ᠱᠢᠨ᠎ᠡ ᠴᠠᠭ ᠦᠶ᠎ᠡ᠎ᠶ᠋ᠢᠨ ᠪᠠᠶᠠᠨᠨᠠᠭᠤᠷ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ
2021-08-01 12:54:27
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

ᠪᠠᠶᠠᠨᠨᠠᠭᠤᠷ ᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠴᠠᠩ ᡁᠢ ᠭᠠᠩ᠎ᠢ ᠰᠤᠷᠪᠤᠯᠵᠢᠯᠠᠭ᠍ᠰᠠᠨ᠎ᠨᠢ

 

《ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠥᠬᠦ᠌ ᠲᠠᠯ᠎ᠠ ᠪᠠ ᠳᠡᠯᠡᠬᠡᠶ᠎ᠶ᠋ᠢᠨ ᠵᠠᠭᠤᠨ ᠵᠢᠯ᠎ᠳᠤ ᠲᠣᠬᠢᠶᠠᠯᠳᠤᠭ᠎ᠠ ᠥᠬᠡᠶ ᠶᠡᠭᠡ ᠬᠤᠪᠢᠰᠤᠯᠲᠠ᠎ᠶ᠋ᠢ ᠨᠢᠭᠡᠳᠦᠯᠲᠡᠶ ᠲᠥᠯᠥᠪᠵᠢᠭᠦᠯᠬᠦ᠌ ᠴᠠᠭ ᠦᠶ᠎ᠡ᠎ᠶ᠋ᠢᠨ ᠦᠨᠳᠤᠷᠴᠡ᠎ᠳᠤ ᠵᠣᠭ᠍ᠰᠣᠵᠤ᠂ ᠭᠦᠨᠵᠡᠭᠡᠶ ᠬᠢᠷᠠᠬᠠᠢ ᠲᠡᠦᠬᠡᠨ ᠬᠠᠷᠠᠴᠠ᠂ ᠠᠭᠤᠳᠠᠮ ᠰᠠᠷᠠᠭᠤᠯ ᠲᠡᠦᠬᠡᠨ ᠬᠠᠷᠠᠭᠠᠰᠤ᠎ᠪᠠᠷ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠭᠡᠷᠡᠯ ᠰᠠᠴᠤᠷᠠᠩᠭᠤᠶ ᠥᠩᠭᠡᠷᠡᠯᠲᠡ᠎ᠶ᠋ᠢ ᠱᠢᠰᠲ᠋ᠧᠮ᠎ᠲᠠᠢ ᠡᠷᠭᠢᠴᠡᠭᠦᠯᠵᠦ᠍᠂ ᠱᠢᠨᠵᠢᠯᠡᠬᠦ᠌ ᠤᠬᠠᠭᠠᠨᠴᠢ᠎ᠪᠠᠷ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠭᠡᠭᠡᠨ ᠰᠠᠷᠠᠭᠤᠯ ᠢᠷᠡᠭᠡᠳᠦᠶ᠎ᠶ᠋ᠢ ᠪᠠᠷᠠᠯᠠᠨ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠦᠭ᠌ᠰᠡᠨ᠎ᠢ ᠲᠥᠪ ᠴᠢᠩᠭ᠎ᠠ᠎ᠪᠠᠷ ᠲᠤᠩᠬᠠᠭ᠍ᠯᠠᠵᠤ᠂ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠳᠡᠭᠡᠳᠦ ᠬᠡᠮᠵᠢᠶ᠎ᠡ᠎ᠪᠠᠷ ᠬᠤᠷᠢᠶᠠᠩᠭᠤᠢᠯᠠᠵᠤ᠂ ᠲᠡᠦᠬᠡ᠎ᠪᠠᠷ ᠲᠣᠯᠢ ᠪᠣᠯᠭᠠᠬᠤ᠂ ᠢᠷᠡᠭᠡᠳᠦᠶ᠎ᠶ᠋ᠢ ᠡᠭᠦᠳᠦᠨ ᠨᠡᠭᠡᠭᠡᠬᠦ᠌᠎ᠶ᠋ᠢᠨ 〈ᠶᠢᠰᠦᠨ ᠡᠷᠬᠡᠪᠰᠢ〉 ᠦᠨᠳᠦᠰᠦᠨ ᠱᠠᠭᠠᠷᠳᠠᠯᠭ᠎ᠠ᠎ᠶ᠋ᠢ ᠭᠦᠨᠵᠡᠭᠡᠶ ᠲᠣᠳᠣᠷᠬᠠᠢᠯᠠᠨ ᠥᠭᠦᠯᠡᠵᠤ᠂ ᠪᠦᠬᠦ᠌ ᠨᠠᠮ᠎ᠤᠨ ᠭᠡᠱᠢᠭᠦᠳ᠎ᠲᠤ ᠨᠠᠮ ᠪᠠ ᠠᠷᠠᠳ ᠲᠦᠮᠡᠨ᠎ᠤ ᠲᠦᠯᠦᠭᠡ ᠨᠡᠩ ᠶᠡᠭᠡ ᠢᠷᠠᠭᠤ ᠠᠯᠳᠠᠷ᠎ᠢ ᠲᠡᠮᠡᠴᠡᠨ ᠤᠯᠬᠤ ᠠᠭᠤᠤ ᠶᠡᠭᠡ ᠤᠷᠢᠶᠠᠯᠠᠭ᠎ᠠ ᠭᠠᠷᠭᠠᠭ᠍ᠰᠠᠨ ᠶᠤᠮ》 ᠬᠡᠵᠦ᠍ ᠪᠠᠶᠠᠨᠨᠠᠭᠤᠷ ᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠴᠠᠩ ᡁᠢ ᠭᠠᠩ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ ᠶᠠᠷᠢᠪᠠ᠃

ᠴᠠᠩ ᡁᠢ ᠭᠠᠩ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠥᠨᠳᠥᠷ᠎ᠲᠤ ᠵᠣᠭ᠍ᠰᠣᠨ ᠠᠯᠤᠰ᠎ᠢ ᠪᠠᠷᠠᠯᠠᠵᠥ᠍᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭ᠍ᠳᠠᠬᠤᠨ ᠡᠯᠪᠡᠭ ᠪᠠᠶᠠᠯᠢᠭ ᠪᠠᠢᠵᠤ᠂ ᠮᠠᠷᠺᠰ᠎ᠤᠨ ᠦᠵᠡᠯ᠎ᠤᠨ ᠦᠨᠡᠨ ᠶᠣᠰᠣᠨ᠎ᠤ ᠬᠡᠷᠡᠯ ᠭᠢᠯᠪᠠᠭ᠎ᠠ ᠰᠠᠴᠤᠷᠠᠭ᠍ᠰᠠᠨ ᠬᠥᠲᠥᠯᠪᠦᠷᠢ᠎ᠶ᠋ᠢᠨ ᠴᠢᠨᠠᠷᠲᠠᠢ ᠲᠤᠯᠭᠤᠷ ᠪᠢᠴᠢᠭ ᠮᠥᠨ᠂ ᠪᠦᠬᠦ᠌ ᠨᠠᠮ ᠪᠦᠬᠦ᠌ ᠤᠯᠤᠰ᠎ᠤᠨ ᠠᠷᠠᠳ ᠲᠦᠮᠡᠨ᠎ᠢ ᠵᠣᠷᠢᠭ᠍ᠵᠢᠭᠤᠯᠤᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠤᠨ ᠱᠢᠨ᠎ᠡ ᠪᠠᠢᠳᠠᠯ᠎ᠢ ᠨᠡᠭᠡᠭᠡᠨ ᠡᠭᠦᠳᠬᠦ᠌ ᠠᠵᠢᠯᠯᠠᠭᠠᠨ᠎ᠤ ᠵᠦᠭ᠌ᠯᠡᠭᠦᠷ ᠮᠥᠨ᠂ ᠶᠠᠷᠢᠶ᠎ᠠ᠎ᠨᠢ ᠬᠦᠴᠦᠷᠬᠡᠭ ᠶᠡᠭᠡ ᠦᠵᠡᠯ ᠰᠠᠨᠠᠭᠠᠨ᠎ᠤ ᠳᠣᠩᠰᠣᠯᠭᠠᠬᠤ ᠬᠦᠴᠦᠨ᠂ ᠤᠨᠤᠯ᠎ᠤᠨ ᠤᠷᠢᠶᠠᠯᠠᠬᠤ ᠬᠦᠴᠦᠨ᠂ ᠦᠢᠯᠡᠳᠦᠯᠭᠡ᠎ᠶ᠋ᠢᠨ ᠵᠢᠯᠣᠭᠤᠳᠭᠤ ᠬᠦᠴᠦᠨ᠎ᠲᠠᠢ ᠪᠠᠢᠵᠤ᠂ ᠪᠢᠳᠠᠨ᠎ᠢ ᠵᠣᠷᠢᠭ᠍ᠵᠢᠭᠤᠯᠵᠤ᠂ ᠲᠦᠢᠯ᠎ᠢᠶᠠᠷ ᠣᠮᠣᠭ᠍ᠰᠢᠭᠤᠯᠬᠤ ᠪᠥᠭᠡᠳ ᠡᠭᠦᠷᠭᠡ ᠬᠠᠷᠢᠭᠤᠴᠠᠯᠭ᠎ᠠ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠭᠡ ᠭᠡᠰᠡᠨ᠎ᠢ ᠤᠢ᠍ᠢᠯᠠᠭᠠᠭᠤᠯᠤᠭ᠍ᠰᠠᠨ ᠶᠤᠮ᠃ ᠪᠢᠳᠡ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠲᠡᠷᠢᠭᠦᠨ ᠴᠢᠬᠤᠯᠠ ᠤᠯᠤᠰ ᠲᠦᠷᠦ᠎ᠶ᠋ᠢᠨ ᠡᠭᠦᠷᠭᠡ ᠪᠣᠯᠭᠠᠵᠤ᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠪᠤᠢ ᠪᠣᠯᠭᠠᠵᠤ᠂ ᠵᠣᠷᠢᠭ ᠰᠠᠨᠠᠭᠠᠨ᠎ᠤ ᠴᠢᠬᠤᠯᠠ ᠠᠭᠤᠯᠭ᠎ᠠ᠎ᠶ᠋ᠢ ᠭᠦᠨᠵᠡᠭᠡᠢ ᠣᠢᠯᠠᠭᠠᠵᠤ᠂ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠶ᠋ᠢᠨ ᠪᠠᠶᠠᠨᠨᠠᠭᠤᠷ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠬᠠᠭᠤᠳᠠᠰᠤ᠎ᠶ᠋ᠢ ᠡᠷᠡᠮᠡᠬᠡᠢᠯᠡᠨ ᠪᠢᠴᠢᠭ᠌ᠯᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ 《ᠬᠤᠶᠠᠷ᠎ᠢ ᠬᠠᠮᠠᠭᠠᠯᠠᠬᠤ》 ᠎ᠶ᠋ᠢ ᠦᠢᠯᠡᠳᠦᠯᠭᠡᠵᠢᠭᠦᠯᠦᠨ᠎ᠠ ᠭᠡᠯ᠎ᠡ᠃

ᠨᠢᠭᠡ᠎ᠳᠤ᠂ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠡᠭᠦᠳᠦᠨ ᠪᠦᠲᠦᠭᠡᠭ᠌ᠰᠡᠨ ᠠᠭᠤᠤ ᠶᠡᠭᠡ ᠠᠮᠵᠢᠯᠲᠠ᠎ᠶ᠋ᠢ ᠭᠦᠨᠵᠡᠭᠡᠢ ᠣᠢᠯᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠡᠷᠡᠰ ᠪᠠᠲᠤ ᠢᠲᠡᠭᠡᠯ ᠵᠣᠷᠢᠭ᠎ᠢᠶᠠᠨ ᠢᠮᠠᠭ᠍ᠲᠠ ᠪᠠᠲᠤᠳᠭᠠᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠂ ᠮᠠᠨ᠎ᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠢᠭ᠌ᠰᠡᠨ ᠠᠯᠢᠪᠠ ᠲᠡᠮᠡᠴᠡᠯ᠂ ᠠᠯᠢᠪᠠ ᠦᠷᠡᠭ᠌ᠳᠡᠯ᠂ ᠠᠯᠢᠪᠠ ᠡᠭᠦᠳᠦᠯᠲᠡ᠎ᠶ᠋ᠢ ᠬᠤᠷᠢᠶᠠᠩᠭᠤᠢᠯᠠᠪᠠᠯ ᠳᠠᠷᠤᠢ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠭᠤᠣᠯ ᠰᠡᠳᠦᠪ ᠪᠣᠯᠤᠨ᠎ᠠ ᠭᠡᠵᠦ᠍ ᠵᠢᠭᠠᠵᠤ ᠭᠠᠷᠭᠠᠪᠠ᠃ ᠵᠠᠭᠤᠨ ᠵᠢᠯ᠎ᠤᠨ ᠲᠤᠷᠰᠢ ᠮᠠᠨ᠎ᠤ ᠨᠠᠮ ᠠᠷᠠᠳ ᠲᠦᠮᠡᠨ᠎ᠳᠤ ᠴᠢᠩᠭ᠎ᠠ ᠲᠦᠱᠢᠭ᠌ᠯᠡᠵᠦ᠍᠂ ᠤᠷᠢᠳ ᠡᠮᠦᠨ᠎ᠡ ᠭᠠᠷᠤᠭ᠎ᠠ ᠦᠭᠡᠢ ᠤᠯᠤᠰ᠎ᠢᠶᠠᠨ ᠠᠪᠤᠷᠠᠬᠤ ᠶᠡᠭᠡ ᠦᠢᠯᠡᠰ᠂ ᠲᠡᠭ᠌ᠷᠢ ᠭᠠᠵᠠᠷ᠎ᠢ ᠦᠭᠡᠷᠡᠴᠢᠯᠡᠮ᠎ᠠ ᠤᠯᠤᠰ ᠪᠠᠢᠭᠤᠯᠬᠤ ᠶᠡᠭᠡ ᠦᠢᠯᠡᠰ᠂ ᠲᠡᠭ᠌ᠷᠢ ᠭᠠᠵᠠᠷ᠎ᠢ ᠬᠤᠪᠢᠷᠠᠭᠤᠯᠤᠮ᠎ᠠ ᠤᠯᠤᠰ᠎ᠢᠶᠠᠨ ᠪᠠᠶᠠᠵᠢᠭᠤᠯᠬᠤ ᠶᠡᠭᠡ ᠦᠢᠯᠡᠰ᠂ ᠲᠩᠷᠢ ᠭᠠᠵᠠᠷ᠎ᠢ ᠳᠣᠩᠰᠣᠯᠭᠠᠮ᠎ᠠ ᠤᠯᠤᠰ᠎ᠢᠶᠠᠨ ᠬᠦᠴᠦᠷᠬᠡᠭ᠌ᠵᠢᠭᠦᠯᠬᠦ᠌ ᠶᠡᠭᠡ ᠦᠢᠯᠡᠰ᠎ᠢ ᠡᠭᠦᠳᠴᠦ᠍᠂ ᠲᠠᠪᠬᠤᠷ ᠲᠠᠪᠬᠤᠷ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠳᠡᠯᠡᠬᠡᠶ ᠳ᠋ᠠᠬᠢᠨ᠎ᠳᠤ ᠬᠤᠪᠣᠷᠬᠠᠨ ᠲᠣᠬᠢᠶᠠᠯᠳᠤᠬᠤ ᠠᠵᠤ ᠠᠬᠤᠶ᠎ᠶ᠋ᠢᠨ ᠲᠦᠷᠭᠡᠨ ᠬᠥᠭ᠌ᠵᠢᠯᠲᠡ ᠪᠠ ᠨᠡᠢᠭᠡᠮ᠎ᠤᠨ ᠣᠷᠳᠣ ᠬᠤᠭᠤᠴᠠᠭᠠᠨ᠎ᠤ ᠲᠣᠭ᠍ᠲᠠᠭᠤᠨ ᠪᠠᠢᠳᠠᠯ 《ᠬᠤᠶᠠᠷ ᠶᠡᠭᠡ ᠭᠠᠢᠬᠠᠮᠱᠢᠭ》 ᠎ᠢ ᠪᠠᠬᠢᠵᠢᠭᠦᠯᠦᠨ ᠬᠥᠭ᠌ᠵᠢᠭᠦᠯᠵᠦ᠍᠂ ᠬᠢᠵᠢᠭ᠎ᠲᠠᠢ ᠲᠡᠮᠡᠴᠡᠬᠦ᠌ ᠶᠡᠷᠦᠩᠬᠡᠶ ᠳᠠᠢᠯᠠᠯᠳᠤᠭᠠᠨ ᠪᠣᠯᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠱᠢᠨ᠎ᠡ 《ᠬᠤᠶᠠᠷ ᠶᠡᠭᠡ ᠭᠠᠢᠬᠠᠮᠱᠢᠭ》 ᠎ᠢ ᠡᠭᠦᠳᠦᠨ ᠪᠦᠲᠦᠭᠡᠵᠦ᠍᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ᠎ᠶ᠋ᠢᠨ ᠵᠠᠮ᠎ᠢᠶᠠᠷ ᠵᠠᠮᠨᠠᠵᠤ᠂ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠤᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠴᠤ᠌᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠨᠠᠩ ᠪᠦᠷᠢᠨ ᠲᠡᠭᠦᠯᠳᠡᠷ ᠳᠦᠷᠢᠮ᠎ᠤᠨ ᠪᠠᠲᠤᠯᠠᠭ᠎ᠠ᠂ ᠨᠠᠩ ᠪᠠᠲᠤ ᠪᠠᠬᠢ ᠪᠣᠳᠠᠰ᠎ᠤᠨ ᠰᠠᠭᠤᠷᠢ᠂ ᠨᠠᠩ ᠰᠠᠨᠠᠭᠠᠴᠢᠯᠠᠭ᠎ᠠ᠎ᠲᠠᠢ ᠣᠶᠤᠨ ᠰᠠᠨᠠᠭᠠᠨ᠎ᠤ ᠬᠦᠴᠦᠨ ᠬᠠᠩᠭᠠᠵᠤ᠂ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ᠂ ᠪᠠᠶᠠᠵᠢᠨ ᠴᠢᠨᠡᠭᠡᠯᠢᠭ᠌ᠵᠢᠭ᠌ᠰᠡᠨ᠎ᠠᠴᠠ ᠬᠦᠴᠦᠷᠬᠡᠭ᠌ᠵᠢᠬᠦ᠌ ᠠᠭᠤᠤ ᠶᠡᠭᠡ ᠦᠰᠦᠷᠦᠯᠲᠡ᠎ᠶ᠋ᠢ ᠤᠭ᠍ᠲᠤᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠡᠷᠬᠢᠵᠤ ᠪᠤᠯᠤᠰᠢ ᠦᠭᠡᠢ ᠲᠡᠦᠬᠡ᠎ᠶ᠋ᠢᠨ ᠠᠬᠢᠴᠠ᠎ᠳᠤ ᠣᠷᠣᠪᠠ᠃

ᠪᠢᠳᠡ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠥᠩᠭᠡᠷᠡᠯᠲᠡ ᠪᠣᠯᠤᠨ ᠠᠭᠤᠤ ᠶᠡᠭᠡ ᠠᠮᠵᠢᠯᠲᠠ ᠪᠦᠲᠦᠮᠵᠢ᠎ᠠᠴᠠ 《ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠳᠡᠢᠯᠳᠡᠭ ᠪᠤᠢ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠶᠠᠭᠠᠬᠢᠭᠠᠳ ᠰᠠᠢᠨ ᠪᠤᠢ ᠭᠡᠪᠡᠯ ᠡᠴᠦᠰ᠎ᠤᠨ ᠡᠴᠦᠰ᠎ᠲᠡᠭᠡᠨ ᠮᠠᠷᠺᠰ᠎ᠤᠨ ᠦᠵᠡᠯ᠎ᠠᠴᠠ ᠪᠣᠯᠤᠭ᠍ᠰᠠᠨ ᠶᠤᠮ》 ᠭᠡᠳᠡᠭ᠎ᠢ ᠭᠦᠨᠵᠡᠭᠡᠢ ᠤᠬᠠᠮᠰᠠᠷᠯᠠᠵᠤ᠂ ᠨᠠᠮ᠎ᠤᠨ ᠤᠳᠤᠷᠢᠳᠤᠯᠭ᠎ᠠ ᠳᠣᠣᠷ᠎ᠠ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ᠂ ᠪᠠᠶᠠᠵᠢᠨ ᠴᠢᠨᠡᠭᠡᠯᠢᠭ᠌ᠵᠢᠭ᠌ᠰᠡᠨ᠎ᠠᠴᠠ ᠬᠦᠴᠦᠷᠬᠡᠭ᠌ᠵᠢᠭ᠌ᠰᠡᠨ ᠬᠥᠭ᠌ᠵᠢᠯᠲᠡ᠎ᠶ᠋ᠢᠨ ᠶᠡᠭᠡ ᠬᠠᠨᠳᠤᠰᠢ᠎ᠶ᠋ᠢ ᠭᠦᠨᠵᠡᠭᠡᠢ ᠲᠠᠨᠢᠵᠤ᠂ ᠲᠡᠦᠬᠡ᠎ᠶ᠋ᠢᠨ ᠵᠢᠮ᠎ᠡ ᠶᠣᠰᠣ᠎ᠶ᠋ᠢ ᠤᠯᠠᠮ ᠴᠢᠨᠠᠭ᠍ᠰᠢᠳᠠ ᠡᠵᠡᠮᠳᠡᠵᠦ᠍᠂ ᠲᠡᠦᠬᠡ᠎ᠶ᠋ᠢᠨ ᠲᠣᠭ᠍ᠲᠠᠯ ᠬᠦᠴᠦᠨ᠎ᠢ ᠪᠠᠲᠤᠯᠠᠵᠤ᠂ ᠨᠠᠮ᠎ᠤᠨ ᠤᠳᠤᠷᠢᠳᠤᠯᠭ᠎ᠠ᠎ᠶ᠋ᠢᠨ ᠢᠲᠡᠭᠡᠯ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠢᠲᠡᠭᠡᠯ ᠵᠣᠷᠢᠭ᠎ᠢᠶᠠᠨ ᠤᠯᠠᠮ ᠪᠠᠲᠤᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠶ᠋ᠢᠨ ᠲᠥᠯᠥᠭᠡ ᠡᠷᠡᠰ ᠭᠤᠢᠪᠢᠰᠢ ᠦᠭᠡᠢ ᠴᠥᠬᠦᠷᠡᠰᠢ ᠦᠭᠡᠢ ᠲᠡᠮᠡᠴᠡᠬᠦ᠌ ᠬᠡᠷᠡᠭ᠌ᠲᠡᠢ᠃

ᠬᠤᠶᠠᠷ᠎ᠲᠤ᠌᠂ ᠨᠠᠮ ᠪᠠᠢᠭᠤᠯᠤᠬ᠍ᠰᠠᠨ ᠠᠭᠤᠤ ᠶᠡᠭᠡ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ ᠪᠣᠯᠤᠨ ᠴᠠᠭ ᠦᠶ᠎ᠡ᠎ᠶ᠋ᠢᠨ ᠦᠨ᠎ᠡ ᠦᠷᠳᠡᠭ᠎ᠢ ᠭᠦᠨᠵᠡᠭᠡᠢ ᠣᠢᠯᠠᠭᠠᠵᠤ᠂ ᠪᠦᠬᠦ᠌ ᠬᠤᠳᠠ᠎ᠶ᠋ᠢᠨ ᠳᠡᠭᠡᠳᠦ ᠲᠤᠤᠷᠠᠳᠤ ᠱᠠᠳᠤ᠎ᠪᠠᠷ᠎ᠢᠶᠠᠨ ᠱᠢᠨ᠎ᠡ ᠠᠶᠠᠨ᠎ᠳᠠᠭᠠᠨ ᠡᠷᠡᠯᠬᠡᠭ᠌ᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠤ ᠭᠠᠪᠢᠶ᠎ᠠ ᠪᠠᠢᠭᠤᠯᠬᠤ ᠬᠦᠴᠦᠷᠬᠡᠭ ᠶᠡᠭᠡ ᠬᠥᠳᠡᠯᠭᠡᠬᠦ᠌ ᠬᠦᠴᠦᠨ᠎ᠢ ᠬᠥᠭ᠌ᠵᠢᠭᠡᠨ᠎ᠠ᠃ ᠶᠡᠷᠦᠩᠬᠡᠢ ᠱᠦᠵᠢ ᠰᠢ᠎ᠶ᠋ᠢᠨ ᠫᠢᠩ  《7 · 1》 ᠎ᠤ ᠴᠢᠬᠤᠯᠠ ᠶᠠᠷᠢᠶᠠᠨ᠎ᠳᠠᠭᠠᠨ 《ᠦᠨᠡᠨ ᠶᠣᠰᠣ᠎ᠶ᠋ᠢ ᠪᠠᠷᠢᠮᠲᠠᠯᠠᠬᠤ᠂ ᠬᠦᠰᠡᠯᠡᠩ᠎ᠢᠶᠠᠨ ᠪᠠᠲᠤ ᠰᠠᠬᠢᠬᠤ᠂ ᠤᠭ ᠰᠠᠨᠠᠭ᠎ᠠ᠎ᠪᠠᠨ ᠦᠢᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠦᠷᠡᠭ᠌ᠳᠡᠯ ᠰᠦᠢᠳᠦᠯ᠎ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ᠎ᠢᠶᠠᠷ ᠲᠡᠮᠡᠴᠡᠬᠦ᠂ ᠨᠠᠮ᠎ᠳᠠᠭᠠᠨ ᠦᠨᠡᠨᠴᠢ ᠱᠢᠳᠤᠷᠭᠤ᠂ ᠠᠷᠠᠳ ᠲᠦᠮᠡᠨ᠎ᠳᠡᠭᠡᠨ ᠣᠰᠣᠯᠳᠠᠬᠤ ᠦᠭᠡᠢ》 ᠨᠠᠮ ᠪᠠᠢᠭᠤᠯᠤᠬ᠍ᠰᠠᠨ ᠠᠭᠤᠤ ᠶᠡᠭᠡ ᠵᠣᠷᠢᠭ ᠰᠠᠨᠠᠭ᠎ᠠ᠎ᠶ᠋ᠢ ᠠᠩᠬ᠎ᠠ ᠤᠳᠠᠭ᠎ᠠ ᠳᠤᠷᠠᠳᠤᠨ ᠭᠠᠷᠭᠠᠭ᠍ᠰᠠᠨ ᠪᠥᠭᠡᠳ ᠭᠦᠨᠵᠡᠭᠡᠢ ᠲᠣᠳᠣᠷᠬᠠᠢᠯᠠᠨ ᠥᠭᠦᠯᠡᠵᠦ᠍᠂ ᠵᠣᠷᠢᠭ ᠰᠠᠨᠠᠭᠠᠨ᠎ᠤ ᠲᠠᠯ᠎ᠠ᠎ᠠᠴᠠ ᠮᠠᠷᠺᠰ᠎ᠤᠨ ᠦᠵᠡᠯ᠎ᠤᠨ ᠨᠠᠮ᠎ᠤᠨ ᠪᠠᠢᠭᠤᠯᠤᠯᠲᠠ᠎ᠶ᠋ᠢᠨ ᠤᠨᠤᠯ᠎ᠢ ᠪᠠᠶᠠᠯᠢᠭ᠍ᠵᠢᠭᠤᠯᠤᠨ ᠬᠥᠭ᠌ᠵᠢᠭᠦᠯᠵᠦ᠍᠂ ᠨᠠᠮ᠎ᠤᠨ ᠪᠠᠢᠭᠤᠯᠤᠯᠲᠠ᠎ᠶ᠋ᠢ ᠠᠬᠢᠭᠤᠯᠬᠤ ᠠᠭᠤᠤ ᠶᠡᠭᠡ ᠱᠢᠨ᠎ᠡ ᠢᠨᠵᠧᠨᠧᠷᠢᠩ᠎ᠤᠨ ᠱᠢᠨ᠎ᠡ ᠠᠬᠤᠢ ᠪᠠᠢᠳᠠᠯ᠎ᠢ ᠨᠡᠭᠡᠭᠡᠪᠡ᠃ ᠡᠨᠡ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠭ᠎ᠤᠨ ᠱᠢᠰᠲ᠋ᠧᠮ᠎ᠤᠨ ᠲᠤᠬᠠᠢ ᠱᠢᠰᠲ᠋ᠧᠮ᠎ᠲᠠᠢ ᠠᠪᠰᠠᠷᠬᠠᠨ ᠪᠥᠭᠡᠳ ᠶᠡᠷᠦᠩᠬᠡᠢᠯᠡᠭ᠌ᠰᠡᠨ ᠬᠤᠷᠢᠶᠠᠩᠭᠤᠢᠯᠠᠯ ᠪᠠᠢᠵᠤ᠂ ᠨᠠᠮ ᠪᠠᠢᠭᠤᠯᠵᠤ ᠨᠠᠮ᠎ᠢ ᠮᠠᠨᠳᠤᠭᠤᠯᠬᠤ ᠨᠠᠮ᠎ᠢ ᠬᠦᠴᠦᠷᠬᠡᠭ᠌ᠵᠢᠭᠦᠯᠬᠦ᠌᠎ᠳᠤ ᠡᠯᠪᠡᠭ ᠪᠠᠶᠠᠯᠢᠭ ᠤᠶᠤᠨ ᠰᠠᠨᠠᠭᠠᠨ᠎ᠤ ᠱᠢᠮ᠎ᠡ ᠲᠡᠵᠢᠭᠡᠯ ᠬᠠᠩᠭᠠᠭ᠍ᠰᠠᠨ ᠶᠤᠮ᠃ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠠᠭᠤᠤ ᠶᠡᠭᠡ ᠠᠶᠠᠨ᠎ᠳᠤ᠂ ᠪᠢᠳᠡ ᠢᠷᠠᠭᠤ ᠠᠯᠳᠠᠷᠲᠤ ᠤᠯᠠᠮᠵᠢᠯᠠᠯ᠎ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠭᠠᠯᠲᠤ ᠤᠳᠤᠮᠱᠢᠯ᠎ᠢᠶᠠᠨ ᠦᠷᠭᠦᠯᠵᠢᠯᠡᠨ ᠵᠠᠯᠭᠠᠮᠵᠢᠯᠠᠵᠤ᠂ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠡᠭᠦᠷᠢᠳᠡ ᠵᠠᠯᠭᠠᠮᠵᠢᠯᠠᠵᠤ ᠪᠠᠳᠠᠷᠠᠭᠤᠯᠤᠨ ᠳᠡᠯᠭᠡᠷᠡᠭᠦᠯᠬᠦ᠌ ᠬᠡᠷᠡᠭ᠌ᠲᠡᠢ᠃ ᠦᠨᠡᠨ ᠶᠣᠰᠣ᠎ᠶ᠋ᠢ ᠪᠠᠷᠢᠮᠲᠠᠯᠠᠵᠤ᠂ ᠬᠦᠰᠡᠯᠡᠩ᠎ᠤᠨ ᠦᠷᠳᠡᠭ᠎ᠤᠨ ᠬᠥᠭᠡᠭᠡᠴᠡᠯᠳᠦᠯ᠎ᠢᠶᠠᠨ ᠪᠠᠲᠤ ᠰᠠᠬᠢᠵᠤ᠂ ᠤᠬᠠᠮᠰᠠᠷ᠎ᠠᠴᠠ᠎ᠪᠠᠨ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠪᠦᠬᠦ᠌ ᠬᠤᠳᠠ᠎ᠶ᠋ᠢᠨ ᠨᠠᠮ᠎ᠤᠨ ᠭᠡᠱᠢᠭᠦᠨ ᠺᠠᠳ᠋ᠷ᠎ᠤᠨ ᠲᠠᠷᠢᠬᠢ ᠲᠣᠯᠣᠭᠠᠢ᠎ᠶ᠋ᠢ ᠵᠡᠪᠰᠡᠭ᠌ᠯᠡᠵᠦ᠍᠂ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠤᠨ ᠰᠤᠳᠤᠯᠭᠠᠨ᠎ᠢᠶᠠᠷ ᠠᠵᠢᠯ᠎ᠢᠶᠠᠨ ᠲᠥᠯᠥᠪᠵᠢᠭᠦᠯᠬᠦ᠌ ᠴᠢᠳᠠᠪᠤᠷᠢ ᠪᠣᠯᠤᠨ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃ ᠤᠭ ᠰᠠᠨᠠᠭ᠎ᠠ᠎ᠪᠠᠨ ᠦᠢᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠌ ᠲᠡᠮᠡᠴᠡᠯ᠎ᠤᠨ ᠭᠤᠤᠯ ᠰᠡᠳᠦᠪ᠎ᠲᠠᠢ ᠨᠢᠭ᠍ᠲᠠ ᠤᠶᠠᠯᠳᠤᠭᠤᠯᠤᠨ᠂ ᠪᠦᠬᠦ᠌ ᠰᠡᠳᠭᠢᠯ ᠪᠦᠬᠦ᠌ ᠵᠣᠷᠢᠭ᠎ᠢᠶᠠᠷ ᠠᠷᠠᠳ ᠲᠦᠮᠡᠨ᠎ᠳᠤ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠪᠠᠲᠤ ᠴᠡᠭᠡᠵᠢᠯᠡᠵᠦ᠍᠂ ᠪᠦᠬᠦ᠌ ᠬᠤᠲᠠ᠎ᠶ᠋ᠢᠨ ᠠᠷᠠᠳ ᠲᠦᠮᠡᠨ᠎ᠢ ᠢᠮᠠᠭ᠍ᠲᠠ ᠪᠦᠯᠬᠦᠮᠳᠡᠭᠦᠯᠦᠨ ᠳᠠᠭᠠᠭᠤᠯᠵᠤ ᠬᠦᠴᠦ᠎ᠪᠠᠨ ᠬᠠᠮᠳᠤᠳᠭᠠᠵᠤ᠂ ᠰᠠᠢᠨ ᠰᠠᠢᠬᠠᠨ ᠠᠮᠢᠳᠤᠷᠠᠯ᠎ᠢ ᠪᠡᠶᠡᠯᠡᠭᠦᠯᠬᠦ᠌᠎ᠶ᠋ᠢᠨ ᠲᠥᠯᠥᠭᠡ ᠴᠥᠬᠦᠷᠡᠰᠢ ᠦᠭᠡᠢ ᠴᠢᠷᠮᠠᠢᠬᠤ ᠬᠡᠷᠡᠭ᠌ᠲᠡᠶ᠃ ᠦᠷᠡᠭ᠌ᠳᠡᠯ ᠰᠦᠢᠳᠦᠯ᠎ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ ᠲᠡᠮᠡᠴᠡᠯ ᠪᠤᠯ ᠢᠯᠠᠯᠲᠠ᠎ᠶ᠋ᠢᠨ ᠦᠨᠳᠦᠰᠦ ᠪᠤᠯᠬᠤ᠎ᠶ᠋ᠢ ᠪᠠᠲᠤ ᠴᠡᠭᠡᠵᠢᠯᠡᠵᠦ᠍᠂ 《ᠨᠠᠨᠳᠢᠨ ᠠᠮᠢ᠎ᠪᠠᠨ ᠴᠦᠯᠡᠨ ᠦᠷᠡᠭ᠌ᠳᠡᠭᠦᠯᠬᠦ᠌ ᠠᠤᠭ᠎ᠠ ᠵᠤᠷᠢᠭ ᠦᠯᠡᠮᠵᠢ᠂ ᠨᠠᠷᠠᠨ ᠰᠠᠷᠠᠨ᠎ᠢ ᠵᠢᠭᠠᠨ ᠲᠤᠬᠢᠷᠴᠤ᠌ ᠱᠢᠨ᠎ᠠ ᠶᠢᠷᠳᠢᠨᠴᠤ᠌ ᠪᠤᠯᠭᠠᠬᠤ》 ᠲᠡᠮᠡᠴᠡᠯ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠪᠦᠬᠦ᠌ ᠬᠤᠳᠠ᠎ᠶ᠋ᠢᠨ ᠠᠷᠠᠳ ᠲᠦᠮᠡᠨ᠎ᠢ ᠦᠷᠭᠦᠯᠵᠢᠯᠡᠨ ᠳᠠᠭᠠᠭᠤᠯᠤᠨ ᠡᠷᠡᠯᠬᠡᠭ᠌ᠯᠡᠨ ᠤᠷᠤᠭ᠍ᠰᠢᠯᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠱᠢᠨ᠎ᠡ ᠴᠠᠭ ᠦᠶ᠎ᠡ᠎ᠳᠤ ᠱᠢᠨ᠎ᠡ ᠦᠢᠯᠡᠰ ᠪᠦᠲᠦᠭᠡᠵᠦ᠍᠂ ᠱᠢᠨ᠎ᠡ ᠠᠮᠵᠢᠯᠲᠠ ᠪᠦᠲᠦᠮᠵᠢ ᠭᠠᠷᠭᠠᠬᠤ᠎ᠪᠠᠷ ᠴᠢᠷᠮᠠᠢᠬᠤ ᠬᠡᠷᠡᠭ᠌ᠲᠡᠢ᠃ ᠨᠠᠮ᠎ᠳᠠᠭᠠᠨ ᠦᠨᠡᠨᠴᠢ ᠱᠢᠳᠤᠷᠭᠤ᠂ ᠠᠷᠠᠳ ᠲᠦᠮᠡᠨ᠎ᠳᠤ ᠦᠯᠦ᠍ ᠣᠰᠣᠯᠳᠠᠬᠤ ᠵᠠᠩ ᠰᠤᠷᠲᠠᠯ᠎ᠢ ᠪᠠᠲᠤ ᠰᠠᠬᠢᠵᠤ᠂ ᠨᠠᠮ᠎ᠳᠠᠭᠠᠨ ᠦᠨᠡᠨᠴᠢ ᠱᠢᠳᠤᠷᠭᠤ ᠪᠠᠢᠬᠤ ᠶᠡᠭᠡ ᠮᠣᠷᠠᠯ᠎ᠢ ᠤᠬᠠᠮᠰᠠᠷ᠎ᠠᠴᠠ᠎ᠪᠠᠨ ᠡᠷᠬᠢᠮᠯᠡᠵᠦ᠍᠂ ᠠᠷᠠᠳ ᠲᠦᠮᠡᠨ᠎ᠳᠤ ᠪᠤᠶᠠᠨ ᠦᠢᠯᠡᠳᠬᠦ᠌ ᠨᠡᠢᠲᠡ᠎ᠶ᠋ᠢᠨ ᠶᠣᠰᠣ ᠰᠤᠷᠳᠠᠬᠤᠨ᠂ ᠪᠡᠶ᠎ᠡ᠎ᠪᠠᠨ ᠴᠢᠩᠭ᠎ᠠ ᠱᠠᠭᠠᠷᠳᠠᠬᠤ ᠵᠠᠩ ᠮᠣᠷᠠᠯ᠎ᠢ ᠡᠷᠬᠢᠮᠯᠡᠵᠦ᠍᠂ ᠡᠪ ᠬᠠᠮᠲᠤᠴᠤᠳ᠎ᠤᠨ ᠤᠶᠤᠨ ᠰᠠᠨᠠᠭᠠᠨ᠎ᠤ ᠭᠡᠷ ᠣᠷᠣᠨ᠎ᠢᠶᠠᠨ ᠪᠠᠲᠤ ᠰᠠᠬᠢᠵᠤ᠂ ᠨᠠᠮ ᠪᠠ ᠠᠷᠠᠳ ᠲᠦᠮᠡᠨ᠎ᠤ ᠦᠢᠯᠡᠰ᠎ᠲᠤ ᠦᠨᠡᠨᠴᠢ ᠱᠢᠳᠤᠷᠭᠤ ᠪᠠᠢᠬᠤ᠎ᠪᠠᠷ ᠪᠦᠬᠦ᠌ ᠬᠤᠳᠠ᠎ᠶ᠋ᠢᠨ ᠠᠷᠠᠳ ᠲᠦᠮᠡᠨ᠎ᠤ ᠢᠲᠡᠭᠡᠯ ᠪᠠ ᠬᠦᠷᠢᠶᠡᠯᠡᠯ᠎ᠢ ᠣᠯᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠤ ᠪᠦᠯᠬᠦᠮᠳᠡᠨ ᠲᠡᠮᠡᠴᠡᠬᠦ᠂ ᠠᠵᠢᠯ ᠬᠢᠵᠦ᠍ ᠦᠢᠯᠡᠰ ᠪᠦᠲᠦᠭᠡᠬᠦ᠌ ᠬᠦᠴᠦᠷᠬᠡᠭ ᠶᠡᠭᠡ ᠨᠡᠢᠯᠡᠯ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃

ᠭᠤᠷᠪᠠ᠎ᠳᠤ᠂ ᠲᠡᠦᠬᠡ᠎ᠪᠠᠷ ᠲᠣᠯᠢ ᠪᠣᠯᠭᠠᠵᠤ᠂ ᠢᠷᠡᠭᠡᠳᠦᠢ᠎ᠶ᠋ᠢ ᠡᠭᠦᠳᠦᠨ ᠪᠠᠢᠭᠤᠯᠬᠤ 《ᠶᠢᠰᠦᠨ ᠡᠷᠬᠡᠪᠰᠢ》 ᠎ᠶ᠋ᠢᠨ ᠦᠨᠳᠦᠰᠦᠨ ᠱᠠᠭᠠᠷᠳᠠᠯᠭ᠎ᠠ᠎ᠶ᠋ᠢ ᠭᠦᠨᠵᠡᠭᠡᠢ ᠡᠵᠡᠮᠱᠢᠵᠦ᠍᠂ ᠣᠳᠣᠬᠢᠴᠢᠯᠠᠭ᠍ᠰᠠᠨ ᠪᠠᠶᠠᠨᠨᠠᠭᠤᠷ᠎ᠤᠨ ᠪᠦᠲᠦᠭᠡᠨ ᠪᠠᠢᠭᠤᠯᠤᠯᠲᠠ᠎ᠶ᠋ᠢ ᠭᠤᠢᠪᠢᠰᠢ ᠦᠭᠡᠢ ᠠᠬᠢᠭᠤᠯᠤᠨ᠎ᠠ᠃ ᠶᠡᠷᠦᠩᠬᠡᠶ ᠱᠦᠵᠢ ᠰᠢ᠎ᠶ᠋ᠢᠨ ᠫᠢᠩ᠎ᠤᠨ  《7 · 1》 ᠎ᠤ ᠴᠢᠬᠤᠯᠠ ᠶᠠᠷᠢᠶ᠎ᠠ᠎ᠨᠢ ᠲᠡᠦᠬᠡ᠎ᠪᠠᠷ ᠲᠣᠯᠢ ᠪᠣᠯᠭᠠᠬᠤ᠂ ᠢᠷᠡᠭᠡᠳᠦᠶ᠎ᠶ᠋ᠢ ᠨᠡᠭᠡᠭᠡᠬᠦ᠌᠎ᠲᠠᠢ ᠤᠶᠠᠯᠳᠤᠭᠤᠯᠤᠨ᠂ 《ᠶᠢᠰᠦᠨ ᠡᠷᠬᠡᠪᠰᠢ》 ᠎ᠶ᠋ᠢᠨ ᠦᠨᠳᠦᠰᠦᠨ ᠱᠠᠭᠠᠷᠳᠠᠯᠭ᠎ᠠ᠎ᠶ᠋ᠢ ᠲᠣᠳᠣᠷᠬᠠᠶ ᠳᠤᠷᠠᠳᠴᠤ᠌᠂ ᠨᠠᠮ ᠪᠠ ᠤᠯᠤᠰ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠤᠳᠤᠷᠢᠳᠭᠤ ᠭᠤᠤᠯ ᠬᠦᠴᠦᠨ᠂ ᠥᠷᠲᠡᠭ᠎ᠤᠨ ᠬᠥᠭᠡᠭᠡᠴᠡᠯᠳᠦᠯ᠂ ᠣᠨᠣᠯ᠎ᠤᠨ ᠵᠢᠯᠣᠭᠤᠳᠣᠯᠭ᠎ᠠ᠂ ᠪᠠᠢᠯᠳᠤᠬᠤ ᠪᠣᠳᠣᠯᠭ᠎ᠠ᠎ᠶ᠋ᠢᠨ ᠲᠦᠱᠢᠭ ᠲᠤᠯᠭᠠᠭᠤᠷᠢ᠂ ᠭᠠᠳᠠᠭᠠᠳᠤ ᠣᠷᠴᠢᠨ ᠨᠥᠬᠦᠴᠡᠯ᠂ ᠬᠦᠴᠦᠨ ᠴᠢᠳᠠᠯ᠎ᠤᠨ ᠢᠷᠡᠯᠲᠡ ᠵᠡᠷᠭᠡ ᠠᠯᠢ ᠣᠯᠠᠨ ᠱᠢᠷᠢᠰ ᠴᠢᠬᠤᠯᠠ ᠶᠡᠭᠡ ᠠᠰᠠᠭᠤᠳᠠᠯ᠎ᠳᠤ ᠱᠢᠨᠵᠢᠯᠡᠬᠦ᠌ ᠤᠬᠠᠭᠠᠨᠴᠢ᠎ᠪᠠᠷ ᠬᠠᠷᠢᠭᠤᠯᠲᠠ ᠥᠭ᠌ᠭᠦᠭ᠌ᠰᠡᠨ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠠᠶᠠᠯᠢᠭ᠍ᠵᠢᠭᠤᠯᠤᠨ ᠬᠥᠭ᠌ᠵᠢᠭᠦᠯᠵᠦ᠍᠂ ᠱᠢᠨ᠎ᠡ ᠠᠶᠠᠨ ᠵᠠᠮ᠎ᠳᠠᠬᠢ ᠨᠠᠮ ᠪᠠ ᠤᠯᠤᠰ᠎ᠤᠨ ᠡᠯ᠎ᠡ  ᠵᠦᠢᠯ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢᠯᠠᠬ᠍ᠰᠠᠨ ᠪᠠᠢᠨ᠎ᠠ᠃

ᠪᠢᠳᠡ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠡᠷᠡᠰ ᠲᠤᠭᠤᠱᠢᠯᠠᠭᠤᠯᠵᠤ᠂ ᠴᠠᠭ ᠦᠶ᠎ᠡ᠎ᠠᠴᠠ ᠣᠯᠭᠤᠭ᠍ᠰᠠᠨ ᠲᠡᠦᠬᠡᠲᠦ ᠡᠭᠦᠷᠭᠡ᠎ᠶ᠋ᠢ ᠦᠨᠡᠨ ᠬᠦ᠌ ᠡᠭᠦᠷᠭᠡᠯᠡᠵᠦ᠍᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠪᠠᠢᠳᠠᠯ᠎ᠳᠤ ᠲᠣᠬᠢᠷᠠᠭᠤᠯᠤᠨ ᠲᠣᠭ᠍ᠲᠠᠭᠠᠵᠤ ᠥᠭ᠌ᠭᠦᠭ᠌ᠰᠡᠨ 《ᠬᠤᠶᠠᠷ ᠬᠠᠯᠬᠠᠪᠴᠢ》 ᠎ᠶ᠋ᠢ ᠪᠠᠲᠤ ᠴᠣᠭ᠍ᠴᠠᠯᠠᠬᠤ᠂ 《ᠬᠤᠶᠠᠷ ᠰᠠᠭᠤᠷᠢᠨ ᠭᠠᠵᠠᠷ》 ᠪᠠ 《ᠨᠢᠭᠡ ᠪᠠᠬᠢᠯᠡᠯᠲᠡ》 ᠎ᠶ᠋ᠢ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠴᠢᠩᠭ᠎ᠠ ᠠᠳᠭᠤᠵᠤ᠂ 《ᠭᠤᠷᠪᠠᠨ ᠱᠢᠨ᠎ᠡ》 ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠣᠨᠣᠪᠴᠢᠲᠠᠶ ᠡᠵᠡᠮᠳᠡᠵᠦ᠍᠂ ᠪᠦᠬᠦ᠌ ᠤᠯᠤᠰ ᠪᠦᠬᠦ᠌ ᠣᠷᠣᠨ᠎ᠤ ᠶᠡᠭᠡ ᠲᠠᠯ᠎ᠠ᠎ᠳᠠᠬᠢ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠶ ᠡᠷᠢᠨ ᠤᠯᠵᠤ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠠᠨ ᠪᠠᠲᠤᠯᠠᠵᠤ᠂ ᠠᠮᠢ ᠠᠬᠤᠶ᠎ᠶ᠋ᠢ ᠤᠷᠢᠳ᠎ᠢᠶᠠᠷ ᠪᠤᠳᠤᠯᠬᠢᠯᠠᠵᠤ᠂ ᠪᠣᠬᠢᠷᠲᠤᠯ ᠦᠭᠡᠢ᠎ᠪᠠᠷ ᠬᠥᠭ᠌ᠵᠢᠬᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠦᠨᠡᠨ ᠬᠦ᠌ ᠰᠠᠢᠲᠤᠷ ᠨᠠᠢᠳᠠᠪᠤᠷᠢᠵᠢᠭᠤᠯᠵᠤ᠂ ᠤᠯᠠᠭᠠᠨᠰᠤᠬᠠᠢ ᠨᠠᠭᠤᠷ᠎ᠤᠨ ᠵᠠᠰᠠᠯᠲᠠ ᠪᠠ ᠤᠳᠤ ᠦᠶ᠎ᠡ᠎ᠶ᠋ᠢᠨ ᠲᠠᠷᠢᠶᠠᠯᠠᠩ᠎ᠤᠨ ᠬᠥᠭ᠌ᠵᠢᠯᠲᠡ᠎ᠶ᠋ᠢ ᠰᠠᠢᠲᠤᠷ ᠠᠤᠡᠬᠤᠵᠤ᠂ ᠣᠳᠣᠬᠢᠴᠢᠯᠠᠭ᠍ᠰᠠᠨ ᠠᠮᠢ ᠠᠬᠤᠢ᠎ᠶ᠋ᠢᠨ ᠲᠠᠷᠢᠶᠠᠯᠠᠩ᠎ᠤᠨ ᠬᠤᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠦᠷᠭᠡᠤᠡᠬᠡᠵᠦ᠍᠂ ᠠᠷᠤ ᠭᠠᠵᠠᠷ᠎ᠤᠨ ᠵᠢᠶᠠᠩᠨᠠᠨ᠂ ᠪᠣᠬᠢᠷᠲᠤᠯ ᠦᠭᠡᠢ᠎ᠪᠠᠷ ᠬᠥᠭ᠌ᠵᠢᠨ ᠮᠠᠨᠳᠤᠬᠤ᠎ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠢ᠃ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠭᠦᠨᠵᠡᠭᠡᠶ  ᠦᠢᠯᠡᠳᠦᠯᠭᠡᠵᠢᠭᠦᠯᠵᠦ᠍᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠶ᠂ ᠰᠠᠭᠤᠷᠢ ᠴᠢᠨᠠᠷᠲᠠᠶ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠯ᠎ᠡ  ᠵᠦᠢᠯ᠎ᠤᠨ ᠨᠡᠢᠭᠡᠮ᠎ᠤᠨ  ᠦᠢᠯᠡᠰ᠎ᠢ ᠶᠡᠭᠡ᠎ᠪᠠᠷ ᠬᠥᠭ᠌ᠵᠢᠭᠦᠯᠵᠦ᠍᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠤᠯ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠤ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠵᠤ᠂ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠪᠦᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠤᠲᠠ᠎ᠶ᠋ᠢ ᠴᠢᠷᠮᠠᠢᠨ ᠪᠠᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠬᠤ ᠬᠡᠷᠡᠭ᠌ᠳᠡᠢ᠃ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠶ ᠱᠠᠭᠠᠷᠳᠠᠯᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ᠎ᠶ᠋ᠢ ᠪᠠᠢᠩᠭᠤᠵᠢᠭᠤᠯᠬᠤ᠂ ᠲᠥᠪᠯᠡᠷᠡᠭᠦᠯᠦᠨ ᠬᠤᠭᠤᠴᠠᠭ᠎ᠠ ᠰᠣᠯᠢᠬᠤ ᠵᠡᠷᠭᠡ ᠠᠵᠢᠯ᠎ᠢ ᠰᠠᠢᠲᠤᠷ ᠠᠳᠭᠤᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠦᠷᠭᠦᠯᠵᠢᠯᠡᠨ ᠠᠬᠢᠭᠤᠯᠵᠤ᠂ ᠨᠠᠮ᠎ᠤᠨ ᠪᠠᠢᠭᠤᠯᠤᠯᠲᠠ᠎ᠶ᠋ᠢᠨ ᠶᠠᠰᠤ ᠴᠢᠨᠠᠷ ᠪᠣᠯᠤᠨ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠡᠯ᠎ᠡ ᠵᠦᠢᠯ᠎ᠤᠨ ᠠᠵᠢᠯ ᠦᠢᠯᠡᠰ᠎ᠤᠨ ᠬᠥᠭ᠌ᠵᠢᠯᠲᠡ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠳᠡᠢ᠃

ᠠᠭᠤᠤ ᠶᠡᠭᠡ ᠴᠠᠭ ᠦᠶ᠎ᠡ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠤᠨ᠎ᠠ᠂ ᠠᠭᠤᠤ ᠶᠡᠭᠡ ᠤᠷᠢᠶᠠᠯᠠᠭ᠎ᠠ ᠬᠥᠮᠦᠰ᠎ᠤᠨ ᠰᠡᠳᠭᠢᠯ᠎ᠢ ᠵᠣᠷᠢᠭ᠍ᠵᠢᠭᠤᠯᠤᠨ᠎ᠠ᠃ ᠪᠢᠳᠡ ᠶᠡᠷᠦᠩᠬᠡᠶ ᠱᠦᠵᠢ ᠰᠢ᠎ᠶ᠋ᠢᠨ ᠫᠢᠩ᠎ᠤᠨ ᠠᠭᠤᠤ ᠶᠡᠭᠡ ᠤᠷᠢᠶᠠᠯᠠᠭ᠎ᠠ᠎ᠶ᠋ᠢ ᠡᠷᠡᠰ ᠴᠤᠤᠷᠢᠶᠠᠳᠤᠨ ᠳᠠᠭᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠢᠴᠢᠨ ᠪᠠᠬᠢᠯᠡᠯᠲᠡ ᠪᠣᠯᠤᠨ ᠨᠠᠮ᠎ᠤᠨ ᠭᠡᠱᠢᠭᠦᠨ ᠺᠠᠳ᠋ᠷᠴᠤᠳ᠎ᠤᠨ ᠬᠤᠱᠢᠭᠤᠴᠢ ᠵᠢᠱ᠌ᠢᠶᠡᠴᠢ  ᠦᠢᠯᠡᠳᠦᠯ᠎ᠢ  ᠭᠦᠢᠴᠡᠳ ᠪᠠᠳᠠᠷᠠᠭᠤᠯᠵᠤ᠂ ᠥᠷᠭᠡᠨ ᠣᠯᠠᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠤᠨ ᠠᠭᠤᠤ ᠶᠡᠭᠡ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠨᠠᠩ ᠶᠡᠭᠡ ᠱᠢᠨ᠎ᠡ ᠬᠥᠭ᠌ᠵᠢᠯᠲᠡ᠎ᠶ᠋ᠢ ᠪᠡᠶᠡᠯᠡᠭᠦᠯᠬᠦ᠌᠎ᠪᠠᠷ ᠴᠢᠷᠮᠠᠢᠵᠤ᠂ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠥᠲᠥᠭᠡᠨ ᠪᠠᠢᠭᠤᠯᠬᠤ᠎ᠳᠤ ᠪᠠᠶᠠᠨᠨᠠᠭᠤᠷ᠎ᠤᠨ ᠬᠤᠪᠢ ᠨᠡᠮᠡᠷᠢ᠎ᠶ᠋ᠢ ᠦᠵᠡᠭᠦᠯᠵᠦ᠍᠂ ᠨᠠᠮ ᠪᠣᠯᠤᠨ ᠠᠷᠠᠳ ᠲᠦᠮᠡᠨ᠎ᠳᠤ ᠨᠠᠩ ᠶᠡᠭᠡ ᠢᠷᠠᠭᠤ ᠠᠯᠳᠠᠷ᠎ᠢ ᠲᠡᠮᠡᠴᠡᠨ ᠤᠯᠬᠤ᠎ᠪᠠᠷ ᠴᠢᠷᠮᠠᠢᠨ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号