ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠤᠯ᠎ᠤᠨ ᠡᠨᠧᠷᠬᠢ᠎ᠶ᠋ᠢᠨ ᠪᠦᠳᠦᠬᠡᠨ ᠪᠠᠢᠭᠤᠯᠤᠯᠳᠠ᠎ᠶ᠋ᠢᠨ ᠪᠡᠯᠡ ᠤᠷᠤᠭᠤᠯᠤᠯᠳᠠ᠎ᠶ᠋ᠢᠨ ᠪᠦᠯᠦᠭ᠌ᠯᠡᠯ ᠺᠤᠮᠫᠠᠨᠢ᠎ᠳᠤ ᠤᠬᠠᠭᠤᠯᠤᠨ ᠲᠠᠢᠯᠪᠤᠷᠢᠯᠠᠪᠠ
2021-08-10 09:17:06
ᠵᠣᠬᠢᠶᠠᠭ᠍ᠴᠢ᠄
ᠶᠠᠩ ᠹᠠᠨ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 8 ᠎ᠤ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠤᠯ᠎ᠤᠨ ᠡᠨᠧᠷᠬᠢ᠎ᠶ᠋ᠢᠨ ᠪᠥᠲᠥᠬᠡᠨ ᠪᠠᠢᠭᠤᠯᠤᠯᠲᠠ᠎ᠶ᠋ᠢᠨ ᠪᠡᠯᠡ ᠤᠷᠤᠭᠤᠯᠤᠯᠲᠠ᠎ᠶ᠋ᠢᠨ ᠪᠦᠯᠦᠭ᠌ᠯᠡᠯ ᠺᠤᠮᠫᠠᠨᠢ᠎ᠳᠤ ᠤᠬᠠᠭᠤᠯᠤᠨ ᠲᠠᠢᠯᠪᠤᠷᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠥᠪᠥᠷ ᠮᠣᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ᠂ ᠳᠡᠳ᠋ ᠫᠷᠤᠹᠧᠰᠰᠤᠷ ᠸᠠᠩ ᠶᠠᠨ ᠲᠤᠰ ᠪᠦᠯᠦᠭ᠌ᠯᠡᠯ᠎ᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠲᠤ ᠭᠦᠨᠵᠡᠭᠡᠢ ᠣᠢᠯᠠᠭᠠᠮᠵᠢᠲᠠᠢ᠂ ᠠᠮᠢᠳᠤᠯᠢᠭ ᠪᠣᠳᠠᠲᠠᠢ ᠤᠬᠠᠭᠤᠯᠤᠨ ᠲᠠᠢᠯᠪᠤᠷᠢᠯᠠᠯᠳᠠ ᠬᠢᠪᠡ᠃ ᠸᠠᠩ ᠶᠠᠨ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠴᠢᠬᠤᠯᠠ ᠶᠡᠭᠡ ᠠᠴᠢ ᠬᠤᠯᠪᠣᠭ᠍ᠳᠠᠯ᠂ ᠭᠤᠣᠯ ᠠᠭᠤᠯᠭ᠎ᠠ ᠪᠣᠯᠤᠨ ᠪᠠᠶᠠᠯᠢᠭ ᠠᠭᠤᠯᠤᠭ᠍ᠳᠠᠬᠤᠨ᠎ᠢ ᠲᠣᠳᠣᠷᠬᠠᠢᠯᠠᠨ ᠥᠭᠦᠯᠡᠵᠦ᠍᠂ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭᠠᠨ᠎ᠤ ᠭᠦᠨᠵᠡᠭᠡᠢ ᠠᠭᠤᠯᠤᠭ᠍ᠳᠠᠬᠤᠨ᠂ ᠴᠠᠭ ᠦᠶ᠎ᠡ᠎ᠶ᠋ᠢᠨ ᠦᠷᠳᠡᠭ ᠵᠢᠴᠢ ᠱᠢᠨ᠎ᠡ ᠠᠶᠠᠨ᠎ᠳᠤ ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠭᠡᠭᠡᠬᠦ᠌ ᠦᠨᠳᠦᠰᠦᠨ ᠱᠠᠭᠠᠷᠳᠠᠯᠭ᠎ᠠ᠎ᠶ᠋ᠢ ᠲᠠᠢᠯᠪᠤᠷᠢᠯᠠᠭ᠍ᠰᠠᠨ᠎ᠤ ᠬᠠᠮᠲᠤ᠌᠂ ᠴᠢᠬᠤᠯᠠ ᠶᠠᠷᠢᠶᠠᠨ᠎ᠳᠤ ᠳᠤᠷᠠᠳᠤᠭ᠍ᠰᠠᠨ ᠠᠯᠢ ᠤᠯᠠᠨ ᠱᠢᠨ᠎ᠡ ᠦᠵᠡᠯ ᠰᠠᠨᠠᠭ᠎ᠠ᠂ ᠱᠢᠨ᠎ᠡ ᠦᠵᠡᠯᠲᠡ᠂ ᠱᠢᠨ᠎ᠡ ᠱᠠᠭᠠᠷᠳᠠᠯᠭ᠎ᠠ᠎ᠶ᠋ᠢᠨ ᠲᠣᠭᠤᠷᠢᠨ᠎ᠳᠤ ᠱᠢᠰᠲ᠋ᠧᠮ᠎ᠲᠠᠢ ᠲᠠᠢᠯᠪᠤᠷᠢᠯᠠᠪᠠ᠃

ᠤᠬᠠᠭᠤᠯᠤᠨ ᠲᠠᠢᠯᠪᠤᠷᠢᠯᠠᠬᠤ᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ᠎ᠤ ᠳᠠᠷᠠᠭ᠎ᠠ᠂ ᠥᠪᠥᠷ ᠮᠣᠩᠭᠤᠯ᠎ᠤᠨ ᠡᠨᠧᠷᠬᠢ᠎ᠶ᠋ᠢᠨ ᠪᠦᠳᠦᠬᠡᠨ ᠪᠠᠢᠭᠤᠯᠤᠯᠳᠠ᠎ᠶ᠋ᠢᠨ ᠪᠡᠯᠡ ᠤᠷᠤᠭᠤᠯᠤᠯᠳᠠ᠎ᠶ᠋ᠢᠨ ᠪᠦᠯᠦᠭ᠌ᠯᠡᠯ ᠺᠤᠮᠫᠠᠨᠢ᠎ᠶ᠋ᠢᠨ ᠨᠠᠮ᠎ᠤᠨ ᠬᠤᠷᠢᠶᠠᠨ᠎ᠤ ᠲᠣᠭᠤᠷᠢᠨ ᠴᠠᠬ᠍ᠳᠠᠬᠤ ᠨᠢᠭᠡᠳᠦᠭᠡᠷ ᠳᠤᠭᠤᠢᠯᠠᠩ᠎ᠤᠨ ᠳᠠᠷᠤᠭ᠎ᠠ ᠹᠠᠨ ᠫᠸᠢ ᠵᠦᠩ᠄ 《ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠭᠦᠨᠵᠡᠭᠡᠢ ᠳ᠋ᠦᠩᠨᠡᠪᠡ᠂ ᠡᠨᠡ ᠪᠣᠯ ᠮᠠᠷᠺᠰ᠎ᠤᠨ ᠦᠵᠡᠯ᠎ᠤᠨ ᠬᠥᠲᠥᠯᠪᠦᠷᠢ᠎ᠶ᠋ᠢᠨ ᠴᠢᠨᠠᠷᠲᠠᠢ ᠲᠤᠯᠭᠤᠷ ᠪᠢᠴᠢᠭ ᠮᠥᠨ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠬ ᠰᠠᠨᠠᠭ᠎ᠠ᠎ᠪᠠᠨ ᠦᠯᠦ᠍ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌ ᠤᠯᠤᠰ ᠲᠦᠷᠦ᠎ᠶ᠋ᠢᠨ ᠲᠤᠩᠬᠠᠭ ᠮᠥᠨ᠃ ᠲᠣᠭᠤᠷᠢᠨ ᠴᠠᠭ᠍ᠳᠠᠬᠤ ᠺᠠᠳ᠋ᠷ ᠪᠣᠯᠤᠭ᠍ᠰᠠᠨ᠎ᠤ ᠬᠤᠪᠢ᠎ᠳᠤ᠂ ᠪᠢ ᠲᠣᠭᠤᠷᠢᠨ ᠴᠠᠭ᠍ᠳᠠᠬᠤ ᠠᠵᠢᠯ᠎ᠤᠨ ᠪᠣᠳᠠᠲᠤ ᠪᠠᠢᠳᠠᠯ᠎ᠲᠠᠢ ᠨᠢᠭ᠍ᠲᠠ ᠤᠶᠠᠯᠳᠤᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ 〈7 · 1〉 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠣᠢᠯᠠᠭᠠᠬᠤ᠎ᠶ᠋ᠢᠨ ᠬᠠᠮᠲᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠲᠣᠭᠤᠷᠢᠨ ᠴᠠᠭ᠍ᠳᠠᠬᠤ ᠠᠵᠢᠯ᠎ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠬᠤ ᠪᠠ ᠲᠣᠭᠤᠷᠢᠨ ᠴᠠᠭ᠍ᠳᠠᠬᠤ ᠭᠤᠣᠯᠳᠠᠯᠭ᠎ᠠ᠎ᠲᠠᠢ ᠠᠵᠢᠯ᠎ᠢ ᠠᠬᠢᠭᠤᠯᠬᠤ ᠡᠭᠦᠷᠭᠡ᠎ᠲᠠᠢ ᠤᠶᠠᠯᠳᠤᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠲᠠᠢ ᠤᠶᠠᠯᠳᠤᠭᠤᠯᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠱᠢᠨ᠎ᠡ ᠠᠶᠠᠨ᠎ᠢ ᠨᠡᠭᠡᠭᠡᠬᠦ᠂ ᠱᠢᠨ᠎ᠡ ᠴᠠᠭ ᠦᠶ᠎ᠡ᠎ᠳᠤ ᠡᠷᠡᠮᠡᠬᠡᠢᠯᠡᠨ ᠤᠷᠤᠭ᠍ᠰᠢᠯᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠠᠢ》 ᠭᠡᠵᠤ ᠬᠦᠨ ᠲᠦᠷᠦᠭ᠌ᠳᠡᠯ᠎ᠲᠠᠢ ᠬᠡᠯᠡᠪᠡ᠃

ᠤᠬᠠᠭᠤᠯᠤᠨ ᠳᠠᠢᠯᠪᠤᠷᠢᠯᠠᠬᠤ᠎ᠠᠴᠠ ᠰᠡᠩᠭᠡᠷᠡᠭᠦᠯᠦᠯ ᠤᠯᠵᠥ᠍᠂ ᠦᠪᠦᠷ ᠮᠤᠩᠭᠤᠯ᠎ᠤᠨ ᠡᠨᠧᠷᠬᠢ᠎ᠶ᠋ᠢᠨ ᠪᠥᠲᠥᠬᠡᠨ ᠪᠠᠢᠭᠤᠯᠤᠯᠲᠠ᠎ᠶ᠋ᠢᠨ ᠪᠡᠯᠡ ᠤᠷᠤᠭᠤᠯᠤᠯᠲᠠ᠎ᠶ᠋ᠢᠨ ᠪᠦᠯᠦᠭ᠌ᠯᠡᠯ ᠺᠤᠮᠫᠠᠨᠢ᠎ᠶ᠋ᠢᠨ ᠬᠠᠷᠢᠶᠠᠠ᠎ᠳᠠᠬᠢ ᠴᠠᠬᠢᠯᠭᠠᠠ ᠬᠦᠴᠤᠨ᠎ᠤ ᠪᠦᠲᠦᠭᠡᠡ ᠪᠠᠢᠭᠤᠯᠤᠯᠲᠠ (ᠪᠦᠯᠦᠭ᠌ᠯᠡᠯ) ᠎ᠶ᠋ᠢᠨ ᠬᠢᠵᠠᠭᠠᠷᠲᠦ ᠺᠤᠮᠫᠠᠨᠢ᠎ᠶ᠋ᠢᠨ ᠨᠠᠮ᠎ᠤᠨ ᠬᠤᠷᠢᠶᠠᠠ᠎ᠤ ᠭᠡᠱᠢᠭᠦᠨ᠂ ᠠᠵᠢᠯᠴᠢᠨ᠎ᠤ ᠡᠪᠯᠡᠯ᠎ᠤᠨ ᠲᠡᠷᠢᠭᠦᠯᠡᠭ᠌ᠴᠢ᠂ ᠲᠡᠳ᠋ ᠶᠡᠷᠦᠩᠭᠡᠢ ᠲᠠᠭᠠᠭᠠᠮᠠᠯ ᠵᠢᠶᠠ ᠬᠤᠩ ᠪᠢᠨ᠄ 《ᠶᠡᠷᠦᠩᠭᠡᠢ ᠱᠦᠵᠢ ᠰᠢ᠎ᠶ᠋ᠢᠨ ᠫᠢᠩ ᠲᠤᠮᠲᠠᠲᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠲᠠᠭ᠍ᠰᠠᠠ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠲᠡᠭᠡᠷ᠎ᠠ᠂ ᠠᠭᠤᠤ ᠶᠡᠭᠡ ᠨᠠᠮ ᠪᠠᠢᠭᠤᠯᠬᠤ ᠵᠤᠷᠢᠭ ᠰᠠᠨᠠᠭ᠎ᠠ ᠭᠡᠵᠦ᠍ ᠠᠩᠬ᠎ᠠ ᠤᠲᠠᠭ᠎ᠠ ᠲᠤᠷᠠᠲᠤᠭ᠍ᠰᠠᠠ ᠪᠦᠭᠡᠳ ᠬᠦᠨᠵᠡᠭᠡᠢ ᠲᠤᠲᠤᠷᠬᠠᠢᠯᠠᠠ ᠲᠠᠢᠯᠪᠤᠷᠢᠯᠠᠯᠲᠠ ᠬᠢᠵᠠᠢ᠃ ᠠᠵᠢᠯ ᠲᠤᠮᠲᠠ᠎ᠪᠠᠨ᠂ ᠪᠢᠲᠠ ᠵᠠᠪᠠᠯ ᠠᠵᠢᠯᠴᠢᠨ᠎ᠤ ᠡᠪᠯᠡᠯ᠎ᠤᠨ ᠵᠤᠬᠢᠶᠠᠠ ᠪᠠᠢᠭᠤᠯᠤᠯᠲᠠ᠎ᠶ᠋ᠢᠨ ᠤᠯᠤᠰ ᠲᠦᠷᠦ᠎ᠶ᠋ᠢᠨ ᠬᠠᠷᠢᠶᠠᠯᠠᠬᠤ ᠴᠢᠨᠠᠷ ᠪᠤᠯᠤᠨ ᠠᠵᠢᠯᠴᠢᠨ᠎ᠤ ᠡᠪᠯᠡᠯ᠎ᠤᠨ ᠠᠵᠢᠯ᠎ᠤᠨ ᠤᠯᠤᠰ ᠲᠦᠷᠦ᠎ᠶ᠋ᠢᠨ ᠪᠠᠢᠷᠢ ᠲᠤᠭ᠍ᠲᠠᠭᠠᠯᠲᠠ᠎ᠶ᠋ᠢ ᠯᠠᠪᠲᠠᠭᠤᠨ ᠡᠵᠡᠮᠲᠡᠵᠦ᠍᠂ ᠦᠷᠭᠡᠡ ᠤᠯᠠᠠ ᠠᠵᠢᠯᠲᠠᠠ ᠠᠵᠢᠯᠴᠢᠨ᠎ᠲᠠᠢ ᠪᠦᠯᠭᠦᠮᠲᠡᠵᠦ᠍ ᠲᠡᠲᠡᠡ᠎ᠢ ᠬᠦᠲᠦᠯᠦᠨ ᠲᠠᠭᠠᠭᠤᠯᠵᠦ᠍ ᠨᠠᠮ᠎ᠤᠨ ᠦᠭᠡ᠎ᠶ᠋ᠢ ᠭᠤᠢᠪᠢᠰᠢ ᠦᠭᠡᠢ ᠰᠤᠨᠤᠰᠴᠤ᠌᠂ ᠨᠠᠮ᠎ᠢ ᠴᠤᠴᠠᠯᠲᠡ ᠦᠭᠡᠢ ᠲᠠᠭᠠᠨ᠎ᠠ ᠭᠡᠵᠦ᠍ ᠵᠤᠷᠢᠭ ᠱᠢᠭᠤᠲᠤᠭᠤᠯᠵᠦ᠍᠂ ᠠᠵᠢᠯᠲᠠᠠ ᠠᠵᠢᠯᠴᠢᠨ᠎ᠤ ᠵᠤᠪᠠᠵᠦ᠍ ᠪᠠᠢᠭ᠎ᠠ ᠤᠴᠢᠷ ᠲᠦᠪᠡᠭ ᠤᠴᠢᠷ᠎ᠢ ᠰᠠᠢᠲᠤᠷ ᠱᠢᠢᠳᠪᠦᠷᠢᠯᠡᠠ ᠦᠭ᠌ᠴᠤ᠂ 〈ᠪᠢ ᠤᠯᠠᠠ ᠲᠦᠮᠠᠠ᠎ᠳᠤ ᠪᠤᠲᠠᠲᠤ ᠤᠴᠢᠷ ᠬᠢᠵᠦ᠍ ᠦᠭ᠌ᠭᠦᠨ᠎ᠠ〉 ᠭᠡᠬᠦ᠌ ᠦᠢᠯᠡᠲᠦᠯᠭᠡ᠎ᠶ᠋ᠢᠨ ᠠᠵᠢᠯᠯᠠᠭ᠎ᠠ᠎ᠶ᠋ᠢ ᠯᠠᠪᠲᠠᠭᠤᠨ ᠪᠠᠲᠤᠲᠠᠢ ᠰᠠᠢᠲᠤᠷ ᠦᠷᠨᠢᠭᠦᠯᠦᠨ᠎ᠠ》 ᠭᠡᠵᠦ᠍ ᠬᠡᠯᠡᠪᠡ᠃

ᠥᠪᠥᠷ ᠮᠣᠩᠭᠤᠯ᠎ᠤᠨ ᠡᠨᠧᠷᠬᠢ᠎ᠶ᠋ᠢᠨ ᠪᠦᠲᠦᠭᠡᠨ ᠪᠠᠢᠭᠤᠯᠤᠯᠳᠠ᠎ᠶ᠋ᠢᠨ ᠪᠡᠯᠡ ᠤᠷᠤᠭᠤᠯᠤᠯᠳᠠ᠎ᠤᠨ ᠪᠦᠯᠦᠭ᠌ᠯᠡᠯ᠎ᠤᠨ ᠱᠢᠨ᠎ᠡ ᠡᠨᠧᠷᠭᠢ᠎ᠶ᠋ᠢᠨ ᠺᠣᠮᠫᠠᠨᠢ᠎ᠶ᠋ᠢᠨ ᠨᠠᠮ᠎ᠤᠨ ᠬᠤᠷᠢᠶᠠᠨ᠎ᠤ ᠭᠡᠱᠢᠭᠦᠨ᠂ ᠳᠡᠳ᠋ ᠶᠡᠷᠦᠩᠬᠡᠢ ᠳᠠᠭᠠᠭᠠᠮᠠᠯ᠂ ᠶᠡᠷᠦᠩᠬᠡᠢ ᠢᠨᠵᠧᠨᠧᠷ ᠶᠤᠸᠠᠢ ᡁᠢ ᠶᠦᠩ᠄ 《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠭᠤ᠎ᠪᠠᠷ ᠲᠠᠮᠵᠢᠨ᠂ ᠪᠢ ᠮᠠᠨ᠎ᠤ ᠨᠠᠮ᠎ᠤᠨ ᠭᠠᠰᠠᠯᠠᠩ ᠵᠣᠪᠠᠯᠠᠩ᠎ᠠᠴᠠ ᠭᠡᠷᠡᠯ ᠰᠠᠴᠤᠷᠠᠩᠭᠤᠢ ᠪᠣᠯᠤᠭ᠍ᠰᠠᠨ ᠬᠠᠲᠠᠭᠤᠵᠢᠯᠲᠠᠢ ᠥᠩᠭᠡᠷᠡᠯᠲᠡ᠎ᠶ᠋ᠢ ᠭᠦᠨᠵᠡᠭᠡᠢ ᠣᠢᠯᠠᠭᠠᠪᠠ᠃ ᠬᠤᠢᠱᠢᠳᠠ᠎ᠶ᠋ᠢᠨ ᠠᠵᠢᠯ᠎ᠤᠨ ᠳᠤᠮᠳᠠ᠂ ᠪᠢᠳᠡ ᠡᠷᠬᠡᠪᠰᠢ ᠤᠬᠠᠮᠰᠠᠷ᠎ᠠᠴᠠ᠎ᠪᠠᠨ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢᠶᠠᠨ ᠬᠥᠭ᠌ᠵᠢᠯᠲᠡ᠎ᠶ᠋ᠢ ᠠᠬᠢᠭᠤᠯᠬᠤ ᠠᠵᠢᠯ᠎ᠤᠨ ᠰᠡᠳᠭᠢᠴᠡ ᠪᠠ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠠᠮᠢ ᠠᠬᠤᠶ᠎ᠶ᠋ᠢ ᠲᠡᠷᠢᠭᠦᠨ᠎ᠳᠤ ᠲᠠᠯᠪᠢᠬᠤ᠂ ᠪᠣᠬᠢᠷᠲᠤᠯ ᠥᠬᠡᠶ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠣᠳᠣᠬᠢᠴᠢᠯᠠᠭ᠍ᠰᠠᠨ ᠡᠨᠧᠷᠭᠢ᠎ᠶ᠋ᠢᠨ ᠠᠵᠤ ᠠᠬᠤᠢᠯᠠᠯ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠪᠦᠯᠦᠭ᠌ᠯᠡᠯ ᠺᠣᠮᠫᠠᠨᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠥᠯᠥᠭᠡ ᠴᠥᠬᠦᠷᠡᠰᠢ ᠥᠬᠡᠶ ᠲᠡᠮᠡᠴᠡᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠤᠨ ᠰᠠᠭᠤᠷᠢ᠎ᠶ᠋ᠢ ᠳᠡᠭᠡᠳᠦ ᠲᠠᠰ ᠪᠣᠯᠭᠠᠬᠤ᠂ ᠠᠵᠤ ᠦᠢᠯᠡᠰ᠎ᠤᠨ ᠬᠡᠯᠬᠢᠶ᠎ᠡ᠎ᠶ᠋ᠢ ᠣᠳᠣᠬᠢᠴᠢᠯᠠᠬᠤ ᠪᠠ ᠠᠵᠤ ᠠᠬᠤᠶ ᠨᠡᠢᠭᠡᠮ᠎ᠤᠨ ᠪᠥᠬᠦ᠌ ᠲᠠᠯ᠎ᠠ᠎ᠪᠠᠷ ᠪᠣᠬᠢᠷᠲᠤᠯ ᠥᠬᠡᠶ ᠬᠡᠯᠪᠡᠷᠢ᠎ᠪᠠᠨ ᠬᠤᠪᠢᠷᠠᠭᠤᠯᠬᠤ᠎ᠶ᠋ᠢ ᠲᠦᠷᠭᠡᠳᠭᠡᠨ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠡᠶ᠃

ᠥᠪᠥᠷ ᠮᠣᠩᠭᠤᠯ᠎ᠤᠨ ᠪᠦᠯᠦᠭ᠌ᠯᠡᠯ ᠪᠠᠢᠭᠤᠯᠬᠤ ᠨᠠᠮ᠎ᠤᠨ ᠭᠡᠱᠢᠭᠦᠨ ᠺᠠᠳ᠋ᠷᠴᠤᠳ᠂ ᠶᠡᠷᠦᠩᠬᠡᠢ ᠱᠦᠵᠢ ᠰᠢ᠎ᠶ᠋ᠢᠨ ᠫᠢᠩ᠎ᠤ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠵᠤ᠂ ᠨᠠᠷᠢᠨ ᠣᠢᠯᠠᠭᠠᠵᠤ᠂ ᠦᠨᠡᠨᠬᠦ᠌ ᠬᠡᠷᠡᠭ᠌ᠵᠢᠭᠦᠯᠵᠦ᠍᠂ ᠰᠤᠷᠤᠯᠴᠠᠯᠭ᠎ᠠ᠎ᠶ᠋ᠢ ᠭᠦᠨᠵᠡᠭᠡᠢ ᠭᠦᠨᠵᠡᠭᠡᠢᠷᠡᠭᠦᠯᠬᠦ᠂ ᠪᠣᠳᠠᠲᠠᠢ᠎ᠳᠤ ᠭᠦᠨᠵᠡᠭᠡᠢᠷᠡᠭᠦᠯᠬᠦ᠂ ᠰᠡᠳᠭᠢᠯ᠎ᠳᠤ ᠬᠠᠳᠠᠩᠱᠢᠭᠤᠯᠬᠤ᠎ᠶ᠋ᠢ ᠦᠨᠡᠨᠬᠦ᠌ ᠠᠬᠢᠭᠤᠯᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠺᠣᠮᠫᠠᠨᠢ᠎ᠶ᠋ᠢᠨ ᠱᠢᠨ᠎ᠡ ᠭᠠᠷᠤᠭ᠎ᠠ᠎ᠳᠤ ᠰᠠᠭᠤᠷᠢᠯᠠᠬᠤ᠂ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠬᠤ᠂ ᠱᠢᠨ᠎ᠡ ᠴᠠᠭ ᠦᠶ᠎ᠡ᠎ᠳᠤ ᠭᠠᠪᠢᠶ᠎ᠠ ᠪᠠᠢᠭᠤᠯᠬᠤ ᠰᠡᠳᠭᠢᠴᠡ ᠠᠷᠭ᠎ᠠ ᠬᠡᠮᠵᠢᠶ᠎ᠡ ᠪᠠ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭ᠌ᠲᠡᠢ ᠭᠡᠵᠦ᠍ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号