ᠺᠢᠨᠣ᠋ 《1921》 ᠦᠵᠡᠭ᠌ᠴᠢᠳ᠎ᠲᠠᠢ ᠵᠤᠯᠭᠠᠯ᠎ᠠ
2021-07-09 09:35:33
ᠵᠣᠬᠢᠶᠠᠭ᠍ᠴᠢ᠄
ᠬᠦᠭ᠌ᠵᠢᠯᠳᠦ
ᠣᠩᠱᠢᠭ᠍ᠰᠠᠨ ᠣᠳᠠᠭ᠎ᠠ᠄
★★★☆☆

7 ᠰᠠᠷ᠎ᠠ᠎ᠶ᠋ᠢᠨ 6 ᠎ᠤ ᠦᠳᠡ᠎ᠶ᠋ᠢᠨ ᠬᠤᠢᠨ᠎ᠠ᠂ ᠮᠤᠩᠭᠤᠯ ᠤᠷᠴᠢᠭᠤᠯᠭ᠎ᠠ᠎ᠶ᠋ᠢᠨ ᠺᠢᠨᠣ᠋ 《1921》 ᠎ᠶ᠋ᠢᠨ ᠨᠡᠭᠡᠭᠡᠯᠳᠡ᠎ᠶ᠋ᠢᠨ ᠶᠤᠰᠤᠯᠠᠯ ᠬᠦᠬᠡᠬᠤᠳᠠ᠎ᠶ᠋ᠢᠨ ᠺᠠᠢ ᠨᠦᠸᠧ ᠱᠢᠩ ᠺᠦᠡᠭ ᠤᠯᠠᠨ ᠤᠯᠤᠰ᠎ᠤᠨ ᠺᠢᠨᠣ᠋᠎ᠶ᠋ᠢᠨ ᠤᠷᠳᠤᠨ᠎ᠳᠤ ᠶᠠᠪᠤᠭ᠍ᠳᠠᠪᠠ᠃

ᠲᠤᠮᠳᠠᠳᠦ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠵᠤ᠂ ᠲᠤᠮᠳᠠᠳᠦ᠎ᠶ᠋ᠢᠨ ᠦᠨᠳᠦᠰᠦᠲᠡᠨ᠎ᠤ ᠬᠠᠮᠳᠤ ᠴᠤᠭ᠍ᠴᠠ᠎ᠶ᠋ᠢᠨ ᠤᠬᠠᠮᠰᠠᠷ᠎ᠢ ᠪᠠᠳᠤ ᠴᠤᠭ᠍ᠴᠠᠯᠠᠨ᠂ ᠲᠤᠮᠳᠠᠳᠤ᠎ᠶ᠋ᠢᠨ ᠦᠨᠳᠦᠰᠦᠲᠡᠨ᠎ᠤ ᠰᠡᠷᠬᠦᠨ ᠮᠡᠨᠳᠦᠯᠳᠡ᠎ᠶ᠋ᠢᠨ ᠠᠭᠤᠤ ᠶᠡᠭᠡ ᠦᠢᠯᠡᠰ᠎ᠢ ᠠᠬᠢᠭᠤᠯᠬᠤ᠎ᠶ᠋ᠢᠨ ᠲᠦᠯᠦᠭᠡ᠂ ᠦᠪᠦᠷ ᠮᠤᠩᠭᠤᠯ᠎ᠤᠨ ᠺᠢᠨᠣ᠋᠎ᠶ᠋ᠢᠨ ᠪᠦᠯᠦᠭ᠌ᠯᠡᠯ᠎ᠤᠨ ᠦᠨᠳᠦᠰᠦᠲᠡᠨ᠎ᠤ ᠺᠢᠨᠣ᠋ ᠤᠷᠴᠢᠭᠤᠯᠤᠨ ᠦᠢᠯᠡᠳᠬᠦ᠌ ᠲᠦᠪ᠎ᠤᠨ᠎ᠬᠢᠨ 《1921》 ᠺᠢᠨᠣ᠋᠎ᠶ᠋ᠢ ᠰᠤᠩᠭᠤᠵᠦ᠍ ᠮᠤᠩᠭᠤᠯ ᠬᠡᠯᠡ᠎ᠪᠠᠷ ᠤᠷᠴᠢᠭᠤᠯᠤᠨ ᠦᠢᠯᠡᠳᠦᠭ᠌ᠰᠡᠨ᠎ᠤ ᠬᠠᠮᠳᠦ ᠤᠭ ᠺᠢᠨᠣ᠋᠎ᠲᠠᠢ ᠠᠳᠠᠯᠢ ᠬᠤᠭᠤᠴᠠᠭᠠᠨ᠎ᠳᠤ ᠨᠡᠪᠳᠡᠷᠡᠬᠦᠯᠦᠭ᠌ᠰᠡᠨ ᠪᠠᠢᠨ᠎ᠠ᠃ 《ᠺᠢᠨᠣ᠋ 〈1921〉 ᠎ᠳᠤ᠂ ᠠᠩᠬᠠᠨ᠎ᠤ ᠪᠦᠯᠦᠭ᠎ᠤᠨ ᠳᠤᠮᠳᠠᠳᠤ ᠤᠯᠤᠰ᠎ᠤᠨ ᠡᠪ ᠬᠠᠮᠲᠤᠴᠤᠳ ᠬᠦᠴᠢᠷ ᠪᠡᠷᠬᠡᠱᠢᠶᠡᠯᠲᠡᠢ ᠴᠠᠭ ᠦᠶ᠎ᠡ᠎ᠳᠤ ᠤᠯᠤᠰ᠎ᠢᠶᠠᠨ ᠮᠥᠬᠦᠯ᠎ᠠᠴᠠ ᠠᠪᠤᠷᠠᠬᠤ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠳᠤᠮᠳᠠᠳᠤ ᠤᠯᠤᠰ᠎ᠤᠨ ᠬᠤᠪᠢᠰᠭᠠᠯ᠎ᠤᠨ ᠢᠷᠡᠭᠡᠳᠦᠢ᠎ᠶ᠋ᠢ ᠴᠣ᠌ ᠱᠢᠨ᠎ᠡ ᠪᠠᠢᠳᠠᠯ᠎ᠲᠠᠢ ᠪᠤᠯᠭᠠᠭ᠍ᠰᠠᠨ ᠦᠯᠢᠭᠡᠷ᠎ᠢᠶᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 100 ᠵᠢᠯ᠎ᠤᠨ ᠠᠭᠤᠤ ᠶᠡᠭᠡ ᠠᠶᠠᠨ ᠵᠠᠮ᠎ᠤᠨ ᠡᠬᠢᠯᠡᠯᠲᠡ᠎ᠶ᠋ᠢ ᠠᠮᠢᠳᠤᠯᠢᠭ᠎ᠢᠶᠠᠷ ᠲᠤᠰᠭᠠᠵᠤ᠂ ᠦᠵᠡᠭ᠌ᠴᠢᠳ᠎ᠲᠤ ᠡᠬᠡ ᠤᠯᠤᠰ᠎ᠤᠨ᠎ᠢᠶᠠᠨ ᠬᠤᠪᠢ ᠵᠠᠶᠠᠭ᠎ᠠ᠎ᠯᠤᠭ᠎ᠠ ᠬᠠᠮᠲᠤ᠎ᠪᠠᠷ ᠡᠷᠡᠯᠬᠡᠭ᠌ᠯᠡᠨ ᠤᠷᠤᠭ᠍ᠰᠢᠯᠠᠬᠤ ᠬᠦᠴᠦᠨ ᠴᠢᠳᠠᠯ᠎ᠢ ᠮᠡᠳᠡᠷᠡᠭᠦᠯᠦᠭ᠌ᠰᠡᠨ ᠶᠤᠮ᠃ ᠡᠨᠡ᠎ᠨᠢ ᠮᠦᠨ ᠴᠤ᠌ ᠨᠠᠮ᠎ᠤᠨ ᠲᠡᠥᠬᠡ᠎ᠶ᠋ᠢ ᠤᠷᠠᠯᠢᠭ᠎ᠤᠨ ᠬᠡᠯᠪᠡᠷᠢ᠎ᠪᠠᠷ ᠰᠤᠷᠤᠯᠴᠠᠬᠤ ᠰᠠᠢᠬᠠᠨ ᠵᠠᠪᠱᠢᠶᠠᠨ ᠪᠤᠯᠵᠠᠢ》 ᠬᠡᠮᠡᠨ ᠦᠪᠦᠷ ᠮᠤᠩᠭᠤᠯ᠎ᠤᠨ ᠺᠢᠨᠣ᠋ ᠤᠷᠴᠢᠭᠤᠯᠭ᠎ᠠ᠎ᠶ᠋ᠢᠨ ᠲᠦᠪ᠎ᠤᠨ ᠤᠷᠴᠢᠭᠤᠯᠭ᠎ᠠ᠎ᠶ᠋ᠢᠨ ᠬᠡᠯᠳᠡᠰ᠎ᠤᠨ ᠡᠷᠬᠢᠯᠡᠭ᠌ᠴᠢ᠂ ᠤᠷᠴᠢᠭᠤᠯᠭ᠎ᠠ᠎ᠶ᠋ᠢᠨ ᠺᠢᠨᠣ᠋᠎ᠶ᠋ᠢᠨ ᠤᠳᠤᠷᠢᠳᠤᠭᠠᠴᠢ ᠬᠠᠳᠠ ᠲᠠᠨᠢᠯᠴᠠᠭᠤᠯᠤᠨ᠎ᠠ᠃ ᠺᠢᠨᠣ᠋ ᠳᠠᠭᠤᠰᠭᠤ᠎ᠶ᠋ᠢᠨ ᠵᠡᠷᠬᠡ᠎ᠪᠠᠷ ᠪᠦᠬᠦ᠌ ᠦᠵᠡᠭ᠌ᠴᠢ ᠪᠤᠰᠴᠦ᠍ ᠵᠤᠭ᠍ᠰᠤᠭᠠᠳ ᠨᠢᠵᠢᠭᠢᠨᠡᠳᠡᠯ᠎ᠡ ᠠᠯᠠᠭ᠎ᠠ ᠳᠠᠱᠢᠵᠠᠭᠠᠯ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号