《ᠤᠯᠠᠨ ᠲᠦᠮᠡᠨ᠎ᠳᠤ ᠨᠡᠩ ᠵᠢᠷᠭᠠᠯᠲᠦ ᠠᠮᠢᠳᠤᠷᠠᠯ᠎ᠢ ᠡᠳ᠋ᠯᠡᠭᠦᠯᠦᠨ᠎ᠡ》
2021-07-05 09:31:03
ᠵᠣᠬᠢᠶᠠᠭ᠍ᠴᠢ᠄
ᠬᠡᠱᠢᠭ᠌ᠪᠦᠶᠠᠨ
ᠣᠩᠱᠢᠭ᠍ᠰᠠᠨ ᠣᠳᠠᠭ᠎ᠠ᠄
★★★☆☆

《ᠡᠨᠡ ᠬᠡᠳᠦᠨ ᠵᠢᠯ ᠶᠠᠳᠠᠭᠤ᠎ᠶ᠋ᠢ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢᠨ ᠰᠠᠢᠨ᠎ᠢᠶᠠᠷ ᠮᠠᠨ᠎ᠤ᠎ᠬᠢ ᠦᠬᠡᠷ ᠮᠠᠯᠵᠢᠵᠤ᠂ ᠡᠨᠡ ᠵᠢᠯ ᠨᠢᠬᠡᠨᠳᠡ 4 ᠲᠤᠭᠤᠯ ᠲᠤᠰᠴᠤ᠌᠂ ᠦᠬᠡᠷ᠎ᠤᠨ ᠲᠤᠭ᠎ᠠ ᠨᠡᠮᠡᠭ᠌ᠳᠡᠬᠡᠳ ᠠᠮᠢᠳᠤᠷᠠᠯ ᠶᠠᠪᠤᠬᠤ ᠲᠤᠲᠤᠮ ᠰᠠᠢᠵᠢᠷᠠᠵᠤ ᠪᠠᠢᠨ᠎ᠠ᠃ ᠡᠳᠡᠬᠡᠷ ᠦᠬᠡᠷ ᠴᠢᠨᠢ ᠮᠡᠡ᠎ᠤ ᠬᠡᠷ᠎ᠤᠨ 〈ᠡᠷᠳᠡᠨᠢ〉 ᠪᠤᠯᠬᠤᠷ ᠨᠠᠷᠢᠠ ᠨᠢᠮᠪᠠᠢ ᠠᠷᠠᠴᠢᠯᠠᠬᠤ ᠦᠬᠡᠢ ᠪᠤᠯᠬᠤ ᠦᠬᠡᠢ ᠱᠢᠤ》 ᠬᠡᠵᠥ᠍ ᠵᠠᠯᠠᠢᠳ ᠬᠤᠱᠢᠭᠤᠨ᠎ᠤ ᠠᠯᠲᠠᠷᠲᠤ ᠰᠤᠮᠤ᠎ᠶ᠋ᠢᠨ ᠱᠠᠭᠠᠷᠠᠬ᠍ᠳᠠᠢ ᠭᠠᠴᠠᠭᠠᠨ᠎ᠤ ᠶᠠᠳᠠᠭᠤ᠎ᠠᠴᠠ ᠠᠩᠭᠢᠵᠢᠷᠠᠭ᠍ᠰᠠᠨ ᠡᠷᠦᠬᠡ ᠪᠤᠤ ᠴᠢᠶᠠᠠ ᠴᠧᠩ ᠦᠬᠡᠷ᠎ᠢᠶᠠᠨ ᠡᠪᠡᠰᠤᠯᠡᠬᠦ᠌᠎ᠶ᠋ᠢᠨ ᠲᠠᠭᠠᠤ ᠰᠤᠷᠪᠤᠯᠵᠢᠯᠠᠭ᠍ᠴᠢ᠎ᠲᠠᠢ ᠵᠤᠭᠤᠭ᠍ᠳᠠᠨ᠎ᠠ᠃

2014 ᠣᠨ᠎ᠳᠤ᠂ ᠪᠦᠦ ᠴᠢᠶᠠᠨ ᠴᠧᠩ᠎ᠤᠨ᠎ᠬᠢ ᠭᠠᠮᠱᠢᠭ᠎ᠠᠴᠠ ᠪᠣᠯᠵᠣ ᠶᠠᠳᠠᠭᠤᠷᠠᠭᠠᠳ ᠲᠠᠩᠰᠠᠯᠠᠵᠦ᠍ ᠺᠠᠷᠳ᠋ᠯᠠᠬ᠍ᠰᠠᠨ ᠶᠠᠳᠠᠭᠤ ᠬᠦᠴᠢᠷᠳᠡᠯᠲᠡᠶ ᠡᠷᠦᠬᠡ᠎ᠪᠠᠷ ᠲᠤᠳᠤᠯᠠᠭ᠍ᠳᠠᠵᠡᠢ᠃ ᠲᠣᠰᠭᠤᠨ᠎ᠳᠤ ᠰᠠᠭᠤᠭ᠎ᠠ ᠠᠵᠢᠯᠯᠠᠬᠤ ᠠᠩᠭᠢ ᠪᠣᠯᠤᠨ ᠱᠢᠶᠠᠩ ᠲᠣᠰᠭᠤᠨ ᠬᠤᠶᠠᠷ ᠱᠠᠲᠤᠨ᠎ᠤ ᠤᠳᠤᠷᠢᠳᠤᠯᠭ᠎ᠠ ᠪᠤᠤ ᠴᠢᠶᠠᠨ ᠴᠧᠩ᠎ᠤᠨ᠎ᠬᠢᠨ᠎ᠤ ᠪᠤᠳᠠᠳᠤ ᠪᠠᠢᠳᠠᠯ᠎ᠢ ᠦᠨᠳᠦᠰᠦᠯᠡᠨ᠂ ᠶᠠᠳᠠᠭᠤ᠎ᠠᠴᠠ ᠠᠩᠭᠢᠵᠢᠷᠠᠭᠤᠯᠬᠤ ᠲᠥᠯᠥᠪᠯᠡᠭᠡ ᠪᠠ ᠠᠵᠢᠯ ᠦᠢᠯᠡᠰ᠎ᠢᠶᠠᠷ ᠲᠡᠳᠬᠦᠬᠦ᠌ ᠲᠥᠷᠥᠯ ᠵᠦᠢᠯ᠎ᠢ ᠲᠣᠭ᠍ᠲᠠᠭᠠᠵᠤ᠂ ᠦᠨᠢᠶ᠎ᠠ ᠬᠤᠳᠠᠯᠳᠤᠨ ᠠᠪᠴᠤ᠌ ᠥᠭ᠌ᠭᠦᠭᠡᠳ ᠮᠠᠯᠵᠢᠭᠤᠯᠬᠤ᠎ᠶ᠋ᠢᠨ ᠵᠡᠷᠬᠡ ᠳᠠᠷᠢᠵᠤ ᠲᠡᠵᠢᠭᠡᠬᠦ᠌᠎ᠶ᠋ᠢ ᠤᠶᠠᠯᠳᠤᠭᠤᠯᠬᠤ ᠵᠠᠭ᠍ᠪᠤᠷ᠎ᠢᠶᠠᠷ ᠣᠷᠣᠯᠭ᠎ᠠ᠎ᠶ᠋ᠢ᠎ᠨᠢ ᠢᠳᠡᠭ ᠢᠳᠡᠭ᠎ᠢᠶᠠᠷ ᠲᠣᠭ᠍ᠲᠠᠪᠤᠷᠢᠵᠢᠭᠤᠯᠵᠤ᠂ ᠬᠥᠮᠦᠨ ᠳᠤᠮᠳᠠᠴᠢ᠎ᠶ᠋ᠢᠨ ᠣᠷᠣᠯᠭ᠎ᠠ᠎ᠶ᠋ᠢ᠎ᠨᠢ 2 ᠲᠦᠮᠡᠨ ᠲᠥᠭᠦᠷᠢᠭ᠎ᠲᠤ ᠤᠢ᠍ᠢᠷᠠᠳᠤᠭᠤᠯᠵᠦ᠍᠂ 2017 ᠣᠨ᠎ᠳᠤ ᠡᠲᠡᠨ᠎ᠤ᠎ᠬᠢᠨ ᠶᠠᠳᠠᠭᠤ᠎ᠠᠴᠠ᠎ᠪᠠᠨ ᠠᠩᠭᠢᠵᠢᠷᠠᠪᠠ᠃ 《ᠥᠩᠭᠡᠷᠡᠭ᠌ᠰᠡᠨ᠎ᠳᠤ ᠬᠠᠷᠮᠠᠨ᠎ᠳᠤ ᠵᠣᠭᠤᠰ ᠦᠭᠡᠢ᠂ ᠪᠠᠭ᠎ᠠ ᠰᠠᠭ᠎ᠠ ᠡᠳ᠋ ᠪᠠᠷᠠᠭ᠎ᠠ ᠲᠦᠬᠦᠬᠡᠷᠤᠶ᠎ᠠ ᠭᠡᠳ ᠰᠠᠨᠠᠭ᠎ᠠ ᠪᠠᠢᠭᠠᠳ ᠤᠨᠤᠭ᠎ᠠ ᠬᠦᠷᠬᠦ᠌ ᠦᠬᠡᠢ ᠪᠠᠢᠬ᠍ᠰᠠᠨ᠃ ᠣᠳᠣ ᠶᠠᠭᠤ ᠠᠪᠤᠶ᠎ᠠ ᠬᠡᠪᠠᠯ ᠬᠤᠳᠠᠯᠳᠤᠵᠦ᠍ ᠠᠪᠤᠭᠠᠳ ᠲᠡᠢᠯᠴᠢᠬᠡᠨ᠎ᠠ᠂ ᠶᠤᠰᠤᠳᠠᠢ ᠯᠠ ᠡᠳᠦᠷ ᠪᠣᠯᠭᠠᠨ ᠱᠢᠨᠡᠯᠡᠵᠦ᠍ ᠪᠠᠢᠨ᠎ᠠ》 ᠭᠡᠵᠦ᠍ ᠪᠦᠦ ᠴᠢᠶᠠᠨ ᠴᠧᠩ᠎ᠤᠨ ᠡᠬᠡᠨᠡᠷ ᠪᠠᠶᠠᠷᠯᠠᠨ ᠬᠡᠯᠡᠨ᠎ᠠ᠃

ᠤᠤᠯ᠎ᠳᠠᠭᠠᠨ ᠪᠤᠤ ᠴᠢᠶᠠᠨ ᠴᠧᠩ᠎ᠤᠨ᠎ᠬᠢᠨ ᠬᠠᠷᠠᠩᠭᠤᠶ ᠪᠦᠭᠡᠳ ᠴᠢᠭᠢᠭ᠎ᠲᠠᠢ ᠱᠢᠪᠠᠷ ᠭᠡᠷ᠎ᠲᠤ ᠰᠠᠭᠤᠵᠤ ᠤᠷᠤᠨ ᠰᠠᠭᠤᠴᠠ᠎ᠶ᠋ᠢᠨ ᠨᠦᠬᠦᠴᠡᠯ᠎ᠨᠢ ᠲᠦᠢᠯ᠎ᠤᠨ ᠠᠨᠠᠢ ᠪᠠᠢᠬ᠍ᠰᠠᠨ᠎ᠢᠶᠠᠨ᠂ ᠣᠳᠣ 66 ᠲᠡᠭ᠌ᠰᠢ ᠳᠥᠷᠪᠡᠯᠵᠢᠨ ᠮᠧᠲᠷ᠎ᠤᠨ ᠱᠢᠨ᠎ᠡ ᠪᠠᠢᠱᠢᠩ ᠭᠡᠷ᠎ᠲᠤ ᠰᠠᠭᠤᠵᠤ᠂ ᠴᠠᠬᠢᠯᠭᠠᠨ ᠬᠡᠷᠡᠭ᠌ᠰᠡᠯ᠎ᠢ ᠴᠤ᠌ ᠢᠵᠢ ᠪᠦᠷᠢᠳᠦᠬᠦᠯᠵᠦ᠍ ᠠᠪᠴᠠᠢ᠃ ᠤᠳᠤ ᠪᠤᠤ ᠴᠢᠶᠠᠨ ᠴᠧᠩ ᠢᠷᠡᠭᠡᠳᠦᠢ᠎ᠳᠡᠭᠡᠨ ᠢᠳᠡᠬᠡᠯ ᠲᠡᠬᠦᠯᠳᠠᠷ ᠪᠤᠯᠵᠥ᠍᠂ ᠬᠦᠷᠢ᠊ ᠡᠶ᠎ᠡ ᠬᠠᠱᠢᠶᠠᠨ᠎ᠤ ᠠᠵᠤ ᠠᠬᠤᠢ᠎ᠶ᠋ᠢ ᠬᠥᠭ᠌ᠵᠢᠭᠦᠯᠵᠦ᠍᠂ ᠭᠡᠷ᠎ᠤᠨ ᠬᠥᠮᠦᠰ᠎ᠢᠶᠠᠨ ᠨᠡᠩ ᠰᠠᠢᠬᠠᠠ ᠠᠮᠢᠳᠤᠷᠠᠭᠤᠯᠬᠤ᠎ᠪᠠᠷ ᠴᠢᠷᠮᠠᠢᠵᠤ ᠶᠠᠪᠤᠨ᠎ᠠ᠃

2016 ᠣᠨ᠎ᠠᠴᠠ᠂ ᠵᠠᠯᠠᠢᠳ ᠬᠤᠱᠢᠭᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠪᠠᠷ ᠪᠦᠬᠦ᠌ ᠲᠠᠯ᠎ᠠ᠎ᠶ᠋ᠢ ᠶᠡᠷᠦᠩᠬᠡᠢᠯᠡᠨ ᠵᠢᠯᠤᠭᠤᠳᠤᠭᠤᠯᠬᠤ᠎ᠶ᠋ᠢ ᠪᠠᠷᠢᠮᠲᠠᠯᠠᠵᠤ᠂ ᠪᠦᠬᠦ᠌ ᠬᠦᠴᠦᠨ᠎ᠢᠶᠠᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠳᠤ ᠲᠠᠰᠤᠷᠠᠯᠳᠡ ᠦᠭᠡᠢ ᠲᠥᠪᠯᠡᠷᠡᠭᠦᠯᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠶᠠᠳᠠᠭᠤ᠎ᠶ᠋ᠢ ᠲᠡᠳᠬᠦᠬᠦ᠌ ᠠᠵᠤ ᠦᠢᠯᠡᠰ᠎ᠤᠨ ᠶᠡᠭᠡ ᠬᠥᠭ᠌ᠵᠢᠯᠲᠡ᠎ᠶ᠋ᠢ ᠠᠬᠢᠭᠤᠯᠵᠤ᠂ ᠡᠷᠦᠬᠡ᠎ᠳᠤ ᠬᠦᠷᠲᠡᠯ᠎ᠡ ᠠᠵᠤ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠌ ᠵᠠᠭ᠍ᠪᠤᠷ᠎ᠢ ᠲᠦᠷᠦᠭᠦᠯᠡᠨ ᠡᠭᠦᠳᠴᠦ᠍᠂ ᠶᠠᠳᠠᠭᠤ᠎ᠶ᠋ᠢ ᠲᠡᠳᠬᠦᠬᠦ᠌ ᠠᠵᠤ ᠦᠢᠯᠡᠰ᠎ᠢ ᠪᠦᠬᠦᠨ᠎ᠢ ᠪᠦᠷᠬᠦᠬᠦᠯᠵᠦ᠍᠂ ᠶᠠᠳᠠᠭᠤ ᠬᠦᠴᠢᠷᠳᠡᠯᠲᠡᠢ ᠡᠷᠦᠬᠡ ᠠᠵᠤ ᠦᠢᠯᠡᠰ᠎ᠠᠴᠠ ᠦᠨᠡᠨ ᠬᠦ᠌ ᠠᠱᠢᠬ ᠬᠦᠷᠳᠡᠵᠦ᠍ ᠴᠢᠨᠡᠬᠡᠯᠢᠭ᠌ᠵᠢᠯ᠎ᠤᠨ ᠵᠠᠮ᠎ᠢᠶᠠᠷ ᠵᠠᠮᠨᠠᠵᠦ᠍ ᠡᠬᠢᠯᠡᠪᠡ᠃ ᠲᠤᠰ ᠬᠤᠱᠢᠭᠤ ᠬᠦᠴᠦᠨ᠎ᠢᠶᠠᠨ ᠲᠥᠪᠯᠡᠷᠡᠭᠦᠯᠦᠨ᠂ 15.78 ᠳ᠋ᠦᠩᠱᠢᠭᠤᠷ ᠲᠥᠭᠦᠷᠢᠭ᠎ᠤᠨ ᠪᠠᠯᠠ ᠮᠥᠩᠭᠦ᠎ᠶ᠋ᠢ ᠨᠡᠢᠳᠭᠡᠵᠦ᠍᠂ ᠠᠵᠤ ᠦᠢᠯᠡᠰ᠂ ᠣᠷᠣᠨ ᠰᠠᠭᠤᠴᠠ᠂ ᠰᠤᠷᠭᠠᠨ ᠬᠥᠮᠦᠵᠢᠯ᠂ ᠡᠷᠡᠭᠦᠯ ᠮᠡᠨᠳᠦ᠂ ᠤᠨᠳᠤᠤ ᠭᠠᠵᠠᠷ᠎ᠲᠤ ᠨᠡᠭᠦᠯᠭᠡᠬᠦ᠌ ᠵᠡᠷᠭᠡ ᠶᠠᠳᠠᠭᠤ᠎ᠶ᠋ᠢ ᠲᠡᠳᠬᠦᠬᠦ᠌ ᠠᠷᠭ᠎ᠠ ᠬᠡᠮᠵᠢᠶ᠎ᠡ᠎ᠶ᠋ᠢ ᠣᠨᠣᠪᠴᠢᠲᠠᠶ ᠨᠠᠢᠳᠠᠪᠤᠷᠢᠵᠢᠭᠤᠯᠤᠨ᠂ ᠣᠨᠴᠠ ᠶᠠᠳᠠᠭᠤ ᠬᠦᠴᠢᠷᠳᠡᠯᠲᠡᠶ ᠭᠠᠴᠠᠭ᠎ᠠ ᠲᠣᠰᠭᠤᠨ᠎ᠤ ᠰᠠᠭᠤᠷᠢ ᠲᠦᠬᠦᠬᠡᠷᠤᠮᠵᠢ᠎ᠶ᠋ᠢᠨ ᠳᠤᠲᠠᠭᠤᠳᠠᠯ᠎ᠢ ᠬᠦᠴᠦᠯᠡᠨ ᠨᠥᠬᠦᠪᠥᠷᠢᠯᠡᠵᠦ᠍᠂ 《ᠬᠤᠶᠠᠷ᠎ᠲᠤ ᠵᠣᠪᠠᠭ᠍ᠤ ᠥᠬᠡᠶ᠂ ᠭᠤᠷᠪᠠ᠎ᠶ᠋ᠢ ᠪᠠᠲᠤᠯᠠᠬᠤ》 ᠪᠠ ᠤᠤᠭᠤᠬᠤ ᠤᠰᠤᠨ᠎ᠤ ᠠᠮᠤᠷ ᠲᠦᠪᠱᠢᠨ᠎ᠤ ᠠᠰᠠᠭᠤᠳᠠᠯ᠎ᠢ ᠱᠢᠶᠳᠪᠦᠷᠢᠯᠡᠪᠡ᠃ ᠡᠭᠦᠨ᠎ᠤ ᠬᠠᠮᠲᠤ᠌᠂ ᠲᠣᠰ ᠬᠤᠱᠢᠭᠤ ᠠᠵᠤ ᠦᠢᠯᠡᠰ᠎ᠢ ᠬᠥᠭ᠌ᠵᠢᠭᠦᠯᠬᠦ᠌ ᠵᠠᠩᠭᠢᠯᠠᠭ᠎ᠠ᠎ᠶ᠋ᠢ ᠴᠢᠩᠭ᠎ᠠ ᠠᠳᠭᠤᠵᠤ᠂ ᠤᠯᠠᠮᠵᠢᠯᠠᠯᠲᠤ ᠠᠵᠤ ᠦᠢᠯᠡᠰ᠎ᠲᠤ ᠰᠠᠭᠤᠷᠢᠯᠠᠨ᠂ ᠣᠨᠴᠠᠯᠢᠭ᠍ᠲᠤ ᠠᠵᠤ ᠦᠢᠯᠡᠰ᠎ᠢ ᠱᠢᠯᠢᠳᠡᠭ᠌ᠵᠢᠭᠦᠯᠵᠦ᠍᠂ ᠡᠷᠦᠬᠡ᠎ᠳᠤ ᠬᠦᠷᠲᠡᠯ᠎ᠡ ᠨᠠᠢᠳᠠᠪᠤᠷᠢᠵᠢᠭᠤᠯᠬᠤ ᠠᠵᠤ ᠦᠢᠯᠡᠰ᠎ᠢᠶᠠᠷ ᠲᠡᠳᠬᠦᠬᠦ᠌ ᠪᠠᠯᠠ ᠮᠥᠩᠭᠦ᠎ᠶ᠋ᠢ 1.3 ᠲᠦᠮᠡᠨ ᠲᠥᠭᠦᠷᠢᠭ᠎ᠠᠴᠠ ᠳᠡᠭᠡᠭ᠌ᠰᠢ ᠪᠠᠢᠬᠤ᠎ᠶ᠋ᠢ ᠪᠠᠳᠤᠯᠠᠵᠥ᠍᠂ ᠨᠠᠩ ᠲᠣᠳᠣᠷᠬᠠᠶ ᠰᠡᠳᠭᠢᠴᠡ᠂ ᠨᠠᠩ ᠨᠠᠷᠢᠯᠢᠭ ᠣᠨᠣᠪᠴᠢᠲᠠᠶ ᠠᠷᠭ᠎ᠠ ᠬᠡᠮᠵᠢᠶ᠎ᠡ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠶᠳᠪᠦᠷᠢᠯᠡᠪᠡ᠃ ᠨᠢᠳᠤᠨᠤᠠ᠂ ᠵᠠᠯᠠᠢᠳ ᠬᠤᠱᠢᠭᠤᠨ᠎ᠤ ᠲᠠᠩᠰᠠᠯᠠᠵᠦ᠍ ᠺᠠᠷᠳ᠋ᠯᠠᠬ᠍ᠰᠠᠨ ᠶᠠᠳᠠᠭᠤ ᠬᠦᠴᠢᠷᠳᠡᠯᠲᠡᠶ ᠬᠥᠮᠦᠨ᠎ᠤ ᠳᠤᠮᠳᠠᠴᠢ ᠣᠷᠣᠯᠭ᠎ᠠ 12195 ᠲᠥᠭᠦᠷᠢᠭ᠎ᠲᠤ ᠬᠦᠷᠴᠦ᠍᠂ 2015 ᠣᠨ᠎ᠤ᠎ᠬᠢ᠎ᠠᠴᠠ 4 ᠳᠠᠬᠢᠨ ᠨᠡᠮᠡᠭ᠌ᠳᠡᠵᠡᠢ᠃ ᠭᠠᠴᠠᠭ᠎ᠠ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢᠨ ᠣᠷᠣᠯᠭ᠎ᠠ᠎ᠨᠢ ᠪᠦᠬᠦᠨ᠎ᠢᠶᠠᠷ᠎ᠢᠶᠠᠨ 20 ᠲᠦᠮᠡᠨ ᠲᠥᠭᠦᠷᠢᠭ᠎ᠢ ᠳᠠᠪᠠᠵᠤ᠂ 14.2 ᠲᠦᠮᠡᠨ ᠶᠠᠳᠠᠭᠤ ᠬᠦᠴᠢᠷᠳᠡᠯᠲᠡᠶ ᠬᠥᠮᠦᠨ᠎ᠢ ᠶᠠᠳᠠᠭᠤ᠎ᠠᠴᠠ᠎ᠨᠢ ᠠᠩᠭᠢᠵᠢᠷᠠᠭᠤᠯᠵᠠᠢ᠃

ᠶᠠᠳᠠᠭᠤ᠎ᠠᠴᠠ ᠠᠩᠭᠢᠵᠢᠷᠠᠬᠤ᠎ᠨᠢ ᠡᠴᠦᠰ᠎ᠤᠨ ᠴᠡᠭ ᠪᠢᠰᠢ᠂ ᠬᠠᠷᠢᠨ ᠱᠢᠨ᠎ᠡ ᠠᠮᠢᠳᠤᠷᠠᠯ᠂ ᠱᠢᠨ᠎ᠡ ᠲᠡᠮᠡᠴᠡᠯ᠎ᠤᠨ ᠡᠬᠢᠯᠡᠯᠲᠡ ᠪᠣᠯᠤᠨ᠎ᠠ᠃ 《ᠡᠨᠡ ᠵᠢᠯ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠦ᠌ ᠲᠠᠯ᠎ᠠ᠎ᠪᠠᠷ ᠠᠬᠢᠭᠤᠯᠬᠤ᠎ᠶ᠋ᠢ ᠬᠤᠱᠢᠭᠤᠨ᠎ᠤ 〈ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ〉 ᠎ᠤ ᠠᠵᠢᠯ᠎ᠤᠨ ᠶᠡᠷᠦᠩᠬᠡᠶ ᠭᠠᠷᠳᠠᠴᠠ ᠪᠣᠯᠭᠠᠬᠤ᠎ᠶ᠋ᠢ ᠪᠠᠷᠢᠮᠲᠠᠯᠠᠵᠤ᠂ ᠭᠤᠤᠯᠳᠠᠯᠭ᠎ᠠ᠎ᠶ᠋ᠢ ᠠᠳᠭᠤᠬᠤ᠂ ᠳᠤᠲᠠᠭᠤᠳᠠᠯ᠎ᠢ ᠨᠥᠬᠦᠪᠥᠷᠢᠯᠡᠬᠦ᠂ ᠪᠠᠭᠤᠷᠠᠶ ᠲᠠᠯ᠎ᠠ᠎ᠶ᠋ᠢ ᠬᠦᠴᠦᠷᠬᠡᠭ᠌ᠵᠢᠭᠦᠯᠬᠦ᠌᠎ᠶ᠋ᠢ ᠪᠠᠷᠢᠮᠲᠠᠯᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠣᠷᠭᠠᠨᠢᠭ᠎ᠢᠶᠠᠷ ᠵᠣᠯᠭᠠᠭᠤᠯᠬᠤ ᠲᠤᠷᠱᠢᠯᠲᠠ᠎ᠶ᠋ᠢᠨ ᠴᠡᠭ᠎ᠤᠨ ᠡᠭᠦᠷᠭᠡ᠎ᠶ᠋ᠢ ᠪᠥᠬᠦ᠌ ᠬᠦᠴᠦᠨ᠎ᠢᠶᠠᠷ ᠠᠬᠢᠭᠤᠯᠵᠤ᠂ ᠥᠨᠳᠥᠷ ᠪᠠᠷᠢᠮᠵᠢᠶ᠎ᠠ᠎ᠪᠠᠷ ᠵᠢᠱ᠌ᠢᠶ᠎ᠡ ᠦᠵᠡᠭᠦᠯᠬᠦ᠌ ᠭᠠᠴᠠᠭ᠎ᠠ ᠲᠣᠰᠭᠤᠨ᠎ᠢ 32 ᠪᠠᠢᠭᠤᠯᠵᠤ᠂ ᠬᠥᠳᠡᠭᠡ ᠲᠣᠰᠭᠤᠨ᠎ᠤ ᠵᠠᠰᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠬᠥᠳᠡᠭᠡ ᠲᠣᠰᠭᠤᠨ᠎ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ᠂ ᠵᠣᠬᠢᠶᠠᠨ ᠪᠠᠢᠭᠤᠯᠤᠯᠲᠠ ᠵᠡᠷᠭᠡ᠎ᠶ᠋ᠢ ᠪᠥᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠠᠷᠠᠳ ᠣᠯᠠᠨ᠎ᠤ ᠠᠮᠢᠳᠤᠷᠠᠯ᠎ᠢ ᠶᠠᠪᠤᠬᠤ ᠲᠤᠲᠤᠮ ᠰᠠᠢᠵᠢᠷᠠᠭᠤᠯᠤᠨ᠎ᠠ》 ᠭᠡᠵᠦ᠍ ᠲᠤᠰ ᠬᠤᠱᠢᠭᠤᠨ᠎ᠤ ᠶᠠᠳᠠᠭᠤ᠎ᠶ᠋ᠢ ᠲᠡᠳᠬᠦᠬᠦ᠌ ᠠᠯᠪᠠᠨ ᠭᠡᠷ᠎ᠤᠨ ᠡᠷᠬᠢᠯᠡᠭ᠌ᠴᠢ ᠭᠧᠩ ᠯᠢ ᠵᠢᠶᠦ᠋ᠨ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号