ᠵᠠᠭᠤᠨ ᠵᠢᠯ᠎ᠤᠨ ᠠᠭᠤᠤ ᠶᠡᠭᠡ ᠨᠠᠮ᠎ᠤᠨ ᠰᠦᠷ ᠳᠠᠯᠠᠢᠴᠠᠲᠠᠶ ᠬᠦᠴᠦᠨ᠎ᠢ ᠤᠬᠠᠪᠤᠷᠢᠯᠠᠵᠤ ᠣᠳᠣᠬᠢᠴᠢᠯᠠᠬ᠍ᠰᠠᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠠᠶᠠᠨ᠎ᠳᠠᠭᠠᠨ ᠡᠷᠡᠯᠬᠡᠭ᠌ᠯᠡᠨ ᠤᠷᠤᠭ᠍ᠰᠢᠯᠠᠨ᠎ᠠ
2021-08-12 10:08:11
ᠵᠣᠬᠢᠶᠠᠭ᠍ᠴᠢ᠄
ᠰᠥᠩ ᠱᠤᠸᠠᠩ ᠯᠢ ᠴᠤᠤ ᠷᠠᠨ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠭᠢᠵᠢᠯᠲᠠ᠎ᠶ᠋ᠢᠨ ᠬᠤᠷᠢᠶᠠᠨ᠎ᠤ ᠠᠯᠪᠠᠨ ᠭᠡᠷ᠎ᠤᠨ ᠡᠷᠬᠢᠯᠡᠭ᠌ᠴᠢ ᠹᠦ᠋ ᠯᠸᠢ᠎ᠶ᠋ᠢ ᠰᠤᠷᠪᠤᠯᠵᠢᠯᠠᠬ᠍ᠰᠠᠨ᠎ᠨᠢ

《ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠢᠨᠠᠮᠠᠭᠠᠢ ᠰᠤᠷᠤᠯᠴᠠᠨ ᠣᠢᠯᠠᠭᠠᠵᠤ᠂ ᠵᠠᠭᠤᠨ ᠵᠢᠯ᠎ᠤᠨ ᠰᠦᠷ ᠳᠠᠯᠠᠢᠴᠠᠲᠠᠢ ᠲᠡᠦᠬᠡᠨ ᠠᠶᠠᠨ᠎ᠢ ᠡᠷᠭᠢᠴᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠷ ᠳᠠᠯᠠᠢᠴᠠᠲᠠᠢ ᠠᠮᠢᠵᠢᠷᠠᠯ᠎ᠤᠨ ᠬᠦᠴᠦᠨ᠎ᠢ ᠭᠦᠨᠵᠡᠭᠡᠢ ᠣᠢᠯᠠᠭᠠᠪᠠ》᠃ ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠭᠢᠵᠢᠯᠲᠠ᠎ᠶ᠋ᠢᠨ ᠬᠤᠷᠢᠶᠠᠨ᠎ᠤ ᠠᠯᠪᠠᠨ ᠭᠡᠷ᠎ᠤᠨ ᠡᠷᠬᠢᠯᠡᠭ᠌ᠴᠢ ᠹᠦ᠋ ᠯᠸᠢ ᠰᠤᠷᠪᠤᠯᠵᠢᠯᠠᠭ᠎ᠠ ᠬᠦᠯᠢᠶᠡᠬᠦ᠌᠎ᠳᠡᠭᠡᠨ᠄ 《ᠵᠠᠭᠤᠨ ᠵᠢᠯ᠎ᠤᠨ ᠠᠭᠤᠤ ᠶᠡᠭᠡ ᠨᠠᠮ ᠪᠣᠯ ᠰᠦᠷ ᠳᠠᠯᠠᠢᠴᠠᠲᠠᠶ ᠳᠣᠲᠣᠭᠠᠳᠤ ᠠᠮᠢᠵᠢᠷᠠᠯ᠎ᠤᠨ ᠬᠦᠴᠦᠨ᠎ᠲᠠᠢ ᠶᠤᠮ᠂ ᠡᠨᠡ ᠬᠦ᠌ ᠬᠦᠴᠦᠨ ᠴᠢᠳᠠᠯ᠎ᠨᠢ ᠬᠠᠮᠲᠤ᠎ᠶ᠋ᠢᠨ ᠲᠡᠮᠡᠴᠡᠬᠦ᠌ ᠬᠠᠷᠠᠯᠲᠠ᠎ᠠᠴᠠ ᠢᠷᠡᠵᠦ᠍᠂ ᠳᠤᠮᠳᠠᠳᠤ ᠤᠯᠤᠰ᠎ᠤᠨ ᠪᠣᠳᠠᠲᠤ ᠪᠠᠢᠳᠠᠯ᠎ᠳᠤ ᠦᠨᠳᠦᠰᠦᠯᠡᠵᠦ᠍᠂ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠠᠴᠠ ᠢᠷᠡᠵᠦ᠍᠂ ᠠᠷᠠᠳ ᠲᠦᠮᠡᠨ᠎ᠤ ᠪᠦᠯᠬᠦᠮᠳᠡᠨ ᠲᠡᠮᠡᠴᠡᠬᠦ᠌᠎ᠪᠠᠷ ᠲᠣᠭ᠍ᠳᠠᠭᠠᠭ᠍ᠳᠠᠵᠤ᠂ ᠥᠪᠡᠷ᠎ᠤᠨ ᠪᠡᠶ᠎ᠡ᠎ᠳᠡᠭᠡᠨ ᠡᠷᠡᠰ ᠪᠠᠳᠤ ᠬᠤᠪᠢᠰᠭᠠᠯ ᠬᠢᠬᠦ᠌᠎ᠪᠠᠷ ᠵᠠᠯᠭᠠᠮᠵᠢᠯᠠᠬ᠍ᠳᠠᠵᠤ᠂ ᠢᠷᠡᠭᠡᠳᠦᠶ᠎ᠳᠤ ᠪᠠᠲᠤ ᠢᠲᠡᠭᠡᠯ᠎ᠲᠠᠢ ᠪᠠᠢᠬᠤ᠎ᠳᠤ ᠬᠦᠰᠡᠯ ᠨᠠᠢᠳᠠᠯᠭ᠎ᠠ᠎ᠪᠠᠨ ᠲᠠᠯᠪᠢᠵᠠᠢ᠃ ᠪᠢᠳᠡ ᠦᠵᠡᠯ ᠰᠠᠨᠠᠭᠠᠨ᠎ᠤ ᠲᠤᠭ᠎ᠢ ᠥᠨᠳᠥᠷ ᠮᠠᠨᠳᠤᠭᠤᠯᠵᠤ᠂ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠵᠤ᠂ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠭᠢᠵᠢᠯᠲᠠ᠎ᠶ᠋ᠢᠨ ᠠᠵᠢᠯ᠎ᠤᠨ ᠵᠢᠮ᠎ᠡ ᠶᠣᠰᠣ᠎ᠶ᠋ᠢ ᠣᠨᠣᠪᠴᠢᠲᠠᠶ ᠡᠵᠡᠮᠳᠡᠵᠦ᠍᠂ ᠲᠤᠭ ᠲᠡᠮᠳᠡᠭ ᠲᠣᠳᠣᠷᠬᠠᠶ᠎ᠪᠠᠷ ᠵᠥᠪ ᠲᠠᠯ᠎ᠠ᠎ᠶ᠋ᠢᠨ ᠤᠬᠠᠭᠤᠯᠭ᠎ᠠ ᠲᠠᠢᠯᠤᠮᠵᠢ᠎ᠶ᠋ᠢ ᠰᠠᠢᠲᠤᠷ ᠬᠢᠵᠦ᠍᠂ ᠰᠦᠯᠵᠢᠶᠡᠨ᠎ᠤ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠴᠢᠨᠠᠷ ᠰᠠᠢᠲᠠᠶ ᠬᠥᠭ᠌ᠵᠢᠯᠲᠡ᠎ᠳᠤ ᠪᠠᠲᠤᠯᠠᠭ᠎ᠠ ᠬᠠᠩᠭᠠᠬᠤ ᠬᠡᠷᠡᠭ᠌ᠲᠡᠶ》 ᠭᠡᠵᠦ᠍ ᠢᠯᠡᠷᠭᠡᠢᠯᠡᠪᠡ᠃

ᠹᠦ᠋ ᠯᠸᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠢᠭ᠌ᠰᠡᠨ ᠠᠯᠢᠪᠠ ᠲᠡᠮᠡᠴᠡᠯ᠂ ᠠᠯᠢᠪᠠ ᠦᠷᠡᠭ᠌ᠳᠡᠯ᠂ ᠠᠯᠢᠪᠠ ᠡᠭᠦᠳᠦᠯᠲᠡ᠎ᠶ᠋ᠢ ᠬᠤᠷᠢᠶᠠᠩᠭᠤᠢᠯᠠᠪᠠᠯ ᠨᠢᠭᠡ ᠯᠡ ᠭᠤᠣᠯ ᠰᠡᠳᠦᠪ᠄ ᠳᠠᠷᠤᠢ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ᠃ ᠡᠨᠡ ᠬᠦ᠌ ᠲᠡᠮᠡᠴᠡᠯ᠎ᠤᠨ ᠬᠠᠷᠠᠯᠲᠠ ᠪᠣᠯ 1840 ᠣᠨ᠎ᠠᠴᠠ ᠨᠠᠭᠠᠱᠢᠬᠢ ᠳᠤᠮᠳᠠᠳᠤ᠎ᠶ᠋ᠢᠨ ᠦᠨᠳᠦᠰᠦᠲᠡᠨ ᠬᠦᠨᠳᠦ ᠨᠣᠴᠢᠲᠠᠢ ᠭᠠᠢ ᠭᠠᠮᠱᠢᠭ᠎ᠲᠤ ᠤᠴᠠᠷᠠᠭ᠍ᠰᠠᠨ᠎ᠤ ᠳᠠᠷᠠᠭᠠᠬᠢ ᠥᠷᠭᠡᠨ ᠤᠯᠠᠨ ᠠᠷᠠᠳ ᠲᠦᠮᠡᠨ᠎ᠤ ᠬᠠᠮᠤᠭ᠎ᠤᠨ ᠭᠦᠨ ᠭᠦᠨᠵᠡᠭᠡᠢ ᠥᠷᠭᠡᠨ ᠳᠡᠯᠭᠡᠷ ᠬᠦᠰᠡᠯ ᠱᠠᠭᠠᠷᠳᠠᠯᠭ᠎ᠠ ᠮᠥᠨ᠃ 《ᠤᠯᠤᠰ ᠣᠷᠣᠨ ᠭᠤᠲᠤᠭᠠᠯ ᠳᠤᠷᠤᠮᠵᠢᠯᠠᠯ ᠠᠮᠰᠠᠵᠤ᠂ ᠠᠷᠠᠳ ᠲᠦᠮᠡᠨ ᠭᠠᠢ ᠵᠣᠪᠠᠯᠠᠩ ᠠᠮᠰᠠᠵᠤ᠂ ᠪᠣᠯᠪᠠᠰᠤᠨ ᠪᠠᠢᠳᠠᠯ ᠲᠣᠭᠤᠰᠣᠨ᠎ᠳᠤ ᠳᠠᠷᠤᠭ᠍ᠳᠠᠬ᠍ᠰᠠᠨ》 ᠎ᠠᠴᠠ ᠪᠤᠯᠵᠦ᠍᠂ 《ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌》 ᠎ᠶ᠋ᠢ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠠᠷᠠᠳ ᠲᠦᠮᠡᠨ᠂ ᠳᠤᠮᠳᠠᠳᠤ᠎ᠶ᠋ᠢᠨ ᠦᠨᠳᠦᠰᠦᠲᠡᠨ᠎ᠤ ᠬᠤᠪᠢᠷᠠᠰᠢ ᠦᠭᠡᠢ ᠬᠠᠮᠲᠤ᠎ᠶ᠋ᠢᠨ ᠲᠡᠮᠡᠴᠡᠯ᠎ᠤᠨ ᠬᠠᠷᠠᠯᠲᠠ ᠪᠤᠢ ᠪᠣᠯᠭᠠᠵᠤ᠂ ᠱᠢᠨ᠎ᠡ ᠠᠷᠠᠳᠴᠢᠯᠠᠭ᠍ᠰᠠᠨ ᠬᠤᠪᠢᠰᠭᠠᠯ᠂ ᠨᠡᠢᠭᠡᠮ ᠵᠢᠷᠤᠮ᠎ᠤᠨ ᠬᠤᠪᠢᠰᠭᠠᠯ ᠪᠠ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮᠳᠤ ᠣᠳᠣᠬᠢᠴᠢᠯᠠᠬ᠍ᠰᠠᠨ ᠪᠦᠲᠦᠭᠡᠨ ᠪᠠᠢᠭᠤᠯᠤᠯᠲᠠ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠨᠢᠭᠡᠨᠲᠡ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶ᠋ᠢᠨ ᠬᠦᠰᠡᠯ ᠡᠷᠡᠮᠡᠯᠵᠡᠯ ᠪᠣᠯᠤᠭ᠍ᠰᠠᠨ ᠪᠠᠢᠨ᠎ᠠ᠃ ᠵᠠᠭᠤᠨ ᠵᠢᠯ᠎ᠤᠨ ᠠᠭᠤᠤ ᠶᠡᠭᠡ ᠨᠠᠮ᠎ᠤᠨ ᠱᠢᠨ᠎ᠡ ᠭᠠᠷᠤᠭ᠎ᠠ᠎ᠳᠤ ᠰᠠᠭᠤᠷᠢᠯᠠᠵᠤ᠂ ᠵᠠᠭᠤᠨ ᠵᠢᠯ᠎ᠤᠨ ᠲᠤᠷᠱᠢᠬᠢ ᠲᠡᠮᠡᠴᠡᠯ᠎ᠤᠨ ᠱᠢᠨ᠎ᠡ ᠠᠶᠠᠨ᠎ᠳᠤ ᠬᠦᠴᠦ᠎ᠪᠠᠨ ᠵᠠᠯᠭᠠᠵᠤ᠂ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠭᠢᠵᠢᠯᠲᠠ᠎ᠶ᠋ᠢᠨ ᠠᠵᠢᠯ ᠢᠷᠠᠭᠤ ᠠᠯᠳᠠᠷᠲᠠᠢ ᠪᠥᠭᠡᠳ ᠪᠡᠷᠬᠡ ᠬᠠᠲᠠᠭᠤᠵᠢᠯᠲᠠᠢ ᠡᠭᠦᠷᠭᠡ᠎ᠶ᠋ᠢ ᠡᠭᠦᠷᠭᠡᠯᠡᠵᠦ᠍ ᠪᠠᠢᠨ᠎ᠠ᠃ ᠪᠢᠳᠡ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠰᠤᠷᠤᠯᠴᠠᠨ ᠤᠬᠠᠭᠤᠯᠵᠤ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠬᠡᠷᠡᠯ ᠰᠠᠴᠤᠷᠠᠩᠭᠤᠶ ᠥᠩᠭᠡᠷᠡᠯᠲᠡ ᠪᠣᠯᠤᠨ ᠠᠭᠤᠤ ᠶᠡᠭᠡ ᠠᠮᠵᠢᠯᠲᠠ ᠪᠦᠲᠦᠮᠵᠢ᠎ᠪᠠᠷ ᠲᠡᠮᠡᠴᠡᠯ᠎ᠤᠨ ᠵᠣᠷᠢᠭ᠎ᠢ ᠬᠥᠪᠴᠢᠯᠡᠨ ᠬᠥᠳᠡᠯᠭᠡᠬᠦ᠌ ᠬᠦᠴᠦᠨ᠎ᠢ ᠬᠥᠭ᠌ᠵᠢᠭᠡᠵᠦ᠍᠂ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠪᠠᠷ ᠢᠲᠡᠭᠡᠯ ᠵᠣᠷᠢᠭ᠎ᠢᠶᠠᠨ ᠪᠠᠲᠤᠳᠭᠠᠨ ᠵᠠᠩ ᠴᠢᠨᠠᠷ᠎ᠢᠶᠠᠨ ᠳᠠᠪᠲᠠᠨ ᠪᠣᠯᠪᠠᠰᠤᠷᠠᠭᠤᠯᠵᠤ᠂ ᠤᠬᠠᠮᠰᠠᠷ᠎ᠠᠴᠠ᠎ᠪᠠᠨ ᠠᠭᠤᠤ ᠶᠡᠭᠡ ᠤᠷᠢᠶᠠᠯᠠᠭ᠎ᠠ᠎ᠶ᠋ᠢ ᠴᠤᠤᠷᠢᠶᠠᠳᠤᠨ ᠳᠠᠭᠠᠵᠤ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠴᠥᠬᠦᠷᠡᠰᠢ ᠥᠬᠡᠶ ᠲᠡᠮᠡᠴᠡᠵᠦ᠍᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢᠶᠠᠨ ᠦᠨᠡᠨ ᠬᠦ᠌ ᠪᠥᠬᠦ᠌ ᠣᠷᠣᠨ᠎ᠤ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠭᠢᠴᠢᠯᠠᠯᠲᠠ᠎ᠶ᠋ᠢᠨ ᠦᠢᠯᠡᠰ᠎ᠤᠨ ᠱᠢᠨ᠎ᠡ ᠳᠡᠭ᠌ᠲᠡᠷ᠎ᠲᠤ ᠭᠠᠷᠬᠤ᠎ᠶ᠋ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ ᠬᠡᠷᠡᠭ᠌ᠲᠡᠶ᠃

ᠨᠢᠭᠡ᠎ᠳᠤ᠂ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠵᠤ᠂ ᠱᠢᠨ᠎ᠡ ᠴᠠᠭ ᠦᠶ᠎ᠡ᠎ᠶ᠋ᠢᠨ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠭᠢᠴᠢᠯᠠᠯᠲᠠ᠎ᠶ᠋ᠢᠨ ᠠᠵᠢᠯ᠎ᠤᠨ ᠵᠣᠷᠢᠭ ᠰᠠᠨᠠᠭᠠᠨ᠎ᠤ ᠰᠠᠭᠤᠷᠢ᠎ᠶ᠋ᠢ ᠪᠠᠬᠢᠵᠢᠭᠦᠯᠬᠦ᠌ ᠬᠡᠷᠡᠭ᠌ᠲᠡᠶ᠃ ᠬᠥᠮᠦᠨ ᠵᠣᠷᠢᠭ ᠰᠠᠨᠠᠭ᠎ᠠ ᠦᠭᠡᠢ ᠪᠣᠯ ᠲᠣᠭ᠍ᠲᠠᠨᠢᠵᠤ ᠴᠢᠳᠠᠬᠤ ᠦᠭᠡᠢ᠂ ᠤᠯᠤᠰ ᠣᠷᠣᠨ ᠵᠣᠷᠢᠭ ᠰᠠᠨᠠᠭ᠎ᠠ ᠦᠭᠡᠢ ᠪᠣᠯ ᠬᠦᠴᠦᠷᠬᠡᠭ᠌ᠵᠢᠵᠦ᠍ ᠴᠢᠳᠠᠬᠤ ᠦᠭᠡᠢ᠃ 100 ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ᠎ᠶ᠋ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠬᠤ᠎ᠶ᠋ᠢ ᠪᠠᠷᠢᠮᠲᠠᠯᠠᠵᠤ᠂ ᠨᠠᠮ ᠪᠣᠯᠤᠨ ᠠᠷᠠᠳ ᠲᠦᠮᠡᠨ᠎ᠤ ᠦᠢᠯᠡᠰ᠎ᠢ ᠵᠢᠯᠣᠭᠤᠳᠤᠨ ᠲᠠᠰᠤᠷᠠᠯᠲᠠ ᠦᠭᠡᠢ ᠱᠢᠨ᠎ᠡ ᠪᠠᠢᠳᠠᠯ᠎ᠢ ᠡᠭᠦᠳᠪᠡ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠰᠢ᠎ᠶ᠋ᠢᠨ ᠫᠢᠩ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠭᠢᠴᠢᠯᠠᠯᠲᠠ᠎ᠶ᠋ᠢᠨ ᠠᠵᠢᠯ᠎ᠤᠨ ᠲᠤᠬᠠᠢ ᠠᠯᠢ ᠤᠯᠠᠨ ᠱᠢᠨ᠎ᠡ ᠦᠵᠡᠯ ᠰᠠᠨᠠᠭ᠎ᠠ ᠱᠢᠨ᠎ᠡ ᠦᠵᠡᠯᠲᠡ ᠱᠢᠨ᠎ᠡ ᠨᠤᠲᠠᠯᠠᠯᠲᠠ᠎ᠶ᠋ᠢ ᠳᠤᠷᠠᠳᠴᠤ᠌᠂ ᠶᠠᠭᠤᠨ᠎ᠳᠤ ᠰᠦᠯᠵᠢᠶᠡᠨ᠎ᠤ ᠬᠦᠴᠦᠷᠬᠡᠭ ᠤᠯᠤᠰ᠎ᠢ ᠪᠦᠳᠦᠬᠡᠨ ᠪᠠᠢᠭᠤᠯᠬᠤ᠂ ᠰᠦᠯᠵᠢᠶᠡᠨ᠎ᠤ ᠬᠦᠴᠦᠷᠬᠡᠭ ᠤᠯᠤᠰ᠎ᠢ ᠬᠡᠷᠬᠢᠨ ᠪᠦᠳᠦᠬᠡᠨ ᠪᠠᠢᠭᠤᠯᠬᠤ ᠲᠤᠬᠠᠢ ᠠᠯᠢ ᠤᠯᠠᠨ ᠴᠢᠬᠤᠯᠠ ᠶᠡᠭᠡ ᠤᠨᠤᠯ᠎ᠤᠨ ᠪᠠ ᠦᠢᠯᠡᠳᠦᠯᠭᠡ᠎ᠶ᠋ᠢᠨ ᠠᠰᠠᠭᠤᠳᠠᠯ᠎ᠢ ᠱᠢᠰᠲ᠋ᠧᠮ᠎ᠲᠠᠢ ᠬᠠᠷᠢᠭᠤᠯᠪᠠ᠃ ᠪᠢᠳᠡ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ᠎ᠶ᠋ᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠎ᠠ᠎ᠪᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠬᠦ᠂ ᠦᠢᠯᠡᠳᠦᠯᠭᠡ᠎ᠪᠠᠨ ᠵᠢᠯᠤᠭᠤᠳᠤᠭᠤᠯᠬᠤ᠂ ᠠᠵᠢᠯ᠎ᠢᠶᠠᠨ ᠠᠬᠢᠭᠤᠯᠬᠤ᠎ᠶ᠋ᠢ ᠢᠮᠠᠭ᠍ᠲᠠ ᠪᠠᠷᠢᠮᠲᠠᠯᠠᠵᠤ᠂ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠭᠢᠴᠢᠯᠠᠯᠲᠠ᠎ᠶ᠋ᠢᠨ ᠠᠵᠢᠯ᠎ᠤᠨ ᠵᠢᠮ᠎ᠡ ᠶᠣᠰᠣ᠎ᠶ᠋ᠢ ᠡᠵᠡᠮᠳᠡᠵᠦ᠍᠂  ᠰᠦᠯᠵᠢᠶ᠎ᠡ᠎ᠶ᠋ᠢ ᠬᠠᠮᠢᠶᠠᠷᠴᠤ᠌  ᠰᠦᠯᠵᠢᠶ᠎ᠡ᠎ᠶ᠋ᠢ ᠵᠠᠰᠠᠬᠤ ᠦᠢᠯᠡᠳᠦᠯᠭᠡ᠎ᠶ᠋ᠢᠨ ᠲᠤᠷᠱᠢᠯᠭ᠎ᠠ᠎ᠪᠠᠨ ᠳ᠋ᠦᠩᠨᠡᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ ᠳᠡᠭᠡᠷ᠎ᠡ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ᠎ᠢᠶᠠᠨ ᠦᠨᠡᠨ ᠬᠦ᠌ ᠴᠢᠩᠭᠠᠳᠭᠠᠬᠤ ᠬᠡᠷᠡᠭ᠌ᠲᠡᠢ᠃ ᠰᠦᠯᠵᠢᠶᠡᠨ᠎ᠤ ᠠᠭᠤᠯᠭ᠎ᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠥᠪᠥᠷ ᠮᠣᠩᠭᠤᠯ᠎ᠤᠨ ᠴᠢᠨᠠᠷ ᠰᠠᠢᠲᠠᠶ ᠬᠥᠭ᠌ᠵᠢᠯᠲᠡ ᠪᠠ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ᠎ᠢ ᠰᠠᠢᠲᠤᠷ ᠶᠠᠷᠢᠵᠤ᠂ ᠢᠳᠡᠪᠬᠢ ᠬᠦᠴᠦᠨ᠎ᠢ ᠶᠡᠭᠡ ᠤᠷᠤᠰᠴᠠ ᠪᠣᠯᠭᠠᠵᠤ᠂ ᠰᠦᠯᠵᠢᠶ᠎ᠡ᠎ᠪᠠᠷ ᠳᠠᠮᠵᠢᠭᠤᠯᠤᠨ ᠪᠥᠬᠦ᠌ ᠣᠷᠣᠨ ᠳᠠᠶᠠᠭᠠᠷ᠎ᠤᠨ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠥᠲᠥᠭᠡᠨ ᠪᠠᠢᠭᠤᠯᠬᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌ ᠬᠠᠮᠲᠤ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠨᠢᠭ᠍ᠲᠠᠷᠠᠭᠤᠯᠬᠤ ᠬᠡᠷᠡᠭ᠌ᠲᠡᠶ᠃

ᠬᠤᠶᠠᠷ᠎ᠲᠤ᠌᠂ ᠠᠷᠠᠳ ᠲᠦᠮᠡᠨ᠎ᠤ ᠵᠣᠭ᠍ᠰᠣᠯᠲᠠ᠎ᠳᠤ ᠪᠠᠲᠤ ᠵᠣᠭ᠍ᠰᠣᠵᠤ᠂ ᠱᠢᠨ᠎ᠡ ᠴᠠᠭ ᠦᠶ᠎ᠡ᠎ᠶ᠋ᠢᠨ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠭᠢᠴᠢᠯᠠᠯᠲᠠ᠎ᠶ᠋ᠢᠨ ᠠᠵᠢᠯ᠎ᠳᠤ ᠬᠥᠳᠡᠯᠭᠡᠬᠦ᠌ ᠬᠦᠴᠦᠨ᠎ᠤ ᠡᠬᠢ ᠪᠤᠯᠠᠭ ᠬᠠᠩᠭᠠᠬᠤ ᠬᠡᠷᠡᠭ᠌ᠲᠡᠢ᠃ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠳᠤ 《ᠠᠷᠠᠳ ᠲᠦᠮᠡᠨ》 ᠭᠡᠬᠦ᠌ ᠦᠭᠡ᠎ᠶ᠋ᠢ 86 ᠤᠳᠠᠭ᠎ᠠ ᠬᠡᠯᠡᠪᠡ᠃ ᠢᠨᠲ᠋ᠧᠷ ᠰᠦᠯᠵᠢᠶ᠎ᠡ ᠲᠦᠭ ᠲᠦᠮᠡᠨ ᠣᠯᠠᠨ ᠲᠦᠮᠡᠨ᠎ᠲᠠᠢ ᠨᠡᠪᠲᠡᠷᠡᠯᠴᠡᠵᠦ᠍᠂ ᠨᠠᠮ᠎ᠤᠨ ᠰᠡᠳᠭᠢᠯ ᠠᠷᠠᠳ᠎ᠤᠨ ᠰᠡᠳᠭᠢᠯ᠎ᠢ ᠬᠤᠯᠪᠣᠵᠠᠢ; ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠭᠢᠴᠢᠯᠠᠯᠲᠠ᠎ᠶ᠋ᠢᠨ ᠠᠵᠢᠯ᠎ᠨᠢ ᠤᠯᠠᠨ ᠲᠦᠮᠡᠨ᠎ᠢ ᠵᠣᠬᠢᠶᠠᠨ ᠪᠠᠢᠭᠤᠯᠬᠤ᠂ ᠤᠯᠠᠨ ᠲᠦᠮᠡᠨ᠎ᠳᠤ ᠤᠬᠠᠭᠤᠯᠬᠤ᠂ ᠤᠯᠠᠨ ᠲᠦᠮᠡᠨ᠎ᠢ ᠬᠦᠳᠤᠯᠤᠨ ᠵᠢᠯᠣᠭᠤᠳᠭᠤ᠂ ᠤᠯᠠᠨ ᠲᠦᠮᠡᠨ᠎ᠳᠤ ᠦᠢᠯᠡᠴᠢᠯᠡᠬᠦ᠌ ᠴᠢᠬᠤᠯᠠ ᠡᠭᠦᠷᠭᠡ᠎ᠶ᠋ᠢ ᠡᠭᠦᠷᠭᠡᠯᠡᠵᠦ᠍ ᠪᠠᠢᠨ᠎ᠠ᠃ ᠪᠢᠳᠠ ᠰᠦᠯᠵᠢᠶᠡᠨ ᠳᠡᠭᠡᠷᠡᠬᠢ ᠤᠯᠠᠨ ᠲᠦᠮᠡᠨᠴᠢ ᠱᠤᠭᠤᠮ᠎ᠢᠶᠠᠷ ᠯᠠᠪᠳᠠᠭᠤᠨ ᠪᠠᠲᠤᠲᠠᠢ ᠰᠠᠢᠲᠤᠷ ᠵᠠᠮᠨᠠᠵᠤ᠂ ᠢᠨᠲ᠋ᠧᠷ ᠰᠦᠯᠵᠢᠶ᠎ᠡ᠎ᠶ᠋ᠢ ᠤᠯᠠᠨ ᠲᠦᠮᠡᠨ᠎ᠢ ᠣᠢᠯᠠᠭᠠᠬᠤ᠂ ᠤᠯᠠᠨ ᠲᠦᠮᠡᠨ᠎ᠲᠠᠢ ᠣᠢᠷᠠᠲᠤᠬᠤ᠂ ᠤᠯᠠᠨ ᠲᠦᠮᠡᠨ᠎ᠤ ᠬᠦᠴᠢᠷ ᠵᠣᠪᠠᠭᠤᠷᠢ᠎ᠶ᠋ᠢ ᠱᠢᠢᠳᠪᠦᠷᠢᠯᠡᠵᠦ᠍ ᠥᠭ᠌ᠬᠦ ᠱᠢᠨ᠎ᠡ ᠠᠷᠭ᠎ᠠ ᠵᠠᠮ ᠪᠣᠯᠭᠠᠵᠤ᠂ ᠠᠷᠠᠳ᠎ᠤᠨ ᠠᠷᠠᠳᠴᠢᠯᠠᠯ᠎ᠢ ᠪᠠᠳᠠᠷᠠᠭᠤᠯᠬᠤ᠂ ᠠᠷᠠᠳ ᠲᠦᠮᠡᠨ᠎ᠤ ᠬᠢᠨᠠᠯᠲᠠ᠎ᠶ᠋ᠢ ᠬᠦᠯᠢᠶᠡᠬᠦ᠌ ᠱᠢᠨ᠎ᠡ ᠠᠷᠭ᠎ᠠ ᠵᠠᠮ ᠪᠣᠯᠭᠠᠬᠤ ᠬᠡᠷᠡᠭ᠌ᠲᠡᠢ᠃ ᠶᠡᠷᠦᠩᠬᠡᠢᠯᠡᠭ᠌ᠰᠡᠨ ᠰᠦᠯᠵᠢᠶᠡᠨ᠎ᠤ ᠵᠠᠰᠠᠯᠲᠠ᠎ᠶ᠋ᠢᠨ ᠴᠢᠳᠠᠪᠤᠷᠢ᠂ ᠰᠦᠯᠵᠢᠶᠡᠨ᠎ᠤ ᠠᠮᠤᠷ ᠲᠦᠪᠱᠢᠨ᠎ᠢ ᠪᠠᠲᠤᠯᠠᠬᠤ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠠᠶᠤᠯ ᠲᠦᠭ᠌ᠰᠢᠭᠦᠷᠢ ᠭᠡᠮ ᠰᠣᠭᠤᠭ᠎ᠢ ᠰᠡᠷᠭᠡᠢᠯᠡᠨ ᠠᠷᠢᠯᠭᠠᠵᠤ᠂ ᠠᠷᠠᠳ ᠤᠯᠠᠨ᠎ᠤ ᠰᠦᠯᠵᠢᠶᠡᠨ᠎ᠤ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠢ᠃ ᠮᠡᠳᠡᠭᠡ ᠵᠠᠩᠭᠢᠵᠢᠯᠲᠠ᠎ᠪᠠᠷ ᠴᠢᠨᠠᠷ ᠰᠠᠢᠲᠠᠶ ᠬᠥᠭ᠌ᠵᠢᠯᠲᠡ ᠪᠠ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠳᠤ ᠬᠦᠴᠦᠨ ᠨᠡᠮᠡᠷᠢᠯᠡᠵᠦ᠍᠂ ᠲᠣᠭᠠᠴᠢᠯᠠᠭ᠍ᠰᠠᠨ ᠠᠵᠤ ᠠᠬᠤᠶ᠎ᠶ᠋ᠢᠨ ᠬᠥᠭ᠌ᠵᠢᠯᠲᠡ᠎ᠪᠠᠷ ᠠᠵᠤ ᠠᠬᠤᠶ᠎ᠶ᠋ᠢᠨ ᠬᠡᠯᠪᠡᠷᠢ᠎ᠪᠠᠨ ᠬᠤᠪᠢᠷᠠᠭᠤᠯᠬᠤ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬ᠍ᠰᠠᠨ ᠪᠣᠬᠢᠷᠲᠤᠯ ᠥᠬᠡᠶ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠵᠦ᠍᠂ ᠠᠷᠠᠳ ᠣᠯᠠᠨ᠎ᠢ ᠢᠨᠲ᠋ᠧᠷ ᠰᠦᠯᠵᠢᠶᠡᠨ᠎ᠤ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠌ ᠲᠠᠯ᠎ᠠ᠎ᠪᠠᠷ ᠨᠠᠩ ᠣᠯᠠᠨ ᠬᠦᠷᠲᠡᠮᠵᠢ᠎ᠶ᠋ᠢᠨ ᠲᠥᠷᠥᠭ᠌ᠳᠡᠯ ᠵᠤᠯ ᠵᠢᠷᠭᠠᠯᠲᠤ ᠲᠥᠷᠥᠭ᠌ᠳᠡᠯ ᠠᠮᠤᠷ ᠲᠦᠪᠱᠢᠨ᠎ᠤ ᠲᠥᠷᠥᠭ᠌ᠳᠡᠯ᠎ᠲᠠᠢ ᠪᠣᠯᠭᠠᠬᠤ ᠬᠡᠷᠡᠭ᠌ᠲᠡᠶ᠃

ᠭᠤᠷᠪᠠ᠎ᠳᠤ᠂ ᠵᠣᠷᠢᠭ᠍ᠲᠠᠢ᠎ᠪᠠᠷ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠵᠦ᠍᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠭᠢᠴᠢᠯᠠᠯᠲᠠ᠎ᠶ᠋ᠢᠨ 《ᠲᠡᠮᠦᠷ ᠴᠡᠷᠢᠭ》 ᠎ᠢ ᠪᠠᠢᠭᠤᠯᠬᠤ ᠬᠡᠷᠡᠭ᠌ᠲᠡᠢ᠃ ᠶᠡᠷᠦᠩᠬᠡᠢ ᠱᠦᠵᠢ ᠰᠢ᠎ᠶ᠋ᠢᠨ ᠫᠢᠩ᠄ 《ᠮᠠᠨ᠎ᠤ ᠨᠠᠮ ᠳᠠᠪᠲᠠᠭ᠍ᠳᠠᠨ ᠪᠣᠯᠪᠠᠰᠤᠷᠠᠭᠠᠳ ᠴᠤᠭ ᠰᠦᠯᠳᠡ ᠪᠠᠳᠠᠷᠠᠩᠭᠤᠢ ᠪᠣᠯᠤᠭ᠍ᠰᠠᠨ᠎ᠤ ᠨᠢᠭᠡᠨ ᠮᠠᠰᠢ ᠴᠢᠬᠤᠯᠠ ᠱᠢᠯᠲᠠᠭᠠᠨ ᠪᠣᠯ ᠳᠠᠷᠤᠢ ᠪᠢᠳᠡ ᠨᠠᠮ᠎ᠨᠢ ᠨᠠᠮ᠎ᠢᠶᠠᠨ ᠬᠠᠮᠢᠶᠠᠷᠬᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠢᠮᠠᠭ᠍ᠲᠠ ᠪᠠᠷᠢᠮᠲᠠᠯᠠᠵᠤ᠂ ᠲᠤᠰ ᠪᠡᠶ᠎ᠡ᠎ᠶ᠋ᠢᠨ᠎ᠢᠶᠠᠨ ᠡᠯ᠎ᠡ ᠲᠡᠦᠬᠡᠨ ᠴᠠᠭ ᠦᠶ᠎ᠡ᠎ᠳᠤ ᠲᠤᠯᠭᠠᠷᠠᠭ᠍ᠰᠠᠨ ᠠᠶᠤᠯ ᠲᠦᠭ᠌ᠰᠢᠭᠦᠷᠢ ᠱᠢᠯᠭᠠᠯᠲᠠ᠎ᠶ᠋ᠢ ᠲᠠᠰᠤᠷᠠᠯᠲᠠ ᠦᠭᠡᠢ ᠰᠠᠢᠲᠤᠷ ᠠᠷᠭᠠᠴᠠᠭᠠᠵᠤ᠂ ᠮᠠᠨ᠎ᠤ ᠨᠠᠮ᠎ᠤᠨ ᠳᠡᠯᠡᠬᠡᠢ᠎ᠶ᠋ᠢᠨ ᠪᠠᠢᠳᠠᠯ᠎ᠳᠤ ᠭᠦᠨᠵᠡᠭᠡᠢ ᠬᠤᠪᠢᠷᠠᠯᠲᠠ ᠭᠠᠷᠴᠤ᠌ ᠪᠠᠢᠭ᠎ᠠ ᠲᠡᠦᠬᠡᠨ ᠠᠬᠢᠴᠠ ᠳᠤᠮᠳᠠ ᠢᠮᠠᠭ᠍ᠲᠠ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠤ ᠶᠠᠪᠤᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠡᠯ᠎ᠡ ᠵᠦᠢᠯ᠎ᠤᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ ᠲᠡᠦᠬᠡᠨ ᠠᠬᠢᠴᠠ ᠳᠤᠮᠳᠠ ᠢᠮᠠᠭ᠍ᠲᠠ ᠪᠦᠬᠦ᠌ ᠤᠯᠤᠰ᠎ᠤᠨ ᠠᠷᠠᠳ ᠲᠦᠮᠡᠨ᠎ᠤ ᠲᠦᠱᠢᠭ ᠲᠤᠯᠭᠠᠭᠤᠷᠢ ᠪᠣᠯᠬᠤ᠎ᠶ᠋ᠢ ᠦᠨᠡᠨ ᠬᠦ᠌ ᠪᠠᠲᠤᠯᠠᠭ᠍ᠰᠠᠨ᠎ᠳᠤ ᠪᠤᠢ! ᠮᠠᠨ᠎ᠤ ᠨᠠᠮ 100 ᠵᠢᠯ᠎ᠤᠨ ᠲᠡᠦᠬᠡᠨ ᠶᠠᠪᠤᠴᠠ᠎ᠳᠠᠭᠠᠨ ᠬᠤᠪᠢᠰᠭᠠᠯ᠂ ᠪᠦᠳᠦᠭᠡᠨ ᠪᠠᠢᠭᠤᠯᠤᠯᠲᠠ᠂ ᠥᠭᠡᠷᠡᠴᠢᠯᠡᠯᠲᠡ᠎ᠶ᠋ᠢᠨ ᠦᠢᠯᠡᠳᠦᠯᠭᠡ᠎ᠲᠠᠢ᠎ᠪᠠᠨ ᠤᠶᠠᠯᠳᠤᠭᠤᠯᠤᠨ᠂ ᠥᠪᠡᠷ᠎ᠢ᠎ᠪᠠᠨ ᠴᠡᠪᠡᠷᠱᠢᠭᠦᠯᠬᠦ᠂ ᠥᠪᠡᠷ᠎ᠢ ᠎ᠪᠠᠨ ᠲᠡᠭᠦᠯᠳᠡᠷᠵᠢᠭᠦᠯᠬᠦ᠂ ᠥᠪᠡᠷ᠎ᠢ᠎ᠪᠠᠨ ᠱᠢᠨᠡᠴᠢᠯᠡᠬᠦ᠂ ᠥᠪᠡᠷ᠎ᠢ᠎ᠪᠠᠨ ᠳᠡᠭᠡᠭ᠌ᠰᠢᠯᠡᠭᠦᠯᠬᠦ᠌ ᠴᠢᠳᠠᠪᠤᠷᠢ᠎ᠶ᠋ᠢ ᠠᠯᠬᠤᠮ ᠠᠯᠬᠤᠮ᠎ᠢᠶᠠᠷ ᠪᠦᠷᠢᠯᠳᠦᠭᠦᠯᠪᠡ᠃ ᠱᠢᠨ᠎ᠡ ᠴᠠᠭ ᠦᠶ᠎ᠡ᠎ᠶ᠋ᠢᠨ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠭᠢᠴᠢᠯᠠᠯᠲᠠ᠎ᠶ᠋ᠢᠨ ᠠᠵᠢᠯ᠎ᠢ ᠰᠠᠢᠲᠤᠷ ᠬᠢᠬᠦ᠌᠎ᠳᠤ᠂ ᠲᠡᠮᠦᠷ᠎ᠢ ᠳᠠᠪᠲᠠᠬᠤ᠎ᠳᠤ ᠥᠪᠡᠷ᠎ᠢᠶᠠᠨ ᠵᠠᠪᠠᠯ ᠬᠠᠲᠠᠭᠤ ᠪᠠᠢᠬᠤ ᠶᠣᠰᠣ᠎ᠶ᠋ᠢ ᠪᠠᠲᠤ ᠴᠡᠭᠡᠵᠢᠯᠡᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠡᠭᠦᠷᠢᠳᠡ ᠳᠠᠭᠤᠰᠤᠰᠢ ᠦᠭᠡᠢ ᠪᠠᠢᠬᠤ ᠤᠯᠤᠰ ᠲᠦᠷᠦ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠨᠠᠮ᠎ᠤᠨ ᠤᠯᠤᠰ ᠲᠦᠷᠦ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠤᠳᠤᠭᠤᠯᠵᠤ᠂ 《ᠲᠦᠷᠪᠡᠨ ᠤᠬᠠᠮᠰᠠᠷ》 ᠎ᠢᠶᠠᠨ ᠴᠢᠩᠭᠠᠳᠭᠠᠵᠤ᠂ 《ᠲᠦᠷᠪᠡᠨ ᠢᠲᠡᠭᠡᠯ》 ᠎ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠬᠦ᠌ ᠬᠡᠷᠡᠭ᠌ᠲᠡᠢ; ᠴᠥᠬᠦᠷᠡᠰᠢ ᠦᠭᠡᠢ᠎ᠪᠠᠷ ᠰᠤᠷᠲᠠᠯ᠎ᠢ ᠬᠦᠴᠦᠷᠬᠡᠭ᠌ᠵᠢᠭᠦᠯᠵᠦ᠍᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠰᠠᠨᠠᠭᠠᠴᠢᠯᠠᠭ᠎ᠠ᠎ᠠᠴᠠ᠎ᠪᠠᠨ ᠵᠢᠳᠬᠦᠯ ᠴᠢᠷᠮᠠᠢᠯᠭ᠎ᠠ ᠭᠠᠷᠭᠠᠬᠤ ᠰᠠᠢᠨ ᠰᠠᠢᠬᠠᠨ ᠬᠡᠪ ᠰᠤᠷᠲᠠᠯ᠎ᠢ ᠴᠢᠷᠮᠠᠢᠨ ᠪᠦᠷᠢᠯᠳᠦᠭᠦᠯᠵᠦ᠍᠂ ᠨᠠᠮ᠎ᠤᠨ ᠭᠡᠱᠢᠭᠦᠨ ᠺᠠᠳ᠋ᠷᠴᠤᠳ᠎ᠢ ᠬᠦᠳᠦᠯᠥᠨ ᠳᠠᠭᠠᠭᠤᠯᠵᠤ ᠪᠠᠢᠭᠠᠳ 《ᠬᠤᠶᠠᠷ ᠶᠡᠭᠡ ᠲᠠᠯ᠎ᠠ》 ᠪᠣᠯᠤᠨ 《ᠤᠯᠤᠰ᠎ᠤᠨ ᠶᠡᠭᠡ ᠲᠠᠯ᠎ᠠ》 ᠎ᠶ᠋ᠢ ᠬᠡᠬᠦᠳᠡᠭ ᠴᠡᠭᠡᠵᠢᠨ᠎ᠳᠡᠭᠡᠨ ᠪᠠᠭ᠍ᠲᠠᠭᠠᠵᠤ᠂ ᠨᠠᠮ᠎ᠢᠶᠠᠨ ᠬᠠᠢᠷᠠᠯᠠᠬᠤ᠂ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠭᠢᠯᠭᠡ᠎ᠶ᠋ᠢ ᠠᠵᠢᠯ ᠳᠡᠭᠡᠷ᠎ᠡ᠎ᠪᠠᠨ ᠢᠯᠡᠷᠡᠭᠦᠯᠵᠦ᠍᠂ ᠡᠷᠡᠮᠡᠬᠡᠢᠯᠡᠨ ᠠᠵᠢᠯᠯᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠭ᠍ᠤ᠂ ᠠᠵᠢᠯ ᠬᠢᠵᠦ᠍ ᠦᠢᠯᠡᠰ ᠪᠤᠰᠭᠠᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭ᠌ᠲᠡᠢ᠃ ᠨᠠᠮ᠎ᠢ ᠬᠠᠮᠢᠶᠠᠷᠴᠤ᠌ ᠨᠠᠮ᠎ᠢ ᠵᠠᠰᠠᠬᠤ ᠲᠤᠱᠢᠶᠠᠯ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠭᠦᠢᠴᠡᠳᠭᠡᠵᠦ᠍᠂ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠭᠢᠴᠢᠯᠠᠯᠲᠠ᠎ᠶ᠋ᠢᠨ ᠡᠩᠨᠡᠭᠡᠨ᠎ᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠭᠤᠢᠪᠢᠰᠢ ᠦᠭᠡᠢ ᠠᠬᠢᠭᠤᠯᠵᠤ᠂ ᠢᠯᠵᠠᠷᠠᠬᠤ᠎ᠠᠴᠠ ᠵᠢᠷᠦᠬᠡᠱᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶ᠋ᠢᠨ ᠠᠮᠢ ᠠᠬᠤᠢ᠎ᠶ᠋ᠢ ᠴᠢᠷᠮᠠᠢᠨ ᠪᠤᠢ ᠪᠣᠯᠭᠠᠬᠤ ᠬᠡᠷᠡᠭ᠌ᠲᠡᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号