ᠬᠦᠴᠦ᠎ᠪᠠᠨ ᠬᠠᠮᠲᠤᠳᠭᠠᠨ ᠪᠤᠭᠤᠮᠳᠠ ᠱᠢᠪᠳᠤᠯᠤᠨ ᠡᠷᠡᠮᠡᠬᠡᠢᠯᠡᠨ ᠤᠷᠤᠬ᠍ᠰᠢᠯᠠᠵᠦ᠍ ᠢᠯᠠᠯᠲᠠ᠎ᠶ᠋ᠢᠨ ᠳᠠᠭᠤᠤ᠎ᠪᠠᠨ ᠬᠠᠩᠭᠢᠨᠠᠭᠤᠯᠤᠨ᠎ᠠ — ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠲᠠᠱᠢᠷᠠᠮ᠎ᠳᠤ · ᠬᠦᠴᠦ᠎ᠪᠠᠨ ᠬᠠᠮᠲᠤᠳᠭᠠᠨ ᠪᠣᠭᠤᠮᠲᠠ ᠱᠢᠪᠲᠤᠯᠬᠤ ᠪᠦᠯᠦᠭ
2021-07-05 08:54:57
ᠵᠣᠬᠢᠶᠠᠭ᠍ᠴᠢ᠄
ᠬᠠᠨ ᠱᠢᠤᠸᠠᠢ ᠷᠦ᠋
ᠣᠩᠱᠢᠭ᠍ᠰᠠᠨ ᠣᠳᠠᠭ᠎ᠠ᠄
★★★☆☆

7 ᠰᠠᠷ᠎ᠠ᠎ᠳᠤ᠂ ᠥᠪᠥᠷ ᠮᠣᠩᠭᠤᠯ᠎ᠤᠨ ᠡᠬᠡ ᠭᠠᠵᠠᠷ ᠠᠮᠢᠵᠢᠷᠠᠯ᠎ᠤᠨ ᠬᠦᠴᠦᠨ᠎ᠢᠶᠠᠷ ᠪᠢᠯᠬᠠᠨ᠎ᠠ᠃ ᠬᠢᠩᠭᠠᠨ ᠳᠠᠪᠠᠭᠠᠨ᠎ᠤ ᠡᠩᠭᠡᠷ᠎ᠲᠤ᠌᠂ ᠵᠠᠯᠠᠢᠳ ᠬᠤᠱᠢᠭᠤᠨ᠎ᠤ ᠤᠯᠠᠨ ᠲᠦᠮᠡᠨ ᠱᠢᠮ᠎ᠡ ᠰᠠᠢᠳᠠᠢ ᠲᠠᠷᠢᠮᠠᠯ᠎ᠤᠨ ᠭᠠᠵᠠᠷ᠎ᠲᠤ᠎ᠪᠠᠨ ᠤᠳᠤ ᠦᠶ᠎ᠡ᠎ᠶ᠋ᠢᠨ ᠲᠡᠷᠢᠶᠠᠯᠠᠩ᠎ᠤᠨ ᠥᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠵᠢᠷᠤᠭ᠍ᠯᠠᠨ᠎ᠠ; ᠲᠠᠯ᠎ᠠ ᠨᠤᠲᠤᠭ᠎ᠤᠨ ᠬᠦᠨ ᠦᠷᠦᠴᠡᠨ᠎ᠳᠤ᠂ ᠠᠪᠠᠭ᠎ᠠ ᠬᠤᠱᠢᠭᠤᠨ᠎ᠤ ᠭᠡᠷ ᠪᠦᠯᠢ᠎ᠶ᠋ᠢᠨ ᠤᠶᠤᠨᠲᠤ ᠮᠠᠯᠵᠢᠯ᠎ᠤᠨ ᠲᠠᠯᠠᠪᠠᠢ ᠬᠡᠪᠴᠢᠶᠡᠵᠢᠭᠦᠯᠦᠨ ᠡᠵᠡᠩᠨᠡᠬᠦ᠌᠎ᠶ᠋ᠢ ᠪᠡᠶᠡᠯᠡᠭᠦᠯᠵᠦ᠍᠂ ᠮᠠᠯᠵᠢᠬᠤ ᠣᠷᠣᠨ᠎ᠤ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ ᠲᠦᠷᠭᠡᠨ ᠪᠥᠭᠡᠳ ᠯᠠᠪᠳᠠᠭᠤᠨ᠎ᠢᠶᠠᠷ ᠠᠬᠢᠨ᠎ᠠ; ᠬᠠᠲᠤᠨ ᠭᠤᠤᠯ᠎ᠤᠨ ᠬᠥᠪᠡᠭᠡᠨ᠎ᠳᠤ᠂ ᠲᠣᠭ᠍ᠲᠠᠬᠤ ᠱᠢᠶᠠᠨ᠎ᠤ ᠲᠠᠷᠢᠶᠠᠴᠢᠳ ᠰᠠᠮ ᠬᠤᠷᠣᠬᠠᠶ ᠨᠠᠢ᠍ᠮᠠᠯᠵᠢ ᠲᠡᠵᠢᠭᠡᠵᠦ᠍᠂ ᠲᠠᠷᠢᠶᠠᠴᠢᠨ ᠠᠢᠯ᠎ᠤᠨ ᠵᠢᠭᠤᠯᠴᠢᠯᠠᠯ ᠡᠷᠭᠢᠯᠡᠵᠦ᠍᠂ ᠡᠷᠦᠬᠡ ᠪᠣᠯᠭᠠᠨ ᠪᠠᠶᠠᠵᠢᠯ᠎ᠤᠨ ᠠᠵᠤ ᠦᠢᠯᠡᠰ᠎ᠲᠠᠢ ᠪᠣᠯᠤᠯ᠎ᠠ ᠁

ᠮᠢᠩᠭᠠᠨ ᠣᠨ᠎ᠤ ᠬᠦᠰᠡᠯ ᠵᠡᠭᠦᠳᠦ᠂ ᠵᠠᠭᠤᠨ ᠵᠢᠯ᠎ᠤᠨ ᠲᠡᠮᠡᠴᠡᠯ᠂ ᠨᠢᠬᠡ ᠮᠥᠴᠡ᠎ᠪᠠᠷ ᠲᠡᠷᠭᠡᠯᠱᠢᠪᠠ᠃ ᠡᠷᠡᠮᠡᠬᠡᠢᠯᠡᠨ ᠤᠷᠤᠭ᠍ᠰᠢᠯᠠᠬᠤ ᠬᠦᠴᠦᠨ ᠤᠬ᠍ᠳᠠᠷᠭᠤᠢ᠎ᠶ᠋ᠢ ᠲᠤᠭᠤᠯᠤᠨ᠂ ᠪᠠᠶᠠᠵᠢᠯᠳᠤ ᠠᠮᠢᠳᠤᠷᠠᠯ᠎ᠤᠨ ᠵᠣᠯ ᠵᠢᠷᠭᠠᠯᠲᠤ ᠦᠵᠡᠮᠵᠢ᠎ᠶ᠋ᠢ ᠵᠢᠷᠤᠭ᠍ᠯᠠᠨ᠎ᠠ᠃

ᠮᠠᠨ᠎ᠤ ᠣᠷᠣᠨ ᠨᠡᠢᠲᠡ 58 ᠲᠦᠮᠡᠨ ᠡᠷᠦᠬᠡ᠂ 157 ᠲᠦᠮᠡᠨ ᠬᠥᠮᠦᠠ ᠠᠮᠠ᠂ 3681 ᠶᠠᠳᠠᠭᠤ ᠬᠦᠴᠢᠷᠳᠡᠯᠲᠡᠶ ᠭᠠᠴᠠᠭ᠎ᠠ ᠲᠣᠰᠭᠤᠨ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠬᠤ᠎ᠶ᠋ᠢ ᠪᠡᠶᠡᠯᠡᠬᠦᠯᠵᠥ᠍᠂ ᠤᠯᠤᠰ᠎ᠤᠨ ᠲᠠᠰ᠎ᠤᠨ 31 ᠶᠠᠳᠠᠭᠤ ᠬᠦᠴᠢᠷᠳᠡᠯᠲᠡᠶ ᠬᠤᠱᠢᠭᠤ ᠱᠢᠶᠠᠨ᠂ ᠣᠷᠣᠨ᠎ᠤ ᠲᠠᠰ᠎ᠤᠨ 26 ᠶᠠᠳᠠᠭᠤ ᠬᠦᠴᠢᠷᠳᠡᠯᠲᠡᠶ ᠬᠤᠱᠢᠭᠤ ᠱᠢᠶᠠᠨ ᠪᠥ᠋ᠬᠦᠨ᠎ᠢᠶᠠᠷ᠎ᠢᠶᠠᠨ ᠶᠠᠳᠠᠭᠤ᠎ᠶ᠋ᠢᠨ ᠮᠠᠯᠠᠭᠠᠢ᠎ᠪᠠᠨ ᠲᠠᠶᠠᠬ᠍ᠳᠠᠪᠠ᠃

ᠲᠠᠩᠰᠠᠯᠠᠵᠤ ᠺᠠᠷᠳ᠋ᠯᠠᠭ᠍ᠰᠠᠨ ᠶᠠᠳᠠᠭᠤ ᠬᠦᠴᠢᠷᠳᠡᠯᠲᠡᠶ ᠤᠯᠠᠨ ᠲᠥᠮᠡᠨ᠎ᠤ ᠬᠥᠮᠦᠨ ᠳᠤᠮᠳᠠᠴᠢ᠎ᠶ᠋ᠢᠨ ᠣᠷᠣᠯᠭ᠎ᠠ 2015 ᠣᠨ᠎ᠳᠤ 3019 ᠲᠥᠭᠦᠷᠢᠭ ᠪᠠᠢᠭ᠍ᠰᠠᠨ᠎ᠠᠴᠠ᠎ᠪᠠᠨ 2020 ᠤᠨ ᠪᠣᠯᠬᠤ᠎ᠳᠤ 13159 ᠲᠥᠭᠦᠷᠢᠭ ᠪᠣᠯᠤᠨ ᠨᠡᠮᠡᠭ᠌ᠳᠡᠵᠦ᠍᠂ ᠵᠢᠯ ᠳᠤᠮᠳᠠᠴᠢ᠎ᠪᠠᠷ 34.2% ᠎ᠢᠶᠠᠷ ᠨᠡᠮᠡᠭ᠌ᠳᠡᠪᠡ᠃

ᠡᠳᠡᠭᠡᠷ ᠭᠢᠯᠠᠰ ᠲᠤᠭ᠎ᠠ ᠪᠠᠷᠢᠮᠲᠠ᠎ᠳᠤ᠂ ᠣᠷᠣᠨ ᠳᠠᠶᠠᠭᠠᠷ᠎ᠤᠨ ᠡᠷᠡᠮᠡᠬᠡᠢᠯᠡᠨ ᠤᠷᠤᠭ᠍ᠰᠢᠯᠠᠵᠤ᠂ ᠪᠣᠳᠠᠲᠠᠢ᠎ᠶ᠋ᠢ ᠡᠷᠬᠢᠮᠯᠡᠨ ᠱᠢᠷᠭᠠᠭᠤ ᠠᠵᠢᠯᠯᠠᠬᠤ ᠬᠠᠮᠲᠤ᠎ᠶ᠋ᠢᠨ ᠲᠠᠨᠢᠯᠲᠠ ᠪᠠ ᠬᠦᠴᠦᠨ ᠴᠢᠳᠠᠯ᠎ᠢ ᠨᠢᠭ᠍ᠲᠠᠷᠠᠭᠤᠯᠪᠠ; ᠪᠣᠭᠤᠮᠲᠠ ᠱᠢᠪᠲᠤᠯᠬᠤ ᠵᠢᠷᠤᠭ ᠳᠦᠷᠰᠦ᠎ᠨᠦᠭᠦᠳ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠲᠠᠯᠠᠪᠤᠷ᠎ᠲᠠᠬᠢ ᠢᠳᠡᠷᠡᠭᠦᠨ ᠠᠯᠬᠤᠭ᠎ᠠ᠂ ᠡᠷᠡᠮᠡᠬᠡᠢᠯᠡᠨ ᠤᠷᠤᠭ᠍ᠰᠢᠯᠠᠬᠤ ᠢᠲᠡᠭᠡᠯ ᠵᠣᠷᠢᠭ᠎ᠢ ᠢᠯᠡᠷᠡᠭᠦᠯᠪᠡ᠃

 

ᠡᠭᠦᠷᠭᠡ ᠬᠠᠷᠢᠭᠤᠴᠠᠯᠭ᠎ᠠ᠎ᠪᠠᠨ ᠵᠠᠪᠠᠯ ᠪᠡᠶᠡᠯᠡᠭᠦᠯᠦᠨ᠎ᠡ — ᠳᠡᠭᠡᠷ᠎ᠡ ᠳᠤᠤᠷ᠎ᠠ ᠱᠠᠲᠤ ᠰᠡᠳᠭᠢᠯ ᠨᠢᠭᠡᠳᠦᠨ ᠬᠠᠮᠲᠤ᠎ᠪᠠᠷ ᠡᠭᠦᠷᠭᠡᠯᠡᠪᠠ

ᠠᠯᠢᠪᠠ ᠠᠭᠤᠤ ᠶᠡᠭᠡ ᠠᠮᠵᠢᠯᠲᠠ ᠪᠣᠯ ᠴᠥᠮ ᠲᠡᠰᠪᠦᠷᠢ ᠬᠠᠲᠠᠭᠤᠵᠢᠯᠲᠠᠢ᠎ᠪᠠᠷ ᠲᠡᠮᠡᠴᠡᠭ᠌ᠰᠡᠨ᠎ᠤ ᠦᠷ᠎ᠡ ᠳ᠋ᠦᠩ ᠮᠥᠨ᠂ ᠠᠯᠢᠪᠠ ᠠᠭᠤᠤ ᠶᠡᠭᠡ ᠦᠢᠯᠡᠰ ᠴᠥᠮ ᠤᠷᠢᠳᠤᠬᠢ᠎ᠶ᠋ᠢ ᠵᠠᠯᠭᠠᠮᠵᠢᠯᠠᠨ ᠢᠷᠡᠭᠡᠳᠦᠢ᠎ᠶ᠋ᠢ ᠨᠡᠭᠡᠭᠡᠬᠦ᠌ ᠳᠤᠮᠳᠠ ᠤᠷᠤᠭ᠍ᠰᠢᠯᠠᠳᠠᠬ᠃

《ᠨᠢᠭᠡ ᠬᠡᠷ ᠪᠥᠯᠢ ᠨᠢᠭᠡ ᠡᠷᠦᠬᠡ ᠴᠢᠨᠠᠭ᠍ᠰᠢᠯᠠᠪᠠᠯ ᠨᠢᠭᠡ ᠬᠥᠮᠦᠨ ᠴᠦ᠍ ᠭᠡᠰᠡᠨ ᠦᠨᠳᠦᠰᠦᠨ ᠠᠮᠢᠳᠤᠷᠠᠯ᠎ᠤᠨ ᠠᠰᠠᠭᠤᠳᠠᠯ᠎ᠢᠶᠠᠨ ᠱᠢᠶᠳᠪᠦᠷᠢᠯᠡᠭᠡᠳᠦᠶ ᠯᠡ ᠶᠤᠮ ᠪᠣᠯ ᠪᠢᠳᠡ ᠰᠠᠨᠠᠭ᠎ᠠ ᠠᠮᠤᠷ ᠰᠠᠭᠤᠬᠤ ᠥᠬᠡᠶ; ᠤᠯᠠᠨ ᠲᠦᠮᠡᠨ᠎ᠤ ᠵᠣᠯ ᠵᠢᠷᠭᠠᠯᠲᠤ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠨᠢ ᠪᠣᠳᠠᠲᠤ ᠠᠬᠤᠢ ᠪᠣᠯᠤᠨ ᠪᠡᠶᠡᠯᠡᠭ᠌ᠳᠡᠭᠡᠳᠦᠢ ᠯᠡ ᠶᠤᠮ ᠪᠣᠯ᠂ ᠪᠢᠳᠠ ᠥᠴᠦᠬᠡᠨ ᠴᠦ᠍ ᠴᠠᠯᠠᠭᠠᠢᠷᠠᠬᠤ ᠦᠭᠡᠢ᠎ᠪᠠᠷ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠠᠮᠲᠤ᠎ᠪᠠᠷ ᠲᠡᠮᠡᠴᠡᠬᠦ᠌ ᠬᠡᠷᠡᠭ᠌ᠲᠡᠢ》᠃

ᠭᠦᠨ ᠵᠤᠵᠠᠭᠠᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠴᠢᠩ ᠰᠡᠳᠭᠢᠯ᠎ᠤᠨ ᠬᠦᠰᠡᠯ ᠨᠠᠢᠳᠠᠯᠭ᠎ᠠ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠶ᠋ᠢ ᠴᠢᠬᠤᠯᠠ ᠶᠡᠭᠡ ᠤᠯᠤᠰ ᠲᠦᠷᠦ᠎ᠶ᠋ᠢᠨ ᠡᠭᠦᠷᠭᠡ᠂ ᠨᠢᠭᠡᠳᠦᠭᠡᠷ ᠠᠷᠠᠳ᠎ᠤᠨ ᠠᠮᠢᠳᠤᠷᠠᠯ᠎ᠤᠨ ᠢᠨᠵᠧᠨᠧᠷᠢᠩ᠂ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠶ᠋ᠢ ᠶᠡᠷᠦᠩᠬᠡᠢᠯᠡᠨ ᠵᠢᠯᠣᠭᠤᠳᠭᠤ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ᠎ᠠᠴᠠ ᠨᠠᠢᠳᠠᠪᠤᠷᠢᠵᠢᠭᠤᠯᠤᠯᠲᠠ᠎ᠶ᠋ᠢ ᠠᠬᠢᠭᠤᠯᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠭᠠᠭᠤᠯᠤᠨ ᠪᠦᠬᠦ᠌ ᠲᠠᠯ᠎ᠠ᠎ᠶ᠋ᠢᠨ ᠶᠡᠷᠦᠩᠬᠡᠢ ᠳᠠᠭᠠᠷᠢᠯᠳᠠ ᠶᠠᠪᠤᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠱᠢᠢᠳᠪᠦᠷᠢᠲᠦ ᠳᠠᠢᠯᠠᠯᠳᠤᠭᠠᠨ ᠬᠢᠬᠦ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠱᠢᠢᠳᠪᠦᠷᠢᠲᠦ ᠢᠯᠠᠯᠲᠠ᠎ᠶ᠋ᠢ ᠤᠯᠬᠤ ᠢᠷᠠᠭᠤ ᠲᠤᠤᠯᠢᠰ᠎ᠢ ᠬᠠᠩᠭᠢᠨᠠᠭᠤᠯᠪᠠ᠃

— ᠥᠪᠡᠷᠲᠡᠭᠡᠨ ᠵᠠᠰᠠᠬᠤ ᠣᠷᠣᠨ ᠶᠡᠷᠦᠩᠬᠡᠶ ᠬᠠᠷᠢᠭᠤᠴᠠᠯᠭ᠎ᠠ᠎ᠶ᠋ᠢ ᠬᠠᠷᠢᠭᠤᠴᠠᠬᠤ᠂ ᠠᠢᠮᠠᠭ ᠬᠤᠲᠠ ᠬᠤᠱᠢᠭᠤ ᠱᠢᠶᠠᠨ ᠨᠠᠢᠳᠠᠪᠤᠷᠢᠵᠢᠭᠤᠯᠤᠯᠲᠠ᠎ᠶ᠋ᠢ ᠠᠳᠭᠤᠬᠤ᠂ ᠰᠤᠮᠤ ᠱᠢᠶᠠᠩ ᠪᠠᠯᠭᠠᠰᠤ ᠭᠠᠴᠠᠭ᠎ᠠ ᠲᠣᠰᠭᠤᠨ ᠪᠣᠳᠠᠲᠠᠶ᠎ᠶ᠋ᠢ ᠠᠳᠭᠤᠬᠤ ᠬᠠᠷᠢᠭᠤᠴᠠᠯᠭ᠎ᠠ᠎ᠶ᠋ᠢᠨ ᠲᠦᠷᠢᠮ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠨᠢᠭᠡᠳᠦᠭᠡᠷ ᠬᠠᠷᠢᠭᠤᠴᠠᠯᠭᠠᠳᠡᠨ ᠳᠡᠭᠡᠷ᠎ᠡ ᠱᠠᠲᠤ᠎ᠪᠠᠷ ᠳᠣᠤᠷ᠎ᠡ ᠱᠠᠲᠤ᠎ᠶ᠋ᠢ ᠳᠠᠢᠴᠢᠯᠠᠵᠤ᠂ ᠶᠠᠳᠠᠭᠤ᠎ᠶ᠋ᠢ ᠲᠡᠳᠬᠦᠬᠦ᠌᠎ᠶ᠋ᠢ ᠱᠢᠭᠤᠳ ᠭᠠᠷᠳᠠᠨ ᠠᠳᠭᠤᠪᠠ᠃ ᠥᠪᠡᠷᠲᠡᠭᠡᠨ ᠵᠠᠰᠠᠬᠤ ᠣᠷᠣᠨ᠎ᠤ ᠶᠠᠳᠠᠭᠤ᠎ᠶ᠋ᠢ ᠲᠡᠳᠬᠦᠵᠦ᠍ ᠨᠡᠭᠡᠭᠡᠨ ᠬᠥᠭ᠌ᠵᠢᠭᠦᠯᠬᠦ᠌ ᠤᠳᠤᠷᠢᠳᠭᠤ ᠳᠤᠭᠤᠢᠯᠠᠩ᠎ᠢ ᠲᠣᠬᠢᠷᠠᠭᠤᠯᠤᠨ ᠲᠡᠭᠦᠯᠳᠡᠷᠵᠢᠭᠦᠯᠵᠦ᠍᠂ ᠬᠠᠷᠢᠯᠴᠠᠬᠤ ᠴᠡᠭ᠎ᠤᠨ ᠶᠠᠳᠠᠭᠤ᠎ᠠᠴᠠ ᠠᠩᠭᠢᠵᠢᠷᠠᠭᠤᠯᠬᠤ ᠱᠢᠪᠲᠤᠯᠤᠯᠲᠠ᠎ᠶ᠋ᠢᠨ ᠠᠵᠢᠯ᠎ᠢ ᠭᠤᠤᠯᠳᠠᠯᠭ᠎ᠠ᠎ᠲᠠᠢ ᠠᠬᠢᠭᠤᠯᠪᠡ᠃

— ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ᠎ᠢᠶᠠᠷ ᠤᠳᠤᠷᠢᠳᠤᠮᠵᠢ ᠪᠣᠯᠭᠠᠬᠤ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ 2019 ᠣᠨ᠎ᠠᠴᠠ ᠡᠬᠢᠯᠡᠨ ᠬᠤᠶᠠᠷ ᠵᠢᠯ ᠳᠠᠷᠠᠭᠠᠯᠠᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠂ ᠠᠯᠪᠠᠨ ᠵᠢᠷᠤᠮ᠎ᠤᠨ ᠰᠤᠷᠭᠠᠨ ᠬᠥᠮᠦᠵᠢᠯ᠂ ᠦᠨᠳᠦᠰᠦᠨ ᠡᠮ ᠡᠮᠴᠢᠯᠡᠭᠡ᠂ ᠣᠷᠣᠨ ᠰᠠᠭᠤᠴᠠ᠎ᠶ᠋ᠢᠨ ᠠᠮᠤᠷ ᠲᠦᠪᠱᠢᠨ᠂ ᠠᠮᠤᠷ ᠲᠦᠪᠱᠢᠨ ᠤᠤᠭᠤᠬᠤ ᠤᠰᠤ᠂ ᠠᠵᠤ ᠦᠢᠯᠡᠰ᠎ᠤᠨ ᠪᠦᠷᠬᠦᠯᠲᠡ᠂ ᠦᠨᠳᠦᠰᠦᠨ ᠵᠦᠢᠯ᠎ᠢ ᠪᠠᠲᠤᠯᠠᠬᠤ᠂ ᠢᠵᠢ ᠪᠥᠷᠢᠳᠦᠭᠦᠯᠦᠨ ᠪᠥᠲᠥᠭᠡᠨ ᠪᠠᠢᠭᠤᠯᠬᠤ᠂ ᠤᠨᠳᠤᠤ ᠭᠠᠵᠠᠷ᠎ᠲᠤ ᠨᠡᠭᠦᠯᠭᠡᠨ ᠶᠠᠳᠠᠭᠤ᠎ᠶ᠋ᠢ ᠲᠡᠳᠬᠦᠬᠦ᠌ ᠪᠠ ᠬᠠᠮᠲᠤ᠎ᠶ᠋ᠢᠨ ᠠᠵᠤ ᠠᠬᠤᠶ ᠵᠡᠷᠭᠡ ᠠᠷᠪᠠᠨ ᠲᠠᠯ᠎ᠠ᠎ᠪᠠᠷ 《ᠪᠦᠬᠦᠨ᠎ᠢ ᠪᠠᠷᠢᠮᠵᠢᠶ᠎ᠠ᠎ᠳᠤ ᠬᠦᠷᠦᠭᠦᠯᠬᠦ᠌》 ᠲᠤᠰᠭᠠᠶ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ 《ᠬᠤᠶᠠᠷ᠎ᠲᠤ ᠵᠤᠪᠠᠭ᠍ᠤ ᠥᠬᠡᠶ ᠭᠤᠷᠪᠠ᠎ᠶ᠋ᠢ ᠪᠠᠲᠤᠯᠠᠬᠤ》 ᠲᠣᠪᠤᠢᠮ᠎ᠠ ᠠᠰᠠᠭᠤᠳᠠᠯ᠎ᠢ ᠲᠥᠪᠯᠡᠷᠡᠭᠦᠯᠦᠨ ᠱᠢᠶᠳᠪᠦᠷᠢᠯᠡᠪᠡ᠃

— ᠡᠯ᠎ᠡ ᠭᠠᠵᠠᠷ᠎ᠤᠨ᠎ᠬᠢᠨ ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ᠂ ᠡᠵᠡᠩᠨᠡᠯᠲᠡ᠎ᠶ᠋ᠢᠨ ᠲᠥᠷᠥᠯ ᠪᠠ ᠡᠷᠦᠬᠡ᠎ᠳᠤ ᠬᠥᠷᠬᠦ᠌ ᠲᠥᠷᠥᠯ᠎ᠤᠨ ᠡᠳ᠋ ᠬᠥᠷᠥᠩᠭᠡ᠎ᠶ᠋ᠢᠨ 《ᠭᠤᠷᠪᠠᠨ ᠲᠠᠩᠰᠠ》 ᠎ᠶ᠋ᠢ ᠪᠠᠢᠭᠤᠯᠵᠤ᠂ ᠡᠳ᠋ ᠬᠥᠷᠥᠩᠭᠡ᠎ᠶ᠋ᠢᠨ ᠰᠠᠭᠤᠷᠢ ᠲᠤᠭ᠎ᠠ ᠲᠣᠳᠣᠷᠬᠠᠶ᠂ ᠥᠮᠴᠢᠯᠡᠬᠦ᠌ ᠡᠷᠬᠡ᠎ᠶ᠋ᠢᠨ ᠬᠠᠷᠢᠶᠠᠯᠠᠯ ᠲᠣᠳᠣᠷᠬᠠᠶ᠂ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ ᠲᠣᠳᠣᠷᠬᠠᠶ᠂ ᠬᠠᠮᠢᠶᠠᠷᠤᠯᠲᠠ ᠡᠵᠡᠩᠨᠡᠯᠲᠡ ᠵᠢᠷᠤᠮᠵᠢᠭ᠍ᠰᠠᠨ ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠲᠦᠷᠢᠮ ᠲᠣᠭ᠍ᠲᠠᠴᠠ᠎ᠶ᠋ᠢ ᠪᠠᠢᠭᠤᠯᠵᠤ᠂ ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ᠎ᠶ᠋ᠢᠨ 《ᠬᠡᠨ ᠬᠠᠮᠢᠶᠠᠷᠬᠤ᠂ ᠬᠡᠷᠬᠢᠨ ᠬᠠᠮᠢᠶᠠᠷᠬᠤ᠂ ᠬᠡᠷᠬᠢᠨ ᠰᠠᠢᠲᠤᠷ ᠬᠠᠮᠢᠶᠠᠷᠬᠤ》 ᠠᠰᠠᠭᠤᠳᠠᠯ᠎ᠢ ᠱᠢᠶᠳᠪᠦᠷᠢᠯᠡᠵᠦ᠍᠂ ᠶᠠᠳᠠᠭᠤ᠎ᠶ᠋ᠢ ᠲᠡᠳᠬᠦᠬᠦ᠌ ᠡᠳ᠋ ᠬᠥᠷᠥᠩᠭᠡ᠎ᠶ᠋ᠢ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠬᠦ᠌᠎ᠶ᠋ᠢᠨ ᠡᠬᠢ ᠪᠤᠯᠠᠭ ᠪᠣᠯᠭᠠᠪᠠ᠃

ᠬᠠᠷᠢᠭᠤᠴᠠᠯᠭ᠎ᠠ᠎ᠪᠠᠨ ᠲᠦᠯᠬᠢᠬᠦ᠌ ᠦᠭᠡᠢ᠂ ᠬᠦᠴᠢᠷ᠎ᠠᠴᠠ ᠠᠶᠤᠬᠤ ᠦᠭᠡᠢ᠂ ᠲᠥᠭ᠌ᠰᠢᠬᠦᠷᠢ᠎ᠠᠴᠠ ᠵᠢᠷᠤᠬᠡᠱᠢᠶᠡᠬᠦ᠌ ᠦᠭᠡᠢ᠃ ᠥᠪᠥᠷ ᠮᠣᠩᠭᠤᠯ ᠱᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠡᠭᠦᠷᠭᠡᠯᠡᠯ᠎ᠤᠨ ᠣᠪᠣᠷ ᠪᠠᠢᠳᠠᠯ᠂ ᠴᠥᠬᠦᠷᠡᠰᠢ ᠦᠭᠡᠢ ᠲᠡᠮᠡᠴᠡᠬᠦ᠌ ᠬᠦᠴᠦᠨ᠎ᠢᠶᠠᠷ ᠡᠨᠡ ᠬᠦ᠌ ᠠᠭᠤᠤ ᠶᠡᠭᠡ ᠳᠠᠢᠯᠠᠯᠳᠤᠭᠠᠨ᠎ᠤ ᠠᠷᠠᠳ᠎ᠤᠨ ᠠᠮᠢᠳᠤᠷᠠᠯ᠎ᠢ ᠳᠤᠯᠠᠭᠠᠴᠠᠭᠤᠯᠤᠭ᠍ᠰᠠᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠪᠡ᠃

《ᠮᠠᠨ᠎ᠤ ᠪᠠᠯᠭᠠᠰᠤ ᠪᠦᠬᠦ᠌ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠲᠡᠷᠢᠭᠦᠨ᠎ᠤ ᠬᠠᠮᠲᠤ ᠪᠤᠯᠵᠤ᠂ ᠤᠯᠤᠰ᠎ᠤᠨ ᠬᠥᠬᠢᠭᠦᠯᠦᠯ ᠰᠠᠢᠱᠢᠶᠠᠯ᠎ᠢ ᠤᠯᠬᠤ ᠪᠣᠯᠤᠯ᠎ᠠ!》 ᠬᠡᠵᠥ᠍ ᠦᠬᠠᠶ ᠬᠤᠲᠠ᠎ᠶ᠋ᠢᠨ ᠬᠠᠢᠨᠠᠨ ᠲᠣᠭᠤᠷᠢᠭ᠎ᠤᠨ ᠪᠠᠶᠠᠨᠲᠣᠬᠤᠶ ᠪᠠᠯᠭᠠᠰᠤᠨ᠎ᠳᠤ ᠺᠠᠳ᠋ᠷ ᠣᠯᠠᠨ ᠲᠦᠮᠡᠨ ᠡᠨᠡ ᠬᠦ᠌ ᠰᠠᠢᠨ ᠴᠢᠮᠡᠭᠡ᠎ᠶ᠋ᠢ ᠰᠣᠨᠣᠰᠤᠭᠠᠳ ᠶᠡᠬᠡᠳᠡ ᠰᠡᠳᠭᠢᠯ ᠳᠣᠭ᠍ᠳᠣᠯᠵᠠᠶ᠃

《2019 ᠣᠨ᠎ᠳᠤ᠂ ᠮᠠᠨ᠎ᠤ᠎ᠬᠢᠨ 〈ᠶᠠᠳᠠᠭᠤ᠎ᠶ᠋ᠢ ᠲᠡᠳᠬᠦᠬᠦ᠌᠎ᠪᠠᠷ ᠤᠯᠭᠤᠭ᠍ᠰᠠᠨ ᠬᠤᠨᠢ〉 ᠎ᠶ᠋ᠢᠨ ᠲᠥᠷᠥᠯ ᠵᠦᠢᠯ᠎ᠳᠤ ᠣᠷᠣᠯᠴᠠᠵᠤ᠂ ᠨᠢᠳᠤᠨᠤᠨ ᠪᠠ ᠡᠨᠡ ᠵᠢᠯ ᠨᠡᠢᠲᠡ ᠲᠦᠮᠡᠨ ᠲᠥᠭᠦᠷᠢᠭ᠎ᠤᠨ ᠠᠱᠢᠭ ᠬᠤᠪᠢᠶᠠᠵᠤ ᠤᠯᠪᠠ᠃ ᠡᠨᠡ ᠵᠣᠭᠤᠰ ᠮᠠᠨ᠎ᠤ ᠠᠮᠢᠳᠤᠷᠠᠯ᠎ᠢ ᠰᠠᠢᠵᠢᠷᠠᠭᠤᠯᠤᠭ᠍ᠰᠠᠨ᠎ᠢᠶᠠᠷ ᠪᠠᠷᠠᠬᠤ ᠥᠬᠡᠶ ᠨᠠᠮ ᠪᠣᠯᠤᠨ ᠵᠠᠰᠠᠭ᠎ᠤᠨ ᠣᠷᠳᠣᠨ᠎ᠤ ᠬᠠᠢᠷ᠎ᠠ ᠬᠠᠯᠠᠮᠵᠢ᠎ᠶ᠋ᠢ ᠴᠤ᠌ ᠪᠢᠳᠡᠨ᠎ᠳᠤ ᠮᠡᠳᠡᠷᠡᠭᠦᠯᠦᠭ᠌ᠰᠡᠨ ᠪᠠᠢᠨ᠎ᠠ》 ᠭᠡᠵᠦ᠍ ᠳ᠋ᠦᠩ ᠱᠢᠩ ᠲᠣᠰᠭᠤᠨ᠎ᠤ ᠠᠷᠠᠳ ᠵᠠᠩ ᠰᠠᠨ ᠮᠢᠩ ᠪᠠᠶᠠᠷᠲᠠᠢᠬᠠᠨ ᠬᠡᠯᠡᠨ᠎ᠡ᠃

ᠣᠢᠷ᠎ᠠ᠎ᠶ᠋ᠢᠨ ᠵᠢᠯ᠎ᠠᠴᠠ ᠨᠠᠭᠠᠰᠢ᠂ ᠪᠠᠶᠠᠨᠲᠣᠬᠤᠶ ᠪᠠᠯᠭᠠᠰᠤ ᠲᠣᠰ ᠭᠠᠵᠠᠷ᠎ᠤᠨ᠎ᠢᠶᠠᠨ ᠳᠠᠷᠢᠵᠤ ᠲᠡᠵᠢᠭᠡᠬᠦ᠌ ᠠᠵᠤ ᠦᠢᠯᠡᠰ᠎ᠤᠨ ᠳᠠᠪᠠᠭᠤᠯᠢᠭ᠎ᠲᠠᠭᠠᠨ ᠲᠦᠱᠢᠭ᠌ᠯᠡᠨ᠂ 《ᠬᠤᠷᠱᠢᠶᠠᠵᠢᠯ + ᠰᠠᠭᠤᠷᠢᠨ + ᠲᠠᠩᠰᠠᠯᠠᠵᠤ ᠺᠠᠷᠲᠯᠠᠭ᠍ᠰᠠᠨ ᠶᠠᠳᠠᠭᠤ ᠬᠦᠴᠢᠷᠳᠡᠯᠲᠡᠶ ᠡᠷᠦᠬᠡ》 ᠎ᠶ᠋ᠢᠨ ᠵᠠᠭ᠍ᠪᠤᠷ᠎ᠢᠶᠠᠷ ᠳᠠᠷᠢᠬᠤ (ᠲᠡᠵᠢᠭᠡᠬᠦ᠌)᠂ ᠪᠣᠷᠣᠯᠠᠭᠤᠯᠬᠤ᠂ ᠮᠡᠷᠭᠡᠵᠢᠯ᠎ᠤᠨ ᠦᠢᠯᠡᠴᠢᠯᠡᠭᠡ ᠬᠠᠩᠭᠠᠬᠤ᠂ ᠠᠵᠢᠯ ᠣᠯᠭᠤᠬᠤ ᠵᠡᠷᠭᠡ ᠠᠵᠤ ᠦᠢᠯᠡᠰ᠎ᠤᠨ ᠬᠡᠯᠬᠢᠶᠡᠵᠢᠯ᠎ᠢ ᠪᠦᠷᠢᠯᠳᠦᠭᠦᠯᠵᠦ᠍᠂ ᠲᠠᠩᠰᠠᠯᠠᠵᠤ ᠺᠠᠷᠲᠯᠠᠭ᠍ᠰᠠᠨ ᠶᠠᠳᠠᠭᠤ ᠬᠦᠴᠢᠷᠳᠡᠯᠲᠡᠶ ᠡᠷᠦᠬᠡ᠎ᠶ᠋ᠢ ᠣᠷᠣᠭᠤᠯᠤᠨ ᠪᠥᠬᠦ᠌ ᠶᠠᠪᠤᠴᠠ᠎ᠳᠤ᠎ᠨᠢ ᠣᠷᠣᠯᠴᠠᠭᠤᠯᠵᠠᠶ᠃

ᠶᠠᠳᠠᠭᠤᠷᠠᠯ᠎ᠤᠨ ᠦᠨᠳᠦᠰᠦ᠎ᠶ᠋ᠢ ᠲᠠᠰᠤᠯᠬᠤ᠎ᠳᠤ ᠠᠵᠤ ᠦᠢᠯᠡᠰ᠎ᠲᠤ ᠲᠦᠱᠢᠭ᠌ᠯᠡᠨ᠎ᠡ᠃ ᠪᠠᠶᠠᠨᠲᠣᠬᠤᠶ ᠪᠠᠯᠭᠠᠰᠤ ᠠᠵᠤ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠌ ᠪᠠ ᠠᠵᠢᠯ ᠣᠯᠭᠤᠯᠲᠠ᠎ᠪᠠᠷ ᠶᠠᠳᠠᠭᠤ᠎ᠶ᠋ᠢ ᠲᠡᠳᠬᠦᠬᠦ᠌᠎ᠶ᠋ᠢ ᠣᠷᠣᠯᠭ᠎ᠠ᠎ᠪᠠᠨ ᠦᠷᠭᠦᠯᠵᠢᠯᠡᠨ ᠨᠡᠮᠡᠭ᠌ᠳᠡᠭᠦᠯᠬᠦ᠌᠎ᠶ᠋ᠢᠨ ᠦᠨᠳᠦᠰᠦᠨ ᠠᠷᠭ᠎ᠠ ᠪᠣᠯᠭᠠᠵᠤ᠂ ᠠᠵᠤ ᠦᠢᠯᠡᠰ᠎ᠤᠨ ᠬᠠᠮ ᠠᠷᠭ᠎ᠠ᠎ᠶ᠋ᠢ ᠠᠪᠴᠤ᠌᠂ ᠠᠵᠤ ᠦᠢᠯᠡᠰ᠎ᠢ ᠬᠦᠭ᠌ᠵᠢᠭᠦᠯᠬᠦ᠌ ᠵᠠᠮ᠎ᠢ ᠬᠠᠢᠨ ᠰᠦᠪᠡᠭ᠌ᠴᠢᠯᠡᠪᠡ᠃

ᠳᠡᠭᠡᠷ᠎ᠡ ᠲᠤᠤᠷ᠎ᠠ ᠱᠠᠳᠤ᠎ᠪᠠᠷ᠎ᠢᠶᠠᠨ ᠰᠡᠳᠭᠢᠯ ᠨᠢᠭᠡᠳᠴᠦ᠍᠂ ᠡᠭᠦᠷᠭᠡ ᠬᠠᠷᠢᠭᠤᠴᠠᠯᠭ᠎ᠠ᠎ᠪᠠᠨ ᠵᠠᠪᠠᠯ ᠭᠦᠢᠴᠡᠳᠭᠡᠵᠠᠢ᠃ ᠣᠷᠣᠨ ᠳᠠᠶᠠᠭᠠᠷ᠎ᠢᠶᠠᠨ ᠶᠠᠳᠠᠭᠤ᠎ᠶ᠋ᠢ ᠲᠡᠳᠬᠦᠬᠦ᠌ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠶᠠᠳᠠᠭᠤ᠎ᠠᠴᠠ ᠠᠩᠭᠢᠵᠢᠷᠠᠭᠤᠯᠬᠤ ᠡᠭᠦᠷᠭᠡ᠎ᠶ᠋ᠢ ᠠᠳᠭᠤᠵᠤ᠂ ᠪᠣᠭᠤᠮᠲᠠ ᠱᠢᠪᠲᠤᠯᠬᠤ ᠠᠷᠭ᠎ᠠ ᠬᠡᠮᠵᠢᠶ᠎ᠡ᠎ᠨᠦᠭᠦᠳ᠎ᠢ ᠣᠨᠣᠴᠠᠲᠠᠢ ᠨᠠᠢᠳᠠᠪᠤᠷᠢᠵᠢᠭᠤᠯᠵᠤ᠂ ᠠᠯᠢ ᠤᠯᠠᠨ ᠶᠠᠳᠠᠭᠤ ᠬᠦᠴᠢᠷᠳᠡᠯᠲᠡᠢ ᠭᠠᠵᠠᠷ ᠣᠷᠣᠨ ᠠᠮᠢᠵᠢᠷᠠᠯ᠎ᠤᠨ ᠬᠦᠴᠦᠨ᠎ᠢᠶᠠᠷ ᠪᠢᠯᠬᠠᠵᠤ᠂ ᠠᠯᠢ ᠤᠯᠠᠨ ᠶᠠᠳᠠᠭᠤ ᠬᠦᠴᠢᠷᠳᠡᠯᠲᠡᠢ ᠭᠡᠷ ᠪᠦᠯᠢ᠎ᠶ᠋ᠢᠨ ᠪᠠᠢᠳᠠᠯ ᠰᠠᠢᠵᠢᠷᠠᠵᠤ ᠱᠢᠨᠡᠳᠪᠡ᠃


ᠤᠨᠢᠨ ᠳᠡᠭᠡᠷ᠎ᠡ᠎ᠨᠢ ᠬᠦᠴᠦᠯᠡᠬᠦ᠌᠎ᠪᠠᠷ ᠵᠠᠩᠭᠢᠯᠠᠭ᠎ᠠ ᠪᠤᠯᠭᠠᠪᠠ — ᠶᠠᠳᠠᠭᠤ᠎ᠠᠴᠠ ᠠᠩᠭᠢᠵᠢᠷᠠᠭᠤᠯᠬᠤ ᠶᠠᠰᠤ ᠴᠢᠨᠠᠷ ᠦᠷ᠎ᠡ ᠠᠱᠢᠭ᠎ᠢ ᠵᠡᠷᠭᠡ᠎ᠪᠠᠷ ᠳᠡᠭᠡᠭ᠌ᠰᠢᠯᠡᠭᠦᠯᠪᠡ

ᠦᠷ ᠮᠠᠩᠬᠠᠢᠳᠠᠯ᠎ᠠ ᠴᠠᠢᠵᠦ᠍᠂ ᠬᠤᠯᠠᠩ᠎ᠤᠨ ᠤᠲᠤᠭ᠎ᠠ ᠰᠤᠭᠤᠨᠠᠭ᠍ᠯᠠᠨ᠎ᠠ᠃ ᠦᠷ᠎ᠤᠨ ᠲᠤᠶᠠᠭᠠᠨ᠎ᠳᠤ ᠵᠠᠯᠠᠢᠳ ᠬᠤᠱᠢᠭᠤᠨ᠎ᠤ ᠪᠠᠶᠠᠨᠭᠤᠤᠯ ᠪᠠᠯᠭᠠᠰᠤ᠎ᠶ᠋ᠢᠨ ᠴᠠᠩ ᠱᠧᠩ ᠨᠡᠭᠦᠳᠡᠯ ᠠᠷᠠᠳ᠎ᠤᠨ ᠱᠢᠨ᠎ᠡ ᠲᠣᠰᠭᠤᠨ᠎ᠤ ᠦᠵᠡᠮᠵᠢ ᠬᠠᠷᠠᠭ᠎ᠠ ᠪᠠᠶᠠᠰᠭᠠᠨ᠎ᠠ᠄ ᠵᠤᠷᠪᠤᠰ ᠵᠤᠷᠪᠤᠰ ᠱᠦᠢᠨᠢ ᠵᠠᠮ ᠰᠦᠯᠵᠢᠯᠳᠦᠵᠦ᠍᠂ ᠭᠤᠶᠤ ᠰᠠᠢᠬᠠᠨ ᠭᠡᠷ ᠪᠠᠢᠱᠢᠩ ᠡᠩᠨᠡᠷᠡᠨ ᠵᠢᠭ᠌ᠳᠡᠷᠡᠨ᠎ᠡ᠃ ᠰᠣᠶᠣᠯ᠎ᠤᠨ ᠠᠭᠤᠳᠠᠮ ᠲᠠᠯᠠᠪᠠᠢ᠂ ᠪᠡᠶ᠎ᠡ ᠴᠢᠭᠢᠷᠠᠭ᠍ᠵᠢᠭᠤᠯᠬᠤ ᠪᠠᠭᠠᠵᠢ ᠬᠡᠷᠡᠭ᠌ᠰᠡᠯ᠂ ᠬᠥᠳᠡᠯᠭᠡᠭᠡᠨ᠎ᠤ ᠲᠠᠰᠤᠭ ᠵᠡᠷᠭᠡ ᠲᠥᠬᠦᠭᠡᠷᠦᠮᠵᠢ ᠪᠦᠷᠢᠨ ᠭᠦᠢᠴᠡᠳ ᠪᠠᠢᠵᠤ᠂ ᠭᠠᠵᠠᠷ ᠪᠣᠯᠭᠠᠨ᠎ᠨᠢ ᠵᠢᠵᠢᠭ ᠲᠣᠰᠭᠤᠨ᠎ᠤ ᠡᠳᠦᠷ᠎ᠠᠴᠠ ᠡᠳᠦᠷ ᠱᠢᠨᠡᠳᠦᠨ ᠬᠤᠪᠢᠷᠠᠵᠤ ᠪᠠᠢᠬᠤ ᠪᠠᠢᠳᠠᠯ᠎ᠢ ᠬᠠᠷᠠᠭᠤᠯᠤᠨ᠎ᠠ᠃

ᠥᠩᠭᠡᠷᠡᠭ᠌ᠰᠡᠨ᠎ᠳᠤ᠂ ᠲᠣᠰᠭᠤᠨ᠎ᠤ ᠠᠷᠠᠳ ᠸᠠᠩ ᡁᠢ ᠯᠢᠩ᠎ᠤᠨ᠎ᠬᠢᠨ 4 ᠠᠮᠠ᠎ᠪᠠᠷ᠎ᠢᠶᠠᠨ ᠬᠠᠭᠤᠴᠢᠨ ᠪᠠᠢᠱᠢᠩ᠎ᠳᠤ ᠰᠠᠭᠤᠵᠤ ᠪᠠᠢᠪᠠ᠃ 2017 ᠣᠨ᠎ᠳᠤ᠂ ᠵᠠᠰᠠᠭ᠎ᠤᠨ ᠣᠷᠳᠣᠨ᠎ᠤ ᠬᠠᠪᠰᠤᠷᠤᠯᠭ᠎ᠠ ᠳᠣᠣᠷ᠎ᠠ᠂ ᠲᠡᠷᠡ ᠪᠤᠰᠤᠳ ᠶᠠᠳᠠᠭᠤ ᠬᠦᠴᠢᠷᠳᠡᠯᠲᠡᠢ ᠡᠷᠦᠬᠡ᠎ᠲᠠᠢ ᠬᠠᠮᠲᠤ ᠱᠢᠨ᠎ᠡ ᠲᠣᠰᠭᠤᠨ᠎ᠳᠤ ᠨᠡᠭᠦᠵᠦ᠍ ᠣᠷᠣᠪᠠ᠃ ᠡᠳᠡᠭᠡᠷ ᠬᠥᠮᠦᠰ᠎ᠤᠨ ᠳᠣᠲᠣᠷ᠎ᠠ᠂ ᠵᠠᠷᠢᠮ᠎ᠨᠢ ᠴᠢᠨᠠᠭ᠍ᠰᠢᠯᠠᠪᠠᠯ ᠠᠩᠬ᠎ᠠ ᠤᠳᠠᠭ᠎ᠠ ᠱᠢᠨ᠎ᠡ ᠭᠡᠷ᠎ᠲᠤ ᠰᠠᠭᠤᠵᠤ ᠪᠠᠢᠨ᠎ᠠ᠂ ᠲᠡᠳᠡ ᠪᠤᠢᠳᠠ ᠪᠥᠭ᠌ᠯᠡᠭᠦᠦ ᠠᠭᠤᠯᠠᠷᠬᠠᠭ ᠣᠷᠣᠨ᠎ᠠᠴᠠ ᠰᠠᠯᠵᠤ᠂ ᠠᠳᠡ ᠢᠷᠡᠵᠦ᠍ ᠱᠢᠨ᠎ᠡ ᠠᠮᠢᠳᠤᠷᠠᠯ᠎ᠢᠶᠠᠨ ᠡᠬᠢᠯᠡᠭᠦᠯᠵᠡᠶ᠃

《ᠤᠤᠯ᠎ᠤᠨ ᠰᠠᠭᠤᠵᠤ ᠪᠠᠢᠭ᠍ᠰᠠᠨ ᠭᠠᠵᠠᠷ᠎ᠤᠨ ᠵᠠᠮ ᠬᠠᠷᠢᠯᠴᠠᠭ᠎ᠠ ᠳᠥᠭᠦᠮ ᠦᠭᠡᠢ᠂ ᠣᠯᠠᠨ᠎ᠢᠶᠠᠷ᠎ᠢᠶᠠᠨ ᠭᠠᠳᠠᠭ᠍ᠰᠢ ᠭᠠᠷᠬᠤ᠎ᠳᠤ ᠬᠦᠴᠢᠷ᠂ ᠭᠠᠳᠠᠨᠠᠬᠢ ᠬᠥᠮᠦᠨ ᠣᠷᠣᠵᠤ ᠢᠷᠡᠬᠦ᠌᠎ᠳᠤ ᠴᠦ᠍ ᠬᠦᠴᠢᠷ᠃ ᠱᠢᠨ᠎ᠡ ᠬᠡᠷ᠎ᠲᠡᠭᠡᠨ ᠨᠡᠭᠦᠵᠦ᠍ ᠢᠷᠡᠭᠡᠳ᠂ ᠪᠢᠳᠡ ᠪᠠᠰᠠ ᠠᠵᠤ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢᠨ ᠬᠠᠪᠰᠤᠷᠤᠯᠭ᠎ᠠ ᠳᠤᠤᠷ᠎ᠠ 19 ᠬᠤᠨᠢ ᠬᠤᠳᠠᠯᠳᠤᠨ ᠠᠪᠴᠤ᠌᠂ ᠵᠢᠯ ᠪᠦᠷᠢ ᠵᠥᠪᠬᠡᠨ ᠬᠤᠨᠢ ᠬᠤᠳᠠᠯᠳᠤᠭ᠍ᠰᠠᠨ ᠣᠷᠣᠯᠭ᠎ᠠ 2 ᠲᠦᠮᠡᠨ ᠲᠥᠭᠦᠷᠢᠭ ᠪᠠᠢᠵᠤ᠂ ᠣᠲᠣ ᠦᠷᠡᠵᠢᠭᠡᠳ 100 ᠭᠠᠷᠤᠶ ᠬᠤᠨᠢ ᠪᠤᠯᠪᠠ》 ᠭᠡᠵᠦ᠍ ᠸᠠᠩ ᡁᠢ ᠯᠢᠩ ᠤᠬᠠᠭᠤᠯᠭ᠎ᠠ᠎ᠶ᠋ᠢᠨ ᠰᠠᠮᠪᠠᠷ᠎ᠠ᠎ᠶ᠋ᠢᠨ ᠡᠮᠦᠨᠡᠬᠢ ᠬᠠᠭᠤᠴᠢᠨ ᠲᠣᠰᠭᠤᠨ ᠪᠣᠯᠤᠨ ᠱᠢᠨ᠎ᠡ ᠲᠣᠰᠭᠤᠨ᠎ᠤ ᠬᠠᠷᠢᠴᠠᠭᠤᠯᠤᠭ᠍ᠰᠠᠨ ᠵᠢᠷᠤᠭ᠎ᠢ ᠵᠢᠭᠠᠵᠤ ᠰᠡᠳᠭᠢᠯ ᠳᠣᠭ᠍ᠳᠣᠯᠤᠨ ᠶᠠᠷᠢᠵᠤ ᠪᠠᠢᠯ᠎ᠠ᠃

ᠶᠠᠳᠠᠭᠤ ᠬᠦᠴᠢᠷᠳᠡᠯ᠎ᠤᠨ 《ᠡᠪᠡᠷᠱᠢᠶᠡᠯ᠎ᠤᠨ ᠴᠡᠭ》 ᠎ᠨᠢ ᠬᠠᠮᠢᠭ᠎ᠠ ᠪᠠᠢᠪᠠᠯ ᠶᠠᠳᠠᠭᠤ᠎ᠶ᠋ᠢ ᠲᠡᠳᠬᠦᠬᠦ᠌ ᠭᠤᠣᠯᠳᠠᠯᠭ᠎ᠠ᠎ᠶ᠋ᠢ ᠲᠡᠨᠳᠡ ᠨᠠᠢᠳᠠᠪᠤᠷᠢᠵᠢᠭᠤᠯᠪᠠ!

8 ᠵᠢᠯ᠎ᠤᠨ ᠲᠤᠷᠰᠢ᠂ ᠮᠠᠨ᠎ᠤ ᠣᠷᠣᠨ᠎ᠤ ᠡᠯ᠎ᠡ ᠭᠠᠵᠠᠷ᠎ᠤᠨ᠎ᠬᠢᠨ ᠵᠠᠩᠭᠢᠯᠠᠭ᠎ᠠ᠎ᠶ᠋ᠢ ᠣᠨᠣᠪᠴᠢᠲᠠᠶ ᠡᠷᠢᠵᠦ᠍᠂ ᠣᠨᠢᠨ ᠳᠡᠭᠡᠷ᠎ᠡ᠎ᠨᠢ ᠬᠦᠴᠦᠯᠡᠵᠦ᠍᠂ ᠬᠠᠨᠳᠤᠯᠭᠠᠲᠤ ᠴᠢᠨᠠᠷᠲᠠᠶ᠎ᠪᠠᠷ ᠠᠵᠤ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠂ ᠠᠵᠢᠯ ᠣᠯᠭᠤᠯᠲᠠ᠎ᠪᠠᠷ ᠶᠠᠳᠠᠭᠤ᠎ᠶ᠋ᠢ ᠲᠡᠳᠬᠦᠬᠦ᠂ ᠡᠷᠡᠭᠦᠯ ᠮᠡᠨᠳᠦ᠎ᠪᠠᠷ ᠶᠠᠳᠠᠭᠤ᠎ᠶ᠋ᠢ ᠲᠡᠳᠬᠦᠬᠦ᠌ ᠵᠡᠷᠭᠡ ᠠᠷᠭ᠎ᠠ ᠬᠡᠮᠵᠢᠶ᠎ᠡ᠎ᠶ᠋ᠢ ᠠᠪᠴᠤ᠌᠂ ᠶᠠᠳᠠᠭᠤ ᠬᠦᠴᠢᠷᠳᠡᠯᠲᠡᠶ ᠭᠠᠵᠠᠷ ᠣᠷᠣᠨ ᠪᠣᠯᠤᠨ ᠶᠠᠳᠠᠭᠤ ᠬᠦᠴᠢᠷᠳᠡᠯᠲᠡᠶ ᠣᠯᠠᠨ ᠲᠦᠮᠡᠨ᠎ᠤ ᠦᠷᠭᠦᠯᠵᠢᠯᠡᠨ ᠬᠥᠭ᠌ᠵᠢᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ 《ᠴᠢᠰᠤ ᠶᠡᠭᠦᠯᠡᠬᠦ᠌ ᠮᠠᠶᠢᠭ》 ᠎ᠢᠶᠠᠷ ᠶᠠᠳᠠᠭᠤ᠎ᠶ᠋ᠢ ᠲᠡᠳᠬᠦᠵᠦ᠍ ᠪᠠᠢᠭ᠍ᠰᠠᠨ᠎ᠠᠴᠠ 《ᠴᠢᠰᠤ ᠪᠦᠲᠦᠭᠡᠬᠦ᠌ ᠮᠠᠶᠢᠭ》 ᠎ᠢᠶᠠᠷ ᠬᠠᠪᠰᠤᠷᠤᠨ ᠲᠡᠳᠬᠦᠬᠦ᠌ ᠪᠣᠯᠭᠠᠨ ᠬᠤᠪᠢᠷᠠᠭᠤᠯᠪᠠ᠃

ᠭᠤᠤᠯᠳᠠᠯᠭ᠎ᠠ᠎ᠪᠠᠨ ᠳᠤᠪᠤᠢᠯᠭᠠᠨ᠂ ᠶᠠᠳᠠᠭᠤ ᠬᠦᠴᠢᠷᠳᠡᠯᠳᠠᠢ ᠬᠥᠮᠦᠰ᠎ᠢ ᠠᠵᠢᠯ᠎ᠲᠠᠢ ᠪᠣᠯᠭᠠᠪᠠ —

ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠣᠨᠴᠠᠯᠢᠭ ᠪᠠ ᠪᠣᠳᠠᠲᠤ ᠪᠠᠢᠳᠠᠯ᠎ᠳᠤ ᠰᠠᠭᠤᠷᠢᠯᠠᠨ᠂ ᠠᠵᠤ ᠦᠢᠯᠡᠰ᠎ᠤᠨ ᠬᠡᠯᠬᠢᠶᠡᠵᠢᠯ᠎ᠤᠨ ᠵᠣᠯᠭᠠᠯᠲᠠ᠎ᠶ᠋ᠢᠨ ᠴᠡᠭ᠎ᠢ ᠣᠨᠣᠪᠴᠢᠲᠠᠶ ᠣᠯᠵᠤ᠂ ᠠᠵᠤ ᠦᠢᠯᠡᠰ᠎ᠤᠨ ᠠᠱᠢᠭ ᠲᠤᠰᠠ᠎ᠶ᠋ᠢᠨ ᠬᠤᠯᠪᠣᠭᠠᠨ᠎ᠤ ᠲᠣᠭ᠍ᠲᠠᠴᠠ᠎ᠶ᠋ᠢ ᠪᠦᠷᠢᠨᠱᠢᠬᠦᠯᠤᠨ᠂ ᠤᠨᠴᠠᠯᠢᠬ᠍ᠳᠤ ᠳᠠᠷᠢᠵᠤ ᠲᠡᠵᠢᠭᠡᠬᠦ᠂ ᠲᠠᠷᠢᠶᠠᠯᠠᠩ ᠮᠠᠯ ᠠᠵᠤ ᠠᠬᠤᠶ᠎ᠶ᠋ᠢᠨ ᠲᠣᠭᠤᠷᠢᠨ ᠦᠵᠡᠬᠦ᠂ ᠨᠠᠷᠢᠯᠢᠭ ᠡᠳ᠋ᠱᠢᠭᠦᠯᠬᠦ᠌ ᠵᠡᠷᠭᠡ ᠠᠵᠤ ᠦᠢᠯᠡᠰ ᠥᠷᠨᠢᠩᠭᠦᠶ ᠬᠥᠭ᠌ᠵᠢᠵᠦ᠍᠂ ᠨᠠᠩ ᠣᠯᠠᠨ ᠶᠠᠳᠠᠭᠤ ᠬᠦᠴᠢᠷᠳᠡᠯᠲᠡᠶ ᠬᠥᠮᠦᠨ ᠠᠮᠠ ᠠᠵᠤ ᠦᠢᠯᠡᠰ᠎ᠤᠨ ᠬᠥᠭ᠌ᠵᠢᠯᠲᠡ᠎ᠶ᠋ᠢᠨ ᠠᠱᠢᠭ᠎ᠢ ᠬᠤᠪᠢᠶᠠᠯᠴᠠᠨ ᠡᠳ᠋ᠯᠡᠬᠦ᠌ ᠪᠣᠯᠵᠠᠶ᠃

ᠬᠦᠴᠢᠷ ᠠᠰᠠᠭᠤᠳᠠᠯ᠎ᠢ ᠢᠯᠠᠨ ᠳᠠᠪᠠᠵᠤ᠂ ᠶᠠᠳᠠᠭᠤ ᠬᠥᠮᠦᠰ᠎ᠢ ᠲᠤᠬᠢᠯᠢᠭ ᠤᠷᠤᠨ ᠰᠠᠭᠤᠴᠠ᠎ᠲᠠᠢ ᠪᠤᠯᠭᠠᠪᠠ —

ᠠᠮᠤᠷ ᠲᠠᠢᠪᠤᠩ ᠤᠷᠤᠱᠢᠨ ᠰᠠᠭᠤᠷᠢᠱᠢᠬᠤ ᠪᠠ ᠪᠠᠶᠠᠷ ᠪᠠᠶᠠᠰᠤᠯ᠎ᠲᠠᠢ ᠠᠵᠢᠯᠯᠠᠵᠤ ᠠᠮᠢᠳᠤᠷᠠᠬᠤ᠎ᠶ᠋ᠢ ᠵᠡᠷᠭᠡ᠎ᠪᠠᠷ ᠴᠢᠬᠤᠯᠠᠴᠢᠯᠠᠬᠤ᠂ ᠨᠡᠭᠦᠯᠭᠡᠬᠦ᠌ ᠪᠠ ᠶᠠᠳᠠᠭᠤ᠎ᠠᠴᠠ ᠠᠩᠭᠢᠵᠢᠷᠠᠭᠤᠯᠬᠤ᠎ᠶ᠋ᠢ ᠵᠡᠷᠭᠡ᠎ᠪᠠᠷ ᠴᠢᠬᠤᠯᠠᠴᠢᠯᠠᠬᠤ ᠰᠡᠳᠭᠢᠮᠵᠢ ᠶᠣᠰᠣᠭᠠᠷ᠂ ᠮᠠᠨ᠎ᠤ ᠣᠷᠣᠨ ᠵᠠᠯᠭᠠᠮᠵᠢ ᠠᠵᠤ ᠦᠢᠯᠡᠰ᠎ᠤᠨ ᠬᠥᠭ᠌ᠵᠢᠯᠲᠡ ᠪᠠ ᠠᠵᠢᠯ ᠣᠯᠭᠤᠯᠲᠠ᠎ᠶ᠋ᠢᠨ ᠠᠰᠠᠭᠤᠳᠠᠯ᠎ᠢ ᠤᠨᠳᠤᠤ ᠭᠠᠵᠠᠷ᠎ᠲᠤ ᠨᠡᠭᠦᠯᠭᠡᠨ ᠶᠠᠳᠠᠭᠤ᠎ᠶ᠋ᠢ ᠲᠡᠳᠬᠦᠬᠦ᠌ ᠠᠵᠢᠯ᠎ᠤᠨ ᠴᠢᠬᠤᠯᠠ᠎ᠠᠴᠠ ᠴᠢᠬᠤᠯᠠ ᠵᠦᠢᠯ ᠪᠣᠯᠭᠠᠵᠤ᠂ ᠣᠯᠠᠨ ᠲᠦᠮᠡᠨ᠎ᠢ ᠨᠡᠭᠦᠯᠭᠡᠵᠦ᠍᠂ ᠲᠣᠭ᠍ᠲᠠᠪᠤᠷᠢᠵᠢᠭᠤᠯᠵᠤ᠂ ᠠᠯᠬᠤᠮ ᠠᠯᠬᠤᠮ᠎ᠢᠶᠠᠷ ᠪᠠᠶᠠᠵᠢᠭᠤᠯᠪᠠ᠃

ᠡᠪᠡᠷᠱᠢᠶᠠᠯ᠎ᠳᠤᠨᠢ ᠱᠢᠭᠤᠳ ᠬᠠᠨᠳᠤᠵᠤ᠂ ᠶᠠᠳᠠᠭᠤ ᠬᠦᠴᠢᠷᠳᠡᠯᠳᠠᠢ ᠬᠥᠮᠦᠰ᠎ᠤᠨ ᠡᠪᠡᠳᠴᠢᠨ᠎ᠢᠶᠠᠨ ᠦᠵᠡᠭᠦᠯᠬᠦ᠌᠎ᠳᠤ ᠬᠢᠯᠪᠠᠷ ᠪᠤᠯᠭᠠᠪᠠ —

ᠮᠠᠨ᠎ᠤ ᠣᠷᠣᠨ᠎ᠤ 《ᠭᠤᠷᠪᠠᠨ ᠨᠢᠭᠡ ᠪᠦᠯᠦᠭ》 ᠎ᠤᠨ ᠠᠵᠢᠯᠯᠠᠭᠠᠨ᠎ᠤ ᠲᠥᠯᠥᠪᠯᠡᠭᠡ᠎ᠶ᠋ᠢ ᠪᠥᠬᠦ᠌ ᠬᠦᠴᠦᠨ᠎ᠢᠶᠠᠷ᠎ᠢᠶᠠᠨ ᠠᠬᠢᠭᠤᠯᠵᠤ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡ᠎ᠶ᠋ᠢᠨ ᠳᠠᠭᠠᠳᠭᠠᠯ ᠪᠠ ᠬᠦᠨᠳᠦ ᠡᠪᠡᠳᠴᠢᠨ᠎ᠤ ᠳᠠᠭᠠᠳᠭᠠᠯ᠎ᠢ ᠪᠥᠬᠦ᠌ ᠶᠠᠳᠠᠭᠤ ᠬᠦᠴᠢᠷᠳᠡᠯᠲᠡᠶ ᠬᠥᠮᠦᠨ ᠠᠮᠠ᠎ᠳᠤ ᠪᠦᠷᠬᠦᠭᠦᠯᠪᠡ᠃ 《ᠨᠢᠭᠡ ᠡᠮᠨᠡᠯᠭᠡ᠎ᠶ᠋ᠢᠨ ᠬᠤᠷᠢᠶ᠎ᠠ ᠨᠢᠭᠡ ᠠᠷᠭ᠎ᠠ ᠪᠣᠳᠣᠯᠭ᠎ᠠ ᠬᠡᠷᠡᠭ᠌ᠵᠢᠭᠦᠯᠬᠦ᠌》 ᠠᠷᠭ᠎ᠠ ᠬᠡᠮᠵᠢᠶ᠎ᠠ ᠠᠪᠴᠤ᠌᠂ ᠭᠤᠷᠪᠠᠲᠤᠭᠠᠷ ᠲᠡᠰ᠎ᠤᠨ ᠡᠮᠨᠡᠯᠭᠡ᠎ᠶ᠋ᠢᠨ ᠬᠤᠷᠢᠶ᠎ᠠ᠎ᠶ᠋ᠢᠨ ᠱᠢᠰᠲ᠋ᠧᠮ᠎ᠢᠶᠠᠷ᠎ᠢᠶᠠᠨ ᠬᠠᠪᠰᠤᠷᠤᠨ ᠲᠡᠳᠬᠦᠬᠦ᠌ ᠪᠠ ᠠᠯᠤᠰ ᠡᠵᠡᠮᠱᠢᠯᠲᠦ ᠡᠮᠴᠢᠯᠡᠭᠡᠨ᠎ᠤ ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ᠎ᠶ᠋ᠢ ᠪᠣᠳᠠᠲᠠᠶ ᠪᠥᠭᠡᠳ ᠨᠠᠷᠢᠯᠢᠭ ᠬᠢᠵᠦ᠍᠂ ᠦᠨᠳᠦᠰᠦᠨ ᠱᠠᠲᠤᠨ᠎ᠤ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠴᠢᠩᠭᠠᠳᠭᠠᠨ᠂ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢᠨ ᠡᠪᠡᠳᠴᠢᠨ ᠦᠵᠡᠭᠦᠯᠬᠦ᠌᠎ᠳᠤ 《ᠭᠠᠵᠠᠷ᠎ᠲᠠᠢ᠂ ᠡᠮᠴᠢ᠎ᠲᠠᠢ᠂ ᠲᠦᠷᠢᠮ᠎ᠤᠨ ᠪᠠᠲᠤᠯᠠᠭ᠎ᠠ᠎ᠲᠠᠢ》 ᠪᠠᠢᠬᠤ ᠬᠠᠷᠠᠯᠲᠠ᠎ᠶ᠋ᠢ ᠪᠡᠶᠡᠯᠡᠭᠦᠯᠪᠡ᠃


ᠣᠯᠠᠨ᠎ᠤ ᠬᠦᠴᠤ᠌ ᠠᠭᠤᠯᠠ᠎ᠶ᠋ᠢ ᠨᠡᠭᠦᠯᠭᠡᠨ᠎ᠠ — ᠶᠠᠲᠠᠭᠤ᠎ᠶ᠋ᠢ ᠲᠡᠳᠬᠦᠬᠦ᠌ ᠶᠡᠭᠡ ᠪᠠᠢᠷᠢᠱᠢᠯ᠎ᠢ ᠪᠠᠢᠭᠤᠯᠪᠠ

ᠭᠠᠭ᠍ᠴᠠ ᠮᠤᠲᠤ ᠭᠠᠯ ᠪᠤᠯᠬᠤ ᠦᠭᠡᠢ᠂ ᠭᠠᠭ᠍ᠴᠡ ᠬᠦᠮᠦᠨ ᠠᠢᠯ ᠪᠤᠯᠬᠤ ᠦᠭᠡᠢ᠃ ᠮᠠᠠ᠎ᠤ ᠤᠷᠤᠨ ᠡᠯ᠎ᠠ ᠲᠠᠯ᠎ᠠ᠎ᠶ᠋ᠢᠨ ᠬᠦᠴᠤᠨ᠎ᠢ ᠲᠥᠪᠯᠡᠷᠡᠭᠦᠯᠵᠦ᠍᠂ ᠳᠡᠭᠡᠳᠦ ᠱᠠᠲᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠍᠂ ᠦᠷᠭᠡᠡ᠎ᠢᠶᠠᠷ ᠬᠤᠯᠪᠣᠭᠠᠯᠠᠠ᠂ ᠵᠡᠷᠭᠡ᠎ᠪᠠᠷ ᠠᠳᠭᠤᠵᠤ ᠬᠠᠮᠲᠤ᠎ᠪᠠᠷ ᠬᠠᠮᠢᠶᠠᠷᠬᠤ ᠶᠠᠳᠠᠭᠤ᠎ᠶ᠋ᠢ ᠲᠡᠳᠬᠦᠬᠦ᠌ ᠲᠣᠮᠣ ᠪᠠᠢᠷᠢᠱᠢᠯ᠎ᠢ ᠪᠦᠷᠢᠯᠳᠦᠭᠦᠯᠪᠡ᠃

ᠬᠤᠷᠢᠨᠭᠡᠷ ᠱᠢᠶᠠᠨ᠎ᠤ ᠶᠡᠭᠡ ᠤᠯᠠᠭᠠᠠᠬᠤᠲᠠ ᠱᠢᠶᠠᠩ᠎ᠤᠨ ᠴᠠᠭᠠᠠ ᠬᠤᠱᠢᠭᠤᠴᠢ ᠲᠤᠰᠭᠤᠨ᠎ᠳᠤ᠂ 《ᠵᠠᠭᠤᠨ ᠠᠵᠤ ᠠᠬᠤᠢᠯᠠᠯ ᠵᠠᠭᠤᠨ ᠲᠣᠰᠭᠤᠨ᠎ᠢ ᠬᠤᠯᠪᠣᠬᠤ》 ᠬᠤᠣᠰᠯᠠᠵᠦ᠍ ᠬᠠᠪᠰᠤᠷᠤᠨ ᠲᠡᠳᠬᠦᠬᠦ᠌ ᠠᠵᠤ ᠠᠬᠤᠢᠯᠠᠯ ᠪᠣᠯᠬᠤ ᠳᠤᠮᠳᠠᠳᠤ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠪᠠᠩᠬᠢ᠎ᠶ᠋ᠢᠨ ᠬᠥᠬᠡᠬᠤᠲᠠ᠎ᠳᠠᠬᠢ ᠬᠤᠪᠢᠶᠠᠷᠢ ᠪᠠᠩᠬᠢ ᠡᠳ᠋ ᠪᠤᠲᠠᠰ ᠢᠪᠡᠭᠡᠡ ᠲᠤᠰᠠᠯᠠᠵᠦ᠍ ᠲᠤᠬᠠᠢ᠎ᠶ᠋ᠢᠨ ᠭᠠᠵᠠᠷ᠎ᠤᠨ ᠦᠢᠯᠡᠳᠪᠦᠷᠢᠯᠡᠯ ᠠᠮᠢᠳᠤᠷᠠᠯ᠎ᠤᠨ ᠨᠥᠬᠦᠴᠡᠯ᠎ᠢ ᠰᠠᠢᠵᠢᠷᠠᠭᠤᠯᠤᠭ᠍ᠰᠠᠠ᠎ᠢᠶᠠᠷ ᠪᠠᠷᠠᠬᠤ ᠦᠭᠡᠢ ᠪᠠᠰᠠ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠤᠯᠠᠨ ᠲᠦᠮᠡᠨ᠎ᠢ ᠬᠠᠪᠰᠤᠷᠤᠨ ᠪᠣᠳᠠᠲᠠᠢ ᠬᠦᠴᠢᠷᠳᠡᠯ᠎ᠢ᠎ᠨᠢ ᠱᠢᠢᠳᠪᠦᠷᠢᠯᠡᠵᠦ᠍ ᠥᠭ᠌ᠪᠡ᠃ ᠲᠣᠰᠭᠤᠨ᠎ᠤ ᠠᠷᠠᠳ ᠬᠠᠪᠰᠤᠷᠤᠨ ᠲᠡᠳᠬᠦᠬᠦ᠌ ᠠᠵᠤ ᠠᠬᠤᠢᠯᠠᠯ᠎ᠤᠨ ᠬᠠᠪᠰᠤᠷᠤᠯᠭ᠎ᠠ ᠳᠤᠤᠷ᠎ᠠ ᠲᠦᠭᠡᠭᠡᠯ ᠤᠰᠤ ᠤᠤᠭᠤᠵᠤ᠂ ᠴᠢᠯᠠᠭᠤ᠎ᠪᠠᠷ ᠰᠠᠭᠤᠷᠢ ᠲᠠᠯᠪᠢᠭ᠍ᠰᠠᠨ ᠬᠠᠱᠢᠯᠭ᠎ᠠ᠎ᠲᠠᠢ ᠪᠤᠯᠵᠠᠢ; ᠳᠠᠯᠠᠳ ᠬᠤᠱᠢᠭᠤ ᠠᠵᠤ ᠠᠬᠤᠢᠯᠠᠯ ᠪᠠ ᠣᠷᠣᠨ ᠨᠤᠲᠤᠭ ᠬᠦᠴᠤᠨ᠎ᠢᠶᠠᠨ ᠬᠠᠮᠲᠤᠳᠭᠠᠵᠦ᠍ ᠬᠡᠷᠡᠭ᠌ᠯᠡᠭᠡ᠎ᠪᠠᠷ ᠶᠠᠳᠠᠭᠤ᠎ᠶ᠋ᠢ ᠲᠡᠳᠬᠦᠬᠦ᠌᠎ᠶ᠋ᠢ ᠠᠬᠢᠭᠤᠯᠬᠤ᠎ᠪᠠᠷ ᠴᠢᠬᠤᠯᠠ ᠭᠠᠷᠳᠠᠴᠠ ᠪᠣᠯᠭᠠᠵᠤ᠂ ᠲᠠᠷᠢᠶᠠᠯᠠᠩ᠎ᠤᠨ ᠣᠨᠴᠠ ᠪᠦᠲᠦᠭᠡᠭ᠌ᠳᠡᠬᠦᠨ ᠪᠠ ᠵᠠᠬ᠎ᠠ ᠳᠡᠯᠭᠡᠭᠦᠷ᠎ᠢ ᠵᠣᠯᠭᠠᠭᠤᠯᠬᠤ᠎ᠶ᠋ᠢ ᠢᠳᠡᠪᠬᠢᠲᠡᠶ ᠠᠬᠢᠭᠤᠯᠵᠤ᠂ ᠪᠥᠬᠦ᠌ ᠬᠤᠱᠢᠭᠤᠨ᠎ᠤ ᠡᠯ᠎ᠡ ᠠᠵᠤ ᠠᠬᠤᠢᠯᠠᠯ᠂ ᠨᠡᠢᠭᠡᠮ᠎ᠤᠨ ᠬᠦᠴᠦᠨ᠎ᠢ ᠳᠠᠢᠴᠢᠯᠠᠨ 《ᠬᠤᠳᠠᠯᠳᠤᠨ ᠠᠪᠬᠤ᠎ᠪᠠᠷ ᠬᠠᠨᠳᠢᠪᠯᠠᠬᠤ᠎ᠶ᠋ᠢ ᠣᠷᠣᠯᠠᠭᠤᠯᠵᠦ᠍》 《ᠬᠤᠳᠠᠯᠳᠤᠨ ᠠᠪᠬᠤ᠎ᠪᠠᠷ ᠬᠠᠪᠰᠤᠷᠬᠤ᠎ᠶ᠋ᠢ ᠣᠷᠣᠯᠠᠭᠤᠯᠵᠦ᠍》᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠬᠤᠳᠠᠯᠳᠤᠨ ᠠᠪᠬᠤ ᠪᠠ ᠪᠣᠷᠣᠯᠠᠭᠤᠯᠬᠤ ᠠᠷᠭ᠎ᠠ ᠵᠠᠮ᠎ᠢ ᠦᠷᠭᠦᠯᠵᠢᠯᠡᠨ ᠱᠢᠯᠤᠭᠤᠳᠭᠠᠵᠤ᠂ ᠠᠵᠤ ᠠᠬᠤᠢᠯᠠᠯ ᠪᠠ ᠣᠷᠣᠨ ᠨᠤᠲᠤᠭ᠎ᠤᠨ ᠬᠠᠮᠲᠤᠷᠠᠯ ᠬᠦᠴᠦᠨ᠎ᠤ ᠦᠷ᠎ᠡ ᠪᠦᠲᠦᠮᠵᠢ᠎ᠶ᠋ᠢ ᠦᠷᠭᠦᠯᠵᠢᠯᠡᠨ ᠥᠷᠭᠡᠳᠭᠡᠵᠦ᠍᠂ ᠮᠠᠯᠴᠢᠨ ᠲᠠᠷᠢᠶᠠᠴᠢᠨ᠎ᠳᠤ 《ᠬᠡᠷ᠎ᠤᠨ ᠡᠭᠦᠳᠡᠨ᠎ᠳᠠᠬᠢ ᠵᠠᠬ᠎ᠠ ᠳᠡᠯᠭᠡᠭᠦᠷ》 ᠎ᠢ ᠪᠠᠢᠭᠤᠯᠵᠤ ᠥᠭ᠌ᠪᠡ ᠁

ᠶᠠᠳᠠᠭᠤ᠎ᠶ᠋ᠢ ᠲᠡᠳᠬᠦᠬᠦ᠌ ᠡᠬᠢ ᠪᠠᠶᠠᠯᠢᠭ᠎ᠢ ᠨᠠᠷᠢᠯᠢᠭ ᠣᠨᠣᠪᠴᠢᠲᠠᠢ ᠲᠤᠬᠢᠷᠠᠭᠤᠯᠵᠦ᠍᠂ ᠡᠯ᠎ᠡ ᠲᠦᠷᠦᠯ᠎ᠤᠨ ᠡᠬᠢ ᠪᠠᠶᠠᠯᠢᠭ᠎ᠢᠶᠠᠷ ᠶᠠᠳᠠᠭᠤ ᠬᠦᠴᠢᠷᠳᠡᠯᠲᠡᠢ ᠭᠠᠵᠠᠷ ᠣᠷᠣᠨ᠎ᠢ ᠨᠡᠩ ᠢᠯᠡᠭᠦᠦ ᠬᠠᠷᠠᠭᠠᠯᠵᠠᠵᠦ᠍᠂ ᠵᠣᠬᠢᠶᠠᠨ ᠪᠠᠢᠭᠤᠯᠵᠤ ᠳᠠᠢᠴᠢᠯᠠᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠨᠡᠢᠭᠡᠮ᠎ᠤᠨ᠎ᠬᠢᠨ᠎ᠤ ᠣᠷᠣᠯᠴᠠᠬᠤ ᠲᠠᠪᠴᠠᠩ᠎ᠢ ᠪᠠᠢᠭᠤᠯᠵᠤ᠂ ᠤᠯᠠᠨ ᠡᠱᠢᠲᠦ ᠶᠠᠳᠠᠭᠤ᠎ᠶ᠋ᠢ ᠲᠡᠳᠬᠦᠬᠦ᠌ ᠭᠤᠣᠯ ᠴᠣᠭ᠍ᠴᠠ᠎ᠶ᠋ᠢ ᠪᠤᠢᠵᠢᠭᠤᠯᠵᠤ᠂ ᠤᠨᠢᠨ ᠳᠡᠭᠡᠷ᠎ᠡ᠎ᠨᠢ ᠶᠠᠳᠠᠭᠤ᠎ᠶ᠋ᠢ ᠲᠡᠳᠬᠦᠬᠦ᠌ ᠬᠦᠴᠦᠲᠦ ᠤᠷᠤᠰᠭᠠᠯ᠎ᠢ ᠪᠦᠷᠢᠯᠲᠦᠭᠦᠯᠪᠠ᠃

ᠨᠡᠢᠰᠯᠡᠯ ᠪᠤᠯᠤᠨ 《ᠲᠥᠮᠥᠰᠥᠨ ᠬᠤᠲᠠ》 ᠎ᠶ᠋ᠢᠨ ᠬᠤᠭᠤᠷᠤᠨᠲᠤ ᠨᠢᠭᠡᠨ ᠵᠢᠵᠢᠭ ᠲᠥᠮᠥᠰᠥ᠎ᠪᠠᠷ ᠬᠤᠯᠪᠤᠯᠳᠤᠨ᠎ᠠ᠃

ᠤᠯᠠᠭᠠᠨᠴᠠᠪ 《ᠳᠤᠮᠳᠠᠳᠤ ᠤᠯᠤᠰ᠎ᠤᠨ ᠲᠥᠮᠥᠰᠥ᠎ᠶ᠋ᠢᠨ ᠬᠤᠲᠠ》 ᠭᠡᠰᠡᠡ ᠨᠡᠷᠡᠢᠲᠦᠯ᠎ᠲᠠᠢ᠂ ᠣᠯᠠᠩᠭᠢ ᠬᠥᠮᠦᠰ ᠴᠥᠮ 《ᠳᠤᠮᠳᠠᠳᠤ ᠤᠯᠤᠰ᠎ᠤᠨ ᠲᠥᠮᠥᠰᠥ᠎ᠶ᠋ᠢᠨ ᠮᠦᠽᠧᠶ》 ᠎ᠳᠤ ᠬᠦᠷᠴᠤ᠌ ᠲᠤᠭᠤᠷᠢᠠ ᠦᠵᠡᠵᠠᠢ᠃ ᠲᠡᠨᠳᠡ ᠲᠥᠮᠥᠰᠥ᠎ᠶ᠋ᠢᠨ 《ᠦᠩᠬᠡᠷᠡᠭ᠌ᠰᠡᠨ ᠤᠳᠤ》 ᠎ᠶ᠋ᠢ ᠮᠡᠳᠡᠬᠦ᠌᠎ᠪᠠᠷ ᠪᠠᠷᠠᠬᠤ ᠥᠬᠡᠶ᠂ ᠲᠥᠮᠥᠰᠥ᠎ᠨᠢ ᠪᠠᠰᠠ ᠶᠠᠭ ᠡᠨᠡ ᠭᠠᠵᠠᠷ᠎ᠤᠨ ᠬᠥᠷᠥᠰᠥ᠍ ᠱᠢᠷᠣᠶ᠎ᠶ᠋ᠢ ᠬᠤᠪᠢᠷᠠᠭᠤᠯᠵᠤ ᠪᠠᠢᠬᠤ᠎ᠶ᠋ᠢ ᠤᠢ᠍ᠢᠯᠠᠭᠠᠵᠦ᠍ ᠮᠡᠳᠡᠳᠡᠭ᠃

ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠳᠤ ᠪᠠᠢᠷᠢᠯᠠᠭ᠎ᠠ ᠪᠡᠭᠡᠵᠢᠩ ᠥᠪᠥᠷ ᠮᠣᠩᠭᠤᠯ᠎ᠤᠨ ᠬᠠᠮᠲᠤᠷᠠᠯᠴᠠᠭᠠᠨ᠎ᠤ ᠠᠵᠤ ᠦᠢᠯᠡᠰ᠎ᠤᠨ ᠬᠦᠷᠢᠶᠡᠯᠡᠩ᠎ᠳᠤ᠂ ᠣᠳᠣᠬᠢᠴᠢᠯᠠᠭ᠍ᠰᠠᠨ ᠦᠢᠯᠡᠳᠪᠦᠷᠢ — ᠥᠪᠥᠷ ᠮᠣᠩᠭᠤᠯ᠎ᠤᠨ ᠱᠦ᠍ ᠳ᠋ᠦ᠋ ᠺᠠᠢ ᠳ᠋ᠠ ᠢᠳᠡᠭᠡᠨ᠎ᠤ ᠬᠢᠵᠠᠭᠠᠷᠲᠤ ᠺᠣᠮᠫᠠᠨᠢ ᠲᠥᠮᠥᠰᠥ᠎ᠶ᠋ᠢ ᠨᠠᠷᠢᠯᠢᠭ ᠡᠳ᠋ᠱᠢᠭᠦᠯᠬᠦ᠌ ᠦᠢᠯᠡᠳᠪᠦᠷᠢ ᠪᠤᠢ᠂ ᠦᠢᠯᠡᠳᠪᠦᠷᠢ᠎ᠶ᠋ᠢᠨ ᠬᠠᠵᠠᠭᠤ᠎ᠳᠤᠨᠢ ᠳᠠᠷᠤᠢ 《ᠳᠤᠮᠳᠠᠳᠤ ᠤᠯᠤᠰ᠎ᠤᠨ ᠲᠥᠮᠥᠰᠥ᠎ᠶ᠋ᠢᠨ ᠮᠦᠽᠧᠢ》 ᠪᠤᠢ᠃ ᠡᠨᠡ ᠪᠣᠯ ᠲᠠᠷᠤᠢ ᠪᠡᠭᠡᠵᠢᠩ᠎ᠠᠴᠠ ᠥᠪᠥᠷ ᠮᠣᠩᠭᠤᠯ᠎ᠳᠤ ᠤᠴᠢᠵᠦ᠍ ᠭᠤᠷᠪᠠᠳᠤᠭᠠᠷ ᠪᠦᠯᠦᠭ ᠲᠤᠱᠢᠶᠠᠯ ᠡᠭᠦᠷᠭᠡᠯᠡᠭ᠌ᠰᠡᠨ ᠪᠦᠯᠬᠦᠮ᠎ᠤᠨ ᠣᠷᠣᠭᠤᠯᠤᠨ ᠠᠪᠴᠢᠷᠠᠭ᠍ᠰᠠᠨ ᠪᠡᠭᠡᠵᠢᠩ᠎ᠤᠨ ᠺᠠᠶ ᠳ᠋ᠠ ᠾᠧᠩ ᠶᠧ ᠬᠦᠲᠡᠭᠡ ᠠᠵᠦ᠍ ᠠᠬᠤᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠪᠠᠯᠠ ᠣᠷᠣᠭᠤᠯᠵᠤ ᠪᠥᠲᠥᠭᠡᠨ ᠪᠠᠢᠭᠤᠯᠤᠭ᠍ᠰᠠᠨ ᠪᠦᠷᠢᠨ ᠠᠦ᠋ᠲ᠋ᠣᠴᠢᠯᠠᠭ᠍ᠰᠠᠨ ᠲᠥᠮᠥᠰᠥᠨ ᠵᠦᠰᠦᠮ ᠪᠣᠯᠪᠠᠰᠤᠷᠠᠭᠤᠯᠬᠤ ᠦᠢᠯᠡᠳᠪᠦᠷᠢ ᠪᠣᠯᠤᠨ᠎ᠠ᠃

ᠱᠢᠷᠣᠶ᠎ᠳᠤ ᠭᠦᠨ ᠪᠤᠯᠠᠭ᠍ᠳᠠᠭ᠍ᠰᠠᠨ ᠲᠥᠮᠥᠰᠥ᠎ᠨᠢ ᠦᠨᠡᠬᠡᠷ ᠲᠡᠭᠦᠨ᠎ᠤ ᠨᠡᠷ᠎ᠡ᠎ᠲᠠᠢ᠎ᠪᠠᠨ ᠠᠳᠠᠯᠢ 《ᠬᠦᠲᠡᠭᠡᠯᠢᠭ》 ᠪᠠᠢᠵᠠᠶ᠃ ᠲᠠᠯᠠᠪᠠᠢ ᠨᠢᠭᠡᠴᠢ᠎ᠶ᠋ᠢᠨ ᠤᠨᠠᠯᠲᠠ ᠳᠣᠣᠷ᠎ᠠ᠂ ᠲᠤᠰᠭᠠᠢ ᠬᠡᠷᠡᠭ᠌ᠯᠡᠭᠡᠨ᠎ᠤ ᠲᠦᠷᠦᠯ ᠵᠦᠢᠯ ᠴᠥᠭᠡᠨ᠂ ᠪᠣᠷᠣᠯᠠᠭᠤᠯᠭ᠎ᠠ ᠠᠨᠠᠢ ᠪᠠᠢᠪᠠ᠂ ᠲᠥᠮᠥᠰᠥ᠎ᠶ᠋ᠢᠨ ᠠᠵᠤ ᠦᠢᠯᠡᠰ᠎ᠤᠨ ᠬᠥᠭ᠌ᠵᠢᠯᠲᠡ ᠳᠤᠮᠳᠠᠬᠢ ᠡᠲᠡᠭᠡᠷ ᠲᠦᠭ᠌ᠵᠢᠷᠡᠯ᠂ ᠡᠪᠡᠷᠱᠢᠶᠡᠯ᠎ᠨᠢ ᠴᠦ᠍ ᠤᠯᠠᠭᠠᠨᠴᠠᠪ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠵᠠᠮ᠎ᠳᠠᠬᠢ 《ᠬᠠᠷᠰᠢ ᠰᠠᠭᠠᠳ》 ᠪᠣᠯᠤᠨ᠎ᠠ᠃ ᠥᠪᠥᠷ ᠮᠣᠩᠭᠤᠯ᠎ᠤᠨ ᠱᠦ᠍ ᠳ᠋ᠦ᠋ ᠺᠠᠶ ᠳ᠋ᠠ ᠢᠳᠡᠭᠡᠨ᠎ᠤ ᠬᠢᠵᠠᠭᠠᠷᠲᠤ ᠺᠣᠮᠫᠠᠨᠢ ᠱᠢᠭ᠋ ᠤᠯᠠᠭᠠᠨᠴᠠᠪ ᠬᠤᠲᠠ᠎ᠳᠤ ᠨᠤᠲᠤᠭ᠍ᠰᠢᠵᠤ᠂ ᠪᠡᠭᠡᠵᠢᠩ᠎ᠤᠨ ᠨᠡᠢᠰᠯᠡᠯ᠎ᠤᠨ ᠪᠤᠰᠤ ᠴᠢᠳᠠᠮᠵᠢ᠎ᠶ᠋ᠢ ᠲᠠᠷᠬᠠᠭᠠᠨ ᠱᠢᠯᠵᠢᠭᠦᠯᠬᠦ᠌᠎ᠶ᠋ᠢ ᠵᠠᠯᠭᠠᠨ ᠵᠣᠯᠭᠠᠭᠤᠯᠬᠤ ᠦᠷ᠎ᠡ ᠪᠦᠲᠦᠭᠡᠯ ᠶᠠᠪᠤᠬᠤ ᠲᠤᠲᠤᠮ ᠣᠯᠠᠱᠢᠷᠠᠵᠤ᠂ ᠲᠤᠬᠠᠶ᠎ᠶ᠋ᠢᠨ ᠭᠠᠵᠠᠷ᠎ᠤᠨ ᠠᠵᠤ ᠦᠢᠯᠡᠰ᠎ᠤᠨ ᠬᠥᠭ᠌ᠵᠢᠯᠲᠡ᠎ᠳᠤ ᠳᠠᠬᠢᠨᠲᠠ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃

ᠡᠯᠡᠰᠦ ᠬᠤᠷᠠᠪᠠᠯ ᠰᠤᠪᠤᠷᠭ᠎ᠠ ᠪᠣᠯᠵᠤ᠂ ᠲᠤᠰᠤᠯ ᠬᠤᠷᠠᠮᠳᠤᠪᠠᠯ ᠳᠠᠯᠠᠢ ᠪᠣᠯᠤᠨ᠎ᠠ᠃ ᠬᠠᠮᠤᠭ᠎ᠤᠨ ᠬᠡᠷᠡᠭ᠌ᠴᠡᠭᠡ᠎ᠲᠠᠢ ᠲᠠᠯ᠎ᠠ᠎ᠠᠴᠠ ᠪᠣᠳᠣᠯᠬᠢᠯᠠᠨ᠂ ᠬᠠᠮᠤᠭ᠎ᠤᠨ ᠴᠢᠳᠠᠮᠠᠭᠠᠶ ᠲᠠᠯ᠎ᠠ᠎ᠠᠴᠠ ᠭᠠᠷᠳᠠᠵᠤ᠂ ᠨᠡᠢᠭᠡᠮ᠎ᠤᠨ ᠬᠠᠪᠰᠤᠷᠤᠨ ᠲᠡᠳᠬᠦᠬᠦ᠌ 《ᠨᠠᠢᠵᠠ᠎ᠶ᠋ᠢᠨ ᠲᠣᠭᠤᠷᠢᠭ》 ᠎ᠢ ᠲᠠᠰᠤᠷᠠᠯᠲᠠ ᠥᠬᠡᠶ ᠥᠷᠭᠡᠳᠭᠡᠨ᠂ ᠶᠠᠳᠠᠭᠤ᠎ᠶ᠋ᠢ ᠵᠠᠰᠠᠬᠤ 《ᠬᠠᠮ ᠠᠷᠭ᠎ᠠ ᠬᠡᠮᠵᠢᠶ᠎ᠡ》 ᠎ᠶ᠋ᠢ ᠪᠣᠳᠠᠲᠠᠶ ᠬᠡᠷᠡᠭ᠌ᠵᠢᠭᠦᠯᠵᠦ᠍᠂ ᠬᠦᠴᠦᠷᠭᠡᠭ ᠶᠡᠭᠡ ᠨᠡᠢᠭᠡᠮ᠎ᠤᠨ ᠬᠦᠴᠦᠨ᠎ᠢ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠶᠡᠭᠡ ᠤᠷᠤᠰᠭᠠᠯ᠎ᠳᠤ ᠨᠡᠢᠯᠡᠭᠦᠯᠦᠨ ᠣᠷᠣᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ᠎ᠤᠨ ᠳᠠᠯᠳᠠ ᠬᠦᠴᠦᠨ᠎ᠲᠠᠢ᠂ ᠠᠮᠢᠯᠠᠯ᠎ᠤᠨ ᠬᠦᠴᠦᠨ᠎ᠲᠠᠢ ᠠᠵᠢᠯ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号