ᠮᠠᠨ᠎ᠤ ᠤᠷᠤᠨ ᠠᠮᠢ ᠠᠬᠤᠢ ᠤᠷᠴᠢᠨ ᠲᠤᠭᠤᠷᠢᠨ᠎ᠤ ᠬᠢᠨᠠᠨ ᠬᠡᠮᠵᠢᠯᠳᠠ᠎ᠶ᠋ᠢᠨ ᠱᠢᠨ᠎ᠡ ᠪᠠᠢᠷᠢᠱᠢᠯ᠎ᠢ ᠴᠤᠭ᠍ᠴᠠᠯᠠᠪᠠ
2021-08-11 10:30:52
ᠵᠣᠬᠢᠶᠠᠭ᠍ᠴᠢ᠄
ᠦᠷᠴᠠᠢᠬᠤ
ᠣᠩᠱᠢᠭ᠍ᠰᠠᠨ ᠣᠳᠠᠭ᠎ᠠ᠄
★★★☆☆

ᠡᠨᠡ ᠵᠢᠯ᠎ᠤᠨ 7 ᠰᠠᠷ᠎ᠠ᠎ᠶ᠋ᠢᠨ 3 ᠎ᠤ ᠡᠳᠦᠷ᠂ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠩᠬᠠᠳᠠᠭ᠍ᠴᠢ ᠠᠯᠤᠰ ᠰᠡᠷᠡᠯ᠎ᠤᠨ ᠳᠠᠭᠠᠭᠤᠯᠢ ᠤᠳᠤ 《ᠦᠪᠦᠷ ᠮᠤᠩᠭᠤᠯ ᠨᠢᠭᠡᠳᠦᠭᠡᠷ》 ᠎ᠢ ᠠᠮᠵᠢᠯᠲᠠ᠎ᠲᠠᠢ ᠬᠠᠷᠪᠤᠵᠤ᠂ ᠤᠷᠢᠳᠴᠢᠯᠠᠨ ᠵᠢᠱ᠌ᠢᠭ᠌ᠰᠡᠨ ᠲᠤᠭᠤᠷᠢᠯᠲᠠ᠎ᠶ᠋ᠢᠨ ᠵᠠᠮ᠎ᠳᠤ ᠤᠷᠤᠭᠤᠯᠪᠠ᠂ ᠤᠳᠤᠬᠠᠨ᠎ᠳᠤ 《ᠦᠪᠦᠷ ᠮᠤᠩᠭᠤᠯ ᠨᠢᠭᠡᠳᠦᠭᠡᠷ》 ᠲᠤᠭᠤᠷᠢᠯᠲᠠ᠎ᠶ᠋ᠢᠨ ᠵᠠᠮ᠎ᠳᠠᠭᠠᠨ ᠬᠡᠪ᠎ᠤᠨ ᠪᠠᠢᠳᠠᠯ᠎ᠢᠶᠠᠷ ᠠᠵᠢᠯᠯᠠᠵᠤ ᠪᠠᠢᠨ᠎ᠠ᠃ 《ᠡᠨᠡ᠎ᠨᠢ ᠮᠠᠨ᠎ᠤ ᠤᠷᠤᠨ ᠨᠢᠬᠡᠨᠳᠡ ᠤᠬ᠍ᠳᠠᠷᠭᠤᠢ᠎ᠠᠴᠠ ᠠᠵᠢᠬ᠍ᠯᠠᠬᠤ᠂ ᠲᠤᠬᠠᠢ᠎ᠶ᠋ᠢᠨ ᠭᠠᠵᠠᠷ᠎ᠲᠤ ᠪᠠᠢᠴᠠᠭᠠᠬᠤ᠂ ᠰᠦᠯᠵᠢᠶᠡᠨ ᠳᠡᠭᠡᠷ᠎ᠡ ᠬᠠᠮᠢᠶᠠᠷᠬᠤ ᠠᠮᠢ ᠠᠬᠤᠢ ᠤᠷᠴᠢᠨ ᠲᠤᠭᠤᠷᠢᠨ᠎ᠤ ᠬᠢᠨᠠᠨ ᠬᠡᠮᠵᠢᠯᠳᠡ᠎ᠶ᠋ᠢᠨ ᠱᠢᠨ᠎ᠡ ᠪᠠᠢᠷᠢᠱᠢᠯ᠎ᠢ ᠴᠤᠭ᠍ᠴᠠᠯᠠᠭ᠍ᠰᠠᠨ᠎ᠢ ᠬᠠᠷᠠᠭᠤᠯᠵᠤ᠂ ᠠᠮᠢ ᠠᠬᠤᠢ᠎ᠶ᠋ᠢᠨ ᠵᠠᠰᠠᠯᠲᠠ᠎ᠶ᠋ᠢᠨ ᠴᠢᠳᠠᠪᠤᠷᠢ ᠪᠤᠯᠤᠨ ᠵᠠᠰᠠᠯᠲᠠ᠎ᠶ᠋ᠢᠨ ᠱᠢᠰᠲ᠋ᠧᠮ᠎ᠤᠨ ᠤᠳᠤᠬᠢᠴᠢᠯᠠᠯᠲᠠ᠎ᠶ᠋ᠢ ᠠᠬᠢᠭᠤᠯᠬᠤ᠎ᠳᠤ ᠴᠢᠬᠤᠯᠠ ᠶᠡᠭᠡ ᠠᠴᠢ ᠬᠤᠯᠪᠤᠭ᠍ᠳᠠᠯ᠎ᠲᠠᠢ ᠶᠤᠮ》 ᠬᠡᠵᠤ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠲᠡᠳ᠋ ᠨᠠᠷᠢᠨ ᠪᠢᠴᠢᠭ᠎ᠤᠨ ᠲᠠᠷᠤᠭ᠎ᠠ ᠰᠦᠨ ᠯᠢ ᠵᠢᠶᠠᠨ ᠶᠠᠷᠢᠨ᠎ᠠ᠃

ᠲᠠᠭᠠᠭᠤᠯᠢ ᠤᠳᠤᠨ᠎ᠤ ᠠᠯᠤᠰ ᠰᠡᠷᠡᠯ᠎ᠤᠨ ᠮᠡᠷᠬᠡᠵᠢᠯ ᠪᠤᠯ ᠲᠠᠯᠠᠬᠡᠢ ᠳ᠋ᠠᠬᠢᠨ᠎ᠳᠤ ᠨᠢᠰᠭᠦ ᠮᠡᠳᠤ᠎ᠪᠠᠷ ᠲᠦᠷᠬᠡᠨ ᠬᠦᠭ᠌ᠵᠢᠵᠤ ᠪᠠᠢᠭ᠎ᠠ ᠲᠡᠬᠡᠳᠤ ᠱᠢᠨ᠎ᠠ ᠮᠡᠷᠬᠡᠵᠢᠯ ᠪᠠᠢᠵᠤ᠂ ᠬᠦᠮᠦᠰ᠎ᠲᠤ ᠠᠮᠢ ᠠᠬᠤᠢ ᠤᠷᠴᠢᠨ ᠲᠤᠭᠤᠷᠢᠨ᠎ᠢ ᠪᠠᠭ᠍ᠳᠠᠭᠠᠭ᠍ᠰᠠᠨ ᠤᠯᠠᠨ ᠠᠷᠪᠢᠨ ᠵᠦᠢᠯ᠎ᠤᠨ ᠱᠢᠨᠵᠢᠯᠡᠬᠦ᠌ ᠤᠬᠠᠭᠠᠨᠴᠢ ᠲᠤᠭ᠎ᠠ ᠪᠠᠷᠢᠮᠳᠠ ᠪᠠ ᠬᠦᠳᠡᠯᠤᠩᠬᠦᠢ ᠮᠡᠳᠡᠭᠡ ᠵᠠᠩᠬᠢ᠎ᠶ᠋ᠢ ᠮᠢᠨᠦ᠋ᠲ ᠰᠧᠺᠦ᠋ᠨ᠋ᠳ᠋ ᠠᠯᠳᠠᠯ ᠦᠬᠡᠢ᠎ᠪᠠᠷ ᠬᠠᠩᠭᠠᠵᠤ ᠲᠠᠢᠯᠳᠡᠭ᠃ ᠮᠠᠨ᠎ᠤ ᠤᠷᠤᠨ 2010 ᠤᠨ᠎ᠳᠤ ᠭᠤᠤᠯᠳᠠᠯᠭᠠᠳᠤ ᠪᠤᠬᠢᠷᠳᠤᠯ᠎ᠤᠨ ᠰᠤᠷᠪᠤᠯᠵᠢ᠎ᠶ᠋ᠢ ᠠᠦ᠋ᠲ᠋ᠣᠴᠢᠯᠠᠨ ᠬᠢᠨᠠᠨ ᠬᠢᠵᠠᠭᠠᠷᠯᠠᠬᠤ ᠱᠢᠰᠲ᠋ᠧᠮ᠎ᠢ ᠪᠠᠢᠭᠤᠯᠵᠤ᠂ ᠤᠯᠤᠰ᠎ᠤᠨ ᠪᠠᠢᠳᠠᠯ᠎ᠤᠨ ᠨᠡᠢᠳᠡᠮ ᠪᠠᠢᠴᠠᠭᠠᠯᠳᠠ᠎ᠳᠠᠬᠢ ᠦᠪᠤᠷ ᠮᠤᠩᠭᠤᠯ᠎ᠤᠨ ᠲᠤᠬᠠᠢ ᠠᠯᠤᠰ ᠰᠡᠷᠡᠯ᠎ᠤᠨ ᠲᠤᠭ᠎ᠠ ᠪᠠᠷᠢᠮᠳᠠ᠎ᠶ᠋ᠢ ᠱᠢᠯᠵᠢᠬᠦᠯᠤᠨ ᠠᠱᠢᠬ᠍ᠯᠠᠭ᠍ᠰᠠᠨ᠎ᠠᠴᠠ ᠴᠠᠬᠢᠯᠭᠠᠨ ᠭᠠᠷᠭᠠᠬᠤ ᠦᠢᠯᠡᠳᠪᠤᠷᠢ᠂ ᠪᠤᠬᠢᠷ ᠤᠰᠤ ᠱᠢᠢᠳᠪᠤᠷᠢᠯᠡᠬᠦ᠌ ᠦᠢᠯᠡᠳᠪᠤᠷᠢ᠂ ᠬᠢᠮᠢ᠎ᠶ᠋ᠢᠨ ᠠᠵᠤ ᠦᠢᠯᠡᠳᠪᠤᠷᠢ ᠵᠡᠷᠬᠡ ᠠᠵᠤ ᠠᠬᠤᠢ᠍ᠢᠯᠠᠯ᠎ᠤᠨ ᠪᠠᠢᠳᠠᠯ᠎ᠢ ᠸᠢᠳᠢᠣ᠋ ᠬᠡᠯᠪᠡᠷᠢ᠎ᠪᠠᠷ ᠢᠯᠡᠷᠡᠬᠦᠯᠵᠤ ᠲᠠᠢᠯᠬᠦ᠌ ᠪᠤᠯᠵᠤ᠂ ᠤᠳᠤ ᠪᠤᠬᠢᠷᠳᠤᠯ᠎ᠤᠨ ᠰᠤᠷᠪᠤᠯᠵᠢ᠎ᠲᠠᠢ 300 ᠭᠠᠷᠤᠢ ᠠᠵᠤ ᠠᠬᠤᠢ᠍ᠢᠯᠠᠯ᠎ᠢ 24 ᠴᠠᠭ᠎ᠢᠶᠠᠷ ᠬᠢᠨᠠᠨ ᠬᠢᠵᠠᠭᠠᠷᠯᠠᠵᠤ ᠪᠠᠢᠨ᠎ᠠ᠃ ᠨᠢᠳᠤᠨᠤᠨ ᠪᠠᠰᠠ ᠴᠠᠭ ᠠᠭᠤᠷ᠎ᠤᠨ ᠰᠠᠯᠠᠭ᠎ᠠ ᠮᠦᠴᠢᠷ᠎ᠲᠠᠢ ᠪᠦᠬᠦ᠌ ᠲᠠᠯ᠎ᠠ᠎ᠶ᠋ᠢᠨ ᠬᠠᠮᠳᠤᠷᠠᠯᠴᠠᠭ᠎ᠠ ᠦᠷᠨᠢᠬᠦᠯᠵᠤ᠂ ᠴᠠᠭ ᠠᠭᠤᠷ᠎ᠤᠨ ᠦᠨᠳᠤᠷ ᠢᠯᠭᠠᠮᠵᠢ ᠪᠦᠬᠦᠢ ᠲᠠᠯᠠᠬᠡᠢ᠎ᠶ᠋ᠢᠨ ᠪᠦᠮᠪᠤᠷᠴᠡᠭ᠎ᠢ ᠠᠵᠢᠬ᠍ᠯᠠᠨ ᠬᠡᠮᠵᠢᠬᠦ᠌ ᠱᠢᠷᠢᠰ ᠲᠠᠭᠠᠭᠤᠯᠢ ᠤᠳᠤ᠎ᠶ᠋ᠢᠨ ᠡᠬᠢ ᠪᠠᠶᠠᠯᠢᠭ ᠪᠤᠯᠤᠨ ᠠᠮᠢ ᠠᠬᠤᠢ᠎ᠶ᠋ᠢ ᠬᠢᠨᠠᠨ ᠬᠡᠮᠵᠢᠬᠦ᠌ ᠦᠷᠳᠡᠭᠡ ᠴᠡᠭ᠎ᠤᠨ ᠲᠤᠭ᠎ᠠ ᠪᠠᠷᠢᠮᠳᠠ᠎ᠶ᠋ᠢ ᠠᠱᠢᠬ᠍ᠯᠠᠨ ᠤᠢ ᠱᠢᠭᠤᠢ ᠨᠤᠳᠤᠭ ᠪᠡᠯᠴᠢᠬᠡᠷ᠂ ᠨᠠᠭᠤᠷ ᠪᠦᠷᠢᠳᠤ ᠨᠤᠭᠤ ᠭᠠᠵᠠᠷ᠂ ᠡᠯᠡᠰᠤᠨ ᠴᠦᠯ ᠡᠯᠡᠰᠦᠷᠬᠡᠭ ᠭᠠᠵᠠᠷ ᠵᠡᠷᠬᠡ᠎ᠶ᠋ᠢ ᠬᠦᠳᠡᠯᠤᠩᠬᠦᠢ᠎ᠪᠠᠷ ᠬᠢᠨᠠᠨ ᠦᠨᠡᠯᠡᠵᠤ ᠪᠤᠢ᠃ ᠬᠡᠪᠡᠴᠦ᠍ ᠦᠪᠡᠷ᠎ᠤᠨ᠎ᠢᠶᠠᠨ ᠬᠡᠰᠡᠨ ᠲᠤᠰᠭᠠᠢ ᠬᠡᠷᠡᠭ᠌ᠴᠡᠬᠡᠳᠤ ᠠᠯᠤᠰ ᠰᠡᠷᠡᠯ᠎ᠤᠨ ᠲᠠᠭᠠᠭᠤᠯᠢ ᠤᠳᠤ ᠦᠬᠡᠢ ᠪᠤᠯᠬᠤᠷ ᠠᠮᠢ ᠠᠬᠤᠢ ᠤᠷᠴᠢᠨ ᠲᠤᠭᠤᠷᠢᠨ᠎ᠤ ᠲᠤᠭ᠎ᠠ ᠪᠠᠷᠢᠮᠳᠠ᠂ ᠵᠢᠷᠤᠭ ᠲᠦᠷᠰᠤ᠂ ᠮᠡᠳᠡᠭᠡ ᠵᠠᠩᠬᠢ ᠵᠡᠷᠬᠡ ᠲᠠᠯ᠎ᠠ᠎ᠶ᠋ᠢᠨ ᠬᠠᠩᠭᠠᠯᠭ᠎ᠠ ᠮᠦᠨ ᠬᠦ᠌ ᠲᠤᠳᠠᠮᠠᠭ ᠮᠦᠷᠳᠡᠭᠡᠨ ᠪᠠᠯᠠᠷᠬᠠᠢ ᠪᠠᠢᠵᠤ᠂ ᠮᠠᠨ᠎ᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠬᠠᠤᠯᠢ ᠬᠡᠷᠡᠭ᠌ᠵᠢᠭᠦᠯᠤᠯᠳᠠ ᠭᠤᠤᠯᠳᠠᠭᠤ ᠡᠳᠦᠷ ᠳᠤᠳᠤᠮ᠎ᠤᠨ ᠴᠠᠭ᠍ᠳᠠᠨ ᠪᠠᠢᠴᠠᠭᠠᠯᠳᠠ᠂ ᠵᠠᠭᠤᠴᠢᠯᠠᠭᠤᠷ᠎ᠤᠨ ᠢᠯᠡᠴᠢᠯᠡᠯᠳᠡ᠂ ᠤᠯᠠᠨ ᠲᠦᠮᠡᠨ᠎ᠤ ᠮᠡᠳᠡᠬᠦᠯᠦᠯᠳᠡ᠎ᠠᠴᠠ ᠰᠦᠪᠡᠭ᠌ᠴᠢ ᠤᠯᠵᠤ᠂ ᠲᠤᠬᠠᠢ᠎ᠶ᠋ᠢᠨ ᠭᠠᠵᠠᠷ᠎ᠲᠤ ᠪᠠᠢᠴᠠᠭᠠᠨ ᠰᠦᠯᠵᠢᠶᠡᠨ ᠲᠠᠬᠡᠷ᠎ᠠ ᠬᠠᠮᠢᠶᠠᠷᠴᠦ᠍ ᠪᠠᠢᠵᠠᠢ᠃ 《ᠪᠢᠳᠡ ᠠᠮᠢ ᠠᠬᠤᠢ᠎ᠶ᠋ᠢ ᠡᠪᠳᠡᠵᠤ ᠤᠷᠴᠢᠨ ᠲᠤᠭᠤᠷᠢᠨ᠎ᠢ ᠪᠤᠬᠢᠷᠳᠤᠭᠤᠯᠤᠭ᠍ᠰᠠᠨ ᠬᠡᠷᠡᠭ᠎ᠤᠨ ᠰᠦᠪᠡᠭ᠌ᠴᠢ᠎ᠶ᠋ᠢ ᠴᠠᠭ ᠲᠤᠬᠠᠢ᠎ᠳᠤᠨᠢ ᠤᠯᠵᠤ ᠲᠠᠢᠯᠬᠦ᠌ ᠦᠭᠡᠢ᠂ ᠠᠰᠠᠭᠤᠳᠠᠯ᠎ᠢ ᠱᠢᠢᠳᠪᠦᠷᠢᠯᠡᠬᠦ᠌᠎ᠳᠡᠭᠡᠨ ᠪᠦᠬᠦ᠌ ᠶᠠᠪᠤᠴᠠ᠎ᠶ᠋ᠢ ᠬᠢᠨᠠᠨ ᠬᠠᠮᠢᠶᠠᠷᠴᠤ᠌ ᠲᠠᠢᠯᠬᠦ᠌ ᠦᠭᠡᠢ ᠮᠡᠳᠤ᠎ᠶ᠋ᠢᠨ ᠬᠦᠯᠢᠶᠡᠰᠤᠯᠡᠯ᠎ᠳᠤ ᠪᠠᠢᠩᠭᠤ ᠤᠴᠠᠷᠠᠳᠠᠭ》 ᠬᠡᠵᠤ ᠦᠪᠡᠷᠳᠡᠭᠡᠨ ᠵᠠᠰᠠᠬᠤ ᠤᠷᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠭᠤ ᠲᠤᠭᠤᠢ᠍ᠢᠯᠠᠩ᠎ᠤᠨ ᠪᠦᠷᠢᠯᠳᠦᠬᠦᠨ ᠵᠤᠤ ᠹᠠᠩ ᠶᠠᠷᠢᠯ᠎ᠠ᠃

ᠦᠪᠤᠷ ᠮᠤᠩᠭᠤᠯ ᠪᠤᠯ ᠮᠠᠨ᠎ᠤ ᠤᠯᠤᠰ᠎ᠤᠨ ᠤᠮᠠᠷᠠᠳᠤ᠎ᠶ᠋ᠢᠨ ᠲᠠᠯᠠᠪᠠᠢ᠎ᠪᠠᠷ ᠬᠠᠮᠤᠭ᠎ᠤᠨ ᠶᠡᠭᠡ᠂ ᠲᠦᠷᠦᠯ ᠵᠦᠢᠯ᠎ᠢᠶᠠᠷ ᠬᠠᠮᠤᠭ᠎ᠤᠨ ᠪᠦᠷᠢᠨ ᠠᠮᠢ ᠠᠬᠤᠢ᠎ᠶ᠋ᠢᠨ ᠴᠢᠳᠠᠪᠬᠢᠳᠤ ᠤᠷᠤᠨ ᠪᠠᠢᠵᠤ᠂ ᠠᠮᠢ ᠠᠬᠤᠢ ᠤᠷᠴᠢᠨ ᠲᠤᠭᠤᠷᠢᠨ᠎ᠤ ᠪᠠᠢᠷᠢ ᠰᠠᠭᠤᠷᠢ᠎ᠪᠠᠷ ᠤᠨᠴᠠᠭᠠᠢ ᠴᠢᠬᠤᠯᠠ ᠶᠤᠮ᠃ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ ᠦᠵᠦ᠍ ᠲᠦᠯᠦᠪᠯᠡᠭᠡ᠎ᠪᠠᠨ ᠴᠢᠩᠭᠠᠳᠭᠠᠨ ᠲᠧᠭ᠌ᠨᠢᠭ ᠮᠡᠷᠬᠡᠵᠢᠯ᠎ᠤᠨ ᠱᠢᠨᠡᠴᠢᠯᠡᠯᠳᠡ᠎ᠶ᠋ᠢ ᠲᠦᠷᠬᠡᠳᠭᠡᠵᠤ᠂ 《ᠦᠪᠤᠷ ᠮᠤᠩᠭᠤᠯ ᠨᠢᠬᠡᠳᠤᠬᠡᠷ》 ᠲᠠᠭᠠᠭᠤᠯᠢ ᠤᠳᠤ᠎ᠶ᠋ᠢ ᠰᠤᠳᠤᠯᠤᠨ ᠬᠠᠷᠪᠤᠵᠤ ᠠᠱᠢᠬ᠍ᠯᠠᠬᠤ᠎ᠶ᠋ᠢ ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠳᠠ᠎ᠶ᠋ᠢ ᠴᠢᠩᠭᠠᠳᠭᠠᠬᠤ ᠴᠢᠬᠤᠯᠠ ᠠᠷᠭ᠎ᠠ ᠬᠡᠮᠵᠢᠶ᠎ᠠ᠎ᠪᠠᠨ ᠪᠤᠯᠭᠠᠵᠠᠢ᠃ ᠵᠢᠯ ᠭᠠᠷᠤᠢ᠎ᠶ᠋ᠢᠨ ᠴᠢᠷᠮᠠᠢᠯᠭ᠎ᠠ᠎ᠪᠠᠷ ᠲᠠᠮᠵᠢᠨ 《ᠦᠪᠤᠷ ᠮᠤᠩᠭᠤᠯ ᠨᠢᠬᠡᠳᠤᠬᠡᠷ》 ᠎ᠢ ᠠᠮᠵᠢᠯᠳᠠ᠎ᠲᠠᠢ ᠬᠠᠷᠪᠤᠭ᠍ᠰᠠᠨ ᠮᠦᠷᠳᠡᠭᠡᠨ ᠲᠡᠷᠡ᠎ᠨᠢ ᠲᠤᠭᠤᠷᠢᠯᠲᠠ᠎ᠶ᠋ᠢᠨ ᠵᠠᠮ᠎ᠳᠠᠭᠠᠨ ᠬᠡᠪ᠎ᠤᠨ ᠪᠠᠢᠳᠠᠯ᠎ᠢᠶᠠᠷ ᠠᠵᠢᠯᠯᠠᠵᠤ ᠪᠠᠢᠨ᠎ᠠ᠃ 《ᠦᠪᠤᠷ ᠮᠤᠩᠭᠤᠯ ᠨᠢᠬᠡᠳᠤᠬᠡᠷ》 ᠪᠤᠯ ᠤᠳᠤᠬᠠᠨ᠎ᠤ ᠲᠠᠯᠡᠬᠡᠢ ᠲᠠᠬᠡᠷᠡᠬᠢ ᠡᠩ ᠦᠷᠬᠡᠴᠡ᠎ᠪᠠᠷ ᠬᠠᠮᠤᠭ᠎ᠤᠨ ᠶᠡᠭᠡ᠂ ᠨᠠᠷᠢᠨ ᠤᠨᠤᠪᠴᠢᠳᠠᠢ᠎ᠪᠠᠷ ᠬᠢᠨᠠᠨ ᠬᠡᠮᠵᠢᠯᠳᠡ ᠬᠢᠵᠤ ᠲᠡᠢᠯᠳᠡᠭ ᠬᠡᠷᠡᠯ᠎ᠤᠨ ᠤᠬᠠᠭᠠᠨ᠎ᠤ ᠠᠯᠤᠰ ᠰᠡᠷᠡᠯ᠎ᠤᠨ ᠲᠠᠭᠠᠭᠤᠯᠢ ᠤᠳᠤ ᠪᠠᠢᠵᠤ᠂ ᠲᠤᠭ᠎ᠠ ᠪᠠᠷᠢᠮᠳᠠ᠎ᠶ᠋ᠢ ᠲᠠᠬᠡᠳᠤ ᠬᠤᠷᠳᠤᠴᠠ᠎ᠪᠠᠷ ᠬᠠᠳᠠᠭᠠᠯᠠᠵᠤ ᠲᠠᠮᠵᠢᠭᠤᠯᠬᠤ ᠤᠨᠴᠠᠯᠢᠭ᠎ᠲᠠᠢ᠃ ᠰᠥᠨ ᠯᠢ ᠵᠢᠶᠠᠨ᠎ᠤ ᠲᠠᠨᠢᠯᠴᠠᠭᠤᠯᠬᠤ᠎ᠪᠠᠷ᠂ ᠪᠢᠳᠡ 《ᠦᠪᠤᠷ ᠮᠤᠩᠭᠤᠯ ᠨᠢᠬᠡᠳᠤᠬᠡᠷ》 ᠎ᠤᠨ ᠠᠯᠤᠰ ᠰᠡᠷᠡᠯ᠎ᠤᠨ ᠵᠢᠷᠤᠭ ᠳᠦᠷᠰᠦ᠎ᠶ᠋ᠢ  ᠱᠢᠢᠳᠪᠦᠷᠢᠯᠡᠬᠦ᠌᠎ᠶ᠋ᠢᠨ ᠬᠠᠮᠳᠤ AI ᠮᠡᠷᠭᠡᠵᠢᠯ ᠪᠠ ᠭᠠᠵᠠᠷ ᠵᠦᠶ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠎ᠯᠦᠭᠡ ᠤᠶᠠᠯᠳᠤᠭᠤᠯᠵᠤ ᠪᠠᠢᠭᠠᠳ ᠬᠥᠳᠡᠯᠦᠩᠭᠦᠶ ᠬᠢᠨᠠᠨ ᠬᠡᠮᠵᠢᠯᠲᠡ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠬᠠᠷᠢᠶᠠᠨ᠎ᠳᠠᠬᠢ ᠬᠤᠭ ᠨᠤᠪᠰᠢ᠎ᠶ᠋ᠢᠨ ᠤᠪᠤᠭᠠᠷᠠᠯ᠂ ᠪᠤᠬᠢᠷ ᠤᠰᠤ᠎ᠶ᠋ᠢᠨ ᠭᠠᠳᠠᠭ᠍ᠰᠢᠯᠠᠭᠤᠯᠤᠯᠳᠠ᠂ ᠪᠠᠷᠢᠯᠭ᠎ᠠ᠎ᠶ᠋ᠢᠨ ᠭᠠᠵᠠᠷ᠎ᠤᠨ ᠲᠤᠭᠤᠰᠤ ᠱᠢᠷᠤᠢ᠂ ᠬᠦᠷᠦᠰᠤ ᠱᠢᠷᠤᠢ᠎ᠶ᠋ᠢᠨ ᠮᠠᠭᠤᠳᠠᠯ᠂ ᠤᠢ ᠱᠢᠭᠤᠢ᠎ᠶ᠋ᠢᠨ ᠪᠦᠷᠬᠦᠴᠡ ᠵᠡᠷᠬᠡ ᠪᠠᠢᠳᠠᠯ᠎ᠤᠨ ᠮᠡᠳᠡᠭᠡ ᠵᠠᠩᠬᠢ᠎ᠶ᠋ᠢ ᠴᠠᠭ ᠲᠤᠬᠠᠢ᠎ᠳᠤᠨᠢ ᠤᠯᠵᠤ ᠲᠠᠢᠯᠬᠦ᠌ ᠪᠤᠯᠵᠠᠢ᠃

ᠮᠠᠨ᠎ᠤ ᠤᠷᠤᠨ ᠤᠳᠤ 《ᠦᠪᠤᠷ ᠮᠤᠩᠭᠤᠯ ᠨᠢᠬᠡᠳᠤᠬᠡᠷ》 ᠲᠠᠭᠠᠭᠤᠯᠢ ᠤᠳᠤ᠎ᠶ᠋ᠢᠨ ᠬᠠᠩᠭᠠᠭ᠍ᠰᠠᠨ ᠠᠯᠤᠰ ᠰᠡᠷᠡᠯ᠎ᠤᠨ ᠵᠢᠷᠤᠭ ᠲᠦᠷᠰᠤ᠎ᠶ᠋ᠢᠨ ᠬᠤᠪᠢᠷᠠᠯᠳᠠ᠎ᠶ᠋ᠢ ᠠᠳᠠᠯᠢᠳᠭᠠᠬᠤ᠎ᠪᠠᠷ ᠲᠠᠮᠵᠢᠨ ᠠᠮᠢ ᠠᠬᠤᠢ ᠤᠷᠴᠢᠨ ᠲᠤᠭᠤᠷᠢᠨ᠎ᠢ ᠤᠭ᠍ᠳᠠᠷᠭᠤᠢ᠎ᠠᠴᠠ ᠠᠵᠢᠬ᠍ᠯᠠᠵᠤ᠂ ᠬᠡᠷᠪᠡ ᠬᠠᠤᠯᠢ᠎ᠠᠴᠠ ᠵᠦᠷᠢᠴᠡᠭ᠌ᠰᠡᠨ ᠰᠡᠵᠢᠭ᠌ᠯᠡᠯ᠎ᠲᠠᠢ ᠪᠤᠯ ᠵᠢᠷᠤᠭ᠎ᠤᠨ ᠲᠤᠯᠪᠤ᠎ᠶ᠋ᠢ᠎ᠨᠢ ᠭᠠᠷᠭᠠᠵᠤ ᠠᠪᠤᠭᠠᠳ ᠦᠪᠡᠷᠳᠡᠭᠡᠨ ᠵᠠᠰᠠᠬᠤ ᠤᠷᠤᠨ᠎ᠤ 《ᠠᠯᠤᠰ ᠰᠡᠷᠡᠯ᠎ᠤᠨ ᠬᠢᠨᠠᠨ ᠬᠡᠮᠵᠢᠯᠳᠠ᠎ᠶ᠋ᠢᠨ ᠵᠢᠷᠤᠭ᠎ᠤᠨ ᠲᠤᠯᠪᠤ᠎ᠶ᠋ᠢᠨ ᠬᠠᠮᠢᠶᠠᠷᠤᠯᠳᠠ᠎ᠶ᠋ᠢᠨ ᠱᠢᠰᠲ᠋ᠧᠮ》 ᠎ᠳᠤ ᠤᠷᠤᠭᠤᠯᠤᠨ ᠠᠢᠮᠠᠭ ᠬᠤᠳᠠ ᠬᠤᠱᠢᠭᠤ ᠱᠢᠶᠠᠨ᠎ᠳᠤ ᠪᠠᠭᠤᠯᠭᠠᠵᠤ᠂ ᠠᠢᠮᠠᠭ ᠬᠤᠳᠠ ᠬᠤᠱᠢᠭᠤ ᠱᠢᠶᠠᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠤᠨ᠎ᠬᠢᠨ ᠲᠤᠬᠠᠢ᠎ᠶ᠋ᠢᠨ ᠭᠠᠵᠠᠷ᠎ᠲᠤ ᠪᠠᠢᠴᠠᠭᠠᠬᠤ᠎ᠶ᠋ᠢᠨ ᠬᠠᠮᠳᠤ ᠱᠢᠢᠳᠭᠡᠬᠦ᠌ ᠪᠤᠯᠵᠠᠢ᠃ ᠲᠡᠷᠡ ᠮᠦᠷᠳᠡᠭᠡᠨ ᠪᠠᠢᠴᠠᠭᠠᠨ ᠱᠢᠢᠳᠭᠡᠭ᠌ᠰᠡᠨ ᠭᠤᠭ᠍ᠴᠤᠭ᠎ᠠ ᠨᠢᠬᠡ ᠪᠦᠷᠢ᠎ᠪᠠᠨ ᠱᠠᠭᠠᠷᠳᠠᠯᠭ᠎ᠠ ᠶᠤᠰᠤᠭᠠᠷ ᠬᠢᠨᠠᠨ ᠬᠠᠮᠢᠶᠠᠷᠤᠯᠳᠠ᠎ᠶ᠋ᠢᠨ ᠱᠢᠰᠲ᠋ᠧᠮ᠎ᠳᠤ ᠲᠠᠭ᠍ᠯᠠᠨ ᠮᠡᠳᠡᠬᠦᠯᠬᠦ᠌᠎ᠶ᠋ᠢᠨ ᠬᠠᠮᠳᠤ ᠬᠡᠷᠡᠴᠢ ᠮᠠᠲ᠋ᠧᠷᠢᠶᠠᠯ᠎ᠢᠶᠠᠨ ᠲᠠᠮᠵᠢᠭᠤᠯᠵᠤ᠂ ᠦᠪᠡᠷᠳᠡᠭᠡᠨ ᠵᠠᠰᠠᠬᠤ ᠤᠷᠤᠨ ᠪᠤᠯᠤᠨ ᠠᠢᠮᠠᠭ ᠬᠤᠳᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠤᠨ᠎ᠬᠢᠨ ᠰᠦᠯᠵᠢᠶᠡᠨ ᠲᠠᠬᠡᠷ᠎ᠠ ᠲᠠᠬᠢᠨ ᠬᠢᠨᠠᠵᠤ᠂ ᠦᠪᠡᠷᠳᠡᠭᠡᠨ ᠵᠠᠰᠠᠬᠤ ᠤᠷᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠪᠠᠰᠠ ᠰᠤᠭᠤᠴᠢᠨ ᠪᠠᠢᠴᠠᠭᠠᠨ᠎ᠠ᠂ ᠡᠢᠨ ᠬᠦ᠌ ᠲᠠᠬᠢᠨ ᠬᠢᠨᠠᠬᠤ ᠪᠠ ᠰᠤᠭᠤᠴᠢᠨ ᠪᠠᠢᠴᠠᠭᠠᠬᠤ ᠪᠦᠬᠦ᠌ ᠶᠠᠪᠤᠴᠠ᠎ᠶ᠋ᠢ ᠴᠦᠮ ᠰᠦᠯᠵᠢᠶᠡᠨ ᠲᠠᠬᠡᠷ᠎ᠠ ᠬᠠᠮᠢᠶᠠᠷᠬᠤ ᠪᠤᠯᠪᠠ᠃ ᠵᠤᠤ ᠹᠠᠨᠭ᠌᠎ᠤᠨ ᠬᠡᠯᠡᠬᠦ᠌᠎ᠪᠠᠷ᠄ ᠠᠮᠢ ᠠᠬᠤᠢ᠎ᠶ᠋ᠢ ᠡᠪᠳᠡᠵᠤ ᠤᠷᠴᠢᠨ ᠲᠤᠭᠤᠷᠢᠨ᠎ᠢ ᠪᠤᠬᠢᠷᠳᠤᠭᠤᠯᠤᠭ᠍ᠰᠠᠨ ᠠᠵᠢᠯᠯᠠᠭ᠎ᠠ ᠪᠦᠬᠦᠨ ᠬᠢᠨᠠᠨ ᠬᠡᠮᠵᠢᠯᠳᠡ᠎ᠠᠴᠠ ᠪᠤᠯᠳᠠᠵᠤ ᠲᠠᠢᠯᠬᠦ᠌ ᠦᠬᠡᠢ ᠪᠤᠯᠵᠠᠢ᠃ ᠤᠬ᠍ᠳᠠᠷᠭᠤᠢ᠎ᠠᠴᠠ ᠠᠵᠢᠬ᠍ᠯᠠᠬᠤ᠂ ᠲᠤᠬᠠᠢ᠎ᠶ᠋ᠢᠨ ᠭᠠᠵᠠᠷ᠎ᠲᠤ ᠪᠠᠢᠴᠠᠭᠠᠬᠤ᠂ ᠰᠦᠯᠵᠢᠶᠡᠨ ᠳᠡᠭᠡᠷ᠎ᠡ ᠬᠠᠮᠢᠶᠠᠷᠬᠤ᠎ᠨᠢ ᠬᠠᠤᠯᠢ᠎ᠠᠴᠠ ᠵᠦᠷᠢᠴᠡᠭ᠌ᠰᠡᠨ ᠠᠰᠠᠭᠤᠳᠠᠯ᠎ᠢ ᠢᠯᠡᠷᠡᠭᠦᠯᠬᠦ᠌᠎ᠠᠴᠠ ᠠᠪᠤᠭᠠᠳ ᠪᠠᠢᠴᠠᠭᠠᠨ ᠱᠢᠢᠳᠭᠡᠬᠦ᠂ ᠬᠢᠨᠠᠨ ᠬᠠᠮᠢᠶᠠᠷᠬᠤ ᠬᠦᠷᠳᠡᠯᠡᠬᠢ ᠪᠦᠬᠦ᠌ ᠠᠵᠢᠯ᠎ᠢ ᠴᠦᠮ ᠱᠠᠭᠠᠷᠳᠠᠯᠭ᠎ᠠ ᠶᠤᠰᠤᠭᠠᠷ᠂ ᠭᠤᠬ᠍ᠴᠤᠭ᠎ᠠ ᠳᠠᠷᠠᠭᠠᠯᠠᠭ᠍ᠰᠠᠨ ᠳᠤᠬ᠍ᠳᠠᠭᠠᠯ ᠶᠤᠰᠤᠭᠠᠷ ᠶᠠᠪᠤᠭ᠍ᠳᠠᠭᠤᠯᠬᠤ᠎ᠶ᠋ᠢ ᠪᠠᠳᠤᠯᠠᠵᠤ᠂ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠳᠠ᠎ᠶ᠋ᠢᠨ ᠬᠠᠤᠯᠢ ᠬᠡᠷᠡᠭ᠌ᠵᠢᠬᠦᠯᠬᠦ᠌ ᠠᠵᠢᠯ᠎ᠢ ᠨᠡᠩ ᠲᠦᠷᠢᠮᠵᠢᠬᠦᠨ ᠨᠡᠩ ᠡᠮᠬᠢ ᠲᠢᠭ᠌ᠯᠢᠮ᠎ᠲᠠᠢ ᠪᠤᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号