《ᠪᠢ ᠰᠠᠢᠨ ᠳᠤᠷ᠎ᠠ᠎ᠠᠴᠠ᠎ᠪᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠵᠤ᠂ ᠨᠠᠮ᠎ᠤᠨ ᠬᠥᠲᠥᠯᠪᠦᠷᠢ᠎ᠶ᠋ᠢ ᠬᠦᠷᠢᠶᠡᠯᠡᠵᠦ᠍᠂ ᠨᠠᠮ᠎ᠤᠨ ᠳᠦᠷᠢᠮ᠎ᠢ ᠵᠢᠷᠤᠮᠯᠠᠵᠤ᠂ ᠨᠠᠮ᠎ᠤᠨ ᠭᠡᠱᠢᠭᠦᠨ᠎ᠤ ᠡᠭᠦᠷᠭᠡ᠎ᠪᠠᠨ ᠭᠦᠢᠴᠡᠳᠭᠡᠨ᠎ᠡ ᠁》 ᠭᠡᠬᠦ᠌ ᠰᠦᠷ ᠵᠢᠪᠬᠤᠯᠠᠩᠲᠤ ᠳᠠᠭᠤᠨ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠵᠢᠨᠴᠢᠶᠤᠤ ᠠᠵᠤ ᠠᠬᠤᠢ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠎ᠤᠨ ᠠᠯᠲᠠᠨ ᠨᠡᠢᠭᠡᠮ ᠲᠣᠭᠤᠷᠢᠭ᠎ᠲᠤ ᠴᠤᠤᠷᠢᠶᠠᠲᠤᠨ᠎ᠠ᠃ 7 ᠰᠠᠷ᠎ᠠ᠎ᠶ᠋ᠢᠨ 28 ᠤ ᠦᠳᠡ᠎ᠶ᠋ᠢᠨ ᠡᠮᠦᠨ᠎ᠡ᠂ 《ᠤᠯᠤᠰ᠎ᠢᠶᠠᠨ ᠬᠦᠴᠦᠷᠬᠡᠭ᠌ᠵᠢᠭᠦᠯᠬᠦ᠌ ᠬᠦᠰᠡᠯ ᠵᠡᠭᠦᠳᠦ᠎ᠶ᠋ᠢ ᠪᠢᠳᠡ ᠬᠠᠮᠲᠤ᠎ᠪᠠᠷ ᠴᠢᠷᠮᠠᠢᠨ ᠲᠡᠷᠭᠡᠯᠱᠢᠭᠦᠯᠦᠶ᠎ᠡ》 — ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠲᠠᠯ᠎ᠠ ᠨᠤᠲᠤᠭ᠎ᠤᠨ ᠡᠭᠦᠯᠡ᠎ᠶ᠋ᠢᠨ 《ᠪᠢ ᠲᠠᠨ᠎ᠳᠤ ᠲᠤᠰᠠᠯᠠᠶ᠎ᠠ》 ᠭᠡᠬᠦ᠌ ᠨᠠᠮ᠎ᠤᠨ ᠡᠭᠦᠷ᠎ᠤᠨ ᠦᠢᠯᠡᠴᠢᠯᠡᠭᠡᠨ᠎ᠤ ᠠᠩᠬᠢ᠎ᠨᠢ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠠᠷᠠᠳ᠎ᠤᠨ ᠵᠡᠪᠰᠡᠭ᠌ᠲᠦ ᠬᠦᠴᠦᠨ᠎ᠤ ᠬᠡᠯᠲᠡᠰ᠎ᠲᠠᠢ ᠬᠠᠮᠲᠤᠷᠠᠨ ᠠᠯᠳᠠᠨ ᠨᠡᠢᠭᠡᠮ ᠲᠣᠭᠤᠷᠢᠭ᠎ᠲᠤ ᠬᠦᠷᠴᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠬᠠᠮᠳᠦ᠎ᠪᠠᠷ ᠰᠤᠷᠤᠯᠴᠠᠵᠦ᠍ ᠬᠠᠮᠳᠦ᠎ᠪᠠᠷ ᠪᠠᠢᠭᠤᠯᠬᠤ ᠠᠵᠢᠯᠯᠠᠭ᠎ᠠ ᠥᠷᠨᠢᠭᠦᠯᠵᠦ᠍᠂ ᠨᠡᠢᠭᠡᠮ ᠲᠣᠭᠤᠷᠢᠭ᠎ᠤᠨ ᠨᠠᠮ᠎ᠤᠨ ᠭᠡᠱᠢᠭᠦᠨ᠎ᠲᠠᠢ ᠬᠠᠮᠲᠤ ᠨᠠᠮ᠎ᠳᠤ ᠣᠷᠣᠬᠤ ᠲᠠᠩᠭᠠᠷᠢᠭ᠎ᠤᠨ ᠦᠭᠡᠰ᠎ᠢᠶᠠᠨ ᠳᠠᠬᠢᠨᠲᠠ ᠤᠩᠱᠢᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠠᠮᠲᠤ᠎ᠪᠠᠷ ᠰᠤᠷᠤᠯᠴᠠᠬᠤ᠎ᠶ᠋ᠢᠨ ᠬᠠᠮᠳᠦ ᠨᠡᠢᠭᠡᠮ ᠲᠣᠭᠤᠷᠢᠭ᠎ᠲᠤ 《ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠶᠠᠷᠢᠶ᠎ᠠ》 ᠶ᠋ᠢᠨ ᠲᠤᠰᠭᠠᠢ ᠳᠡᠪᠲᠡᠷ᠂ 《ᠥᠪᠥᠷ ᠮᠣᠩᠭᠤᠯ᠎ᠤᠨ ᠡᠳᠦᠷ᠎ᠤᠨ ᠰᠣᠨᠢᠨ》 ᠤ ᠵᠠᠭᠤᠨ ᠵᠢᠯ᠎ᠤᠨ ᠵᠠᠭᠤᠨ ᠨᠢᠭᠤᠷ ᠣᠨᠴᠠ ᠬᠡᠪᠯᠡᠯ᠎ᠢ ᠪᠡᠯᠡᠭ᠌ᠯᠡᠵᠦ᠍᠂ ᠨᠡᠢᠭᠡᠮ ᠲᠣᠭᠤᠷᠢᠭ᠎ᠤᠨ ᠴᠡᠷᠢᠭ᠎ᠠᠴᠠ ᠱᠢᠯᠵᠢᠭ᠌ᠰᠡᠳ᠂ ᠭᠠᠭ᠍ᠴᠠᠭᠠᠷ ᠰᠠᠭᠤᠭ᠎ᠠ ᠨᠠᠰᠤᠲᠠᠨ᠎ᠢ ᠲᠤᠬᠤᠨᠢᠭᠤᠯᠬᠤ᠎ᠶ᠋ᠢᠨ ᠬᠠᠮᠲᠤ ᠴᠡᠷᠢᠭ ᠡᠯᠰᠡᠬᠦ᠌ ᠪᠠ ᠴᠡᠷᠢᠭ᠎ᠢᠶᠠᠨ ᠬᠦᠷᠢᠶᠡᠯᠡᠬᠦ᠌ ᠴᠡᠷᠢᠭ᠎ᠤᠨ ᠭᠡᠷ ᠪᠦᠯᠢ᠎ᠶ᠋ᠢᠨ᠎ᠬᠢᠨ᠎ᠢ ᠬᠦᠷᠢᠶᠡᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠬᠤ ᠠᠵᠢᠯᠯᠠᠭ᠎ᠠ᠂ ᠬᠤᠭ ᠨᠣᠪᠰᠢ᠎ᠶ᠋ᠢ ᠠᠩᠬᠢᠯᠠᠬᠤ᠂ ᠪᠤᠯᠪᠠᠰᠤᠨ ᠬᠤᠲᠠ᠎ᠶ᠋ᠢ ᠪᠦᠳᠦᠭᠡᠨ ᠪᠠᠢᠭᠤᠯᠬᠤ ᠤᠬᠠᠭᠤᠯᠭ᠎ᠠ᠎ᠶ᠋ᠢᠨ ᠠᠵᠢᠯᠯᠠᠭ᠎ᠠ ᠦᠷᠨᠢᠬᠦᠯᠪᠡ᠃

ᠨᠠᠮ᠎ᠳᠤ ᠤᠷᠤᠬᠤ ᠲᠠᠩᠭᠠᠷᠢᠭ᠎ᠤᠨ ᠦᠭᠡᠰ᠎ᠢᠶᠠᠨ ᠲᠡᠬᠢᠨᠲᠡ ᠤᠩᠱᠢᠨ᠎ᠠ
ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠦᠷᠳᠡᠭᠡ᠎ᠶ᠋ᠢᠨ ᠲᠠᠭᠤᠨ ᠁
28 ᠤ ᠦᠳᠡ᠎ᠶ᠋ᠢᠨ ᠡᠮᠦᠨ᠎ᠡ ᠬᠥᠬᠡᠬᠤᠲᠠ᠎ᠶ᠋ᠢᠨ ᠠᠭᠤᠷ ᠠᠮᠢᠰᠭᠤᠯ ᠰᠡᠷᠢᠭᠦᠨ ᠲᠠᠭᠠᠯᠠᠮᠵᠢᠲᠠᠢ ᠪᠠᠢᠵᠤ᠂ ᠠᠯᠳᠠᠨ ᠨᠡᠢᠭᠡᠮ ᠲᠣᠭᠤᠷᠢᠭ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠦᠷᠳᠡᠭᠡ᠎ᠳᠤ ᠬᠥᠮᠦᠨ ᠬᠠᠷ᠎ᠠ ᠴᠤᠬ᠍ᠯᠠᠷᠠᠵᠤ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠲᠠᠯ᠎ᠠ ᠨᠤᠲᠤᠭ᠎ᠤᠨ ᠡᠭᠦᠯᠡ᠎ᠶ᠋ᠢᠨ 《ᠪᠢ ᠲᠠᠨ᠎ᠳᠤ ᠲᠤᠰᠠᠯᠠᠶ᠎ᠠ》 ᠭᠡᠬᠦ᠌ ᠨᠠᠮ᠎ᠤᠨ ᠡᠭᠦᠷ᠎ᠤᠨ ᠦᠢᠯᠡᠴᠢᠯᠡᠭᠡᠨ᠎ᠤ ᠠᠩᠬᠢ᠎ᠨᠢ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠠᠷᠠᠳ᠎ᠤᠨ ᠵᠡᠪᠰᠡᠭ᠌ᠲᠦ ᠬᠦᠴᠦᠨ᠎ᠤ ᠬᠡᠯᠲᠡᠰ᠎ᠲᠠᠢ ᠬᠠᠮᠲᠤᠷᠠᠨ 《ᠤᠯᠤᠰ᠎ᠢᠶᠠᠨ ᠬᠦᠴᠦᠷᠬᠡᠭ᠌ᠵᠢᠭᠦᠯᠬᠦ᠌ ᠬᠦᠰᠡᠯ ᠵᠡᠭᠦᠳᠦ᠎ᠶ᠋ᠢ ᠪᠢᠳᠡ ᠬᠠᠮᠲᠤ᠎ᠪᠠᠷ ᠴᠢᠷᠮᠠᠢᠨ ᠲᠡᠷᠭᠡᠯᠱᠢᠭᠦᠯᠦᠶ᠎ᠡ》 ᠭᠡᠬᠦ᠌ ᠭᠤᠣᠯ ᠰᠡᠳᠦᠪᠲᠦ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠬᠠᠮᠳᠦ᠎ᠪᠠᠷ ᠰᠤᠷᠤᠯᠴᠠᠵᠦ᠍ ᠬᠠᠮᠳᠦ᠎ᠪᠠᠷ ᠪᠠᠢᠭᠤᠯᠬᠤ ᠠᠵᠢᠯᠯᠠᠭ᠎ᠠ᠎ᠶ᠋ᠢ ᠬᠥᠭ᠌ᠵᠢᠶᠡᠨᠲᠡᠢ ᠥᠷᠨᠢᠭᠦᠯᠪᠡ᠃ ᠠᠵᠢᠯᠯᠠᠭ᠎ᠠ᠎ᠳᠤ ᠤᠷᠤᠯᠴᠠᠬ᠍ᠰᠠᠨ ᠪᠦᠬᠦ᠌ ᠨᠠᠮ᠎ᠤᠨ ᠭᠡᠱᠢᠭᠦᠨ ᠨᠠᠮ᠎ᠳᠤ ᠣᠷᠣᠬᠤ ᠲᠠᠩᠭᠠᠷᠢᠭ᠎ᠤᠨ ᠦᠭᠡᠰ᠎ᠢᠶᠠᠨ ᠲᠠᠬᠢᠨᠲᠠ ᠤᠩᠱᠢᠪᠠ᠃ ᠲᠠᠩᠭᠠᠷᠢᠭ᠎ᠤᠨ ᠦᠭᠡ ᠪᠦᠷᠢ᠎ᠨᠢ ᠴᠥᠮ ᠨᠠᠮ᠎ᠤᠨ ᠭᠡᠱᠢᠭᠦᠨ᠎ᠤ ᠡᠷᠬᠡᠪᠰᠢ ᠵᠢᠷᠤᠮᠯᠠᠬᠤ ᠦᠢᠯᠡ ᠠᠵᠢᠯᠯᠠᠭ᠎ᠠ᠎ᠶ᠋ᠢᠨ ᠪᠠᠷᠢᠮᠵᠢᠶ᠎ᠠ ᠮᠥᠨ᠂ ᠨᠠᠮ᠎ᠤᠨ ᠭᠡᠱᠢᠭᠦᠨ᠎ᠤ ᠨᠠᠮ ᠪᠠ ᠠᠷᠠᠳ ᠲᠦᠮᠡᠨ᠎ᠳᠤ ᠬᠢᠭ᠌ᠰᠡᠨ ᠲᠥᠪ ᠴᠢᠩᠭ᠎ᠠ ᠠᠮᠠᠯᠠᠯᠲᠠ ᠮᠥᠨ᠂ ᠨᠠᠮ᠎ᠤᠨ ᠭᠡᠱᠢᠭᠦᠳ ᠴᠠᠭ ᠢᠮᠠᠭ᠍ᠲᠠ ᠨᠠᠮ᠎ᠳᠤ ᠣᠷᠣᠬᠤ ᠲᠠᠩᠭᠠᠷᠢᠭ᠎ᠤᠨ ᠦᠭᠡᠰ᠎ᠢᠶᠠᠷ ᠥᠪᠡᠷ᠎ᠢ᠎ᠪᠠᠨ ᠰᠡᠷᠡᠮᠵᠢᠯᠡᠭᠦᠯᠵᠦ᠍᠂ 《ᠤᠭ ᠰᠠᠨᠠᠭ᠎ᠠ᠎ᠪᠠᠨ ᠦᠯᠦ᠍ ᠮᠠᠷᠲᠠᠵᠤ᠂ ᠦᠷᠭᠦᠯᠵᠢᠯᠡᠨ ᠤᠷᠤᠭ᠍ᠰᠢᠯᠠᠵᠤ》᠂ ᠢᠮᠠᠭ᠍ᠲᠠ ᠨᠠᠮ᠎ᠢᠶᠠᠨ ᠬᠠᠢᠷᠠᠯᠠᠵᠤ᠂ ᠠᠷᠠᠳ ᠲᠦᠮᠡᠨ᠎ᠲᠠᠢ ᠰᠡᠳᠭᠢᠯ ᠵᠢᠷᠦᠬᠡ᠎ᠪᠠᠨ ᠬᠤᠯᠪᠣᠵᠤ᠂ ᠨᠠᠰᠤᠨ ᠲᠤᠷᠱᠢᠳᠠ ᠦᠨᠡᠨᠴᠢ ᠱᠢᠳᠤᠷᠭᠤ ᠠᠵᠢᠯᠯᠠᠨ ᠬᠤᠪᠢ ᠨᠡᠮᠡᠷᠢ ᠦᠵᠡᠭᠦᠯᠵᠦ᠍᠂ ᠪᠣᠳᠠᠲᠤ ᠦᠢᠯᠡ ᠠᠵᠢᠯᠯᠠᠭ᠎ᠠ᠎ᠪᠠᠷ᠎ᠢᠶᠠᠨ ᠬᠢᠷᠢ ᠲᠡᠩᠴᠡᠭ᠌ᠰᠡᠨ ᠨᠠᠮ᠎ᠤᠨ ᠭᠡᠱᠢᠭᠦᠨ ᠪᠣᠯᠬᠤ ᠶᠤᠰᠤᠳᠠᠢ᠃

ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠰᠤᠷᠤᠯᠴᠠᠨ᠎ᠠ

ᠬᠢᠨᠠᠮᠠᠭᠠᠢ ᠰᠤᠷᠤᠯᠴᠠᠨ᠎ᠠ
ᠲᠠᠩᠭᠠᠷᠢᠭ᠎ᠤᠨ ᠦᠭᠡᠰ᠎ᠢ ᠳᠠᠬᠢᠨᠲᠠ ᠤᠩᠱᠢᠭ᠍ᠰᠠᠨ᠎ᠤ ᠳᠠᠷᠠᠭ᠎ᠠ᠂ ᠦᠢᠯᠡᠴᠢᠯᠡᠭᠡᠨ᠎ᠤ ᠠᠩᠭᠢ ᠪᠣᠯᠤᠨ ᠨᠡᠢᠭᠡᠮ ᠲᠣᠭᠤᠷᠢᠭ᠎ᠤᠨ ᠨᠠᠮ᠎ᠤᠨ ᠭᠡᠱᠢᠭᠦᠳ ᠬᠠᠮᠲᠤ᠎ᠪᠠᠷ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠭ᠍ᠰᠠᠨ ᠪᠥᠭᠡᠳ ᠨᠡᠢᠭᠡᠮ ᠲᠣᠭᠤᠷᠢᠭ᠎ᠲᠤ 《ᠶᠡᠷᠦᠩᠬᠡᠶ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠶᠠᠷᠢᠶ᠎ᠠ》 ᠶ᠋ᠢᠨ ᠲᠤᠰᠭᠠᠶ ᠳᠡᠪᠲᠡᠷ᠂ 《ᠥᠪᠥᠷ ᠮᠣᠩᠭᠤᠯ᠎ᠤᠨ ᠡᠳᠦᠷ᠎ᠤᠨ ᠰᠣᠨᠢᠨ》 ᠤ ᠵᠠᠭᠤᠨ ᠵᠢᠯ᠎ᠤᠨ ᠵᠠᠭᠤᠨ ᠨᠢᠭᠤᠷ ᠣᠨᠴᠠ ᠬᠡᠪᠯᠡᠯ᠎ᠢ ᠪᠡᠯᠡᠭ᠌ᠯᠡᠪᠡ᠃ ᠠᠯᠲᠠᠨ ᠨᠡᠢᠭᠡᠮ ᠲᠣᠭᠤᠷᠢᠭ᠎ᠤᠨ ᠨᠠᠮ᠎ᠤᠨ ᠡᠭᠦᠷ᠎ᠤᠨ ᠱᠦᠵᠢ ᠭᠦᠸᠧ ᠹᠸᠢ ᠷᠦᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠬᠡᠷᠡᠯ ᠰᠠᠴᠤᠷᠠᠩᠭᠤᠶ ᠲᠡᠦᠬᠡᠨ ᠶᠠᠪᠤᠴᠠ᠎ᠶ᠋ᠢ ᠡᠷᠭᠢᠴᠡᠭᠦᠯᠬᠦ᠌᠎ᠪᠠᠷ ᠳᠠᠮᠵᠢᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠬᠡᠭᠡᠨ ᠰᠠᠷᠠᠭᠤᠯ ᠢᠷᠡᠭᠡᠳᠦᠶ᠎ᠶ᠋ᠢ ᠪᠡᠷᠡᠯᠡᠵᠦ᠍᠂ ᠡᠯ᠎ᠡ ᠵᠦᠢᠯ᠎ᠤᠨ ᠠᠵᠢᠯ᠎ᠢ ᠰᠠᠢᠲᠤᠷ ᠬᠢᠬᠦ᠌᠎ᠳᠤ ᠴᠢᠭ᠌ᠯᠡᠯ᠎ᠢ ᠲᠣᠳᠣᠷᠬᠠᠶ ᠵᠢᠭᠠᠵᠤ ᠥᠭ᠌ᠭᠦᠯᠡ᠃ 《ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠶᠠᠷᠢᠶ᠎ᠠ》 ᠶ᠋ᠢᠨ ᠲᠤᠰᠭᠠᠢ ᠳᠡᠪᠲᠡᠷ᠂ 《ᠥᠪᠥᠷ ᠮᠣᠩᠭᠤᠯ᠎ᠤᠨ ᠡᠳᠦᠷ᠎ᠤᠨ ᠰᠣᠨᠢᠨ》 ᠤ ᠵᠠᠭᠤᠨ ᠵᠢᠯ᠎ᠤᠨ ᠵᠠᠭᠤᠨ ᠨᠢᠭᠤᠷ ᠣᠨᠴᠠ ᠬᠡᠪᠯᠡᠯ᠎ᠢ ᠬᠦᠷᠭᠡᠭ᠌ᠰᠡᠨ᠎ᠨᠢ ᠨᠡᠢᠭᠡᠮ ᠲᠣᠭᠤᠷᠢᠭ᠎ᠤᠨ ᠨᠠᠮ᠎ᠤᠨ ᠭᠡᠱᠢᠭᠦᠨ᠎ᠤ ᠮᠠᠭ᠍ᠲᠠᠭᠠᠯ ᠰᠠᠢᠱᠢᠶᠠᠯ᠎ᠢ ᠣᠯᠵᠤ᠂ ᠨᠠᠮ᠎ᠤᠨ ᠪᠠᠢᠭᠤᠯᠤᠯᠲᠠ᠎ᠶ᠋ᠢᠨ ᠬᠤᠯᠪᠣᠭᠠᠲᠤ ᠴᠣᠭ᠍ᠴᠠ᠎ᠶ᠋ᠢᠨ ᠬᠠᠮᠲᠤ᠎ᠪᠠᠷ ᠵᠠᠰᠠᠵᠤ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠦᠢᠯᠡᠳᠦᠯ᠎ᠢ ᠪᠠᠳᠠᠷᠠᠭᠤᠯᠤᠭ᠍ᠰᠠᠨ ᠪᠠᠢᠨ᠎ᠠ ᠭᠡᠪᠡ᠃
ᠴᠡᠷᠢᠭ᠎ᠠᠴᠠ ᠱᠢᠯᠵᠢᠭ᠌ᠰᠡᠨ ᠨᠠᠰᠤᠲᠠᠨ᠎ᠤ ᠰᠡᠳᠭᠢᠯ᠎ᠤᠨ ᠳᠠᠭᠤᠨ ᠁
ᠦᠢᠯᠡᠴᠢᠯᠡᠭᠡᠨ᠎ᠤ ᠠᠩᠬᠢ᠎ᠶ᠋ᠢᠨ᠎ᠬᠢᠨ ᠸᠧᠨ ᠳ᠋ᠦ᠋ ᠱᠢᠨ ᠶᠤᠸᠠᠨ ᠰᠠᠭᠤᠭᠠᠯᠢ ᠠᠷᠠᠳ᠎ᠤᠨ ᠲᠣᠭᠤᠷᠢᠭ᠎ᠤᠨ ᠴᠡᠷᠢᠭ᠎ᠠᠴᠠ ᠱᠢᠯᠵᠢᠭ᠌ᠰᠡᠨ ᠨᠠᠰᠤᠲᠠᠨ ᠵᠠᠩ ᠱ᠌ᠢ ᠵᠤᠸᠠᠩᠢ ᠪᠣᠯᠭᠤᠭᠠᠨ ᠦᠵᠡᠭ᠌ᠰᠡᠨ ᠪᠥᠭᠡᠳ ᠲᠣᠬᠤᠨᠢᠭᠤᠯᠬᠤ ᠺᠠᠷᠲ ᠬᠦᠷᠭᠡᠪᠡ᠃
ᠵᠠᠩ ᠱ᠌ᠢ ᠵᠤᠸᠠᠩ ᠨᠠᠰᠤᠳᠠᠨ ᠡᠨᠡ ᠵᠢᠯ 76 ᠨᠠᠰᠤᠲᠠᠢ᠂ ᠠᠬᠠᠮᠠᠳ ᠨᠠᠮ᠎ᠤᠨ ᠭᠡᠱᠢᠭᠦᠨ᠂ 2017 ᠣᠨ᠎ᠳᠤ ᠡᠪᠡᠳᠴᠢᠯᠡᠭ᠌ᠰᠡᠨ᠎ᠠᠴᠠ ᠨᠠᠭᠠᠰᠢ ᠡᠬᠡᠨᠡᠷ ᠷᠧᠨ ᠢᠤᠢ ᠯᠢᠶᠠᠨ᠎ᠨᠢ ᠠᠰᠠᠷᠠᠵᠤ ᠬᠠᠷᠠᠭᠠᠯᠵᠠᠭ᠍ᠰᠠᠭᠠᠷ ᠢᠷᠡᠵᠠᠢ᠃ ᠲᠦᠩᠯᠢᠶᠣᠤ ᠬᠤᠲᠠ᠎ᠶ᠋ᠢᠨ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤᠨ᠎ᠳᠤ ᠲᠦᠷᠦᠭ᠌ᠰᠡᠨ ᠵᠠᠩ ᠱ᠌ᠢ ᠵᠤᠸᠠᠩ ᠴᠡᠷᠢᠭ᠎ᠠᠴᠠ ᠬᠠᠯᠠᠭ᠍ᠳᠠᠭ᠍ᠰᠠᠨᠤ ᠳᠠᠷᠠᠭ᠎ᠠ ᠬᠥᠬᠡᠬᠤᠲᠠ᠎ᠳᠤ ᠠᠵᠢᠯ ᠬᠤᠪᠢᠶᠠᠬ᠍ᠳᠠᠨ᠂ 1969 ᠣᠨ᠎ᠳᠤ ᠡᠬᠡᠨᠡᠷ᠎ᠲᠠᠢ᠎ᠪᠠᠨ ᠬᠠᠮᠲᠤ ᠬᠥᠬᠡᠬᠤᠲᠠ᠎ᠶ᠋ᠢᠨ ᠭᠤᠷᠪᠠᠳᠤᠭᠠᠷ ᠪᠠᠷᠢᠯᠭ᠎ᠠ᠎ᠶ᠋ᠢᠨ ᠢᠨᠵᠧᠨᠧᠷᠢᠩ᠎ᠤᠨ ᠬᠢᠵᠠᠭᠠᠷᠲᠤ ᠺᠣᠮᠫᠠᠨᠢ᠎ᠶ᠋ᠢ ᠲᠠᠭᠠᠵᠦ᠍ ᠬᠤᠪᠸᠢ᠎ᠳᠤ ᠬᠦᠷᠴᠦ᠍ ᠳᠤᠮᠳᠠᠳᠤ ᠤᠯᠤᠰ᠎ᠤᠨ ᠬᠤᠶᠠᠳᠤᠭᠠᠷ ᠮᠠᠱᠢᠨ ᠲᠡᠷᠭᠡᠨ᠎ᠤ ᠦᠢᠯᠡᠳᠪᠦᠷᠢ (ᠤᠳᠤ᠎ᠶ᠋ᠢᠨ ᠳ᠋ᠦᠩ ᠹᠧᠩ ᠮᠠᠱᠢᠨ ᠲᠡᠷᠭᠡᠨ᠎ᠤ ᠪᠦᠯᠦᠭ᠌ᠯᠡᠯ᠎ᠤᠨ ᠬᠢᠵᠠᠭᠠᠷᠲᠤ ᠺᠣᠮᠫᠠᠨᠢ) ᠶ᠋ᠢᠨ ᠪᠦᠳᠦᠭᠡᠨ ᠪᠠᠢᠭᠤᠯᠤᠯᠲᠠ᠎ᠳᠤ ᠣᠷᠣᠯᠴᠠᠪᠠ᠃ 《ᠮᠠᠱᠢᠨ ᠲᠡᠷᠭᠡᠨ᠎ᠤ ᠦᠢᠯᠡᠳᠪᠦᠷᠢ᠎ᠶ᠋ᠢ ᠪᠢᠳᠡ ᠥᠪᠡᠷ᠎ᠢᠶᠠᠨ ᠪᠠᠢᠭᠤᠯᠵᠠᠢ᠂ ᠠᠩᠬ᠎ᠠ ᠣᠴᠢᠬᠤ᠎ᠳᠤ ᠠᠭ᠍ᠯᠠᠭ ᠠᠭᠤᠯᠠ ᠪᠠᠢᠭ᠍ᠰᠠᠨ᠃ ᠮᠠᠨ᠎ᠤ ᠨᠦᠬᠦᠷ ᠲᠡᠷᠡ ᠦᠶ᠎ᠡ᠎ᠳᠤ ᠰᠠᠢᠨ ᠠᠵᠢᠯᠯᠠᠳᠠᠭ ᠪᠠᠢᠬ᠍ᠰᠠᠨ᠂ ᠤᠯᠠᠨ᠎ᠢ ᠳᠠᠭᠠᠭᠤᠯᠤᠨ ᠡᠪᠡᠰᠦ᠎ᠪᠠᠷ ᠴᠢᠬᠢᠷᠰᠤ᠂ ᠰᠠᠷᠠᠪᠴᠢ ᠵᠤᠬᠢᠶᠠᠨ᠂ ᠵᠢᠯ ᠪᠦᠷᠢ ᠦᠢᠯᠡᠳᠪᠦᠷᠢ᠎ᠶ᠋ᠢᠨ ᠬᠥᠳᠡᠯᠮᠦᠷᠢ᠎ᠶ᠋ᠢᠨ ᠵᠢᠱ᠌ᠢᠶᠡᠴᠢ᠎ᠪᠠᠷ ᠰᠤᠩᠭᠤᠬ᠍ᠳᠠᠳᠠᠬ ᠪᠠᠢᠵᠠᠢ᠃ ᠲᠤᠬᠠᠢ᠎ᠶ᠋ᠢᠨ ᠦᠶ᠎ᠡ᠎ᠳᠤ᠂ ᠦᠢᠯᠡᠳᠪᠦᠷᠢ᠎ᠶ᠋ᠢᠨ ᠤᠢ᠍ᠢᠷᠠᠯᠴᠠᠬᠢ ᠨᠢᠭᠡ ᠲᠣᠰᠭᠤᠨ᠎ᠳᠤ ᠦᠶᠡᠷ᠎ᠤᠨ ᠭᠠᠮᠱᠢᠭ ᠡᠭᠦᠰᠭᠦ᠎ᠳᠤ ᠵᠠᠩ ᠱ᠌ᠢ ᠵᠤᠸᠠᠩ ᠭᠠᠮᠱᠢᠭ᠍ᠳᠠᠭ᠍ᠰᠠᠨ ᠠᠬ᠎ᠠ ᠳᠡᠭᠦᠦ ᠨᠡᠷ᠎ᠢ ᠠᠪᠤᠷᠠᠨ ᠲᠤᠰᠠᠯᠠᠵᠤ᠂ ᠬᠤᠶᠠᠳᠤᠭᠠᠷ ᠳᠡᠰ᠎ᠤᠨ ᠭᠠᠪᠢᠶ᠎ᠠ ᠪᠠᠢᠭᠤᠯᠵᠠᠢ》 ᠬᠡᠵᠦ᠍ ᠷᠧᠨ ᠢᠤᠢ ᠯᠢᠶᠠᠨ ᠪᠢᠳᠡᠨ᠎ᠳᠤ ᠶᠠᠷᠢᠨ᠎ᠠ᠃ 1982 ᠣᠨ᠎ᠳᠤ ᠲᠡᠳᠡ ᠬᠤᠶᠠᠭᠤᠯᠠ ᠦᠪᠦᠷ ᠮᠤᠩᠭᠤᠯ᠎ᠳᠤ ᠪᠤᠴᠠᠨ ᠠᠵᠢᠯᠯᠠᠵᠤ᠂ ᠬᠦᠬᠡᠬᠤᠳᠠ᠎ᠳᠤ ᠰᠠᠭᠤᠷᠢᠱᠢᠪᠠ᠃

ᠠᠬᠠᠮᠠᠳ ᠨᠠᠮ᠎ᠤᠨ ᠭᠡᠱᠢᠭᠦᠨ ᠵᠠᠩ ᠱ᠌ᠢ ᠵᠤᠸᠠᠩ᠎ᠤᠨ ᠭᠡᠷ᠎ᠲᠤ
《ᠮᠢᠨᠦ᠍ ᠪᠡᠶ᠎ᠡ ᠶᠡᠭᠡ ᠰᠠᠢᠨ ᠪᠠᠢᠨ᠎ᠠ᠂ ᠥᠨᠥ᠍ ᠥᠷᠯᠥᠭᠡ ᠪᠠᠰᠠ ᠨᠢᠭᠡ ᠯᠠᠩ ᠱᠤᠤᠮᠠᠢ ᠢᠳᠡᠵᠡᠢ》᠃ ᠶ᠋ᠢᠨ ᠾᠧ ᠸᠠᠨ ᠰᠠᠭᠤᠭᠠᠯᠢ ᠠᠷᠠᠳ᠎ᠤᠨ ᠲᠣᠭᠤᠷᠢᠭ᠎ᠤᠨ ᠭᠠᠭ᠍ᠴᠠᠭᠠᠷ ᠰᠠᠭᠤᠭ᠎ᠠ ᠨᠠᠰᠤᠲᠠᠨ ᠯᠦ᠍ ᠼᠦᠨ ᠺᠦᠢ᠎ᠶ᠋ᠢᠨ ᠭᠡᠷ᠎ᠲᠤ ᠦᠢᠯᠡᠴᠢᠯᠡᠭᠡᠨ᠎ᠤ ᠠᠩᠬᠢ᠎ᠶ᠋ᠢᠨ᠎ᠬᠢᠨ ᠨᠠᠰᠤᠲᠠᠨ᠎ᠲᠠᠢ ᠳᠣᠲᠣᠨᠣᠰᠤᠭ᠎ᠢᠶᠠᠷ ᠵᠣᠭᠤᠭ᠍ᠳᠠᠨᠠ᠃ ᠲᠡᠷᠡ ᠡᠨᠡ ᠵᠢᠯ 96 ᠨᠠᠰᠤᠲᠠᠢ᠂ ᠰᠠᠭᠤᠭᠠᠯᠢ ᠠᠷᠠᠳ᠎ᠤᠨ ᠲᠣᠭᠤᠷᠢᠭ᠎ᠲᠠᠭᠠᠨ ᠨᠠᠰᠤ᠎ᠪᠠᠷ ᠬᠠᠮᠤᠬ᠎ᠤᠨ ᠦᠨᠳᠦᠷ᠂ ᠶᠠᠮᠠᠷ ᠴᠤ᠌ ᠡᠪᠡᠳᠴᠢᠨ ᠠᠷᠬᠠᠭ ᠦᠭᠡᠢ᠂ ᠤᠯᠠᠨ ᠵᠢᠯ᠎ᠤᠨ ᠡᠮᠦᠨ᠎ᠡ ᠬᠦᠦ᠎ᠪᠠᠨ ᠲᠠᠭᠠᠵᠦ᠍ ᠤᠯᠠᠭᠠᠨᠴᠠᠪ ᠬᠤᠳᠠ᠎ᠠᠴᠠ ᠬᠦᠬᠡᠬᠤᠳᠠ᠎ᠳᠤ ᠨᠡᠭᠦᠨ ᠢᠷᠡᠭ᠌ᠰᠡᠨ ᠭᠡᠵᠦ᠍ ᠨᠠᠰᠤᠳᠠᠨ ᠭᠤᠸᠠᠢ ᠤᠯᠠᠨ᠎ᠳᠤ ᠪᠠᠶᠠᠷᠯᠠᠨ ᠬᠡᠯᠡᠨ᠎ᠡ᠃

ᠯᠦ᠍ ᠼᠦᠨ ᠺᠦᠢ ᠨᠠᠰᠤᠲᠠᠨ᠎ᠤ ᠭᠡᠷ᠎ᠲᠤ
ᠬᠡᠳᠦ᠋ᠢᠪᠡᠷ ᠨᠠᠰᠤᠨ ᠦᠨᠳᠦᠷ ᠪᠣᠯᠪᠠᠴᠤ᠌ ᠯᠦ᠍ ᠼᠦᠨ ᠺᠦᠢ ᠨᠠᠰᠤᠲᠠᠨ᠎ᠤ ᠴᠤᠭ ᠵᠢᠪᠬᠤᠭ᠎ᠠ ᠪᠠᠳᠠᠷᠠᠩᠭᠤᠢ᠂ ᠦᠷᠭᠦᠭᠡ ᠬᠡᠷ᠎ᠨᠢ ᠴᠡᠪᠡᠷ ᠲᠤᠬᠢᠯᠢᠭ ᠪᠠᠢᠯ᠎ᠠ᠃ ᠪᠢᠳᠡᠨ᠎ᠢ ᠭᠠᠷᠴᠤ᠌ ᠢᠷᠡᠬᠦ᠌ ᠦᠶ᠎ᠡ᠎ᠪᠠᠷ᠂ ᠬᠢᠩᠭᠠᠨ ᠠᠢᠮᠠᠭ᠎ᠤᠨ ᠶᠠᠳᠠᠭᠤ᠎ᠶ᠋ᠢ ᠲᠡᠳᠬᠦᠬᠦ᠌ ᠦᠢᠯᠡᠳᠬᠦᠨ᠎ᠤ ᠲᠤᠰᠭᠠᠢ ᠬᠠᠮᠢᠶᠠᠷᠤᠬ᠍ᠴᠢ ᠯᠢᠦ ᠪᠦᠦ ᠴᠧᠩ᠎ᠠᠴᠠ ᠨᠠᠰᠤᠲᠠᠨ᠎ᠳᠤ ᠲᠣᠬᠤᠨᠢᠭᠤᠯᠬᠤ ᠺᠠᠷᠲ ᠬᠦᠷᠭᠡᠭ᠌ᠰᠡᠨ ᠪᠥᠭᠡᠳ ᠨᠠᠰᠤᠲᠠᠨ᠎ᠢ 《ᠪᠡᠶ᠎ᠡ᠎ᠪᠠᠨ ᠰᠠᠢᠲᠤᠷ ᠭᠠᠮᠨᠠᠭᠠᠷᠠᠢ》 ᠭᠡᠵᠦ᠍ ᠬᠦᠰᠡᠯ ᠵᠦᠩᠨᠡᠯ᠎ᠢᠶᠠᠨ ᠲᠡᠪᠱᠢᠭᠦᠯᠵᠦ᠍ ᠪᠢᠯᠡ᠃
ᠶ᠋ᠢᠨ ᠾᠧ ᠸᠠᠨ ᠰᠠᠭᠤᠭᠠᠯᠢ ᠠᠷᠠᠳ᠎ᠤᠨ ᠲᠣᠭᠤᠷᠢᠭ᠎ᠤᠨ ᠳᠠᠭᠤᠨ ᠁
《ᠴᠡᠷᠢᠭ᠎ᠤᠨ ᠠᠵᠢᠯ ᠪᠤᠯ ᠬᠠᠮᠤᠭ᠎ᠤᠨ ᠥᠩᠭᠡ ᠭᠡᠷᠡᠯᠲᠡᠶ ᠠᠵᠢᠯ ᠮᠥᠨ᠂ ᠴᠡᠷᠢᠭ᠎ᠲᠤ ᠣᠷᠣᠬᠤ ᠪᠣᠯ ᠮᠢᠨᠦ᠍ ᠬᠦᠰᠡᠯ ᠮᠥᠷᠥᠭᠡᠳᠦᠯ᠂ ᠵᠠᠯᠠᠭᠤ ᠨᠠᠰᠤᠨ᠎ᠳᠠᠭᠠᠨ ᠪᠢᠳᠡ ᠵᠠᠪᠠᠯ ᠴᠡᠷᠢᠭ᠎ᠲᠤ ᠣᠷᠣᠵᠤ ᠡᠬᠡ ᠤᠯᠤᠰ᠎ᠤᠨ᠎ᠢᠶᠠᠨ ᠲᠥᠯᠥᠭᠡ ᠵᠢᠳᠬᠦᠬᠦ᠌ ᠬᠡᠷᠡᠭ᠌ᠲᠡᠶ᠂ ᠵᠠᠯᠠᠭᠤ ᠨᠠᠰᠤᠨ᠎ᠳᠠᠭᠠᠨ ᠣᠰᠣᠯᠳᠠᠬᠤ ᠦᠭᠡᠶ ᠪᠠᠢᠬᠤ ᠬᠡᠷᠡᠭ᠌ᠲᠡᠶ!》 ᠦᠢᠯᠡᠴᠢᠯᠡᠭᠡᠨ᠎ᠤ ᠠᠩᠬᠢ᠎ᠶ᠋ᠢᠨ᠎ᠬᠢᠨ ᠰᠠᠢᠬᠠᠨ ᠲᠣᠭᠤᠷᠢᠭ᠎ᠤᠨ ᠠᠷᠠᠳ᠎ᠤᠨ ᠵᠡᠪᠰᠡᠭ᠌ᠲᠦ ᠬᠦᠴᠦᠨ᠎ᠤ ᠬᠡᠯᠲᠡᠰ᠎ᠲᠠᠢ ᠬᠠᠮᠲᠤᠷᠠᠨ᠎ᠶ᠋ᠢᠨ ᠾᠧ ᠸᠠᠨ ᠰᠠᠭᠤᠭᠠᠯᠢ ᠠᠷᠠᠳ᠎ᠤᠨ ᠲᠣᠭᠤᠷᠢᠭ᠎ᠲᠤ ᠴᠡᠷᠢᠭ ᠡᠯᠰᠡᠬᠦ᠌ ᠪᠠ ᠴᠡᠷᠢᠭ᠎ᠢᠶᠠᠨ ᠬᠦᠷᠢᠶᠡᠯᠡᠨ ᠴᠡᠷᠢᠭ᠎ᠤᠨ ᠬᠡᠷ ᠪᠦᠯᠢ᠎ᠶ᠋ᠢᠨ᠎ᠬᠢᠨ᠎ᠢ ᠬᠦᠷᠢᠶᠡᠯᠡᠬᠦ᠌ ᠲᠦᠷᠦ᠎ᠶ᠋ᠢᠨ ᠪᠤᠳᠤᠯᠭ᠎ᠠ᠎ᠶ᠋ᠢ ᠤᠬᠠᠭᠤᠯᠬᠤ᠎ᠳᠤ᠂ ᠦᠪᠦᠷ ᠮᠤᠩᠭᠤᠯ᠎ᠤᠨ ᠡᠯᠧᠺᠲᠷᠣᠨ ᠮᠡᠳᠡᠭᠡ ᠵᠠᠩᠬᠢ᠎ᠶ᠋ᠢᠨ ᠠᠵᠢᠯ ᠮᠡᠷᠭᠡᠵᠢᠯ᠎ᠤᠨ ᠲᠡᠭᠡᠳᠦ ᠰᠤᠷᠭᠠᠭᠤᠯᠢ᠎ᠶ᠋ᠢᠨ ᠰᠤᠷᠤᠭ᠍ᠴᠢ ᠸᠠᠩ ᠴᠤᠤ ᠰᠡᠳᠭᠢᠯ ᠳᠣᠭ᠍ᠳᠣᠯᠤᠨ ᠬᠡᠯᠡᠨ᠎ᠡ᠃

ᠤᠶᠤᠳᠠᠨ ᠸᠠᠩ ᠴᠤᠤ (ᠵᠡᠭᠦᠨ᠎ᠠᠴᠠ ᠨᠢᠭᠡᠳᠦᠭᠡᠷ)᠂ ᠷᠧᠨ ᠵᠢᠶᠠ ᠸᠧᠢ (ᠵᠡᠭᠦᠨ᠎ᠠᠴᠠ ᠬᠤᠶᠠᠳᠤᠭᠠᠷ) ᠴᠡᠷᠢᠭ ᠡᠯᠰᠡᠬᠦ᠌ ᠲᠤᠬᠠᠢ ᠠᠰᠠᠭᠤᠨ ᠯᠠᠪᠯᠠᠨ᠎ᠠ

ᠰᠠᠭᠤᠭᠠᠯᠢ ᠠᠷᠠᠳ᠎ᠲᠤ ᠬᠤᠭ ᠨᠤᠪᠰᠢ᠎ᠶ᠋ᠢ ᠠᠩᠬᠢᠯᠠᠬᠤ ᠮᠡᠳᠡᠯᠭᠡ᠎ᠶ᠋ᠢ ᠲᠠᠢᠯᠪᠤᠷᠢᠯᠠᠨ᠎ᠠ

ᠰᠠᠭᠤᠭᠠᠯᠢ ᠠᠷᠠᠳ᠎ᠲᠤ ᠬᠤᠭ ᠨᠤᠪᠰᠢ᠎ᠶ᠋ᠢ ᠠᠩᠬᠢᠯᠠᠬᠤ ᠠᠷᠭ᠎ᠠ᠎ᠶ᠋ᠢ ᠲᠠᠨᠢᠯᠴᠠᠭᠤᠯᠤᠨ᠎ᠠ
70 ᠨᠠᠰᠤᠲᠠᠢ ᠠᠬᠠᠮᠠᠳ ᠨᠠᠮ᠎ᠤᠨ ᠭᠡᠱᠢᠭᠦᠨ ᠶᠠᠩ ᠱᠸᠦ ᠢ᠄ 《ᠪᠢ ᠴᠡᠷᠢᠭ᠎ᠲᠤ ᠣᠷᠣᠵᠤ ᠴᠢᠳᠠᠭ᠍ᠰᠠᠨ ᠦᠭᠡᠶ᠂ ᠮᠢᠨᠦ᠍ ᠬᠦᠦ ᠴᠤ᠌ ᠴᠡᠷᠢᠭ᠎ᠲᠤ ᠣᠷᠣᠬᠤ ᠵᠠᠪᠱᠢᠶᠠᠨ᠎ᠢᠶᠠᠨ ᠠᠯᠳᠠᠵᠠᠶ᠂ ᠬᠤᠵᠢᠮ ᠣᠮᠪᠣᠯᠣ ᠥᠬᠢᠨ᠎ᠢᠶᠠᠨ ᠵᠠᠪᠠᠯ ᠴᠡᠷᠢᠭ᠎ᠲᠤ ᠣᠷᠣᠭᠤᠯᠤᠨ᠎ᠠ᠂ ᠤᠯᠤᠰ ᠭᠡᠷ᠎ᠢᠶᠠᠨ ᠬᠠᠮᠠᠭᠠᠯᠠᠭᠤᠯᠤᠨ᠎ᠠ》 ᠭᠡᠵᠦ᠍ ᠪᠢᠳᠡᠨ᠎ᠳᠤ ᠶᠠᠷᠢᠵᠤ ᠪᠠᠢᠯ᠎ᠠ᠃
《ᠬᠤᠲᠠ᠎ᠶ᠋ᠢᠨ ᠠᠷᠠᠳ᠎ᠤᠨ ᠬᠡᠪ ᠴᠢᠨᠠᠷ ᠪᠣᠯ ᠬᠤᠲᠠ᠎ᠶ᠋ᠢᠨ ᠰᠦᠭ ᠰᠦᠨᠡᠰᠦ ᠮᠥᠨ᠂ ᠬᠤᠲᠠ᠎ᠶ᠋ᠢᠨ ᠠᠷᠠᠳ᠎ᠤᠨ ᠦᠭᠡ ᠶᠠᠷᠢᠶ᠎ᠠ ᠦᠢᠯᠡ ᠬᠦᠳᠡᠯᠦᠯ ᠪᠦᠷᠢ᠎ᠨᠢ ᠬᠤᠲᠠ᠎ᠶ᠋ᠢᠨ ᠪᠣᠯᠪᠠᠰᠤᠨ᠎ᠤ ᠬᠡᠮᠵᠢᠶ᠎ᠡ᠎ᠶ᠋ᠢ ᠲᠤᠰᠭᠠᠵᠤ᠂ ᠬᠤᠲᠠ᠎ᠶ᠋ᠢᠨ ᠳᠦᠷᠢ ᠲᠥᠷᠬᠦ᠌ ᠴᠤᠭ ᠵᠢᠪᠬᠤᠭ᠎ᠠ᠎ᠶ᠋ᠢ ᠬᠠᠷᠠᠭᠤᠯᠵᠤ ᠪᠠᠢᠳᠠᠭ᠃ ᠬᠤᠲᠠ᠎ᠶ᠋ᠢᠨ ᠠᠷᠠᠳ ᠨᠢᠭᠡᠪᠦᠷᠢ ᠲᠥᠪ ᠬᠤᠲᠠ᠎ᠶ᠋ᠢᠨ ᠪᠦᠬᠦ᠌ ᠤᠯᠤᠰ᠎ᠤᠨ ᠪᠣᠯᠪᠠᠰᠤᠨ ᠬᠤᠲᠠ᠎ᠶ᠋ᠢ ᠪᠦᠳᠦᠭᠡᠨ ᠪᠠᠢᠭᠤᠯᠬᠤ᠎ᠪᠠᠷ ᠡᠭᠦᠷᠭᠡ᠎ᠪᠠᠨ ᠪᠣᠯᠭᠠᠵᠤ᠂ ᠡᠭᠦᠳᠦᠨ ᠪᠠᠢᠭᠤᠯᠬᠤ ᠠᠵᠢᠯᠯᠠᠭ᠎ᠠ᠎ᠳᠤ ᠢᠳᠡᠪᠬᠢᠲᠡᠶ᠎ᠪᠠᠷ ᠣᠷᠣᠯᠴᠠᠵᠤ᠂ ᠬᠤᠭ ᠨᠣᠪᠰᠢ᠎ᠶ᠋ᠢ ᠲᠥᠷᠥᠯ ᠬᠤᠪᠢᠶᠠᠨ ᠬᠠᠶᠠᠬᠤ᠎ᠳᠤ ᠠᠯᠢ ᠲᠦᠷᠭᠡᠨ᠎ᠢᠶᠠᠷ ᠵᠣᠬᠢᠴᠠᠵᠤ᠂ ᠵᠢᠵᠢᠭ ᠰᠠᠵᠢᠭ ᠶᠠᠪᠤᠳᠠᠯ᠎ᠠᠴᠠ ᠭᠠᠷᠳᠠᠨ᠂ ᠪᠣᠯᠪᠠᠰᠤᠨ ᠬᠤᠲᠠ᠎ᠶ᠋ᠢᠨ ᠬᠠᠮᠤᠭ᠎ᠤᠨ ᠭᠤᠶᠣ ᠦᠵᠡᠮᠵᠢ᠎ᠶ᠋ᠢ ᠲᠡᠯᠭᠡᠨ ᠦᠵᠡᠭᠦᠯᠦᠶ᠎ᠡ》 ᠬᠡᠵᠦ᠍ ᠦᠢᠯᠡᠴᠢᠯᠡᠭᠡᠨ᠎ᠤ ᠠᠩᠬᠢ᠎ᠶ᠋ᠢᠨ᠎ᠬᠢᠨ ᠠᠯᠳᠠᠨ ᠨᠡᠢᠭᠡᠮ ᠲᠣᠭᠤᠷᠢᠭ᠎ᠤᠨ᠎ᠶ᠋ᠢᠨ ᠾᠧ ᠸᠠᠨ ᠰᠠᠭᠤᠭᠠᠯᠢ ᠠᠷᠠᠳ᠎ᠤᠨ ᠲᠣᠭᠤᠷᠢᠭ᠎ᠲᠠᠢ ᠬᠤᠯᠪᠣᠭᠠᠯᠠᠨ ᠬᠤᠭ ᠨᠣᠪᠰᠢ᠎ᠶ᠋ᠢ ᠲᠦᠷᠦᠯ ᠬᠤᠪᠢᠶᠠᠬᠤ᠂ ᠪᠤᠯᠪᠠᠰᠤᠨ ᠬᠤᠳᠠ᠎ᠶ᠋ᠢ ᠪᠦᠳᠦᠭᠡᠨ ᠪᠠᠢᠭᠤᠯᠬᠤ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠬᠦ᠌᠎ᠳᠤ ᠠᠯᠳᠠᠨ ᠨᠡᠢᠭᠡᠮ ᠲᠣᠭᠤᠷᠢᠭ᠎ᠤᠨ ᠳᠡᠳ᠋ ᠡᠷᠬᠢᠯᠡᠭ᠌ᠴᠢ ᠯᠦ᠍ ᠶᠢᠩ᠎ᠠᠴᠠ ᠰᠠᠭᠤᠭᠠᠯᠢ ᠠᠷᠠᠳ᠎ᠢ ᠤᠷᠢᠶᠠᠯᠠᠵᠤ ᠪᠢᠯᠡ᠃

ᠨᠠᠮ᠎ᠤᠨ ᠡᠭᠦᠷ᠎ᠤᠨ ᠦᠢᠯᠡᠴᠢᠯᠡᠭᠡᠨ᠎ᠤ ᠠᠩᠬᠢ᠎ᠶ᠋ᠢᠨ᠎ᠬᠢᠨ᠎ᠶ᠋ᠢᠨ ᠾᠧ ᠸᠠᠨ ᠰᠠᠭᠤᠭᠠᠯᠢ ᠠᠷᠠᠳ᠎ᠤᠨ ᠲᠤᠭᠤᠷᠢᠭ᠎ᠲᠤ ᠴᠡᠷᠢᠭ ᠡᠯᠰᠡᠬᠦ᠌ ᠲᠤᠬᠠᠢ ᠤᠬᠠᠭᠤᠯᠵᠤ ᠪᠠᠢᠭ᠎ᠠ᠎ᠨᠢ
ᠭᠡᠷᠡᠯ ᠵᠢᠷᠤᠭ᠎ᠢ ᠰᠤᠷᠪᠤᠯᠵᠢᠯᠠᠬ᠍ᠴᠢ ᠪᠠᠶᠠᠷᠴᠡᠩᠬᠡᠯ ᠰᠡᠭᠦᠳᠡᠷᠯᠡᠪᠡ
ᠲᠠᠩᠭᠠᠷᠢᠭ᠎ᠤᠨ ᠲᠠᠭᠤᠨ ᠪᠠᠶᠠᠷ ᠵᠢᠷᠭᠠᠯ᠎ᠤᠨ ᠲᠠᠭᠤᠨ ᠪᠣᠯᠪᠠᠰᠤᠨ᠎ᠤ ᠲᠠᠭᠤᠨ᠂ ᠲᠠᠭᠤᠨ ᠪᠦᠷᠢ᠎ᠨᠢ ᠴᠢᠬᠢᠨ᠎ᠳᠤ ᠠᠶᠠᠲᠠᠢ ᠬᠠᠩᠭᠢᠨᠠᠨ᠎ᠠ᠃ ᠨᠠᠮ᠎ᠤᠨ ᠤᠴᠢᠷ ᠶᠠᠪᠤᠳᠠᠯ ᠠᠷᠠᠳ ᠲᠦᠮᠡᠨ᠎ᠤ ᠤᠴᠢᠷ ᠶᠠᠪᠤᠳᠠᠯ ᠤᠯᠤᠰ᠎ᠤᠨ ᠤᠴᠢᠷ ᠶᠠᠪᠤᠳᠠᠯ᠂ ᠤᠴᠢᠷ ᠶᠠᠪᠤᠳᠠᠯ ᠪᠦᠬᠦᠨ᠎ᠳᠤ ᠰᠡᠳᠭᠢᠯ ᠲᠠᠯᠪᠢᠨ᠎ᠠ᠃ ᠦᠪᠦᠷ ᠮᠤᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠲᠠᠯ᠎ᠠ ᠨᠤᠲᠤᠭ᠎ᠤᠨ ᠡᠭᠦᠯᠡ᠎ᠶ᠋ᠢᠨ 《ᠪᠢ ᠲᠠᠨ᠎ᠳᠤ ᠲᠤᠰᠠᠯᠠᠶ᠎ᠠ》 ᠭᠡᠬᠦ᠌ ᠨᠠᠮ᠎ᠤᠨ ᠡᠭᠦᠷ᠎ᠤᠨ ᠦᠢᠯᠡᠴᠢᠯᠡᠭᠡᠨ᠎ᠤ ᠠᠩᠬᠢ᠎ᠶ᠋ᠢᠨ᠎ᠬᠢᠨ ᠤᠯᠠᠨ ᠲᠦᠮᠡᠨ᠎ᠤ ᠰᠡᠳᠭᠢᠯ᠎ᠤᠨ ᠲᠠᠭᠤᠨ᠎ᠢ ᠰᠤᠨᠤᠰᠴᠤ᠌᠂ ᠰᠡᠳᠭᠢᠯ᠎ᠢᠶᠠᠷ᠎ᠢᠶᠠᠨ ᠬᠠᠷᠢᠭᠤᠯᠲᠠ ᠦᠭ᠌ᠭᠦᠯ᠎ᠡ᠂ ᠡᠨᠡ ᠪᠤᠯ ᠨᠠᠮ᠎ᠳᠤ ᠣᠷᠣᠬᠤ ᠲᠠᠩᠭᠠᠷᠢᠭ᠎ᠤᠨ ᠦᠭᠡᠰ᠎ᠤᠨ ᠲᠤᠬᠠᠢ ᠬᠠᠮᠤᠭ᠎ᠤᠨ ᠰᠠᠢᠨ ᠲᠠᠢᠯᠪᠤᠷᠢᠯᠠᠯᠲᠠ ᠪᠣᠯᠤᠨ᠎ᠠ᠃ ᠪᠢᠳᠡ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠪᠠᠨ ᠦᠷᠭᠦᠯᠵᠢᠯᠡᠭᠦᠯᠵᠦ᠍᠂ ᠵᠠᠭᠤᠨ ᠵᠢᠯ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠡᠭᠦᠷᠢᠳᠡ ᠮᠠᠷᠲᠠᠬᠤ ᠦᠭᠡᠢ᠃