7 ᠰᠠᠷ᠎ᠠ᠎ᠶ᠋ᠢᠨ 3 ᠤ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ ᠪᠦ᠋ ᠱᠢᠶᠤᠤ ᠯᠢᠨ ᠬᠥᠬᠡᠬᠤᠲᠠ᠎ᠳᠤ ᠬᠦᠷᠴᠦ᠍ ᠠᠶᠤᠯᠭᠦᠢ ᠦᠢᠯᠡᠳᠪᠦᠷᠢᠯᠡᠯ ᠵᠢᠴᠢ ᠱᠢᠲᠠᠮᠠᠬᠠᠢ ᠬᠡᠢ᠎ᠶ᠋ᠢᠨ ᠠᠮᠤᠷ ᠲᠦᠪᠱᠢᠨ᠎ᠤ ᠲᠤᠰᠭᠠᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠪᠠᠢᠴᠠᠭᠠᠨ ᠵᠢᠯᠣᠭᠤᠳᠪᠠ᠃
ᠪᠦ᠋ ᠱᠢᠶᠤᠤ ᠯᠢᠨ ᠬᠥᠬᠡᠬᠤᠲᠠ᠎ᠶ᠋ᠢᠨ ᠱᠢᠲᠠᠮᠠᠬᠠᠶ ᠬᠡᠶ ᠬᠠᠩᠭᠠᠬᠤ ᠭᠤᠤᠯᠳᠠᠯᠭ᠎ᠠ᠎ᠲᠠᠢ ᠠᠵᠤ ᠠᠬᠤᠢᠯᠠᠯ᠂ ᠱᠢᠨᠡᠳᠭᠡᠨ ᠵᠠᠰᠠᠵᠤ ᠪᠠᠢᠭ᠎ᠠ ᠰᠠᠭᠤᠭᠠᠯᠢ ᠠᠷᠠᠳ᠎ᠤᠨ ᠲᠣᠭᠤᠷᠢᠭ᠎ᠲᠤ ᠭᠦᠨᠵᠡᠭᠡᠢᠷᠡᠨ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠦᠵᠡᠵᠦ᠍᠂ ᠲᠤᠬᠠᠶ᠎ᠶ᠋ᠢᠨ ᠭᠠᠵᠠᠷ᠎ᠤᠨ ᠺᠠᠳ᠋ᠷ ᠠᠵᠢᠯᠲᠠᠨ᠎ᠲᠠᠢ ᠭᠦᠨᠵᠡᠭᠡᠶ ᠶᠠᠷᠢᠯᠴᠠᠵᠤ᠂ ᠬᠥᠬᠡᠬᠤᠲᠠ᠎ᠶ᠋ᠢᠨ ᠠᠶᠤᠯᠭᠦᠶ ᠦᠢᠯᠡᠳᠪᠦᠷᠢᠯᠡᠯ᠎ᠤᠨ ᠭᠤᠤᠯᠳᠠᠯᠭ᠎ᠠ᠎ᠲᠠᠢ ᠠᠵᠢᠯ᠎ᠤᠨ ᠪᠠᠢᠳᠠᠯ᠎ᠢ ᠨᠠᠷᠢᠨ ᠣᠢᠯᠠᠭᠠᠪᠠ᠃ ᠬᠥᠭ᠌ᠵᠢᠯᠲᠡ ᠬᠢᠭᠡᠳ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠦ᠍᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠂ ᠠᠮᠤᠷ ᠲᠦᠪᠱᠢᠨ᠎ᠢ ᠪᠠᠲᠤᠯᠠᠬᠤ᠂ ᠲᠣᠭ᠍ᠲᠠᠭᠤᠨ᠎ᠢ ᠠᠬᠢᠭᠤᠯᠬᠤ ᠡᠯ᠎ᠡ ᠵᠦᠢᠯ᠎ᠤᠨ ᠠᠵᠢᠯ᠎ᠢ ᠪᠥᠬᠦ᠌ ᠬᠦᠴᠦᠨ᠎ᠢᠶᠠᠷ᠎ᠢᠶᠠᠨ ᠰᠠᠢᠲᠤᠷ ᠬᠢᠵᠦ᠍᠂ ᠣᠯᠠᠨ ᠲᠦᠮᠡᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠤ ᠲᠥᠷᠥᠭ᠌ᠳᠡᠯ᠎ᠢ ᠲᠠᠰᠤᠷᠠᠯᠲᠠ ᠥᠬᠡᠶ ᠴᠢᠩᠭᠠᠳᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠥᠬᠡᠬᠤᠳᠠ᠎ᠶ᠋ᠢᠨ ᠬᠠᠷᠢᠶ᠎ᠠ ᠲᠤᠭᠤᠷᠢᠬᠲᠠᠬᠢ ᠬᠠᠮᠤᠭ᠎ᠤᠨ ᠶᠡᠭᠡ ᠱᠢᠲᠠᠮᠠᠬᠠᠶ ᠬᠡᠶ ᠬᠠᠩᠭᠠᠬᠤ ᠺᠣᠮᠫᠠᠨᠢ ᠪᠤᠯᠬᠤ ᠬᠥᠬᠡᠬᠤᠲᠠ᠎ᠶ᠋ᠢᠨ ᠵᠦᠩ ᠷᠠᠨ ᠬᠤᠳᠠ᠎ᠶ᠋ᠢᠨ ᠱᠢᠲᠠᠮᠠᠬᠠᠶ ᠬᠡᠶ᠎ᠶ᠋ᠢᠨ ᠬᠥᠭ᠌ᠵᠢᠭᠦᠯᠦᠯᠳᠡᠶ᠋ᠢᠨ ᠬᠢᠵᠠᠭᠠᠷᠲᠤ ᠺᠣᠮᠫᠠᠨᠢ᠎ᠳᠤ᠂ ᠪᠦ᠋ ᠱᠢᠶᠤᠤ ᠯᠢᠨ ᠬᠥᠬᠡᠬᠤᠲᠠ᠎ᠶ᠋ᠢᠨ ᠠᠶᠤᠯᠭᠦᠶ ᠦᠢᠯᠡᠳᠪᠦᠷᠢᠯᠡᠯ᠂ ᠱᠢᠲᠠᠮᠠᠬᠠᠶ ᠬᠡᠶ᠎ᠶ᠋ᠢᠨ ᠠᠮᠤᠷ ᠲᠦᠪᠱᠢᠨ᠎ᠤ ᠲᠤᠰᠭᠠᠶ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠤᠨ ᠲᠤᠬᠠᠶ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠵᠦᠩ ᠷᠠᠨ ᠬᠤᠳᠠ᠎ᠶ᠋ᠢᠨ ᠱᠢᠲᠠᠮᠠᠬᠠᠶ ᠬᠡᠶ᠎ᠶ᠋ᠢᠨ ᠬᠥᠭ᠌ᠵᠢᠭᠦᠯᠦᠯᠳᠡᠶ᠋ᠢᠨ ᠬᠢᠵᠠᠭᠠᠷᠲᠤ ᠺᠣᠮᠫᠠᠨᠢ᠎ᠶ᠋ᠢᠨ ᠠᠶᠤᠯᠭᠦᠶ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠪᠠᠢᠴᠠᠭᠠᠵᠤ᠂ ᠦᠢᠯᠡᠳᠪᠦᠷᠢᠯᠡᠯ ᠲᠣᠬᠢᠷᠠᠭᠤᠯᠬᠤ ᠱᠢᠰᠲ᠋ᠧᠮ᠎ᠤᠨ ᠲᠠᠪᠴᠠᠩ᠎ᠢᠶᠠᠷ ᠳᠠᠮᠵᠢᠭᠤᠯᠤᠨ᠂ ᠬᠥᠬᠡᠬᠤᠲᠠ᠎ᠶ᠋ᠢᠨ ᠬᠤᠲᠠ᠎ᠶ᠋ᠢᠨ ᠲᠣᠭᠤᠷᠢᠭ᠎ᠤᠨ ᠱᠢᠲᠠᠮᠠᠬᠠᠶ ᠬᠡᠶ ᠬᠠᠩᠭᠠᠵᠤ ᠪᠠᠢᠭ᠎ᠠ ᠪᠠᠢᠳᠠᠯ᠂ ᠬᠤᠭᠤᠯᠠᠶ ᠲᠤᠤᠷ᠎ᠤᠨ ᠭᠤᠭᠤᠵᠢᠯ ᠴᠡᠭ᠎ᠢ ᠬᠢᠨᠠᠨ ᠡᠵᠡᠮᠳᠡᠵᠦ᠍ ᠪᠠᠢᠭ᠎ᠠ ᠪᠠᠢᠳᠠᠯ᠎ᠢ ᠣᠢᠯᠠᠭᠠᠵᠤ᠂ ᠵᠠᠪᠠᠯ ᠠᠮᠤᠷ ᠲᠦᠪᠱᠢᠨ᠎ᠤ ᠬᠡᠮ ᠰᠣᠭᠤᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠠᠯᠳᠠᠰᠢ ᠭᠠᠷᠭᠠᠬᠤ ᠥᠬᠡᠶ ᠪᠠᠢᠬᠤ᠎ᠶ᠋ᠢ ᠦᠨᠡᠨ ᠭᠦ᠌ ᠪᠠᠲᠤᠯᠠᠬᠤ ᠬᠡᠷᠡᠭ᠌ᠲᠡᠶ᠃ ᠵᠦᠩ ᠷᠠᠨ ᠬᠤᠳᠠ᠎ᠶ᠋ᠢᠨ ᠱᠢᠲᠠᠮᠠᠬᠠᠶ ᠬᠡᠶ᠎ᠶ᠋ᠢᠨ ᠬᠥᠭ᠌ᠵᠢᠭᠦᠯᠦᠯᠳᠡᠶ᠋ᠢᠨ ᠬᠢᠵᠠᠭᠠᠷᠲᠤ ᠺᠣᠮᠫᠠᠨᠢ᠎ᠶ᠋ᠢ ᠡᠩ᠎ᠤᠨ ᠦᠶ᠎ᠡ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ᠎ᠪᠠᠨ ᠴᠢᠩᠭᠠᠳᠭᠠᠵᠤ᠂ ᠭᠡᠨᠡᠳᠲᠡ᠎ᠶ᠋ᠢᠨ ᠠᠳᠡᠯ᠎ᠢ ᠠᠷᠭᠠᠴᠠᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃
ᠰᠠᠢᠬᠠᠨ ᠲᠣᠭᠤᠷᠢᠭ᠎ᠤᠨ ᠱᠢᠤᠸᠠᠢ ᠹᠦ᠋ ᠬᠤᠸᠠ ᠶᠤᠸᠠᠨ ᠰᠠᠭᠤᠭᠠᠯᠢ ᠠᠷᠠᠳ᠎ᠤᠨ ᠲᠣᠭᠤᠷᠢᠭ᠎ᠲᠤ᠌᠂ ᠪᠦ᠋ ᠱᠢᠶᠤᠤ ᠯᠢᠨ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠢ ᠱᠢᠨᠡᠳᠭᠡᠨ ᠵᠠᠰᠠᠬᠤ ᠢᠨᠵᠧᠨᠧᠷᠢᠩ᠎ᠤᠨ ᠠᠬᠢᠴᠠ᠎ᠶ᠋ᠢ ᠪᠠᠢᠴᠠᠭᠠᠨ ᠰᠤᠳᠤᠯᠵᠤ᠂ ᠱᠢᠲᠠᠮᠠᠬᠠᠶ ᠬᠡᠶ᠎ᠶ᠋ᠢᠨ ᠭᠤᠤᠷᠰᠤ ᠬᠤᠭᠤᠯᠠᠢ᠎ᠶ᠋ᠢ ᠱᠢᠨᠡᠳᠭᠡᠨ ᠵᠠᠰᠠᠭ᠍ᠰᠠᠨ ᠪᠠᠢᠳᠠᠯ᠎ᠢ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠦᠵᠡᠪᠡ᠃ ᠲᠣᠰ ᠰᠠᠭᠤᠭᠠᠯᠢ ᠠᠷᠠᠳ᠎ᠤᠨ ᠲᠣᠭᠤᠷᠢᠭ᠎ᠤᠨ ᠱᠢᠲᠠᠮᠠᠬᠠᠶ ᠬᠡᠶ᠎ᠶ᠋ᠢᠨ ᠭᠤᠤᠷᠰᠤ ᠬᠤᠭᠤᠯᠠᠢ᠎ᠶ᠋ᠢ ᠱᠢᠨᠡᠳᠭᠡᠨ ᠵᠠᠰᠠᠬᠤ ᠠᠵᠢᠯ᠎ᠨᠢ 33 ᠠᠰᠠᠷ᠎ᠤᠨ 1500 ᠭᠠᠷᠤᠶ ᠰᠠᠭᠤᠭᠠᠯᠢ ᠠᠷᠠᠳ᠎ᠤᠨ ᠥᠢᠯᠡᠳᠪᠤᠷᠢᠯᠡᠯ ᠠᠮᠢᠳᠤᠷᠠᠯ᠎ᠲᠠᠢ ᠬᠤᠯᠪᠣᠭ᠍ᠳᠠᠵᠤ᠂ ᠣᠲᠣ ᠶᠠᠭ ᠡᠷᠦᠬᠡ᠎ᠳᠤ ᠣᠷᠣᠭᠤᠯᠬᠤ ᠬᠤᠭᠤᠯᠠᠶ᠎ᠶ᠋ᠢ ᠵᠠᠯᠭᠠᠵᠤ ᠪᠠᠢᠨ᠎ᠠ᠃ ᠪᠦ᠋ ᠱᠢᠶᠤᠤ ᠯᠢᠨ ᠲᠤᠬᠠᠢ᠎ᠶ᠋ᠢᠨ ᠲᠠᠯᠠᠪᠠᠢ᠎ᠶ᠋ᠢᠨ ᠬᠥᠮᠦᠰ᠎ᠠᠴᠠ ᠱᠢᠲᠠᠮᠠᠬᠠᠢ ᠬᠡᠢ ᠵᠡᠷᠭᠡ ᠭᠠᠵᠠᠷ ᠳᠣᠣᠷᠠᠬᠢ ᠭᠤᠤᠷᠰᠤ ᠬᠤᠭᠤᠯᠠᠢ᠎ᠶ᠋ᠢᠨ ᠪᠠᠷᠢᠯᠭ᠎ᠠ᠎ᠶ᠋ᠢᠨ ᠠᠬᠢᠴᠠ᠎ᠶ᠋ᠢ ᠣᠢᠯᠠᠭᠠᠵᠤ᠂ ᠪᠠᠷᠢᠯᠭ᠎ᠠ᠎ᠶ᠋ᠢᠨ ᠶᠠᠪᠤᠴᠠ᠎ᠳᠤ ᠠᠮᠤᠷ ᠲᠦᠪᠱᠢᠨ᠎ᠢ ᠵᠠᠪᠠᠯ ᠪᠠᠲᠤᠯᠠᠬᠤ ᠬᠡᠷᠡᠭ᠌ᠲᠡᠢ ᠭᠡᠵᠦ᠍ ᠵᠠᠬᠢᠪᠠ᠃
ᠪᠦ᠋ ᠱᠢᠶᠤᠤ ᠯᠢᠨ᠂ ᠠᠮᠤᠷ ᠲᠦᠪᠱᠢᠨ᠎ᠤ ᠬᠠᠷᠢᠭᠤᠴᠠᠯᠭ᠎ᠠ ᠲᠠᠢᠱᠠᠨ ᠠᠭᠤᠯᠠ᠎ᠠᠴᠠ ᠬᠦᠨᠳᠦ ᠶᠤᠮ᠂ ᠠᠮᠤᠷ ᠲᠦᠪᠱᠢᠨ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠠᠲᠤ ᠪᠠᠬᠢ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ᠎ᠤᠨ ᠬᠥᠪᠴᠢ᠎ᠶ᠋ᠢ ᠢᠮᠠᠭ᠍ᠲᠠ ᠴᠢᠩᠭᠠᠯᠠᠬᠤ ᠬᠡᠷᠡᠭ᠌ᠲᠡᠢ ᠭᠡᠵᠦ᠍ ᠴᠢᠩᠭᠠᠳᠭᠠᠪᠠ᠃ ᠬᠤᠪᠸᠢ ᠮᠤᠵᠢ᠎ᠶ᠋ᠢᠨ ᠱ᠌ᠢ ᠶᠠᠨ ᠬᠤᠲᠠ᠎ᠶ᠋ᠢᠨ ᠱᠢᠲᠠᠮᠠᠬᠠᠶ ᠬᠡᠶ᠎ᠶ᠋ᠢᠨ ᠳᠡᠯᠪᠡᠷᠡᠯᠲᠡ ᠵᠡᠷᠭᠡ ᠣᠢᠷ᠎ᠠ᠎ᠶ᠋ᠢᠨ ᠬᠤᠭᠤᠴᠠᠭᠠᠨ᠎ᠳᠤ ᠡᠯ᠎ᠡ ᠭᠠᠵᠠᠷ᠎ᠲᠤ ᠭᠠᠷᠤᠭ᠍ᠰᠠᠨ ᠦᠢᠯᠡᠳᠪᠦᠷᠢᠯᠡᠯ᠎ᠤᠨ ᠠᠮᠤᠷ ᠲᠦᠪᠱᠢᠨ᠎ᠤ ᠠᠳᠡᠯ᠎ᠠᠴᠠ ᠬᠦᠨᠵᠡᠭᠡᠢ ᠰᠤᠷᠭᠠᠮᠵᠢ ᠠᠪᠴᠤ᠌᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠵᠢᠭᠠᠪᠤᠷᠢ᠂ ᠶᠡᠷᠦᠩᠬᠡᠶ ᠰᠠᠢᠳ ᠯᠢ ᠺᠧ ᠴᠢᠶᠠᠩ᠎ᠤᠨ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠢᠭᠡ᠎ᠠᠴᠠ ᠨᠥᠭᠦᠭᠡ᠎ᠶ᠋ᠢ ᠵᠦᠢᠴᠢᠯᠡᠨ ᠮᠡᠳᠡᠵᠦ᠍ ᠡᠯ᠎ᠡ ᠲᠥᠷᠥᠯ᠎ᠤᠨ ᠠᠮᠤᠷ ᠲᠦᠪᠱᠢᠨ᠎ᠤ ᠠᠶᠤᠯ ᠲᠦᠭ᠌ᠰᠢᠭᠦᠷᠢ᠎ᠶ᠋ᠢᠨ ᠬᠡᠮ ᠰᠣᠭᠤᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠡᠯ᠎ᠡ ᠬᠦᠷᠢᠶᠡᠨ᠎ᠤ ᠠᠮᠤᠷ ᠲᠦᠪᠱᠢᠨ᠎ᠤ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠪᠥᠬᠦ᠌ ᠲᠠᠯ᠎ᠠ᠎ᠪᠠᠷ ᠠᠬᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠭᠡᠨᠡᠳᠲᠡ᠎ᠶ᠋ᠢᠨ ᠬᠡᠷᠡᠭ᠎ᠢ ᠱᠢᠢᠳᠪᠤᠷᠢᠯᠡᠬᠦ᠌ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠠᠶᠤᠯᠭᠦᠢ ᠦᠢᠯᠡᠳᠪᠦᠷᠢᠯᠡᠯ᠎ᠤᠨ ᠠᠳᠡᠯ ᠭᠠᠷᠬᠤ᠎ᠶ᠋ᠢ ᠡᠷᠡᠰ ᠬᠤᠷᠢᠠᠠᠯᠠᠬᠤ ᠬᠡᠷᠡᠭ᠌ᠲᠡᠶ᠃ ᠱᠢᠲᠠᠮᠠᠬᠠᠶ ᠬᠡᠶ᠎ᠶ᠋ᠢᠨ ᠠᠮᠤᠷ ᠲᠦᠪᠱᠢᠨ᠎ᠢ ᠲᠤᠰᠭᠠᠶ ᠵᠢᠭ᠍ᠰᠠᠭᠠᠨ ᠪᠠᠢᠴᠠᠭᠠᠵᠦ᠍ ᠴᠡᠭ᠌ᠴᠡᠯᠡᠨ ᠵᠠᠰᠠᠬᠤ ᠠᠵᠢᠯ᠎ᠢ ᠬᠦᠴᠦᠯᠡᠨ ᠰᠠᠢᠲᠤᠷ ᠠᠳᠭᠤᠵᠤ᠂ ᠱᠢᠲᠠᠮᠠᠬᠠᠶ ᠬᠡᠶ᠎ᠶ᠋ᠢᠨ ᠬᠠᠭᠤᠴᠢᠨ ᠭᠤᠤᠷᠰᠤ ᠬᠤᠭᠤᠯᠠᠶ᠎ᠶ᠋ᠢ ᠥᠭᠡᠷᠡᠴᠢᠯᠡᠨ ᠰᠠᠢᠵᠢᠷᠠᠭᠤᠯᠬᠤ᠎ᠶ᠋ᠢ ᠭᠤᠤᠯᠳᠠᠯᠭ᠎ᠠ᠎ᠶ᠋ᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠢ ᠱᠢᠨᠡᠳᠭᠡᠨ ᠵᠠᠰᠠᠬᠤ᠎ᠲᠠᠢ ᠤᠶᠠᠯᠳᠤᠭᠤᠯᠤᠨ ᠠᠮᠤᠷ ᠲᠦᠪᠱᠢᠨ᠎ᠤ ᠬᠡᠮ ᠰᠣᠭᠤᠭ᠎ᠢ ᠲᠦᠢᠯᠪᠤᠷᠢᠲᠠᠶ ᠠᠷᠢᠯᠭᠠᠬᠤ ᠬᠡᠷᠡᠭ᠌ᠲᠡᠶ᠃ ᠱᠢᠲᠠᠮᠠᠬᠠᠶ ᠬᠡᠢ᠎ᠶ᠋ᠢᠨ ᠺᠣᠮᠫᠠᠨᠢ ᠠᠵᠤ ᠠᠬᠤᠢᠯᠠᠯ᠎ᠤᠨ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠵᠦ᠍᠂ ᠬᠠᠷᠢᠶᠠᠠ᠎ᠳᠠᠬᠢ ᠭᠤᠤᠷᠰᠤ ᠬᠤᠭᠤᠯᠠᠶ᠎ᠶ᠋ᠢ ᠴᠠᠭ ᠲᠤᠬᠠᠶ᠎ᠳᠤᠨᠢ ᠵᠢᠭ᠍ᠰᠠᠭᠠᠨ ᠪᠠᠢᠴᠠᠭᠠᠬᠤ᠎ᠪᠠᠨ ᠴᠢᠩᠭᠠᠳᠭᠠᠵᠤ᠂ ᠳᠠᠯᠳᠠ ᠭᠡᠮ ᠰᠤᠭᠤᠭ᠎ᠢ ᠣᠯᠵᠤ ᠮᠡᠳᠡᠪᠡᠯ ᠴᠠᠭ ᠲᠤᠬᠠᠶ᠎ᠳᠤᠨᠢ ᠱᠢᠢᠳᠪᠤᠷᠢᠯᠡᠭᠦ᠌ ᠬᠡᠷᠡᠭ᠌ᠲᠡᠶ᠃ ᠱᠢᠲᠠᠮᠠᠬᠠᠶ ᠬᠡᠶ᠎ᠶ᠋ᠢᠨ ᠬᠢᠨᠠᠨ ᠡᠵᠡᠮᠳᠡᠬᠦ᠌ ᠲᠥᠪ᠎ᠤᠨ ᠰᠦᠯᠵᠢᠶᠡᠨ ᠳᠡᠭᠡᠷᠡᠬᠢ ᠬᠠᠮᠢᠶᠠᠷᠤᠨ ᠡᠵᠡᠮᠳᠡᠬᠦ᠌ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠢᠨᠠᠨ ᠪᠠᠢᠴᠠᠭᠠᠵᠦ᠍ ᠰᠡᠷᠡᠮᠵᠢᠯᠡᠭᠦᠯᠬᠦ᠌᠎ᠶ᠋ᠢ ᠴᠢᠩᠭᠠᠳᠭᠠᠨ᠂ ᠱᠢᠲᠠᠮᠠᠬᠠᠶ ᠬᠡᠶ ᠬᠠᠩᠭᠠᠬᠤ ᠠᠮᠤᠷ ᠲᠦᠪᠱᠢᠨ᠎ᠢ ᠪᠠᠲᠤᠯᠠᠬᠤ ᠬᠡᠷᠡᠭ᠌ᠲᠡᠶ᠃ ᠠᠶᠤᠯᠭᠦᠢ ᠦᠢᠯᠡᠳᠪᠦᠷᠢᠯᠡᠯ᠎ᠤᠨ ᠤᠬᠠᠭᠤᠯᠭ᠎ᠠ ᠬᠥᠮᠦᠵᠢᠯ᠎ᠢ ᠴᠢᠩᠭᠠᠳᠭᠠᠨ᠂ ᠪᠠᠴᠢᠮ ᠪᠠᠢᠳᠠᠯ᠎ᠢ ᠠᠷᠭᠠᠴᠠᠭᠠᠬᠤ ᠠᠮᠤᠷ ᠲᠦᠪᠱᠢᠨ᠎ᠤ ᠶᠡᠷᠦ᠎ᠶ᠋ᠢᠨ ᠮᠡᠳᠡᠯᠭᠡ᠎ᠶ᠋ᠢ ᠤᠬᠠᠭᠤᠯᠤᠨ ᠲᠦᠭᠡᠮᠡᠯᠵᠢᠭᠦᠯᠬᠦ᠌ ᠡᠷᠴᠢᠮ᠎ᠢ ᠨᠡᠮᠡᠭ᠌ᠳᠡᠭᠦᠯᠵᠦ᠍᠂ ᠨᠡᠢᠲᠡ ᠣᠯᠠᠨ᠎ᠤ ᠪᠠᠴᠢᠮ ᠪᠠᠢᠳᠠᠯ᠎ᠢ ᠠᠷᠭᠠᠴᠠᠭᠠᠬᠤ ᠰᠡᠷᠭᠡᠢᠯᠡᠨ ᠬᠠᠮᠠᠭᠠᠯᠠᠬᠤ ᠦᠵᠡᠯ ᠤᠬᠠᠮᠰᠠᠷ ᠪᠣᠯᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠬᠥᠬᠡᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠸᠠᠩ ᠯᠢ ᠱᠢᠶᠠ᠂ ᠥᠪᠡᠷᠲᠡᠭᠡᠨ ᠵᠠᠰᠠᠬᠤ ᠣᠷᠣᠨ᠎ᠤ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠳ ᠪᠠᠢᠴᠠᠭᠠᠨ ᠵᠢᠯᠥᠭᠤᠳᠭᠤᠳᠤ ᠣᠷᠣᠯᠴᠠᠵᠠᠶ᠃