᠵᠡᠢ》 ᠭᠡᠵᠦ᠍ ᠯᠠᠨ ᠢᠦᠢ ᠵᠢᠶᠧ ᠬᠡᠯᠡᠪᠡ᠃

《ᠬᠥᠳᠡᠭᠡ ᠠᠵᠤ ᠠᠬᠤᠢ ᠬᠥᠳᠡᠭᠡ ᠲᠣᠰᠭᠤᠨ᠎ᠤ ᠣᠳᠣᠬᠢᠴᠢᠯᠠᠯᠲᠠ᠎ᠶ᠋ᠢᠨ ᠵᠠᠩᠭᠢᠯᠠᠭ᠎ᠠ ᠪᠣᠯ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠲᠠᠪᠱᠢᠯᠳᠠ ᠪᠣᠯᠤᠨ᠎ᠠ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠶᠠᠪᠤᠴᠠ ᠪᠣᠯ ᠳᠠᠷᠤᠢ ᠬᠥᠳᠡᠭᠡ ᠠᠵᠤ ᠠᠬᠤᠢ ᠬᠥᠳᠡᠭᠡ ᠲᠣᠰᠭᠤᠨ᠎ᠤ ᠣᠳᠣᠬᠢᠴᠢᠯᠠᠯᠲᠠ᠎ᠶ᠋ᠢᠨ ᠶᠠᠪᠤᠴᠠ ᠪᠣᠯᠤᠨ᠎ᠠ》᠃ ᠯᠠᠨ ᠢᠦᠶ ᠵᠢᠶᠧ᠂ ᠳᠠᠷᠠᠭᠠᠴᠢ᠎ᠶ᠋ᠢᠨ ᠠᠯᠬᠤᠮ᠎ᠳᠤ᠂ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠶᠠᠮᠤᠨ᠎ᠠᠴᠠ ᠨᠢᠭᠡ ᠪᠦᠯᠦᠭ ᠳᠠᠭᠠᠭᠤᠯᠬᠤ ᠴᠢᠨᠠᠷᠲᠠᠢ ᠤᠯᠤᠰ᠎ᠤᠨ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠲᠦᠷᠦᠯ ᠵᠦᠢᠯ᠎ᠢ ᠪᠠᠢᠷᠢᠯᠠᠭᠤᠯᠵᠤ᠂ ᠨᠢᠭᠡ ᠪᠦᠯᠦᠭ ᠤᠯᠤᠰ᠎ᠤᠨ ᠬᠦᠳᠡᠭᠡ ᠠᠵᠤ ᠠᠬᠤᠢ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠬᠦᠴᠦᠨ᠎ᠢ ᠴᠢᠩᠭᠠᠳᠭᠠᠵᠤ᠂ ᠨᠢᠭᠡ ᠪᠦᠯᠦᠭ ᠬᠦᠳᠡᠭᠡ ᠠᠵᠤ ᠠᠬᠤᠢ᠎ᠶ᠋ᠢᠨ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠳᠠᠭᠠᠭᠤᠯᠤᠭ᠍ᠴᠢ ᠠᠵᠤ ᠠᠬᠤᠢᠯᠠᠯ᠎ᠢ ᠪᠤᠢᠵᠢᠭᠤᠯᠵᠤ᠂ ᠨᠢᠭᠡ ᠪᠦᠯᠦᠭ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠴᠢᠳᠠᠪᠤᠷᠢᠲᠠᠨ᠎ᠢ ᠵᠣᠬᠢᠶᠠᠨ ᠪᠠᠢᠭᠤᠯᠤᠨ ᠬᠥᠳᠡᠭᠡ ᠪᠠᠭᠤᠯᠭᠠᠵᠤ᠂ ᠨᠢᠭᠡ ᠪᠦᠯᠦᠭ ᠲᠡᠷᠢᠭᠦᠨ᠎ᠤ ᠬᠡᠷᠡᠭ᠌ᠯᠡᠭᠡᠨ᠎ᠤ ᠮᠡᠷᠭᠡᠵᠢᠯ᠎ᠢ ᠬᠤᠪᠢᠷᠠᠭᠤᠯᠵᠤ᠂ ᠬᠦᠳᠡᠭᠡ ᠠᠵᠤ ᠠᠬᠤᠢ᠎ᠶ᠋ᠢᠨ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠥᠨᠳᠥᠷ ᠲᠦᠪᠱᠢᠨ᠎ᠢᠶᠠᠷ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠬᠦ᠌᠎ᠶ᠋ᠢ ᠪᠡᠶᠡᠯᠡᠭᠦᠯᠵᠦ᠍᠂ 《ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠵᠠᠪᠠᠯ ᠱᠢᠨᠵᠢᠯᠡᠬᠦ᠌ ᠤᠬᠠᠭᠠᠨ  ᠲᠧᠭ᠌ᠨᠢᠭ ᠮᠡᠷᠭᠡᠵᠢᠯ᠎ᠤᠨ ᠲᠤᠯᠭᠠᠭᠤᠷᠢᠯᠠᠯ ᠪᠠᠢᠬᠤ ᠬᠡᠷᠡᠭ᠌ᠲᠡᠢ》 ᠭᠡᠳᠡᠭ᠎ᠢ ᠭᠦᠢᠴᠡᠳ ᠢᠯᠡᠷᠡᠭᠦᠯᠦᠨ᠎ᠡ ᠭᠡᠵᠦ᠍ ᠢᠯᠡᠳᠭᠡᠪᠡ᠃

(ᠱᠢᠨᠬᠤᠸᠠ ᠬᠤᠷᠢᠶᠠᠨ᠎ᠤ ᠪᠡᠭᠡᠵᠢᠩ᠎ᠤᠨ 7 ᠰᠠᠷ᠎ᠠ᠎ᠶ᠋ᠢᠨ 27 ᠎ᠤ ᠴᠠᠬᠢᠯᠭᠠᠨ ᠮᠡᠳᠡᠭᠡ)

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠱᠢᠨᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号