8 ᠰᠠᠷ᠎ᠠ᠎ᠶ᠋ᠢᠨ 9 ᠤ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠳᠤ ᠤᠬᠠᠭᠤᠯᠤᠨ ᠲᠠᠢᠯᠪᠤᠷᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠥᠪᠥᠷ ᠮᠣᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ᠂ ᠳᠡᠳ᠋ ᠫᠷᠤᠹᠧᠰᠰᠤᠷ ᠸᠠᠩ ᠶᠠᠨ 《ᠡᠷᠡᠮᠡᠭᠡᠢ ᠵᠠᠭᠤᠨ ᠵᠢᠯ ᠱᠢᠭᠤᠷᠬᠠᠢ ᠱᠢᠨ᠎ᠠ ᠠᠶᠠᠨ ᠨᠠᠮ᠎ᠤᠨ ᠲᠡᠦᠬᠡ᠎ᠠᠴᠠ ᠤᠶᠤᠨ ᠤᠬᠠᠭᠠᠨ ᠪᠠ ᠬᠦᠴᠦᠨ ᠴᠢᠳᠠᠯ ᠣᠯᠤᠨ᠎ᠠ》 ᠭᠡᠬᠦ᠌ ᠰᠡᠳᠦᠪ᠎ᠢᠶᠠᠷ ᠲᠤᠰ ᠪᠦᠯᠦᠭ᠌ᠯᠡᠯ᠎ᠤᠨ ᠲᠤᠰ ᠱᠠᠳᠤᠨ᠎ᠤ ᠬᠡᠯᠲᠡᠰ᠎ᠤᠨ ᠪᠦᠬᠦ᠌ ᠨᠠᠮ᠎ᠤᠨ ᠭᠡᠱᠢᠭᠦᠨ ᠪᠣᠯᠤᠨ ᠡᠯ᠎ᠡ ᠬᠠᠷᠢᠶ᠎ᠠ ᠠᠵᠤ ᠠᠬᠤᠢᠯᠠᠯ᠎ᠤᠨ ᠭᠤᠣᠯ ᠬᠠᠷᠢᠭᠤᠴᠠᠯᠭᠠᠲᠠᠨ᠎ᠳᠤ ᠠᠮᠢᠳᠤᠯᠢᠭ ᠪᠣᠳᠠᠲᠠᠢ ᠤᠬᠠᠭᠤᠯᠤᠨ ᠲᠠᠢᠯᠪᠤᠷᠢᠯᠠᠪᠠ᠃
《ᠶᠡᠷᠦᠩᠬᠡᠢ ᠱᠦᠵᠢ ᠰᠢ᠎ᠶ᠋ᠢᠨ ᠫᠢᠩ᠎ᠤᠨ 〈7 · 1〉 ᠤ ᠴᠢᠬᠤᠯᠠ ᠶᠠᠷᠢᠶᠠᠨ᠎ᠤ ᠵᠤᠷᠢᠬ ᠰᠠᠨᠠᠭ᠎ᠠ ᠵᠠᠭᠤᠨ ᠵᠢᠯ᠎ᠤᠨ ᠲᠡᠦᠬᠡ᠎ᠶ᠋ᠢ ᠰᠤᠨᠳᠠᠯᠠᠵᠤ᠂ ᠠᠭᠤᠤ ᠶᠡᠭᠡ ᠲᠡᠦᠬᠡᠨ ᠶᠠᠪᠤᠴᠠ᠎ᠶ᠋ᠢ ᠬᠤᠷᠢᠶᠠᠩᠭᠤᠢᠯᠠᠵᠤ᠂ ᠨᠢᠭᠡᠨ ᠭᠦᠨ ᠵᠤᠵᠠᠭᠠᠨ ᠲᠡᠦᠬᠡ᠎ᠶ᠋ᠢᠨ ᠢᠷᠠᠭᠤ ᠠᠯᠳᠠᠷ᠎ᠤᠨ ᠰᠠᠮᠪᠠᠷᠠᠨᠤᠭᠤᠳᠢ ᠲᠠᠪᠲᠠᠨ ᠬᠤᠷᠢᠶᠠᠩᠭᠤᠢᠯᠠᠪᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠶ᠋ᠢ ᠭᠦᠨᠵᠡᠭᠡᠢ ᠰᠤᠷᠤᠯᠴᠠᠪᠠᠯ᠂ ᠪᠢᠳᠡ ᠯᠠᠪᠲᠠᠢ ᠠᠯᠢ ᠤᠯᠠᠨ ᠴᠢᠬᠤᠯᠠ ᠶᠡᠭᠡ ᠠᠰᠠᠭᠤᠳᠠᠯ ᠳᠡᠭᠡᠷ᠎ᠡ ᠲᠠᠨᠢᠯᠲᠠ᠎ᠪᠠᠨ ᠭᠦᠨᠵᠡᠭᠡᠢᠷᠡᠭᠦᠯᠵᠦ᠍᠂ ᠱᠢᠨ᠎ᠡ ᠠᠶᠠᠨ᠎ᠳᠠᠭᠠᠨ ᠡᠷᠡᠯᠬᠡᠭ᠌ᠯᠡᠨ ᠤᠷᠤᠭ᠍ᠰᠢᠯᠠᠬᠤ᠂ ᠱᠢᠨ᠎ᠡ ᠴᠠᠭ ᠦᠶ᠎ᠡ᠎ᠳᠤ ᠣᠷᠣᠬᠤ ᠦᠵᠡᠯ ᠰᠠᠨᠠᠭᠠᠨ᠎ᠤ ᠤᠬᠠᠮᠰᠠᠷ ᠪᠣᠯᠤᠨ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠤᠯᠠᠮ ᠴᠢᠨᠠᠭ᠍ᠰᠢᠳᠠ ᠳᠡᠭᠡᠭ᠌ᠰᠢᠯᠡᠭᠦᠯᠵᠦ᠍ ᠴᠢᠳᠠᠨ᠎ᠠ》᠃ ᠤᠬᠠᠭᠤᠯᠤᠨ ᠲᠠᠢᠯᠪᠤᠷᠢᠯᠠᠬᠤ ᠬᠤᠷᠠᠯ ᠳᠡᠭᠡᠷ᠎ᠡ᠂ ᠸᠠᠩ ᠶᠠᠨ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠤᠷᠢᠬ ᠰᠠᠨᠠᠭ᠎ᠠ᠎ᠶ᠋ᠢᠨ ᠴᠢᠬᠤᠯᠠ ᠶᠡᠭᠡ ᠠᠴᠢ ᠬᠤᠯᠪᠣᠭ᠍ᠳᠠᠯ᠂ ᠭᠤᠣᠯ ᠠᠭᠤᠯᠭ᠎ᠠ ᠪᠣᠯᠤᠨ ᠪᠠᠶᠠᠯᠢᠭ ᠠᠭᠤᠯᠤᠭ᠍ᠳᠠᠬᠤᠨ᠎ᠢ ᠲᠣᠳᠣᠷᠬᠠᠢᠯᠠᠨ ᠥᠭᠦᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠭᠡᠷᠡᠯ ᠰᠠᠴᠤᠷᠠᠩᠭᠤᠢ ᠥᠩᠭᠡᠷᠡᠯᠲᠡ᠂ ᠠᠭᠤᠤ ᠶᠡᠭᠡ ᠠᠮᠵᠢᠯᠲᠠ ᠪᠦᠲᠦᠮᠵᠢ᠂ ᠡᠷᠬᠢᠮ ᠨᠠᠨᠳᠢᠨ ᠲᠤᠷᠱᠢᠯᠭ᠎ᠠ ᠪᠣᠯᠤᠨ ᠦᠢᠯᠡᠳᠦᠯᠭᠡ᠎ᠶ᠋ᠢᠨ ᠰᠡᠩᠬᠡᠷᠡᠭᠦᠯᠦᠯ᠎ᠢ ᠲᠠᠢᠯᠪᠤᠷᠢᠯᠠᠬᠤ᠎ᠶ᠋ᠢᠨ ᠬᠠᠮᠲᠤ ᠴᠢᠬᠤᠯᠠ ᠶᠠᠷᠢᠶᠠᠨ᠎ᠳᠤ ᠳᠤᠷᠠᠳᠤᠭ᠍ᠰᠠᠨ ᠠᠯᠢ ᠤᠯᠠᠨ ᠱᠢᠨ᠎ᠡ ᠦᠵᠡᠯ ᠰᠠᠨᠠᠭ᠎ᠠ᠂ ᠱᠢᠨ᠎ᠡ ᠦᠵᠡᠯᠲᠡ᠂ ᠱᠢᠨ᠎ᠡ ᠱᠠᠭᠠᠷᠳᠠᠯᠭ᠎ᠠ᠎ᠶ᠋ᠢᠨ ᠲᠣᠭᠤᠷᠢᠨ᠎ᠳᠤ ᠱᠢᠰᠲ᠋ᠧᠮ᠎ᠲᠠᠢ ᠲᠠᠢᠯᠤᠮᠵᠢ ᠬᠢᠪᠠ᠃
ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠤᠨ ᠨᠠᠮ᠎ᠤᠨ ᠬᠤᠷᠢᠶᠠᠨ᠎ᠤ ᠱᠦᠵᠢ ᠮᠠ ᠸᠠᠨ ᠪᠢᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠄ 《ᠱᠢᠨ᠎ᠡ ᠲᠡᠦᠬᠡ᠎ᠶ᠋ᠢᠨ ᠭᠠᠷᠤᠭ᠎ᠠ ᠳᠡᠭᠡᠷ᠎ᠡ ᠵᠣᠭ᠍ᠰᠣᠵᠤ᠂ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠨᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ 〈ᠲᠡᠮᠡᠴᠡᠬᠦ᠌〉 ᠵᠣᠷᠢᠭ ᠰᠠᠨᠠᠭ᠎ᠠ᠂ 〈ᠡᠭᠦᠳᠦᠨ ᠪᠦᠲᠦᠭᠡᠬᠦ᠌〉 ᠡᠷᠴᠢ ᠵᠣᠷᠢᠭ᠂ 〈ᠠᠵᠢᠯᠯᠠᠬᠤ〉 ᠰᠤᠷᠲᠠᠯ᠎ᠢ ᠡᠭᠦᠷᠢᠳᠡ ᠪᠠᠳᠤᠯᠠᠵᠦ᠍᠂ ᠢᠷᠡᠭᠡᠳᠦᠶ᠎ᠶ᠋ᠢᠨ ᠬᠡᠳᠦᠨ ᠵᠢᠯ᠎ᠤᠨ ᠪᠦᠯᠦᠭ᠌ᠯᠡᠯ᠎ᠢ ᠬᠦᠴᠦᠷᠬᠡᠭ᠌ᠵᠢᠭᠦᠯᠬᠦ᠌ ᠱᠢᠯᠢᠳᠡᠭ᠌ᠵᠢᠭᠦᠯᠬᠦ᠌ ᠪᠤᠵᠠᠭᠠᠢᠷᠠᠭᠤᠯᠬᠤ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯᠳᠤ ᠬᠤᠭᠤᠴᠠᠭ᠎ᠠ᠎ᠶ᠋ᠢ ᠠᠳᠭᠤᠵᠤ᠂ ᠥᠪᠡᠷᠲᠡᠭᠡᠨ ᠵᠠᠰᠠᠬᠤ ᠣᠷᠣᠨ᠎ᠤ 〈ᠬᠤᠶᠠᠷ ᠬᠠᠯᠬᠠᠪᠴᠢ〉᠂ 〈ᠬᠤᠶᠠᠷ ᠰᠠᠭᠤᠷᠢᠨ〉 ᠪᠠ 〈ᠨᠢᠭᠡ ᠪᠠᠬᠢᠯᠡᠯᠲᠡ〉 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠡᠷᠡᠰ ᠭᠤᠢᠪᠢᠰᠢ ᠥᠬᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 〈ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠢ ᠠᠬᠢᠭᠤᠯᠬᠤ〉 ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠵᠤ᠂ ᠨᠢᠭᠡ ᠰᠡᠳᠭᠢᠯ ᠨᠢᠭᠡ ᠵᠣᠷᠢᠭ᠎ᠢᠶᠠᠷ ᠭᠤᠣᠯ ᠠᠵᠢᠯ᠎ᠢᠶᠠᠨ ᠰᠠᠢᠳᠤᠷ ᠬᠢᠵᠦ᠍᠂ ᠤᠯᠡᠠ ᠡᠱᠢᠴᠢᠯᠡᠵᠦ᠍᠂ ᠬᠠᠮᠢᠶᠠᠷᠤᠯᠲᠠ᠎ᠶ᠋ᠢ ᠠᠳᠭᠤᠵᠤ᠂ ᠥᠭᠡᠷᠡᠴᠢᠯᠡᠯᠲᠡ᠎ᠶ᠋ᠢ ᠠᠬᠢᠭᠤᠯᠵᠤ᠂ ᠪᠦᠯᠦᠭ᠌ᠯᠡᠯ᠎ᠤᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠬᠦ᠂ ᠳᠠᠪᠠᠭᠤᠯᠢᠭ ᠲᠠᠯ᠎ᠠ᠎ᠪᠠᠷ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠠᠬᠢᠭᠤᠯᠬᠤ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠡᠶᠡᠯᠡᠭᠦᠯᠵᠦ᠍᠂ 〈ᠲᠦᠷᠭᠡᠨ᠎ᠤ ᠲᠡᠮᠦᠷ ᠵᠠᠮ᠎ᠤᠨ ᠨᠡᠷ᠎ᠡ᠎ᠶ᠋ᠢᠨ ᠬᠠᠭᠤᠳᠠᠰᠤ〉᠂ 〈ᠠᠭᠠᠷ᠎ᠤᠨ ᠠᠶᠠᠯᠠᠯ ᠵᠢᠭᠤᠯᠴᠢᠯᠠᠯ᠎ᠤᠨ ᠨᠡᠷ᠎ᠡ᠎ᠶ᠋ᠢᠨ ᠬᠠᠭᠤᠳᠠᠰᠤ〉᠂ 〈ᠶᠠᠳᠠᠭᠤ᠎ᠶ᠋ᠢ ᠲᠡᠳᠬᠦᠬᠦ᠌ ᠨᠡᠢᠲᠡ᠎ᠶ᠋ᠢᠨ ᠠᠰᠠᠷᠠᠮᠵᠢ᠎ᠶ᠋ᠢᠨ ᠨᠡᠷ᠎ᠡ᠎ᠶ᠋ᠢᠨ ᠬᠠᠭᠤᠳᠠᠰᠤ〉᠂ 〈ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠭᠠᠳᠠᠭᠠᠳᠤ ᠨᠡᠭᠡᠭᠡᠯᠲᠡ᠎ᠶ᠋ᠢᠨ ᠨᠡᠷ᠎ᠡ᠎ᠶ᠋ᠢᠨ ᠬᠠᠭᠤᠳᠠᠰᠤ〉 ᠪᠣᠯᠤᠨ 〈ᠪᠠᠯᠠ ᠬᠤᠷᠠᠮᠳᠤᠭᠤᠯᠵᠤ ᠲᠦᠷᠢᠶᠡᠰᠦᠯᠡᠬᠦᠯᠬᠦ᠌ ᠬᠦᠷᠢᠶᠡᠨ᠎ᠤ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠨᠡᠷ᠎ᠡ᠎ᠶ᠋ᠢᠨ ᠬᠠᠭᠤᠳᠠᠰᠤ〉 ᠵᠡᠷᠭᠡ 5 ᠬᠤᠪᠢ ᠨᠡᠷ᠎ᠡ᠎ᠶ᠋ᠢᠨ ᠬᠠᠭᠤᠳᠠᠰᠤ᠎ᠶ᠋ᠢ ᠲᠤᠱᠢᠶᠠᠵᠤ ᠥᠭ᠌ᠬᠦ᠎ᠪᠠᠷ ᠦᠷᠭᠦᠯᠵᠢᠯᠡᠨ ᠴᠢᠷᠮᠠᠢᠵᠤ᠂ ᠠᠵᠢᠯ ᠲᠥᠷᠥᠯ᠎ᠤᠨ ᠥᠷᠢᠰᠥᠯᠳᠦᠬᠦ᠌ ᠬᠦᠴᠦᠨ᠎ᠢᠶᠠᠷ ᠲᠡᠷᠢᠭᠦᠨ ᠵᠡᠷᠭᠡ᠎ᠶ᠋ᠢᠨ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠢ ᠪᠦᠬᠦ᠌ ᠬᠦᠴᠦᠨ᠎ᠢᠶᠠᠷ᠎ᠢᠶᠠᠨ ᠪᠠᠢᠭᠤᠯᠤᠨ᠎ᠠ》 ᠭᠡᠵᠦ᠍ ᠵᠤᠷᠢᠭ᠍ᠵᠢᠨ ᠬᠡᠯᠡᠪᠡ᠃
ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠤᠨ ᠪᠠᠯᠠ ᠬᠤᠷᠠᠮᠳᠤᠭᠤᠯᠵᠤ ᠲᠦᠷᠢᠶᠡᠰᠦᠯᠡᠭᠦᠯᠬᠦ᠌ ᠺᠣᠮᠫᠠᠨᠢ᠎ᠶ᠋ᠢᠨ ᠠᠵᠢᠯᠲᠠᠨ ᠯᠢ ᠵᠢᠩ ᠰᠤᠷᠪᠤᠯᠵᠢᠯᠠᠭ᠍ᠴᠢ᠎ᠳᠤ᠄ 《ᠲᠣᠰ ᠤᠳᠠᠭᠠᠨ᠎ᠤ ᠤᠬᠠᠭᠤᠯᠤᠨ ᠲᠠᠢᠯᠪᠤᠷᠢᠯᠠᠬᠤ ᠠᠭᠤᠯᠭ᠎ᠠ᠎ᠨᠢ ᠡᠯᠪᠡᠭ ᠪᠠᠶᠠᠯᠢᠭ᠂ ᠲᠥᠬᠦᠮ ᠣᠢᠯᠠᠭᠠᠮᠵᠢᠲᠠᠶ ᠪᠠᠢᠵᠤ᠂ ᠪᠢᠳᠡᠨ᠎ᠤ ᠶᠡᠷᠦᠩᠬᠡᠶ ᠱᠦᠵᠢ ᠰᠢ᠎ᠶ᠋ᠢᠨ ᠫᠢᠩ᠎ᠤᠨ 〈7 · 1〉 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢᠨ ᠲᠤᠬᠠᠶ ᠣᠢᠯᠠᠭᠠᠯᠲᠠ ᠪᠠ ᠡᠵᠡᠮᠱᠢᠯ᠎ᠢ ᠭᠦᠨᠵᠡᠭᠡᠢᠷᠡᠭᠦᠯᠬᠦ᠌᠎ᠳᠤ ᠠᠱᠢᠭ᠍ᠲᠠᠶ ᠶᠤᠮ᠃ ᠮᠢᠨᠦ᠍ ᠬᠠᠮᠤᠭ᠎ᠤᠨ ᠭᠦᠨᠵᠡᠭᠡᠶ ᠣᠢᠯᠠᠭᠠᠯᠲᠠ ᠪᠣᠯ᠂ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠤᠤᠷ᠎ᠠ ᠪᠢᠳᠡ ᠰᠠᠶᠢ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠪᠠᠨ ᠪᠡᠶᠡᠯᠡᠭᠦᠯᠵᠦ᠍᠂ ᠬᠢᠵᠢᠭ᠎ᠲᠠᠢ ᠲᠡᠮᠡᠴᠡᠬᠦ᠌ ᠳᠠᠢᠯᠠᠯᠳᠤᠭᠠᠨ᠎ᠤ ᠢᠯᠠᠯᠲᠠ᠎ᠶ᠋ᠢ ᠣᠯᠵᠤ ᠴᠢᠳᠠᠨ᠎ᠠ᠃ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠪᠠᠯ ᠰᠠᠶᠢ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠡᠴᠦᠰ᠎ᠲᠡᠭᠡᠨ ᠪᠡᠶᠡᠯᠡᠭᠦᠯᠵᠦ᠍ ᠴᠢᠳᠠᠨ᠎ᠠ᠃ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢᠳᠡ ᠢᠷᠠᠭᠤ ᠠᠯᠳᠠᠷᠲᠤ ᠤᠯᠠᠮᠵᠢᠯᠠᠯ᠎ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠭᠠᠯᠲᠤ ᠤᠳᠤᠮᠱᠢᠯ᠎ᠢᠶᠠᠨ ᠦᠷᠭᠦᠯᠵᠢᠯᠡᠨ ᠪᠠᠳᠠᠷᠠᠭᠤᠯᠵᠤ᠂ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠡᠭᠦᠷᠢᠳᠡ ᠵᠠᠯᠭᠠᠮᠵᠢᠯᠠᠵᠤ ᠪᠠᠳᠠᠷᠠᠭᠤᠯᠤᠨ ᠳᠡᠯᠭᠡᠷᠡᠭᠦᠯᠬᠦ᠌ ᠬᠡᠷᠡᠭ᠌ᠲᠡᠢ᠃ ᠪᠣᠳᠠᠲᠠᠶ ᠠᠵᠢᠯ᠎ᠤᠨ ᠳᠤᠮᠳᠠ ᠪᠢᠳᠡ ᠠᠶᠤᠯ ᠲᠦᠭ᠌ᠰᠢᠭᠦᠷᠢ᠎ᠶ᠋ᠢᠨ ᠬᠠᠮᠢᠶᠠᠷᠤᠯᠲᠠ᠎ᠶ᠋ᠢ ᠮᠥᠩᠭᠦᠨ ᠭᠦᠢᠯᠭᠡᠭᠡᠨ᠎ᠤ ᠠᠵᠤ ᠠᠬᠤᠢᠯᠠᠯ᠎ᠤᠨ ᠠᠮᠢᠨ ᠰᠤᠳᠠᠰᠤ ᠪᠣᠯᠭᠠᠵᠤ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶ᠋ᠢᠨ ᠥᠷᠲᠡᠭ᠎ᠢ ᠪᠠᠲᠤᠯᠠᠵᠤ ᠥᠷᠲᠡᠭ᠎ᠢ ᠨᠡᠮᠡᠭ᠌ᠳᠡᠭᠦᠯᠬᠦ᠌᠎ᠶ᠋ᠢ ᠦᠨᠡᠨ ᠬᠦ᠌ ᠪᠠᠲᠤᠯᠠᠵᠤ᠂ ᠲᠤᠬᠠᠢᠯᠠᠭ᠍ᠰᠠᠨ ᠠᠵᠢᠯ᠎ᠤᠨ ᠳᠤᠮᠳᠠ᠎ᠪᠠᠨ ᠶᠡᠷᠦᠩᠬᠡᠶ ᠱᠦᠵᠢ ᠰᠢ᠎ᠶ᠋ᠢᠨ ᠫᠢᠩ᠎ᠤᠨ 〈7 · 1〉 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠦᠢᠯᠡᠳᠦᠯᠭᠡᠵᠢᠭᠦᠯᠦᠨ᠎ᠡ》 ᠭᠡᠵᠦ᠍ ᠬᠡᠯᠡᠪᠡ᠃
ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠤᠨ ᠨᠠᠮ᠎ᠤᠨ ᠭᠡᠱᠢᠭᠦᠨ ᠺᠠᠳ᠋ᠷᠴᠤᠳ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠨᠢ ᠨᠠᠮ ᠪᠣᠯᠤᠨ ᠤᠯᠤᠰ᠎ᠤᠨ ᠡᠯ᠎ᠡ ᠲᠠᠯ᠎ᠠ᠂ ᠡᠯ᠎ᠡ ᠬᠦᠷᠢᠶᠡᠨ᠎ᠤ ᠠᠵᠢᠯ᠎ᠳᠤ ᠠᠯᠤᠰ ᠬᠡᠳᠤ᠎ᠶ᠋ᠢᠨ ᠵᠢᠯᠣᠭᠤᠳᠭᠤ ᠠᠴᠢ ᠬᠤᠯᠪᠣᠭ᠍ᠳᠠᠯ᠎ᠲᠠᠢ ᠶᠤᠮ᠃ ᠣᠯᠠᠨ᠎ᠢᠶᠠᠷ᠎ᠢᠶᠠᠨ ᠰᠤᠷᠤᠯᠴᠠᠨ ᠡᠵᠡᠮᠱᠢᠵᠤ ᠨᠡᠪᠲᠡᠷᠡᠳᠡᠯ᠎ᠠ ᠤᠢ᠍ᠢᠯᠠᠭᠠᠵᠤ ᠪᠤᠳᠠᠳᠠᠢᠵᠢᠭᠤᠯᠬᠤ ᠳᠡᠭᠡᠷ᠎ᠡ ᠬᠦᠴᠦ᠍ ᠲᠠᠯᠪᠢᠵᠤ᠂ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ ᠡᠯ᠎ᠡ ᠵᠦᠢᠯ᠎ᠤᠨ ᠠᠵᠢᠯ᠎ᠢ ᠠᠬᠢᠭᠤᠯᠬᠤ᠎ᠲᠠᠢ ᠤᠶᠠᠯᠳᠤᠭᠤᠯᠵᠤ᠂ ᠰᠤᠷᠤᠯᠴᠠᠯᠭ᠎ᠠ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ ᠰᠡᠳᠭᠢᠯ᠎ᠳᠡᠭᠡᠨ ᠬᠠᠳᠠᠩᠱᠢᠭᠤᠯᠬᠤ᠎ᠶ᠋ᠢ ᠠᠬᠢᠭᠤᠯᠤᠨ᠎ᠠ ᠭᠡᠵᠦ᠍ ᠢᠯᠡᠳᠭᠡᠵᠡᠭᠡᠪᠡ᠃