7 ᠰᠠᠷ᠎ᠠ᠎ᠶ᠋ᠢᠨ 8 ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠨᠢᠨ ᠮᠡᠳᠡᠭᠡᠨ᠎ᠤ ᠠᠯᠪᠠᠨ ᠭᠡᠷ ᠰᠤᠨᠢᠨ ᠮᠡᠳᠡᠭᠡ ᠨᠡᠢᠳᠡᠯᠡᠬᠦ᠌ ᠬᠤᠷᠠᠯ ᠬᠤᠷᠠᠯᠳᠤᠭᠤᠯᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠨ ᠨᠡᠢᠳᠡ᠎ᠶ᠋ᠢᠨ ᠢᠳᠡᠭᠡᠮᠵᠢ᠎ᠶ᠋ᠢᠨ ᠮᠡᠳᠡᠭᠡ ᠵᠠᠩᠬᠢ᠎ᠶ᠋ᠢᠨ ᠬᠠᠮᠢᠶᠠᠷᠤᠯᠳᠠ᠎ᠶ᠋ᠢᠨ ᠳᠦᠷᠢᠮ》 ᠤᠨ ᠬᠤᠯᠪᠤᠭ᠍ᠳᠠᠯ ᠪᠦᠬᠦᠢ ᠪᠠᠢᠳᠠᠯ᠎ᠢ ᠲᠠᠨᠢᠯᠴᠠᠭᠤᠯᠤᠭ᠍ᠰᠠᠨ ᠪᠦᠬᠡᠳ ᠰᠤᠷᠪᠤᠯᠵᠢᠯᠠᠭ᠍ᠴᠢᠳ᠎ᠤᠨ ᠠᠰᠠᠭᠤᠯᠳᠠ᠎ᠶ᠋ᠢ ᠬᠠᠷᠢᠭᠤᠯᠪᠠ᠃
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠨ ᠨᠡᠢᠳᠡ᠎ᠶ᠋ᠢᠨ ᠢᠳᠡᠭᠡᠮᠵᠢ᠎ᠶ᠋ᠢᠨ ᠮᠡᠳᠡᠭᠡ ᠵᠠᠩᠬᠢ᠎ᠶ᠋ᠢᠨ ᠬᠠᠮᠢᠶᠠᠷᠤᠯᠳᠠ᠎ᠶ᠋ᠢᠨ ᠳᠦᠷᠢᠮ》 ᠨᠡᠢᠳᠡ 8 ᠪᠦᠯᠦᠭ 43 ᠵᠦᠢᠯ᠎ᠢᠶᠠᠷ ᠪᠦᠷᠢᠯᠳᠦᠪᠠ᠂ ᠡᠨᠡ ᠵᠢᠯ᠎ᠤᠨ 3 ᠰᠠᠷ᠎ᠠ᠎ᠶ᠋ᠢᠨ 30 ᠤ ᠡᠳᠦᠷ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠤᠷᠢᠨ ᠳᠠᠪᠤᠳᠤᠭᠠᠷ ᠤᠳᠠᠭ᠎ᠠ᠎ᠶ᠋ᠢᠨ ᠬᠤᠷᠠᠯ᠎ᠢᠶᠠᠷ ᠪᠠᠳᠤᠯᠠᠵᠤ᠂ 6 ᠰᠠᠷ᠎ᠠ᠎ᠶ᠋ᠢᠨ 1 ᠤ ᠡᠳᠤᠷ᠎ᠠᠴᠠ ᠡᠬᠢᠯᠡᠵᠦ᠍ ᠬᠡᠷᠡᠭ᠌ᠵᠢᠭᠦᠯᠪᠡ᠃ ᠲᠤᠰ ᠳᠦᠷᠢᠮ᠎ᠨᠢ ᠮᠠᠨ᠎ᠤ ᠤᠷᠤᠨ᠎ᠤ ᠤᠯᠠᠨ ᠨᠡᠢᠳᠡ᠎ᠶ᠋ᠢᠨ ᠢᠳᠡᠭᠡᠮᠵᠢ᠎ᠶ᠋ᠢᠨ ᠮᠡᠳᠡᠭᠡ ᠵᠠᠩᠬᠢ᠎ᠶ᠋ᠢᠨ ᠬᠠᠮᠢᠶᠠᠷᠤᠯᠳᠠ᠎ᠶ᠋ᠢ ᠳᠦᠷᠢᠮᠵᠢᠭᠦᠯᠬᠦ᠂ ᠤᠯᠠᠨ ᠨᠡᠢᠳᠡ᠎ᠶ᠋ᠢᠨ ᠢᠳᠡᠭᠡᠮᠵᠢ᠎ᠶ᠋ᠢᠨ ᠮᠡᠳᠡᠭᠡ ᠵᠠᠩᠬᠢ᠎ᠶ᠋ᠢ ᠴᠤᠭ᠍ᠯᠠᠭᠤᠯᠬᠤ ᠪᠠ ᠬᠡᠷᠡᠭ᠌ᠯᠡᠬᠦ᠂ ᠨᠡᠢᠭᠡᠮ᠎ᠤᠨ ᠢᠳᠡᠭᠡᠮᠵᠢ᠎ᠶ᠋ᠢᠨ ᠱᠢᠰᠲ᠋ᠧᠮ᠎ᠤᠨ ᠪᠠᠢᠭᠤᠯᠤᠯᠳᠠ᠎ᠶ᠋ᠢ ᠠᠬᠢᠭᠤᠯᠬᠤ᠎ᠳᠤ ᠴᠢᠬᠤᠯᠠ ᠠᠴᠢ ᠬᠤᠯᠪᠤᠭ᠍ᠳᠠᠯ᠎ᠲᠠᠢ ᠶᠤᠮ᠃ ᠲᠤᠰ ᠳᠦᠷᠢᠮ ᠪᠤᠯ ᠮᠠᠨ᠎ᠤ ᠤᠷᠤᠨ᠎ᠤ ᠨᠡᠢᠭᠡᠮ᠎ᠤᠨ ᠢᠳᠡᠭᠡᠮᠵᠢ᠎ᠶ᠋ᠢᠨ ᠱᠢᠰᠲ᠋ᠧᠮ᠎ᠤᠨ ᠪᠠᠢᠭᠤᠯᠤᠯᠳᠠ᠎ᠶ᠋ᠢᠨ ᠲᠤᠬᠠᠢ ᠠᠩᠬᠠᠳᠠᠭ᠍ᠴᠢ ᠤᠷᠤᠨ ᠨᠤᠳᠤᠭ᠎ᠤᠨ ᠴᠢᠨᠠᠷᠳᠠᠢ ᠬᠠᠤᠯᠢ ᠳᠤᠭ᠍ᠳᠠᠭᠠᠯ ᠪᠤᠯᠬᠤ ᠪᠦᠭᠡᠳ ᠮᠠᠨ᠎ᠤ ᠤᠷᠤᠨ᠎ᠤ ᠨᠡᠢᠭᠡᠮ᠎ᠤᠨ ᠢᠳᠡᠭᠡᠮᠵᠢ᠎ᠶ᠋ᠢᠨ ᠱᠢᠰᠲ᠋ᠧᠮ᠎ᠤᠨ ᠪᠠᠢᠭᠤᠯᠤᠯᠳᠠ᠎ᠶ᠋ᠢᠨ ᠠᠵᠢᠯ᠎ᠤᠨ ᠪᠠᠰᠠ ᠨᠢᠭᠡᠨ ᠬᠦᠱᠢᠶ᠎ᠠ ᠲᠡᠮᠳᠡᠭ ᠪᠤᠯᠤᠨ᠎ᠠ᠃ ᠲᠤᠰ ᠳᠦᠷᠢᠮ᠎ᠢ ᠬᠡᠷᠡᠭ᠌ᠵᠢᠭᠦᠯᠦᠭ᠌ᠰᠡᠨ᠎ᠨᠢ ᠮᠠᠨ᠎ᠤ ᠤᠷᠤᠨ᠎ᠤ ᠨᠡᠢᠭᠡᠮ᠎ᠤᠨ ᠢᠳᠡᠭᠡᠮᠵᠢ᠎ᠶ᠋ᠢᠨ ᠱᠢᠰᠲ᠋ᠧᠮ᠎ᠤᠨ ᠪᠠᠢᠭᠤᠯᠤᠯᠳᠠ ᠬᠠᠤᠯᠢᠵᠢᠭ᠍ᠰᠠᠨ᠂ ᠳᠦᠷᠢᠮᠵᠢᠭ᠌ᠰᠡᠨ ᠴᠢᠨᠠᠷ ᠰᠠᠢᠳᠠᠢ ᠬᠦᠭ᠌ᠵᠢᠯᠳᠡ᠎ᠶ᠋ᠢᠨ ᠱᠠᠳᠤᠨ᠎ᠳᠤ ᠤᠷᠤᠭ᠍ᠰᠠᠨ᠎ᠢ ᠬᠠᠷᠠᠭᠤᠯᠵᠤ ᠪᠠᠢᠨ᠎ᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号