ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠦᠭ᠌ᠰᠡᠨ ᠠᠮᠵᠢᠯᠲᠠ᠎ᠲᠠᠢ ᠲᠤᠷᠱᠢᠯᠭ᠎ᠠ ᠪᠠ ᠠᠭᠤᠤ ᠶᠡᠭᠡ ᠠᠴᠢ ᠬᠤᠯᠪᠣᠭ᠍ᠳᠠᠯ
2021-07-30 15:59:18
ᠵᠣᠬᠢᠶᠠᠭ᠍ᠴᠢ᠄
ᠯᠢᠦ ᠳ᠋ᠦᠩ ᠴᠤᠤ
ᠣᠩᠱᠢᠭ᠍ᠰᠠᠨ ᠣᠳᠠᠭ᠎ᠠ᠄
★★★☆☆

ᠰᠢ᠎ᠶ᠋ᠢᠨ ᠫᠢᠩ ᠨᠥᠬᠦᠷ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠦᠭ᠌ᠰᠡᠨ᠎ᠢ ᠲᠥᠪ ᠴᠢᠩᠭ᠎ᠠ᠎ᠪᠠᠷ ᠲᠤᠩᠬᠠᠭ᠍ᠯᠠᠭ᠍ᠰᠠᠨ᠎ᠨᠢ ᠨᠢᠭᠡᠨ ᠲᠡᠦᠬᠡᠨ ᠴᠠᠭ ᠦᠶ᠎ᠡ ᠡᠴᠦᠰᠯᠡᠭ᠌ᠰᠡᠨ ᠪᠠ ᠨᠢᠭᠡᠨ ᠲᠤᠮᠤ ᠲᠡᠦᠬᠡᠨ ᠠᠮᠵᠢᠯᠲᠠ᠎ᠶ᠋ᠢ ᠣᠯᠤᠭ᠍ᠰᠠᠨ᠎ᠢ ᠬᠠᠷᠠᠭᠤᠯᠵᠤ ᠪᠠᠢᠳᠠᠭ᠃

ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠦᠭ᠌ᠰᠡᠨ ᠶᠠᠪᠤᠳᠠᠯ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠦᠰᠡᠨ ᠮᠥᠷᠥᠭᠡᠳᠦᠭ᠌ᠰᠡᠭᠡᠷ ᠢᠷᠡᠭ᠌ᠰᠡᠨ ᠬᠦᠰᠡᠯᠡᠩ᠎ᠤᠨ ᠪᠡᠶᠡᠯᠡᠯ᠂ ᠳᠤᠮᠳᠠᠳᠤ ᠤᠯᠤᠰ᠎ᠤᠨ ᠠᠷᠠᠳ ᠲᠦᠮᠡᠨ᠎ᠤ ᠮᠢᠩᠭ᠎ᠠ ᠲᠦᠮᠡᠨ ᠬᠦᠴᠢᠷ ᠪᠡᠷᠬᠡᠱᠢᠶᠡᠯ᠎ᠢ ᠲᠤᠭᠤᠯᠤᠭᠠᠳ ᠣᠯᠤᠭ᠍ᠰᠠᠨ ᠦᠷ᠎ᠡ ᠪᠦᠲᠦᠭᠡᠯ ᠪᠠ ᠠᠴᠢ ᠬᠠᠷᠢᠭᠤᠯᠳᠠ ᠪᠤᠯᠬᠤ ᠶᠤᠮ᠃ ᠡᠨᠡ ᠬᠦ᠌ ᠲᠡᠦᠬᠡᠨ ᠠᠮᠵᠢᠯᠲᠠ᠎ᠶ᠋ᠢ ᠣᠯᠤᠭ᠍ᠰᠠᠨ ᠠᠷᠭ᠎ᠠ ᠲᠤᠷᠱᠢᠯᠭ᠎ᠠ᠎ᠶ᠋ᠢ ᠳ᠋ᠦᠩᠨᠡᠬᠦ᠌᠎ᠨᠢ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠤ ᠡᠴᠢᠨ᠎ᠠ ᠲᠠᠯᠳᠠ᠎ᠶ᠋ᠢᠨ ᠦᠨ᠎ᠠ ᠴᠠᠨ᠎ᠠ᠎ᠲᠠᠢ ᠪᠦᠭᠡᠳ ᠱᠢᠭᠤᠳ ᠠᠴᠢ ᠬᠤᠯᠪᠣᠭ᠍ᠳᠠᠯ᠎ᠲᠠᠢ ᠪᠤᠯᠬᠤ ᠶᠤᠮ᠃

ᠨᠢᠭᠡᠳᠦᠭᠡᠷ᠎ᠲᠤ᠌᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠶ᠋ᠢᠨ ᠪᠠᠲᠤ ᠴᠢᠩᠭ᠎ᠠ ᠤᠯᠤᠰ ᠲᠦᠷᠦ᠎ᠶ᠋ᠢᠨ ᠪᠠᠲᠤᠯᠠᠭ᠎ᠠ ᠮᠥᠨ᠃ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠶᠠᠪᠤᠴᠠ᠎ᠳᠤ᠂ ᠨᠠᠮ᠎ᠤᠨ ᠤᠳᠤᠷᠢᠳᠤᠯᠭ᠎ᠠ ᠎ᠨᠢ ᠬᠤᠶᠠᠷ ᠶᠡᠭᠡ ᠲᠠᠯ᠎ᠠ᠎ᠪᠠᠷ ᠢᠯᠡᠷᠡᠵᠦ᠍ ᠪᠠᠢᠨ᠎ᠠ᠃

ᠨᠢᠭᠡ᠎ᠳᠤ᠂ ᠨᠠᠮ᠎ᠤᠨ ᠮᠠᠨ᠎ᠤ ᠤᠯᠤᠰ᠎ᠤᠨ ᠪᠦᠬᠦ᠋ᠢᠯᠡ ᠨᠡᠢᠭᠡᠮ᠎ᠤᠨ ᠠᠮᠢᠳᠤᠷᠠᠯ᠎ᠳᠠᠬᠢ ᠤᠯᠤᠰ ᠲᠦᠷᠦ᠎ᠶ᠋ᠢᠨ ᠤᠳᠤᠷᠢᠳᠤᠯᠭ᠎ᠠ᠎ᠳᠤ ᠢᠯᠡᠷᠡᠵᠤ ᠪᠤᠢ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠢᠯᠡᠳᠭᠡᠯ᠎ᠳᠤ᠂ ᠰᠢ᠎ᠶ᠋ᠢᠨ ᠫᠢᠩ ᠨᠥᠬᠦᠷ᠄ 《ᠨᠠᠮ ᠵᠠᠰᠠᠭ ᠴᠡᠷᠢᠭ ᠠᠷᠠᠳ ᠰᠤᠷᠭᠠᠭᠤᠯᠢ᠂ ᠲᠦᠷᠪᠡᠨ ᠵᠦᠭ ᠨᠠᠢ᠍ᠮᠠᠨ ᠵᠣᠪᠬᠢᠰ᠎ᠲᠤ᠌᠂ ᠨᠠᠮ ᠠᠯᠢᠪᠠ᠎ᠶ᠋ᠢ ᠤᠳᠤᠷᠢᠳᠤᠨ᠎ᠠ》 ᠭᠡᠵᠤ ᠵᠢᠭᠠᠵᠤ ᠭᠠᠷᠭᠠᠪᠠ᠃ ᠭᠠᠭ᠍ᠴᠠ ᠬᠦ᠌ ᠨᠠᠮ᠎ᠤᠨ ᠪᠠᠲᠤ ᠴᠢᠩᠭ᠎ᠠ ᠤᠯᠤᠰ ᠲᠦᠷᠦ᠎ᠶ᠋ᠢᠨ ᠤᠳᠤᠷᠢᠳᠤᠯᠭ᠎ᠠ ᠳᠣᠣᠷ᠎ᠠ᠂ ᠴᠢᠨᠡᠭᠡᠯᠢᠭ ᠨᠡᠢᠭᠡᠮ᠎ᠢ ᠪᠡᠶᠡᠯᠡᠭᠦᠯᠬᠦ᠌᠎ᠨᠢ ᠰᠠᠶᠢ ᠵᠥᠪ ᠴᠢᠭ᠌ᠯᠡᠯ᠎ᠢ ᠪᠠᠷᠢᠮᠲᠠᠯᠠᠵᠤ᠂ ᠰᠠᠶᠢ ᠬᠦᠴᠦᠷᠬᠡᠭ ᠶᠡᠭᠡ ᠤᠷᠤᠭ᠍ᠰᠢᠯᠠᠯᠲᠠ᠎ᠶ᠋ᠢᠨ ᠬᠥᠳᠡᠯᠭᠡᠬᠦ᠌ ᠬᠦᠴᠦᠨ᠎ᠲᠠᠢ ᠪᠤᠯᠵᠤ ᠴᠢᠳᠠᠨ᠎ᠠ᠃ ᠬᠤᠶᠠᠷ᠎ᠲᠤ᠌᠂ ᠨᠠᠮ᠎ᠤᠨ ᠠᠵᠤ ᠠᠬᠤᠢ ᠨᠡᠢᠭᠡᠮ᠎ᠤᠨ ᠠᠵᠢᠯ᠎ᠳᠠᠬᠢ ᠬᠤᠷᠸ᠎ᠠ ᠤᠳᠤᠷᠢᠳᠤᠯᠭ᠎ᠠ᠎ᠳᠤ ᠢᠯᠡᠷᠡᠵᠤ ᠪᠤᠢ᠃ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠨᠢ ᠨᠡᠢᠭᠡᠮ᠎ᠤᠨ ᠠᠮᠢᠳᠤᠷᠠᠯ᠎ᠤᠨ ᠪᠤᠢ ᠪᠦᠬᠦᠢ ᠳᠠᠪᠬᠤᠷᠭ᠎ᠠ᠎ᠳᠤ ᠬᠤᠯᠪᠣᠭ᠍ᠳᠠᠵᠤ ᠪᠠᠢᠳᠠᠭ ᠪᠣᠯᠪᠠᠴᠤ᠌ ᠬᠠᠮᠤᠭ᠎ᠤᠨ ᠭᠤᠣᠯ ᠪᠣᠯᠬᠤ ᠠᠵᠢᠯ᠎ᠨᠢ ᠬᠠᠰᠢ ᠯᠠ ᠠᠵᠤ ᠠᠬᠤᠢ᠂ ᠨᠡᠢᠭᠡᠮ ᠭᠡᠬᠦ᠌ ᠬᠤᠶᠠᠷ ᠳᠠᠪᠬᠤᠷᠭ᠎ᠠ᠎ᠳᠤ ᠶᠠᠪᠤᠭ᠍ᠳᠠᠵᠤ ᠪᠠᠢᠳᠠᠭ᠃ ᠰᠢ᠎ᠶ᠋ᠢᠨ ᠫᠢᠩ ᠨᠥᠬᠦᠷ᠄ 《ᠮᠠᠨ᠎ᠤ ᠨᠠᠮ 13 ᠳ᠋ᠦᠩᠱᠢᠭᠤᠷ ᠭᠠᠷᠤᠢ ᠠᠷᠠᠳ ᠲᠦᠮᠡᠨ᠎ᠢ ᠳᠠᠭᠠᠭᠤᠯᠤᠨ ᠴᠢᠨᠡᠭᠡᠯᠢᠭ ᠨᠡᠢᠭᠡᠮ᠎ᠢ ᠪᠡᠶᠡᠯᠡᠭᠦᠯᠬᠦ᠌᠎ᠳᠤ ᠡᠷᠬᠡᠪᠰᠢ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠳᠤ ᠵᠣᠬᠢᠴᠠᠵᠤ᠂ ᠲᠡᠭᠦᠨ᠎ᠢ ᠡᠵᠡᠮᠳᠡᠵᠦ᠍᠂ ᠬᠦᠳᠦᠯᠦᠨ ᠳᠠᠭᠠᠭᠤᠯᠵᠤ᠂ ᠨᠠᠮ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢ ᠤᠳᠤᠷᠢᠳᠭᠤ ᠣᠢᠯᠠᠭᠠᠭ᠍ᠳᠠᠬᠤᠨ᠂ ᠪᠠᠢᠭᠤᠯᠤᠮᠵᠢ᠂ ᠠᠷᠭ᠎ᠠ ᠬᠡᠯᠪᠡᠷᠢ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠨᠠᠮ᠎ᠤᠨ ᠴᠢᠭ᠌ᠯᠡᠯ᠎ᠢ ᠡᠵᠡᠮᠳᠡᠬᠦ᠂ ᠪᠦᠬᠦ᠌ ᠲᠠᠯ᠎ᠠ᠎ᠶ᠋ᠢ ᠲᠥᠯᠥᠪᠯᠡᠬᠦ᠂ ᠪᠠᠢᠯᠳᠤᠬᠤ ᠪᠤᠳᠤᠯᠭ᠎ᠠ ᠳᠤᠷᠠᠳᠭᠤ᠂ ᠲᠦᠷᠦ᠎ᠶ᠋ᠢᠨ ᠪᠤᠳᠤᠯᠭ᠎ᠠ ᠲᠣᠭ᠍ᠲᠠᠭᠠᠬᠤ᠂ ᠥᠭᠡᠷᠡᠴᠢᠯᠡᠯᠲᠡ᠎ᠶ᠋ᠢ ᠠᠬᠢᠭᠤᠯᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠬᠥᠭ᠌ᠵᠢᠯᠲᠡ᠎ᠶ᠋ᠢᠨ ᠴᠢᠭ᠌ᠯᠡᠯ᠎ᠢ ᠰᠠᠢᠲᠤᠷ ᠲᠣᠭ᠍ᠲᠠᠭᠠᠵᠤ᠂ ᠵᠠᠯᠠᠭᠤᠷ᠎ᠢ ᠰᠠᠢᠲᠤᠷ ᠠᠳᠭᠤᠬᠤ ᠬᠡᠷᠡᠭ᠌ᠲᠡᠢ》 ᠭᠡᠵᠤ ᠵᠢᠭᠠᠵᠤ ᠭᠠᠷᠭᠠᠭ᠍ᠰᠠᠨ ᠪᠠᠢᠳᠠᠭ᠃ ᠨᠠᠮ᠎ᠤᠨ ᠤᠳᠤᠷᠢᠳᠤᠯᠭ᠎ᠠ᠎ᠨᠢ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠶᠠᠯᠠᠬᠦᠯᠬᠦ᠌᠎ᠳᠤ ᠠᠱᠢᠭ᠍ᠲᠠᠶ ᠨᠡᠢᠭᠡᠮ᠎ᠤᠨ ᠤᠯᠤᠰ ᠲᠥᠷᠥ᠎ᠶ᠋ᠢᠨ ᠣᠷᠴᠢᠨ ᠲᠣᠭᠤᠷᠢᠨ᠎ᠢ ᠬᠠᠩᠭᠠᠪᠠ; ᠨᠠᠮ᠎ᠤᠨ ᠤᠳᠤᠷᠢᠳᠤᠯᠭ᠎ᠠ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠭᠤᠣᠯ ᠠᠵᠢᠯ᠎ᠳᠤ ᠬᠦᠴᠦᠲᠡᠢ ᠪᠥᠭᠡᠳ ᠱᠢᠨᠵᠢᠯᠡᠬᠦ᠌ ᠤᠬᠠᠭᠠᠨᠴᠢ ᠤᠯᠤᠰ ᠲᠦᠷᠦ᠎ᠶ᠋ᠢᠨ ᠵᠢᠯᠤᠭᠤᠳᠤᠯᠭ᠎ᠠ ᠬᠠᠩᠭᠠᠪᠠ᠃

ᠬᠤᠶᠠᠳᠤᠭᠠᠷ᠎ᠲᠤ᠌᠂ ᠠᠷᠠᠳ ᠲᠦᠮᠡᠨ᠎ᠢᠶᠠᠷ ᠭᠤᠣᠯ ᠪᠣᠯᠭᠠᠬᠤ ᠪᠣᠯ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠶ᠋ᠢᠨ ᠭᠤᠣᠯ ᠪᠤᠯᠬᠤ ᠬᠥᠳᠤᠯᠤᠨ ᠵᠢᠯᠣᠭᠤᠳᠭᠤ ᠣᠢᠯᠠᠭᠠᠭ᠍ᠳᠠᠬᠤᠨ ᠮᠥᠨ᠃ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠶ᠋ᠢ ᠦᠨᠳᠦᠰᠦᠨ᠎ᠠᠴᠠ᠎ᠨᠢ ᠠᠪᠴᠤ᠌ ᠬᠡᠯᠡᠪᠡᠯ᠂ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠶ᠋ᠢᠨ ᠲᠥᠯᠥᠭᠡ ᠶᠤᠮ᠃ ᠡᠨᠡ ᠬᠦ᠌ ᠢᠨᠵᠧᠨᠧᠷᠢᠩ᠎ᠢ ᠬᠢᠬᠦ᠌ ᠶᠠᠪᠤᠴᠠ᠎ᠳᠤ᠂ ᠡᠷᠬᠡᠪᠰᠢ ᠠᠷᠠᠳ ᠲᠦᠮᠡᠨ᠎ᠢᠶᠠᠷ ᠭᠤᠣᠯ ᠪᠣᠯᠭᠠᠬᠤ ᠭᠤᠤᠯ ᠪᠤᠯᠬᠤ ᠣᠢᠯᠠᠭᠠᠭ᠍ᠳᠠᠬᠤᠨ᠎ᠢ ᠦᠨᠡᠨ ᠬᠦ᠌ ᠲᠤᠭᠤᠱᠢᠯᠠᠭᠤᠯᠪᠠᠯ ᠰᠠᠶᠢ ᠲᠡᠭᠦᠨ᠎ᠤ ᠡᠴᠦᠰ᠎ᠤᠨ ᠬᠠᠷᠠᠯᠲᠠ᠎ᠪᠠᠨ ᠪᠡᠶᠡᠯᠡᠭᠦᠯᠬᠦ᠌᠎ᠶ᠋ᠢ ᠪᠠᠲᠤᠯᠠᠵᠤ ᠴᠢᠳᠠᠨ᠎ᠠ᠃ ᠨᠠᠮ᠎ᠤᠨ ᠤᠯᠠᠨ ᠲᠦᠮᠡᠨᠴᠢ ᠱᠤᠭᠤᠮ ᠪᠠ 《ᠠᠷᠠᠳ ᠲᠦᠮᠡᠨ᠎ᠳᠤ ᠦᠢᠯᠡᠴᠢᠯᠡᠬᠦ᠌》 ᠴᠢᠭ᠌ᠯᠡᠯᠲᠡ ᠲᠦᠷᠦ᠎ᠶ᠋ᠢᠨ ᠪᠤᠳᠤᠯᠭ᠎ᠠ᠎ᠶ᠋ᠢ ᠵᠠᠯᠭᠠᠮᠵᠢᠯᠠᠭ᠍ᠰᠠᠨ ᠰᠠᠭᠤᠷᠢᠨ ᠳᠡᠭᠡᠷ᠎ᠡ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠶᠠᠪᠤᠴᠠ᠎ᠳᠤ᠂ ᠳᠤᠮᠳᠠᠳᠤ ᠤᠯᠤᠰ᠎ᠤᠨ ᠡᠪ ᠬᠠᠮᠲᠤᠴᠤᠳ 《ᠠᠷᠠᠳ ᠲᠦᠮᠡᠨ᠎ᠢᠶᠠᠷ ᠭᠤᠣᠯ ᠪᠣᠯᠭᠠᠬᠤ》 ᠦᠨᠳᠦᠰᠦᠨ ᠣᠢᠯᠠᠭᠠᠭ᠍ᠳᠠᠬᠤᠨ᠎ᠢ ᠡᠷᠡᠰ ᠪᠠᠷᠢᠮᠲᠠᠯᠠᠨ᠎ᠠ᠃ ᠡᠨᠡ ᠪᠣᠯ ᠲᠡᠦᠬᠡ᠎ᠶ᠋ᠢᠨ ᠦᠷᠭᠦᠯᠵᠢᠯᠡᠬᠦ᠌ ᠴᠢᠨᠠᠷ ᠪᠠ ᠤᠳᠤᠬᠢᠴᠢ ᠴᠢᠬᠤᠯᠠ ᠴᠢᠨᠠᠷ᠎ᠤᠨ ᠲᠤᠬᠠᠢ ᠱᠠᠭᠠᠷᠳᠠᠯᠭ᠎ᠠ ᠪᠤᠯᠬᠤ ᠶᠤᠮ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠢᠯᠡᠳᠭᠡᠯ᠎ᠳᠤ᠂ ᠰᠢ᠎ᠶ᠋ᠢᠨ ᠫᠢᠩ ᠨᠥᠬᠦᠷ 《ᠠᠷᠪᠠᠨ ᠲᠦᠷᠪᠡᠨ ᠪᠠᠷᠢᠮᠲᠠᠯᠠᠯ》 ᠎ᠤᠨ ᠬᠤᠶᠠᠳᠤᠭᠠᠷ ᠪᠠᠷᠢᠮᠲᠠᠯᠠᠯ ᠪᠣᠯ 《ᠠᠷᠠᠳ ᠲᠦᠮᠡᠨ᠎ᠢᠶᠠᠷ ᠭᠤᠣᠯ ᠪᠣᠯᠭᠠᠬᠤ》 ᠪᠣᠯᠤᠨ᠎ᠠ ᠭᠡᠵᠦ᠍ ᠳᠤᠷᠠᠳᠴᠠᠢ᠃ ᠲᠡᠷᠡ᠄ 《ᠡᠷᠬᠡᠪᠰᠢ ᠠᠷᠠᠳ ᠲᠦᠮᠡᠨ᠎ᠤ ᠪᠠᠶᠠᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠨᠡᠢᠲᠡ᠎ᠶ᠋ᠢᠨ ᠲᠥᠯᠥᠭᠡ ᠨᠠᠮ ᠪᠠᠢᠭᠤᠯᠵᠤ᠂ ᠠᠷᠠᠳ᠎ᠤᠨ ᠲᠥᠯᠥᠭᠡ ᠲᠦᠷᠦ᠍ ᠪᠠᠷᠢᠬᠤ᠎ᠶ᠋ᠢ ᠪᠠᠷᠢᠮᠲᠠᠯᠠᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠦᠢᠯᠡᠳᠦᠯᠭᠡᠵᠢᠭᠦᠯᠦᠨ᠂ ᠨᠠᠮ᠎ᠤᠨ ᠤᠯᠠᠨ ᠲᠦᠮᠡᠨᠴᠢ ᠱᠤᠭᠤᠮ᠎ᠢ ᠲᠦᠷᠦ᠎ᠶ᠋ᠢ ᠵᠠᠰᠠᠵᠤ ᠵᠠᠰᠠᠭ᠎ᠢ ᠡᠷᠬᠢᠯᠡᠬᠦ᠌ ᠪᠦᠬᠦ᠌ ᠠᠵᠢᠯᠯᠠᠭ᠎ᠠ᠎ᠳᠤ ᠲᠤᠭᠤᠱᠢᠯᠠᠭᠤᠯᠵᠤ᠂ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢᠶᠠᠷ ᠲᠡᠮᠡᠴᠡᠯ᠎ᠤᠨ ᠬᠠᠷᠠᠯᠲᠠ᠎ᠪᠠᠨ ᠪᠣᠯᠭᠠᠵᠤ᠂ ᠠᠷᠠᠳ ᠲᠦᠮᠡᠨ᠎ᠳᠤ ᠲᠦᠱᠢᠭ᠌ᠯᠡᠨ ᠲᠡᠦᠬᠡ᠎ᠶ᠋ᠢᠨ ᠠᠭᠤᠤ ᠶᠡᠭᠡ ᠦᠢᠯᠡᠰ᠎ᠢ ᠡᠭᠦᠳᠦᠨ ᠪᠦᠲᠦᠭᠡᠬᠦ᠌ ᠬᠡᠷᠡᠭ᠌ᠲᠡᠢ》 ᠭᠡᠵᠤ ᠳᠤᠳᠤᠷᠬᠠᠢᠯᠠᠬ᠍ᠰᠠᠨ ᠪᠠᠢᠳᠠᠭ᠃ ᠡᠨᠡ ᠪᠣᠯ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠳᠠᠢᠯᠪᠤᠷᠢᠯᠠᠯᠳᠠ ᠪᠤᠯᠬᠤ ᠪᠥᠭᠡᠳ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠶ᠋ᠢᠨ ᠪᠣᠳᠠᠲᠤ ᠵᠢᠯᠣᠭᠤᠳᠭᠤ ᠵᠠᠷᠴᠢᠮ ᠪᠤᠯᠤᠨ᠎ᠠ᠃

ᠭᠤᠷᠪᠠᠳᠤᠭᠠᠷ᠎ᠲᠤ᠌᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠪᠠ 《ᠲᠦᠷᠪᠡᠨ ᠪᠦᠬᠦ᠌ ᠲᠠᠯ᠎ᠠ》 ᠪᠣᠯ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠪᠦᠬᠦᠯᠢ ᠴᠣᠭ᠍ᠴᠠ᠎ᠶ᠋ᠢᠨ ᠪᠠᠢᠯᠳᠤᠬᠤ ᠪᠤᠳᠤᠯᠭ᠎ᠠ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠤᠨ ᠢᠯᠡᠳᠭᠡᠯ᠎ᠳᠤ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠢ ᠪᠠᠢᠷᠢᠱᠢᠭᠤᠯᠤᠯᠲᠠ᠎ᠶ᠋ᠢ ᠳᠤᠷᠠᠳᠴᠤ᠌᠂ 2014 ᠣᠨ᠎ᠳᠤ ᠰᠢ᠎ᠶ᠋ᠢᠨ ᠫᠢᠩ ᠨᠥᠬᠦᠷ 《ᠲᠦᠷᠪᠡᠨ ᠪᠦᠬᠦ᠌ ᠲᠠᠯ᠎ᠠ》 ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠳᠤᠷᠠᠳᠤᠨ ᠭᠠᠷᠭᠠᠪᠠ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠢᠯᠡᠳᠭᠡᠯ᠎ᠳᠤ᠄ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠢ ᠪᠠᠢᠷᠢᠱᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《ᠲᠦᠷᠪᠡᠨ ᠪᠦᠬᠦ᠌ ᠲᠠᠯ᠎ᠠ》 ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠤᠨ᠎ᠠ ᠭᠡᠵᠦ᠍ ᠣᠨᠣᠪᠴᠢᠲᠠᠢ ᠢᠯᠡᠳᠭᠡᠵᠡᠢ᠃ ᠡᠨᠡ ᠬᠤᠶᠠᠷ ᠶᠡᠭᠡ ᠪᠠᠢᠷᠢᠱᠢᠭᠤᠯᠤᠯᠲᠠ᠎ᠶ᠋ᠢᠨ ᠲᠤᠬᠠᠢ ᠵᠢᠷᠤᠭ ᠲᠥᠰᠦᠪ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠳᠠ᠎ᠶ᠋ᠢᠨ ᠶᠠᠪᠤᠴᠠ᠎ᠳᠤ ᠠᠯᠬᠤᠮ ᠠᠯᠬᠤᠮ᠎ᠢᠶᠠᠷ ᠪᠦᠷᠢᠯᠳᠦᠭ᠌ᠰᠡᠨ ᠶᠤᠮ᠂ ᠲᠡᠷᠡ᠎ᠨᠢ ᠨᠠᠮ ᠪᠠ ᠵᠠᠰᠠᠭ᠎ᠤᠨ ᠣᠷᠳᠣᠨ᠎ᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠤᠬᠠᠢ ᠲᠠᠨᠢᠯᠲᠠ ᠲᠠᠰᠤᠷᠠᠯᠳᠠ ᠦᠭᠡᠢ ᠭᠦᠨᠵᠡᠭᠡᠢᠷᠡᠵᠦ᠍ ᠪᠣᠯᠪᠠᠰᠤᠷᠠᠭ᠍ᠰᠠᠨ ᠶᠠᠪᠤᠴᠠ᠎ᠶ᠋ᠢ ᠲᠤᠰᠭᠠᠵᠠᠢ᠃ ᠡᠨᠡ ᠬᠤᠶᠠᠷ ᠪᠠᠢᠷᠢᠱᠢᠭᠤᠯᠤᠯᠲᠠ᠎ᠨᠢ ᠠᠯᠬᠤᠮ ᠠᠯᠬᠤᠮ᠎ᠢᠶᠠᠷ ᠪᠦᠷᠢᠯᠳᠦᠵᠦ᠍ ᠬᠠᠷᠢᠯᠴᠠᠨ ᠬᠠᠮᠵᠢᠯᠴᠠᠬᠤ ᠶᠠᠪᠤᠴᠠ᠎ᠳᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠪᠦᠬᠦᠯᠢ ᠴᠣᠭ᠍ᠴᠠ᠎ᠶ᠋ᠢᠨ ᠪᠠᠢᠯᠳᠤᠬᠤ ᠪᠤᠳᠤᠯᠭ᠎ᠠ᠎ᠶ᠋ᠢ ᠪᠦᠷᠢᠯᠳᠦᠭᠦᠯᠦᠭ᠌ᠰᠡᠨ ᠪᠥᠭᠡᠳ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠳᠤ ᠴᠢᠬᠤᠯᠠ ᠶᠡᠭᠡ ᠪᠦᠲᠦᠴᠡ᠎ᠶ᠋ᠢᠨ ᠴᠢᠨᠠᠷᠲᠠᠢ ᠨᠥᠯᠥᠭᠡ ᠦᠵᠡᠭᠦᠯᠦᠭ᠌ᠰᠡᠨ ᠪᠠᠢᠨ᠎ᠠ᠃

ᠳᠥᠷᠪᠡᠳᠦᠭᠡᠷ᠎ᠲᠤ᠌᠂ ᠱᠢᠨᠵᠢᠯᠡᠬᠦ᠌ ᠤᠬᠠᠭᠠᠨᠴᠢ ᠨᠠᠷᠢᠯᠢᠭ ᠣᠨᠣᠴᠠᠲᠠᠢ ᠲᠦᠷᠦ᠎ᠶ᠋ᠢᠨ ᠪᠤᠳᠤᠯᠭ᠎ᠠ᠎ᠶ᠋ᠢᠨ ᠱᠢᠰᠲ᠋ᠧᠮ ᠪᠣᠯ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠠᠵᠢᠯᠯᠠᠭᠠᠨ᠎ᠤ ᠱᠢᠰᠲ᠋ᠧᠮ ᠮᠥᠨ᠃ ᠡᠨᠡ ᠬᠦ᠌ ᠱᠢᠰᠲ᠋ᠧᠮ᠎ᠨᠢ ᠨᠠᠭᠠᠳᠤ ᠵᠠᠬ᠎ᠠ᠎ᠳᠠᠭᠠᠨ ᠭᠤᠷᠪᠠᠨ ᠣᠨᠴᠠᠯᠢᠭ᠎ᠲᠠᠢ ᠪᠠᠢᠳᠠᠭ᠄ ᠨᠢᠭᠡ᠎ᠳᠤ ᠪᠦᠬᠦ᠌ ᠲᠠᠯᠠᠲᠤ ᠴᠢᠨᠠᠷ᠎ᠲᠠᠢ᠃ ᠰᠢ᠎ᠶ᠋ᠢᠨ ᠫᠢᠩ ᠨᠥᠬᠦᠷ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠶ᠋ᠢᠨ 《ᠪᠦᠬᠦ᠌ ᠲᠠᠯ᠎ᠠ》 ᠎ᠶ᠋ᠢᠨ ᠠᠰᠠᠭᠤᠳᠠᠯ᠎ᠢ ᠭᠦᠨᠵᠡᠭᠡᠢ ᠲᠣᠳᠣᠷᠬᠠᠢᠯᠠᠨ ᠥᠭᠦᠯᠡᠪᠡ᠂ ᠲᠡᠷᠡ᠄ ᠪᠦᠬᠦ᠌ ᠲᠠᠯ᠎ᠠ᠎ᠨᠢ ᠬᠥᠭ᠌ᠵᠢᠯᠲᠡ᠎ᠶ᠋ᠢᠨ ᠲᠡᠩᠴᠡᠭᠦᠷᠢᠲᠦ ᠴᠢᠨᠠᠷ᠂ ᠵᠣᠬᠢᠴᠠᠩᠭᠤᠢ ᠴᠢᠨᠠᠷ ᠪᠣᠯᠤᠨ ᠦᠷᠭᠦᠯᠵᠢᠯᠡᠬᠦ᠌ ᠴᠢᠨᠠᠷ᠎ᠢ ᠶᠠᠷᠢᠵᠤ ᠪᠠᠢᠨ᠎ᠠ᠃ ᠬᠠᠮᠤᠷᠬᠤ ᠬᠦᠷᠢᠶ᠎ᠡ ᠬᠡᠪᠴᠢᠶ᠎ᠡ᠎ᠨᠢ ᠪᠦᠬᠦ᠌ ᠲᠠᠯ᠎ᠠ᠎ᠶ᠋ᠢᠨ᠂ ᠬᠠᠮᠤᠷᠬᠤ ᠬᠥᠮᠦᠨ ᠠᠮᠠ᠎ᠨᠢ ᠪᠦᠬᠦ᠌ ᠲᠠᠯ᠎ᠠ᠎ᠶ᠋ᠢᠨ᠂ ᠬᠠᠮᠤᠷᠬᠤ ᠣᠷᠣᠨ ᠪᠦᠰᠡ᠎ᠨᠢ ᠪᠦᠬᠦ᠌ ᠲᠠᠯ᠎ᠠ᠎ᠶ᠋ᠢᠨ ᠪᠠᠢᠬᠤ ᠬᠡᠷᠡᠭ᠌ᠲᠡᠢ᠃ ᠡᠢᠮᠦ᠎ᠠᠴᠠ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠡᠯ᠎ᠡ ᠲᠠᠯ᠎ᠠ᠎ᠶ᠋ᠢᠨ ᠲᠦᠷᠦ᠎ᠶ᠋ᠢᠨ ᠪᠤᠳᠤᠯᠭ᠎ᠠ᠎ᠨᠢ ᠴᠥᠮ ᠱᠢᠰᠲ᠋ᠧᠮᠵᠢᠭ᠌ᠰᠡᠨ᠂ ᠪᠦᠷᠢᠨ ᠪᠦᠲᠦᠨ ᠴᠢᠨᠠᠷ᠎ᠤᠨ ᠣᠨᠴᠠᠯᠢᠭ᠎ᠢ ᠴᠢᠬᠤᠯᠠᠴᠢᠯᠠᠵᠤ ᠪᠠᠢᠨ᠎ᠠ᠃ ᠬᠤᠶᠠᠷ᠎ᠲᠤ ᠭᠤᠣᠯᠳᠠᠯᠭ᠎ᠠ᠎ᠶ᠋ᠢ ᠠᠳᠭᠤᠨ᠎ᠠ᠃ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠳᠤ ᠬᠤᠯᠪᠣᠭ᠍ᠳᠠᠬᠤ ᠵᠦᠢᠯᠡᠰ ᠤᠯᠠᠨ ᠪᠠᠢᠵᠤ᠂ ᠣᠨᠣᠴᠠᠲᠠᠢ᠎ᠪᠠᠷ ᠠᠷᠭ᠎ᠠ ᠪᠤᠳᠤᠯᠭ᠎ᠠ ᠬᠡᠷᠡᠭ᠌ᠵᠢᠭᠦᠯᠬᠦ᠌ ᠦᠶ᠎ᠡ᠎ᠳᠤ ᠡᠷᠬᠡᠪᠰᠢ ᠨᠡᠯᠢᠶᠡᠳ ᠴᠢᠩᠭ᠎ᠠ ᠬᠠᠨᠳᠤᠯᠭᠠᠲᠤ ᠴᠢᠨᠠᠷ᠎ᠲᠠᠢ ᠪᠠᠢᠵᠤ᠂ ᠭᠤᠣᠯᠳᠠᠯᠭ᠎ᠠ᠎ᠲᠠᠢ ᠠᠰᠠᠭᠤᠳᠠᠯ᠎ᠢ ᠠᠳᠭᠤᠵᠤ  ᠱᠢᠢᠳᠪᠦᠷᠢᠯᠡᠬᠦ᠌ ᠬᠡᠷᠡᠭ᠌ᠲᠡᠢ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠢᠯᠡᠳᠭᠡᠯ᠎ᠳᠤ ᠳᠤᠷᠠᠳᠤᠭ᠍ᠰᠠᠨ ᠭᠤᠷᠪᠠᠨ ᠶᠡᠭᠡ ᠪᠤᠭᠤᠮᠲᠠ ᠱᠢᠪᠲᠤᠯᠬᠤ ᠳᠠᠢᠯᠠᠯᠳᠤᠭᠠᠨ ᠪᠣᠯ ᠳᠠᠷᠤᠢ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠶ᠋ᠢᠨ ᠭᠤᠣᠯᠳᠠᠯᠭ᠎ᠠ᠎ᠲᠠᠢ ᠠᠵᠢᠯ ᠮᠥᠨ᠂ ᠬᠠᠨᠳᠤᠯᠭᠠᠲᠤ ᠴᠢᠨᠠᠷᠲᠠᠢ᠎ᠪᠠᠷ ᠠᠷᠭ᠎ᠠ ᠪᠤᠳᠤᠯᠭ᠎ᠠ ᠬᠡᠷᠡᠭ᠌ᠵᠢᠭᠦᠯᠬᠦ᠌᠎ᠪᠠᠷ ᠳᠠᠮᠵᠢᠨ᠂ ᠡᠨᠡ ᠭᠤᠷᠪᠠᠨ ᠡᠭᠦᠷᠭᠡ ᠴᠥᠮ ᠯᠤᠲᠤ ᠶᠡᠭᠡ ᠲᠠᠪᠱᠢᠯᠳᠠ᠎ᠲᠠᠢ ᠪᠤᠯᠵᠤ᠂ ᠤᠨᠢᠨ ᠳᠡᠭᠡᠷ᠎ᠠ᠎ᠨᠢ ᠶᠠᠳᠠᠭᠤ᠎ᠠᠴᠠ ᠠᠩᠭᠢᠵᠢᠷᠠᠭᠤᠯᠬᠤ ᠠᠵᠢᠯ ᠨᠢᠭᠡᠨᠲᠡ ᠪᠦᠬᠦᠨ᠎ᠢᠶᠠᠷ᠎ᠢᠶᠠᠨ ᠪᠡᠶᠡᠯᠡᠭ᠌ᠳᠡᠪᠡ᠃ ᠭᠤᠷᠪᠠ᠎ᠳᠤ ᠠᠶᠤᠯ ᠲᠦᠭ᠌ᠰᠢᠭᠦᠷᠢ᠎ᠶ᠋ᠢ ᠰᠡᠷᠭᠡᠢᠯᠡᠨ᠎ᠡ᠃ ᠨᠠᠮ᠎ᠤᠨ ᠲᠥᠪ ᠬᠤᠷᠢᠶ᠎ᠠ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠠᠵᠢᠯ᠎ᠢ ᠲᠦᠢᠯ᠎ᠢᠶᠠᠷ ᠴᠢᠬᠤᠯᠠᠴᠢᠯᠠᠵᠤ ᠪᠠᠢᠳᠠᠭ᠂ ᠡᠨᠡ᠎ᠨᠢ ᠪᠠᠰᠠ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍ ᠳᠡᠢᠯᠬᠦ᠌ ᠡᠰᠡᠬᠦ᠌᠎ᠶ᠋ᠢᠨ ᠴᠢᠬᠤᠯᠠ ᠭᠤᠭ᠍ᠴᠤᠭ᠎ᠠ ᠪᠣᠯᠵᠠᠢ᠃ ᠰᠢ᠎ᠶ᠋ᠢᠨ ᠫᠢᠩ ᠨᠥᠬᠦᠷ᠄ 《ᠪᠢᠳᠡᠨ᠎ᠳᠤ ᠲᠤᠯᠭᠠᠷᠠᠵᠤ ᠪᠠᠢᠭ᠎ᠠ ᠬᠦᠨᠳᠦ ᠶᠡᠭᠡ ᠠᠶᠤᠯ ᠲᠦᠭ᠌ᠰᠢᠭᠦᠷᠢ᠎ᠳᠤ ᠤᠯᠤᠰ᠎ᠤᠨ ᠳᠣᠲᠣᠭᠠᠳᠤ᠎ᠶ᠋ᠢᠨ ᠠᠵᠤ ᠠᠬᠤᠢ᠂ ᠤᠯᠤᠰ ᠲᠦᠷᠦ᠍᠂ ᠦᠵᠡᠯ ᠤᠬᠠᠮᠰᠠᠷ᠎ᠤᠨ ᠬᠡᠯᠪᠡᠷᠢ᠂ ᠨᠡᠢᠭᠡᠮ᠎ᠤᠨ ᠠᠶᠤᠯ ᠲᠦᠭ᠌ᠰᠢᠭᠦᠷᠢ ᠵᠢᠴᠢ ᠪᠠᠢᠭᠠᠯᠢ ᠶᠢᠷᠲᠢᠨᠴᠦ᠎ᠠᠴᠠ ᠢᠷᠡᠬᠦ᠌ ᠠᠶᠤᠯ ᠲᠦᠭ᠌ᠰᠢᠭᠦᠷᠢ ᠪᠠᠭ᠍ᠲᠠᠬᠤ ᠮᠥᠷᠲᠡᠭᠡᠨ ᠪᠠᠰᠠ ᠤᠯᠠᠨ ᠤᠯᠤᠰ᠎ᠤᠨ ᠠᠵᠤ ᠠᠬᠤᠢ᠂ ᠤᠯᠤᠰ ᠲᠦᠷᠦ᠍᠂ ᠴᠡᠷᠢᠭ᠎ᠤᠨ ᠶᠠᠪᠤᠳᠠᠯ᠎ᠤᠨ ᠠᠶᠤᠯ ᠲᠦᠭ᠌ᠰᠢᠭᠦᠷᠢ ᠵᠡᠷᠭᠡ ᠪᠠᠭ᠍ᠲᠠᠨ᠎ᠠ᠃ ᠬᠡᠷᠪᠡ ᠬᠦᠨᠳᠦ ᠶᠡᠭᠡ ᠠᠶᠤᠯ ᠲᠦᠭ᠌ᠰᠢᠭᠦᠷᠢ ᠡᠭᠦᠰᠭᠦ ᠪᠦᠭᠡᠳ ᠡᠭᠦᠨ᠎ᠢ ᠳᠠᠭᠠᠭᠠᠵᠤ ᠳᠡᠢᠯᠬᠦ᠌ ᠦᠭᠡᠢ ᠪᠣᠯ ᠤᠯᠤᠰ᠎ᠤᠨ ᠠᠮᠤᠷ ᠲᠦᠪᠱᠢᠨ ᠬᠦᠨᠳᠦ ᠶᠡᠭᠡ ᠰᠦᠷᠳᠡᠭᠦᠯᠦᠯ᠎ᠳᠤ ᠤᠴᠠᠷᠠᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠠᠬᠢᠴᠠ ᠠᠷᠭ᠎ᠠ ᠪᠤᠰᠤ ᠲᠠᠰᠤᠯᠳᠠᠵᠤ ᠮᠡᠳᠡᠨ᠎ᠠ》 ᠭᠡᠵᠦ᠍ ᠵᠢᠭᠠᠵᠤ ᠭᠠᠷᠭᠠᠪᠠ᠃ ᠲᠡᠷᠡ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠎ᠶ᠋ᠢ ᠲᠤᠪᠤᠢᠮ᠎ᠠ ᠪᠠᠢᠷᠢᠨ᠎ᠳᠤ ᠲᠠᠯᠪᠢᠵᠤ᠂ ᠠᠶᠤᠯ ᠲᠦᠭ᠌ᠰᠢᠭᠦᠷᠢ ᠬᠦᠷᠴᠦ᠍ ᠢᠷᠡᠬᠦ᠌᠎ᠠᠴᠠ ᠡᠮᠦᠨ᠎ᠡ ᠰᠠᠢᠲᠤᠷ ᠪᠡᠯᠡᠳᠭᠡᠯ ᠬᠢᠵᠦ᠍᠂ ᠬᠦᠨᠳᠦ ᠶᠡᠭᠡ ᠠᠶᠤᠯ ᠲᠦᠭ᠌ᠰᠢᠭᠦᠷᠢ ᠡᠭᠦᠰᠭᠦ ᠦᠭᠡᠢ ᠪᠠᠢᠬᠤ᠎ᠶ᠋ᠢ ᠰᠠᠢᠲᠤᠷ ᠡᠵᠡᠮᠳᠡᠬᠦ᠂ ᠡᠰᠡᠬᠦᠯ᠎ᠡ ᠬᠦᠨᠳᠦ ᠶᠡᠭᠡ ᠠᠶᠤᠯ ᠲᠦᠭ᠌ᠰᠢᠭᠦᠷᠢ ᠭᠠᠷᠬᠤ ᠦᠶ᠎ᠡ᠎ᠳᠤ ᠳᠠᠭᠠᠭᠠᠵᠤ ᠳᠡᠢᠯᠬᠦ᠌᠎ᠪᠠᠷ ᠴᠢᠷᠮᠠᠢᠬᠤ ᠬᠡᠷᠡᠭ᠌ᠲᠡᠢ ᠭᠡᠵᠦ᠍ ᠲᠣᠳᠣᠷᠬᠠᠢ ᠱᠠᠭᠠᠷᠳᠠᠪᠠ᠃ ᠳᠤᠮᠳᠠᠳᠤ᠎ᠶ᠋ᠢᠨ ᠦᠨᠳᠦᠰᠦᠲᠡᠨ ᠶᠡᠷᠦ᠎ᠠᠴᠠ ᠮᠠᠰᠢ ᠴᠢᠩᠭ᠎ᠠ ᠰᠠᠨᠠᠭᠠᠱᠢᠷᠠᠬᠤ ᠤᠬᠠᠮᠰᠠᠷ᠎ᠲᠠᠢ ᠪᠠᠢᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠶᠠᠪᠤᠴᠠ᠎ᠳᠤ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠎ᠨᠢ ᠬᠡᠷᠡᠭ ᠳᠡᠭᠡᠷ᠎ᠡ᠎ᠪᠠᠨ ᠨᠢᠭᠡᠨ ᠬᠤᠷᠢᠭ᠎ᠠ ᠱᠤᠭᠤᠮ᠎ᠢ ᠪᠦᠷᠢᠯᠳᠦᠬᠦᠯᠬᠦ᠌ ᠶᠤᠮ᠃ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠲᠦᠷᠦ᠎ᠶ᠋ᠢᠨ ᠪᠤᠳᠤᠯᠭ᠎ᠠ᠎ᠶ᠋ᠢ ᠵᠠᠷᠢᠮ᠎ᠳᠠᠭᠠᠨ ᠣᠯᠵᠤ ᠬᠠᠷᠠᠵᠤ ᠳᠡᠢᠯᠦᠨ᠎ᠠ᠂ ᠵᠠᠷᠢᠮ᠎ᠳᠠᠭᠠᠨ ᠱᠢᠭᠤᠳ ᠣᠯᠵᠤ ᠬᠠᠷᠠᠬᠤ ᠳᠡᠢᠯᠬᠦ᠌ ᠦᠭᠡᠢ ᠪᠠᠢᠵᠤ ᠮᠡᠳᠡᠨ᠎ᠡ᠃ ᠭᠡᠪᠡᠴᠦ᠍ ᠡᠳᠡᠭᠡᠷ ᠲᠦᠷᠦ᠎ᠶ᠋ᠢᠨ ᠪᠤᠳᠤᠯᠭ᠎ᠠ᠎ᠨᠤᠭᠤᠳ ᠡᠷᠬᠡᠪᠰᠢ ᠤᠷᠲᠤ ᠬᠤᠭᠤᠴᠠᠭ᠎ᠠ᠎ᠪᠠᠷ ᠬᠦᠴᠦᠲᠡᠢ ᠣᠷᠣᠱᠢᠵᠤ ᠪᠠᠢᠪᠠᠯ ᠴᠢᠨᠡᠭᠡᠯᠢᠭ ᠨᠡᠢᠭᠡᠮ᠎ᠢ ᠪᠦᠲᠦᠭᠡᠨ ᠪᠠᠢᠭᠤᠯᠬᠤ᠎ᠨᠢ ᠰᠠᠶᠢ ᠤᠷᠤᠭ᠍ᠰᠢᠲᠠᠢ ᠪᠥᠭᠡᠳ ᠥᠨᠳᠥᠷ ᠪᠦᠲᠦᠮᠵᠢᠲᠡᠢ᠎ᠪᠠᠷ ᠶᠠᠪᠤᠬ᠍ᠳᠠᠵᠤ ᠴᠢᠳᠠᠨ᠎ᠠ᠃

ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠳᠤ᠂ ᠳᠤᠮᠳᠠᠳᠤ ᠤᠯᠤᠰ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠪᠡ! ᠶᠠᠭᠠᠬᠢᠭᠠᠳ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ ᠰᠠᠶᠢ ᠪᠡᠶᠡᠯᠡᠭᠦᠯᠵᠦ᠍ ᠴᠢᠳᠠᠬ᠍ᠰᠠᠨ ᠪᠤᠢ? ᠭᠤᠣᠯ ᠴᠣᠭ᠍ᠴᠠ᠎ᠶ᠋ᠢᠨ ᠨᠥᠬᠦᠴᠡᠯ᠎ᠤᠨ ᠲᠤᠰ ᠪᠡᠶ᠎ᠡ᠎ᠠᠴᠠ ᠠᠪᠴᠤ᠌ ᠬᠡᠯᠡᠪᠡᠯ᠂ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠬᠦᠰᠡᠯᠡᠩ ᠬᠠᠷᠠᠯᠲᠠ ᠲᠡᠢᠰᠢ ᠡᠷᠡᠰ ᠪᠠᠲᠤ ᠡᠷᠡᠮᠡᠭᠡᠢᠯᠡᠨ ᠳᠠᠪᠱᠢᠬᠤ ᠬᠦᠴᠦᠷᠬᠡᠭ ᠶᠡᠭᠡ ᠬᠦᠴᠦᠨ ᠴᠢᠳᠠᠯ᠎ᠲᠠᠢ᠂ ᠦᠨᠳᠦᠰᠦᠲᠡᠨ ᠤᠯᠤᠰ᠎ᠤᠨ ᠶᠡᠭᠡ ᠡᠭᠦᠷᠭᠡ᠎ᠶ᠋ᠢ ᠡᠭᠦᠷᠭᠡᠯᠡᠬᠦ᠌ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠬᠦ᠌ ᠵᠣᠷᠢᠭ ᠰᠠᠨᠠᠭ᠎ᠠ᠎ᠲᠠᠢ᠂ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠭ᠍ᠤ ᠪᠥᠭᠡᠳ ᠲᠠᠰᠤᠷᠠᠯᠳᠠ ᠦᠭᠡᠢ ᠥᠪᠡᠷ᠎ᠢ᠎ᠪᠠᠨ ᠱᠢᠨᠡᠴᠢᠯᠡᠬᠦ᠌ ᠤᠷᠤᠭ᠍ᠰᠢᠯᠠᠯᠲᠠ᠎ᠶ᠋ᠢᠨ ᠵᠣᠷᠢᠭ᠎ᠲᠠᠢ᠂ ᠪᠦᠬᠦ᠋ᠢᠯᠡ ᠨᠡᠢᠭᠡᠮ᠎ᠤᠨ ᠡᠬᠢ ᠪᠠᠶᠠᠯᠢᠭ᠎ᠢ ᠲᠦᠪᠯᠡᠷᠡᠭᠦᠯᠬᠦ᠌ ᠪᠠ ᠵᠣᠩᠬᠢᠯᠠᠬᠤ ᠤᠯᠠᠨ ᠲᠣᠭᠠᠨ᠎ᠤ ᠠᠷᠠᠳ ᠤᠯᠠᠨ᠎ᠢ ᠳᠠᠢᠴᠢᠯᠠᠬᠤ ᠴᠢᠳᠠᠪᠤᠷᠢ᠎ᠲᠠᠢ ᠶᠤᠮ᠃ ᠡᠳᠡᠭᠡᠷ ᠬᠦᠴᠦᠨ ᠴᠢᠳᠠᠯ ᠪᠠ ᠵᠣᠷᠢᠭ ᠰᠠᠨᠠᠭ᠎ᠠ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠯᠤᠰ ᠬᠡᠲᠦ᠎ᠶ᠋ᠢᠨ ᠬᠦᠰᠡᠯᠡᠩ ᠢᠲᠡᠭᠡᠯ ᠪᠢᠱᠢᠷᠡᠯ ᠪᠠ ᠮᠠᠷᠺᠰ᠎ᠤᠨ ᠦᠵᠡᠯ᠎ᠤᠨ ᠦᠨᠡᠨ ᠶᠣᠰᠣᠴᠢ ᠴᠢᠨᠠᠷ᠎ᠠᠴᠠ ᠢᠷᠡᠯᠲᠡ᠎ᠲᠠᠢ ᠶᠤᠮ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠠᠪᠳᠠᠭ᠍ᠳᠠᠨ ᠪᠤᠯᠪᠠᠰᠤᠷᠠᠭᠠᠳ ᠪᠤᠢ ᠪᠤᠯᠤᠭ᠍ᠰᠠᠨ ᠲᠦᠷᠦ᠎ᠶ᠋ᠢᠨ ᠨᠠᠮ᠎ᠤᠨ ᠮᠥᠨ ᠴᠢᠨᠠᠷ᠎ᠠᠴᠠ ᠢᠷᠡᠯᠲᠡ᠎ᠲᠠᠢ ᠶᠤᠮ᠃

(ᠵᠣᠬᠢᠶᠠᠭ᠍ᠴᠢ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠎ᠶ᠋ᠢᠨ ᠰᠣᠶᠣᠯ ᠲᠡᠦᠬᠡ ᠵᠢᠭᠠᠨ ᠰᠤᠳᠤᠯᠬᠤ ᠬᠡᠯᠲᠡᠰ᠎ᠤᠨ ᠫᠷᠤᠹᠧᠰᠰᠤᠷ᠂ ᠳ᠋ᠤᠺᠲ᠋ᠤᠷᠠᠨᠲ᠎ᠤᠨ ᠵᠢᠯᠤᠭᠤᠳᠤᠭ᠍ᠴᠢ ᠪᠠᠭ᠍ᠰᠢ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号