ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ
2021-08-11 11:10:44
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

 ᠤᠢ᠍ᠢᠷ᠎ᠠ᠎ᠶ᠋ᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ ᠨᠠᠮ᠎ᠤᠨ ᠤᠳᠤᠷᠢᠳᠭᠤ ᠳᠤᠭᠤᠢᠯᠠᠩ (ᠥᠷᠭᠡᠳᠭᠡᠭ᠌ᠰᠡᠨ) ᠎ᠤᠨ ᠬᠤᠷᠠᠯ ᠬᠤᠷᠠᠯᠳᠤᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃

ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠳᠥᠷᠪᠡᠳᠦᠭᠡᠷ ᠪᠥᠬᠦᠳᠡ ᠬᠤᠷᠠᠯ᠎ᠠᠴᠠ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠬᠡᠷᠬᠢᠨ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠪᠥᠷ ᠮᠣᠩᠭᠤᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠪᠥᠬᠦ᠌ ᠲᠠᠯ᠎ᠠ᠎ᠶ᠋ᠢᠨ ᠲᠣᠬᠢᠷᠠᠭᠤᠯᠤᠯᠲᠠ ᠪᠠᠢᠷᠢᠯᠠᠭᠤᠯᠤᠯᠲᠠ ᠬᠢᠪᠠ᠃ ᠠᠵᠢᠯᠴᠢᠨ᠎ᠤ ᠶᠡᠷᠦᠩᠬᠡᠢ ᠡᠪᠯᠡᠯ ᠠᠵᠢᠯᠴᠢᠨ᠎ᠤ ᠡᠪᠯᠡᠯ᠎ᠤᠨ ᠠᠵᠢᠯ᠎ᠢ ᠤᠬᠠᠮᠰᠠᠷ᠎ᠠᠴᠠ᠎ᠪᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠵᠢᠯ᠎ᠤᠨ ᠶᠡᠭᠡ ᠲᠠᠯ᠎ᠠ᠎ᠳᠤ ᠠᠭᠤᠰᠤᠯᠴᠠᠭᠤᠯᠤᠨ ᠲᠥᠯᠥᠪᠵᠢᠭᠦᠯᠦᠨ ᠪᠠᠢᠷᠢᠯᠠᠭᠤᠯᠵᠤ ᠨᠠᠢᠳᠠᠪᠤᠷᠢᠵᠢᠭᠤᠯᠬᠤ ᠬᠡᠷᠡᠭ᠌ᠲᠡᠢ ᠬᠡᠵᠦ᠍ ᠵᠢᠭᠠᠵᠦ᠍ ᠭᠠᠷᠭᠠᠪᠠ᠃

ᠬᠤᠷᠠᠯ᠎ᠠᠴᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠱᠢᠯᠠᠭᠤᠯᠵᠤ᠂ ᠴᠢᠬᠤᠯᠠ ᠶᠠᠷᠢᠶ᠎ᠠ᠎ᠶ᠋ᠢ ᠤᠨᠤᠯ ᠰᠤᠷᠤᠯᠴᠠᠬᠤ ᠭᠤᠣᠯ ᠳᠤᠭᠤᠢᠯᠠᠩ᠎ᠤᠨ ᠰᠤᠷᠤᠯᠴᠠᠯᠭ᠎ᠠ᠎ᠶ᠋ᠢᠨ ᠴᠢᠬᠤᠯᠠ ᠠᠭᠤᠯᠭ᠎ᠠ ᠪᠣᠯᠭᠠᠵᠤ᠂ ᠪᠦᠬᠦ᠌ ᠲᠠᠯ᠎ᠠ᠎ᠪᠠᠷ ᠣᠢᠯᠠᠭᠠᠨ ᠣᠨᠣᠪᠴᠢᠲᠠᠢ ᠡᠵᠡᠮᠱᠢᠵᠦ᠍᠂ ᠲᠠᠰᠤᠷᠠᠯᠳᠠ ᠦᠭᠡᠢ ᠭᠦᠨᠵᠡᠭᠡᠢᠷᠡᠭᠦᠯᠬᠦ᠌ ᠬᠡᠷᠡᠭ᠌ᠲᠡᠢ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠦᠷᠭᠦᠯᠵᠢᠯᠡᠨ ᠯᠠᠪᠳᠠᠭᠤᠨ ᠪᠠᠲᠤᠲᠠᠢ ᠥᠷᠨᠢᠭᠦᠯᠵᠦ᠍᠂ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢᠯ᠎ᠤᠨ ᠡᠭᠦᠷᠭᠡ᠎ᠶ᠋ᠢ ᠴᠢᠨᠠᠷ ᠰᠠᠢᠲᠠᠢ ᠪᠡᠶᠡᠯᠡᠭᠦᠯᠬᠦ᠌ ᠬᠡᠷᠡᠭ᠌ᠲᠡᠢ᠃ ᠠᠵᠢᠯ ᠣᠯᠭᠤᠯᠲᠠ᠎ᠶ᠋ᠢᠨ ᠱᠢᠨ᠎ᠡ ᠬᠡᠯᠪᠡᠷᠢ᠎ᠶ᠋ᠢᠨ ᠬᠥᠳᠡᠯᠮᠦᠷᠢᠴᠢᠳ᠎ᠤᠨ ᠡᠪᠯᠡᠯ᠎ᠳᠤ ᠣᠷᠣᠬᠤ ᠪᠠ ᠡᠷᠬᠡ ᠠᠱᠢᠭ᠎ᠢ ᠪᠠᠲᠤᠯᠠᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠢ᠃ ᠠᠵᠤ ᠦᠢᠯᠡᠰ᠎ᠤᠨ ᠠᠵᠢᠯᠴᠢᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ 《ᠠᠵᠤ ᠦᠢᠯᠡᠰ᠎ᠤᠨ ᠠᠵᠢᠯᠴᠢᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠳᠡᠭᠡᠭ᠌ᠰᠢᠯᠡᠭᠦᠯᠬᠦ᠌ ᠤᠨ》 ᠎ᠤ ᠠᠵᠢᠯᠯᠠᠭ᠎ᠠ᠎ᠶ᠋ᠢ ᠥᠷᠨᠢᠭᠦᠯᠬᠦ᠌᠎ᠲᠠᠢ ᠤᠶᠠᠯᠳᠤᠭᠤᠯᠤᠨ᠂ ᠥᠭᠡᠷᠡᠴᠢᠯᠡᠯᠲᠡ᠎ᠶ᠋ᠢ ᠠᠬᠢᠭᠤᠯᠬᠤ ᠴᠢᠳᠠᠪᠤᠷᠢ ᠪᠠ ᠲᠦᠪᠱᠢᠨ᠎ᠢᠶᠠᠨ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ  ᠦᠢᠯᠡᠰ ᠪᠠ ᠠᠵᠢᠯᠴᠢᠨ᠎ᠤ ᠡᠪᠯᠡᠯ᠎ᠤᠨ ᠠᠵᠢᠯ᠎ᠤᠨ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠢ ᠲᠦᠷᠭᠡᠳᠭᠡᠨ ᠠᠬᠢᠭᠤᠯᠵᠤ᠂ ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠭ᠍ᠰᠠᠨ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠦᠭ᠌ᠰᠡᠨ᠂ ᠪᠣᠳᠠᠲᠠᠶ᠎ᠶ᠋ᠢ ᠡᠷᠬᠢᠮᠯᠡᠭ᠌ᠰᠡᠨ ᠪᠦᠲᠦᠮᠵᠢᠲᠡᠶ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠴᠢᠷᠮᠠᠢᠨ ᠲᠣᠭ᠍ᠲᠠᠭᠠᠬᠤ ᠬᠡᠷᠡᠭ᠌ᠲᠡᠶ᠃ ᠬᠥᠳᠡᠯᠮᠦᠷᠢ᠎ᠶ᠋ᠢᠨ ᠬᠦᠷᠢᠶᠡᠨ᠎ᠤ ᠤᠯᠤᠰ ᠲᠦᠷᠦ᠎ᠶ᠋ᠢᠨ ᠠᠮᠤᠷ ᠲᠦᠪᠱᠢᠨ ᠪᠣᠯᠤᠨ ᠠᠵᠢᠯᠳᠠᠨ ᠠᠵᠢᠯᠴᠢᠨ᠎ᠤ ᠡᠩᠨᠡᠭᠡ᠎ᠶ᠋ᠢᠨ ᠲᠣᠭ᠍ᠲᠠᠭᠤᠨ᠎ᠢ ᠬᠠᠮᠠᠭᠠᠯᠠᠵᠤ᠂ ᠠᠵᠤ ᠠᠬᠤᠢᠯᠠᠯ ᠪᠣᠯᠤᠨ ᠨᠡᠢᠭᠡᠮ᠎ᠤᠨ ᠶᠡᠭᠡ ᠲᠠᠯ᠎ᠠ᠎ᠶ᠋ᠢᠨ ᠡᠶ᠎ᠡ ᠵᠣᠬᠢᠴᠠᠩᠭᠤᠢ ᠲᠣᠭ᠍ᠲᠠᠭᠤᠨ᠎ᠢ ᠬᠠᠮᠠᠭᠠᠯᠠᠬᠤ ᠬᠡᠷᠡᠭ᠌ᠲᠡᠢ ᠬᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号