《ᠤᠳᠤᠳ ᠲᠦᠭᠡᠭ᠌ᠰᠡᠨ ᠳᠠᠯ᠎ᠠ᠎ᠶ᠋ᠢᠨ ᠦᠳᠡᠰᠢ》 ᠤᠷᠠᠨ ᠰᠠᠢᠬᠠᠨ᠎ᠤ ᠦᠳᠡᠱᠢᠯᠡᠭᠡ ᠶᠠᠪᠤᠭ᠍ᠳᠠᠯ᠎ᠠ
2021-08-01 13:52:36
ᠵᠣᠬᠢᠶᠠᠭ᠍ᠴᠢ᠄
ᠬᠦᠭ᠌ᠵᠢᠯᠳᠦ ᠠᠯᠤᠰ
ᠣᠩᠱᠢᠭ᠍ᠰᠠᠨ ᠣᠳᠠᠭ᠎ᠠ᠄
★★★☆☆

7 ᠰᠠᠷ᠎ᠠ᠎ᠶ᠋ᠢᠨ 31 ᠎ᠤ ᠦᠳᠡᠰᠢ᠂ ᠳᠠᠷᠬᠠᠨ ᠮᠤᠤᠮᠢᠩᠭᠠᠨ ᠬᠤᠯᠪᠤᠭᠠᠳᠦ ᠬᠤᠱᠢᠭᠤᠨ᠎ᠤ ᠪᠠᠳᠤᠬᠠᠭᠠᠯᠭ᠎ᠠ ᠪᠠᠯᠭᠠᠰᠤ᠎ᠶ᠋ᠢᠨ ᠨᠠᠭᠠᠳᠤᠮ᠎ᠤᠨ ᠬᠤᠷᠠᠯ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ᠎ᠳᠤ ᠰᠤᠯᠤᠩᠭᠠᠨ ᠳ᠋ᠧᠩ ᠰᠦᠨᠢ᠎ᠶ᠋ᠢᠨ ᠤᠭ᠍ᠳᠠᠷᠭᠤᠢ᠎ᠶ᠋ᠢ ᠵᠦᠰᠦᠨ ᠪᠦᠵᠢᠵᠦ᠍᠂ ᠵᠢᠯᠤᠭᠤᠴᠢ ᠦᠬᠡᠢ ᠨᠢᠰᠭᠡᠯ ᠤᠷᠠᠨ ᠬᠠᠷᠢᠶᠠᠴᠠᠢ ᠮᠡᠳᠦ ᠲᠡᠬᠦᠯᠢᠨ ᠬᠠᠯᠢᠨ᠎ᠠ᠃

ᠥᠪᠥᠷ ᠮᠣᠩᠭᠤᠯ᠎ᠤᠨ 31 ᠳ᠋ᠤᠭᠡᠷ ᠬᠤᠭᠤᠴᠠᠭᠠᠨ᠎ᠤ ᠵᠢᠭᠤᠯᠴᠢᠯᠠᠯ᠎ᠤᠨ ᠨᠠᠭᠠᠳᠤᠮ᠎ᠤᠨ ᠶᠡᠭᠡ ᠬᠤᠷᠠᠯ ᠵᠢᠴᠢ ᠲᠠᠷᠬᠠᠨ ᠮᠤᠤᠮᠢᠩᠭᠠᠨ ᠬᠤᠯᠪᠤᠭᠠᠳᠦ ᠬᠤᠱᠢᠭᠤᠨ᠎ᠤ 8 ᠳ᠋ᠤᠭᠠᠷ ᠬᠤᠭᠤᠴᠠᠭᠠᠨ᠎ᠤ ᠵᠢᠭᠤᠯᠴᠢᠯᠠᠯ᠎ᠤᠨ ᠨᠠᠢᠷ᠎ᠤᠨ ᠦᠳᠡᠱᠢᠯᠡᠭᠡ ᠨᠢᠵᠢᠬᠢᠷ ᠰᠠᠢᠬᠠᠨ ᠶᠠᠪᠤᠭ᠍ᠳᠠᠵᠤ᠂ ᠵᠠᠯᠮ᠎ᠠ ᠬᠠᠷ᠎ᠠ ᠬᠠᠮᠳᠤᠯᠢᠭ᠂ ᠰᠡᠴᠡᠨᠳᠠᠨ᠎ᠠ᠂ ᠯᠦᠩ ᠮᠧᠢ᠂ ᠷᠧᠨ ᠯᠢᠩ ᠨᠠᠷ 《ᠱᠢᠷᠠᠮᠦᠷᠡᠨ ᠭᠤᠤᠯ》᠂ 《ᠮᠢᠨᠤ ᠠᠪᠤ ᠠᠳᠤᠭᠤᠴᠢᠨ ᠬᠦᠮᠦᠨ》᠂ 《ᠠᠴᠢ ᠡᠨᠡᠷᠢᠯ》᠂ 《ᠠᠵᠢᠨᠠᠢ ᠬᠦᠯᠦᠭ》 ᠵᠡᠷᠭᠡ ᠳᠠᠭᠤᠤ᠂ ᠬᠦᠭᠡᠮᠡᠢ᠂ ᠬᠦᠭ᠌ᠵᠢᠮ᠎ᠤᠨ ᠲᠤᠭ᠍ᠯᠠᠯᠳᠠ ᠭᠠᠷᠭᠠᠭ᠍ᠰᠠᠨ ᠪᠠ 400 ᠵᠢᠯᠤᠭᠤᠴᠢ ᠦᠬᠡᠢ ᠨᠢᠰᠭᠡᠯ᠎ᠢᠶᠠᠷ ᠦᠩᠭᠡᠳᠦ ᠳ᠋ᠧᠩ᠎ᠤᠨ ᠦᠵᠡᠬᠦᠯᠭᠡ ᠭᠠᠷᠭᠠᠨ 《ᠦᠪᠦᠷ ᠮᠤᠩᠭᠤᠯ᠎ᠤᠨ ᠵᠢᠭᠤᠯᠴᠢᠯᠠᠯ᠎ᠤᠨ ᠨᠠᠭᠠᠳᠤᠮ》 ᠬᠡᠬᠦ᠌ ᠦᠰᠦᠭ᠎ᠲᠠᠢ ᠨᠠᠢᠷ᠎ᠤᠨ ᠰᠦᠯᠳᠡ ᠵᠢᠴᠢ ᠠᠭ᠍ᠳᠠ ᠬᠦᠯᠦᠭ᠎ᠤᠨ ᠲᠦᠷᠰᠦ᠂ 《ᠲᠤᠮᠳᠠᠳᠦ᠎ᠶ᠋ᠢᠨ ᠦᠨᠳᠦᠰᠦᠳᠡᠨ ᠨᠢᠭᠡᠨ ᠭᠡᠷ ᠮᠡᠳᠦ ᠲᠤᠳᠤᠨᠤ》 ᠬᠡᠬᠦ᠌ ᠵᠡᠷᠭᠡ ᠦᠰᠦᠭ᠎ᠢ ᠢᠯᠡᠷᠡᠬᠦᠯᠵᠦ᠍᠂ ᠦᠵᠡᠭ᠌ᠴᠢ ᠲᠦᠮᠡᠨ ᠰᠡᠳᠭᠢᠯ ᠲᠤᠭ᠍ᠳᠤᠯᠤᠨ ᠦᠶ᠎ᠡ ᠦᠶ᠎ᠡ ᠤᠤᠬᠠᠢᠯᠠᠨ ᠬᠠᠰᠭᠢᠷᠴᠤ᠌ ᠪᠠᠢᠯ᠎ᠠ᠃ ᠱᠢᠨ᠎ᠡ ᠦᠶ᠎ᠡ᠎ᠶ᠋ᠢᠨ ᠵᠠᠯᠠᠭᠤ ᠤᠷᠠᠯᠢᠭ᠍ᠴᠢᠳ ᠪᠤᠯᠤᠨ ᠤᠯᠠᠮᠵᠢᠯᠠᠯᠳᠦ ᠤᠷᠠᠯᠢᠭ ᠬᠦᠭ᠌ᠵᠢᠮ᠎ᠢᠶᠠᠨ ᠠᠮᠢᠯᠠᠭᠤᠯᠤᠨ ᠳᠠᠭᠤᠯᠠᠵᠦ᠍ ᠶᠠᠪᠤᠭ᠎ᠠ ᠤᠷᠠᠯᠢᠭ᠍ᠴᠢᠳ ᠦᠪᠡᠷ ᠦᠪᠡᠷ᠎ᠤᠨ ᠱᠢᠯᠢᠳᠡᠭ ᠰᠤᠳᠤᠨ ᠲᠤᠭ᠍ᠯᠠᠯᠳᠠ᠎ᠪᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠳᠤ ᠪᠡᠯᠡᠭ ᠡᠷᠬᠦᠨ᠂ ᠨᠠᠮ᠎ᠤᠨ᠎ᠢᠶᠠᠨ ᠠᠴᠢ ᠭᠠᠪᠢᠶ᠎ᠠ᠎ᠶ᠋ᠢ ᠮᠠᠭ᠍ᠳᠠᠨ ᠳᠠᠭᠤᠯᠠᠵᠦ᠍᠂ ᠤᠭ ᠰᠠᠨᠠᠭ᠎ᠠ᠎ᠪᠠᠨ ᠦᠯᠦ᠍ ᠮᠠᠷᠳᠠᠨ ᠡᠬᠦᠷᠬᠡ ᠬᠠᠷᠢᠭᠤᠴᠠᠯᠭ᠎ᠠ᠎ᠪᠠᠨ ᠪᠠᠳᠤ ᠴᠡᠬᠡᠵᠢᠯᠡᠵᠤ᠂ ᠬᠤᠶᠠᠳᠤᠭᠠᠷ ᠵᠠᠭᠤᠨ ᠵᠢᠯ᠎ᠤᠨ ᠲᠠᠮᠡᠴᠡᠬᠦ᠌ ᠬᠠᠷᠠᠯᠳᠠ ᠵᠦᠭ᠎ᠢᠶᠠᠨ ᠬᠦᠴᠦᠯᠡᠨ ᠲᠡᠮᠡᠥᠯᠵᠤ ᠪᠠᠢᠭ᠎ᠠ ᠦᠪᠦᠷ ᠮᠤᠩᠭᠤᠯᠴᠤᠳ᠎ᠤᠨ ᠰᠡᠳᠭᠢᠯ᠎ᠤᠨ ᠴᠤᠤᠷᠢᠶ᠎ᠠ᠎ᠶ᠋ᠢ ᠳᠠᠭᠤᠯᠠᠨ ᠢᠯᠡᠷᠡᠬᠦᠯᠦᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号