(2021 ᠣᠨ᠎ᠤ 4 ᠰᠠᠷ᠎ᠠ᠎ᠶ᠋ᠢᠨ 30 ᠤ ᠡᠲᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠤᠯᠤᠰ ᠲᠥᠷᠥ᠎ᠶ᠋ᠢᠨ ᠲᠣᠪᠴᠢᠶᠠᠨ᠎ᠤ ᠬᠤᠷᠠᠯ᠎ᠠᠴᠠ ᠬᠢᠨᠠᠨ ᠵᠦᠪᠯᠡᠵᠦ᠍ ᠵᠥᠪᠱᠢᠶᠡᠷᠡᠵᠦ᠍᠂ 2021 ᠣᠨ᠎ᠤ 5 ᠰᠠᠷ᠎ᠠ᠎ᠶ᠋ᠢᠨ 22 ᠤᠨ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠨᠡᠢᠲᠡᠯᠡᠪᠡ)
ᠨᠢᠭᠡᠳᠦᠭᠡᠷ ᠪᠦᠯᠦᠭ ᠶᠡᠷᠦᠩᠬᠡᠢ ᠲᠦᠷᠢᠮ
ᠨᠢᠭᠡᠳᠦᠭᠡᠷ ᠵᠦᠢᠯ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠢ ᠱᠠᠭᠠᠷᠳᠠᠯᠭ᠎ᠠ ᠪᠣᠯᠤᠨ ᠱᠢᠨ᠎ᠡ ᠴᠠᠭ ᠦᠶ᠎ᠡ᠎ᠶ᠋ᠢᠨ ᠨᠠᠮ᠎ᠤᠨ ᠵᠣᠬᠢᠶᠠᠨ ᠪᠠᠢᠭᠤᠯᠬᠤ ᠱᠤᠭᠤᠮ᠎ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠵᠣᠬᠢᠶᠠᠨ ᠪᠠᠢᠭᠤᠯᠬᠤ ᠠᠵᠢᠯ᠎ᠤᠨ ᠱᠢᠨᠵᠢᠯᠡᠬᠦ᠌ ᠤᠬᠠᠭᠠᠨᠴᠢᠯᠠᠬᠤ᠂ ᠳᠦᠷᠢᠮᠵᠢᠬᠦ᠂ ᠵᠢᠷᠤᠮᠵᠢᠬᠤ᠎ᠶ᠋ᠢ ᠠᠬᠢᠭᠤᠯᠵᠤ᠂ ᠨᠠᠮ᠎ᠤᠨ ᠵᠣᠬᠢᠶᠠᠨ ᠪᠠᠢᠭᠤᠯᠬᠤ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠷᠢᠮ》 ᠪᠣᠯᠤᠨ ᠬᠤᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢ ᠦᠨᠳᠦᠰᠦᠯᠡᠵᠦ᠍᠂ ᠲᠤᠰ ᠲᠦᠷᠢᠮ᠎ᠢ ᠲᠣᠭ᠍ᠲᠠᠭᠠᠪᠠ᠃
ᠬᠤᠶᠠᠳᠤᠭᠠᠷ ᠵᠦᠢᠯ ᠨᠠᠮ᠎ᠤᠨ ᠵᠣᠬᠢᠶᠠᠨ ᠪᠠᠢᠭᠤᠯᠬᠤ ᠠᠵᠢᠯ ᠪᠣᠯ ᠨᠠᠮ᠎ᠤᠨ ᠵᠣᠬᠢᠶᠠᠨ ᠪᠠᠢᠭᠤᠯᠬᠤ ᠱᠢᠰᠲ᠋ᠧᠮ᠎ᠤᠨ ᠪᠠᠢᠭᠤᠯᠤᠯᠲᠠ᠂ ᠤᠳᠤᠷᠢᠳᠭᠤ ᠪᠠᠭ ᠪᠠ ᠺᠠᠳ᠋ᠷ᠎ᠤᠨ ᠡᠩᠨᠡᠭᠡᠨ᠎ᠤ ᠪᠠᠢᠭᠤᠯᠤᠯᠲᠠ᠂ ᠴᠢᠳᠠᠪᠤᠷᠢᠲᠠᠨ᠎ᠤ ᠡᠩᠨᠡᠭᠡᠨ᠎ᠤ ᠪᠠᠢᠭᠤᠯᠤᠯᠲᠠ᠂ ᠨᠠᠮ᠎ᠤᠨ ᠭᠡᠱᠢᠭᠦᠨ᠎ᠤ ᠡᠩᠨᠡᠭᠡᠨ᠎ᠤ ᠪᠠᠢᠭᠤᠯᠤᠯᠲᠠ᠎ᠪᠠᠷ ᠭᠤᠣᠯ ᠠᠭᠤᠯᠭ᠎ᠠ᠎ᠪᠠᠨ ᠪᠣᠯᠭᠠᠭ᠍ᠰᠠᠨ ᠦᠢᠯᠡᠳᠦᠯᠭᠡ᠎ᠶ᠋ᠢᠨ ᠠᠵᠢᠯᠯᠠᠭ᠎ᠠ ᠮᠥᠨ᠂ ᠨᠠᠮ᠎ᠤᠨ ᠲᠦᠷᠦ᠍ ᠪᠠᠷᠢᠬᠤ ᠰᠠᠭᠤᠷᠢ᠎ᠶ᠋ᠢ ᠪᠠᠬᠢᠵᠢᠭᠦᠯᠬᠦ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠡᠶᠡᠯᠡᠭᠦᠯᠬᠦ᠂ ᠨᠠᠮ᠎ᠤᠨ ᠪᠦᠬᠦ᠌ ᠠᠵᠢᠯ᠎ᠢ ᠪᠡᠶᠡᠯᠡᠭᠦᠯᠬᠦ᠌᠎ᠶ᠋ᠢᠨ ᠴᠢᠬᠤᠯᠠ ᠪᠠᠲᠤᠯᠠᠭ᠎ᠠ ᠮᠥᠨ᠂ ᠨᠠᠮ᠎ᠠᠴᠠ ᠠᠷᠠᠳ ᠲᠦᠮᠡᠨ᠎ᠢ ᠤᠳᠤᠷᠢᠳᠤᠨ ᠬᠤᠪᠢᠰᠭᠠᠯ᠂ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ᠎ᠶ᠋ᠢᠨ ᠢᠯᠠᠯᠲᠠ᠎ᠶ᠋ᠢ ᠲᠠᠰᠤᠷᠠᠯᠲᠠ ᠦᠭᠡᠢ ᠲᠡᠮᠡᠴᠡᠨ ᠤᠯᠤᠬ᠍ᠰᠠᠨ ᠱᠢᠯᠢᠳᠡᠭ ᠤᠯᠠᠮᠵᠢᠯᠠᠯ ᠪᠠ ᠥᠪᠡᠷᠮᠢᠴᠡ ᠤᠨᠴᠠᠭᠠᠢ ᠳᠠᠪᠠᠭᠤᠯᠢᠭ ᠮᠥᠨ᠃
ᠭᠤᠷᠪᠠᠳᠤᠭᠠᠷ ᠵᠦᠢᠯ ᠨᠠᠮ᠎ᠤᠨ ᠵᠣᠬᠢᠶᠠᠨ ᠪᠠᠢᠭᠤᠯᠬᠤ ᠠᠵᠢᠯ᠎ᠨᠢ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠱᠢᠶᠣᠤ ᠫᠢᠩ᠎ᠤᠨ ᠣᠨᠣᠯ᠂ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠶ᠋ᠢ ᠪᠠᠷᠢᠮᠲᠠᠯᠠᠵᠦ᠍᠂ 《ᠳᠥᠷᠪᠡᠨ ᠤᠬᠠᠮᠰᠠᠷ》 ᠢᠶᠠᠨ ᠴᠢᠩᠭᠠᠳᠭᠠᠵᠦ᠍᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠨᠠᠮ᠎ᠤᠨ ᠤᠷᠲᠤ ᠬᠤᠭᠤᠴᠠᠭ᠎ᠠ᠎ᠪᠠᠷ ᠲᠥᠷᠥ᠍ ᠪᠠᠷᠢᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠦ᠍᠂ ᠲᠡᠷᠢᠭᠦᠨ᠎ᠤ ᠴᠢᠨᠠᠷ ᠪᠠ ᠴᠡᠪᠡᠷ ᠴᠢᠨᠠᠷ᠎ᠤᠨ ᠪᠠᠢᠭᠤᠯᠤᠯᠲᠠ᠎ᠪᠠᠷ ᠭᠤᠤᠯ ᠱᠢᠵᠢᠮ ᠪᠣᠯᠭᠠᠨ᠂ ᠨᠠᠮ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠤᠳᠣᠭᠤᠯᠵᠦ᠍᠂ ᠵᠣᠬᠢᠶᠠᠨ ᠪᠠᠢᠭᠤᠯᠬᠤ ᠱᠢᠰᠲ᠋ᠧᠮ᠎ᠤᠨ ᠪᠠᠢᠭᠤᠯᠤᠯᠲᠠ᠎ᠪᠠᠷ ᠭᠤᠤᠯᠳᠠᠯᠭ᠎ᠠ ᠪᠣᠯᠭᠠᠬᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ᠎ᠲᠠᠢ ᠺᠠᠳ᠋ᠷ᠎ᠢ ᠴᠢᠷᠮᠠᠢᠨ ᠬᠦᠮᠦᠵᠢᠭᠦᠯᠵᠦ᠍᠂ ᠤᠯᠤᠰ᠎ᠢᠶᠠᠨ ᠬᠠᠢᠷᠠᠯᠠᠵᠤ ᠬᠤᠪᠢ ᠨᠡᠮᠡᠷᠢ ᠦᠵᠡᠭᠦᠯᠬᠦ᠌ ᠡᠯ᠎ᠡ ᠲᠠᠯ᠎ᠠ᠎ᠶ᠋ᠢᠨ ᠱᠢᠯᠢᠳᠡᠭ ᠴᠢᠳᠠᠪᠤᠷᠢᠲᠠᠨ᠎ᠢ ᠴᠢᠷᠮᠠᠢᠨ ᠲᠥᠪᠯᠡᠷᠡᠭᠦᠯᠵᠦ᠍᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠠᠢᠴᠢᠨ ᠪᠠᠬᠢᠯᠡᠯᠲᠡ᠎ᠶ᠋ᠢᠨ ᠦᠢᠯᠡᠳᠦᠯ ᠪᠠ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠤᠠ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌᠎ᠳᠤ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠨ᠎ᠠ᠃
ᠳᠥᠷᠪᠡᠳᠦᠭᠡᠷ ᠵᠦᠢᠯ ᠨᠠᠮ᠎ᠤᠨ ᠵᠣᠬᠢᠶᠠᠨ ᠪᠠᠢᠭᠤᠯᠬᠤ ᠠᠵᠢᠯ ᠳᠣᠣᠷᠠᠬᠢ ᠵᠠᠷᠴᠢᠮ᠎ᠢ ᠵᠢᠷᠤᠮᠯᠠᠨ᠎ᠠ᠄
(ᠨᠢᠭᠡ) ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ᠎ᠠ;
(ᠬᠤᠶᠠᠷ) ᠵᠣᠬᠢᠶᠠᠨ ᠪᠠᠢᠭᠤᠯᠬᠤ ᠱᠤᠭᠤᠮ ᠤᠯᠤᠰ ᠲᠥᠷᠥ᠎ᠶ᠋ᠢᠨ ᠱᠤᠭᠤᠮ᠎ᠳᠤ ᠦᠢᠯᠡᠴᠢᠯᠡᠬᠦ᠌᠎ᠶ᠋ᠢ ᠪᠠᠷᠢᠮᠲᠠᠯᠠᠨ᠎ᠠ;
(ᠭᠤᠷᠪᠠ) ᠠᠷᠠᠳᠴᠢᠯᠠᠯ ᠲᠥᠪᠯᠡᠷᠡᠯ᠎ᠤᠨ ᠶᠤᠰᠤ᠎ᠶ᠋ᠢ ᠪᠠᠷᠢᠮᠲᠠᠯᠠᠨ᠎ᠠ;
(ᠲᠦᠷᠪᠡ) ᠨᠠᠮ᠎ᠤᠨ ᠤᠯᠠᠨ ᠲᠦᠮᠡᠨᠴᠢ ᠱᠤᠭᠤᠮ᠎ᠢ ᠪᠠᠷᠢᠮᠲᠠᠯᠠᠨ᠎ᠠ;
(ᠲᠠᠪᠤ) ᠨᠠᠮ ᠺᠠᠳ᠋ᠷ᠎ᠢ ᠬᠠᠮᠢᠶᠠᠷᠬᠤ᠂ ᠨᠠᠮ ᠴᠢᠳᠠᠪᠤᠷᠢᠲᠠᠨ᠎ᠢ ᠬᠠᠮᠢᠶᠠᠷᠬᠤ᠎ᠶ᠋ᠢ ᠪᠠᠷᠢᠮᠲᠠᠯᠠᠨ᠎ᠠ;
(ᠵᠢᠷᠭᠤᠭ᠎ᠠ) ᠮᠣᠷᠠᠯ ᠴᠢᠳᠠᠪᠤᠷᠢ᠎ᠶ᠋ᠢ ᠬᠤᠣᠰᠯᠠᠭᠤᠯᠬᠤ᠂ ᠮᠣᠷᠠᠯ᠎ᠢ ᠲᠡᠷᠢᠭᠦᠨ᠎ᠳᠤ ᠲᠠᠯᠪᠢᠬᠤ᠂ ᠡᠷᠳᠡᠮᠲᠡᠨ ᠴᠢᠳᠠᠪᠤᠷᠢᠳᠠᠨ᠎ᠢ ᠬᠡᠷᠡᠭ᠌ᠯᠡᠬᠦ᠌᠎ᠶ᠋ᠢ ᠪᠠᠷᠢᠮᠲᠠᠯᠠᠨ᠎ᠠ;
(ᠲᠤᠯᠤᠭ᠎ᠠ) ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠠᠵᠢᠯ᠎ᠢ ᠪᠦᠬᠦᠨ᠎ᠢ ᠪᠦᠷᠬᠦᠬᠦᠯᠬᠦ᠌᠎ᠶ᠋ᠢ ᠪᠠᠷᠢᠮᠲᠠᠯᠠᠨ᠎ᠠ;
(ᠨᠠᠢ᠍ᠮᠠ) ᠦᠨᠡᠨ᠎ᠢ ᠪᠠᠷᠢᠮᠳᠠᠯᠠᠨ ᠪᠤᠳᠠᠳᠠᠢ᠎ᠶ᠋ᠢ ᠡᠷᠬᠢᠮᠯᠡᠬᠦ᠂ ᠲᠥᠪ ᠭᠤᠣᠯᠴᠢ ᠪᠠᠢᠬᠤ᠎ᠶ᠋ᠢ ᠪᠠᠷᠢᠮᠲᠠᠯᠠᠨ᠎ᠠ;
(ᠶᠢᠰᠦ) ᠬᠠᠤᠯᠢ ᠲᠣᠭ᠍ᠲᠠᠭᠠᠯ ᠶᠣᠰᠣᠭᠠᠷ᠂ ᠱᠢᠨᠵᠢᠯᠡᠬᠦ᠌ ᠤᠬᠠᠭᠠᠨᠴᠢ ᠲᠦᠷᠢᠮᠵᠢᠩᠬᠦᠢ ᠪᠠᠢᠬᠤ᠎ᠶ᠋ᠢ ᠪᠠᠷᠢᠮᠲᠠᠯᠠᠨ᠎ᠠ᠃
ᠬᠤᠶᠠᠳᠤᠭᠠᠷ ᠪᠦᠯᠦᠭ ᠤᠳᠤᠷᠢᠳᠭᠤ ᠪᠠᠢᠭᠤᠯᠤᠮᠵᠢ ᠪᠠ ᠲᠤᠱᠢᠶᠠᠯ ᠬᠠᠷᠢᠭᠤᠴᠠᠯᠭ᠎ᠠ
ᠲᠠᠪᠤᠳᠤᠭᠠᠷ ᠵᠦᠢᠯ ᠵᠣᠬᠢᠶᠠᠨ ᠪᠠᠢᠭᠤᠯᠬᠤ ᠠᠵᠢᠯ᠎ᠨᠢ ᠨᠠᠮ᠎ᠤᠨ ᠲᠥᠪ ᠬᠤᠷᠢᠶᠠᠠ᠎ᠤ ᠲᠥᠪᠯᠡᠷᠡᠩᠭᠦᠢ ᠨᠢᠭᠡᠳᠦᠯᠲᠡᠢ ᠤᠳᠤᠷᠢᠲᠤᠯᠭ᠎ᠠ᠎ᠶ᠋ᠢ ᠭᠡᠷᠡᠭ᠌ᠵᠢᠭᠦᠯᠵᠦ᠍᠂ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠱᠠᠳᠤ ᠬᠤᠪᠢᠶᠠᠨ ᠲᠦᠷᠦᠯ ᠬᠤᠪᠢᠶᠠᠨ ᠤᠳᠤᠷᠢᠳᠴᠤ᠌᠂ ᠵᠣᠬᠢᠶᠠᠨ ᠪᠠᠢᠭᠤᠯᠬᠤ ᠰᠠᠯᠠᠭ᠎ᠠ ᠮᠥᠴᠢᠷ ᠲᠤᠰᠭᠠᠢ ᠬᠠᠷᠢᠭᠤᠴᠠᠵᠦ᠍᠂ ᠬᠤᠯᠪᠣᠭ᠍ᠳᠠᠯ ᠪᠦᠬᠦᠢ ᠲᠠᠯ᠎ᠠ᠎ᠶ᠋ᠢᠨ᠎ᠬᠢᠨ ᠲᠤᠰ ᠲᠤᠰ᠎ᠤᠨ ᠡᠭᠦᠷᠭᠡ ᠲᠤᠱᠢᠶᠠᠯ᠎ᠢᠶᠠᠨ ᠭᠦᠢᠴᠡᠳᠭᠡᠵᠦ᠍᠂ ᠨᠢᠭ᠍ᠲᠠ ᠬᠠᠮᠵᠢᠯᠴᠠᠬᠤ ᠤᠳᠤᠷᠢᠳᠭᠤ ᠪᠠᠢᠭᠤᠯᠤᠮᠵᠢ᠎ᠶ᠋ᠢ ᠬᠡᠷᠡᠭ᠌ᠵᠢᠭᠦᠯᠦᠨ᠎ᠡ᠃
ᠨᠠᠮ᠎ᠤᠨ ᠲᠥᠪ ᠬᠤᠷᠢᠶ᠎ᠠ ᠵᠢᠴᠢ ᠣᠷᠣᠨ ᠨᠤᠲᠤᠭ᠎ᠤᠨ ᠨᠠᠮ᠎ᠤᠨ ᠬᠤᠷᠢᠶ᠎ᠠ ᠵᠣᠬᠢᠶᠠᠨ ᠪᠠᠢᠭᠤᠯᠬᠤ ᠬᠡᠯᠲᠡᠰ ᠭᠠᠷᠭᠠᠵᠤ᠂ ᠡᠯ᠎ᠡ ᠱᠠᠲᠤᠨ᠎ᠤ ᠨᠠᠮ ᠵᠠᠰᠠᠭ᠎ᠤᠨ ᠪᠠᠢᠭᠤᠯᠭ᠎ᠠ᠂ ᠠᠷᠠᠳ᠎ᠤᠨ ᠪᠦᠯᠬᠦᠮ᠂ ᠤᠯᠤᠰ᠎ᠤᠨ ᠥᠮᠴᠢᠯᠡᠯ᠎ᠳᠤ ᠠᠵᠤ ᠠᠬᠤᠢᠯᠠᠯ ᠪᠠ ᠠᠵᠢᠯ ᠦᠢᠯᠡᠰ᠎ᠤᠨ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠨᠢ ᠵᠣᠬᠢᠶᠠᠨ ᠪᠠᠢᠭᠤᠯᠬᠤ ᠠᠵᠢᠯ᠎ᠤᠨ ᠪᠠᠢᠭᠤᠯᠤᠮᠵᠢ ᠪᠤᠶᠤ ᠲᠤᠰᠭᠠᠢ ᠲᠤᠱᠢᠶᠠᠯ᠎ᠤᠨ ᠠᠵᠢᠯ᠎ᠤᠨ ᠪᠠᠢᠷᠢ ᠭᠠᠷᠭᠠᠵᠤ᠂ ᠵᠣᠬᠢᠶᠠᠨ ᠪᠠᠢᠭᠤᠯᠬᠤ ᠠᠵᠢᠯ᠎ᠢ ᠲᠤᠰᠭᠠᠢᠯᠠᠨ ᠬᠠᠷᠢᠭᠤᠴᠠᠭᠤᠯᠤᠨ᠎ᠠ᠃
ᠲᠥᠪ᠎ᠤᠨ ᠵᠣᠬᠢᠶᠠᠨ ᠪᠠᠢᠭᠤᠯᠬᠤ ᠬᠡᠯᠲᠡᠰ ᠡᠯ᠎ᠡ ᠱᠠᠲᠤᠨ᠎ᠤ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠤᠨ ᠠᠵᠢᠯ᠎ᠢ ᠵᠢᠯᠣᠭᠤᠳᠴᠤ᠌᠂ ᠳᠡᠭᠡᠳᠦ ᠱᠠᠲᠤᠨ᠎ᠤ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠨᠢ ᠲᠤᠤᠷᠠᠳᠤ ᠱᠠᠲᠤᠨ᠎ᠤ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠤᠨ ᠠᠵᠢᠯ᠎ᠢ ᠵᠢᠯᠣᠭᠤᠳᠤᠨ᠎ᠠ᠃
ᠵᠢᠷᠭᠤᠳᠤᠭᠠᠷ ᠵᠦᠢᠯ ᠨᠠᠮ᠎ᠤᠨ ᠲᠥᠪ ᠬᠤᠷᠢᠶ᠎ᠠ᠎ᠠᠴᠠ ᠵᠣᠬᠢᠶᠠᠨ ᠪᠠᠢᠭᠤᠯᠬᠤ ᠠᠵᠢᠯ᠎ᠤᠨ ᠱᠤᠭᠤᠮ ᠴᠢᠭ᠌ᠯᠡᠯᠲᠡ ᠲᠦᠷᠦ᠎ᠶ᠋ᠢᠨ ᠪᠤᠳᠤᠯᠭ᠎ᠠ᠎ᠶ᠋ᠢ ᠲᠣᠭ᠍ᠲᠠᠭᠠᠵᠤ᠂ ᠵᠣᠬᠢᠶᠠᠨ ᠪᠠᠢᠭᠤᠯᠬᠤ ᠠᠵᠢᠯ᠎ᠤᠨ ᠨᠠᠮ᠎ᠤᠨ ᠳᠣᠲᠣᠭᠠᠳᠤ᠎ᠶ᠋ᠢᠨ ᠴᠢᠬᠤᠯᠠ ᠬᠠᠤᠯᠢ ᠲᠣᠭ᠍ᠲᠠᠭᠠᠯ ᠪᠠ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠲᠣᠭ᠍ᠲᠠᠭᠠᠵᠤ᠂ ᠵᠣᠬᠢᠶᠠᠨ ᠪᠠᠢᠭᠤᠯᠬᠤ ᠠᠵᠢᠯ᠎ᠤᠨ ᠴᠢᠬᠤᠯᠠ ᠶᠡᠭᠡ ᠪᠠᠢᠯᠳᠤᠬᠤ ᠪᠤᠳᠤᠯᠭ᠎ᠠ᠂ ᠴᠢᠬᠤᠯᠠ ᠶᠡᠭᠡ ᠥᠭᠡᠷᠡᠴᠢᠯᠡᠯᠲᠡ᠂ ᠴᠢᠬᠤᠯᠠ ᠶᠡᠭᠡ ᠠᠷᠭ᠎ᠠ ᠬᠡᠮᠵᠢᠶ᠎ᠡ᠂ ᠴᠢᠬᠤᠯᠠ ᠶᠡᠭᠡ ᠬᠡᠷᠡᠭ ᠶᠠᠪᠤᠳᠠᠯ᠎ᠳᠤ ᠱᠢᠢᠳᠪᠦᠷᠢᠲᠦ ᠪᠤᠳᠤᠯᠭ᠎ᠠ ᠲᠤᠭ᠍ᠲᠠᠭᠠᠵᠦ᠍᠂ ᠨᠠᠮ᠎ᠤᠨ ᠵᠣᠬᠢᠶᠠᠨ ᠪᠠᠢᠭᠤᠯᠬᠤ ᠱᠢᠰᠲ᠋ᠧᠮ᠎ᠤᠨ ᠪᠠᠢᠭᠤᠯᠤᠯᠲᠠ᠂ ᠺᠠᠳ᠋ᠷ᠎ᠤᠨ ᠠᠵᠢᠯ᠂ ᠴᠢᠳᠠᠪᠤᠷᠢᠲᠠᠨ᠎ᠤ ᠠᠵᠢᠯ᠎ᠢ ᠪᠦᠬᠦ᠌ ᠲᠠᠯ᠎ᠠ᠎ᠪᠠᠷ ᠤᠳᠤᠷᠢᠳᠴᠤ᠌᠂ ᠬᠤᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠺᠠᠳ᠋ᠷ᠎ᠢ ᠲᠠᠨᠢᠯᠴᠠᠭᠤᠯᠵᠤ᠂ ᠨᠡᠷ᠎ᠡ ᠳᠤᠷᠠᠳᠴᠤ᠌᠂ ᠲᠤᠱᠢᠶᠠᠯ᠎ᠳᠤ ᠲᠣᠮᠢᠯᠠᠵᠤ ᠲᠤᠱᠢᠶᠠᠯ᠎ᠠᠴᠠ ᠪᠠᠭᠤᠯᠭᠠᠨ᠎ᠠ᠃
ᠨᠠᠮ᠎ᠤᠨ ᠲᠥᠪ ᠬᠤᠷᠢᠶ᠎ᠠ ᠶᠡᠷᠦ᠎ᠳᠡᠭᠡᠨ 5 ᠵᠢᠯ᠎ᠳᠤ ᠨᠢᠭᠡ ᠤᠳᠠᠭ᠎ᠠ ᠪᠦᠬᠦ᠌ ᠤᠯᠤᠰ᠎ᠤᠨ ᠵᠣᠬᠢᠶᠠᠨ ᠪᠠᠢᠭᠤᠯᠬᠤ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠨᠢᠭᠡ ᠭᠡᠰᠡᠭ ᠬᠤᠭᠤᠴᠠᠭᠠᠨ᠎ᠤ ᠵᠣᠬᠢᠶᠠᠨ ᠪᠠᠢᠭᠤᠯᠬᠤ ᠠᠵᠢᠯ᠎ᠳᠤ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠨ᠎ᠠ᠃
ᠳᠣᠯᠣᠳᠤᠭᠠᠷ ᠵᠦᠢᠯ ᠣᠷᠣᠨ ᠨᠤᠲᠤᠭ᠎ᠤᠨ ᠨᠠᠮ᠎ᠤᠨ ᠬᠤᠷᠢᠶ᠎ᠠ ᠲᠤᠰ ᠭᠠᠵᠠᠷ ᠣᠷᠣᠨ᠎ᠤ᠎ᠪᠠᠨ ᠵᠣᠬᠢᠶᠠᠨ ᠪᠠᠢᠭᠤᠯᠬᠤ ᠠᠵᠢᠯ᠎ᠤᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠨ᠎ᠡ᠃ ᠭᠤᠣᠯ ᠲᠤᠱᠢᠶᠠᠯ ᠬᠠᠷᠢᠭᠤᠴᠠᠯᠭ᠎ᠠ ᠪᠣᠯ᠄
(ᠨᠢᠭᠡ) ᠨᠠᠮ᠎ᠤᠨ ᠵᠣᠬᠢᠶᠠᠨ ᠪᠠᠢᠭᠤᠯᠬᠤ ᠠᠵᠢᠯ᠎ᠤᠨ ᠱᠤᠭᠤᠮ ᠴᠢᠭ᠌ᠯᠡᠯᠲᠡ ᠲᠦᠷᠦ᠎ᠶ᠋ᠢᠨ ᠪᠤᠳᠤᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠣᠬᠢᠶᠠᠨ ᠪᠠᠢᠭᠤᠯᠬᠤ ᠠᠵᠢᠯ᠎ᠤᠨ ᠲᠤᠬᠠᠢ ᠨᠠᠮ᠎ᠤᠨ ᠲᠥᠪ ᠬᠤᠷᠢᠶ᠎ᠠ ᠵᠢᠴᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠂ ᠵᠢᠭᠠᠪᠤᠷᠢ᠎ᠶ᠋ᠢᠨ ᠱᠠᠭᠠᠷᠳᠠᠯᠭ᠎ᠠ᠎ᠶ᠋ᠢ ᠬᠡᠷᠡᠭ᠌ᠵᠢᠭᠦᠯᠦᠨ᠂ ᠡᠷᠬᠡ᠎ᠶ᠋ᠢᠨ ᠬᠡᠪᠴᠢᠶ᠎ᠡ ᠶᠣᠰᠣᠭᠠᠷ ᠵᠣᠬᠢᠶᠠᠨ ᠪᠠᠢᠭᠤᠯᠬᠤ ᠠᠵᠢᠯ᠎ᠤᠨ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ ᠪᠠ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠲᠣᠭ᠍ᠲᠠᠭᠠᠵᠤ᠂ ᠲᠤᠰ ᠭᠠᠵᠠᠷ ᠣᠷᠣᠨ᠎ᠤ᠎ᠪᠠᠨ ᠵᠣᠬᠢᠶᠠᠨ ᠪᠠᠢᠭᠤᠯᠬᠤ ᠠᠵᠢᠯ᠎ᠤᠨ ᠴᠢᠬᠤᠯᠠ ᠶᠡᠭᠡ ᠤᠴᠢᠷ ᠶᠠᠪᠤᠲᠠᠯ ᠪᠠ ᠴᠢᠬᠤᠯᠠ ᠠᠵᠢᠯ᠎ᠢ ᠰᠤᠳᠤᠯᠤᠨ ᠪᠠᠢᠷᠢᠯᠠᠭᠤᠯᠤᠨ᠎ᠠ;
(ᠬᠤᠶᠠᠷ) ᠠᠳᠠᠯᠢ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠂ ᠵᠠᠰᠠᠭ᠎ᠤᠨ ᠣᠷᠳᠣᠨ᠂ ᠤᠯᠤᠰ ᠲᠦᠷᠦ᠎ᠶ᠋ᠢᠨ ᠵᠥᠪᠯᠡᠯᠭᠡᠨ᠂ ᠬᠢᠨᠠᠨ ᠪᠠᠢᠴᠠᠭᠠᠬᠤ ᠪᠠᠢᠭᠤᠯᠭ᠎ᠠ᠂ ᠱᠢᠭᠦᠨ ᠲᠠᠰᠤᠯᠬᠤ ᠪᠠᠢᠭᠤᠯᠭ᠎ᠠ᠂ ᠪᠠᠢᠴᠠᠭᠠᠬᠤ ᠪᠠᠢᠭᠤᠯᠭ᠎ᠠ᠂ ᠠᠷᠠᠳ᠎ᠤᠨ ᠪᠦᠯᠬᠦᠮ ᠵᠡᠷᠭᠡ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠵᠢᠯ᠎ᠢ ᠤᠳᠤᠷᠢᠳᠴᠤ᠌᠂ ᠲᠤᠤᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠵᠣᠬᠢᠶᠠᠨ ᠪᠠᠢᠭᠤᠯᠤᠯᠳᠠ᠎ᠶ᠋ᠢᠨ ᠠᠵᠢᠯ ᠥᠷᠨᠢᠭᠦᠯᠬᠦ᠌᠎ᠶ᠋ᠢ ᠵᠢᠯᠣᠭᠤᠳᠭᠤ ᠪᠠ ᠱᠠᠯᠠᠪᠲᠠᠭᠤᠯᠤᠨ ᠪᠠᠢᠴᠠᠭᠠᠨ᠎ᠠ;
(ᠭᠤᠷᠪᠠ) ᠲᠤᠰ ᠭᠠᠵᠠᠷ ᠣᠷᠣᠨ᠎ᠤ᠎ᠪᠠᠨ ᠨᠠᠮ᠎ᠤᠨ ᠵᠣᠬᠢᠶᠠᠨ ᠪᠠᠢᠭᠤᠯᠬᠤ ᠱᠢᠰᠲ᠋ᠧᠮ᠎ᠤᠨ ᠪᠠᠢᠭᠤᠯᠤᠯᠲᠠ᠎ᠶ᠋ᠢ ᠤᠳᠤᠷᠢᠳᠴᠤ᠌᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ᠎ᠤ ᠡᠩᠨᠡᠭᠡᠨ᠎ᠤ ᠪᠠᠢᠭᠤᠯᠤᠯᠲᠠ᠎ᠶ᠋ᠢ ᠴᠢᠩᠭᠠᠳᠭᠠᠨ᠎ᠠ;
(ᠲᠦᠷᠪᠡ) ᠺᠠᠳ᠋ᠷ᠎ᠢ ᠬᠠᠮᠢᠶᠠᠷᠬᠤ ᠡᠷᠬᠡ᠎ᠶ᠋ᠢᠨ ᠬᠡᠪᠴᠢᠶ᠎ᠡ ᠶᠣᠰᠣᠭᠠᠷ ᠺᠠᠳ᠋ᠷ᠎ᠢ ᠲᠤᠱᠢᠶᠠᠯ᠎ᠳᠤ ᠲᠣᠮᠢᠯᠠᠵᠤ ᠲᠤᠱᠢᠶᠠᠯ᠎ᠠᠴᠠ ᠪᠠᠭᠤᠯᠭᠠᠬᠤ ᠪᠠ ᠬᠠᠮᠢᠶᠠᠷᠴᠤ᠌᠂ ᠣᠷᠣᠨ ᠨᠤᠲᠤᠭ᠎ᠤᠨ ᠤᠯᠤᠰ᠎ᠤᠨ ᠪᠠᠢᠭᠤᠯᠭ᠎ᠠ᠂ ᠤᠯᠤᠰ ᠲᠦᠷᠦ᠎ᠶ᠋ᠢᠨ ᠵᠥᠪᠯᠡᠯᠭᠡᠨ᠎ᠤ ᠵᠣᠬᠢᠶᠠᠨ ᠪᠠᠢᠭᠤᠯᠤᠯᠲᠠ᠂ ᠠᠷᠠᠳ᠎ᠤᠨ ᠪᠦᠯᠬᠦᠮ᠂ ᠤᠯᠤᠰ᠎ᠤᠨ ᠥᠮᠴᠢᠯᠡᠯ᠎ᠳᠤ ᠠᠵᠤ ᠠᠬᠤᠢᠯᠠᠯ ᠪᠠ ᠠᠵᠢᠯ ᠦᠢᠯᠡᠰ᠎ᠤᠨ ᠨᠢᠭᠡᠴᠢ᠎ᠳᠤ ᠴᠢᠬᠤᠯᠠ ᠺᠠᠳ᠋ᠷ᠎ᠢ ᠲᠠᠨᠢᠯᠴᠠᠭᠤᠯᠤᠨ᠎ᠠ;
(ᠲᠠᠪᠤ) ᠴᠢᠳᠠᠪᠤᠷᠢᠲᠠᠨ᠎ᠢᠶᠠᠷ ᠤᠯᠤᠰ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢ ᠲᠤᠭᠤᠱᠢᠯᠠᠭᠤᠯᠵᠦ᠍᠂ ᠬᠤᠯᠪᠣᠭ᠍ᠳᠠᠯ ᠪᠥᠬᠦᠶ ᠲᠠᠯ᠎ᠠ᠎ᠶ᠋ᠢᠨ᠎ᠬᠢᠨ᠎ᠢ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠵᠤ ᠪᠠᠢᠭᠠᠳ ᠲᠣᠰ ᠭᠠᠵᠠᠷ ᠣᠷᠣᠨ᠎ᠤ ᠴᠢᠳᠠᠪᠤᠷᠢᠲᠠᠨ᠎ᠤ ᠠᠵᠢᠯ᠎ᠳᠤ ᠬᠠᠮᠲᠤ᠎ᠪᠠᠷ ᠣᠷᠣᠯᠴᠠᠬᠤ᠎ᠶ᠋ᠢ ᠠᠬᠢᠭᠤᠯᠤᠨ᠎ᠠ;
(ᠵᠢᠷᠭᠤᠭ᠎ᠠ) ᠨᠠᠮ᠎ᠤᠨ ᠲᠥᠪ ᠬᠤᠷᠢᠶ᠎ᠠ ᠵᠢᠴᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠤᠱᠢᠶᠠᠬ᠍ᠰᠡᠨ ᠪᠤᠰᠤᠳ ᠡᠭᠦᠷᠭᠡ᠎ᠶ᠋ᠢ ᠪᠡᠶᠡᠯᠡᠭᠦᠯᠦᠨ᠎ᠡ᠃
ᠨᠠᠮ᠎ᠤᠨ ᠤᠳᠤᠷᠢᠳᠭᠤ ᠳᠤᠭᠤᠢᠯᠠᠩ᠎ᠨᠢ ᠲᠤᠰ ᠨᠢᠭᠡᠴᠢ᠎ᠶ᠋ᠢᠨ᠎ᠢᠶᠠᠨ ᠵᠣᠬᠢᠶᠠᠨ ᠪᠠᠢᠭᠤᠯᠬᠤ ᠠᠵᠢᠯ᠎ᠤᠨ ᠤᠳᠤᠷᠢᠳᠭᠤ ᠲᠤᠱᠢᠶᠠᠯ ᠬᠠᠷᠢᠭᠤᠴᠠᠯᠭ᠎ᠠ᠎ᠶ᠋ᠢ ᠬᠤᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠭᠦᠢᠴᠡᠳᠭᠡᠨ᠎ᠡ᠃
ᠨᠠᠢ᠍ᠮᠠᠳᠤᠭᠠᠷ ᠵᠦᠢᠯ ᠲᠥᠪ᠎ᠤᠨ ᠵᠣᠬᠢᠶᠠᠨ ᠪᠠᠢᠭᠤᠯᠬᠤ ᠬᠡᠯᠲᠡᠰ ᠪᠠ ᠣᠷᠣᠨ ᠨᠤᠲᠤᠭ᠎ᠤᠨ ᠨᠠᠮ᠎ᠤᠨ ᠬᠤᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠤᠨ ᠭᠤᠣᠯ ᠲᠤᠱᠢᠶᠠᠯ ᠬᠠᠷᠢᠭᠤᠴᠠᠯᠭ᠎ᠠ ᠪᠣᠯ᠄
(ᠨᠢᠭᠡ) ᠨᠠᠮ᠎ᠤᠨ ᠲᠥᠪ ᠬᠤᠷᠢᠶ᠎ᠠ ᠵᠢᠴᠢ ᠲᠤᠰ ᠱᠠᠲᠤᠨ᠎ᠤ ᠨᠠᠮ᠎ᠤᠨ ᠬᠤᠷᠢᠶᠠᠨ᠎ᠤ ᠤᠳᠤᠷᠢᠳᠤᠯᠭ᠎ᠠ ᠳᠣᠣᠷ᠎ᠠ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠵᠢᠯ᠎ᠤᠨ ᠱᠤᠭᠤᠮ ᠴᠢᠭ᠌ᠯᠡᠯᠲᠡ ᠲᠦᠷᠦ᠎ᠶ᠋ᠢᠨ ᠪᠤᠳᠤᠯᠭ᠎ᠠ ᠪᠠ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠶ᠋ᠢ ᠪᠣᠳᠠᠲᠠᠢ ᠬᠠᠷᠢᠭᠤᠴᠠᠵᠤ᠂ ᠡᠷᠬᠡ᠎ᠶ᠋ᠢᠨ ᠬᠡᠪᠴᠢᠶ᠎ᠠ ᠪᠠ ᠠᠵᠢᠯ᠎ᠤᠨ ᠬᠤᠪᠢᠶᠠᠷᠢᠯᠠᠯ ᠶᠣᠰᠣᠭᠠᠷ ᠵᠣᠬᠢᠶᠠᠨ ᠪᠠᠢᠭᠤᠯᠬᠤ ᠠᠵᠢᠯ᠎ᠤᠨ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ ᠪᠠ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠲᠣᠭ᠍ᠲᠠᠭᠠᠨ ᠲᠤᠭᠤᠷᠪᠢᠵᠤ᠂ ᠵᠣᠬᠢᠶᠠᠨ ᠪᠠᠢᠭᠤᠯᠬᠤ ᠲᠦᠷᠢᠮ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ;
(ᠬᠤᠶᠠᠷ) ᠵᠣᠬᠢᠶᠠᠨ ᠪᠠᠢᠭᠤᠯᠬᠤ ᠠᠵᠢᠯ᠎ᠤᠨ ᠴᠢᠬᠤᠯᠠ ᠤᠨᠤᠯ ᠪᠠ ᠦᠢᠯᠡᠳᠦᠯᠭᠡ᠎ᠶ᠋ᠢᠨ ᠠᠰᠠᠭᠤᠳᠠᠯ᠎ᠢ ᠰᠤᠳᠤᠯᠵᠤ᠂ ᠲᠦᠷᠢᠮ ᠲᠣᠭ᠍ᠲᠡᠴᠡ᠎ᠶ᠋ᠢ ᠲᠡᠭᠦᠯᠳᠡᠷᠵᠢᠭᠦᠯᠬᠦ᠌ ᠲᠤᠬᠠᠢ ᠲᠦᠷᠦ᠎ᠶ᠋ᠢᠨ ᠪᠤᠳᠤᠯᠭ᠎ᠠ᠎ᠶ᠋ᠢᠨ ᠰᠠᠨᠠᠭᠤᠯᠭ᠎ᠠ ᠳᠤᠷᠠᠳᠴᠤ᠌᠂ ᠨᠠᠮ᠎ᠤᠨ ᠲᠥᠪ ᠬᠤᠷᠢᠶ᠎ᠠ ᠵᠢᠴᠢ ᠲᠤᠰ ᠱᠠᠲᠤᠨ᠎ᠤ ᠨᠠᠮ᠎ᠤᠨ ᠬᠤᠷᠢᠶᠠᠨ᠎ᠤ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠳᠤ ᠯᠠᠪᠯᠠᠯᠲᠠ ᠬᠠᠩᠭᠠᠨ᠎ᠠ;
(ᠭᠤᠷᠪᠠ) ᠨᠠᠮ᠎ᠤᠨ ᠵᠣᠬᠢᠶᠠᠨ ᠪᠠᠢᠭᠤᠯᠬᠤ ᠱᠢᠰᠲ᠋ᠧᠮ᠎ᠤᠨ ᠪᠠᠢᠭᠤᠯᠤᠯᠲᠠ᠎ᠶ᠋ᠢ ᠬᠠᠷᠢᠭᠤᠴᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ᠎ᠤ ᠡᠩᠨᠡᠭᠡᠨ᠎ᠤ ᠪᠠᠢᠭᠤᠯᠤᠯᠲᠠ᠎ᠶ᠋ᠢ ᠴᠢᠩᠭᠠᠳᠭᠠᠨ᠎ᠠ;
(ᠲᠦᠷᠪᠡ) ᠺᠠᠳ᠋ᠷ᠎ᠤᠨ ᠠᠵᠢᠯ ᠪᠠ ᠺᠠᠳ᠋ᠷ᠎ᠤᠨ ᠡᠩᠨᠡᠭᠡ᠎ᠶ᠋ᠢ ᠨᠢᠭᠡᠳᠦᠯᠲᠡᠢ ᠬᠠᠮᠢᠶᠠᠷᠬᠤ ᠠᠵᠢᠯ᠎ᠢ ᠬᠠᠷᠢᠭᠤᠴᠠᠵᠤ᠂ ᠺᠠᠳ᠋ᠷ᠎ᠢ ᠬᠠᠮᠢᠶᠠᠷᠬᠤ ᠡᠷᠬᠡ᠎ᠶ᠋ᠢᠨ ᠬᠡᠪᠴᠢᠶ᠎ᠡ ᠪᠠ ᠠᠵᠢᠯ᠎ᠤᠨ ᠬᠤᠪᠢᠶᠠᠷᠢᠯᠠᠯ ᠶᠣᠰᠣᠭᠠᠷ ᠤᠳᠤᠷᠢᠳᠭᠤ ᠪᠠᠭ᠎ᠤᠨ ᠪᠠᠢᠭᠤᠯᠤᠯᠲᠠ᠎ᠶ᠋ᠢᠨ ᠬᠤᠯᠪᠣᠭ᠍ᠳᠠᠯ ᠪᠦᠬᠦᠢ ᠪᠣᠳᠠᠲᠠᠢ ᠠᠵᠢᠯ᠎ᠢ ᠬᠠᠷᠢᠭᠤᠴᠠᠨ᠎ᠠ;
(ᠲᠠᠪᠤ) ᠴᠢᠳᠠᠪᠤᠷᠢᠲᠠᠨ᠎ᠤ ᠠᠵᠢᠯ᠎ᠢ ᠵᠢᠯᠣᠭᠤᠳᠤᠨ ᠵᠣᠬᠢᠴᠠᠭᠤᠯᠬᠤ ᠪᠠ ᠴᠢᠳᠠᠪᠤᠷᠢᠲᠠᠨ᠎ᠲᠠᠢ ᠬᠠᠷᠢᠯᠴᠠᠵᠦ᠍ ᠦᠢᠯᠡᠴᠢᠯᠡᠬᠦ᠌᠎ᠶ᠋ᠢ ᠬᠠᠷᠢᠭᠤᠴᠠᠨ᠎ᠠ;
(ᠵᠢᠷᠭᠤᠭ᠎ᠠ) ᠠᠯᠪᠠᠲᠠᠨ᠎ᠤ ᠠᠵᠢᠯ᠎ᠤᠨ ᠨᠢᠭᠡᠳᠦᠯᠲᠡᠶ ᠬᠠᠮᠢᠶᠠᠷᠤᠯᠲᠠ᠎ᠶ᠋ᠢ ᠬᠠᠷᠢᠭᠤᠴᠠᠨ᠎ᠠ;
(ᠳᠣᠯᠤᠭ᠎ᠠ) ᠠᠵᠢᠯ᠎ᠠᠴᠠ᠎ᠪᠠᠨ ᠲᠠᠷᠬᠠᠯᠠᠭ᠍ᠲᠠᠭ᠍ᠰᠠᠠ ᠪᠠ ᠠᠵᠢᠯ᠎ᠠᠴᠠ᠎ᠪᠠᠨ ᠠᠮᠠᠷᠠᠬ᠍ᠰᠠᠨ ᠺᠠᠳ᠋ᠷ᠎ᠤᠨ ᠠᠵᠢᠯ᠎ᠤᠨ ᠨᠢᠭᠡᠳᠦᠯᠲᠡᠶ ᠬᠠᠮᠢᠶᠠᠷᠤᠯᠲᠠ᠎ᠶ᠋ᠢ ᠬᠠᠷᠢᠭᠤᠴᠠᠨ᠎ᠠ;
(ᠨᠠᠶᠮᠠ) ᠪᠠᠢᠭᠤᠯᠤᠮᠵᠢ᠎ᠶ᠋ᠢᠨ ᠣᠷᠣᠨ ᠲᠣᠭᠠᠨ᠎ᠤ ᠵᠥᠪᠯᠡᠯ᠎ᠤᠨ ᠠᠯᠪᠠᠨ ᠭᠡᠷ᠎ᠢ ᠨᠢᠭᠡᠳᠦᠯᠲᠡᠶ ᠬᠠᠮᠢᠶᠠᠷᠤᠨ᠎ᠠ;
(ᠶᠢᠰᠦ) ᠨᠠᠮ᠎ᠤᠨ ᠲᠥᠪ ᠬᠤᠷᠢᠶ᠎ᠠ ᠵᠢᠴᠢ ᠲᠤᠰ ᠱᠠᠲᠤᠨ᠎ᠤ ᠨᠠᠮ᠎ᠤᠨ ᠬᠤᠷᠢᠶ᠎ᠠ᠎ᠠᠴᠠ ᠲᠤᠱᠢᠶᠠᠭ᠍ᠰᠠᠨ ᠪᠤᠰᠤᠳ ᠡᠭᠦᠷᠭᠡ᠎ᠶ᠋ᠢ ᠪᠡᠶᠡᠯᠡᠭᠦᠯᠦᠨ᠎ᠡ᠃
ᠭᠤᠷᠪᠠᠳᠤᠭᠠᠷ ᠪᠦᠯᠦᠭ ᠨᠠᠮ᠎ᠤᠨ ᠵᠣᠬᠢᠶᠠᠨ ᠪᠠᠢᠭᠤᠯᠬᠤ ᠱᠢᠰᠲ᠋ᠧᠮ᠎ᠤᠨ ᠪᠠᠢᠭᠤᠯᠤᠯᠲᠠ
ᠶᠢᠰᠦᠳᠦᠭᠡᠷ ᠵᠦᠢᠯ ᠮᠠᠷᠺᠰ᠎ᠤᠨ ᠦᠵᠡᠯ᠎ᠤᠨ ᠨᠠᠮ ᠪᠠᠢᠭᠤᠯᠬᠤ ᠵᠠᠷᠴᠢᠮ᠎ᠢ ᠪᠠᠷᠢᠮᠲᠠᠯᠠᠵᠤ᠂ ᠨᠠᠮ᠎ᠤᠨ ᠲᠥᠪᠯᠡᠷᠡᠩᠭᠦᠢ ᠨᠢᠭᠡᠳᠦᠯᠲᠡᠢ ᠵᠣᠬᠢᠶᠠᠨ ᠪᠠᠢᠭᠤᠯᠬᠤ ᠲᠦᠷᠢᠮ᠎ᠢ ᠪᠦᠷᠢᠨᠱᠢᠬᠦᠯᠤᠨ ᠬᠠᠮᠠᠭᠠᠯᠠᠵᠤ᠂ ᠳᠡᠭᠡᠳᠦ ᠲᠤᠤᠷᠠᠳᠤ ᠱᠠᠳᠤ᠎ᠪᠠᠷ᠎ᠢᠶᠠᠨ ᠨᠡᠪᠲᠡᠷᠡᠯᠴᠡᠭ᠌ᠰᠡᠨ᠂ ᠬᠡᠷᠡᠭ᠌ᠵᠢᠭᠦᠯᠦᠯᠲᠡ᠎ᠨᠢ ᠡᠷᠴᠢᠮᠳᠠᠢ ᠵᠣᠬᠢᠶᠠᠨ ᠪᠠᠢᠭᠤᠯᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠠᠵᠢᠯ᠎ᠤᠨ ᠪᠦᠬᠦᠨ᠎ᠢ ᠪᠦᠷᠬᠦᠬᠦᠯᠬᠦ᠌᠎ᠶ᠋ᠢ ᠪᠡᠶᠡᠯᠡᠭᠦᠯᠵᠦ᠍᠂ ᠨᠠᠮ᠎ᠤᠨ ᠤᠯᠤᠰ ᠲᠦᠷᠦ᠎ᠶ᠋ᠢᠨ ᠤᠳᠤᠷᠢᠳᠭᠤ ᠬᠦᠴᠦᠨ᠂ ᠦᠵᠡᠯ ᠰᠠᠨᠠᠭᠠᠨ᠎ᠤ ᠬᠦᠳᠦᠯᠦᠨ ᠳᠠᠭᠠᠭᠤᠯᠬᠤ ᠬᠦᠴᠦᠨ᠂ ᠤᠯᠠᠨ ᠲᠦᠮᠡᠨ᠎ᠢ ᠵᠣᠬᠢᠶᠠᠨ ᠪᠠᠢᠭᠤᠯᠬᠤ ᠬᠦᠴᠦᠨ᠂ ᠨᠡᠢᠭᠡᠮ᠎ᠢ ᠤᠷᠢᠶᠠᠯᠠᠬᠤ ᠬᠦᠴᠦᠨ᠎ᠢ ᠲᠠᠰᠤᠷᠠᠯᠳᠠ ᠦᠭᠡᠢ ᠴᠢᠩᠭᠠᠷᠠᠭᠤᠯᠤᠨ᠎ᠠ᠃
ᠠᠷᠪᠠᠳᠤᠭᠠᠷ ᠵᠦᠢᠯ ᠨᠠᠮ᠎ᠤᠨ ᠲᠦᠷᠢᠮ᠎ᠤᠨ ᠲᠣᠭ᠍ᠲᠠᠭᠠᠯ ᠶᠣᠰᠣᠭᠠᠷ ᠨᠠᠮ᠎ᠤᠨ ᠡᠯ᠎ᠡ ᠱᠠᠲᠤᠨ᠎ᠤ ᠡᠯ᠎ᠡ ᠲᠦᠷᠦᠯ᠎ᠤᠨ ᠵᠣᠬᠢᠶᠠᠨ ᠪᠠᠢᠭᠤᠯᠤᠯᠲᠠ᠎ᠶ᠋ᠢ ᠪᠠᠢᠭᠤᠯᠤᠨ ᠪᠦᠷᠢᠠᠱᠢᠭᠦᠯᠵᠦ᠍᠂ ᠨᠠᠮ᠎ᠤᠨ ᠲᠥᠪ ᠬᠤᠷᠢᠶᠠᠠ᠎ᠤ ᠵᠣᠬᠢᠶᠠᠨ ᠪᠠᠢᠭᠤᠯᠤᠯᠲᠠ᠂ ᠣᠷᠣᠨ ᠨᠤᠲᠤᠭ᠎ᠤᠨ ᠵᠣᠬᠢᠶᠠᠨ ᠪᠠᠢᠭᠤᠯᠤᠯᠲᠠ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢ ᠪᠠᠭ᠍ᠲᠠᠭᠠᠭ᠍ᠰᠠᠨ᠂ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ᠂ ᠨᠠᠮ᠎ᠤᠨ ᠠᠵᠢᠯ᠎ᠤᠨ ᠪᠠᠢᠭᠤᠯᠭ᠎ᠠ᠂ ᠨᠠᠮ᠎ᠤᠨ ᠤᠳᠤᠷᠢᠳᠭᠤ ᠳᠤᠭᠤᠢᠯᠠᠩ᠎ᠢ ᠬᠠᠮᠤᠷᠴᠤ᠌᠂ ᠱᠠᠳᠤ ᠱᠠᠳᠤ᠎ᠪᠠᠷ ᠡᠴᠦᠰ᠎ᠲᠤᠨᠢ ᠲᠤᠯᠳᠠᠯ ᠠ᠂ ᠪᠦᠬᠦ᠌ ᠲᠠᠯ᠎ᠠ᠎ᠶ᠋ᠢᠨ ᠦᠷᠭᠡᠡ ᠲᠡᠯᠭᠡᠷᠡᠩᠭᠦᠢ ᠨᠢᠭ᠍ᠲᠠ ᠴᠢᠩᠭ᠎ᠠ ᠵᠣᠬᠢᠶᠠᠨ ᠪᠠᠢᠭᠤᠯᠬᠤ ᠪᠦᠲᠦᠴᠡ᠎ᠶ᠋ᠢ ᠪᠦᠷᠢᠯᠲᠦᠭᠦᠯᠦᠨᠠ᠃
ᠪᠠᠢᠳᠠᠯ ᠡᠭᠦᠷᠭᠡ᠎ᠶ᠋ᠢᠨ ᠬᠥᠭ᠌ᠵᠢᠯᠲᠡ ᠬᠤᠪᠢᠷᠠᠯᠲᠠ᠎ᠳᠤ ᠵᠣᠬᠢᠴᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠷᠢᠯᠠᠭᠤᠯᠤᠯᠲᠠ᠎ᠶ᠋ᠢ ᠴᠠᠭ ᠲᠤᠬᠠᠢᠳᠤᠨᠢ ᠲᠤᠬᠢᠷᠠᠭᠤᠯᠤᠨ ᠱᠢᠯᠢᠳᠡᠭ᠌ᠵᠢᠭᠦᠯᠦᠨ᠎ᠡ᠃ ᠶᠠᠮᠠᠷ ᠨᠢᠭᠡᠨ ᠡᠭᠦᠷᠭᠡ᠎ᠶ᠋ᠢ ᠭᠦᠢᠴᠡᠳᠭᠡᠬᠦ᠌᠎ᠶ᠋ᠢᠨ ᠲᠥᠯᠥᠭᠡ ᠲᠦᠷ ᠴᠠᠭ ᠪᠠᠢᠭᠤᠯᠤᠭ᠍ᠰᠠᠨ ᠪᠠᠢᠭᠤᠯᠤᠮᠵᠢ᠎ᠨᠢ ᠬᠤᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠲᠦᠷ ᠴᠠᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠪᠠᠢᠭᠤᠯᠵᠤ ᠪᠣᠯᠤᠨ᠎ᠠ᠃ ᠠᠰᠲᠠᠭᠠᠨ ᠲᠣᠭ᠍ᠲᠠᠭᠠᠯ᠎ᠲᠠᠢ᠎ᠠᠴᠠ ᠪᠤᠰᠤᠳ᠎ᠢ᠎ᠨᠢ᠂ ᠡᠩ᠎ᠤᠨ ᠪᠠᠢᠳᠠᠯ᠎ᠳᠤ ᠬᠠᠷᠢᠶ᠎ᠠ ᠭᠠᠵᠠᠷ᠎ᠲᠤᠨᠢ ᠬᠠᠮᠢᠶᠠᠷᠤᠭᠤᠯᠬᠤ ᠵᠠᠷᠴᠢᠮ ᠶᠣᠰᠣᠭᠠᠷ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠶᠠᠯᠠᠭ᠍ᠳᠠᠬᠤ ᠬᠠᠷᠢᠴᠠᠭ᠎ᠠ᠎ᠶ᠋ᠢ ᠵᠢᠷᠤᠮᠵᠢᠭᠤᠯᠤᠨ ᠱᠢᠯᠤᠭᠤᠳᠭᠠᠨ᠎ᠠ᠃
ᠠᠷᠪᠠᠨ ᠨᠢᠭᠡᠳᠦᠭᠡᠷ ᠵᠦᠢᠯ ᠨᠠᠮ᠎ᠤᠨ ᠲᠥᠪ ᠬᠤᠷᠢᠶ᠎ᠠ᠂ ᠲᠥᠪ᠎ᠤᠨ ᠤᠯᠤᠰ ᠲᠦᠷᠦ᠎ᠶ᠋ᠢᠨ ᠲᠣᠪᠴᠢᠶ᠎ᠠ᠂ ᠲᠥᠪ᠎ᠤᠨ ᠤᠯᠤᠰ ᠲᠦᠷᠦ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠬᠤᠷᠢᠶ᠎ᠠ ᠪᠣᠯ ᠨᠠᠮ᠎ᠤᠨ ᠵᠣᠬᠢᠶᠠᠨ ᠪᠠᠢᠭᠤᠯᠬᠤ ᠱᠢᠰᠲ᠋ᠧᠮ᠎ᠤᠨ ᠶᠡᠭᠡ ᠲᠠᠷᠢᠬᠢ ᠪᠠ ᠲᠥᠪ ᠮᠠᠳᠠᠷᠠᠯ ᠮᠥᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠢᠯᠡᠰ᠎ᠢ ᠠᠬᠢᠭᠤᠯᠬᠤ ᠳᠤᠮᠳᠠ ᠴᠢᠭ᠌ᠯᠡᠯ᠎ᠢ ᠡᠵᠡᠮᠳᠡᠵᠦ᠍᠂ ᠶᠡᠭᠡ ᠲᠠᠯ᠎ᠠ᠎ᠶ᠋ᠢ ᠪᠣᠳᠣᠯᠬᠢᠯᠠᠨ᠂ ᠲᠦᠷᠦ᠎ᠶ᠋ᠢᠨ ᠪᠤᠳᠤᠯᠭ᠎ᠠ ᠲᠣᠭ᠍ᠲᠠᠭᠠᠵᠤ᠂ ᠥᠭᠡᠷᠡᠴᠢᠯᠡᠯᠲᠡ᠎ᠶ᠋ᠢ ᠠᠬᠢᠭᠤᠯᠤᠨ᠎ᠠ᠃ ᠨᠠᠮ᠎ᠤᠨ ᠤᠳᠤᠷᠢᠳᠭᠤ ᠲᠦᠷᠢᠮ᠎ᠤᠨ ᠱᠢᠰᠲ᠋ᠧᠮ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠨᠠᠮ᠎ᠤᠨ ᠲᠥᠪ ᠬᠤᠷᠢᠶ᠎ᠠ᠎ᠶ᠋ᠢᠨ ᠴᠢᠬᠤᠯᠠ ᠶᠡᠭᠡ ᠠᠵᠢᠯ᠎ᠳᠠᠬᠢ ᠤᠳᠤᠷᠢᠳᠭᠤ ᠪᠠᠢᠭᠤᠯᠤᠮᠵᠢ᠎ᠶ᠋ᠢ ᠪᠦᠷᠢᠨᠱᠢᠬᠦᠯᠤᠨ᠂ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢᠨ ᠨᠠᠢᠳᠠᠪᠤᠷᠢᠵᠢᠭᠤᠯᠤᠯᠳᠠ᠎ᠶ᠋ᠢ ᠠᠬᠢᠭᠤᠯᠬᠤ ᠲᠣᠭ᠍ᠲᠡᠴᠡ᠎ᠶ᠋ᠢ ᠲᠡᠭᠦᠯᠳᠡᠷᠵᠢᠭᠦᠯᠵᠦ᠍᠂ ᠨᠠᠮ᠎ᠤᠨ ᠲᠥᠪ ᠬᠤᠷᠢᠶ᠎ᠠ᠎ᠠᠴᠠ ᠵᠢᠭᠠᠪᠤᠷᠢ ᠠᠪᠴᠤ᠌ ᠮᠡᠳᠡᠭᠦᠯᠬᠦ᠌ ᠲᠦᠷᠢᠮ᠎ᠢ ᠴᠢᠩᠭ᠎ᠠ ᠬᠡᠷᠡᠭ᠌ᠵᠢᠭᠦᠯᠦᠨ᠎ᠡ᠃
ᠠᠷᠪᠠᠨ ᠬᠤᠶᠠᠳᠤᠭᠠᠷ ᠵᠦᠢᠯ ᠨᠠᠮ᠎ᠤᠨ ᠣᠷᠣᠨ ᠨᠤᠲᠤᠭ᠎ᠤᠨ ᠬᠤᠷᠢᠶ᠎ᠠ ᠲᠤᠰ ᠭᠠᠵᠠᠷ ᠣᠷᠣᠨ᠎ᠳᠠᠭᠠᠨ ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠬᠦ᠂ ᠡᠯ᠎ᠡ ᠲᠠᠯ᠎ᠠ᠎ᠶ᠋ᠢ ᠵᠣᠬᠢᠴᠠᠭᠤᠯᠬᠤ ᠤᠳᠤᠷᠢᠳᠭᠤ ᠦᠢᠯᠡᠳᠦᠯ᠎ᠢᠶᠠᠨ ᠪᠠᠳᠠᠷᠠᠭᠤᠯᠵᠤ᠂ ᠲᠤᠰ ᠭᠠᠵᠠᠷ ᠣᠷᠣᠨ᠎ᠤ᠎ᠪᠠᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢ ᠪᠦᠬᠦ᠌ ᠲᠠᠯ᠎ᠠ᠎ᠪᠠᠷ ᠤᠳᠤᠷᠢᠳᠤᠨ᠂ ᠲᠤᠰ ᠭᠠᠵᠠᠷ ᠣᠷᠣᠨ᠎ᠤ᠎ᠪᠠᠨ ᠨᠠᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠬᠠᠷᠢᠭᠤᠴᠠᠵᠤ᠂ ᠴᠢᠭ᠌ᠯᠡᠯ᠎ᠢ ᠡᠵᠡᠮᠳᠡᠬᠦ᠂ ᠶᠡᠭᠡ ᠲᠠᠯ᠎ᠠ᠎ᠶ᠋ᠢ ᠬᠠᠮᠢᠶᠠᠷᠬᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠨᠠᠢᠳᠠᠪᠤᠷᠢᠵᠢᠭᠤᠯᠤᠯᠳᠠ᠎ᠶ᠋ᠢ ᠪᠠᠲᠤᠯᠠᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠡᠷᠡᠭ᠌ᠳᠠᠢ᠃ ᠨᠠᠮ᠎ᠤᠨ ᠣᠷᠣᠨ ᠨᠤᠲᠤᠭ᠎ᠤᠨ ᠵᠣᠬᠢᠶᠠᠨ ᠪᠠᠢᠭᠤᠯᠬᠤ ᠠᠵᠢᠯ᠎ᠤᠨ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠬᠡᠷᠡᠭ ᠵᠥᠪᠯᠡᠵᠦ᠍ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠪᠠ ᠬᠢᠨᠠᠯᠲᠠ ᠲᠠᠯᠪᠢᠬᠤ ᠲᠣᠭ᠍ᠲᠠᠴᠠ᠎ᠶ᠋ᠢ ᠪᠦᠷᠢᠨᠱᠢᠬᠦᠯᠵᠤ᠂ ᠪᠦᠬᠦᠯᠢ ᠴᠣᠭ᠍ᠴᠠ᠎ᠶ᠋ᠢᠨ ᠴᠢᠳᠠᠮᠵᠢ᠎ᠶ᠋ᠢ ᠴᠢᠩᠭᠠᠳᠭᠠᠵᠤ᠂ ᠤᠳᠤᠷᠢᠳᠭᠤ ᠲᠦᠪᠱᠢᠨ᠎ᠢᠶᠠᠨ ᠳᠡᠭᠡᠭ᠌ᠰᠢᠯᠡᠭᠦᠯᠵᠦ᠍᠂ ᠨᠠᠮ᠎ᠤᠨ ᠣᠷᠣᠨ ᠨᠤᠲᠤᠭ᠎ᠤᠨ ᠵᠣᠬᠢᠶᠠᠨ ᠪᠠᠢᠭᠤᠯᠤᠯᠲᠠ᠎ᠶ᠋ᠢ ᠨᠠᠮ᠎ᠤᠨ ᠲᠥᠪ ᠬᠤᠷᠢᠶᠠᠨ᠎ᠤ ᠵᠢᠯᠤᠭᠤᠳᠤᠯᠭ᠎ᠠ᠎ᠶ᠋ᠢ ᠳᠠᠭᠠᠬᠤ᠂ ᠬᠠᠮᠢᠶᠠᠷᠤᠯᠲᠠ ᠴᠢᠩᠭ᠎ᠠ᠂ ᠬᠢᠨᠠᠯᠲᠠ ᠡᠷᠴᠢᠮᠳᠠᠢ᠂ ᠤᠳᠤᠷᠢᠳᠭᠤ ᠪᠠᠭ ᠪᠦᠯᠬᠦᠮᠳᠡᠯ᠎ᠲᠠᠢ᠂ ᠵᠠᠩ ᠰᠤᠷᠲᠠᠯ ᠴᠡᠪᠡᠷ ᠪᠠᠳᠤ ᠴᠢᠩᠭ᠎ᠠ ᠵᠣᠬᠢᠶᠠᠨ ᠪᠠᠢᠭᠤᠯᠤᠯᠲᠠ ᠪᠣᠯᠭᠠᠨ ᠪᠠᠢᠭᠤᠯᠬᠤ ᠬᠡᠷᠡᠭ᠌ᠳᠠᠢ᠃
ᠠᠷᠪᠠᠨ ᠭᠤᠷᠪᠠᠳᠤᠭᠠᠷ ᠵᠦᠢᠯ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ ᠪᠣᠯ ᠨᠡᠢᠭᠡᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠳᠠᠬᠢ ᠨᠠᠮ᠎ᠤᠨ ᠲᠡᠢᠴᠢᠠ ᠪᠠᠬᠢᠯᠡᠯᠲᠡ ᠮᠥᠨ᠂ ᠨᠠᠮ᠎ᠤᠨ ᠪᠦᠬᠦ᠌ ᠠᠵᠢᠯ ᠪᠠ ᠲᠡᠢᠴᠢᠠ ᠬᠦᠴᠦᠨ᠎ᠤ ᠰᠠᠭᠤᠷᠢ ᠮᠥᠨ᠃ ᠦᠨᠳᠦᠰᠦᠨ ᠱᠠᠲᠤ᠎ᠶ᠋ᠢ ᠶᠡᠭᠡ᠎ᠪᠠᠷ ᠠᠳᠭᠤᠬᠤ ᠢᠯᠡ ᠲᠣᠳᠣ ᠤᠳᠤᠷᠢᠳᠤᠮᠵᠢ᠎ᠶ᠋ᠢ ᠪᠠᠷᠢᠮᠲᠠᠯᠠᠵᠤ᠂ ᠵᠣᠬᠢᠶᠠᠨ ᠪᠠᠢᠭᠤᠯᠬᠤ ᠬᠦᠴᠦᠨ᠎ᠢ ᠴᠢᠩᠭᠠᠳᠭᠠᠬᠤ᠎ᠪᠠᠷ ᠭᠤᠤᠯᠳᠠᠯᠭ᠎ᠠ ᠪᠣᠯᠭᠠᠵᠤ᠂ ᠠᠵᠤ ᠠᠬᠤᠢᠯᠠᠯ᠂ ᠬᠥᠳᠡᠭᠡ ᠲᠣᠰᠭᠤᠨ᠂ ᠪᠠᠢᠭᠤᠯᠭ᠎ᠠ᠂ ᠰᠤᠷᠭᠠᠭᠤᠯᠢ᠂ ᠡᠮᠨᠡᠯᠭᠡ᠎ᠶ᠋ᠢᠨ ᠬᠤᠷᠢᠶ᠎ᠠ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠵᠡᠭᠡᠯᠢ ᠭᠤᠳᠤᠮᠵᠢ ᠨᠡᠢᠭᠡᠮ ᠲᠣᠭᠤᠷᠢᠭ᠂ ᠨᠡᠢᠭᠡᠮ᠎ᠤᠨ ᠵᠣᠬᠢᠶᠠᠨ ᠪᠠᠢᠭᠤᠯᠤᠯᠲᠠ ᠵᠡᠷᠭᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠯᠳᠠ᠎ᠶ᠋ᠢ ᠶᠡᠭᠡ᠎ᠪᠠᠷ ᠴᠢᠩᠭᠠᠳᠭᠠᠵᠤ᠂ ᠵᠣᠬᠢᠶᠠᠨ ᠪᠠᠢᠭᠤᠯᠤᠯᠲᠠ᠎ᠶ᠋ᠢᠨ ᠲᠣᠬᠢᠷᠠᠭᠤᠯᠤᠯᠲᠠ ᠪᠠ ᠠᠵᠢᠯᠯᠠᠭ᠎ᠠ᠎ᠶ᠋ᠢᠨ ᠬᠡᠯᠪᠡᠷᠢ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠥᠷᠥ᠎ᠶ᠋ᠢᠨ ᠴᠢᠳᠠᠮᠵᠢ᠎ᠶ᠋ᠢ ᠴᠢᠩᠭᠠᠳᠭᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠭᠠᠭᠤᠯᠤᠭ᠍ᠴᠢ᠎ᠶ᠋ᠢ ᠱᠢᠯᠢᠳᠡᠭ᠎ᠢ ᠰᠤᠩᠭᠤᠨ ᠬᠦᠴᠦᠷᠬᠡᠭ᠎ᠢ ᠲᠣᠬᠢᠷᠠᠭᠤᠯᠵᠤ᠂ ᠡᠯ᠎ᠡ ᠬᠦᠷᠢᠶ᠎ᠠ ᠴᠠᠷᠠᠭ᠎ᠠ᠎ᠶ᠋ᠢᠨ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢ ᠨᠠᠮ᠎ᠤᠨ ᠵᠣᠷᠢᠯᠲᠠ᠎ᠶ᠋ᠢ ᠤᠬᠠᠭᠤᠯᠬᠤ᠂ ᠨᠠᠮ᠎ᠤᠨ ᠲᠣᠭ᠍ᠲᠠᠭᠠᠯ᠎ᠢ ᠲᠤᠭᠤᠱᠢᠯᠠᠭᠤᠯᠬᠤ᠂ ᠦᠨᠳᠦᠰᠦᠨ ᠱᠠᠲᠤᠨ᠎ᠤ ᠵᠠᠰᠠᠯᠲᠠ᠎ᠶ᠋ᠢ ᠤᠳᠤᠷᠢᠳᠭᠤ᠂ ᠣᠯᠠᠨ ᠲᠦᠮᠡᠨ᠎ᠢ ᠪᠦᠯᠬᠦᠮᠳᠡᠭᠦᠯᠦᠨ ᠳᠠᠢᠴᠢᠯᠠᠬᠤ᠂ ᠥᠭᠡᠷᠡᠴᠢᠯᠡᠯᠲᠡ ᠬᠥᠭ᠌ᠵᠢᠯᠲᠡ᠎ᠶ᠋ᠢ ᠠᠬᠢᠭᠤᠯᠬᠤ ᠪᠠᠲᠤ ᠴᠢᠩᠭ᠎ᠠ ᠳᠠᠢᠴᠢᠨ ᠪᠠᠬᠢᠯᠡᠯᠲᠡ ᠪᠣᠯᠭᠠᠨ ᠪᠠᠢᠭᠤᠯᠬᠤ ᠬᠡᠷᠡᠭ᠌ᠳᠠᠢ᠃
ᠨᠠᠮ᠎ᠤᠨ ᠡᠭᠦᠷ ᠪᠣᠯ ᠨᠠᠮ᠎ᠤᠨ ᠰᠠᠭᠤᠷᠢ ᠵᠣᠬᠢᠶᠠᠨ ᠪᠠᠢᠭᠤᠯᠤᠯᠲᠠ ᠮᠥᠨ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠵᠢᠯ᠎ᠢ ᠥᠷᠨᠢᠭᠦᠯᠬᠦ᠌ ᠦᠨᠳᠦᠰᠦᠨ ᠨᠢᠭᠡᠴᠢ ᠮᠥᠨ᠃ ᠨᠠᠮ᠎ᠤᠨ ᠡᠭᠦᠷ᠎ᠤᠨ ᠪᠠᠷᠢᠮᠵᠢᠶᠠᠵᠢᠭ᠍ᠰᠠᠨ ᠵᠢᠷᠤᠮᠵᠢᠭ᠍ᠰᠠᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠦᠨᠳᠦᠰᠦᠨ ᠠᠵᠢᠯ᠎ᠢ ᠴᠢᠩᠭᠠᠳᠭᠠᠵᠤ᠂ ᠦᠨᠳᠦᠰᠦᠨ ᠲᠦᠷᠢᠮ᠎ᠢ ᠲᠡᠭᠦᠯᠳᠡᠷᠵᠢᠭᠦᠯᠵᠦ᠍᠂ ᠦᠨᠳᠦᠰᠦᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠦᠨᠳᠦᠰᠦᠨ ᠪᠠᠲᠤᠯᠠᠭ᠎ᠠ᠎ᠶ᠋ᠢ ᠨᠠᠢᠳᠠᠪᠤᠷᠢᠵᠢᠭᠤᠯᠵᠤ᠂ ᠨᠠᠮ᠎ᠤᠨ ᠡᠭᠦᠷ᠎ᠠᠴᠠ ᠨᠠᠮ᠎ᠤᠨ ᠭᠡᠱᠢᠭᠦᠨ᠎ᠢ ᠱᠢᠭᠤᠳ ᠬᠥᠮᠦᠵᠢᠭᠦᠯᠬᠦ᠂ ᠨᠠᠮ᠎ᠤᠨ ᠭᠡᠱᠢᠭᠦᠨ᠎ᠢ ᠱᠢᠭᠤᠳ ᠬᠠᠮᠢᠶᠠᠷᠬᠤ᠂ ᠨᠠᠮ᠎ᠤᠨ ᠭᠡᠱᠢᠭᠦᠨ᠎ᠳᠤ ᠬᠢᠨᠠᠯᠲᠠ ᠲᠠᠯᠪᠢᠬᠤ ᠪᠠ ᠤᠯᠠᠨ ᠲᠦᠮᠡᠨ᠎ᠢ ᠵᠣᠬᠢᠶᠠᠨ ᠪᠠᠢᠭᠤᠯᠬᠤ᠂ ᠤᠯᠠᠨ ᠲᠦᠮᠡᠨ᠎ᠳᠤ ᠤᠬᠠᠭᠤᠯᠬᠤ᠂ ᠤᠯᠠᠨ ᠲᠦᠮᠡᠨ᠎ᠢ ᠨᠢᠭ᠍ᠲᠠᠷᠠᠭᠤᠯᠬᠤ᠂ ᠤᠯᠠᠨ ᠲᠦᠮᠡᠨ᠎ᠳᠤ ᠦᠢᠯᠡᠴᠢᠯᠡᠬᠦ᠌ ᠲᠤᠱᠢᠶᠠᠯ ᠬᠠᠷᠢᠭᠤᠴᠠᠯᠭ᠎ᠠ᠎ᠶ᠋ᠢᠨ ᠦᠢᠯᠡᠳᠦᠯ᠎ᠢᠶᠠᠨ ᠭᠦᠢᠴᠡᠳ ᠪᠠᠳᠠᠷᠠᠭᠤᠯᠬᠤ ᠬᠡᠷᠡᠭ᠌ᠳᠠᠢ᠃ ᠨᠠᠮ᠎ᠤᠨ ᠭᠡᠱᠢᠭᠦᠨ᠎ᠤ ᠲᠤᠭ᠎ᠠ᠎ᠨᠢ ᠨᠡᠯᠢᠶᠡᠳ ᠤᠯᠡᠠ ᠪᠤᠶᠤ ᠨᠠᠮ᠎ᠤᠨ ᠭᠡᠱᠢᠭᠦᠨ᠎ᠤ ᠠᠵᠢᠯᠯᠠᠵᠤ ᠪᠠᠢᠭ᠎ᠠ ᠭᠠᠵᠠᠷ᠂ ᠰᠠᠭᠤᠵᠤ ᠪᠠᠢᠭ᠎ᠠ ᠭᠠᠵᠠᠷ᠎ᠨᠢ ᠨᠡᠯᠢᠶᠡᠳ ᠲᠠᠷᠠᠬᠠᠢ ᠪᠤᠲᠠᠷᠬᠠᠢ ᠪᠠᠢᠳᠠᠭ ᠨᠠᠮ᠎ᠤᠨ ᠡᠭᠦᠷ᠎ᠨᠢ ᠵᠤᠬᠢᠶᠠᠨ ᠪᠠᠢᠭᠤᠯᠤᠯᠳᠠ᠎ᠶ᠋ᠢᠨ ᠠᠵᠢᠯᠯᠠᠭ᠎ᠠ ᠥᠷᠨᠢᠭᠦᠯᠬᠦ᠌᠎ᠳᠤ ᠲᠦᠬᠦᠮ ᠪᠠᠢᠬᠤ ᠵᠠᠷᠴᠢᠮ ᠶᠣᠰᠣᠭᠠᠷ ᠨᠠᠮ᠎ᠤᠨ ᠳᠤᠭᠤᠢᠯᠠᠩᠤᠳᠢ ᠬᠤᠪᠢᠶᠠᠬᠤ ᠬᠡᠷᠡᠭ᠌ᠲᠡᠢ᠃
ᠠᠷᠪᠠᠨ ᠳᠥᠷᠪᠡᠳᠦᠭᠡᠷ ᠵᠦᠢᠯ ᠨᠠᠮ᠎ᠤᠨ ᠤᠳᠤᠷᠢᠳᠭᠤ ᠳᠤᠭᠤᠢᠯᠠᠩ ᠲᠤᠰ ᠨᠢᠭᠡᠴᠢ᠎ᠳᠡᠭᠡᠨ ᠤᠳᠤᠷᠢᠳᠭᠤ ᠦᠢᠯᠡᠳᠦᠯ ᠪᠠᠳᠠᠷᠠᠭᠤᠯᠵᠤ᠂ ᠴᠢᠭ᠌ᠯᠡᠯ᠎ᠢ ᠡᠵᠡᠮᠳᠡᠬᠦ᠂ ᠶᠡᠭᠡ ᠲᠠᠯ᠎ᠠ᠎ᠶ᠋ᠢ ᠬᠠᠮᠢᠶᠠᠷᠬᠤ᠂ ᠨᠠᠢᠳᠠᠪᠤᠷᠢᠵᠢᠭᠤᠯᠤᠯᠳᠠ᠎ᠶ᠋ᠢ ᠪᠠᠲᠤᠯᠠᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠡᠷᠡᠭ᠌ᠳᠠᠢ᠃ ᠨᠠᠮ᠎ᠤᠨ ᠤᠳᠤᠷᠢᠳᠭᠤ ᠳᠤᠭᠤᠢᠯᠠᠩ᠎ᠤᠨ ᠠᠵᠢᠯ᠎ᠤᠨ ᠲᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠠᠵᠢᠯ᠎ᠤᠨ ᠲᠦᠷᠢᠮ ᠪᠠ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠲᠣᠭ᠍ᠲᠠᠴᠠ᠎ᠶ᠋ᠢ ᠪᠦᠷᠢᠨᠱᠢᠬᠦᠯᠤᠨ᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠲᠤᠬᠠᠢᠯᠠᠭ᠍ᠰᠠᠨ ᠠᠵᠢᠯ᠎ᠲᠠᠢ ᠬᠠᠮᠲᠤᠳᠤᠨᠢ ᠲᠥᠰᠦᠪᠯᠡᠬᠦ᠂ ᠬᠠᠮᠲᠤᠳᠤᠨᠢ ᠪᠠᠢᠷᠢᠯᠠᠭᠤᠯᠬᠤ᠂ ᠬᠠᠮᠲᠤᠳᠤᠨᠢ ᠠᠬᠢᠭᠤᠯᠬᠤ᠂ ᠬᠠᠮᠲᠤᠳᠤᠨᠢ ᠬᠢᠨᠠᠨ ᠱᠢᠯᠭᠠᠬᠤ᠎ᠶ᠋ᠢ ᠪᠠᠷᠢᠮᠲᠠᠯᠠᠵᠤ᠂ ᠲᠤᠰ ᠨᠢᠭᠡᠴᠢ᠎ᠶ᠋ᠢᠨ᠎ᠢᠶᠠᠨ ᠤᠳᠤᠷᠢᠳᠭᠤ ᠪᠠᠭ᠎ᠤᠨ ᠬᠠᠤᠯᠢ ᠶᠣᠰᠣᠭᠠᠷ ᠲᠦᠷᠢᠮ ᠶᠣᠰᠣᠭᠠᠷ ᠨᠠᠮ᠎ᠤᠨ ᠤᠳᠤᠷᠢᠳᠭᠤ ᠳᠤᠭᠤᠢᠯᠠᠩ᠎ᠤᠨ ᠱᠢᠢᠳᠪᠦᠷᠢᠲᠦ ᠪᠤᠳᠤᠯᠭ᠎ᠠ᠎ᠶ᠋ᠢ ᠴᠠᠭ ᠲᠤᠬᠠᠢᠳᠤᠨᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ᠎ᠶ᠋ᠢ ᠱᠠᠯᠠᠪᠳᠠᠭᠤᠯᠤᠨ ᠠᠬᠢᠭᠤᠯᠵᠤ᠂ ᠨᠠᠮ᠎ᠤᠨ ᠤᠨᠤᠯ ᠪᠠ ᠱᠤᠭᠤᠮ ᠴᠢᠭ᠌ᠯᠡᠯᠲᠡ ᠲᠦᠷᠦ᠎ᠶ᠋ᠢᠨ ᠪᠤᠳᠤᠯᠭ᠎ᠠ᠎ᠶ᠋ᠢ ᠲᠤᠰ ᠨᠢᠭᠡᠴᠢ᠎ᠳᠡᠭᠡᠨ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠳᠠᠢ᠃
ᠠᠷᠪᠠᠨ ᠲᠠᠪᠤᠳᠤᠭᠠᠷ ᠵᠦᠢᠯ ᠢᠲᠡᠭᠡᠯ ᠵᠣᠷᠢᠭ᠎ᠨᠢ ᠪᠠᠲᠤ ᠴᠢᠩᠭ᠎ᠠ᠂ ᠤᠯᠤᠰ ᠲᠦᠷᠦ᠎ᠶ᠋ᠢᠨ ᠲᠠᠯ᠎ᠠ᠎ᠪᠠᠷ ᠨᠠᠢᠳᠠᠪᠤᠷᠢᠲᠠᠢ᠂ ᠪᠦᠲᠦᠴᠡ᠎ᠨᠢ ᠵᠦᠢ ᠵᠣᠬᠢᠰᠲᠠᠢ᠂ ᠬᠡᠪ ᠪᠤᠯᠪᠠᠰᠤᠷᠠᠯ᠎ᠨᠢ ᠱᠢᠯᠢᠳᠡᠭ ᠰᠡᠢᠠ᠂ ᠰᠠᠬᠢᠯᠭ᠎ᠠ ᠪᠠᠳᠤ᠎ᠨᠢ ᠴᠢᠩᠭ᠎ᠠ᠂ ᠦᠢᠯᠡᠳᠦᠯ᠎ᠨᠢ ᠲᠤᠪᠦ᠋ᠢᠮ᠎ᠠ ᠨᠠᠮ᠎ᠤᠨ ᠭᠡᠱᠢᠭᠦᠨ᠎ᠤ ᠡᠩᠨᠡᠭᠡ᠎ᠶ᠋ᠢ ᠪᠠᠢᠭᠤᠯᠬᠤ᠎ᠶ᠋ᠢᠨ ᠲᠤᠭᠤᠷᠢᠨ᠎ᠳᠤ᠂ ᠨᠠᠮ᠎ᠤᠨ ᠭᠡᠱᠢᠭᠦᠨ᠎ᠢ ᠬᠦᠮᠦᠵᠢᠬᠦᠯᠬᠦ᠌ ᠪᠠ ᠨᠠᠮ᠎ᠤᠨ ᠭᠡᠱᠢᠭᠦᠨ᠎ᠤ ᠬᠦᠮᠦᠵᠢᠯ᠂ ᠬᠠᠮᠢᠶᠠᠷᠤᠯᠳᠠ᠂ ᠬᠢᠨᠠᠯᠳᠠ᠂ ᠦᠢᠯᠡᠴᠢᠯᠡᠬᠡᠨ᠎ᠤ ᠠᠵᠢᠯ᠎ᠢ ᠰᠠᠢᠲᠤᠷ ᠬᠢᠬᠦ᠌ ᠬᠡᠷᠡᠭ᠌ᠳᠠᠢ᠃
ᠨᠠᠮ᠎ᠤᠨ ᠭᠡᠱᠢᠭᠦᠨ᠎ᠢ ᠬᠦᠮᠦᠵᠢᠬᠦᠯᠬᠦ᠌᠎ᠳᠡᠭᠡᠨ ᠶᠡᠷᠦᠩᠬᠡᠢ ᠲᠤᠭ᠎ᠠ᠎ᠶ᠋ᠢ ᠬᠢᠵᠠᠭᠠᠷᠯᠠᠬᠤ᠂ ᠪᠦᠲᠦᠴᠡ᠎ᠶ᠋ᠢ ᠱᠢᠯᠢᠳᠡᠭ᠌ᠵᠢᠭᠦᠯᠬᠦ᠂ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠂ ᠦᠢᠯᠡᠳᠦᠯ᠎ᠢ ᠪᠠᠳᠠᠷᠠᠭᠤᠯᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠤᠯᠤᠰ ᠲᠦᠷᠦ᠎ᠶ᠋ᠢᠨ ᠪᠠᠷᠢᠮᠵᠢᠶ᠎ᠠ᠎ᠶ᠋ᠢ ᠲᠡᠷᠢᠭᠦᠨ᠎ᠳᠤ ᠲᠠᠯᠪᠢᠵᠤ᠂ ᠳᠡᠰ ᠳᠠᠷᠠᠭᠠᠯᠠᠯ᠎ᠢ ᠴᠢᠩᠳᠠᠯᠠᠨ᠂ ᠪᠣᠭᠤᠮᠲᠠ᠎ᠶ᠋ᠢ ᠴᠢᠩᠭ᠎ᠠ ᠰᠠᠬᠢᠵᠤ᠂ ᠱᠢᠨ᠎ᠡ᠎ᠪᠠᠷ ᠬᠦᠮᠦᠵᠢᠬᠦᠯᠦᠭ᠌ᠰᠡᠨ ᠨᠠᠮ᠎ᠤᠨ ᠭᠡᠱᠢᠭᠦᠨ᠎ᠤ ᠴᠢᠨᠠᠷ ᠴᠢᠨᠰᠠᠭ᠎ᠠ᠎ᠶ᠋ᠢ ᠪᠠᠲᠤᠯᠠᠬᠤ ᠬᠡᠷᠡᠭ᠌ᠲᠡᠢ᠃ ᠨᠠᠮ᠎ᠳᠤ ᠣᠷᠣᠬᠤ ᠢᠳᠡᠪᠬᠢᠲᠡᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠦᠮᠦᠵᠢᠬᠦᠯᠵᠤ ᠪᠠᠢᠭ᠎ᠠ ᠡᠲᠡᠭᠡᠳ᠂ ᠪᠡᠯᠡᠳᠭᠡᠯ ᠨᠠᠮ᠎ᠤᠨ ᠭᠡᠱᠢᠭᠦᠨ᠎ᠢ ᠬᠥᠮᠦᠵᠢᠭᠦᠯᠬᠦ᠌᠎ᠶ᠋ᠢ ᠴᠢᠩᠭᠠᠳᠭᠠᠬᠤ ᠬᠡᠷᠡᠭ᠌ᠳᠠᠢ᠃
ᠨᠠᠮ᠎ᠤᠨ ᠭᠡᠱᠢᠭᠦᠨ᠎ᠤ ᠬᠥᠮᠦᠵᠢᠯ᠎ᠳᠤ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠲᠡᠷᠢᠭᠦᠨ ᠴᠢᠬᠤᠯᠠ ᠤᠯᠤᠰ ᠲᠦᠷᠦ᠎ᠶ᠋ᠢᠨ ᠡᠭᠦᠷᠭᠡ ᠪᠣᠯᠭᠠᠵᠤ᠂ ᠨᠠᠮ᠎ᠤᠨ ᠳᠣᠲᠣᠭᠠᠳᠤ᠎ᠶ᠋ᠢᠨ ᠲᠥᠪᠯᠡᠷᠡᠩᠭᠦᠢ ᠬᠥᠮᠦᠵᠢᠯ ᠪᠠ ᠨᠠᠮ᠎ᠤᠨ ᠭᠡᠱᠢᠭᠦᠨ᠎ᠤ ᠪᠠᠢᠩᠭᠤ᠎ᠶ᠋ᠢᠨ ᠴᠢᠨᠠᠷᠲᠠᠢ ᠬᠥᠮᠦᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠵᠣᠬᠢᠶᠠᠨ ᠪᠠᠢᠭᠤᠯᠤᠯᠲᠠ᠎ᠶ᠋ᠢᠨ ᠪᠣᠯᠪᠠᠰᠤᠷᠠᠯ ᠬᠦᠷᠳᠡᠬᠡᠬᠦ᠌ ᠪᠠ ᠬᠤᠪᠢ ᠬᠥᠮᠦᠨ᠎ᠤ ᠥᠪᠡᠷ᠎ᠢᠶᠠᠨ ᠰᠤᠷᠤᠯᠴᠠᠬᠤ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠨ᠂ ᠨᠠᠮ᠎ᠤᠨ ᠭᠡᠱᠢᠭᠦᠳ᠎ᠤᠨ ᠤᠭ ᠰᠠᠨᠠᠭ᠎ᠠ᠎ᠪᠠᠨ ᠦᠯᠦ᠍ ᠮᠠᠷᠳᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠴᠥᠬᠦᠷᠡᠰᠢ ᠦᠭᠡᠢ ᠲᠡᠮᠡᠴᠡᠬᠦ᠌᠎ᠶ᠋ᠢ ᠬᠦᠳᠦᠯᠦᠨ ᠵᠢᠯᠤᠭᠤᠳᠭᠤ ᠬᠡᠷᠡᠭ᠌ᠲᠡᠢ᠃
ᠨᠠᠮ᠎ᠤᠨ ᠭᠡᠱᠢᠭᠦᠨ᠎ᠤ ᠬᠠᠮᠢᠶᠠᠷᠤᠯᠲᠠ᠎ᠳᠤ ᠨᠠᠮ᠎ᠤᠨ ᠬᠠᠷᠢᠶ᠎ᠠ᠎ᠶ᠋ᠢᠨ ᠬᠠᠮᠢᠶᠠᠷᠤᠯᠲᠠ᠂ ᠵᠣᠬᠢᠶᠠᠨ ᠪᠠᠢᠭᠤᠯᠤᠯᠲᠠ᠎ᠶ᠋ᠢᠨ ᠬᠠᠷᠢᠴᠠᠭᠠᠨ᠎ᠤ ᠬᠠᠮᠢᠶᠠᠷᠤᠯᠲᠠ᠂ ᠨᠠᠮ᠎ᠤᠨ ᠰᠦᠢᠳᠭᠡᠯ ᠬᠤᠷᠢᠶᠠᠵᠤ ᠬᠡᠷᠡᠭ᠌ᠯᠡᠬᠦ᠌ ᠬᠠᠮᠢᠶᠠᠷᠤᠯᠲᠠ᠂ ᠡᠳᠦᠷ ᠲᠤᠳᠤᠮ᠎ᠤᠨ ᠬᠢᠨᠠᠯᠲᠠ᠂ ᠵᠣᠬᠢᠶᠠᠨ ᠪᠠᠢᠭᠤᠯᠤᠯᠲᠠ᠎ᠶ᠋ᠢᠨ ᠱᠢᠢᠳᠪᠦᠷᠢᠯᠡᠯᠲᠡ ᠵᠡᠷᠭᠡ ᠠᠵᠢᠯ᠎ᠢ ᠴᠢᠩᠭ᠎ᠠ ᠰᠠᠢᠲᠤᠷ ᠬᠢᠵᠦ᠍᠂ ᠨᠡᠭᠦᠳᠡᠯ ᠨᠠᠮ᠎ᠤᠨ ᠭᠡᠱᠢᠭᠦᠨ᠎ᠤ ᠬᠠᠮᠢᠶᠠᠷᠤᠯᠲᠠ᠎ᠶ᠋ᠢ ᠴᠢᠩᠭᠠᠳᠭᠠᠨ ᠰᠠᠢᠵᠢᠷᠠᠭᠤᠯᠬᠤ ᠬᠡᠷᠡᠭ᠌ᠲᠡᠢ᠃ ᠠᠳᠠᠯᠢ ᠪᠤᠰᠤ ᠬᠦᠮᠦᠰ᠎ᠤᠨ ᠨᠠᠮ᠎ᠤᠨ ᠭᠡᠱᠢᠭᠦᠨ᠎ᠤ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠨᠠᠮ᠎ᠤᠨ ᠭᠡᠱᠢᠬᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢᠶᠠᠨ ᠭᠦᠢᠴᠡᠳ ᠪᠠᠳᠠᠷᠠᠭᠤᠯᠬᠤ᠎ᠶ᠋ᠢ ᠵᠤᠬᠢᠶᠠᠨ ᠪᠠᠢᠭᠤᠯᠵᠤ ᠬᠦᠳᠦᠯᠦᠨ ᠵᠢᠯᠤᠭᠤᠳᠭᠤ ᠬᠡᠷᠡᠭ᠌ᠳᠠᠢ᠃
ᠨᠠᠮ᠎ᠤᠨ ᠳᠣᠲᠣᠭᠠᠳᠤ᠎ᠶ᠋ᠢᠨ ᠤᠷᠮᠠᠱᠢᠭᠤᠯᠤᠨ ᠬᠠᠯᠠᠮᠵᠢᠯᠠᠵᠤ ᠬᠠᠪᠰᠤᠷᠤᠨ ᠲᠡᠳᠬᠦᠬᠦ᠌᠎ᠶ᠋ᠢ ᠴᠢᠩᠭᠠᠳᠭᠠᠵᠤ᠂ ᠨᠠᠮ᠎ᠤᠨ ᠭᠡᠱᠢᠭᠦᠨ᠎ᠤ ᠠᠷᠠᠳᠴᠢᠯᠠᠯ᠎ᠤᠨ ᠡᠷᠬᠡ᠎ᠶ᠋ᠢ ᠪᠠᠲᠤᠯᠠᠵᠤ᠂ ᠨᠠᠮ᠎ᠤᠨ ᠳᠣᠲᠣᠭᠠᠳᠤ᠎ᠳᠤ ᠬᠥᠬᠢᠭᠦᠯᠵᠤ ᠰᠠᠢᠱᠢᠶᠠᠬᠤ ᠠᠵᠢᠯᠯᠠᠭ᠎ᠠ ᠥᠷᠨᠢᠭᠦᠯᠵᠦ᠍᠂ ᠨᠠᠮ᠎ᠤᠨ ᠭᠡᠱᠢᠭᠦᠳ᠎ᠢ ᠬᠠᠯᠠᠮᠵᠢᠯᠠᠨ ᠬᠠᠢᠷᠠᠯᠠᠬᠤ ᠪᠠ ᠨᠡᠮ᠎ᠤᠨ ᠬᠡᠱᠢᠬᠦᠳ᠎ᠲᠤ ᠦᠢᠯᠡᠴᠢᠯᠡᠬᠦ᠌ ᠠᠵᠢᠯ᠎ᠢ ᠰᠠᠢᠲᠤᠷ ᠬᠢᠬᠦ᠌ ᠬᠡᠷᠡᠭ᠌ᠳᠠᠢ᠃
ᠠᠷᠪᠠᠨ ᠵᠢᠷᠭᠤᠳᠤᠭᠠᠷ ᠵᠦᠢᠯ ᠠᠷᠠᠳᠴᠢᠯᠠᠯ ᠲᠥᠪᠯᠡᠷᠡᠯ᠎ᠤᠨ ᠶᠤᠰᠤ᠎ᠶ᠋ᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶ᠋ᠢᠨ ᠠᠷᠠᠳᠴᠢᠯᠠᠯ᠎ᠢ ᠬᠥᠭ᠌ᠵᠢᠭᠦᠯᠬᠦ᠌ ᠪᠠ ᠲᠥᠪᠯᠡᠷᠡᠯ᠎ᠢ ᠵᠦᠪ ᠬᠡᠷᠡᠭ᠌ᠵᠢᠭᠦᠯᠬᠦ᠌ ᠬᠤᠯᠪᠣᠭ᠍ᠳᠠᠯ ᠪᠦᠬᠦᠢ ᠳᠦᠷᠢᠮ᠎ᠢ ᠲᠡᠭᠦᠯᠳᠡᠷᠵᠢᠭᠦᠯᠬᠦ᠌ ᠬᠡᠷᠡᠭ᠌ᠳᠠᠢ᠃ ᠨᠠᠮ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠦᠷᠢᠮ᠎ᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶ᠋ᠢᠨ ᠰᠣᠩᠭᠤᠭᠤᠯᠢ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠨᠠᠮ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠲᠤᠱᠢᠶᠠᠯ᠎ᠤᠨ ᠬᠤᠭᠤᠴᠠᠭᠠᠨ᠎ᠤ ᠲᠦᠷᠢᠮ ᠪᠠ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠲᠤᠱᠢᠶᠠᠯ᠎ᠤᠨ ᠬᠤᠭᠤᠴᠠᠭ᠎ᠠ ᠵᠡᠷᠭᠡ ᠲᠦᠷᠢᠮ᠎ᠢ ᠨᠠᠢᠳᠠᠪᠤᠷᠢᠵᠢᠭᠤᠯᠬᠤ ᠬᠡᠷᠡᠭ᠌ᠳᠠᠢ᠃ ᠵᠣᠬᠢᠶᠠᠨ ᠪᠠᠢᠭᠤᠯᠤᠯᠲᠠ᠎ᠶ᠋ᠢᠨ ᠲᠤᠬᠢᠷᠠᠭᠤᠯᠤᠯᠳᠠ᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠂ ᠵᠣᠬᠢᠶᠠᠨ ᠪᠠᠢᠭᠤᠯᠤᠯᠲᠠ᠎ᠶ᠋ᠢᠨ ᠠᠵᠢᠯᠯᠠᠭᠠᠨ᠂ ᠵᠣᠬᠢᠶᠠᠨ ᠪᠠᠢᠭᠤᠯᠤᠯᠲᠠ᠎ᠶ᠋ᠢᠨ ᠬᠠᠮᠢᠶᠠᠷᠤᠯᠲᠠ᠂ ᠵᠣᠬᠢᠶᠠᠨ ᠪᠠᠢᠭᠤᠯᠤᠯᠲᠠ᠎ᠶ᠋ᠢᠨ ᠬᠢᠨᠠᠯᠲᠠ ᠵᠡᠷᠭᠡ᠎ᠶ᠋ᠢ ᠪᠠᠭ᠍ᠲᠠᠭᠠᠭ᠍ᠰᠠᠨ ᠪᠦᠷᠢᠨ ᠪᠦᠲᠦᠨ ᠵᠣᠬᠢᠶᠠᠨ ᠪᠠᠢᠭᠤᠯᠬᠤ ᠲᠦᠷᠢᠮ᠎ᠤᠨ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠵᠦ᠍᠂ ᠨᠠᠮ᠎ᠤᠨ ᠬᠤᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠶ᠋ᠢᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠲᠦᠷᠢᠮ᠎ᠢ ᠲᠡᠭᠦᠯᠳᠡᠷᠵᠢᠭᠦᠯᠬᠦ᠌ ᠬᠡᠷᠡᠭ᠌ᠳᠠᠢ᠃
ᠠᠷᠪᠠᠨ ᠳᠣᠯᠣᠳᠤᠭᠠᠷ ᠵᠦᠢᠯ 《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》 ᠢ ᠴᠢᠩᠭ᠎ᠠ ᠬᠡᠷᠡᠭ᠌ᠵᠢᠭᠦᠯᠵᠤ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ᠎ᠤᠨ ᠳᠦᠷᠢᠮ᠎ᠢ ᠪᠠᠷᠢᠮᠳᠠᠯᠠᠨ ᠲᠡᠭᠦᠯᠳᠡᠷᠵᠢᠭᠦᠯᠵᠤ᠂ 《ᠭᠤᠷᠪᠠᠨ ᠬᠤᠷᠠᠯ ᠨᠢᠭᠡ ᠬᠢᠴᠢᠶᠡᠯ》᠂ ᠭᠤᠤᠯ ᠰᠡᠳᠦᠪᠲᠦ ᠨᠠᠮ᠎ᠤᠨ ᠡᠳᠦᠷ᠂ ᠰᠡᠳᠭᠢᠯ᠎ᠤᠨ ᠦᠭᠡ᠎ᠪᠠᠨ ᠶᠠᠷᠢᠯᠴᠠᠬᠤ᠂ ᠠᠷᠠᠳᠴᠢᠯᠠᠯ᠎ᠢᠶᠠᠷ ᠨᠠᠮ᠎ᠤᠨ ᠭᠡᠱᠢᠭᠦᠨ᠎ᠢ ᠦᠨᠡᠯᠡᠬᠦ᠌ ᠵᠡᠷᠭᠡ ᠳᠦᠷᠢᠮ᠎ᠢ ᠪᠦᠷᠢᠨᠱᠢᠭᠦᠯᠵᠤ᠂ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠤᠨ ᠳᠠᠪᠬᠤᠷ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠳᠦᠷᠢᠮ᠎ᠢ ᠨᠠᠢᠳᠠᠪᠤᠷᠢᠵᠢᠭᠤᠯᠵᠤ᠂ ᠨᠠᠮ᠎ᠤᠨ ᠳᠣᠲᠣᠭᠠᠳᠤ᠎ᠶ᠋ᠢᠨ ᠦᠬᠡᠳᠡᠷᠭᠡᠭ ᠡᠷᠡᠭᠦᠯ ᠤᠯᠤᠰ ᠲᠦᠷᠦ᠎ᠶ᠋ᠢᠨ ᠰᠣᠶᠣᠯ᠎ᠢ ᠬᠥᠭ᠌ᠵᠢᠭᠦᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠪᠠᠢᠩᠭᠤ᠂ ᠬᠢᠨᠠᠮᠠᠭᠠᠶ᠂ ᠲᠥᠪ ᠴᠢᠩᠭ᠎ᠠ ᠪᠠᠢᠬᠤ᠎ᠶ᠋ᠢ ᠪᠠᠳᠤᠯᠠᠵᠤ᠂ ᠤᠯᠤᠰ ᠲᠥᠷᠥ᠎ᠶ᠋ᠢᠨ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠡᠢᠴᠢᠠ ᠴᠢᠨᠠᠷ᠎ᠢ ᠲᠠᠰᠤᠷᠠᠯᠳᠠ ᠦᠭᠡᠢ ᠴᠢᠩᠭᠠᠳᠭᠠᠵᠤ᠂ ᠨᠠᠮ᠎ᠤᠨ ᠥᠪᠡᠷ᠎ᠢ᠎ᠪᠠᠨ ᠴᠡᠪᠡᠷᠱᠢᠭᠦᠯᠬᠦ᠂ ᠥᠪᠡᠷ᠎ᠢ᠎ᠪᠠᠨ ᠲᠡᠭᠦᠯᠳᠡᠷᠵᠢᠭᠦᠯᠬᠦ᠂ ᠥᠪᠡᠷ᠎ᠢ᠎ᠪᠠᠨ ᠱᠢᠨᠡᠴᠢᠯᠡᠬᠦ᠂ ᠥᠪᠡᠷ᠎ᠢ᠎ᠪᠠᠨ ᠳᠡᠭᠡᠭ᠌ᠰᠢᠯᠡᠭᠦᠯᠬᠦ᠌ ᠴᠢᠳᠠᠪᠤᠷᠢ᠎ᠶ᠋ᠢ ᠲᠠᠰᠤᠷᠠᠯᠳᠠ ᠦᠭᠡᠢ ᠴᠢᠩᠭᠠᠳᠭᠠᠬᠤ ᠬᠡᠷᠡᠭ᠌ᠳᠠᠢ᠃
ᠠᠷᠪᠠᠨ ᠨᠠᠢ᠍ᠮᠠᠳᠤᠭᠠᠷ ᠵᠦᠢᠯ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠪᠦᠬᠦ᠌ ᠨᠠᠮ᠎ᠤᠨ ᠭᠡᠱᠢᠭᠦᠨ ᠡᠷᠬᠡᠪᠰᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠨᠠᠮ᠎ᠤᠨ ᠲᠥᠪ ᠬᠤᠷᠢᠶᠠᠨ᠎ᠤ ᠭᠤᠣᠯᠯᠠᠭ᠍ᠴᠢ᠂ ᠪᠦᠬᠦ᠌ ᠨᠠᠮ᠎ᠤᠨ ᠭᠤᠣᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠡᠷᠡᠰ ᠬᠠᠮᠠᠭᠠᠯᠠᠵᠤ᠂ ᠨᠠᠮ᠎ᠤᠨ ᠲᠥᠪ ᠬᠤᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠨᠠᠮ᠎ᠤᠨ ᠭᠡᠱᠢᠭᠦᠨ ᠬᠤᠪᠢ ᠬᠦᠮᠦᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠲᠠᠭᠠᠬᠤ᠂ ᠴᠥᠭᠡᠩᠬᠢ᠎ᠨᠢ ᠣᠯᠠᠩᠬᠢ᠎ᠪᠠᠨ ᠲᠠᠭᠠᠬᠤ᠂ ᠲᠤᠤᠷᠠᠳᠤ ᠱᠠᠲᠤᠨ᠎ᠤ ᠵᠣᠬᠢᠶᠠᠨ ᠪᠠᠢᠭᠤᠯᠤᠯᠲᠠ᠎ᠨᠢ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠪᠠᠨ ᠲᠠᠭᠠᠬᠤ᠂ ᠪᠦᠬᠦ᠌ ᠨᠠᠮ᠎ᠤᠨ ᠡᠯ᠎ᠡ ᠵᠣᠬᠢᠶᠠᠨ ᠪᠠᠢᠭᠤᠯᠤᠯᠲᠠ ᠪᠣᠯᠤᠨ ᠪᠦᠬᠦ᠌ ᠨᠠᠮ᠎ᠤᠨ ᠭᠡᠱᠢᠭᠦᠨ᠎ᠨᠢ ᠨᠠᠮ᠎ᠤᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠣᠯᠤᠨ ᠲᠥᠪ ᠬᠤᠷᠢᠶ᠎ᠠ᠎ᠶ᠋ᠢ ᠲᠠᠭᠠᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠤᠨ᠂ ᠵᠣᠬᠢᠶᠠᠨ ᠪᠠᠢᠭᠤᠯᠤᠯᠲᠠ᠎ᠶ᠋ᠢᠨ ᠰᠠᠬᠢᠯᠭ᠎ᠠ ᠪᠠᠲᠤ᠎ᠶ᠋ᠢᠨ ᠡᠯ᠎ᠡ ᠵᠦᠢᠯ᠎ᠤᠨ ᠱᠠᠭᠠᠷᠳᠠᠯᠭ᠎ᠠ᠎ᠶ᠋ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠍᠂ ᠰᠠᠬᠢᠯᠭ᠎ᠠ ᠪᠠᠲᠤ᠎ᠶ᠋ᠢᠨ ᠬᠥᠮᠦᠵᠢᠯ᠎ᠢ ᠭᠦᠨᠵᠡᠭᠡᠢ ᠥᠷᠨᠢᠭᠦᠯᠦᠨ᠂ ᠵᠣᠬᠢᠶᠠᠨ ᠪᠠᠢᠭᠤᠯᠤᠯᠲᠠ᠎ᠶ᠋ᠢᠨ ᠰᠠᠬᠢᠯᠭ᠎ᠠ ᠪᠠᠲᠤ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠳᠤ ᠬᠢᠨᠠᠯᠲᠠ ᠲᠠᠯᠪᠢᠵᠤ ᠪᠠᠢᠴᠠᠭᠠᠬᠤ᠎ᠶ᠋ᠢ ᠴᠢᠩᠭᠠᠳᠭᠠᠵᠤ᠂ ᠵᠣᠬᠢᠶᠠᠨ ᠪᠠᠢᠭᠤᠯᠤᠯᠲᠠ᠎ᠶ᠋ᠢᠨ ᠰᠠᠬᠢᠯᠭ᠎ᠠ ᠪᠠᠲᠤ᠎ᠶ᠋ᠢ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠰᠠᠬᠢᠯᠭ᠎ᠠ ᠪᠠᠲᠤ᠎ᠶ᠋ᠢᠨ ᠡᠷᠬᠡ ᠰᠦᠷᠲᠦ ᠴᠢᠨᠠᠷ ᠪᠠ ᠬᠦᠯᠢᠶᠡᠰᠦᠯᠡᠬᠦ᠌ ᠬᠦᠴᠦᠨ᠎ᠢ ᠳᠡᠭᠡᠭ᠌ᠰᠢᠯᠡᠭᠦᠯᠦᠨ᠂ ᠵᠠᠷᠯᠢᠭ ᠪᠠᠢᠪᠠᠰᠤ ᠡᠷᠬᠡᠪᠰᠢ ᠬᠡᠷᠡᠭ᠌ᠵᠢᠬᠦᠯᠬᠦ᠂ ᠴᠠᠭᠠᠵᠠ ᠪᠠᠢᠪᠠᠰᠦ ᠵᠠᠪᠠᠯ ᠵᠢᠷᠤᠮᠯᠠᠬᠤ᠂ ᠰᠠᠬᠢᠯᠭ᠎ᠠ ᠪᠠᠲᠤ᠎ᠶ᠋ᠢ ᠵᠠᠪᠠᠯ ᠴᠢᠩᠭ᠎ᠠ ᠬᠡᠷᠡᠭ᠌ᠵᠢᠭᠦᠯᠬᠦ᠂ ᠰᠠᠬᠢᠯᠭ᠎ᠠ ᠪᠠᠲᠤ᠎ᠶ᠋ᠢ ᠵᠥᠷᠢᠴᠡᠪᠡᠯ ᠵᠠᠪᠠᠯ ᠨᠡᠬᠡᠮᠵᠢᠯᠡᠬᠦ᠌᠎ᠶ᠋ᠢ ᠪᠡᠶᠡᠯᠡᠭᠦᠯᠬᠦ᠌ ᠬᠡᠷᠡᠭ᠌ᠳᠠᠢ᠃
ᠳᠥᠷᠪᠡᠳᠦᠭᠡᠷ ᠪᠦᠯᠦᠭ ᠺᠠᠳ᠋ᠷ᠎ᠤᠨ ᠠᠵᠢᠯ
ᠠᠷᠪᠠ ᠶᠢᠰᠦᠳᠦᠭᠡᠷ ᠵᠦᠢᠯ ᠨᠠᠮ᠎ᠠᠴᠠ ᠺᠠᠳ᠋ᠷ᠎ᠢ ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠮᠣᠷᠠᠯ ᠴᠢᠳᠠᠪᠤᠷᠢ᠎ᠶ᠋ᠢ ᠬᠤᠣᠰᠯᠠᠭᠤᠯᠬᠤ᠂ ᠮᠣᠷᠠᠯ᠎ᠢ ᠲᠡᠷᠢᠭᠦᠨ᠎ᠳᠤ ᠲᠠᠯᠪᠢᠬᠤ᠎ᠶ᠋ᠢ ᠪᠠᠷᠢᠮᠲᠠᠯᠠᠵᠤ᠂ ᠬᠠᠮᠢᠭ᠎ᠠ᠎ᠠᠴᠠ ᠢᠷᠡᠭ᠌ᠰᠡᠨ ᠴᠤ᠌ ᠬᠠᠮᠢᠶ᠎ᠠ ᠦᠭᠡᠢ ᠡᠷᠳᠡᠮᠲᠡᠨ ᠴᠢᠳᠠᠪᠤᠷᠢᠳᠠᠨ᠎ᠢ ᠬᠡᠷᠡᠭ᠌ᠯᠡᠬᠦ᠌᠎ᠶ᠋ᠢ ᠪᠠᠷᠢᠮᠲᠠᠯᠠᠵᠤ᠂ ᠰᠠᠢᠨ ᠺᠠᠳ᠋ᠷ᠎ᠤᠨ ᠪᠠᠷᠢᠮᠵᠢᠶ᠎ᠠ᠎ᠶ᠋ᠢ ᠪᠠᠷᠢᠮᠲᠠᠯᠠᠵᠤ᠂ ᠬᠥᠮᠦᠨ᠎ᠢ ᠬᠡᠷᠡᠭ᠌ᠯᠡᠬᠦ᠌ ᠵᠥᠪ ᠤᠳᠤᠷᠢᠳᠤᠮᠵᠢ᠎ᠶ᠋ᠢ ᠪᠠᠷᠢᠮᠲᠠᠯᠠᠵᠤ᠂ ᠺᠠᠳ᠋ᠷ᠎ᠤᠨ ᠬᠡᠪ ᠪᠤᠯᠪᠠᠰᠤᠷᠠᠯ᠎ᠢ ᠬᠥᠮᠦᠵᠢᠭᠦᠯᠬᠦ᠂ ᠪᠠᠢᠳᠠᠯ᠎ᠢ ᠣᠢᠯᠠᠭᠠᠵᠤ ᠬᠥᠮᠦᠨ᠎ᠢ ᠲᠠᠨᠢᠬᠤ᠂ ᠰᠤᠩᠭᠤᠨ ᠳᠡᠪᠱᠢᠭᠦᠯᠵᠦ᠍ ᠬᠡᠷᠡᠭ᠌ᠯᠡᠬᠦ᠂ ᠴᠢᠩᠭ᠎ᠠ ᠬᠠᠮᠢᠶᠠᠷᠬᠤ᠂ ᠵᠦᠪ᠎ᠢᠶᠠᠷ ᠤᠷᠮᠠᠱᠢᠭᠤᠯᠬᠤ ᠱᠢᠰᠲ᠋ᠧᠮ᠎ᠤᠨ ᠪᠠᠢᠭᠤᠯᠤᠯᠳᠠ᠎ᠶ᠋ᠢ ᠨᠢᠭᠡᠳᠦᠯᠳᠠᠢ ᠲᠦᠯᠦᠪᠵᠢᠭᠦᠯᠵᠤ᠂ ᠤᠳᠤᠷᠢᠳᠭᠤ ᠪᠠᠭ ᠪᠠ ᠺᠠᠳ᠋ᠷ᠎ᠤᠨ ᠡᠩᠨᠡᠭᠡᠨ᠎ᠤ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠤ᠂ ᠨᠠᠮ ᠵᠠᠰᠠᠭ᠎ᠤᠨ ᠪᠠᠢᠭᠤᠯᠭ᠎ᠠ᠂ ᠠᠷᠠᠳ᠎ᠤᠨ ᠪᠦᠯᠬᠦᠮ᠂ ᠤᠯᠤᠰ᠎ᠤᠨ ᠥᠮᠴᠢᠯᠡᠯ᠎ᠳᠤ ᠠᠵᠤ ᠠᠬᠤᠢᠯᠠᠯ ᠪᠠ ᠠᠵᠢᠯ ᠦᠢᠯᠡᠰ᠎ᠤᠨ ᠨᠢᠭᠡᠴᠢ᠎ᠶ᠋ᠢᠨ ᠺᠠᠳ᠋ᠷ᠎ᠤᠨ ᠡᠩᠨᠡᠭᠡᠨ᠎ᠤ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠯ᠎ᠲᠠᠢ ᠥᠨᠳᠥᠷ ᠬᠡᠪ ᠪᠤᠯᠪᠠᠰᠤᠷᠠᠯ᠎ᠲᠠᠢ ᠲᠤᠰᠭᠠᠢᠵᠢᠭ᠍ᠰᠠᠨ ᠺᠠᠳ᠋ᠷ᠎ᠤᠨ ᠡᠩᠨᠡᠭᠡ᠎ᠶ᠋ᠢ ᠬᠦᠴᠦᠯᠡᠨ ᠪᠠᠢᠭᠤᠯᠬᠤ ᠬᠡᠷᠡᠭ᠌ᠳᠠᠢ᠃
ᠬᠤᠷᠢᠳᠤᠭᠠᠷ ᠵᠦᠢᠯ ᠺᠠᠳ᠋ᠷ᠎ᠤᠨ ᠠᠵᠢᠯ᠎ᠳᠤ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ ᠱᠠᠳᠤ ᠬᠤᠪᠢᠶᠠᠨ ᠲᠦᠷᠦᠯ ᠬᠤᠪᠢᠶᠠᠨ ᠬᠠᠮᠢᠶᠠᠷᠬᠤ ᠪᠠᠢᠭᠤᠯᠤᠮᠵᠢ᠎ᠶ᠋ᠢ ᠬᠡᠷᠡᠭ᠌ᠵᠢᠭᠦᠯᠦᠨ᠎ᠡ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠵᠢᠴᠢ ᠲᠡᠭᠦᠨ᠎ᠤ ᠵᠣᠬᠢᠶᠠᠨ ᠪᠠᠢᠭᠤᠯᠬᠤ ᠰᠠᠯᠠᠭ᠎ᠠ ᠮᠥᠴᠢᠷ ᠺᠠᠳ᠋ᠷ᠎ᠤᠨ ᠠᠵᠢᠯ᠎ᠤᠨ ᠨᠢᠭᠡᠳᠦᠯᠲᠡᠢ ᠬᠠᠮᠢᠶᠠᠷᠤᠯᠲᠠ᠎ᠶ᠋ᠢ ᠴᠢᠩᠭᠠᠳᠭᠠᠬᠤ ᠬᠡᠷᠡᠭ᠌ᠲᠡᠢ᠃ ᠠᠵᠢᠯ ᠶᠠᠪᠤᠳᠠᠯ᠎ᠤᠨ ᠡᠷᠬᠡ᠎ᠶ᠋ᠢᠨ ᠬᠤᠪᠢᠶᠠᠷᠢᠯᠠᠯ᠂ ᠠᠵᠢᠯ ᠲᠥᠷᠥᠯ᠎ᠤᠨ ᠬᠦᠷᠢᠶ᠎ᠠ ᠴᠠᠷᠠᠭᠠᠨ᠎ᠤ ᠱᠢᠨᠵᠢ ᠴᠢᠨᠠᠷ᠎ᠤᠨ ᠣᠨᠴᠠᠯᠢᠭ᠂ ᠪᠠᠢᠭᠤᠯᠤᠮᠵᠢ᠎ᠶ᠋ᠢᠨ ᠲᠤᠬᠢᠷᠠᠭᠤᠯᠤᠯᠳᠠ ᠪᠠ ᠲᠤᠬᠠᠢᠯᠠᠭ᠍ᠰᠠᠨ ᠠᠵᠢᠯ᠎ᠤᠨ ᠬᠠᠮᠢᠶᠠᠷᠤᠯᠲᠠ᠎ᠶ᠋ᠢᠨ ᠪᠠᠢᠭᠤᠯᠤᠮᠵᠢ ᠵᠢᠴᠢ ᠡᠩᠨᠡᠭᠡᠨ᠎ᠤ ᠪᠠᠢᠭᠤᠯᠤᠯᠲᠠ᠎ᠶ᠋ᠢᠨ ᠬᠡᠷᠡᠭ᠌ᠴᠡᠭᠡ᠎ᠶ᠋ᠢ ᠦᠨᠳᠦᠰᠦᠯᠡᠨ᠂ ᠺᠠᠳ᠋ᠷ᠎ᠤᠨ ᠬᠠᠮᠢᠶᠠᠷᠤᠯᠲᠠ᠎ᠶ᠋ᠢᠨ ᠲᠤᠱᠢᠶᠠᠯ ᠬᠠᠷᠢᠭᠤᠴᠠᠯᠭ᠎ᠠ᠂ ᠬᠦᠷᠢᠶ᠎ᠠ ᠬᠡᠪᠴᠢᠶ᠎ᠡ᠂ ᠡᠷᠬᠡ᠎ᠶ᠋ᠢᠨ ᠬᠡᠪᠴᠢᠶ᠎ᠠ᠂ ᠬᠡᠯᠪᠡᠷᠢ ᠪᠠ ᠲᠠᠷᠠᠭᠠᠯᠠᠯ᠎ᠢ ᠵᠦᠶ ᠵᠣᠬᠢᠰᠲᠠᠶ ᠲᠣᠭ᠍ᠲᠠᠭᠠᠵᠤ᠂ ᠺᠠᠳ᠋ᠷ᠎ᠤᠨ ᠳᠠᠪᠬᠤᠷ ᠬᠠᠮᠢᠶᠠᠷᠤᠯᠲᠠ᠎ᠶ᠋ᠢᠨ ᠠᠵᠢᠯ᠎ᠢ ᠰᠠᠢᠲᠤᠷ ᠬᠢᠬᠦ᠌ ᠬᠡᠷᠡᠭ᠌ᠲᠡᠶ᠃
ᠬᠤᠷᠢᠨ ᠨᠢᠭᠡᠳᠦᠭᠡᠷ ᠵᠦᠢᠯ ᠤᠳᠤᠷᠢᠳᠭᠤ ᠪᠠᠭ᠎ᠤᠨ ᠪᠠᠢᠭᠤᠯᠤᠯᠲᠠ᠎ᠨᠢ ᠡᠷᠬᠡᠪᠰᠢ ᠨᠠᠮ᠎ᠤᠨ ᠤᠯᠤᠰ ᠲᠦᠷᠦ᠎ᠶ᠋ᠢᠨ ᠪᠠᠢᠭᠤᠯᠤᠯᠲᠠ᠎ᠶ᠋ᠢ ᠲᠡᠷᠢᠭᠦᠨ᠎ᠳᠤ ᠲᠠᠯᠪᠢᠵᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ᠎ᠶ᠋ᠢ ᠪᠠᠷᠢᠮᠲᠠᠯᠠᠵᠤ᠂ ᠨᠢᠭᠡᠳᠦᠯᠲᠡᠶ ᠲᠥᠯᠥᠪᠵᠢᠭᠦᠯᠦᠨ ᠪᠦᠬᠦᠯᠢ ᠴᠣᠭ᠍ᠴᠠ᠎ᠪᠠᠷ ᠠᠬᠢᠭᠤᠯᠬᠤ᠎ᠶ᠋ᠢ ᠪᠠᠷᠢᠮᠳᠠᠯᠠᠵᠤ᠂ ᠲᠥᠷᠥᠯ ᠬᠤᠪᠢᠶᠠᠨ ᠵᠢᠯᠣᠭᠤᠳᠴᠤ᠌᠂ ᠤᠨᠢᠨ ᠲᠡᠭᠡᠷ᠎ᠡ᠎ᠨᠢ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠶ᠋ᠢ ᠪᠠᠷᠢᠮᠳᠠᠯᠠᠵᠤ᠂ ᠠᠷᠠᠳᠴᠢᠯᠠᠯ ᠲᠥᠪᠯᠡᠷᠡᠯ᠎ᠤᠨ ᠶᠤᠰᠤ᠎ᠶ᠋ᠢ ᠴᠢᠩᠭ᠎ᠠ ᠬᠡᠷᠡᠭ᠌ᠵᠢᠭᠦᠯᠵᠤ᠂ ᠣᠨᠣᠯ᠎ᠢᠶᠠᠷ ᠵᠡᠪᠰᠡᠭ᠌ᠯᠡᠬᠦ᠌᠎ᠶ᠋ᠢ ᠭᠦᠨᠵᠡᠭᠡᠢᠷᠡᠭᠦᠯᠵᠤ᠂ ᠪᠠᠭ᠎ᠤᠨ ᠪᠦᠲᠦᠴᠡ᠎ᠶ᠋ᠢ ᠱᠢᠯᠢᠳᠡᠭ᠌ᠵᠢᠭᠦᠯᠵᠤ᠂ ᠪᠦᠬᠦᠯᠢ ᠴᠣᠭ᠍ᠴᠠ᠎ᠶ᠋ᠢᠨ ᠴᠢᠳᠠᠮᠵᠢ᠎ᠶ᠋ᠢ ᠴᠢᠩᠭᠠᠷᠠᠭᠤᠯᠵᠤ᠂ ᠪᠠᠭ᠎ᠤᠨ ᠲᠣᠭ᠍ᠲᠠᠭᠤᠨ᠎ᠢ ᠪᠠᠲᠤᠯᠠᠵᠤ᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠢ᠍ᠢᠯᠠᠭᠠᠬᠤ ᠴᠢᠳᠠᠪᠤᠷᠢ᠂ ᠤᠯᠤᠰ ᠲᠦᠷᠦ᠎ᠶ᠋ᠢᠨ ᠭᠦᠢᠴᠡᠳᠭᠡᠬᠦ᠌ ᠬᠦᠴᠦᠨ᠎ᠢᠶᠠᠨ ᠴᠢᠩᠭᠠᠷᠠᠭᠤᠯᠵᠦ᠍᠂ ᠴᠢᠷᠮᠠᠢᠵᠤ ᠪᠠᠢᠭᠠᠳ ᠡᠯ᠎ᠡ ᠱᠠᠲᠤᠨ᠎ᠤ ᠤᠳᠤᠷᠢᠳᠭᠤ ᠪᠠᠭ᠎ᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠦᠨᠡᠨᠴᠢ᠎ᠪᠠᠷ ᠦᠢᠯᠡᠳᠦᠯᠭᠡᠵᠢᠭᠦᠯᠬᠦ᠂ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠠᠲᠤ ᠴᠢᠩᠭ᠎ᠠ ᠤᠳᠤᠷᠢᠳᠭᠤ ᠬᠠᠮᠲᠤ ᠪᠤᠯᠭᠠᠨ ᠳᠠᠪᠳᠠᠨ ᠪᠤᠯᠪᠠᠰᠤᠷᠠᠭᠤᠯᠬᠤ ᠬᠡᠷᠡᠭ᠌ᠳᠠᠢ᠃
ᠬᠤᠷᠢᠨ ᠬᠤᠶᠠᠳᠤᠭᠠᠷ ᠵᠦᠢᠯ ᠡᠬᠢᠨ᠎ᠠᠴᠠ᠎ᠨᠢ ᠬᠥᠮᠦᠵᠢᠭᠦᠯᠬᠦ᠂ ᠮᠥᠷᠳᠡᠨ ᠬᠥᠮᠦᠵᠢᠭᠦᠯᠬᠦ᠂ ᠪᠦᠬᠦ᠌ ᠶᠠᠪᠤᠴᠠ᠎ᠳᠤ ᠬᠥᠮᠦᠵᠢᠭᠦᠯᠬᠦ᠌ ᠬᠡᠪ ᠪᠤᠯᠪᠠᠰᠤᠷᠠᠯ᠎ᠤᠨ ᠱᠢᠰᠲ᠋ᠧᠮ᠎ᠢ ᠪᠠᠢᠭᠤᠯᠤᠨ ᠪᠦᠷᠢᠨᠱᠢᠬᠦᠯᠵᠤ᠂ ᠤᠯᠤᠰ ᠲᠦᠷᠦ᠎ᠶ᠋ᠢᠨ ᠬᠡᠪ ᠪᠤᠯᠪᠠᠰᠤᠷᠠᠯ᠎ᠢ ᠲᠤᠪᠤᠢᠯᠭᠠᠨ᠂ ᠲᠦᠷᠦᠯ ᠬᠤᠪᠢᠶᠠᠨ ᠲᠡᠰ ᠬᠤᠪᠢᠶᠠᠬᠤ᠎ᠶ᠋ᠢ ᠴᠢᠬᠤᠯᠠᠴᠢᠯᠠᠵᠤ᠂ ᠦᠵᠡᠯ ᠰᠠᠨᠠᠭᠠᠨ᠎ᠤ ᠳᠠᠪᠲᠠᠯᠲᠠ᠂ ᠤᠯᠤᠰ ᠲᠦᠷᠦ᠎ᠶ᠋ᠢᠨ ᠳᠠᠪᠲᠠᠯᠲᠠ᠂ ᠦᠢᠯᠡᠳᠦᠯᠭᠡ᠎ᠶ᠋ᠢᠨ ᠳᠠᠪᠲᠠᠯᠲᠠ᠂ ᠲᠤᠰᠭᠠᠢ ᠮᠡᠷᠭᠡᠵᠢᠯ᠎ᠤᠨ ᠪᠣᠯᠪᠠᠰᠤᠷᠠᠯ᠎ᠢ ᠴᠢᠩᠭᠠᠳᠭᠠᠨ᠂ ᠦᠵᠡᠯ ᠰᠠᠨᠠᠭ᠎ᠠ ᠤᠨᠤᠯ᠎ᠢᠶᠠᠷ ᠵᠡᠪᠰᠡᠭ᠌ᠯᠡᠬᠦ᠂ ᠬᠦᠰᠡᠯᠡᠩ ᠢᠲᠡᠭᠡᠯ ᠵᠣᠷᠢᠭ᠎ᠤᠨ ᠬᠥᠮᠦᠵᠢᠯ᠂ ᠮᠡᠳᠡᠯᠭᠡ᠎ᠶ᠋ᠢᠨ ᠪᠦᠲᠦᠴᠡ᠎ᠶ᠋ᠢᠨ ᠰᠠᠢᠵᠢᠷᠠᠯᠲᠠ᠂ ᠴᠢᠳᠠᠪᠤᠷᠢ᠎ᠶ᠋ᠢᠨ ᠬᠡᠪ ᠪᠤᠯᠪᠠᠰᠤᠷᠠᠯ᠎ᠤᠨ ᠳᠡᠭᠡᠭ᠌ᠰᠢᠯᠡᠯᠲᠡ᠎ᠶ᠋ᠢ ᠺᠠᠳ᠋ᠷ᠎ᠤᠨ ᠦᠰᠦᠨ ᠪᠤᠢᠵᠢᠯᠲᠠ᠎ᠶ᠋ᠢᠨ ᠪᠦᠬᠦ᠌ ᠶᠠᠪᠤᠴᠠ᠎ᠳᠤ ᠲᠤᠭᠤᠱᠢᠯᠠᠭᠤᠯᠬᠤ ᠬᠡᠷᠡᠭ᠌ᠳᠠᠢ᠃ ᠦᠨᠳᠦᠰᠦᠨ ᠱᠠᠲᠤᠨ᠎ᠤ ᠡᠮᠦᠨ᠎ᠡ ᠹᠷᠣᠨᠲ ᠪᠣᠯᠤᠨ ᠬᠦᠴᠢᠷ ᠪᠡᠷᠬᠡᠱᠢᠶᠡᠯ᠎ᠲᠠᠢ ᠭᠠᠵᠠᠷ ᠣᠷᠣᠨ᠎ᠳᠤ ᠺᠠᠳ᠋ᠷ᠎ᠢ ᠬᠥᠮᠦᠵᠢᠭᠦᠯᠦᠨ ᠪᠣᠯᠪᠠᠰᠤᠷᠠᠭᠤᠯᠬᠤ᠎ᠶ᠋ᠢ ᠴᠢᠬᠤᠯᠠᠴᠢᠯᠠᠵᠤ᠂ ᠲᠡᠮᠡᠴᠡᠯ᠎ᠤᠨ ᠵᠣᠷᠢᠭ ᠰᠠᠨᠠᠭ᠎ᠠ᠎ᠶ᠋ᠢ᠎ᠨᠢ ᠴᠢᠩᠭᠠᠳᠭᠠᠵᠤ᠂ ᠵᠠᠰᠠᠯᠲᠠ᠎ᠶ᠋ᠢᠨ ᠴᠢᠳᠠᠪᠤᠷᠢ᠎ᠶ᠋ᠢ᠎ᠨᠢ ᠳᠡᠭᠡᠭ᠌ᠰᠢᠯᠡᠭᠦᠯᠵᠦ᠍᠂ ᠥᠷᠭᠡᠨ ᠤᠯᠠᠨ ᠺᠠᠳ᠋ᠷ᠎ᠤᠨ ᠤᠯᠤᠰ ᠲᠦᠷᠦ᠎ᠶ᠋ᠢᠨ ᠬᠡᠪ ᠪᠣᠯᠪᠠᠰᠤᠷᠠᠯ᠂ ᠤᠨᠤᠯ᠎ᠤᠨ ᠲᠦᠪᠱᠢᠨ᠂ ᠲᠤᠰᠭᠠᠢ ᠮᠡᠷᠭᠡᠵᠢᠯ᠎ᠤᠨ ᠲᠦᠪᠱᠢᠨ᠂ ᠦᠢᠯᠡᠳᠦᠯᠭᠡ᠎ᠶ᠋ᠢᠨ ᠴᠢᠳᠠᠪᠤᠷᠢ᠎ᠶ᠋ᠢ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠠᠯᠬᠤᠭ᠎ᠠ᠎ᠶ᠋ᠢ ᠲᠠᠭᠠᠵᠤ ᠠᠮᠵᠢᠭᠤᠯᠬᠤ ᠬᠡᠷᠡᠭ᠌ᠲᠡᠢ᠃
ᠬᠤᠷᠢᠨ ᠭᠤᠷᠪᠠᠳᠤᠭᠠᠷ ᠵᠦᠢᠯ ᠡᠳᠦᠷ ᠲᠤᠳᠤᠮ᠎ᠤᠨ ᠬᠢᠨᠠᠨ ᠱᠢᠯᠭᠠᠬᠤ᠂ ᠲᠦᠷᠦᠯ ᠬᠤᠪᠢᠶᠠᠵᠦ᠍ ᠬᠢᠨᠠᠨ ᠱᠢᠯᠭᠠᠬᠤ᠂ ᠤᠢ᠍ᠢᠷ᠎ᠠ ᠵᠠᠢ᠎ᠠᠴᠠ ᠬᠢᠨᠠᠨ ᠱᠢᠯᠭᠠᠬᠤ ᠶᠠᠪᠤᠳᠠᠯ᠎ᠢ ᠮᠡᠳᠡᠵᠤ ᠬᠥᠮᠦᠨ᠎ᠢ ᠲᠠᠨᠢᠬᠤ ᠱᠢᠰᠲ᠋ᠧᠮ᠎ᠢ ᠪᠠᠢᠭᠤᠯᠤᠨ ᠪᠦᠷᠢᠨᠱᠢᠬᠦᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠤᠨ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠵᠥᠪ ᠦᠵᠡᠯᠲᠡ᠎ᠶ᠋ᠢ ᠪᠠᠷᠢᠮᠲᠠᠯᠠᠵᠤ᠂ ᠱᠢᠯᠢᠳᠡᠭ ᠪᠠ ᠮᠠᠭᠤ᠎ᠶ᠋ᠢ ᠢᠯᠭᠠᠬᠤ᠂ ᠱᠢᠯᠢᠳᠡᠭ᠎ᠢ᠎ᠨᠢ ᠱᠠᠩᠨᠠᠵᠤ ᠮᠠᠭᠤ᠎ᠶ᠋ᠢ᠎ᠨᠢ ᠲᠣᠷᠭᠠᠬᠤ᠂ ᠬᠠᠷᠢᠭᠤᠴᠠᠯᠭ᠎ᠠ ᠡᠭᠦᠷᠭᠡᠯᠡᠬᠦ᠌᠎ᠶ᠋ᠢ ᠤᠷᠮᠠᠱᠢᠭᠤᠯᠬᠤ᠂ ᠬᠥᠭ᠌ᠵᠢᠯᠲᠡ᠎ᠶ᠋ᠢ ᠠᠬᠢᠭᠤᠯᠬᠤ᠎ᠪᠠᠷ ᠦᠨᠳᠦᠰᠦᠨ ᠡᠭᠦᠷᠭᠡ᠎ᠪᠠᠨ ᠪᠣᠯᠭᠠᠵᠤ᠂ ᠬᠢᠨᠠᠨ ᠱᠢᠯᠭᠠᠬᠤ ᠠᠭᠤᠯᠭ᠎ᠠ ᠪᠠ ᠬᠢᠨᠠᠨ ᠱᠢᠯᠭᠠᠬᠤ ᠭᠦᠢᠴᠡᠳᠭᠡᠬᠦ᠌ ᠲᠤᠭ᠎ᠠ᠎ᠶ᠋ᠢᠨ ᠱᠢᠰᠲ᠋ᠧᠮ᠎ᠢ ᠱᠢᠯᠢᠳᠡᠭ᠌ᠵᠢᠭᠦᠯᠦᠨ᠂ ᠬᠢᠨᠠᠨ ᠱᠢᠯᠭᠠᠬᠤ ᠬᠡᠯᠪᠡᠷᠢ ᠪᠠ ᠠᠷᠭ᠎ᠠ᠎ᠶ᠋ᠢ ᠲᠡᠭᠦᠯᠳᠡᠷᠵᠢᠭᠦᠯᠵᠦ᠍᠂ ᠡᠩ᠎ᠤᠨ ᠦᠶ᠎ᠡ᠎ᠶ᠋ᠢᠨ ᠬᠢᠨᠠᠨ ᠱᠢᠯᠭᠠᠬᠤ᠂ ᠣᠨ᠎ᠤ ᠬᠢᠨᠠᠨ ᠱᠢᠯᠭᠠᠬᠤ᠂ ᠲᠤᠰᠭᠠᠢ ᠵᠦᠢᠯ᠎ᠤᠨ ᠬᠢᠨᠠᠨ ᠱᠢᠯᠭᠠᠬᠤ᠂ ᠲᠤᠱᠢᠶᠠᠯ᠎ᠤᠨ ᠬᠤᠭᠤᠴᠠᠭᠠᠨ᠎ᠤ ᠬᠢᠨᠠᠨ ᠱᠢᠯᠭᠠᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠍᠂ ᠺᠠᠳ᠋ᠷ᠎ᠢ ᠪᠦᠬᠦ᠌ ᠲᠠᠯ᠎ᠠ᠎ᠪᠠᠷ᠂ ᠤᠯᠠᠨ ᠠᠷᠭ᠎ᠠ ᠵᠠᠮ᠎ᠢᠶᠠᠷ ᠣᠢᠯᠠᠭᠠᠵᠤ᠂ ᠺᠠᠳ᠋ᠷ᠎ᠤᠨ ᠴᠢᠬᠤᠯᠠ ᠶᠡᠭᠡ ᠡᠭᠦᠷᠭᠡ᠂ ᠴᠢᠬᠤᠯᠠ ᠶᠡᠭᠡ ᠲᠡᠮᠡᠴᠡᠯ᠎ᠤᠨ ᠨᠢᠭᠡᠳᠦᠭᠡᠷ ᠹᠷᠣᠨᠲ᠎ᠲᠠᠬᠢ ᠢᠯᠡᠷᠡᠯ᠎ᠢ ᠠᠩᠬᠠᠷᠤᠨ ᠡᠵᠡᠮᠱᠢᠬᠦ᠌ ᠬᠡᠷᠡᠭ᠌ᠳᠠᠢ᠃ ᠬᠢᠨᠠᠨ ᠱᠢᠯᠭᠠᠭ᠍ᠰᠠᠨ ᠦᠷ᠎ᠡ ᠳ᠋ᠦᠩ᠎ᠢ ᠬᠡᠷᠡᠭ᠌ᠯᠡᠬᠦ᠌᠎ᠶ᠋ᠢ ᠴᠢᠩᠭᠠᠳᠭᠠᠵᠤ᠂ ᠬᠢᠨᠠᠨ ᠱᠢᠯᠭᠠᠭ᠍ᠰᠠᠨ ᠦᠷ᠎ᠡ ᠳ᠋ᠦᠩ᠎ᠢ ᠺᠠᠳ᠋ᠷ᠎ᠢ ᠰᠤᠩᠭᠤᠨ ᠳᠡᠪᠱᠢᠭᠦᠯᠵᠦ᠍ ᠬᠡᠷᠡᠭ᠌ᠯᠡᠬᠦ᠂ ᠬᠥᠮᠦᠵᠢᠭᠦᠯᠬᠦ᠂ ᠬᠠᠮᠢᠶᠠᠷᠴᠤ᠌ ᠬᠢᠨᠠᠯᠲᠠ ᠲᠠᠯᠪᠢᠬᠤ᠂ ᠤᠷᠮᠠᠱᠢᠭᠤᠯᠵᠤ ᠬᠦᠯᠢᠶᠡᠰᠦᠯᠡᠬᠦ᠂ ᠬᠠᠷᠢᠭᠤᠴᠠᠯᠭ᠎ᠠ ᠲᠤᠯᠭᠠᠵᠤ ᠬᠠᠷᠢᠭᠤᠴᠠᠯᠭ᠎ᠠ ᠨᠡᠬᠡᠮᠵᠢᠯᠡᠬᠦ᠌ ᠵᠡᠷᠭᠡ᠎ᠯᠦᠭᠡ ᠤᠶᠠᠯᠳᠤᠭᠤᠯᠵᠤ᠂ ᠰᠠᠢᠨ᠎ᠨᠢ ᠲᠠᠪᠱᠢᠵᠤ᠂ ᠱᠢᠯᠢᠳᠡᠭ᠎ᠨᠢ ᠱᠠᠩᠨᠠᠬ᠍ᠳᠠᠵᠤ᠂ ᠶᠡᠷᠦᠮᠳᠡᠭ᠎ᠨᠢ ᠪᠠᠭᠤᠵᠤ᠂ ᠠᠳᠠᠬ᠎ᠨᠢ ᠱᠢᠭ᠌ᠰᠢᠭ᠌ᠳᠡᠬᠦ᠌ ᠵᠥᠪ ᠤᠳᠤᠷᠢᠳᠤᠮᠵᠢ᠎ᠶ᠋ᠢ ᠪᠦᠷᠢᠯᠳᠦᠭᠦᠯᠬᠦ᠌᠎ᠶ᠋ᠢ ᠠᠬᠢᠭᠤᠯᠬᠤ ᠬᠡᠷᠡᠭ᠌ᠳᠠᠢ᠃
ᠬᠤᠷᠢᠨ ᠳᠥᠷᠪᠡᠳᠦᠭᠡᠷ ᠵᠦᠢᠯ ᠮᠣᠷᠠᠯ᠎ᠢ ᠲᠡᠷᠢᠭᠦᠨ᠎ᠳᠤ ᠲᠠᠯᠪᠢᠬᠤ᠂ ᠡᠷᠳᠡᠮᠲᠡᠨ ᠴᠢᠳᠠᠪᠤᠷᠢᠳᠠᠨ᠎ᠢ ᠬᠡᠷᠡᠭ᠌ᠯᠡᠬᠦ᠂ ᠵᠤᠬᠢᠰᠳᠡᠢ ᠬᠦᠮᠦᠨ᠎ᠢ ᠵᠤᠬᠢᠰᠳᠠᠢ ᠪᠠᠢᠷᠢ᠎ᠳᠤ ᠲᠤᠮᠢᠯᠠᠬᠤ ᠰᠣᠩᠭᠤᠨ ᠲᠠᠪᠱᠢᠬᠦᠯᠵᠤ ᠬᠡᠷᠡᠭ᠌ᠯᠡᠬᠦ᠌ ᠱᠢᠰᠲ᠋ᠧᠮ᠎ᠢ ᠪᠠᠢᠭᠤᠯᠤᠨ ᠪᠦᠷᠢᠨᠱᠢᠭᠦᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠪᠠ ᠪᠣᠭᠤᠮᠲᠠ᠎ᠶ᠋ᠢ ᠰᠠᠬᠢᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠯᠤᠰ ᠲᠥᠷᠥ᠎ᠶ᠋ᠢᠨ ᠪᠠᠷᠢᠮᠵᠢᠶ᠎ᠠ᠎ᠶ᠋ᠢ ᠲᠡᠷᠢᠭᠦᠨ᠎ᠳᠤ ᠲᠠᠯᠪᠢᠵᠤ᠂ ᠤᠯᠤᠰ ᠲᠥᠷᠥ᠎ᠶ᠋ᠢᠨ ᠪᠣᠭᠤᠮᠲᠠ᠂ ᠵᠠᠩ ᠰᠤᠷᠲᠠᠯ᠎ᠤᠨ ᠪᠣᠭᠤᠮᠲᠠ᠂ ᠴᠢᠳᠠᠪᠤᠷᠢ᠎ᠶ᠋ᠢᠨ ᠪᠣᠭᠤᠮᠲᠠ᠂ ᠰᠤᠷᠲᠠᠯ᠎ᠤᠨ ᠪᠣᠭᠤᠮᠲᠠ᠂ ᠠᠷᠢᠭᠤᠨ ᠴᠢᠬᠡᠴᠢ᠎ᠶ᠋ᠢᠨ ᠪᠣᠭᠤᠮᠲᠠ᠎ᠶ᠋ᠢ ᠴᠢᠩᠭ᠎ᠠ ᠰᠠᠬᠢᠵᠤ᠂ ᠺᠠᠳ᠋ᠷ᠎ᠢ ᠰᠤᠩᠭᠤᠨ ᠳᠡᠪᠱᠢᠭᠦᠯᠵᠦ᠍ ᠬᠡᠷᠡᠭ᠌ᠯᠡᠬᠦ᠌ ᠵᠠᠷᠴᠢᠮ᠂ ᠨᠥᠬᠦᠴᠡᠯ᠂ ᠳᠡᠰ ᠳᠠᠷᠠᠭᠠᠯᠠᠯ᠎ᠢ ᠴᠢᠩᠭ᠎ᠠ ᠨᠠᠢᠳᠠᠪᠤᠷᠢᠵᠢᠭᠤᠯᠵᠤ᠂ ᠺᠠᠳ᠋ᠷ᠎ᠤᠨ ᠲᠤᠱᠢᠶᠠᠯ᠎ᠤᠨ ᠬᠤᠭᠤᠴᠠᠭ᠎ᠠ᠂ ᠲᠤᠱᠢᠶᠠᠯ᠎ᠳᠤ ᠲᠤᠮᠢᠯᠠᠬᠤ᠎ᠳᠤ ᠤᠨᠴᠠᠭᠠᠢ ᠬᠠᠷᠢᠴᠠᠭ᠎ᠠ᠎ᠠᠴᠠ ᠵᠠᠢᠯᠠᠭᠤᠯᠬᠤ ᠵᠡᠷᠭᠡ ᠳᠦᠷᠢᠮ᠎ᠢ ᠴᠢᠩᠭ᠎ᠠ ᠬᠡᠷᠡᠭ᠌ᠵᠢᠭᠦᠯᠵᠤ᠂ ᠦᠨᠳᠦᠰᠦᠨ ᠱᠠᠲᠤ᠎ᠶ᠋ᠢ ᠴᠢᠬᠤᠯᠠᠴᠢᠯᠠᠬᠤ᠂ ᠦᠢᠯᠡᠳᠦᠯᠭᠡ᠎ᠶ᠋ᠢ ᠴᠢᠬᠤᠯᠠᠴᠢᠯᠠᠬᠤ᠂ ᠡᠭᠦᠷᠭᠡᠯᠡᠯ᠎ᠢ ᠡᠷᠬᠢᠮᠯᠡᠨ ᠡᠭᠦᠷᠭᠡᠯᠡᠯ᠎ᠢ ᠴᠢᠬᠤᠯᠠᠴᠢᠯᠠᠬᠤ ᠬᠥᠮᠦᠨ ᠬᠡᠷᠡᠭ᠌ᠯᠡᠬᠦ᠌ ᠤᠳᠤᠷᠢᠳᠤᠮᠵᠢ᠎ᠶ᠋ᠢ ᠪᠤᠢ ᠪᠤᠯᠭᠠᠵᠤ᠂ ᠺᠠᠳ᠋ᠷ᠎ᠢ ᠬᠢᠨᠠᠨ ᠪᠠᠢᠴᠠᠭᠠᠬᠤ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠵᠤ᠂ ᠨᠠᠷᠢᠨ ᠣᠨᠤᠴᠠᠳᠠᠢ ᠱᠢᠨᠵᠢᠯᠡᠬᠦ᠌ ᠤᠬᠠᠭᠠᠨᠴᠢ᠎ᠪᠠᠷ ᠬᠥᠮᠦᠨ ᠰᠣᠩᠭᠤᠵᠤ ᠬᠥᠮᠦᠨ ᠬᠡᠷᠡᠭ᠌ᠯᠡᠵᠤ᠂ ᠨᠠᠮ ᠪᠠ ᠠᠷᠠᠳ ᠲᠦᠮᠡᠨ᠎ᠳᠤ ᠬᠡᠷᠡᠭ᠌ᠴᠡᠭᠡ᠎ᠲᠠᠢ ᠰᠠᠢᠨ ᠺᠠᠳ᠋ᠷ᠎ᠢ ᠦᠨᠡᠨ ᠬᠦ᠌ ᠰᠣᠩᠭᠤᠨ ᠬᠡᠷᠡᠭ᠌ᠯᠡᠬᠦ᠌ ᠬᠡᠷᠡᠭ᠌ᠳᠠᠢ᠃ ᠺᠠᠳ᠋ᠷ᠎ᠢ ᠰᠤᠩᠭᠤᠨ ᠳᠡᠪᠱᠢᠭᠦᠯᠵᠦ᠍ ᠬᠡᠷᠡᠭ᠌ᠯᠡᠬᠦ᠌ ᠠᠵᠢᠯ᠎ᠤᠨ ᠪᠦᠬᠦ᠌ ᠶᠠᠪᠤᠴᠠ᠎ᠳᠤ ᠬᠢᠨᠠᠯᠳᠠ ᠲᠠᠯᠪᠢᠬᠤ᠎ᠶ᠋ᠢ ᠴᠢᠩᠭᠠᠳᠭᠠᠵᠤ᠂ ᠰᠤᠷᠳᠠᠯ ᠴᠢᠭᠡᠴᠢ ᠤᠪᠤᠷ ᠲᠦᠪ ᠬᠥᠮᠦᠨ ᠰᠣᠩᠭᠤᠵᠤ ᠬᠥᠮᠦᠨ ᠬᠡᠷᠡᠭ᠌ᠯᠡᠬᠦ᠌ ᠣᠷᠴᠢᠨ ᠨᠥᠬᠦᠴᠡᠯ᠎ᠢ ᠪᠤᠢ ᠪᠣᠯᠭᠠᠬᠤ ᠬᠡᠷᠡᠭ᠌ᠳᠠᠢ᠃
ᠬᠥᠮᠦᠨ ᠰᠣᠩᠭᠤᠵᠤ ᠬᠥᠮᠦᠨ ᠬᠡᠷᠡᠭ᠌ᠯᠡᠬᠦ᠌ ᠬᠠᠷᠠᠭᠠᠰᠤ᠎ᠶ᠋ᠢ ᠥᠷᠭᠡᠳᠭᠡᠵᠦ᠍᠂ ᠣᠷᠣᠨ ᠨᠤᠲᠤᠭ ᠬᠢᠭᠡᠳ ᠰᠠᠯᠠᠭ᠎ᠠ ᠮᠥᠴᠢᠷ᠎ᠤᠨ ᠬᠤᠭᠤᠷᠣᠨᠳᠣᠬᠢ᠂ ᠭᠠᠵᠠᠷ ᠣᠷᠣᠨ᠎ᠤ ᠬᠤᠭᠤᠷᠣᠨᠳᠣᠬᠢ᠂ ᠰᠠᠯᠠᠭ᠎ᠠ ᠮᠥᠴᠢᠷ᠎ᠤᠨ ᠬᠤᠭᠤᠷᠣᠨᠳᠣᠬᠢ᠂ ᠨᠠᠮ ᠵᠠᠰᠠᠭ᠎ᠤᠨ ᠪᠠᠢᠭᠤᠯᠭ᠎ᠠ ᠬᠢᠭᠡᠳ ᠤᠯᠤᠰ᠎ᠤᠨ ᠥᠮᠴᠢᠯᠡᠯ᠎ᠳᠤ ᠠᠵᠤ ᠠᠬᠤᠢᠯᠠᠯ ᠪᠠ ᠠᠵᠢᠯ ᠦᠢᠯᠡᠰ᠎ᠤᠨ ᠨᠢᠭᠡᠴᠢ ᠵᠢᠴᠢ ᠪᠤᠰᠤᠳ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢᠨ ᠬᠤᠭᠤᠷᠣᠨᠳᠣᠬᠢ ᠺᠠᠳ᠋ᠷ᠎ᠤᠨ ᠰᠣᠯᠢᠯᠴᠠᠭ᠎ᠠ᠎ᠶ᠋ᠢ ᠠᠬᠢᠭᠤᠯᠵᠤ᠂ ᠲᠤᠰᠠᠯᠠᠨ ᠲᠣᠮᠢᠯᠠᠬᠤ᠂ ᠲᠦᠷ ᠴᠠᠭ ᠲᠤᠱᠢᠶᠠᠯ ᠡᠭᠦᠷᠭᠡᠯᠡᠭᠦᠯᠬᠦ᠌ ᠵᠡᠷᠭᠡ ᠬᠡᠯᠪᠡᠷᠢ᠎ᠶ᠋ᠢ ᠶᠡᠷᠦᠩᠬᠡᠢᠯᠡᠨ ᠬᠡᠷᠡᠭ᠌ᠯᠡᠵᠦ᠍᠂ ᠤᠯᠤᠰ᠎ᠤᠨ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠺᠠᠳ᠋ᠷ᠎ᠢ ᠰᠤᠩᠭᠤᠨ ᠲᠤᠮᠢᠯᠠᠬᠤ᠎ᠶ᠋ᠢ ᠳᠡᠮᠵᠢᠬᠦ᠌ ᠡᠷᠴᠢᠮ᠎ᠢ ᠴᠢᠩᠭᠠᠷᠠᠭᠤᠯᠬᠤ ᠬᠡᠷᠡᠭ᠌ᠳᠠᠢ᠃
ᠬᠤᠷᠢᠨ ᠲᠠᠪᠤᠳᠤᠭᠠᠷ ᠵᠦᠢᠯ ᠦᠵᠡᠯ ᠰᠠᠨᠠᠭ᠎ᠠ᠎ᠶ᠋ᠢ ᠬᠠᠮᠢᠶᠠᠷᠬᠤ᠂ ᠠᠵᠢᠯ᠎ᠢ ᠬᠠᠮᠢᠶᠠᠷᠬᠤ᠂ ᠰᠤᠷᠲᠠᠯ᠎ᠢ ᠬᠠᠮᠢᠶᠠᠷᠬᠤ᠂ ᠰᠠᠬᠢᠯᠭ᠎ᠠ ᠪᠠᠲᠤ᠎ᠶ᠋ᠢ ᠬᠠᠮᠢᠶᠠᠷᠬᠤ ᠴᠢᠩᠭ᠎ᠠ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠤᠨ ᠪᠦᠷᠢᠨᠱᠢᠬᠦᠯᠵᠤ᠂ ᠤᠳᠤᠷᠢᠳᠭᠤ ᠺᠠᠳ᠋ᠷᠴᠤᠳ ᠢᠯᠠᠩᠭᠤᠶ᠎ᠠ ᠨᠠᠮ ᠵᠠᠰᠠᠭ᠎ᠤᠨ ᠵᠢᠩᠬᠢᠨᠢ ᠲᠤᠱᠢᠶᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠺᠠᠳ᠋ᠷᠴᠤᠳ᠎ᠤᠨ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠂ ᠨᠠᠮ᠎ᠤᠨ ᠲᠦᠷᠢᠮ ᠨᠠᠮ᠎ᠤᠨ ᠲᠣᠭ᠍ᠲᠠᠭᠠᠯ ᠨᠠᠮ᠎ᠤᠨ ᠰᠠᠬᠢᠯᠭ᠎ᠠ ᠪᠠᠲᠤ ᠪᠠ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠵᠢᠷᠤᠮᠯᠠᠨ ᠰᠠᠬᠢᠬᠤ᠂ ᠨᠠᠮ᠎ᠤᠨ ᠱᠤᠭᠤᠮ ᠴᠢᠭ᠌ᠯᠡᠯᠲᠡ ᠲᠦᠷᠦ᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠬᠦ᠂ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ᠎ᠤᠨ ᠪᠠᠷᠢᠮᠵᠢᠶ᠎ᠠ᠎ᠶ᠋ᠢ ᠵᠢᠷᠤᠮᠯᠠᠨ ᠰᠠᠬᠢᠬᠤ ᠵᠡᠷᠭᠡ ᠪᠠᠢᠳᠠᠯ᠎ᠳᠤ ᠤᠯᠤᠰ ᠲᠦᠷᠦ᠎ᠶ᠋ᠢᠨ ᠬᠢᠨᠠᠯᠲᠠ ᠲᠠᠯᠪᠢᠬᠤ᠎ᠶ᠋ᠢ ᠲᠤᠪᠤᠢᠯᠭᠠᠨ᠎ᠠ᠃ ᠡᠷᠲᠡ᠎ᠠᠴᠠ ᠠᠳᠭᠤᠵᠤ ᠪᠠᠭ᠎ᠠ᠎ᠠᠴᠠ ᠠᠳᠭᠤᠵᠤ ᠪᠠᠢᠩᠭᠤ ᠠᠳᠭᠤᠬᠤ᠎ᠶ᠋ᠢ ᠪᠠᠷᠢᠮᠲᠠᠯᠠᠵᠤ᠂ ᠡᠳᠦᠷ ᠲᠤᠳᠤᠮ᠎ᠤᠨ ᠬᠠᠮᠢᠶᠠᠷᠤᠯᠲᠠ ᠪᠣᠯᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠥᠷᠭᠡᠨ ᠤᠯᠠᠨ ᠺᠠᠳ᠋ᠷ᠎ᠤᠨ ᠲᠦᠷᠢᠮ ᠲᠤᠬ᠍ᠳᠠᠭᠠᠯ ᠶᠤᠰᠤᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠡᠷᠬᠡ᠎ᠪᠠᠨ ᠬᠡᠷᠡᠭ᠌ᠵᠢᠭᠦᠯᠵᠦ᠍᠂ ᠠᠵᠢᠯ᠎ᠢᠶᠠᠨ ᠥᠷᠨᠢᠭᠦᠯᠬᠦ᠌᠎ᠶ᠋ᠢ ᠠᠬᠢᠭᠤᠯᠬᠤ ᠬᠡᠷᠡᠭ᠌ᠲᠡᠢ᠃
ᠬᠤᠷᠢᠨ ᠵᠢᠷᠭᠤᠳᠤᠭᠠᠷ ᠵᠦᠢᠯ ᠪᠣᠳᠠᠲᠠᠢ ᠠᠵᠢᠯᠯᠠᠬᠤ᠎ᠶ᠋ᠢ ᠡᠷᠬᠢᠮᠯᠡᠬᠦ᠂ ᠬᠠᠷᠢᠭᠤᠴᠠᠯᠭ᠎ᠠ ᠡᠭᠦᠷᠭᠡᠯᠡᠬᠦ᠌᠎ᠶ᠋ᠢ ᠳᠠᠢᠴᠢᠯᠠᠬᠤ᠂ ᠡᠷᠴᠢ ᠵᠣᠷᠢᠭ᠎ᠢᠶᠠᠨ ᠬᠥᠪᠴᠢᠯᠡᠬᠦ᠌ ᠵᠥᠪ ᠲᠠᠯ᠎ᠠ᠎ᠶ᠋ᠢᠨ ᠤᠷᠮᠠᠱᠢᠭᠤᠯᠤᠨ ᠵᠣᠷᠢᠭ᠍ᠵᠢᠭᠤᠯᠬᠤ ᠱᠢᠰᠲ᠋ᠧᠮ᠎ᠢ ᠪᠠᠢᠭᠤᠯᠤᠨ ᠪᠦᠷᠢᠨᠱᠢᠬᠦᠯᠵᠤ᠂ ᠴᠢᠩᠭ᠎ᠠ ᠬᠠᠮᠢᠶᠠᠷᠬᠤ ᠪᠠ ᠬᠠᠢᠷᠠᠯᠠᠨ ᠬᠠᠯᠠᠮᠵᠢᠯᠠᠬᠤ᠎ᠶ᠋ᠢ ᠤᠶᠠᠯᠳᠤᠭᠤᠯᠬᠤ᠂ ᠤᠷᠮᠠᠱᠢᠭᠤᠯᠤᠨ ᠵᠣᠷᠢᠭ᠍ᠵᠢᠭᠤᠯᠬᠤ ᠪᠠ ᠬᠦᠯᠢᠶᠡᠰᠦᠯᠡᠬᠦ᠌ᠶ᠋ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍ ᠵᠢᠳᠬᠦᠯ ᠴᠢᠷᠮᠠᠢᠯᠭ᠎ᠠ ᠭᠠᠷᠭᠠᠬᠤ᠎ᠳᠠᠭᠠᠨ ᠴᠢᠳᠠᠮᠠᠭᠠᠢ ᠺᠠᠳ᠋ᠷ᠎ᠢ ᠤᠷᠮᠠᠱᠢᠭᠤᠯᠤᠨ ᠬᠠᠮᠠᠭᠠᠯᠠᠬᠤ᠎ᠪᠠᠨ ᠴᠢᠩᠭᠠᠳᠭᠠᠵᠤ᠂ ᠬᠥᠮᠦᠨ ᠬᠡᠷᠡᠭ᠌ᠯᠡᠬᠦ᠌ ᠵᠥᠪ ᠤᠳᠤᠷᠢᠳᠤᠮᠵᠢ᠎ᠪᠠᠷ ᠠᠵᠢᠯ ᠬᠢᠵᠦ᠍ ᠦᠢᠯᠡᠰ ᠪᠤᠰᠭᠠᠬᠤ ᠤᠳᠤᠷᠢᠳᠤᠮᠵᠢ᠎ᠶ᠋ᠢ ᠬᠦᠳᠦᠯᠦᠨ ᠵᠢᠯᠣᠭᠤᠳᠤᠨ᠎ᠠ᠃ ᠬᠠᠷᠢᠭᠤᠴᠠᠯᠭ᠎ᠠ ᠲᠤᠯᠭᠠᠬ᠍ᠳᠠᠬ᠍ᠰᠠᠨ ᠪᠠ ᠱᠢᠢᠳᠭᠡᠯ ᠣᠯᠤᠭ᠍ᠰᠠᠨ ᠺᠠᠳ᠋ᠷ᠎ᠲᠤ ᠵᠥᠪ᠎ᠢᠶᠠᠷ ᠬᠠᠨᠳᠤᠵᠤ᠂ ᠵᠦᠢ ᠵᠣᠬᠢᠰᠲᠠᠢ ᠬᠡᠷᠡᠭ᠌ᠯᠡᠵᠦ᠍᠂ ᠭᠦᠳᠭᠡᠭ᠌ᠳᠡᠭ᠌ᠰᠡᠨ ᠺᠠᠳ᠋ᠷ᠎ᠤᠨ ᠶᠠᠪᠤᠳᠠᠯ᠎ᠢ ᠲᠤᠲᠤᠷᠬᠠᠢᠯᠠᠵᠤ ᠨᠡᠷ᠎ᠡ ᠲᠦᠷᠦ᠎ᠶ᠋ᠢ᠎ᠨᠢ ᠰᠡᠷᠭᠦᠭᠡᠵᠦ᠍ ᠦᠭ᠌ᠬᠦ ᠲᠦᠷᠢᠮ᠎ᠢ ᠲᠡᠭᠦᠯᠳᠡᠷᠵᠢᠭᠦᠯᠵᠦ᠍᠂ ᠬᠥᠬᠢᠭᠦᠯᠦᠨ ᠰᠠᠢᠱᠢᠶᠠᠵᠤ ᠱᠠᠩᠨᠠᠬᠤ ᠲᠦᠷᠢᠮ᠎ᠢ ᠪᠦᠷᠢᠨᠱᠢᠬᠦᠯᠵᠤ᠂ ᠺᠠᠳ᠋ᠷ᠎ᠤᠨ ᠴᠠᠯᠢᠩ᠂ ᠠᠰᠠᠷᠠᠮᠵᠢ ᠪᠠ ᠳᠠᠭᠠᠳᠭᠠᠯ᠎ᠤᠨ ᠲᠦᠷᠢᠮ᠎ᠢ ᠨᠠᠢᠳᠠᠪᠤᠷᠢᠵᠢᠭᠤᠯᠤᠨ ᠲᠡᠭᠦᠯᠳᠡᠷᠵᠢᠭᠦᠯᠵᠦ᠍᠂ ᠺᠠᠳ᠋ᠷ᠎ᠤᠨ ᠪᠡᠶ᠎ᠡ ᠰᠡᠳᠭᠢᠴᠡ᠎ᠶ᠋ᠢᠨ ᠡᠷᠡᠭᠦᠯ ᠮᠠᠨᠳᠤ᠎ᠶ᠋ᠢ ᠬᠠᠯᠠᠮᠵᠢᠯᠠᠨ ᠬᠠᠢᠷᠠᠯᠠᠵᠤ᠂ ᠦᠨᠳᠦᠰᠦᠨ ᠱᠠᠲᠤᠨ᠎ᠤ ᠺᠠᠳ᠋ᠷ ᠢᠯᠠᠩᠭᠤᠶ᠎ᠠ ᠶᠠᠳᠠᠭᠤ ᠬᠦᠴᠢᠷᠳᠡᠯᠲᠡᠢ ᠨᠦᠬᠦᠴᠡᠯ᠎ᠨᠢ ᠬᠠᠲᠠᠭᠤᠵᠢᠯᠲᠠᠢ ᠭᠠᠵᠠᠷ ᠣᠷᠣᠨ᠎ᠤ ᠺᠠᠳ᠋ᠷ᠎ᠲᠤ ᠲᠦᠷᠦ᠎ᠶ᠋ᠢᠨ ᠪᠤᠳᠤᠯᠭ᠎ᠠ᠎ᠶ᠋ᠢᠨ ᠲᠠᠯ᠎ᠠ᠎ᠪᠠᠷ ᠬᠡᠯᠪᠠᠢᠯᠬᠡᠬᠦ᠌ ᠡᠷᠴᠢᠮ᠎ᠢᠶᠠᠨ ᠴᠢᠩᠭᠠᠷᠠᠭᠤᠯᠵᠤ᠂ ᠥᠷᠭᠡᠨ ᠤᠯᠠᠨ ᠺᠠᠳ᠋ᠷ᠎ᠤᠨ ᠠᠵᠢᠯ ᠬᠢᠵᠦ᠍ ᠦᠢᠯᠡᠰ ᠪᠤᠰᠭᠠᠬᠤ ᠢᠳᠡᠪᠬᠢᠳᠤ ᠴᠢᠨᠡᠷ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠭᠦᠢᠴᠡᠳ ᠳᠠᠢᠴᠢᠯᠠᠬᠤ ᠬᠡᠷᠡᠭ᠌ᠲᠡᠢ᠃
ᠬᠤᠷᠢᠨ ᠳᠣᠯᠣᠳᠤᠭᠠᠷ ᠵᠦᠢᠯ ᠨᠠᠮ ᠪᠠ ᠤᠯᠤᠰ᠎ᠤᠨ ᠠᠵᠢᠯ ᠦᠢᠯᠡᠰ᠎ᠤᠨ ᠠᠯᠤᠰ ᠭᠡᠳᠤ᠎ᠶ᠋ᠢᠨ ᠬᠥᠭ᠌ᠵᠢᠯᠲᠡ᠎ᠶ᠋ᠢᠨ ᠬᠡᠷᠡᠭ᠌ᠴᠡᠭᠡ᠎ᠠᠴᠠ ᠡᠬᠦᠰᠴᠤ᠌᠂ ᠢᠷᠡᠯᠳᠡ᠎ᠶ᠋ᠢ ᠥᠷᠭᠡᠳᠭᠡᠬᠦ᠂ ᠪᠦᠲᠦᠴᠡ᠎ᠶ᠋ᠢ ᠱᠢᠯᠢᠳᠡᠭ᠌ᠵᠢᠭᠦᠯᠬᠦ᠂ ᠬᠡᠯᠪᠡᠷᠢ᠎ᠶ᠋ᠢ ᠰᠠᠢᠵᠢᠷᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠪᠠᠷᠢᠮᠲᠠᠯᠠᠵᠤ᠂ ᠡᠯ᠎ᠡ ᠹᠷᠣᠨᠲ᠂ ᠡᠯ᠎ᠡ ᠬᠦᠷᠢᠶ᠎ᠡ ᠴᠠᠷᠠᠭ᠎ᠠ᠂ ᠡᠯ᠎ᠡ ᠠᠵᠢᠯ ᠲᠦᠷᠦᠯ᠎ᠠᠴᠠ ᠱᠢᠯᠢᠳᠡᠭ ᠵᠠᠯᠠᠭᠤ ᠺᠠᠳ᠋ᠷ᠎ᠢ ᠢᠯᠡᠷᠡᠭᠦᠯᠦᠨ ᠰᠣᠩᠭᠤᠨ ᠳᠡᠪᠱᠢᠭᠦᠯᠵᠦ᠍᠂ ᠦᠰᠦᠨ ᠪᠤᠢᠵᠢᠯᠳᠠ᠎ᠶ᠋ᠢᠨ ᠠᠷᠭ᠎ᠠ ᠵᠠᠮ᠎ᠢ ᠱᠢᠯᠢᠳᠡᠭ᠌ᠵᠢᠭᠦᠯᠦᠨ᠂ ᠳᠡᠭᠡᠳᠦ ᠲᠤᠤᠷᠠᠳᠤ ᠱᠠᠳᠤ᠎ᠪᠠᠷ᠎ᠢᠶᠠᠨ ᠬᠤᠯᠪᠣᠭᠠᠯᠠᠨ ᠬᠥᠳᠡᠯᠦᠯᠴᠡᠭ᠌ᠰᠡᠨ᠂ ᠤᠷᠳᠤ ᠬᠤᠭᠤᠴᠠᠭ᠎ᠠ᠎ᠪᠠᠷ ᠠᠩᠬᠠᠷᠤᠯ ᠲᠠᠯᠪᠢᠬᠤ ᠺᠠᠳ᠋ᠷ᠎ᠤᠨ ᠪᠠᠢᠩᠭᠤᠵᠢᠬ᠍ᠰᠠᠨ ᠬᠥᠮᠦᠵᠢᠭᠦᠯᠦᠨ ᠪᠣᠯᠪᠠᠰᠤᠷᠠᠭᠤᠯᠬᠤ ᠲᠣᠭ᠍ᠲᠠᠴᠠ᠎ᠶ᠋ᠢ ᠪᠠᠢᠭᠤᠯᠵᠤ᠂ ᠴᠠᠭᠲᠤᠨᠢ ᠲᠤᠬᠢᠷᠠᠭᠤᠯᠤᠨ ᠬᠡᠷᠡᠭ᠌ᠯᠡᠬᠦ᠂ ᠬᠥᠳᠡᠯᠦᠩᠭᠦᠢ᠎ᠪᠠᠷ ᠬᠠᠮᠢᠶᠠᠷᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠱᠢᠯᠢᠳᠡᠭ ᠵᠠᠯᠠᠭᠤ ᠺᠠᠳ᠋ᠷ᠎ᠤᠨ ᠴᠣᠯᠭᠤᠷᠠᠨ ᠭᠠᠷᠬᠤ᠎ᠶ᠋ᠢ ᠠᠬᠢᠭᠤᠯᠬᠤ ᠲᠦᠷᠢᠮ ᠠᠷᠭ᠎ᠠ ᠬᠡᠮᠵᠢ᠊ ᠡᠶ᠎ᠡ᠎ᠶ᠋ᠢ ᠪᠦᠷᠢᠨᠱᠢᠬᠦᠯᠵᠤ᠂ ᠵᠠᠯᠠᠭᠤ ᠺᠠᠳ᠋ᠷᠴᠤᠳ᠎ᠤᠨ ᠦᠵᠡᠯ ᠰᠠᠨᠠᠭ᠎ᠠ ᠤᠨᠤᠯ᠎ᠢᠶᠠᠷ ᠵᠡᠪᠰᠡᠭ᠌ᠯᠡᠬᠦ᠌ ᠪᠠ ᠦᠨᠳᠦᠰᠦᠨ ᠱᠠᠲᠤᠨ᠎ᠤ ᠦᠢᠯᠡᠳᠦᠯᠭᠡ᠎ᠶ᠋ᠢᠨ ᠳᠠᠪᠲᠠᠯᠲᠠ᠎ᠪᠠᠨ ᠴᠢᠩᠭᠠᠳᠭᠠᠵᠤ᠂ ᠪᠣᠳᠠᠲᠠᠢ ᠠᠰᠠᠭᠤᠳᠠᠯ᠎ᠢ ᠱᠢᠢᠳᠪᠦᠷᠢᠯᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ ᠡᠯ᠎ᠡ ᠨᠠᠰᠤᠨ᠎ᠤ ᠦᠶ᠎ᠠ᠎ᠶ᠋ᠢᠨ ᠺᠠᠳ᠋ᠷ᠎ᠢ ᠰᠠᠢᠲᠤᠷ ᠬᠡᠷᠡᠭ᠌ᠯᠡᠵᠦ᠍᠂ ᠺᠠᠳ᠋ᠷ᠎ᠤᠨ ᠡᠩᠨᠡᠭᠡᠨ᠎ᠤ ᠱᠠᠲᠤᠯᠢᠭ ᠪᠦᠲᠦᠴᠡ᠎ᠶ᠋ᠢ ᠱᠢᠯᠢᠳᠡᠭ᠌ᠵᠢᠭᠦᠯᠦᠨ᠎ᠡ᠃ ᠡᠮᠡᠭ᠌ᠲᠡᠢ ᠺᠠᠳ᠋ᠷ᠂ ᠴᠥᠭᠡᠨ ᠲᠣᠭᠠᠲᠤ ᠦᠨᠳᠦᠰᠦᠲᠡᠨ᠎ᠤ ᠺᠠᠳ᠋ᠷ ᠪᠠ ᠨᠠᠮ᠎ᠤᠨ ᠭᠠᠳᠠᠨᠠᠬᠢ ᠺᠠᠳ᠋ᠷ᠎ᠢ ᠬᠥᠮᠦᠵᠢᠭᠦᠯᠵᠦ᠍ ᠰᠣᠩᠭᠤᠨ ᠳᠡᠪᠱᠢᠭᠦᠯᠬᠦ᠌ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠨ᠎ᠡ᠃
ᠬᠤᠷᠢᠨ ᠨᠠᠢ᠍ᠮᠠᠳᠤᠭᠠᠷ ᠵᠦᠢᠯ ᠠᠯᠪᠠᠲᠠᠨ᠎ᠤ ᠡᠩᠨᠡᠭᠡ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠴᠢᠩᠭᠠᠳᠭᠠᠵᠤ᠂ ᠨᠢᠭᠡᠳᠦᠯᠲᠡᠶ ᠵᠢᠷᠤᠮᠵᠢᠭ᠍ᠰᠠᠨ ᠥᠨᠳᠥᠷ ᠦᠷ᠎ᠡ ᠪᠦᠲᠦᠮᠵᠢᠲᠡᠶ ᠠᠯᠪᠠᠲᠠᠨ᠎ᠤ ᠠᠵᠢᠯ᠎ᠤᠨ ᠤᠳᠤᠷᠢᠳᠭᠤ ᠪᠠᠢᠭᠤᠯᠤᠮᠵᠢ᠎ᠶ᠋ᠢ ᠪᠦᠷᠢᠨᠱᠢᠭᠦᠯᠦᠨ᠎ᠡ᠃ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠲᠠᠨ᠎ᠤ ᠬᠠᠤᠯᠢ》 ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠠᠯᠪᠠᠲᠠᠨ᠎ᠤ ᠳᠦᠷᠢᠮ᠎ᠢ ᠲᠡᠭᠦᠯᠳᠡᠷᠵᠢᠭᠦᠯᠦᠨ᠂ ᠲᠤᠱᠢᠶᠠᠯ ᠬᠢᠭᠡᠳ ᠲᠤᠱᠢᠶᠠᠯ᠎ᠤᠨ ᠳᠡᠰ᠎ᠢ ᠵᠡᠷᠭᠡᠴᠡᠭᠦᠯᠬᠦ᠂ ᠡᠯᠰᠡᠨ ᠬᠡᠷᠡᠭ᠌ᠯᠡᠵᠦ᠍ ᠰᠣᠯᠢᠯᠴᠠᠬᠤ᠂ ᠬᠢᠨᠠᠨ ᠱᠢᠯᠭᠠᠵᠤ ᠱᠠᠩᠨᠠᠵᠤ ᠲᠣᠷᠭᠠᠬᠤ᠂ ᠪᠣᠯᠪᠠᠰᠤᠷᠠᠯ ᠬᠦᠷᠳᠡᠬᠡᠵᠤ ᠬᠢᠨᠠᠯᠲᠠ ᠲᠠᠯᠪᠢᠬᠤ ᠵᠡᠷᠭᠡ ᠳᠦᠷᠢᠮ᠎ᠢ ᠪᠦᠷᠢᠨᠱᠢᠭᠦᠯᠵᠦ᠍᠂ ᠵᠢᠷᠤᠮᠵᠢᠭ᠍ᠰᠠᠨ ᠪᠦᠷᠢᠨ ᠲᠥᠬᠦᠷ ᠠᠯᠪᠠᠲᠠᠨ᠎ᠤ ᠬᠠᠮᠢᠶᠠᠷᠤᠯᠲᠠ᠎ᠶ᠋ᠢᠨ ᠬᠠᠤᠯᠢ ᠲᠣᠭ᠍ᠲᠠᠭᠠᠯ᠎ᠤᠨ ᠱᠢᠰᠲ᠋ᠧᠮ᠎ᠢ ᠪᠠᠢᠭᠤᠯᠤᠨ᠂ ᠠᠯᠪᠠᠲᠠᠨ᠎ᠤ ᠬᠠᠮᠢᠶᠠᠷᠤᠯᠲᠠ᠎ᠶ᠋ᠢᠨ ᠱᠢᠨᠵᠢᠯᠡᠬᠦ᠌ ᠤᠬᠠᠭᠠᠨᠴᠢ ᠪᠦᠲᠦᠮᠵᠢᠲᠤ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠠᠯᠪᠠᠲᠠᠨ᠎ᠢ ᠲᠥᠷᠥᠯ ᠬᠤᠪᠢᠶᠠᠨ ᠬᠠᠮᠢᠶᠠᠷᠬᠤ᠎ᠶ᠋ᠢ ᠪᠠᠷᠢᠮᠲᠠᠯᠠᠨ ᠲᠡᠭᠦᠯᠳᠡᠷᠵᠢᠭᠦᠯᠵᠦ᠍᠂ ᠬᠠᠮᠢᠶᠠᠷᠤᠯᠲᠠ᠎ᠶ᠋ᠢᠨ ᠬᠦᠴᠦᠨ ᠴᠢᠳᠠᠪᠤᠷᠢ ᠪᠣᠯᠤᠨ ᠱᠢᠨᠵᠢᠯᠡᠬᠦ᠌ ᠤᠬᠠᠭᠠᠨᠴᠢᠯᠠᠯᠳᠠ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃
ᠬᠤᠷᠢ ᠶᠢᠰᠦᠳᠦᠭᠡᠷ ᠵᠦᠢᠯ ᠺᠠᠳ᠋ᠷ᠎ᠤᠨ ᠠᠵᠢᠯ᠎ᠠᠴᠠ᠎ᠪᠠᠨ ᠠᠮᠠᠷᠠᠬᠤ ᠳᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠠᠵᠢᠯ᠎ᠠᠴᠠ᠎ᠪᠠᠨ ᠲᠠᠷᠬᠠᠯᠠᠬ᠍ᠳᠠᠵᠤ ᠠᠵᠢᠯ᠎ᠠᠴᠠ᠎ᠪᠠᠨ ᠠᠮᠠᠷᠠᠬ᠍ᠰᠠᠨ ᠺᠠᠳ᠋ᠷ᠎ᠤᠨ ᠦᠵᠡᠯ ᠰᠠᠨᠠᠭ᠎ᠠ ᠤᠯᠤᠰ ᠲᠥᠷᠥ᠎ᠶ᠋ᠢᠨ ᠪᠠᠢᠭᠤᠯᠤᠯᠲᠠ ᠪᠣᠯᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠤᠬ᠍ᠴᠠᠯᠠᠯᠳᠠ᠎ᠶ᠋ᠢ ᠴᠢᠩᠭᠠᠳᠭᠠᠵᠤ᠂ ᠠᠵᠢᠯ᠎ᠠᠴᠠ᠎ᠪᠠᠨ ᠲᠠᠷᠬᠠᠯᠠᠬ᠍ᠳᠠᠵᠤ ᠠᠵᠢᠯ᠎ᠠᠴᠠ᠎ᠪᠠᠨ ᠠᠮᠠᠷᠠᠬ᠍ᠰᠠᠨ ᠺᠠᠳ᠋ᠷ᠎ᠤᠨ ᠦᠢᠯᠡᠴᠢᠯᠡᠭᠡ ᠬᠠᠮᠢᠶᠠᠷᠤᠯᠲᠠ᠎ᠶ᠋ᠢᠨ ᠠᠵᠢᠯ᠎ᠢ ᠲᠡᠭᠦᠯᠳᠡᠷᠵᠢᠭᠦᠯᠬᠦ᠌ ᠪᠠ ᠱᠢᠨ᠎ᠡ᠎ᠶ᠋ᠢ ᠡᠭᠦᠳᠴᠦ᠍᠂ ᠠᠵᠢᠯ᠎ᠠᠴᠠ᠎ᠪᠠᠨ ᠲᠠᠷᠬᠠᠯᠠᠬ᠍ᠳᠠᠵᠤ ᠠᠵᠢᠯ᠎ᠠᠴᠠ᠎ᠪᠠᠨ ᠠᠮᠠᠷᠠᠬ᠍ᠰᠠᠨ ᠺᠠᠳ᠋ᠷ᠎ᠤᠨ ᠦᠢᠯᠡᠳᠦᠯ᠎ᠢᠶᠠᠨ ᠪᠠᠳᠠᠷᠠᠭᠤᠯᠬᠤ᠎ᠶ᠋ᠢ ᠵᠣᠬᠢᠶᠠᠨ ᠪᠠᠢᠭᠤᠯᠵᠦ᠍ ᠬᠥᠲᠥᠯᠥᠨ ᠵᠢᠯᠣᠭᠤᠳᠤᠨ᠎ᠠ᠃
ᠭᠤᠴᠢᠳᠤᠭᠠᠷ ᠵᠦᠢᠯ ᠪᠠᠢᠭᠤᠯᠤᠮᠵᠢ᠎ᠶ᠋ᠢᠨ ᠣᠷᠣᠨ ᠲᠤᠭ᠎ᠠ᠎ᠶ᠋ᠢᠨ ᠠᠵᠢᠯ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠠᠴᠠ ᠪᠠᠢᠭᠤᠯᠤᠮᠵᠢ᠎ᠶ᠋ᠢᠨ ᠣᠷᠣᠨ ᠲᠤᠭ᠎ᠠ᠎ᠶ᠋ᠢᠨ ᠵᠥᠪᠯᠡᠯ᠎ᠤᠨ ᠠᠯᠪᠠᠨ ᠬᠡᠷ᠎ᠢ ᠨᠢᠭᠡᠳᠦᠯᠲᠡᠶ ᠬᠠᠮᠢᠶᠠᠷᠬᠤ ᠠᠵᠢᠯ᠎ᠤᠨ ᠲᠦᠷᠢᠮ᠎ᠢ ᠪᠠᠢᠭᠤᠯᠤᠨ ᠪᠦᠷᠢᠨᠱᠢᠬᠦᠯᠵᠦ᠍᠂ ᠤᠳᠤᠷᠢᠳᠤᠯᠭ᠎ᠠ᠎ᠶ᠋ᠢᠨ ᠬᠠᠮᠢᠶᠠᠷᠤᠯᠳᠠ᠎ᠶ᠋ᠢᠨ ᠪᠠᠢᠭᠤᠯᠤᠮᠵᠢ᠎ᠶ᠋ᠢ ᠲᠡᠭᠦᠯᠳᠡᠷᠵᠢᠭᠦᠯᠬᠦ᠌ ᠬᠤᠯᠪᠤᠬ᠍ᠳᠠᠯ ᠪᠥᠬᠦᠶ ᠠᠵᠢᠯ᠎ᠢ ᠰᠠᠢᠲᠤᠷ ᠬᠢᠵᠦ᠍᠂ ᠺᠠᠳ᠋ᠷ ᠪᠣᠯᠤᠨ ᠪᠠᠢᠭᠤᠯᠤᠮᠵᠢ᠎ᠶ᠋ᠢᠨ ᠣᠷᠣᠨ ᠲᠤᠭ᠎ᠠ᠎ᠶ᠋ᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠵᠦ᠍᠂ ᠪᠠᠢᠭᠤᠯᠤᠮᠵᠢ᠎ᠶ᠋ᠢᠨ ᠣᠷᠣᠨ ᠲᠤᠭ᠎ᠠ᠎ᠶ᠋ᠢᠨ ᠬᠠᠮᠢᠶᠠᠷᠤᠯᠲᠠ ᠬᠢᠬᠡᠳ ᠺᠠᠳ᠋ᠷ᠎ᠤᠨ ᠬᠠᠮᠢᠶᠠᠷᠤᠯᠲᠠ᠎ᠶ᠋ᠢ ᠣᠷᠭᠠᠨᠢᠭ᠎ᠢᠶᠠᠷ ᠵᠣᠯᠭᠠᠯᠴᠠᠭᠤᠯᠬᠤ᠎ᠶ᠋ᠢ ᠪᠠᠲᠤᠯᠠᠬᠤ ᠬᠡᠷᠡᠭ᠌ᠲᠡᠶ᠃
ᠲᠠᠪᠤᠳᠤᠭᠠᠷ ᠪᠦᠯᠦᠭ ᠴᠢᠳᠠᠪᠤᠷᠢᠲᠠᠨ᠎ᠤ ᠠᠵᠢᠯ
ᠭᠤᠴᠢᠨ ᠨᠢᠭᠡᠳᠦᠭᠡᠷ ᠵᠦᠢᠯ ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠴᠢᠳᠠᠪᠤᠷᠢᠲᠠᠨ᠎ᠢᠶᠠᠷ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠰᠠᠭᠤᠷᠢ᠎ᠶ᠋ᠢ ᠲᠣᠭ᠍ᠲᠠᠭᠠᠵᠤ᠂ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠵᠢᠮ᠎ᠡ ᠶᠣᠰᠣ ᠪᠠ ᠴᠢᠳᠠᠪᠤᠷᠢᠲᠠᠨ᠎ᠤ ᠦᠰᠦᠨ ᠪᠤᠢᠵᠢᠯᠳᠠ᠎ᠶ᠋ᠢᠨ ᠵᠢᠮ᠎ᠡ ᠶᠣᠰᠣ᠎ᠶ᠋ᠢ ᠵᠢᠷᠤᠮᠯᠠᠵᠤ᠂ ᠴᠢᠳᠠᠪᠤᠷᠢᠲᠠᠨ᠎ᠤ ᠬᠥᠭ᠌ᠵᠢᠯᠲᠡ᠎ᠶ᠋ᠢ ᠬᠦᠯᠢᠶᠡᠰᠦᠯᠡᠵᠦ᠍ ᠪᠠᠢᠭ᠎ᠠ ᠦᠵᠡᠯ ᠰᠠᠨᠠᠭ᠎ᠠ ᠣᠢᠯᠠᠭᠠᠭ᠍ᠳᠠᠬᠤᠨ ᠪᠠ ᠪᠠᠢᠭᠤᠯᠤᠮᠵᠢ ᠲᠣᠭ᠍ᠲᠠᠴᠠ᠎ᠶ᠋ᠢᠨ ᠬᠠᠷᠰᠢ ᠰᠠᠭᠠᠳ᠎ᠢ ᠠᠷᠢᠯᠭᠠᠵᠤ᠂ ᠱᠢᠨᠵᠢᠯᠡᠬᠦ᠌ ᠤᠬᠠᠭᠠᠨᠴᠢ ᠵᠢᠷᠤᠮᠵᠢᠬ᠍ᠰᠡᠨ᠂ ᠨᠡᠭᠡᠭᠡᠯᠲᠡ᠎ᠲᠠᠢ ᠪᠠᠭ᠍ᠲᠠᠭᠠᠮᠵᠢᠲᠠᠶ᠂ ᠠᠵᠢᠯᠯᠠᠭᠠᠨ᠎ᠨᠢ ᠥᠨᠳᠥᠷ ᠪᠦᠲᠦᠮᠵᠢᠲᠡᠶ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠵᠤ᠂ ᠴᠢᠳᠠᠪᠤᠷᠢᠲᠠᠨ᠎ᠢ ᠪᠥᠬᠦ᠌ ᠲᠠᠯ᠎ᠠ᠎ᠪᠠᠷ ᠬᠥᠮᠦᠵᠢᠭᠦᠯᠵᠦ᠍᠂ ᠣᠷᠣᠭᠤᠯᠤᠨ ᠠᠪᠴᠢᠷᠠᠵᠤ᠂ ᠰᠠᠢᠲᠤᠷ ᠬᠡᠷᠡᠭ᠌ᠯᠡᠵᠦ᠍᠂ ᠤᠯᠤᠰ᠎ᠢᠶᠠᠨ ᠬᠠᠢᠷᠠᠯᠠᠵᠤ ᠬᠤᠪᠢ ᠨᠡᠮᠡᠷᠢ ᠦᠵᠡᠭᠦᠯᠦᠭ᠌ᠰᠡᠨ ᠡᠯ᠎ᠡ ᠲᠠᠯ᠎ᠠ᠎ᠶ᠋ᠢᠨ ᠱᠢᠯᠢᠳᠡᠭ ᠴᠢᠳᠠᠪᠤᠷᠢᠲᠠᠨ᠎ᠢ ᠬᠦᠴᠦᠯᠡᠨ ᠲᠥᠪᠯᠡᠷᠡᠭᠦᠯᠵᠦ᠍᠂ ᠴᠢᠳᠠᠪᠤᠷᠢᠲᠠᠨ᠎ᠢᠶᠠᠷ ᠤᠯᠤᠰ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠂ ᠱᠢᠨ᠎ᠡ᠎ᠶ᠋ᠢ ᠡᠭᠦᠳᠬᠦ᠌᠎ᠪᠠᠷ ᠬᠦᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠶᠡᠭᠡ ᠦᠢᠯᠡᠰ᠎ᠲᠤ ᠬᠦᠴᠦᠷᠬᠡᠭ ᠶᠡᠭᠡ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠨ᠎ᠠ᠃
ᠭᠤᠴᠢᠨ ᠬᠤᠶᠠᠳᠤᠭᠠᠷ ᠵᠦᠢᠯ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ᠎ᠶ᠋ᠢᠨ᠎ᠢᠶᠠᠨ ᠴᠢᠳᠠᠪᠤᠷᠢᠲᠠᠨ᠎ᠤ ᠠᠵᠢᠯ᠎ᠳᠠᠬᠢ ᠤᠳᠤᠷᠢᠳᠤᠯᠭ᠎ᠠ᠎ᠪᠠᠨ ᠴᠢᠩᠭᠠᠳᠭᠠᠵᠤ᠂ ᠨᠠᠮ᠎ᠤᠨ ᠬᠤᠷᠢᠶ᠎ᠠ ᠨᠢᠭᠡᠳᠦᠯᠲᠡᠢ ᠤᠳᠤᠷᠢᠳᠭᠤ᠂ ᠵᠣᠬᠢᠶᠠᠨ ᠪᠠᠢᠭᠤᠯᠬᠤ ᠰᠠᠯᠠᠭ᠎ᠠ ᠮᠥᠴᠢᠷ ᠲᠦᠷᠦᠭᠦᠯᠡᠨ ᠶᠡᠷᠦᠩᠬᠡᠢ᠎ᠳᠤ᠎ᠨᠢ ᠠᠳᠭᠤᠬᠤ᠂ ᠬᠤᠯᠪᠣᠭ᠍ᠳᠠᠯ ᠪᠦᠬᠦᠢ ᠰᠠᠯᠠᠭ᠎ᠠ ᠮᠥᠴᠢᠷ ᠲᠤᠰ ᠲᠤᠰ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠨᠢᠭ᠍ᠲᠠ ᠬᠠᠮᠵᠢᠯᠴᠠᠬ᠍ᠰᠠᠨ᠂ ᠬᠥᠮᠦᠨ ᠬᠡᠷᠡᠭ᠌ᠯᠡᠬᠦ᠌ ᠨᠢᠭᠡᠴᠢ ᠭᠤᠤᠯ ᠴᠣᠭ᠍ᠴᠠ᠎ᠶ᠋ᠢᠨ ᠦᠢᠯᠡᠳᠦᠯ᠎ᠢᠶᠠᠨ ᠪᠠᠳᠠᠷᠠᠭᠤᠯᠤᠬ᠍ᠰᠠᠨ᠂ ᠨᠡᠢᠭᠡᠮ᠎ᠤᠨ ᠬᠦᠴᠦᠨ ᠥᠷᠭᠡᠨ᠎ᠢᠶᠠᠷ ᠣᠷᠣᠯᠴᠠᠬ᠍ᠰᠠᠨ ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠠᠵᠢᠯ᠎ᠤᠨ ᠪᠠᠢᠷᠢᠱᠢᠯ᠎ᠢ ᠪᠤᠢ ᠪᠣᠯᠭᠠᠨ᠎ᠠ᠃
ᠨᠠᠮ᠎ᠤᠨ ᠲᠥᠪ ᠬᠤᠷᠢᠶ᠎ᠠ᠎ᠠᠴᠠ ᠲᠥᠪ᠎ᠤᠨ ᠴᠢᠳᠠᠪᠤᠷᠢᠲᠠᠨ᠎ᠤ ᠠᠵᠢᠯ᠎ᠤᠨ ᠵᠣᠬᠢᠴᠠᠭᠤᠯᠬᠤ ᠳᠤᠭᠤᠢᠯᠠᠩ᠎ᠢ ᠪᠠᠢᠭᠤᠯᠵᠤ᠂ ᠪᠦᠬᠦ᠌ ᠤᠯᠤᠰ᠎ᠤᠨ ᠴᠢᠳᠠᠪᠤᠷᠢᠲᠠᠨ᠎ᠤ ᠠᠵᠢᠯ ᠪᠣᠯᠤᠨ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠳᠤ ᠬᠤᠷᠸ᠎ᠠ ᠵᠢᠯᠤᠭᠤᠳᠤᠯᠭ᠎ᠠ ᠬᠢᠵᠦ᠍᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠲᠦᠷᠦ᠎ᠶ᠋ᠢᠨ ᠪᠤᠳᠤᠯᠭ᠎ᠠ᠎ᠶ᠋ᠢᠨ ᠱᠢᠨ᠎ᠡ᠎ᠶ᠋ᠢ ᠡᠭᠦᠳᠴᠦ᠍᠂ ᠭᠤᠣᠯᠳᠠᠯᠭ᠎ᠠ᠎ᠲᠠᠢ ᠠᠬᠢᠭᠤᠯᠵᠤ᠂ ᠱᠠᠯᠠᠪᠳᠠᠭᠤᠯᠤᠨ ᠪᠠᠢᠴᠠᠭᠠᠨ᠎ᠠ᠃ ᠲᠥᠪ᠎ᠤᠨ ᠴᠢᠳᠠᠪᠤᠷᠢᠲᠠᠨ᠎ᠤ ᠠᠵᠢᠯ᠎ᠢ ᠵᠣᠬᠢᠴᠠᠭᠤᠯᠬᠤ ᠳᠤᠭᠤᠢᠯᠠᠩ᠎ᠤᠨ ᠳᠣᠣᠷ᠎ᠠ᠎ᠪᠠᠨ ᠠᠯᠪᠠᠨ ᠭᠡᠷ ᠲᠤᠬᠢᠷᠠᠭᠤᠯᠵᠦ᠍᠂ ᠲᠥᠪ᠎ᠤᠨ ᠴᠢᠳᠠᠪᠤᠷᠢᠲᠠᠨ᠎ᠤ ᠠᠵᠢᠯ᠎ᠢ ᠵᠣᠬᠢᠴᠠᠭᠤᠯᠬᠤ ᠳᠤᠭᠤᠢᠯᠠᠩ᠎ᠤᠨ ᠡᠳᠦᠷ ᠲᠤᠲᠤᠮ᠎ᠤᠨ ᠠᠵᠢᠯ᠎ᠢ ᠬᠠᠷᠢᠭᠤᠴᠠᠨ ᠱᠢᠶᠳᠪᠦᠷᠢᠯᠡᠨᠡ᠃ ᠲᠥᠪ᠎ᠤᠨ ᠴᠢᠳᠠᠪᠤᠷᠢᠲᠠᠨ᠎ᠤ ᠠᠵᠢᠯ᠎ᠢ ᠵᠣᠬᠢᠴᠠᠭᠤᠯᠬᠤ ᠳᠤᠭᠤᠢᠯᠠᠩ᠎ᠤᠨ ᠠᠯᠪᠠᠨ ᠭᠡᠷ᠎ᠢ ᠲᠥᠪ᠎ᠤᠨ ᠵᠣᠬᠢᠶᠠᠨ ᠪᠠᠢᠭᠤᠯᠬᠤ ᠬᠡᠯᠲᠡᠰ᠎ᠲᠤ ᠪᠠᠢᠭᠤᠯᠤᠨ᠎ᠠ᠃
ᠣᠷᠣᠨ ᠨᠤᠲᠤᠭ᠎ᠤᠨ ᠨᠠᠮ᠎ᠤᠨ ᠬᠤᠷᠢᠶ᠎ᠠ ᠴᠢᠳᠠᠪᠤᠷᠢᠲᠠᠨ᠎ᠤ ᠠᠵᠢᠯ᠎ᠢ ᠤᠳᠤᠷᠢᠳᠭᠤ (ᠵᠣᠬᠢᠴᠠᠭᠤᠯᠬᠤ) ᠪᠠᠢᠭᠤᠯᠤᠮᠵᠢ᠎ᠶ᠋ᠢ ᠲᠤᠬᠢᠷᠠᠭᠤᠯᠵᠤ᠂ ᠲᠤᠰ ᠭᠠᠵᠠᠷ ᠣᠷᠣᠨ᠎ᠤ᠎ᠪᠠᠨ ᠴᠢᠳᠠᠪᠤᠷᠢᠲᠠᠨ᠎ᠤ ᠠᠵᠢᠯ ᠪᠠ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠨ᠎ᠠ᠃ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ ᠬᠠᠷᠢᠶ᠎ᠠ ᠱᠢᠰᠲ᠋ᠧᠮ᠎ᠤᠨ ᠳᠣᠲᠣᠷᠠᠬᠢ ᠴᠢᠳᠠᠪᠤᠷᠢᠲᠠᠨ᠎ᠤ ᠠᠵᠢᠯ᠎ᠢ ᠡᠭᠦᠷᠭᠡᠯᠡᠬᠦ᠌ ᠡᠬᠦᠷᠬᠡ ᠲᠤᠱᠢᠶᠠᠯ ᠨᠡᠯᠢᠶᠡᠳ ᠣᠯᠠᠨ ᠪᠤᠶᠤ ᠴᠢᠳᠠᠪᠤᠷᠢᠲᠠᠨ ᠨᠡᠯᠢᠶᠡᠳ ᠲᠥᠪᠯᠡᠷᠡᠭ᠌ᠰᠡᠨ ᠡᠭᠦᠷᠭᠡ ᠲᠤᠱᠢᠶᠠᠯ᠎ᠳᠤ ᠰᠠᠯᠠᠭ᠎ᠠ ᠮᠥᠴᠢᠷ᠎ᠨᠢ ᠪᠣᠳᠠᠲᠠᠶ ᠪᠠᠢᠳᠠᠯ᠎ᠢᠶᠠᠨ ᠦᠨᠳᠦᠰᠦᠯᠡᠨ ᠴᠢᠳᠠᠪᠤᠷᠢᠲᠠᠨ᠎ᠤ ᠠᠵᠢᠯ᠎ᠤᠨ ᠤᠳᠤᠷᠢᠳᠭᠤ ᠪᠠᠢᠭᠤᠯᠤᠮᠵᠢ ᠪᠣᠯᠤᠨ ᠬᠡᠷᠡᠭ ᠡᠷᠬᠢᠯᠡᠬᠦ᠌ ᠪᠠᠢᠭᠤᠯᠤᠮᠵᠢ᠎ᠶ᠋ᠢ ᠪᠠᠢᠭᠤᠯᠵᠤ ᠪᠣᠯᠤᠨ᠎ᠠ᠃
ᠭᠤᠴᠢᠨ ᠭᠤᠷᠪᠠᠳᠤᠭᠠᠷ ᠵᠦᠢᠯ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ᠎ᠲᠠᠢ ᠨᠢᠭ᠍ᠲᠠ ᠤᠶᠠᠯᠳᠤᠭᠤᠯᠤᠨ᠂ ᠴᠢᠬᠤᠯᠠ ᠶᠡᠭᠡ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠢᠳᠠᠪᠤᠷᠢᠲᠠᠨ᠎ᠤ ᠡᠩᠨᠡᠭᠡᠨ᠎ᠤ ᠪᠠᠢᠭᠤᠯᠤᠯᠲᠠ᠎ᠶ᠋ᠢ ᠴᠢᠩᠭᠠᠳᠭᠠᠬᠤ ᠬᠤᠷᠸ᠎ᠠ ᠲᠥᠯᠦᠪᠵᠢᠭᠦᠯᠬᠡ᠎ᠶ᠋ᠢ ᠴᠢᠩᠭᠠᠳᠭᠠᠵᠤ᠂ ᠮᠣᠷᠠᠯ ᠴᠢᠳᠠᠪᠤᠷᠢ ᠬᠤᠣᠰᠯᠠᠭ᠍ᠰᠠᠨ ᠥᠨᠳᠥᠷ ᠬᠡᠪ ᠪᠤᠯᠪᠠᠰᠤᠷᠠᠯ᠎ᠲᠠᠢ ᠦᠯᠡᠮᠵᠢ ᠤᠯᠠᠨ ᠴᠢᠳᠠᠪᠤᠷᠢᠲᠠᠨ᠎ᠢ ᠬᠥᠮᠦᠵᠢᠭᠦᠯᠦᠨ ᠪᠤᠯᠪᠠᠰᠤᠷᠠᠭᠤᠯᠤᠨ᠎ᠠ᠃ ᠳᠡᠭᠡᠳᠦ ᠲᠡᠰ᠎ᠢᠶᠠᠷ ᠬᠦᠳᠦᠯᠥᠨ ᠳᠠᠭᠠᠭᠤᠯᠬᠤ᠂ ᠪᠦᠬᠦᠯᠢ ᠴᠣᠭ᠍ᠴᠠ᠎ᠪᠠᠷ ᠨᠡᠭᠡᠭᠡᠨ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠴᠢᠬᠤᠯᠠ ᠶᠡᠭᠡ ᠴᠢᠳᠠᠪᠤᠷᠢᠲᠠᠨ᠎ᠤ ᠢᠨᠵᠧᠨᠧᠷᠢᠩ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠡᠯ᠎ᠡ ᠬᠦᠷᠢᠶ᠎ᠠ ᠴᠠᠷᠠᠭᠠᠨ᠎ᠳᠠᠬᠢ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃
ᠭᠤᠴᠢᠨ ᠳᠥᠷᠪᠡᠳᠦᠭᠡᠷ ᠵᠦᠢᠯ ᠪᠦᠬᠦ᠌ ᠪᠥᠮᠪᠥᠷᠴᠡᠭ᠎ᠤᠨ ᠬᠠᠷᠠᠭᠠᠰᠤ ᠪᠠ ᠪᠠᠢᠯᠳᠤᠬᠤ ᠪᠤᠳᠤᠯᠭ᠎ᠠ᠎ᠶ᠋ᠢᠨ ᠬᠠᠷᠠᠯᠳᠠ᠎ᠶ᠋ᠢ ᠪᠤᠢ ᠪᠣᠯᠭᠠᠵᠤ᠂ ᠨᠡᠩ ᠢᠳᠡᠪᠬᠢᠲᠡᠢ᠂ ᠨᠡᠩ ᠨᠡᠭᠡᠭᠡᠯᠲᠡᠲᠡᠢ᠂ ᠨᠡᠩ ᠪᠦᠲᠦᠮᠵᠢᠲᠡᠢ ᠴᠢᠳᠠᠪᠤᠷᠢᠲᠠᠨ᠎ᠤ ᠲᠦᠷᠦ᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠬᠡᠷᠡᠭ᠌ᠯᠡᠬᠦ᠌᠎ᠪᠠᠷ ᠦᠨᠳᠦᠰᠦ ᠪᠣᠯᠭᠠᠬᠤ᠎ᠶ᠋ᠢ ᠪᠠᠷᠢᠮᠲᠠᠯᠠᠵᠤ᠂ ᠳᠡᠯᠡᠬᠡᠢ ᠳ᠋ᠠᠬᠢᠨ᠎ᠤ ᠡᠷᠳᠡᠮᠲᠡᠨ ᠴᠢᠳᠠᠪᠤᠷᠢᠲᠠᠨ᠎ᠢ ᠴᠤᠭ᠍ᠯᠠᠭᠤᠯᠤᠨ ᠬᠡᠷᠡᠭ᠌ᠯᠡᠨ᠎ᠡ᠃ ᠴᠢᠳᠠᠪᠤᠷᠢᠲᠠᠨ᠎ᠤ ᠡᠬᠢ ᠪᠠᠶᠠᠯᠢᠭ᠎ᠢ ᠱᠢᠯᠢᠳᠡᠭ᠌ᠵᠢᠭᠦᠯᠦᠨ ᠲᠣᠬᠢᠷᠠᠭᠤᠯᠬᠤ᠎ᠶ᠋ᠢ ᠠᠬᠢᠭᠤᠯᠵᠤ᠂ ᠵᠠᠬ᠎ᠠ ᠳᠡᠯᠭᠡᠭᠦᠷ᠎ᠤᠨ ᠱᠢᠶᠳᠪᠦᠷᠢᠯᠡᠬᠦ᠌ ᠴᠢᠨᠠᠷᠲᠠᠶ ᠦᠢᠯᠡᠳᠦᠯ᠎ᠢ ᠭᠦᠶᠴᠡᠳ ᠪᠠᠳᠠᠷᠠᠭᠤᠯᠬᠤ ᠪᠠ ᠵᠠᠰᠠᠭ᠎ᠤᠨ ᠣᠷᠳᠣᠨ᠎ᠤ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠴᠢᠳᠠᠪᠤᠷᠢᠲᠠᠨ᠎ᠤ ᠬᠠᠲᠠᠭᠤᠵᠢᠯᠲᠠᠶ᠂ ᠬᠢᠯᠢ ᠬᠢᠵᠠᠭᠠᠷ ᠣᠷᠣᠨ ᠪᠣᠯᠤᠨ ᠦᠨᠳᠦᠰᠦᠨ ᠱᠠᠲᠤᠨ᠎ᠤ ᠨᠢᠭᠡᠳᠦᠭᠡᠷ ᠹᠷᠣᠨᠲ ᠲᠡᠢᠰᠢ ᠱᠢᠯᠵᠢᠬᠦ᠌᠎ᠶ᠋ᠢ ᠵᠣᠷᠢᠭ᠍ᠵᠢᠭᠤᠯᠵᠦ᠍ ᠬᠥᠲᠥᠯᠥᠨ ᠵᠢᠯᠣᠭᠤᠳᠤᠨ᠎ᠠ᠃
ᠭᠤᠴᠢᠨ ᠲᠠᠪᠤᠳᠤᠭᠠᠷ ᠵᠦᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ ᠪᠠ ᠲᠦᠷᠦ᠎ᠶ᠋ᠢᠨ ᠪᠤᠳᠤᠯᠭ᠎ᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠬᠦ᠌᠎ᠶ᠋ᠢ ᠵᠣᠬᠢᠴᠠᠩᠭᠤᠢ᠎ᠪᠠᠷ ᠠᠬᠢᠭᠤᠯᠵᠤ᠂ ᠥᠭᠦᠯᠡᠯ᠎ᠢ ᠯᠡ ᠦᠵᠡᠬᠦ᠂ ᠮᠡᠷᠭᠡᠵᠢᠯ᠎ᠤᠨ ᠴᠣᠯᠠ᠎ᠶ᠋ᠢ ᠯᠠ ᠦᠵᠡᠬᠦ᠂ ᠰᠤᠷᠤᠯᠭ᠎ᠠ᠎ᠶ᠋ᠢᠨ ᠨᠠᠮᠲᠠᠷ᠎ᠢ ᠯᠠ ᠦᠵᠡᠬᠦ᠂ ᠱᠠᠩᠨᠠᠯ ᠤᠯᠤᠬ᠍ᠰᠠᠨ ᠡᠰᠡᠬᠦ᠌᠎ᠶ᠋ᠢ ᠯᠡ ᠦᠵᠡᠬᠦ᠌ ᠶᠠᠪᠤᠳᠠᠯ᠎ᠢ ᠡᠷᠡᠰ ᠲᠡᠪᠴᠢᠵᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠬᠥᠮᠦᠵᠢᠭᠦᠯᠬᠦ᠂ ᠬᠡᠷᠡᠭ᠌ᠯᠡᠬᠦ᠂ ᠦᠨᠡᠯᠡᠬᠦ᠂ ᠱᠢᠯᠵᠢᠭᠦᠯᠬᠦ᠂ ᠤᠷᠮᠠᠱᠢᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠲᠠᠲᠠᠬᠤ ᠬᠦᠴᠦᠨ ᠪᠠ ᠳᠡᠯᠡᠬᠡᠢ ᠳᠡᠭᠡᠷ᠎ᠡ ᠦᠷᠢᠰᠦᠯᠳᠦᠬᠦ᠌ ᠬᠦᠴᠦᠨ ᠪᠦᠬᠦᠢ ᠴᠢᠳᠠᠪᠤᠷᠢᠲᠠᠨ᠎ᠤ ᠳᠦᠷᠢᠮ᠎ᠤᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠬᠥᠮᠦᠨ ᠬᠡᠷᠡᠭ᠌ᠯᠡᠬᠦ᠌ ᠭᠤᠤᠯ ᠴᠣᠭ᠍ᠴᠠ᠎ᠳᠤ ᠡᠷᠬᠡ᠎ᠪᠠᠨ ᠲᠠᠯᠪᠢᠨ ᠥᠭ᠌ᠴᠦ᠂ ᠴᠢᠳᠠᠪᠤᠷᠢᠲᠠᠨ᠎ᠤ ᠬᠦᠯᠢᠶᠡᠰᠦ᠎ᠶ᠋ᠢ ᠠᠯᠳᠠᠷᠠᠭᠠᠵᠤ᠂ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃
ᠭᠤᠴᠢᠨ ᠵᠢᠷᠭᠤᠳᠤᠭᠠᠷ ᠵᠦᠢᠯ ᠨᠠᠮ᠎ᠤᠨ ᠤᠯᠤᠰ ᠲᠦᠷᠦ᠎ᠶ᠋ᠢᠨ ᠳᠠᠪᠠᠭᠤᠯᠢᠭ᠂ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠂ ᠤᠯᠠᠨ ᠲᠦᠮᠡᠨ᠎ᠲᠠᠢ ᠨᠢᠭ᠍ᠲᠠ ᠬᠠᠷᠢᠯᠴᠠᠬᠤ ᠳᠠᠪᠠᠭᠤᠯᠢᠭ᠎ᠢ ᠪᠠᠳᠠᠷᠠᠭᠤᠯᠵᠤ᠂ ᠡᠯ᠎ᠡ ᠲᠠᠯ᠎ᠠ᠎ᠶ᠋ᠢᠨ ᠴᠢᠳᠠᠪᠤᠷᠢᠲᠠᠨ᠎ᠢ ᠤᠯᠤᠰ ᠲᠦᠷᠦ᠎ᠪᠠᠷ ᠬᠥᠲᠥᠯᠥᠨ ᠳᠠᠭᠠᠭᠤᠯᠬᠤ ᠪᠠ ᠤᠯᠤᠰ ᠲᠦᠷᠦ᠎ᠪᠠᠷ ᠱᠢᠩᠭᠡᠭᠡᠨ ᠠᠪᠬᠤ᠎ᠶ᠋ᠢ ᠴᠢᠩᠭᠠᠳᠭᠠᠵᠤ᠂ ᠥᠷᠭᠡᠨ ᠤᠯᠠᠨ ᠴᠢᠳᠠᠪᠤᠷᠢᠲᠠᠨ᠎ᠤ ᠤᠯᠤᠰ᠎ᠢᠶᠠᠨ ᠬᠠᠢᠷᠠᠯᠠᠵᠤ ᠬᠠᠷᠠᠮ ᠦᠭᠡᠢ ᠵᠣᠷᠢᠭᠤᠯᠬᠤ᠂ ᠵᠣᠷᠢᠭ᠍ᠲᠠᠶ᠎ᠪᠠᠷ ᠱᠢᠨ᠎ᠡ᠎ᠶ᠋ᠢ ᠡᠭᠦᠳᠴᠦ᠍ ᠡᠭᠦᠳᠦᠨ ᠪᠦᠲᠦᠭᠡᠬᠦ᠌᠎ᠶ᠋ᠢ ᠬᠥᠲᠥᠯᠥᠨ ᠵᠢᠯᠣᠭᠤᠳᠤᠨ᠎ᠠ᠃ ᠨᠠᠮ᠎ᠤᠨ ᠬᠤᠷᠢᠶ᠎ᠠ ᠲᠤᠰᠭᠠᠢ ᠮᠡᠷᠭᠡᠵᠢᠯᠲᠡᠨ᠎ᠲᠠᠢ ᠬᠠᠷᠢᠯᠴᠠᠵᠤ ᠳᠡᠳᠡᠨ᠎ᠳᠤ ᠦᠢᠯᠡᠴᠢᠯᠡᠬᠦ᠌ ᠲᠦᠷᠢᠮ᠎ᠢ ᠪᠠᠷᠢᠮᠲᠠᠯᠠᠨ᠂ ᠤᠳᠤᠷᠢᠳᠭᠤ ᠺᠠᠳ᠋ᠷᠴᠤᠳ᠎ᠤᠨ ᠴᠢᠳᠠᠪᠤᠷᠢᠲᠠᠨ᠎ᠲᠠᠢ ᠱᠢᠭᠤᠳ ᠬᠠᠷᠢᠯᠴᠠᠵᠤ ᠲᠡᠳᠡᠨ᠎ᠳᠤ ᠦᠢᠯᠡᠴᠢᠯᠡᠬᠦ᠌ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠴᠢᠳᠠᠪᠤᠷᠢᠲᠠᠨ᠎ᠤ ᠲᠤᠬᠠᠢ ᠰᠠᠨᠠᠯ ᠰᠠᠨᠠᠭᠤᠯᠭ᠎ᠠ᠎ᠶ᠋ᠢ ᠴᠠᠭ ᠲᠤᠬᠠᠢᠳᠤᠨᠢ ᠰᠣᠨᠣᠰᠴᠤ᠌᠂ ᠴᠢᠳᠠᠪᠤᠷᠢᠲᠠᠨ᠎ᠤ ᠠᠵᠢᠯ ᠠᠮᠢᠳᠤᠷᠠᠯ᠎ᠢ ᠬᠠᠯᠠᠮᠵᠢᠯᠠᠨ᠎ᠠ᠃
ᠭᠤᠴᠢᠨ ᠳᠣᠯᠣᠳᠤᠭᠠᠷ ᠵᠦᠢᠯ ᠴᠢᠳᠠᠪᠤᠷᠢᠲᠠᠨ᠎ᠤ ᠲᠤᠬᠠᠢ ᠴᠢᠩᠭ᠎ᠠ ᠤᠬᠠᠮᠰᠠᠷ᠎ᠢ ᠪᠤᠢ ᠪᠣᠯᠭᠠᠵᠤ᠂ ᠴᠢᠳᠠᠪᠤᠷᠢᠲᠠᠨ᠎ᠤ ᠦᠢᠯᠡᠴᠢᠯᠡᠭᠡ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠂ ᠱᠢᠯᠢᠳᠡᠭ ᠴᠢᠳᠠᠪᠤᠷᠢᠲᠠᠨ ᠪᠠ ᠲᠡᠷᠢᠭᠦᠨ᠎ᠤ ᠨᠡᠢᠲᠡᠯᠢᠭ ᠵᠢᠱ᠌ᠢᠶ᠎ᠡ᠎ᠶ᠋ᠢᠨ ᠤᠬᠠᠭᠤᠯᠭ᠎ᠠ᠎ᠶ᠋ᠢ ᠴᠢᠩᠭᠠᠳᠭᠠᠵᠤ᠂ ᠬᠥᠳᠡᠯᠮᠦᠷᠢ᠎ᠶ᠋ᠢ ᠬᠦᠨᠳᠦᠳᠭᠡᠬᠦ᠂ ᠮᠡᠳᠡᠯᠭᠡ᠎ᠶ᠋ᠢ ᠬᠦᠨᠳᠦᠳᠭᠡᠬᠦ᠂ ᠴᠢᠳᠠᠪᠤᠷᠢᠲᠠᠨ᠎ᠢ ᠬᠦᠨᠳᠦᠳᠭᠡᠬᠦ᠂ ᠡᠭᠦᠳᠦᠨ ᠪᠦᠲᠦᠭᠡᠯᠲᠡ᠎ᠶ᠋ᠢ ᠬᠦᠨᠳᠦᠳᠭᠡᠬᠦ᠌ ᠰᠠᠢᠨ ᠰᠠᠢᠬᠠᠨ ᠠᠭᠤᠷ ᠠᠮᠢᠰᠭᠤᠯ᠎ᠢ ᠪᠤᠢ ᠪᠣᠯᠭᠠᠵᠤ᠂ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠤᠨ᠂ ᠢᠯᠠᠭ᠍ᠳᠠᠯ᠎ᠢ ᠠᠭᠤᠴᠢᠯᠠᠵᠤ᠂ ᠬᠥᠮᠦᠨ ᠪᠦᠬᠦᠨ ᠴᠢᠳᠠᠪᠤᠷᠢᠲᠠᠨ ᠪᠤᠯᠵᠤ ᠪᠣᠯᠬᠤ᠂ ᠬᠥᠮᠦᠨ ᠪᠦᠬᠦᠨ ᠡᠷᠳᠡᠮ ᠴᠢᠳᠠᠪᠤᠷᠢ᠎ᠪᠠᠨ ᠭᠦᠢᠴᠡᠳ ᠪᠠᠳᠠᠷᠠᠭᠤᠯᠤᠬ᠍ᠰᠠᠨ ᠠᠮᠢᠳᠤᠯᠢᠭ ᠪᠠᠢᠳᠠᠯ᠎ᠢ ᠪᠤᠢ ᠪᠣᠯᠭᠠᠨ᠎ᠠ᠃
ᠵᠢᠷᠭᠤᠳᠤᠭᠠᠷ ᠪᠦᠯᠦᠭ ᠪᠠᠲᠤᠯᠠᠭ᠎ᠠ ᠪᠠ ᠬᠢᠨᠠᠯᠲᠠ
ᠭᠤᠴᠢᠨ ᠨᠠᠢ᠍ᠮᠠᠳᠤᠭᠠᠷ ᠵᠦᠢᠯ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠵᠣᠬᠢᠶᠠᠨ ᠪᠠᠢᠭᠤᠯᠤᠯᠲᠠ᠎ᠶ᠋ᠢᠨ ᠠᠵᠢᠯ᠎ᠳᠠᠬᠢ ᠤᠳᠤᠷᠢᠳᠤᠯᠭ᠎ᠠ᠎ᠪᠠᠨ ᠦᠨᠡᠨ ᠬᠦ᠌ ᠴᠢᠩᠭᠠᠳᠭᠠᠵᠤ᠂ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠂ ᠠᠵᠢᠯ᠎ᠢᠶᠠᠨ ᠥᠷᠨᠢᠭᠦᠯᠬᠦ᠌᠎ᠶ᠋ᠢ ᠬᠠᠯᠠᠮᠵᠢᠯᠠᠨ ᠲᠡᠮᠵᠢᠵᠦ᠍᠂ ᠪᠠᠢᠭᠤᠯᠤᠮᠵᠢ᠎ᠶ᠋ᠢᠨ ᠣᠷᠣᠨ ᠲᠤᠭ᠎ᠠ᠎ᠶ᠋ᠢ ᠵᠣᠬᠢᠰᠲᠠᠢ ᠲᠤᠬᠢᠷᠠᠭᠤᠯᠤᠨ᠂ ᠠᠵᠢᠯ᠎ᠤᠨ ᠬᠦᠴᠦᠨ᠎ᠢ ᠲᠡᠭᠦᠯᠳᠡᠷᠵᠢᠭᠦᠯᠵᠦ᠍᠂ ᠴᠢᠬᠤᠯᠠ ᠪᠦᠬᠦᠢ ᠠᠵᠢᠯ᠎ᠤᠨ ᠨᠥᠬᠦᠴᠡᠯ ᠪᠠ ᠵᠠᠷᠤᠳᠠᠯ᠎ᠤᠨ ᠪᠠᠲᠤᠯᠠᠭ᠎ᠠ ᠬᠠᠩᠭᠠᠵᠤ᠂ ᠡᠯ᠎ᠡ ᠲᠠᠯ᠎ᠠ᠎ᠶ᠋ᠢᠨ᠎ᠬᠢᠨ᠎ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠵᠣᠬᠢᠶᠠᠨ ᠪᠠᠢᠭᠤᠯᠬᠤ ᠠᠵᠢᠯ᠎ᠢ ᠰᠠᠢᠲᠤᠷ ᠬᠢᠬᠦ᠌ ᠬᠠᠮᠳᠤᠷᠠᠯ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠢ᠃ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠤᠨ ᠤᠳᠤᠷᠢᠳᠭᠤ ᠪᠠᠭ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠤᠯᠤᠰ ᠲᠦᠷᠦ᠎ᠶ᠋ᠢᠨ ᠲᠠᠯ᠎ᠠ᠎ᠪᠠᠷ ᠴᠢᠩᠭ᠎ᠠ᠂ ᠵᠠᠷᠴᠢᠮ᠎ᠢ ᠪᠠᠷᠢᠮᠲᠠᠯᠠᠳᠠᠭ᠂ ᠲᠥᠪ ᠭᠤᠣᠯᠴᠢ᠂ ᠨᠠᠮ᠎ᠤᠨ ᠠᠵᠢᠯ᠎ᠤᠨ ᠥᠩᠭᠡᠷᠡᠯᠲᠡ᠎ᠲᠠᠢ ᠺᠠᠳ᠋ᠷ᠎ᠢ ᠰᠣᠩᠭᠤᠨ ᠳᠡᠪᠱᠢᠭᠦᠯᠵᠦ᠍ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠤᠨ ᠤᠳᠤᠷᠢᠳᠭᠤ ᠺᠠᠳ᠋ᠷ ᠪᠣᠯᠭᠠᠬᠤ᠎ᠶ᠋ᠢ ᠴᠢᠬᠤᠯᠠᠴᠢᠯᠠᠨ᠎ᠠ᠃
ᠭᠤᠴᠢ ᠶᠢᠰᠦᠳᠦᠭᠡᠷ ᠵᠦᠢᠯ ᠵᠣᠬᠢᠶᠠᠨ ᠪᠠᠢᠭᠤᠯᠬᠤ ᠰᠠᠯᠠᠭ᠎ᠠ ᠮᠥᠴᠢᠷ ᠨᠠᠮ᠎ᠤᠨ ᠲᠥᠪ ᠬᠤᠷᠢᠶ᠎ᠠ ᠵᠢᠴᠢ ᠨᠠᠮ᠎ᠤᠨ ᠬᠤᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠶ᠋ᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠬᠡᠷᠡᠭ᠌ᠵᠢᠭᠦᠯᠵᠦ᠍᠂ ᠴᠢᠬᠤᠯᠠ ᠶᠡᠭᠡ ᠤᠴᠢᠷ ᠶᠠᠪᠤᠳᠠᠯ᠎ᠳᠤ ᠵᠢᠭᠠᠪᠤᠷᠢ ᠠᠪᠴᠤ᠌ ᠮᠡᠳᠡᠭᠦᠯᠬᠦ᠌ ᠲᠦᠷᠢᠮ᠎ᠢ ᠴᠢᠩᠭ᠎ᠠ ᠬᠡᠷᠡᠭ᠌ᠵᠢᠭᠦᠯᠬᠦ᠌ ᠬᠡᠷᠡᠭ᠌ᠲᠡᠢ᠃ ᠬᠡᠯᠳᠡᠰ᠎ᠤᠨ ᠶᠠᠪᠤᠳᠠᠯ᠎ᠤᠨ ᠬᠤᠷᠠᠯ᠎ᠤᠨ ᠲᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠬᠡᠷᠡᠭ ᠵᠥᠪᠯᠡᠬᠦ᠌ ᠲᠦᠷᠢᠮ ᠪᠠ ᠵᠢᠷᠤᠮ᠎ᠢ ᠪᠦᠷᠢᠨᠱᠢᠬᠦᠯᠤᠨ᠂ ᠬᠡᠯᠳᠡᠰ᠎ᠤᠨ ᠶᠠᠪᠤᠳᠠᠯ᠎ᠤᠨ ᠬᠤᠷᠠᠯ᠎ᠤᠨ ᠬᠠᠮᠲᠤ᠎ᠶ᠋ᠢᠨ ᠤᠳᠤᠷᠢᠳᠤᠯᠭ᠎ᠠ ᠪᠠ ᠪᠣᠭᠤᠮᠲᠠ ᠰᠠᠬᠢᠬᠤ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃
ᠳᠥᠴᠢᠳᠦᠭᠡᠷ ᠵᠦᠢᠯ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠨᠢ ᠭᠤᠤᠯ ᠬᠠᠷᠢᠭᠤᠴᠠᠯᠭ᠎ᠠ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠢᠯ᠎ᠤᠨ ᠲᠣᠭ᠍ᠲᠠᠴᠠ᠎ᠪᠠᠨ ᠪᠦᠷᠢᠨᠱᠢᠭᠦᠯᠦᠨ᠂ ᠠᠵᠢᠯ᠎ᠤᠨ ᠶᠠᠪᠤᠴᠠ᠎ᠪᠠᠨ ᠱᠢᠯᠢᠳᠡᠭ᠌ᠵᠢᠭᠦᠯᠵᠦ᠍᠂ ᠪᠠᠢᠴᠠᠭᠠᠨ ᠰᠤᠳᠤᠯᠤᠯᠲᠠ᠎ᠪᠠᠨ ᠴᠢᠩᠭᠠᠳᠭᠠᠨ᠂ ᠢᠨᠲ᠋ᠧᠷ ᠰᠦᠯᠵᠢᠶᠡᠨ᠎ᠤ ᠮᠡᠷᠭᠡᠵᠢᠯ᠂ ᠲᠣᠭᠠᠴᠢᠯᠠᠭ᠍ᠰᠠᠨ ᠮᠡᠷᠭᠡᠵᠢᠯ ᠪᠠ ᠮᠡᠳᠡᠭᠡ ᠵᠠᠩᠭᠢᠵᠢᠯᠲᠠ᠎ᠶ᠋ᠢᠨ ᠠᠷᠭ᠎ᠠ ᠪᠠᠷᠢᠯ᠎ᠢ ᠬᠡᠷᠡᠭ᠌ᠯᠡᠬᠦ᠌᠎ᠶ᠋ᠢ ᠴᠢᠬᠤᠯᠠᠴᠢᠯᠠᠵᠤ᠂ ᠠᠵᠢᠯ᠎ᠤᠨ ᠬᠦᠴᠦᠨ ᠴᠢᠳᠠᠪᠤᠷᠢ᠎ᠪᠠᠨ ᠴᠢᠩᠭᠠᠳᠭᠠᠬᠤ ᠬᠡᠷᠡᠭ᠌ᠲᠡᠶ᠃
ᠳᠥᠴᠢᠨ ᠨᠢᠭᠡᠳᠦᠭᠡᠷ ᠵᠦᠢᠯ ᠵᠣᠬᠢᠶᠠᠨ ᠪᠠᠢᠭᠤᠯᠬᠤ ᠰᠠᠯᠠᠭ᠎ᠠ ᠮᠥᠴᠢᠷ ᠤᠯᠤᠰ ᠲᠦᠷᠦ᠎ᠶ᠋ᠢᠨ ᠪᠠᠢᠭᠤᠯᠭ᠎ᠠ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠲᠦᠷᠦᠭᠦᠯᠡᠨ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠠ ᠱᠢᠯᠢᠳᠡᠭ ᠰᠤᠷᠲᠠᠯ᠎ᠢ ᠪᠠᠳᠠᠷᠠᠭᠤᠯᠵᠤ᠂ ᠲᠦᠷᠦᠭᠦᠯᠡᠨ 《ᠲᠦᠷᠪᠡᠨ ᠤᠬᠠᠮᠰᠠᠷ》 ᠢᠶᠠᠨ ᠴᠢᠩᠭᠠᠳᠭᠠᠵᠤ᠂ 《ᠲᠦᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠨᠠᠮ᠎ᠤᠨ ᠤᠯᠤᠰ ᠲᠦᠷᠦ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠤᠳᠤᠭᠤᠯᠬᠤ᠎ᠶ᠋ᠢ ᠪᠠᠷᠢᠮᠲᠠᠯᠠᠵᠤ᠂ ᠬᠡᠯᠲᠡᠰ᠎ᠢ ᠴᠢᠩᠭ᠎ᠠ ᠵᠠᠰᠠᠬᠤ᠂ ᠪᠡᠶ᠎ᠡ᠎ᠪᠠᠨ ᠴᠢᠩᠭ᠎ᠠ ᠱᠠᠭᠠᠷᠳᠠᠬᠤ᠂ ᠡᠩᠨᠡᠭᠡ᠎ᠶ᠋ᠢ ᠴᠢᠩᠭ᠎ᠠ ᠳᠠᠭᠠᠭᠤᠯᠬᠤ᠎ᠶ᠋ᠢ ᠭᠦᠨᠵᠡᠭᠡᠢ ᠠᠬᠢᠭᠤᠯᠵᠤ᠂ ᠤᠯᠤᠰ ᠲᠦᠷᠦ᠎ᠶ᠋ᠢ ᠡᠷᠬᠢᠮᠯᠡᠬᠦ᠂ ᠲᠥᠪ ᠭᠤᠣᠯᠴᠢ᠎ᠶ᠋ᠢ ᠴᠢᠬᠤᠯᠠᠴᠢᠯᠠᠬᠤ᠂ ᠲᠤᠬᠠᠢᠯᠠᠭ᠍ᠰᠠᠨ ᠠᠵᠢᠯ᠎ᠳᠠᠭᠠᠨ ᠴᠠᠭᠠᠷᠠᠭ᠍ᠰᠠᠨ᠂ ᠰᠤᠷᠲᠠᠯ ᠰᠠᠢᠨ ᠵᠢᠱ᠌ᠢᠶᠡᠴᠢ ᠰᠠᠯᠠᠭ᠎ᠠ ᠮᠥᠴᠢᠷ᠎ᠢ ᠴᠢᠷᠮᠠᠢᠨ ᠪᠠᠢᠭᠤᠯᠵᠤ᠂ ᠨᠠᠮ᠎ᠤᠨ ᠲᠥᠪ ᠬᠤᠷᠢᠶ᠎ᠠ᠎ᠶ᠋ᠢ ᠰᠡᠳᠭᠢᠯ ᠠᠮᠤᠷ ᠪᠠᠢᠯᠭᠠᠵᠤ᠂ ᠨᠠᠮ᠎ᠤᠨ ᠭᠡᠱᠢᠭᠦᠨ ᠺᠠᠳ᠋ᠷ ᠴᠢᠳᠠᠪᠤᠷᠢᠲᠠᠨ᠎ᠳᠤ ᠢᠲᠡᠭᠡᠭᠦᠯᠵᠦ᠍᠂ ᠠᠷᠠᠳ ᠤᠯᠠᠨ᠎ᠢ ᠰᠡᠳᠭᠢᠯ ᠬᠠᠨᠤᠮᠵᠢᠲᠠᠢ ᠪᠠᠢᠯᠭᠠᠬᠤ ᠬᠡᠷᠡᠭ᠌ᠲᠡᠢ᠃
ᠵᠣᠬᠢᠶᠠᠨ ᠪᠠᠢᠭᠤᠯᠤᠯᠲᠠ᠎ᠶ᠋ᠢᠨ ᠠᠵᠢᠯ᠎ᠤᠨ ᠺᠠᠳ᠋ᠷ᠎ᠤᠨ ᠡᠩᠨᠡᠭᠡᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠤᠯᠤᠰ ᠲᠦᠷᠦ᠎ᠶ᠋ᠢᠨ ᠰᠠᠬᠢᠯᠭ᠎ᠠ ᠪᠠᠲᠤ ᠪᠠ ᠤᠯᠤᠰ ᠲᠦᠷᠦ᠎ᠶ᠋ᠢᠨ ᠶᠣᠰᠣ ᠳᠦᠷᠢᠮ᠎ᠤᠨ ᠬᠥᠮᠦᠵᠢᠯ᠎ᠢ ᠴᠢᠩᠭᠠᠳᠭᠠᠵᠤ᠂ ᠵᠣᠬᠢᠶᠠᠨ ᠪᠠᠢᠭᠤᠯᠤᠯᠲᠠ᠎ᠶ᠋ᠢᠨ ᠠᠵᠢᠯᠳᠠᠨ᠎ᠤ ᠶᠠᠪᠤᠳᠠᠯ᠎ᠤᠨ ᠰᠠᠬᠢᠯᠭ᠎ᠠ ᠪᠠᠲᠤ ᠪᠠ ᠨᠢᠭᠤᠴᠠ᠎ᠶ᠋ᠢ ᠬᠠᠮᠠᠭᠠᠯᠠᠬᠤ ᠰᠠᠬᠢᠯᠭ᠎ᠠ ᠪᠠᠲᠤ᠎ᠶ᠋ᠢ ᠴᠢᠩᠭ᠎ᠠ ᠰᠠᠬᠢᠵᠤ᠂ ᠲᠥᠪ ᠭᠤᠣᠯᠴᠢ ᠠᠷᠢᠭᠤᠨ ᠴᠢᠬᠡᠴᠢ ᠪᠠᠢᠬᠤ᠎ᠶ᠋ᠢ ᠪᠠᠷᠢᠮᠲᠠᠯᠠᠵᠤ᠂ ᠲᠤᠰᠭᠠᠢᠵᠢᠭ᠍ᠰᠠᠨ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠤᠯᠤᠰ ᠲᠦᠷᠦ᠎ᠶ᠋ᠢᠨ ᠲᠠᠯ᠎ᠠ᠎ᠪᠠᠷ ᠲᠦᠢᠯ᠎ᠤᠨ ᠨᠠᠢᠳᠠᠪᠤᠷᠢᠲᠠᠢ᠂ ᠨᠠᠮ᠎ᠳᠠᠭᠠᠨ ᠲᠦᠢᠯ᠎ᠤᠨ ᠦᠨᠡᠨᠴᠢ ᠱᠢᠳᠤᠷᠭᠤ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃
ᠳᠥᠴᠢᠨ ᠬᠤᠶᠠᠳᠤᠭᠠᠷ ᠵᠦᠢᠯ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠲᠤᠰ ᠲᠦᠷᠢᠮ᠎ᠢ ᠬᠡᠷᠡᠭ᠌ᠵᠢᠭᠦᠯᠦᠭ᠌ᠰᠡᠨ ᠪᠠᠢᠳᠠᠯ᠎ᠳᠠᠬᠢ ᠬᠢᠨᠠᠯᠲᠠ ᠪᠠᠢᠴᠠᠭᠠᠯᠲᠠ᠎ᠪᠠᠨ ᠴᠢᠩᠭᠠᠳᠭᠠᠵᠤ᠂ ᠲᠤᠰ ᠲᠦᠷᠢᠮ᠎ᠢ ᠬᠡᠷᠡᠭ᠌ᠵᠢᠭᠦᠯᠦᠭ᠌ᠰᠡᠨ ᠪᠠᠢᠳᠠᠯ᠎ᠢ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ᠎ᠢ ᠬᠢᠨᠠᠨ ᠱᠢᠯᠭᠠᠬᠤ ᠠᠭᠤᠯᠭ᠎ᠠ᠎ᠳᠤ ᠣᠷᠣᠭᠤᠯᠵᠤ᠂ ᠲᠣᠭᠤᠷᠢᠨ ᠪᠠᠢᠴᠠᠭᠠᠬᠤ ᠴᠠᠭ᠍ᠳᠠᠨ ᠪᠠᠢᠴᠠᠭᠠᠬᠤ ᠬᠡᠪᠴᠢᠶᠡᠨ᠎ᠳᠤ ᠣᠷᠣᠭᠤᠯᠬᠤ ᠬᠡᠷᠡᠭ᠌ᠲᠡᠢ᠃
ᠳᠥᠴᠢᠨ ᠭᠤᠷᠪᠠᠳᠤᠭᠠᠷ ᠵᠦᠢᠯ ᠲᠣᠰ ᠲᠦᠷᠢᠮ᠎ᠤᠨ ᠬᠤᠯᠪᠣᠭ᠍ᠳᠠᠯ ᠪᠥᠬᠦᠶ ᠲᠣᠭ᠍ᠲᠠᠭᠠᠯ᠎ᠢ ᠵᠥᠷᠢᠴᠡᠭ᠌ᠰᠡᠨ ᠪᠣᠯ᠂ ᠦᠶᠯᠡ ᠪᠠᠢᠳᠠᠯ᠎ᠤᠨ ᠬᠦᠨᠳᠦ ᠬᠥᠩᠭᠡᠨ᠎ᠢ᠎ᠨᠢ ᠦᠨᠳᠦᠰᠦᠯᠡᠨ᠂ ᠱᠢᠭᠦᠮᠵᠢᠯᠡᠨ ᠰᠤᠷᠭᠠᠬᠤ᠂ ᠵᠠᠷᠯᠢᠭ᠍ᠳᠠᠨ ᠪᠠᠢᠴᠠᠭᠠᠬᠤ᠂ ᠰᠡᠷᠡᠮᠵᠢᠯᠡᠭᠦᠯᠦᠨ ᠴᠡᠭᠡᠷᠯᠡᠭᠦᠯᠬᠦ᠂ ᠵᠣᠬᠢᠶᠠᠨ ᠪᠠᠢᠭᠤᠯᠤᠯᠲᠠ᠎ᠶ᠋ᠢᠨ ᠲᠠᠯ᠎ᠠ᠎ᠪᠠᠷ ᠱᠢᠶᠳᠪᠦᠷᠢᠯᠡᠬᠦ᠌ ᠪᠤᠶᠤ ᠲᠦᠷᠢᠮ ᠲᠣᠭ᠍ᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠱᠢᠢᠳᠭᠡᠯ ᠥᠭ᠌ᠭᠦᠨ᠎ᠡ᠃
ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ
ᠳᠥᠴᠢᠨ ᠳᠥᠷᠪᠡᠳᠦᠭᠡᠷ ᠵᠦᠢᠯ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠲᠤᠰ ᠲᠦᠷᠢᠮ᠎ᠤᠨ ᠵᠣᠷᠢᠭ ᠰᠠᠨᠠᠭ᠎ᠠ᠎ᠶ᠋ᠢ ᠦᠨᠳᠦᠰᠦᠯᠡᠵᠦ᠍᠂ ᠬᠤᠯᠪᠣᠭ᠍ᠳᠠᠯ ᠪᠦᠬᠦᠢ ᠲᠣᠭ᠍ᠲᠠᠭᠠᠯ᠎ᠢ ᠲᠣᠭ᠍ᠲᠠᠭᠠᠵᠤ ᠪᠣᠯᠤᠨ᠎ᠠ᠃
ᠳᠥᠴᠢᠨ ᠲᠠᠪᠤᠳᠤᠭᠠᠷ ᠵᠦᠢᠯ ᠲᠤᠰ ᠲᠦᠷᠢᠮ᠎ᠢ ᠲᠥᠪ᠎ᠤᠨ ᠵᠣᠬᠢᠶᠠᠨ ᠪᠠᠢᠭᠤᠯᠬᠤ ᠬᠡᠯᠲᠡᠰ᠎ᠠᠴᠠ ᠬᠠᠷᠢᠭᠤᠴᠠᠨ ᠲᠠᠢᠯᠪᠤᠷᠢᠯᠠᠨ᠎ᠠ᠃
ᠳᠥᠴᠢᠨ ᠵᠢᠷᠭᠤᠳᠤᠭᠠᠷ ᠵᠦᠢᠯ ᠲᠤᠰ ᠳᠦᠷᠢᠮ᠎ᠢ ᠨᠡᠢᠲᠡᠯᠡᠭ᠌ᠰᠡᠨ ᠡᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ᠃
(ᠱᠢᠨᠬᠤᠸᠠ ᠬᠤᠷᠢᠶᠠᠨ᠎ᠤ ᠪᠡᠬᠡᠵᠢᠩ᠎ᠤᠨ 6 ᠰᠠᠷ᠎ᠠ᠎ᠶ᠋ᠢᠨ 2 ᠤᠨ ᠴᠠᠬᠢᠯᠭᠠᠨ ᠮᠡᠳᠡᠭᠡ)