ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ 《ᠳᠤᠲᠠᠭᠤᠳᠠᠯ》 ᠎ᠢ ᠭᠠᠷᠭᠠᠵᠥ᠍ ᠪᠤᠯᠬᠤ ᠦᠭᠡᠢ
2021-08-13 10:54:14
ᠵᠣᠬᠢᠶᠠᠭ᠍ᠴᠢ᠄
ᠪᠠᠶ ᠵᠢᠶᠠᠩ ᠬᠤᠩ
ᠣᠩᠱᠢᠭ᠍ᠰᠠᠨ ᠣᠳᠠᠭ᠎ᠠ᠄
★★★☆☆

ᠣᠢᠷ᠎ᠠ᠎ᠶ᠋ᠢᠨ ᠡᠳᠦᠷ᠎ᠤᠳ᠎ᠲᠤ᠌᠂ ᠨᠠᠨᠵᠢᠩ᠎ᠤᠨ ᠯᠦᠺᠸᠦ ᠨᠢᠰᠭᠡᠯ᠎ᠤᠨ ᠪᠠᠭᠤᠳᠠᠯ᠎ᠤᠨ ᠬᠢᠵᠢᠭ᠎ᠤᠨ ᠪᠠᠢᠳᠠᠯ ᠨᠢᠭᠡᠨᠲᠡ ᠣᠯᠠᠨ ᠮᠤᠵᠢ ᠬᠤᠲᠠ᠎ᠳᠤ ᠳᠡᠯᠭᠡᠷᠡᠪᠡ᠃ ᠡᠨᠡ ᠤᠳᠠᠭ᠎ᠠ᠎ᠶ᠋ᠢᠨ ᠬᠢᠵᠢᠭ᠎ᠤᠨ ᠪᠠᠢᠳᠠᠯ᠎ᠤᠨ ᠦᠷᠪᠢᠰᠦᠨ ᠳᠡᠯᠭᠡᠷᠡᠬᠦ᠌ ᠬᠤᠷᠳᠤᠴᠠ ᠲᠦᠷᠭᠡᠨ᠂ ᠬᠠᠯᠳᠠᠪᠤᠷᠢᠯᠠᠬᠤ ᠬᠡᠯᠬᠢᠶ᠎ᠡ ᠤᠷᠳᠤ ᠪᠠᠢᠭ᠎ᠠ᠎ᠨᠢ ᠬᠢᠵᠢᠭ᠎ᠤᠨ ᠪᠠᠢᠳᠠᠯ᠎ᠢ ᠪᠠᠢᠡᠭ᠌ᠭᠤᠵᠢᠭᠤᠯᠤᠨ ᠰᠡᠷᠭᠡᠢᠯᠡᠨ ᠡᠵᠡᠮᠳᠡᠬᠦ᠌᠎ᠳᠤ ᠰᠡᠷᠡᠮᠵᠢ᠎ᠶ᠋ᠢᠨ ᠲᠤᠬᠢᠶ᠎ᠠ ᠥᠭ᠌ᠴᠡᠢ᠃

ᠲᠣᠰ ᠡᠭᠡᠯᠵᠢ᠎ᠶ᠋ᠢᠨ ᠬᠢᠵᠢᠭ᠎ᠤᠨ ᠪᠠᠢᠳᠠᠯ᠎ᠳᠤ᠂ ᠨᠢᠭ᠍ᠲᠠ ᠣᠢᠷᠠᠲᠤᠭ᠍ᠰᠠᠳ ᠠᠮᠠᠪᠴᠢ ᠵᠡᠭᠦᠭ᠌ᠰᠡᠨ᠎ᠠᠴᠠ ᠪᠣᠯᠵᠣ ᠬᠠᠯᠳᠠᠪᠤᠷᠢᠯᠠᠬᠤ᠎ᠠᠴᠠ ᠵᠠᠢᠯᠠᠰᠭᠢᠵᠦ᠍᠂ ᠵᠠᠷᠢᠮ ᠮᠠᠵᠢᠶᠠᠩ᠎ᠤᠨ ᠭᠠᠵᠠᠷ ᠵᠡᠷᠭᠡ ᠬᠥᠮᠦᠨ ᠬᠠᠷ᠎ᠡ ᠣᠯᠠᠨ ᠴᠤᠭ᠍ᠯᠠᠷᠠᠬᠤ ᠲᠠᠯᠠᠪᠤᠷ᠎ᠨᠢ ᠠᠮᠠᠪᠴᠢ ᠵᠡᠭᠦᠬᠦ᠌ ᠵᠡᠷᠭᠡ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠪᠠᠨ ᠴᠢᠩᠭᠠᠳᠭᠠᠵᠤ ᠴᠢᠳᠠᠭ᠍ᠰᠠᠨ ᠥᠬᠡᠶ᠎ᠠᠴᠠ ᠪᠣᠯᠵᠣ᠂ ᠬᠢᠵᠢᠭ ᠲᠠᠷᠬᠠᠬᠤ ᠭᠤᠤᠯ ᠤᠷᠤᠨ ᠪᠣᠯᠵᠠᠶ᠃ ᠡᠨᠡ᠎ᠨᠢ ᠣᠲᠣ᠎ᠶ᠋ᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠮᠥᠨ ᠬᠦ᠌ ᠪᠦᠲᠦᠮᠵᠢᠲᠡᠶ ᠪᠠᠢᠵᠤ᠂ ᠦᠷᠭᠦᠯᠵᠢ ᠰᠠᠯᠬᠢ ᠨᠡᠪᠲᠡᠷᠡᠭᠦᠯᠬᠦ᠂ ᠠᠮᠠᠪᠴᠢ ᠵᠡᠭᠦᠬᠦ᠂ ᠭᠠᠷ᠎ᠢᠶᠠᠨ ᠦᠷᠭᠦᠯᠵᠢ ᠤᠬᠢᠶᠠᠬᠤ᠂ ᠨᠡᠢᠭᠡᠮ᠎ᠤᠨ ᠬᠠᠷᠢᠯᠴᠠᠭᠠᠨ᠎ᠤ ᠵᠠᠶ᠎ᠶ᠋ᠢ ᠪᠠᠲᠤᠯᠠᠬᠤ ᠵᠡᠷᠭᠡ ᠡᠩ᠎ᠤᠨ ᠠᠷᠭ᠎ᠠ ᠬᠢᠳᠠᠯ᠂ ᠬᠥᠮᠦᠨ ᠪᠦᠬᠦᠨ ᠬᠢᠵᠦ᠍ ᠪᠣᠯᠬᠤ ᠦᠨᠳᠦᠰᠦᠨ ᠰᠡᠷᠭᠡᠢᠯᠡᠨ ᠬᠠᠮᠠᠭᠠᠯᠠᠬᠤ ᠠᠷᠭ᠎ᠠ ᠬᠡᠮᠵᠢᠶ᠎ᠡ᠎ᠨᠢ ᠸᠢᠷᠦ᠋ᠰ᠎ᠤᠨ ᠬᠥᠮᠦᠰ᠎ᠤᠨ ᠳᠤᠮᠳᠠ ᠬᠠᠯᠳᠠᠪᠤᠷᠢᠯᠠᠬᠤ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠪᠠᠭᠤᠷᠠᠭᠤᠯᠵᠤ᠂ ᠸᠢᠷᠦ᠋ᠰ᠎ᠤᠨ ᠬᠠᠯᠳᠠᠪᠤᠷᠢᠯᠠᠬᠤ ᠬᠦᠴᠦᠨ᠎ᠢ ᠪᠠᠭᠠᠰᠭᠠᠵᠤ᠂ ᠬᠢᠵᠢᠭ᠎ᠤᠨ ᠪᠠᠢᠳᠠᠯ ᠶᠡᠭᠡ ᠬᠡᠪᠴᠢᠶ᠎ᠡ᠎ᠪᠠᠷ ᠳᠠᠷᠬᠠᠨ ᠳᠡᠯᠭᠡᠷᠡᠬᠦ᠌᠎ᠶ᠋ᠢ ᠰᠡᠷᠭᠡᠢᠯᠡᠵᠦ᠍ ᠴᠢᠳᠠᠨ᠎ᠠ ᠭᠡᠳᠡᠭ᠎ᠢ  ᠭᠦᠢᠴᠡᠳ ᠬᠡᠷᠡᠴᠢᠯᠡᠪᠡ᠃

ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ᠃ ᠬᠤᠪᠢ ᠬᠥᠮᠦᠨ᠎ᠤ ᠰᠡᠷᠭᠡᠢᠯᠡᠨ ᠬᠠᠮᠠᠭᠠᠯᠠᠯᠲᠠ᠎ᠶ᠋ᠢ ᠰᠠᠢᠲᠤᠷ ᠬᠢᠬᠦ᠌ ᠪᠣᠯ ᠸᠢᠷᠦ᠋ᠰ᠎ᠤᠨ ᠬᠠᠯᠳᠠᠪᠤᠷᠢᠯᠠᠬᠤ᠂ ᠲᠠᠷᠬᠠᠬᠤ ᠪᠠ ᠦᠷᠪᠢᠰᠤᠨ ᠲᠡᠯᠭᠡᠷᠡᠬᠦ᠌᠎ᠶ᠋ᠢ ᠰᠡᠷᠭᠡᠢᠯᠡᠬᠦ᠌ ᠪᠦᠲᠦᠮᠵᠢᠲᠡᠶ ᠠᠷᠭ᠎ᠠ ᠵᠠᠮ ᠮᠥᠨ᠂ ᠬᠥᠮᠦᠨ ᠨᠢᠭᠡ ᠪᠦᠷᠢ᠎ᠶ᠋ᠢᠨ ᠠᠮᠢᠳᠤᠷᠠᠯ᠎ᠤᠨ ᠪᠠᠷᠢᠮᠵᠢᠶ᠎ᠠ ᠪᠣᠯᠭᠠᠪᠠᠯ ᠵᠣᠬᠢᠨ᠎ᠠ᠃ ᠭᠡᠲᠡᠯ᠎ᠡ᠂ ᠡᠮᠦᠨ᠎ᠡ ᠬᠡᠰᠡᠭ ᠬᠤᠭᠤᠴᠠᠭᠠᠨ᠎ᠳᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠵᠣᠬᠢᠬᠤ ᠦᠷ᠎ᠡ ᠪᠦᠲᠦᠮᠵᠢ ᠣᠯᠵᠤ᠂ ᠵᠠᠷᠢᠮ ᠬᠥᠮᠦᠰ ᠠᠯᠮᠠᠢᠷᠠᠨ ᠲᠠᠢᠪᠤᠱᠢᠷᠠᠬᠤ ᠪᠣᠳᠣᠯ ᠪᠠ ᠰᠤᠯᠠᠷᠠᠬᠤ ᠪᠣᠳᠣᠯ ᠣᠷᠣᠵᠤ᠂ ᠵᠠᠷᠢᠮ ᠬᠥᠮᠦᠨ ᠭᠠᠳᠠᠭ᠍ᠰᠢ ᠭᠠᠷᠬᠤ᠎ᠳᠠᠭᠠᠨ 《ᠠᠮᠠᠪᠴᠢ ᠵᠡᠭᠦᠬᠦ᠌》 ᠪᠢᠰᠢ ᠬᠠᠷᠢᠨ 《ᠠᠮᠠᠪᠴᠢ᠎ᠪᠠᠨ ᠠᠪᠴᠤ᠌ ᠶᠠᠪᠤᠬᠤ ᠲᠠᠳᠤᠢ》 ᠪᠣᠯᠵᠣ᠂ ᠵᠠᠷᠢᠮ ᠬᠥᠮᠦᠨ ᠠᠮᠠᠪᠴᠢ᠎ᠪᠠᠨ ᠡᠷᠡᠤ᠎ᠳᠡᠭᠡᠨ ᠵᠡᠭᠦᠵᠦ᠍᠂ ᠵᠡᠭᠦᠬᠦ᠌ ᠥᠬᠡᠶ ᠪᠠᠢᠬᠤ᠎ᠲᠠᠢ ᠶᠠᠮᠠᠷ ᠴᠤ᠌ ᠢᠯᠭᠠᠭ᠎ᠠ ᠥᠬᠡᠶ ᠪᠣᠯᠵᠠᠶ᠂ ᠵᠠᠷᠢᠮ ᠬᠥᠮᠦᠨ ᠣᠯᠠᠨ ᠨᠡᠢᠲᠡ᠎ᠶ᠋ᠢᠨ ᠲᠠᠯᠠᠪᠤᠷ᠎ᠲᠤ ᠪᠡᠶ᠎ᠡ᠎ᠶ᠋ᠢᠨ ᠬᠠᠯᠠᠭᠤᠨ᠎ᠢᠶᠠᠨ ᠬᠡᠮᠵᠢᠬᠦ᠌ ᠥᠬᠡᠶ᠂ ᠪᠥᠭᠡᠮᠨᠡᠷᠡᠨ ᠴᠤᠭ᠍ᠯᠠᠷᠠᠳᠠᠭ ᠁ ᠡᠲᠡᠭᠡᠷ ᠵᠦᠢᠯ᠎ᠨᠢ ᠪᠡᠶ᠎ᠡ᠎ᠪᠠᠨ ᠬᠠᠭᠤᠷᠴᠤ᠌ ᠪᠤᠰᠤᠳ᠎ᠢ ᠮᠡᠬᠡᠯᠡᠬᠦ᠌᠎ᠶ᠋ᠢᠨ ᠲᠦᠢᠯ᠎ᠳᠤ ᠬᠦᠷᠴᠦ᠍᠂ ᠪᠤᠰᠤᠳ᠎ᠢ ᠬᠤᠤᠷᠯᠠᠬᠤ ᠪᠦᠭᠡᠳ ᠦᠪᠡᠷ᠎ᠢ᠎ᠪᠠᠨ ᠬᠤᠤᠷᠯᠠᠵᠤ᠂ ᠬᠥᠮᠦᠰ᠎ᠢ ᠬᠢᠯᠢᠩᠨᠡᠭᠦᠯᠬᠦ᠌᠎ᠶ᠋ᠢᠨ ᠬᠠᠮᠲᠤ ᠰᠠᠨᠠᠭ᠎ᠠ ᠵᠣᠪᠠᠭᠤᠯᠤᠨ᠎ᠡ᠃

ᠶᠡᠷᠦ᠎ᠶ᠋ᠢᠨ ᠦᠭᠡᠨ᠎ᠳᠤ᠂ ᠲᠡᠪᠡᠨᠡ᠎ᠶ᠋ᠢᠨ ᠴᠢᠨᠡᠭᠡ ᠨᠦᠬᠡ᠎ᠪᠠᠷ ᠲᠡᠮᠡᠭᠡᠨ ᠴᠢᠨᠡᠭᠡ ᠰᠠᠯᠬᠢ ᠣᠷᠣᠨ᠎ᠠ ᠭᠡᠳᠡᠭ᠃ ᠸᠢᠷᠦ᠋ᠰ ᠤᠯᠠᠮ᠎ᠠᠴᠠ ᠤᠯᠠᠮ ᠬᠤᠯᠵᠢᠨ ᠪᠣᠯᠵᠤ᠂ ᠶᠠᠮᠠᠷ ᠨᠢᠭᠡᠨ ᠬᠥᠮᠦᠨ ᠠᠯᠮᠠᠢᠷᠠᠨ ᠲᠠᠢᠪᠤᠱᠢᠷᠠᠪᠠᠯ᠂ ᠮᠠᠰᠢ ᠣᠯᠠᠨ ᠬᠥᠮᠦᠨ᠎ᠤ ᠴᠢᠷᠮᠠᠢᠯᠭ᠎ᠠ ᠪᠦᠷ ᠬᠤᠭᠤᠰᠣᠨ ᠪᠣᠯᠵᠤ ᠮᠡᠳᠡᠨ᠎ᠡ᠃ ᠣᠳᠣᠬᠠᠨ᠎ᠳᠤ 《ᠳ᠋ᠧᠯᠲ᠋ᠠ》 ᠣᠨᠳᠣᠣᠱᠢᠨ ᠬᠤᠪᠢᠷᠠᠬ᠍ᠰᠡᠨ ᠸᠢᠷᠦ᠋ᠰ᠎ᠤᠨ ᠰᠠᠭᠤᠷᠢ ᠲᠠᠭᠠᠷᠢᠵᠥ᠍᠂ ᠤᠯᠤᠰ᠎ᠤᠨ ᠳᠣᠲᠣᠭᠠᠳᠤ᠎ᠶ᠋ᠢᠨ ᠬᠢᠵᠢᠭ᠎ᠤᠨ ᠪᠠᠢᠳᠠᠯ ᠤᠯᠠᠨ ᠴᠡᠭ᠎ᠲᠤ ᠲᠠᠷᠬᠠᠨ ᠳᠡᠯᠭᠡᠷᠡᠵᠦ᠍ ᠪᠠᠢᠭ᠎ᠠ ᠪᠠᠢᠳᠠᠯ ᠳᠣᠣᠷ᠎ᠠ᠂ ᠬᠥᠮᠦᠨ ᠪᠦᠬᠦᠨ ᠬᠠᠷᠢᠭᠤᠴᠠᠯᠭᠠᠲᠤ ᠤᠬᠠᠮᠰᠠᠷ᠎ᠢᠶᠠᠨ ᠴᠢᠩᠭᠠᠳᠭᠠᠵᠤ᠂ ᠠᠮᠠᠪᠴᠢ ᠵᠡᠭᠦᠬᠦ᠂ ᠭᠠᠷ᠎ᠢᠶᠠᠨ ᠦᠷᠭᠦᠯᠵᠢ ᠤᠬᠢᠶᠠᠬᠤ᠂ ᠪᠡᠶ᠎ᠡ᠎ᠶ᠋ᠢᠨ ᠬᠠᠯᠠᠭᠤᠨ᠎ᠢᠶᠠᠨ ᠬᠡᠮᠵᠢᠬᠦ᠂ ᠴᠥᠭᠡᠨ ᠴᠤᠭ᠍ᠯᠠᠷᠠᠬᠤ ᠵᠡᠷᠭᠡ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ  ᠬᠡᠮᠵᠢᠶ᠎ᠡ᠎ᠶ᠋ᠢ ᠴᠢᠩᠭ᠎ᠠ ᠬᠡᠷᠡᠭ᠌ᠵᠢᠭᠦᠯᠵᠦ᠍᠂ ᠬᠤᠪᠢ ᠬᠥᠮᠦᠨ᠎ᠤ ᠰᠡᠷᠭᠡᠢᠯᠡᠨ ᠬᠠᠮᠠᠭᠠᠯᠠᠯᠲᠠ᠎ᠶ᠋ᠢ ᠡᠷᠡᠰ ᠰᠠᠢᠲᠤᠷ ᠬᠢᠵᠦ᠍᠂ ᠡᠯ᠎ᠡ ᠵᠦᠢᠯ᠎ᠤᠨ ᠲᠣᠭ᠍ᠲᠠᠭᠠᠯ᠎ᠢ ᠴᠢᠩᠭ᠎ᠠ ᠵᠢᠷᠤᠮᠯᠠᠵᠤ᠂ ᠥᠪᠡᠷ᠎ᠢ᠎ᠪᠠᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢᠨ 《ᠳᠤᠲᠠᠭᠤᠳᠠᠯ》 ᠪᠣᠯᠭᠠᠬᠤ ᠦᠭᠡᠢ ᠪᠠᠢᠬᠤ ᠬᠡᠷᠡᠭ᠌ᠲᠡᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号