29 ᠤ ᠡᠳᠦᠷ᠂ ᠱᠠᠩᠬᠠᠶ᠎ᠳᠤ ᠶᠠᠪᠤᠭ᠍ᠳᠠᠭ᠍ᠰᠠᠨ ᠳᠤᠮᠳᠠᠳᠤ ᠤᠯᠤᠰ᠎ᠤᠨ ᠪᠣᠯᠣᠳ ᠲᠡᠮᠦᠷ᠎ᠤᠨ ᠠᠵᠤ ᠦᠢᠯᠡᠳᠪᠦᠷᠢ᠎ᠶ᠋ᠢᠨ ᠨᠡᠢᠭᠡᠮᠯᠢᠭ᠎ᠤᠨ ᠵᠢᠷᠭᠤᠳᠤᠭᠠᠷ ᠬᠤᠭᠤᠴᠠᠭᠠᠨ᠎ᠤ ᠭᠡᠱᠢᠭᠦᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ ᠳᠡᠭᠡᠷ᠎ᠡ᠂ ᠮᠠᠨ᠎ᠤ ᠤᠯᠤᠰ᠎ᠤᠨ ᠪᠣᠯᠣᠳ ᠲᠡᠮᠦᠷ᠎ᠤᠨ ᠠᠵᠢᠯ ᠲᠥᠷᠥᠯ᠎ᠤᠨ ᠢᠷᠡᠭᠡᠳᠦᠶ᠎ᠶ᠋ᠢᠨ ᠬᠥᠭ᠌ᠵᠢᠯᠲᠡ᠎ᠶ᠋ᠢᠨ ᠵᠢᠷᠤᠭ ᠲᠥᠯᠥᠪᠯᠡᠭᠡ᠎ᠨᠢ ᠨᠢᠭᠡᠨ ᠴᠢᠬᠤᠯᠠ ᠳᠣᠬᠢᠶ᠎ᠠ᠎ᠶ᠋ᠢ ᠳᠠᠮᠵᠢᠭᠤᠯᠪᠠ — ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠤᠷᠬᠢᠯ ᠬᠡᠮᠵᠢᠭ᠌ᠳᠡᠯ ᠬᠦᠷᠬᠦ᠌᠎ᠶ᠋ᠢ ᠤᠷᠢᠳᠴᠢᠯᠠᠨ ᠪᠡᠶᠡᠯᠡᠭᠦᠯᠬᠦ᠌᠎ᠪᠠᠷ ᠬᠠᠷᠠᠯᠲᠠ ᠪᠣᠯᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ᠂ ᠪᠣᠯᠣᠳ ᠲᠡᠮᠦᠷ᠎ᠤᠨ ᠠᠵᠢᠯ ᠲᠥᠷᠥᠯ᠎ᠨᠢ ᠠᠵᠤ ᠦᠢᠯᠡᠰ᠎ᠤᠨ ᠰᠠᠭᠤᠷᠢ ᠴᠢᠳᠠᠪᠤᠷᠢ ᠪᠠ ᠠᠵᠤ ᠦᠢᠯᠡᠰ᠎ᠤᠨ ᠬᠡᠯᠬᠢᠶ᠎ᠡ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠣᠬᠢᠷᠲᠤᠯ ᠥᠬᠡᠶ ᠬᠥᠭ᠌ᠵᠢᠯᠲᠡ ᠪᠠ ᠣᠶᠤᠨᠴᠢ ᠦᠢᠯᠡᠳᠭᠡᠯ᠎ᠢ ᠪᠠᠷᠢᠮᠲᠠᠯᠠᠵᠤ᠂ ᠦᠢᠯᠡᠳᠪᠦᠷᠢᠯᠡᠯ᠎ᠤᠨ ᠴᠢᠳᠠᠪᠤᠷᠢ᠎ᠶ᠋ᠢ ᠥᠷᠭᠡᠳᠭᠡᠬᠦ᠌᠎ᠶ᠋ᠢ ᠡᠵᠡᠮᠳᠡᠬᠦ᠂ ᠠᠵᠤ ᠦᠢᠯᠡᠰ᠎ᠢ ᠲᠥᠪᠯᠡᠷᠡᠭᠦᠯᠬᠦ᠌᠎ᠶ᠋ᠢ ᠠᠬᠢᠭᠤᠯᠬᠤ᠂ ᠡᠬᠢ ᠪᠠᠶᠠᠯᠢᠭ᠎ᠤᠨ ᠠᠮᠤᠷ ᠲᠦᠪᠱᠢᠨ᠎ᠢ ᠠᠬᠢᠭᠤᠯᠬᠤ ᠭᠤᠷᠪᠠᠨ ᠶᠡᠭᠡ ᠠᠵᠢᠯ ᠲᠥᠷᠥᠯ᠎ᠤᠨ ᠡᠪᠡᠷᠱᠢᠶᠡᠯ ᠴᠡᠭ᠎ᠢ ᠭᠤᠤᠯᠳᠠᠯᠭ᠎ᠠ᠎ᠲᠠᠢ ᠱᠢᠢᠳᠪᠦᠷᠢᠯᠡᠵᠦ᠍᠂ ᠠᠵᠤ ᠦᠢᠯᠡᠰ᠎ᠤᠨ ᠳᠡᠯᠡᠬᠡᠢᠵᠢᠬᠦ᠌ ᠠᠬᠢᠴᠠ᠎ᠶ᠋ᠢ ᠦᠷᠭᠦᠯᠵᠢᠯᠡᠨ ᠠᠬᠢᠭᠤᠯᠬᠤ ᠪᠣᠯᠤᠨ᠎ᠠ᠃
ᠬᠤᠷᠠᠯ᠎ᠠᠴᠠ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠪᠣᠯᠣᠳ ᠲᠡᠮᠦᠷ᠎ᠤᠨ ᠠᠵᠤ ᠦᠢᠯᠡᠳᠪᠦᠷᠢ᠎ᠶ᠋ᠢᠨ ᠭᠤᠤᠯᠳᠠᠯᠭ᠎ᠠ᠎ᠲᠠᠢ ᠡᠭᠦᠷᠭᠡ᠎ᠳᠤ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠂ ᠡᠬᠢ ᠪᠠᠶᠠᠯᠢᠭ᠎ᠤᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠴᠢᠩᠭᠠᠳᠭᠠᠬᠤ᠂ ᠠᠵᠤ ᠦᠢᠯᠡᠰ᠎ᠤᠨ ᠪᠦᠲᠦᠴᠡ᠎ᠶ᠋ᠢ ᠱᠢᠯᠢᠳᠡᠭ᠌ᠵᠢᠭᠦᠯᠬᠦ᠂ ᠣᠶᠤᠨᠴᠢ ᠦᠢᠯᠡᠳᠭᠡᠯ᠎ᠢ ᠦᠷᠭᠦᠯᠵᠢᠯᠡᠨ ᠳᠡᠯᠭᠡᠷᠡᠭᠦᠯᠬᠦ᠂ ᠪᠠᠷᠢᠮᠵᠢᠶ᠎ᠠ᠎ᠶ᠋ᠢᠨ ᠬᠥᠲᠥᠯᠥᠨ ᠳᠠᠭᠠᠭᠤᠯᠬᠤ ᠦᠢᠯᠡᠳᠦᠯ᠎ᠢ ᠴᠢᠩᠭᠠᠳᠭᠠᠬᠤ᠂ ᠠᠵᠢᠯᠯᠠᠭᠠᠨ᠎ᠤ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠂ ᠨᠡᠭᠡᠭᠡᠯᠲᠡ ᠬᠢᠵᠦ᠍ ᠬᠠᠮᠲᠤᠷᠠᠯᠴᠠᠬᠤ᠎ᠶ᠋ᠢ ᠭᠦᠨᠵᠡᠭᠡᠢᠷᠡᠭᠦᠯᠬᠦ᠌ ᠵᠡᠷᠭᠡ ᠪᠠᠭ᠍ᠲᠠᠨ᠎ᠠ ᠭᠡᠵᠤ ᠲᠤᠷᠠᠳᠪᠠ᠃
ᠪᠦᠳᠦᠭᠦᠯᠢᠭ ᠪᠣᠯᠣᠳ ᠦᠢᠯᠡᠳᠪᠦᠷᠢᠯᠡᠬᠦ᠌ ᠴᠢᠳᠠᠪᠤᠷᠢ᠎ᠶ᠋ᠢ ᠪᠠᠭᠠᠰᠭᠠᠬᠤ ᠪᠣᠯ ᠮᠠᠨ᠎ᠤ ᠤᠯᠤᠰ᠎ᠤᠨ ᠨᠡᠬᠦᠷᠡᠰᠤᠳᠦ᠋ᠷᠦᠭ᠌ᠴᠢ ᠭᠠᠳᠠᠭ᠍ᠰᠢᠯᠠᠭᠤᠯᠬᠤ ᠤᠷᠬᠢᠯ ᠬᠡᠮᠵᠢᠭ᠌ᠳᠡᠯ ᠬᠦᠷᠬᠦ᠂ ᠨᠡᠬᠦᠷᠡᠰᠦᠳᠦ᠋ᠷᠦᠭ᠌ᠴᠢ ᠰᠠᠭᠠᠷᠮᠠᠬ᠍ᠵᠢᠭᠤᠯᠬᠤ ᠬᠠᠷᠠᠯᠲᠠ᠎ᠶ᠋ᠢᠨ ᠡᠭᠦᠷᠭᠡ᠎ᠶ᠋ᠢ ᠨᠠᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃
ᠪᠤᠯᠤᠳ ᠲᠡᠮᠦᠷ᠎ᠤᠨ ᠠᠵᠢᠯ ᠲᠦᠷᠦᠯ᠎ᠳᠤ ᠠᠪᠴᠤ᠌ ᠬᠡᠯᠡᠪᠡᠯ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠳᠤ᠂ ᠵᠠᠩᠭᠢᠯᠠᠭ᠎ᠠ᠎ᠨᠢ ᠪᠤᠯᠤᠳ ᠲᠡᠮᠦᠷ᠎ᠤᠨ ᠦᠢᠯᠡᠳᠪᠦᠷᠢᠯᠡᠯ᠎ᠤᠨ ᠴᠢᠳᠠᠪᠤᠷᠢ᠎ᠶ᠋ᠢ ᠱᠢᠨ᠎ᠡ᠎ᠪᠠᠷ ᠨᠡᠮᠡᠭ᠌ᠳᠡᠭᠦᠯᠬᠦ᠌᠎ᠶ᠋ᠢ ᠴᠢᠩᠭ᠎ᠠ ᠴᠠᠭᠠᠵᠠᠯᠠᠬᠤ᠎ᠶ᠋ᠢ ᠪᠠᠷᠢᠮᠲᠠᠯᠠᠵᠤ᠂ 《ᠪᠦᠳᠦᠭᠦᠯᠢᠭ ᠪᠤᠯᠤᠳ》 ᠲᠠᠬᠢᠨ ᠰᠡᠷᠭᠦᠬᠦ᠌᠎ᠶ᠋ᠢ ᠴᠢᠩᠭ᠎ᠠ ᠰᠡᠷᠭᠡᠢᠯᠡᠬᠦ᠌ ᠬᠡᠷᠡᠭ᠌ᠲᠡᠢ᠃ ᠡᠭᠦᠨ᠎ᠠᠴᠠ ᠦᠵᠡᠬᠦ᠌᠎ᠳᠤ᠂ ᠡᠨᠡ ᠵᠢᠯ᠎ᠠᠴᠠ ᠨᠠᠭᠠᠰᠢ᠂ ᠤᠯᠤᠰ᠎ᠠᠴᠠ ᠪᠦᠬᠦ᠌ ᠤᠯᠤᠰ᠎ᠤᠨ ᠬᠡᠪᠴᠢᠶᠡᠨ᠎ᠳᠠᠬᠢ ᠪᠤᠯᠤᠳ ᠲᠡᠮᠦᠷ᠎ᠤᠨ ᠦᠢᠯᠡᠳᠪᠦᠷᠢᠯᠡᠯ᠎ᠤᠨ ᠴᠢᠳᠠᠪᠤᠷᠢ᠎ᠶ᠋ᠢ ᠪᠠᠭᠠᠰᠭᠠᠬᠤ 《ᠡᠷᠬᠢᠵᠦ᠍ ᠪᠠᠢᠴᠠᠭᠠᠬᠤ》 ᠵᠢᠴᠢ ᠪᠦᠳᠦᠭᠦᠯᠢᠭ ᠪᠤᠯᠤᠳ᠎ᠤᠨ ᠭᠠᠷᠤᠯᠲᠠ᠎ᠶ᠋ᠢ ᠪᠠᠭᠠᠰᠭᠠᠬᠤ ᠠᠵᠢᠯ᠎ᠢ ᠪᠠᠢᠷᠢᠯᠠᠭᠤᠯᠪᠠ᠃
ᠸᠢᠳᠢᠣ᠋ ᠬᠡᠯᠪᠡᠷᠢ᠎ᠪᠠᠷ ᠬᠤᠷᠠᠯ᠎ᠳᠤ ᠣᠷᠣᠯᠴᠠᠭ᠍ᠰᠠᠨ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠵᠤᠷᠭᠠᠨ᠎ᠤ ᠳᠠᠷᠤᠭ᠎ᠠ ᠯᠦ᠍ ᠸᠧᠢ ᠱᠧᠩ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠵᠡᠷᠭᠡ ᠰᠠᠯᠠᠭ᠎ᠠ ᠮᠥᠴᠢᠷ 9 ᠪᠠᠢᠴᠠᠭᠠᠬᠤ ᠳᠤᠭᠤᠢᠯᠠᠩ᠎ᠢ ᠵᠣᠬᠢᠶᠠᠨ ᠪᠠᠢᠭᠤᠯᠵᠤ ᠶᠠᠭ 29 ᠮᠤᠵᠢ ᠥᠪᠡᠷᠲᠡᠭᠡᠨ ᠵᠠᠰᠠᠬᠤ ᠣᠷᠣᠨ ᠱᠢᠭᠤᠳ ᠬᠠᠷᠢᠶ᠎ᠠ ᠬᠤᠲᠠ᠎ᠳᠤ ᠲᠤᠬᠠᠢ᠎ᠶ᠋ᠢᠨ ᠲᠠᠯᠠᠪᠠᠢ᠎ᠳᠤ ᠪᠠᠢᠴᠠᠭᠠᠯᠲᠠ ᠬᠢᠵᠦ᠍ ᠪᠠᠢᠨ᠎ᠠ᠂ ᠪᠠᠢᠴᠠᠭᠠᠵᠤ ᠢᠯᠡᠷᠡᠭᠦᠯᠦᠭ᠌ᠰᠡᠨ ᠠᠰᠠᠭᠤᠳᠠᠯ᠎ᠢ ᠬᠤᠯᠪᠣᠭ᠍ᠳᠠᠯ ᠪᠦᠬᠦᠢ ᠣᠷᠣᠨ ᠨᠤᠲᠤᠭ᠎ᠤᠨ ᠠᠵᠤ ᠠᠬᠤᠢᠯᠠᠯ᠎ᠢ ᠬᠠᠤᠯᠢ ᠲᠣᠭ᠍ᠲᠠᠭᠠᠯ ᠶᠣᠰᠣᠭᠠᠷ ᠨᠠᠷᠢᠨ ᠬᠢᠨᠠᠮᠠᠭᠠᠢ ᠴᠡᠭ᠌ᠴᠡᠯᠡᠨ ᠰᠠᠢᠵᠢᠷᠠᠭᠤᠯᠵᠤ᠂ ᠠᠰᠠᠭᠤᠳᠠᠯ ᠬᠦ᠍ᠨᠳᠦ ᠨᠣᠴᠢᠲᠠᠢ ᠴᠡᠭ᠌ᠴᠡᠯᠡᠨ ᠰᠠᠢᠵᠢᠷᠠᠭᠤᠯᠤᠭ᠍ᠰᠠᠨ᠎ᠢᠶᠠᠷ ᠬᠦᠷᠦᠯᠴᠡᠬᠦ᠌ ᠦᠭᠡᠢ᠎ᠶ᠋ᠢ᠎ᠨᠢ ᠴᠢᠩᠭ᠎ᠠ ᠱᠢᠢᠳᠪᠦᠷᠢᠯᠡᠬᠦ᠌ ᠬᠡᠷᠡᠭ᠌ᠲᠡᠢ ᠭᠡᠵᠦ᠍ ᠬᠡᠯᠡᠪᠡ᠃
《ᠨᠢᠭᠡ ᠲᠠᠯ᠎ᠠ᠎ᠪᠠᠷ ᠦᠢᠯᠡᠳᠪᠦᠷᠢᠯᠡᠬᠦ᠌ ᠴᠢᠳᠠᠪᠤᠷᠢ᠎ᠶ᠋ᠢ ᠬᠢᠵᠠᠭᠠᠷᠯᠠᠵᠤ᠂ ᠨᠦᠬᠦᠬᠡ ᠲᠠᠯ᠎ᠠ᠎ᠪᠠᠷ ᠦᠢᠯᠡᠳᠪᠦᠷᠢᠯᠡᠬᠦ᠌ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠵᠠᠷᠢᠮ ᠠᠵᠤ ᠠᠬᠤᠢᠯᠠᠯ᠎ᠤᠨ ᠦᠢᠯᠡᠳᠪᠦᠷᠢᠯᠡᠬᠦ᠌ ᠴᠢᠳᠠᠪᠤᠷᠢ᠎ᠶ᠋ᠢᠨ ᠠᠱᠢᠬ᠍ᠯᠠᠯᠲᠠ᠎ᠶ᠋ᠢᠨ ᠨᠣᠷᠮ᠎ᠠ 100% ᠶ᠋ᠢ ᠳᠠᠪᠠᠭ᠍ᠰᠠᠨ ᠪᠣᠯᠪᠠᠴᠤ᠌ ᠠᠮᠤᠷ ᠲᠦᠪᠱᠢᠨ ᠣᠷᠴᠢᠨ ᠠᠬᠤᠶ᠎ᠶ᠋ᠢᠨ ᠬᠠᠮᠠᠭᠠᠯᠠᠯᠲᠠ᠎ᠶ᠋ᠢᠨ ᠲᠥᠬᠦᠭᠡᠷᠦᠮᠵᠢ ᠵᠣᠬᠢᠴᠠᠩᠭᠤᠶ᠎ᠪᠠᠷ ᠳᠠᠭᠠᠵᠤ ᠠᠮᠵᠢᠭ᠍ᠰᠠᠨ ᠥᠬᠡᠶ》᠃ ᠠᠮᠢ ᠠᠬᠤᠶ ᠣᠷᠴᠢᠨ ᠲᠤᠭᠤᠷᠢᠨ᠎ᠤ ᠶᠠᠮᠤᠨ᠎ᠤ ᠠᠭᠠᠷ ᠮᠠᠨᠳᠠᠯ᠎ᠤᠨ ᠣᠷᠴᠢᠨ ᠲᠤᠭᠤᠷᠢᠨ᠎ᠤ ᠵᠤᠷᠭᠠᠨ᠎ᠤ ᠳᠡᠳ᠋ ᠳᠠᠷᠤᠭ᠎ᠠ ᠦ᠋ ᠱᠢᠶᠠᠨ ᠹᠧᠩ ᠪᠠᠢᠴᠠᠭᠠᠯᠲᠠ᠎ᠶ᠋ᠢᠨ ᠳᠤᠮᠳᠠ ᠢᠯᠡᠷᠡᠭᠦᠯᠦᠭ᠌ᠰᠡᠨ ᠠᠰᠠᠭᠤᠳᠠᠯ᠎ᠳᠤ ᠴᠢᠭ᠌ᠯᠡᠭᠦᠯᠦᠨ ᠪᠣᠯᠣᠳ ᠲᠡᠮᠦᠷ᠎ᠤᠨ ᠠᠵᠤ ᠠᠬᠤᠢᠯᠠᠯ᠎ᠳᠤ ᠰᠡᠷᠡᠮᠵᠢ᠎ᠶ᠋ᠢᠨ ᠳᠣᠬᠢᠶ᠎ᠠ ᠥᠭ᠌ᠪᠡ᠃
2020 ᠣᠨ᠎ᠳᠤ᠂ ᠪᠣᠯᠣᠳ ᠲᠡᠮᠦᠷ᠎ᠤᠨ ᠠᠵᠢᠯ ᠲᠥᠷᠥᠯ᠎ᠤᠨ ᠨᠡᠭᠦᠷᠡᠰᠦᠨ᠎ᠤ ᠬᠡᠷᠡᠭ᠌ᠯᠡᠭᠡᠨ᠎ᠤ ᠬᠡᠮᠵᠢᠶ᠎ᠡ ᠪᠥᠬᠦ᠌ ᠤᠯᠤᠰ᠎ᠤᠨ ᠨᠡᠭᠦᠷᠡᠰᠦᠨ᠎ᠤ ᠬᠡᠷᠡᠭ᠌ᠯᠡᠭᠡᠨ᠎ᠤ ᠶᠡᠷᠦᠩᠬᠡᠶ ᠬᠡᠮᠵᠢᠶᠡᠨ᠎ᠤ 20% ᠶ᠋ᠢ ᠡᠵᠡᠯᠡᠵᠦ᠍᠂ ᠴᠠᠬᠢᠯᠭᠠᠨ ᠬᠦᠴᠦᠨ᠎ᠤ ᠠᠵᠢᠯ ᠲᠥᠷᠥᠯ᠎ᠠᠴᠠ ᠭᠠᠳᠠᠨᠠᠬᠢ ᠨᠡᠭᠦᠷᠡᠰᠦᠨ᠎ᠤ ᠬᠤᠷᠣᠭ᠍ᠳᠠᠯ᠎ᠢᠶᠠᠷ ᠬᠠᠮᠤᠭ᠎ᠤᠨ ᠶᠡᠭᠡ ᠠᠵᠢᠯ ᠲᠥᠷᠥᠯ ᠪᠤᠯᠪᠠ᠃ ᠦ᠋ ᠱᠢᠶᠠᠨ ᠹᠧᠩ᠂ ᠲᠠᠷᠠᠭᠠᠴᠢ᠎ᠶ᠋ᠢᠨ ᠠᠯᠬᠤᠮ᠎ᠳᠤ ᠪᠤᠯᠤᠳ ᠲᠡᠮᠦᠷ᠎ᠤᠨ ᠠᠵᠢᠯ ᠲᠦᠷᠦᠯ᠎ᠤᠨ ᠥᠪᠡᠰᠦᠪᠡᠨ ᠪᠡᠯᠡᠳᠭᠡᠭ᠌ᠰᠡᠨ ᠴᠠᠬᠢᠯᠭᠠᠨ᠎ᠤ ᠦᠢᠯᠡᠳᠪᠦᠷᠢ᠎ᠶ᠋ᠢ ᠭᠤᠣᠯᠳᠠᠯᠭ᠎ᠠ᠎ᠲᠠᠢ ᠴᠡᠭ᠌ᠴᠡᠯᠡᠨ ᠵᠠᠰᠠᠬᠤ ᠴᠢᠭ᠌ᠯᠡᠯ ᠪᠣᠯᠭᠠᠨ᠎ᠠ ᠬᠡᠵᠤ ᠢᠯᠡᠳᠭᠡᠪᠡ᠃
《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ᠎ᠳᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠠᠬᠢᠭᠤᠯᠬᠤ᠎ᠶ᠋ᠢ ᠳᠠᠭᠠᠯᠳᠤᠨ᠂ ᠮᠠᠨ᠎ᠤ ᠤᠯᠤᠰ᠎ᠤᠨ ᠪᠤᠯᠤᠳ ᠲᠡᠮᠦᠷ᠎ᠤᠨ ᠦᠢᠯᠡᠰ᠎ᠤᠨ ᠠᠵᠢᠯᠯᠠᠭᠠᠨ᠎ᠤ ᠶᠠᠰᠤ ᠴᠢᠨᠠᠷ ᠮᠡᠳᠡᠭ᠌ᠳᠡᠮ᠎ᠡ ᠰᠠᠢᠵᠢᠷᠠᠵᠤ᠂ ᠱᠢᠨ᠎ᠡ᠎ᠶ᠋ᠢ ᠡᠭᠦᠳᠬᠦ᠌ ᠴᠢᠳᠠᠪᠤᠷᠢ ᠦᠷᠭᠦᠯᠵᠢᠯᠡᠨ ᠴᠢᠩᠭᠠᠷᠠᠵᠤ᠂ ᠡᠨᠧᠷᠭᠢ ᠠᠷᠪᠢᠯᠠᠵᠤ ᠣᠷᠴᠢᠨ ᠲᠣᠭᠤᠷᠢᠨ᠎ᠢ ᠬᠠᠮᠠᠭᠠᠯᠠᠬᠤ ᠲᠦᠪᠱᠢᠨ ᠲᠦᠷᠭᠡᠨ ᠳᠡᠭᠡᠭ᠌ᠰᠢᠯᠡᠪᠡ᠃ ᠭᠡᠪᠡᠴᠦ᠍ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠤᠷᠬᠢᠯ ᠬᠡᠮᠵᠢᠭ᠌ᠳᠡᠯ ᠬᠦᠷᠬᠦ᠂ ᠨᠡᠭᠦᠷᠡᠰᠦᠲᠥ᠋ᠷᠥᠭ᠌ᠴᠢ ᠰᠠᠭᠠᠷᠮᠠᠭ᠍ᠵᠢᠭᠤᠯᠬᠤ ᠬᠠᠷᠠᠯᠲᠠ᠎ᠶ᠋ᠢ ᠳᠤᠷᠠᠳᠤᠭ᠍ᠰᠠᠨ᠎ᠨᠢ ᠮᠠᠨ᠎ᠤ ᠤᠯᠤᠰ᠎ᠤᠨ ᠪᠤᠯᠤᠳ ᠲᠡᠮᠦᠷ᠎ᠤᠨ ᠠᠵᠢᠯ ᠲᠦᠷᠦᠯ᠎ᠳᠤ ᠱᠢᠨ᠎ᠡ ᠠᠵᠠ ᠲᠣᠬᠢᠶᠠᠯ ᠪᠠ ᠥᠷᠢᠰᠥᠯᠳᠦᠭᠡᠨ᠎ᠢ ᠠᠪᠴᠢᠷᠠᠵᠠᠢ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ ᠲᠦᠭᠦᠬᠡᠶ ᠮᠠᠲ᠋ᠧᠷᠢᠶᠠᠯ᠎ᠤᠨ ᠠᠵᠤ ᠦᠢᠯᠡᠳᠪᠦᠷᠢ᠎ᠶ᠋ᠢᠨ ᠵᠤᠷᠭᠠᠨ᠎ᠤ ᠳᠠᠷᠤᠭ᠎ᠠ ᠴᠧᠨ ᠺᠧ ᠯᠦᠩ᠎ᠤᠨ ᠲᠠᠨᠢᠯᠴᠠᠭᠤᠯᠤᠬ᠍ᠰᠠᠨ᠎ᠢᠶᠠᠷ᠂ 2020 ᠣᠨ᠎ᠳᠤ ᠮᠠᠨ᠎ᠤ ᠤᠯᠤᠰ᠎ᠤᠨ ᠪᠣᠯᠣᠳ ᠲᠡᠮᠦᠷ᠎ᠤᠨ ᠭᠠᠷᠤᠯᠲᠠ 10 ᠳ᠋ᠦᠩᠱᠢᠭᠤᠷ ᠲᠣᠨ᠎ᠢ ᠳᠠᠪᠠᠵᠤ᠂ ᠬᠥᠮᠦᠨ ᠳᠤᠮᠳᠠᠴᠢ᠎ᠶ᠋ᠢᠨ ᠪᠦᠳᠦᠭᠦᠯᠢᠭ ᠪᠣᠯᠣᠳ᠎ᠤᠨ ᠥᠩᠭᠡᠨ ᠲᠠᠯ᠎ᠠ᠎ᠶ᠋ᠢᠨ ᠬᠡᠷᠡᠭ᠌ᠯᠡᠭᠡᠨ᠎ᠤ ᠬᠡᠮᠵᠢᠶ᠎ᠡ 730 ᠺᠢᠯᠣᠭ᠌ᠷᠠᠮ ᠱᠢᠬᠠᠮ ᠪᠣᠯᠵᠣ᠂ ᠬᠥᠮᠦᠨ ᠳᠤᠮᠳᠠᠴᠢ᠎ᠶ᠋ᠢᠨ ᠪᠣᠯᠣᠳ ᠲᠡᠮᠦᠷ᠎ᠤᠨ ᠬᠠᠳᠠᠭᠠᠯᠠᠭ᠍ᠳᠠᠴᠠ 8.3 ᠲᠣᠨ ᠱᠢᠬᠠᠮ ᠪᠣᠯᠵᠠᠶ᠃ ᠭᠡᠲᠡᠯ᠎ᠡ ᠠᠮᠧᠷᠢᠺᠠ᠎ᠶ᠋ᠢᠨ 1973 ᠣᠨ᠎ᠤ ᠬᠥᠮᠦᠨ ᠳᠤᠮᠳᠠᠴᠢ᠎ᠶ᠋ᠢᠨ ᠪᠣᠯᠣᠳ ᠲᠡᠮᠦᠷ᠎ᠤᠨ ᠥᠩᠭᠡᠨ ᠲᠠᠯ᠎ᠠ᠎ᠶ᠋ᠢᠨ ᠬᠡᠷᠡᠭ᠌ᠯᠡᠭᠡᠨ᠎ᠤ ᠣᠷᠭᠢᠯ ᠬᠡᠮᠵᠢᠭ᠌ᠳᠡᠯ᠎ᠨᠢ 711 ᠺᠢᠯᠣᠭ᠌ᠷᠠᠮ ᠪᠠᠢᠵᠤ᠂ ᠬᠥᠮᠦᠨ ᠳᠤᠮᠳᠠᠴᠢ᠎ᠶ᠋ᠢᠨ ᠪᠦᠳᠦᠭᠦᠯᠢᠭ ᠪᠣᠯᠣᠳ᠎ᠤᠨ ᠬᠠᠳᠠᠭᠠᠯᠠᠭ᠍ᠳᠠᠴᠠ᠎ᠨᠢ 8.3 ᠲᠣᠨ ᠪᠠᠢᠪᠠ᠃ ᠶᠠᠫᠣᠨ᠎ᠤ ᠡᠨᠡ ᠬᠦ᠌ ᠲᠤᠭ᠎ᠠ ᠪᠠᠷᠢᠮᠲᠠ᠎ᠨᠢ ᠲᠤᠰ ᠲᠤᠰ 802 ᠺᠢᠯᠣᠭ᠌ᠷᠠᠮ᠂ 10.5 ᠲᠣᠨ ᠪᠠᠢᠪᠠ ᠬᠡᠵᠡᠢ᠃
《ᠮᠠᠨ᠎ᠤ ᠤᠯᠤᠰ᠎ᠤᠨ ᠪᠦᠳᠦᠭᠦᠯᠢᠭ ᠪᠣᠯᠣᠳ᠎ᠤᠨ ᠬᠥᠮᠦᠨ ᠳᠤᠮᠳᠠᠴᠢ᠎ᠶ᠋ᠢᠨ ᠬᠡᠷᠡᠭ᠌ᠯᠡᠭᠡᠨ᠎ᠤ ᠬᠡᠮᠵᠢᠶ᠎ᠡ ᠨᠢᠭᠡᠨᠲᠡ ᠠᠮᠧᠷᠢᠺᠠ ᠶᠠᠫᠣᠨ ᠵᠡᠷᠭᠡ ᠤᠯᠤᠰ᠎ᠤᠨ ᠣᠷᠭᠢᠯ᠎ᠤᠨ ᠬᠡᠮᠵᠢᠭ᠌ᠳᠡᠯ᠎ᠠᠴᠠ ᠳᠠᠪᠠᠭ᠍ᠰᠠᠨ ᠪᠣᠯᠪᠠᠴᠤ᠌ ᠬᠥᠮᠦᠨ ᠳᠤᠮᠳᠠᠴᠢ᠎ᠶ᠋ᠢᠨ ᠪᠣᠯᠣᠳ ᠲᠡᠮᠦᠷ᠎ᠤᠨ ᠬᠠᠳᠠᠭᠠᠯᠠᠭ᠍ᠳᠠᠴᠠ᠎ᠶ᠋ᠢᠨ ᠬᠡᠮᠵᠢᠶ᠎ᠡ ᠪᠠᠰᠠ ᠲᠡᠳᠡᠨ᠎ᠢ ᠬᠥᠷᠬᠦ᠌ ᠥᠬᠡᠶ ᠪᠠᠢᠨ᠎ᠠ》᠃ ᠴᠧᠨ ᠺᠧ ᠯᠦᠩ᠂ ᠣᠳᠣᠬᠠᠨ᠎ᠳᠤ ᠪᠥᠬᠦ᠌ ᠪᠥᠮᠪᠥᠷᠴᠡᠭ᠎ᠤᠨ ᠠᠵᠤ ᠦᠢᠯᠡᠰ᠎ᠤᠨ ᠪᠠᠢᠷᠢᠱᠢᠯ᠎ᠳᠤ ᠶᠠᠭ ᠴᠢᠬᠤᠯᠠ ᠶᠡᠭᠡ ᠲᠣᠬᠢᠷᠠᠭᠤᠯᠤᠯᠲᠠ ᠭᠠᠷᠴᠤ᠌᠂ ᠲᠡᠮᠦᠷ᠎ᠤᠨ ᠠᠭᠤᠷᠬᠠᠶ᠎ᠶ᠋ᠢᠨ ᠡᠬᠢ ᠪᠠᠶᠠᠯᠢᠭ᠎ᠤᠨ ᠪᠠᠲᠤᠯᠠᠭ᠎ᠠ᠎ᠶ᠋ᠢᠨ ᠲᠦᠭ᠌ᠰᠢᠭᠦᠷᠢ ᠨᠡᠮᠡᠭ᠌ᠳᠡᠵᠦ᠍ ᠪᠠᠢᠨ᠎ᠠ; ᠤᠯᠠᠮᠵᠢᠯᠠᠯᠲᠤ ᠪᠣᠯᠣᠳ ᠲᠡᠮᠦᠷ᠎ᠤᠨ ᠵᠠᠬ᠎ᠠ ᠳᠡᠯᠭᠡᠭᠦᠷ ᠵᠠᠯᠭᠠᠭ᠎ᠠ᠎ᠪᠠᠷ ᠪᠤᠭᠤᠮᠢ ᠬᠤᠭᠤᠴᠠᠭᠠᠨ᠎ᠳᠤ ᠣᠷᠣᠵᠤ᠂ ᠪᠣᠯᠣᠳ ᠲᠡᠮᠦᠷ᠎ᠤᠨ ᠦᠨ᠎ᠡ᠎ᠶ᠋ᠢᠨ ᠥᠰᠥᠯᠲᠡ᠎ᠨᠢ ᠦᠨᠳᠦᠰᠦᠨ ᠲᠠᠯ᠎ᠠ᠎ᠶ᠋ᠢᠨ ᠣᠷᠳᠣ ᠬᠤᠭᠤᠴᠠᠭᠠᠨ᠎ᠤ ᠲᠤᠯᠭᠠᠭᠤᠷᠢᠯᠠᠯ᠎ᠢ ᠪᠦᠷᠢᠯᠳᠦᠭᠦᠯᠦᠭ᠌ᠰᠡᠨ ᠥᠬᠡᠶ; ᠡᠬᠢ ᠪᠠᠶᠠᠯᠢᠭ ᠡᠨᠧᠷᠭᠢ ᠪᠠ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠴᠢᠩᠭ᠎ᠠ ᠬᠢᠵᠠᠭᠠᠷᠯᠠᠯ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠤᠷᠬᠢᠯ ᠬᠡᠮᠵᠢᠭ᠌ᠳᠡᠯ ᠬᠦᠷᠬᠦ᠂ ᠨᠡᠭᠦᠷᠡᠰᠦᠲᠥ᠋ᠷᠥᠭ᠌ᠴᠢ ᠰᠠᠭᠠᠷᠮᠠᠭ᠍ᠵᠢᠭᠤᠯᠬᠤ ᠬᠠᠲᠠᠭᠤ ᠡᠭᠦᠷᠭᠡ ᠵᠡᠷᠭᠡ᠎ᠨᠢ ᠪᠦᠷ ᠪᠤᠯᠤᠳ ᠲᠡᠮᠦᠷ᠎ᠤᠨ ᠠᠵᠢᠯ ᠲᠦᠷᠦᠯ᠎ᠳᠤ ᠱᠢᠨ᠎ᠡ ᠥᠷᠢᠰᠥᠯᠳᠦᠭᠡᠨ ᠠᠪᠴᠢᠷᠠᠪᠠ ᠭᠡᠵᠡᠢ᠃
《ᠶᠡᠷᠦᠩᠬᠡᠶ᠎ᠳᠤᠨᠢ ᠦᠵᠡᠪᠡᠯ᠂ ᠠᠵᠠ ᠲᠣᠬᠢᠶᠠᠯ᠎ᠨᠢ ᠥᠷᠢᠰᠥᠯᠳᠦᠭᠡᠨ᠎ᠠᠴᠠ ᠶᠡᠭᠡ᠂ ᠭᠡᠪᠡᠴᠦ᠍ ᠠᠵᠠ ᠲᠣᠬᠢᠶᠠᠯ ᠪᠣᠯᠤᠨ ᠥᠷᠢᠰᠥᠯᠳᠦᠭᠡᠨ᠎ᠳᠤ ᠮᠠᠰᠢ ᠣᠯᠠᠨ ᠱᠢᠨ᠎ᠡ ᠣᠨᠴᠠᠯᠢᠭ ᠢᠯᠡᠷᠡᠵᠦ᠍ ᠪᠠᠢᠨ᠎ᠠ》 ᠭᠡᠵᠦ᠍ ᠴᠧᠨ ᠺᠧ ᠯᠦᠩ ᠬᠡᠯᠡᠪᠡ᠃
ᠴᠧᠨ ᠺᠧ ᠯᠦᠩ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ ᠶᠠᠭ ᠲᠦᠭᠦᠬᠡᠢ ᠮᠠᠲ᠋ᠧᠷᠢᠶᠠᠯ᠎ᠤᠨ ᠠᠵᠤ ᠦᠢᠯᠡᠳᠪᠦᠷᠢ᠎ᠶ᠋ᠢᠨ ᠬᠦᠷᠢᠶᠡᠨ᠎ᠳᠠᠬᠢ ᠪᠤᠯᠤᠳ ᠲᠡᠮᠦᠷ᠎ᠤᠨ ᠠᠵᠢᠯ ᠲᠦᠷᠦᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠲᠤᠬᠠᠢ ᠵᠢᠯᠣᠭᠤᠳᠭᠤ ᠰᠠᠨᠠᠯ᠎ᠢ ᠨᠠᠢᠷᠠᠭᠤᠯᠤᠨ ᠵᠣᠬᠢᠶᠠᠵᠤ ᠪᠠᠢᠨ᠎ᠠ᠃ ᠡᠭᠦᠨ᠎ᠢ 《ᠲᠠᠪᠤᠨ ᠪᠤᠯᠤᠳ ᠲᠡᠮᠤᠷ》 ᠢᠶᠠᠷ ᠬᠤᠷᠢᠶᠠᠩᠭᠤᠢᠯᠠᠵᠤ ᠪᠣᠯᠤᠨ᠎ᠠ᠄
ᠨᠡᠭᠦᠷᠡᠰᠦᠲᠥ᠋ᠷᠥᠭ᠌ᠴᠢ ᠪᠠᠭ᠎ᠠ ᠪᠣᠬᠢᠷᠲᠤᠯ ᠦᠭᠡᠢ ᠪᠤᠯᠤᠳ ᠲᠡᠮᠦᠷ — ᠨᠡᠭᠦᠷᠡᠰᠦᠲᠥ᠋ᠷᠥᠭ᠌ᠴᠢ ᠪᠠᠭ᠎ᠠ ᠬᠤᠱᠢᠭᠤᠴᠢ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠨᠢᠭᠡ ᠪᠦᠯᠦᠭ ᠨᠡᠭᠦᠷᠡᠰᠦᠲᠥ᠋ᠷᠥᠭ᠌ᠴᠢ ᠪᠠᠭ᠎ᠠ ᠵᠠᠩᠭᠢᠯᠠᠭ᠎ᠠ᠎ᠶ᠋ᠢᠨ ᠮᠡᠷᠭᠡᠵᠢᠯ᠎ᠢ ᠱᠢᠪᠲᠤᠯᠵᠤ᠂ ᠨᠢᠭᠡ ᠪᠦᠯᠦᠭ ᠪᠣᠯᠪᠠᠰᠤᠷᠠᠩᠭᠤᠢ ᠬᠡᠷᠡᠭ᠌ᠯᠡᠵᠦ᠍ ᠪᠣᠯᠬᠤ ᠮᠡᠷᠭᠡᠵᠢᠯ᠎ᠢ ᠳ᠋ᠦᠩᠨᠡᠨ ᠳᠡᠯᠭᠡᠷᠡᠭᠦᠯᠵᠦ᠍᠂ 2030 ᠣᠨ᠎ᠠᠴᠠ ᠡᠮᠦᠨ᠎ᠡ ᠪᠤᠯᠤᠳ ᠲᠡᠮᠦᠷ᠎ᠤᠨ ᠠᠵᠢᠯ ᠲᠦᠷᠦᠯ᠎ᠤᠨ᠎ᠬᠢᠨ᠎ᠤ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠤᠷᠬᠢᠯ ᠬᠡᠮᠵᠢᠭ᠌ᠳᠡᠯ ᠬᠦᠷᠬᠦ᠌᠎ᠶ᠋ᠢ ᠦᠨᠡᠨ ᠬᠦ᠌ ᠪᠠᠲᠤᠯᠠᠨ᠎ᠠ;
ᠪᠠᠢᠷᠢᠱᠢᠭᠤᠯᠤᠯᠲᠠ᠎ᠨᠢ ᠱᠢᠯᠢᠳᠡᠭ᠌ᠵᠢᠭ᠌ᠰᠡᠨ ᠪᠣᠯᠣᠳ ᠲᠡᠮᠦᠷ — ᠪᠠᠢᠷᠢᠱᠢᠭᠤᠯᠤᠯᠲᠠ᠎ᠶ᠋ᠢ ᠳᠣᠭᠢᠷᠠᠭᠤᠯᠤᠨ ᠱᠢᠯᠢᠳᠡᠭ᠌ᠵᠢᠭᠦᠯᠵᠦ᠍᠂ ᠲᠡᠯᠡᠶ ᠳᠠᠭᠠᠤ ᠬᠢᠭᠡᠳ ᠳᠣᠲᠣᠷ ᠭᠠᠵᠠᠷ᠂ ᠬᠤᠲᠠ ᠬᠢᠭᠡᠳ ᠬᠦᠷᠢᠶᠡᠯᠡᠩ ᠲᠣᠭᠤᠷᠢᠭ᠂ ᠣᠷᠳᠣ ᠬᠢᠭᠡᠳ ᠣᠬᠤᠷ ᠴᠤᠪᠤᠷᠠᠯ᠎ᠤᠨ ᠳᠠᠪᠠᠭᠤᠯᠢᠭ᠎ᠢᠶᠠᠨ ᠬᠠᠷᠢᠯᠴᠠᠨ ᠨᠥᠬᠦᠪᠥᠷᠢᠯᠡᠭ᠌ᠰᠡᠨ ᠪᠠᠢᠷᠢᠱᠢᠭᠤᠯᠤᠯᠲᠠ᠎ᠶ᠋ᠢᠨ ᠪᠦᠲᠦᠴᠡ᠎ᠶ᠋ᠢ ᠪᠡᠶᠡᠯᠡᠭᠦᠯᠦᠨ᠎ᠡ;
ᠲᠡᠷᠢᠭᠦᠨ᠎ᠤ ᠮᠡᠷᠭᠡᠵᠢᠯ᠎ᠲᠠᠢ ᠪᠤᠯᠤᠳ ᠲᠡᠮᠦᠷ — ᠪᠤᠯᠤᠳ ᠲᠡᠮᠦᠷ᠎ᠤᠨ ᠠᠵᠢᠯ ᠲᠦᠷᠦᠯ᠎ᠤᠨ ᠠᠵᠤ ᠦᠢᠯᠡᠰ᠎ᠤᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠂ ᠲᠤᠨᠤᠭ ᠲᠥᠬᠦᠭᠡᠷᠦᠮᠵᠢ᠎ᠶ᠋ᠢᠨ ᠲᠦᠪᠱᠢᠨ᠂ ᠣᠶᠤᠨᠴᠢ ᠦᠢᠯᠡᠳᠬᠦ᠌ ᠲᠦᠪᠱᠢᠨ᠎ᠢ ᠲᠦᠷᠭᠡᠨ ᠳᠡᠭᠡᠭ᠌ᠰᠢᠯᠡᠭᠦᠯᠦᠨ᠎ᠡ;
ᠠᠮᠤᠷ ᠲᠦᠪᠱᠢᠨ ᠨᠠᠢᠳᠠᠪᠤᠷᠢᠲᠠᠢ ᠪᠤᠯᠤᠳ ᠲᠡᠮᠦᠷ — ᠡᠬᠢ ᠪᠠᠶᠠᠯᠢᠭ᠎ᠤᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠱᠢᠨ᠎ᠡ ᠮᠠᠲ᠋ᠧᠷᠢᠶᠠᠯ᠎ᠢ ᠶᠡᠬᠡᠪᠡᠷ ᠬᠥᠭ᠌ᠵᠢᠭᠦᠯᠵᠦ᠍᠂ ᠮᠠᠲ᠋ᠧᠷᠢᠶᠠᠯ᠎ᠤᠨ 《ᠪᠤᠭᠤᠮᠢ》 ᠳᠤᠲᠠᠭᠤᠳᠠᠯ᠎ᠢ ᠨᠥᠬᠦᠪᠥᠷᠢᠯᠡᠬᠦ᠌᠎ᠶ᠋ᠢ ᠲᠦᠷᠭᠡᠳᠭᠡᠨ᠎ᠠ;
ᠦᠷ᠎ᠡ ᠠᠱᠢᠭ᠎ᠢᠶᠠᠷ ᠲᠣᠪᠤᠢᠮ᠎ᠠ ᠪᠣᠯᠣᠳ ᠲᠡᠮᠦᠷ — ᠪᠣᠯᠣᠳ ᠲᠡᠮᠦᠷ᠎ᠤᠨ ᠠᠵᠤ ᠦᠢᠯᠡᠰ᠎ᠨᠢ ᠥᠨᠳᠥᠷ ᠠᠱᠢᠭ ᠬᠤᠨᠵᠢᠪᠣᠷᠢ᠎ᠶ᠋ᠢ ᠬᠥᠭᠡᠭᠡᠴᠡᠯᠳᠦᠵᠦ᠍ ᠪᠣᠯᠬᠤ ᠥᠬᠡᠶ᠂ ᠭᠡᠪᠡᠴᠦ᠍ ᠦᠢᠯᠡᠳᠬᠦ᠌ ᠦᠢᠯᠡᠰ᠎ᠤᠨ ᠳᠤᠮᠳᠠᠴᠢ ᠠᠱᠢᠭ ᠬᠤᠨᠵᠢᠪᠣᠷᠢ᠎ᠶ᠋ᠢᠨ ᠨᠣᠷᠮ᠎ᠠ᠎ᠳᠤ ᠬᠦᠷᠭᠡᠬᠦ᠌᠎ᠪᠠᠷ ᠴᠢᠷᠮᠠᠢᠬᠤ ᠬᠡᠷᠡᠭ᠌ᠲᠡᠶ᠃
《ᠠᠱᠢᠭ ᠬᠤᠨᠵᠢᠪᠣᠷᠢ᠎ᠨᠢ ᠬᠠᠮᠢᠭ᠎ᠠ᠎ᠠᠴᠠ ᠢᠷᠡᠳᠡᠭ ᠪᠤᠶ? ᠪᠣᠯᠣᠳ ᠮᠠᠲ᠋ᠧᠷᠢᠶᠠᠯ᠎ᠤᠨ ᠦᠢᠯᠡᠳᠬᠦᠨ᠎ᠢ ᠳᠡᠰ ᠳᠡᠪᠱᠢᠭᠦᠯᠬᠦ᠂ ᠤᠶᠤᠨᠳᠤ ᠦᠢᠯᠡᠳᠬᠦ᠌ ᠦᠢᠯᠡᠰ᠎ᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠂ ᠠᠵᠤ ᠦᠢᠯᠡᠰ᠎ᠤᠨ ᠬᠡᠯᠬᠢᠶ᠎ᠡ᠎ᠶ᠋ᠢ ᠳᠡᠭᠡᠳᠦ ᠳᠣᠣᠷᠠᠳᠤ ᠤᠷᠤᠰᠭᠠᠯ᠎ᠳᠤ ᠬᠠᠮᠵᠢᠯᠴᠠᠭᠤᠯᠬᠤ ᠵᠡᠷᠭᠡ᠎ᠪᠠᠷ ᠳᠠᠮᠵᠢᠭᠤᠯᠤᠨ᠂ ᠪᠦᠲᠦᠮᠵᠢᠲᠡᠶ ᠬᠠᠩᠭᠠᠯᠭ᠎ᠠ ᠪᠣᠯᠤᠨ ᠦᠢᠯᠡᠴᠢᠯᠡᠭᠡᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠶ》᠃ ᠣᠳᠣᠬᠠᠨ᠎ᠳᠤ ᠲᠡᠦᠬᠡ᠎ᠶ᠋ᠢᠨ ᠠᠯᠢ ᠦᠶ᠎ᠡ᠎ᠠᠴᠠ ᠴᠦ᠍ ᠢᠯᠡᠭᠦᠦ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌᠎ᠶ᠋ᠢ ᠱᠠᠭᠠᠷᠳᠠᠵᠤ ᠪᠠᠢᠨ᠎ᠠ ᠭᠡᠵᠦ᠍ ᠴᠧᠨ ᠺᠧ ᠯᠦᠩ ᠬᠡᠯᠡᠪᠡ᠃
ᠯᠦ᠍ ᠸᠧᠢ ᠱᠧᠩ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ᠂ ᠪᠤᠯᠤᠳ ᠲᠡᠮᠦᠷ᠎ᠤᠨ ᠠᠵᠢᠯ ᠲᠦᠷᠦᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠰᠠᠭᠤᠷᠢ ᠰᠡᠯᠪᠢᠭ ᠲᠤᠨᠤᠭ ᠵᠢᠴᠢ ᠲᠤᠨᠤᠭ ᠰᠡᠯᠪᠢᠭᠡᠰᠦ᠂ ᠰᠠᠭᠤᠷᠢ ᠵᠥᠭᠡᠯᠡᠨ ᠲᠤᠨᠤᠭ᠂ ᠰᠠᠭᠤᠷᠢ ᠮᠠᠲ᠋ᠧᠷᠢᠶᠠᠯ᠂ ᠰᠠᠭᠤᠷᠢ ᠤᠷᠠᠯᠠᠯ ᠪᠣᠯᠤᠨ ᠠᠵᠤ ᠦᠢᠯᠡᠰ᠎ᠤᠨ ᠮᠡᠷᠭᠡᠵᠢᠯ᠎ᠤᠨ ᠰᠠᠭᠤᠷᠢ ᠵᠡᠷᠭᠡ ᠪᠣᠭᠤᠮᠢ ᠳᠤᠲᠠᠭᠤᠳᠠᠯ᠎ᠢ ᠲᠦᠷᠭᠡᠨ ᠨᠥᠬᠦᠪᠥᠷᠢᠯᠡᠵᠦ᠍᠂ ᠠᠵᠤ ᠦᠢᠯᠡᠰ᠎ᠤᠨ ᠰᠠᠭᠤᠷᠢ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠲᠦᠷᠭᠡᠳᠭᠡᠵᠦ᠍᠂ ᠠᠵᠤ ᠦᠢᠯᠡᠰ᠎ᠤᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠡᠭᠦᠨ᠎ᠤ ᠤᠯᠠᠮ᠎ᠢᠶᠠᠷ ᠦᠢᠯᠡᠳᠬᠦ᠌ ᠦᠢᠯᠡᠰ᠎ᠤᠨ ᠱᠢᠯᠢᠳᠡᠭ᠌ᠵᠢᠨ ᠲᠡᠰ ᠳᠡᠪᠱᠢᠬᠦ᠌᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃
(ᠱᠢᠨᠬᠤᠸᠠ ᠬᠤᠷᠢᠶᠠᠨ᠎ᠤ ᠱᠠᠩᠬᠠᠢ᠎ᠶ᠋ᠢᠨ 7 ᠰᠠᠷ᠎ᠡ᠎ᠶ᠋ᠢᠨ 29 ᠤ ᠴᠠᠬᠢᠯᠭᠠᠨ ᠮᠡᠳᠡᠭᠡ)