ᠤᠢ᠍ᠢᠷ᠎ᠠ᠎ᠳᠤ᠂ ᠵᠡᠭᠦᠨ ᠦᠵᠦᠮᠦᠴᠢᠨ ᠬᠤᠱᠢᠭᠤᠨ᠎ᠤ ᠬᠢᠯᠢ᠎ᠶ᠋ᠢᠨ ᠪᠣᠭᠤᠮᠲᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ ᠤᠨᠤᠯ ᠰᠤᠷᠤᠯᠴᠠᠬᠤ ᠭᠤᠤᠯ ᠳᠤᠭᠤᠢᠯᠠᠩ (ᠥᠷᠭᠡᠳᠭᠡᠭ᠌ᠰᠡᠨ) ᠤᠨ ᠬᠤᠷᠠᠯ ᠬᠤᠷᠠᠯᠳᠤᠭᠤᠯᠤᠭ᠍ᠰᠠᠨ ᠪᠥᠭᠡᠳ ᠶᠡᠷᠦᠩᠬᠡᠶ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠪᠠ᠃
ᠬᠤᠷᠠᠯ ᠳᠡᠭᠡᠷ᠎ᠡ᠂ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠴᠢᠨᠠᠷ ᠰᠠᠢᠲᠠᠶ ᠭᠦᠨᠵᠡᠭᠡᠶ ᠠᠬᠢᠭᠤᠯᠬᠤ᠎ᠶ᠋ᠢ ᠬᠥᠲᠥᠯᠥᠨ ᠲᠠᠭᠠᠭᠤᠯᠵᠦ᠍᠂ ᠨᠠᠮ᠎ᠤᠨ ᠬᠤᠷᠢᠶᠠᠨ᠎ᠤ ᠪᠦᠬᠦ᠌ ᠨᠠᠮ᠎ᠤᠨ ᠭᠡᠱᠢᠭᠦᠨ᠂ ᠺᠠᠳ᠋ᠷᠴᠤᠳ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠴᠢᠬᠤᠯᠠ ᠶᠡᠭᠡ ᠠᠴᠢ ᠬᠤᠯᠪᠣᠭ᠍ᠳᠠᠯ᠂ ᠡᠯᠪᠡᠭ ᠪᠠᠶᠠᠯᠢᠭ ᠠᠭᠤᠯᠤᠭ᠍ᠳᠠᠬᠤᠨ᠎ᠢ ᠭᠦᠨᠵᠡᠭᠡᠢ ᠰᠤᠷᠤᠯᠴᠠᠨ ᠡᠵᠡᠮᠱᠢᠵᠦ᠍᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠠᠷᠢᠶᠠᠨ᠎ᠤ ᠵᠣᠷᠢᠭ ᠰᠠᠨᠠᠭ᠎ᠠ᠎ᠲᠠᠢ ᠦᠨᠡᠨ ᠬᠦ᠌ ᠨᠢᠭᠡᠳᠭᠡᠨ᠂ ᠬᠦᠰᠡᠯᠡᠩ ᠢᠲᠡᠭᠡᠯ ᠪᠢᠱᠢᠷᠡᠯ᠎ᠢᠶᠠᠨ ᠴᠢᠨᠠᠭ᠍ᠰᠢᠳᠠ ᠪᠠᠲᠤᠳᠭᠠᠵᠤ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠴᠢᠩᠭᠠᠳᠭᠠᠨ᠂ 《ᠳᠥᠷᠪᠡᠨ ᠤᠬᠠᠮᠰᠠᠷ》 ᠢᠶᠠᠨ ᠴᠢᠩᠭᠠᠳᠭᠠᠵᠤ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠤᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠤᠯᠤᠰ ᠲᠥᠷᠥ᠎ᠶ᠋ᠢᠨ ᠬᠠᠮᠲᠤ᠎ᠶ᠋ᠢᠨ ᠲᠠᠨᠢᠯᠲᠠ᠂ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠂ ᠣᠨᠣᠯ᠎ᠤᠨ ᠬᠠᠮᠲᠤ᠎ᠶ᠋ᠢᠨ ᠲᠠᠨᠢᠯᠲᠠ᠂ ᠬᠠᠢᠷ᠎ᠠ ᠰᠡᠳᠭᠢᠯᠭᠡ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠲᠠᠰᠤᠷᠠᠯᠲᠠ ᠥᠬᠡᠶ ᠴᠢᠩᠭᠠᠳᠭᠠᠵᠦ᠍᠂ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠪᠣᠭᠤᠮᠲᠠ᠎ᠶ᠋ᠢᠨ ᠨᠠᠮ᠎ᠤᠨ ᠬᠤᠷᠢᠶ᠎ᠠ᠎ᠶ᠋ᠢᠨ ᠭᠤᠤᠯ ᠠᠵᠢᠯ᠎ᠯᠤᠭ᠎ᠠ ᠤᠶᠠᠯᠳᠤᠭᠤᠯᠵᠤ᠂ ᠬᠠᠷᠢᠭᠤᠴᠠᠯᠭ᠎ᠠ ᠡᠭᠦᠷᠭᠡᠯᠡᠯ᠎ᠢᠶᠠᠨ ᠤᠯᠠᠮ ᠨᠢᠭᠡ ᠠᠯᠬᠤᠮ ᠴᠢᠩᠭᠠᠳᠭᠠᠨ᠂ ᠠᠵᠢᠯ᠎ᠤᠨ ᠰᠤᠷᠲᠠᠯ᠎ᠢᠶᠠᠨ ᠬᠤᠪᠢᠷᠠᠭᠤᠯᠵᠤ᠂ ᠠᠵᠢᠯ᠎ᠤᠨ ᠦᠷ᠎ᠡ ᠪᠦᠲᠦᠮᠵᠢ᠎ᠪᠠᠨ ᠳᠡᠭᠡᠭ᠌ᠰᠢᠯᠡᠭᠦᠯᠦᠨ᠂ ᠵᠡᠭᠦᠨ ᠬᠠᠲᠠᠪᠴᠢ ᠪᠣᠭᠤᠮᠲᠠ᠎ᠶ᠋ᠢᠨ ᠪᠥᠲᠥᠭᠡᠨ ᠪᠠᠢᠭᠤᠯᠤᠯᠲᠠ᠂ ᠬᠥᠭ᠌ᠵᠢᠯᠲᠡ᠎ᠶ᠋ᠢ ᠪᠥᠬᠦ᠌ ᠲᠠᠯ᠎ᠠ᠎ᠪᠠᠷ ᠠᠬᠢᠭᠤᠯᠤᠨ᠎ᠠ ᠭᠡᠵᠦ᠍ ᠢᠯᠡᠷᠭᠡᠢᠯᠡᠵᠡᠭᠡᠪᠡ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号