— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠭᠠᠳᠠᠭᠠᠳᠤ ᠶᠠᠪᠤᠳᠠᠯ᠎ᠤᠨ ᠠᠵᠢᠯ᠎ᠤᠨ ᠬᠤᠷᠢᠶᠠᠨ᠎ᠤ ᠠᠯᠪᠠᠨ ᠭᠡᠷ᠎ᠤᠨ ᠡᠷᠬᠢᠯᠡᠭ᠌ᠴᠢ ᠹᠦ᠋ ᠶᠦᠩ ᠴᠦᠨᠢ ᠰᠤᠷᠪᠤᠯᠵᠢᠯᠠᠭ᠍ᠰᠠᠨ᠎ᠨᠢ
《ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠮᠠᠨ᠎ᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠲᠤᠷᠱᠢᠬᠢ ᠭᠠᠢᠬᠠᠮᠱᠢᠭ᠍ᠲᠤ ᠤᠨ ᠰᠠᠷ᠎ᠠ ᠪᠣᠯᠤᠨ ᠠᠭᠤᠤ ᠶᠡᠭᠡ ᠲᠡᠦᠬᠡᠨ ᠶᠠᠪᠤᠴᠠ᠎ᠶ᠋ᠢ ᠭᠦᠨ ᠰᠡᠳᠭᠢᠯᠭᠡ᠎ᠪᠠᠷ ᠡᠷᠭᠢᠴᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠨᠡ ᠬᠦ᠌ ᠴᠤᠭ ᠵᠢᠪᠬᠤᠭ᠎ᠠ ᠪᠠᠳᠠᠷᠠᠩᠭᠤᠢ ᠮᠠᠷᠺᠰ᠎ᠤᠨ ᠦᠵᠡᠯ᠎ᠤᠨ ᠲᠦᠷᠦ᠎ᠶ᠋ᠢᠨ ᠨᠠᠮ᠎ᠤᠨ ᠢᠲᠡᠭᠡᠯ ᠪᠣᠯᠤᠨ ᠬᠠᠷᠢᠭᠤᠴᠠᠯᠭ᠎ᠠ ᠡᠭᠦᠷᠭᠡᠯᠡᠯ᠎ᠢ ᠭᠦᠢᠴᠡᠳ ᠢᠯᠡᠷᠡᠭᠦᠯᠵᠦ᠍᠂ ᠪᠢᠳᠡᠨ᠎ᠤ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ᠂ ᠡᠯ᠎ᠡ ᠵᠦᠢᠯ᠎ᠤᠨ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ᠌᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠨ ᠦᠭ᠌ᠴᠦ᠂ ᠦᠨᠳᠦᠰᠦᠨ ᠵᠢᠷᠤᠮᠯᠠᠯ ᠬᠠᠩᠭᠠᠵᠠᠢ》᠃ ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠭᠠᠳᠠᠭᠠᠳᠤ ᠶᠠᠪᠤᠳᠠᠯ᠎ᠤᠨ ᠠᠵᠢᠯ᠎ᠤᠨ ᠬᠤᠷᠢᠶᠠᠨ᠎ᠤ ᠠᠯᠪᠠᠨ ᠭᠡᠷ᠎ᠤᠨ ᠡᠷᠬᠢᠯᠡᠭ᠌ᠴᠢ ᠹᠦ᠋ ᠶᠦᠩ ᠴᠦᠨ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠵᠤ᠂ ᠠᠮᠢ ᠠᠬᠤᠶ᠎ᠶ᠋ᠢ ᠤᠷᠢᠳ᠎ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠬᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠨᠡᠩ ᠡᠷᠡᠮᠡᠬᠡᠢᠯᠡᠨ ᠰᠠᠢᠲᠤᠷ ᠵᠠᠮᠨᠠᠵᠤ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》 ᠪᠠ 《ᠨᠢᠭᠡ ᠪᠠᠬᠢᠯᠡᠯᠲᠡ》 ᠶ᠋ᠢ ᠨᠠᠩ ᠦᠷ᠎ᠡ ᠪᠦᠲᠦᠮᠵᠢᠲᠠᠢ᠎ᠪᠠᠷ ᠲᠦᠷᠭᠡᠳᠭᠡᠨ ᠪᠠᠢᠭᠤᠯᠵᠤ᠂ ᠶᠠᠷᠢᠶᠠᠨ᠎ᠤ ᠵᠣᠷᠢᠭ ᠰᠠᠨᠠᠭ᠎ᠠ᠎ᠶ᠋ᠢ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠳᠦᠭᠡᠨ ᠪᠠᠢᠭᠤᠯᠬᠤ ᠠᠮᠢᠳᠤᠯᠢᠭ ᠦᠢᠯᠡᠳᠦᠯᠭᠡ ᠪᠠ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠤᠯᠠᠮ ᠴᠢᠨᠠᠭ᠍ᠰᠢᠳᠠ 《ᠳᠥᠷᠪᠡᠨ ᠤᠬᠠᠮᠰᠠᠷ》 ᠢ ᠴᠢᠩᠭᠠᠳᠭᠠᠵᠤ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠦᠨᠡᠨ ᠬᠦ᠌ ᠬᠤᠪᠢᠷᠠᠰᠢ ᠦᠭᠡᠢ ᠢᠲᠡᠭᠡᠯ ᠪᠢᠱᠢᠷᠡᠯ ᠢᠲᠡᠭᠡᠯ ᠵᠣᠷᠢᠭ ᠪᠣᠯᠭᠠᠨ ᠬᠤᠪᠢᠷᠠᠭᠤᠯᠬᠤ ᠬᠡᠷᠡᠭ᠌ᠲᠡᠢ ᠭᠡᠵᠦ᠍ ᠢᠯᠡᠤᠡᠭᠡᠪᠡ᠃
ᠭᠠᠳᠠᠭᠠᠳᠤ ᠶᠠᠪᠤᠳᠠᠯ᠎ᠤᠨ ᠠᠵᠢᠯ᠎ᠨᠢ ᠭᠠᠳᠠᠭᠠᠳᠤ ᠨᠡᠭᠡᠭᠡᠯᠲᠡ᠎ᠶ᠋ᠢᠨ ᠨᠢᠭᠡᠳᠦᠭᠡᠷ ᠹᠷᠣᠨᠲ᠎ᠲᠤ ᠣᠷᠣᠱᠢᠵᠤ᠂ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠬᠦ᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠬᠤ᠎ᠳᠤ ᠦᠢᠯᠡᠴᠢᠯᠡᠬᠦ᠌ ᠬᠦᠨᠳᠦ ᠡᠭᠦᠷᠭᠡ᠎ᠶ᠋ᠢ ᠡᠭᠦᠷᠭᠡᠯᠡᠵᠦ᠍ ᠪᠠᠢᠳᠠᠭ᠃ ᠹᠦ᠋ ᠶᠦᠩ ᠴᠦᠨ᠂ ᠭᠠᠳᠠᠭᠠᠳᠤ ᠶᠠᠪᠤᠳᠠᠯ᠎ᠤᠨ ᠠᠵᠢᠯ᠎ᠤᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠ ᠦᠢᠯᠡᠴᠢᠯᠡᠭᠡ ᠬᠠᠮᠢᠶᠠᠷᠤᠯᠲᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠨᠢᠭᠡ ᠪᠦᠰᠡ ᠨᠢᠭᠡ ᠵᠠᠮ》 ᠢ ᠬᠠᠮᠲᠤ᠎ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠤᠯ ᠣᠷᠣᠰ᠎ᠤᠨ ᠠᠵᠤ ᠠᠬᠤᠶ᠎ᠶ᠋ᠢᠨ ᠬᠤᠩᠭᠢᠯ᠎ᠢ ᠬᠠᠮᠲᠤ᠎ᠪᠠᠷ ᠪᠥᠲᠥᠭᠡᠨ ᠪᠠᠢᠭᠤᠯᠬᠤ᠎ᠳᠤ ᠴᠢᠨᠠᠷ ᠰᠠᠢᠲᠠᠶ ᠣᠷᠣᠯᠴᠠᠬᠤ᠎ᠳᠤ ᠦᠢᠯᠡᠴᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠤᠮᠠᠷᠠᠰᠢ ᠨᠡᠭᠡᠭᠡᠯᠲᠡ ᠬᠢᠬᠦ᠌ ᠱᠢᠨ᠎ᠡ ᠥᠨᠳᠦᠷᠯᠢᠭ᠎ᠢ ᠪᠠᠢᠭᠤᠯᠬᠤ᠎ᠳᠤ ᠦᠢᠯᠡᠴᠢᠯᠡᠵᠦ᠍᠂ ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢᠨ ᠱᠢᠨ᠎ᠡ ᠵᠠᠬ᠎ᠠ ᠳᠡᠯᠭᠡᠭᠦᠷ᠎ᠢ ᠢᠳᠡᠪᠬᠢᠲᠡᠶ ᠨᠡᠭᠡᠭᠡᠵᠦ᠍᠂ ᠮᠠᠨ᠎ᠤ ᠣᠷᠣᠨ᠎ᠤ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢᠨ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠮᠠᠨ᠎ᠤ ᠣᠷᠣᠨ᠎ᠤ ᠳᠠᠪᠠᠭᠤᠯᠢᠭ ᠤᠨᠴᠠᠯᠢᠬ᠍ᠳᠤ ᠪᠦᠲᠦᠭᠡᠭ᠌ᠳᠡᠬᠦᠨ᠎ᠤ ᠭᠠᠳᠠᠭᠠᠳᠤ ᠭᠠᠷᠭᠠᠯᠲᠠ᠎ᠶ᠋ᠢ ᠠᠬᠢᠭᠤᠯᠵᠤ᠂ ᠭᠠᠳᠠᠭᠠᠳᠤ ᠨᠡᠭᠡᠭᠡᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠱᠢᠨ᠎ᠡ ᠳᠡᠭ᠌ᠲᠡᠷ᠎ᠲᠤ ᠭᠠᠷᠬᠤ᠎ᠶ᠋ᠢ ᠠᠬᠢᠭᠤᠯᠬᠤ ᠬᠡᠷᠡᠭ᠌ᠲᠡᠶ᠃ ᠤᠯᠤᠰ᠎ᠤᠨ ᠡᠵᠡᠨ ᠲᠠᠯᠠᠪᠤᠷ᠎ᠤᠨ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ ᠪᠣᠯᠤᠨ ᠴᠢᠬᠤᠯᠠ ᠭᠠᠳᠠᠭᠠᠳᠤ ᠶᠠᠪᠤᠳᠠᠯ᠎ᠤᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠥᠪᠥᠷ ᠮᠣᠩᠭᠤᠯ᠎ᠳᠤ ᠬᠤᠯᠪᠣᠭ᠍ᠳᠠᠬᠤ ᠬᠠᠮᠢᠶ᠎ᠠ ᠪᠦᠬᠦᠢ ᠠᠵᠢᠯ᠎ᠢ ᠪᠦᠬᠦ᠌ ᠬᠦᠴᠦᠨ᠎ᠢᠶᠠᠷ᠎ᠢᠶᠠᠨ ᠬᠠᠮᠵᠢᠯᠴᠠᠨ ᠰᠠᠢᠲᠤᠷ ᠬᠢᠵᠦ᠍᠂ ᠭᠠᠳᠠᠭᠠᠳᠤ ᠶᠠᠪᠤᠳᠠᠯ᠎ᠤᠨ ᠠᠵᠢᠯ᠎ᠢ ᠤᠬᠠᠮᠰᠠᠷ᠎ᠠᠴᠠ᠎ᠪᠠᠨ ᠨᠠᠮ ᠪᠣᠯᠤᠨ ᠤᠯᠤᠰ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠤᠨ ᠶᠡᠭᠡ ᠲᠠᠯ᠎ᠠ᠎ᠳᠤ ᠲᠠᠯᠪᠢᠨ ᠰᠡᠳᠭᠢᠨ ᠪᠣᠳᠣᠯᠬᠢᠯᠠᠵᠤ ᠪᠠᠢᠷᠢ ᠲᠣᠭ᠍ᠲᠠᠭᠠᠬᠤ ᠪᠠ ᠠᠬᠢᠭᠤᠯᠵᠤ᠂ ᠤᠯᠤᠰ᠎ᠤᠨ ᠶᠡᠷᠦᠩᠬᠡᠢ ᠭᠠᠳᠠᠭᠠᠳᠤ ᠬᠠᠷᠢᠯᠴᠠᠭ᠎ᠠ᠎ᠳᠤ ᠣᠷᠣᠯᠴᠠᠬᠤ ᠪᠠ ᠬᠠᠮᠵᠢᠯᠴᠠᠬᠤ ᠬᠦᠴᠦᠯᠡᠬᠦ᠌ ᠴᠡᠭ ᠪᠣᠯᠤᠨ ᠭᠠᠷᠳᠠᠬᠤ ᠴᠡᠭ᠎ᠢ ᠣᠨᠣᠪᠴᠢᠲᠠᠢ ᠤᠯᠬᠤ ᠬᠡᠷᠡᠭ᠌ᠲᠡᠢ ᠭᠡᠵᠦ᠍ ᠢᠯᠡᠤᠡᠭᠡᠪᠡ᠃
ᠨᠢᠭᠡ᠎ᠳᠤ᠂ ᠭᠠᠳᠠᠭᠠᠳᠤ ᠶᠠᠪᠤᠳᠠᠯ᠎ᠤᠨ ᠠᠵᠢᠯ᠎ᠤᠨ ᠣᠨᠴᠠᠯᠢᠭ᠎ᠲᠠᠢ ᠤᠶᠠᠯᠳᠤᠭᠤᠯᠤᠨ᠂ ᠳᠤᠮᠳᠠᠳᠤ ᠤᠯᠤᠰ᠎ᠤᠨ ᠥᠯᠢᠭᠡᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠯᠢᠭᠡᠷ᠎ᠢ ᠣᠯᠠᠨ ᠵᠦᠢᠯ᠎ᠤᠨ ᠬᠡᠯᠪᠡᠷᠢ᠎ᠪᠠᠷ ᠰᠠᠢᠲᠤᠷ ᠶᠠᠷᠢᠵᠤ᠂ ᠮᠠᠨ᠎ᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠥᠩᠭᠡᠷᠡᠯᠲᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠢᠮᠠᠭ᠍ᠲᠠ ᠣᠭ ᠰᠠᠨᠠᠭ᠎ᠠ᠎ᠪᠠᠨ ᠪᠠᠲᠤ ᠰᠠᠬᠢᠵᠤ᠂ ᠠᠷᠠᠳ ᠲᠦᠮᠡᠨ᠎ᠳᠤ ᠵᠣᠯ ᠵᠢᠷᠭᠠᠯ ᠣᠯᠭᠤᠬᠤ ᠪᠠ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠬᠤ ᠣᠢᠯᠠᠭᠠᠭ᠍ᠳᠠᠬᠤᠨ᠎ᠢ ᠢᠳᠡᠪᠬᠢᠲᠡᠶ ᠠᠬᠢᠭᠤᠯᠵᠤ ᠪᠠᠢᠭ᠎ᠠ᠎ᠶ᠋ᠢ ᠢᠳᠡᠪᠬᠢᠲᠡᠶ ᠤᠬᠠᠭᠤᠯᠤᠨ ᠲᠠᠨᠢᠯᠴᠠᠭᠤᠯᠬᠤ ᠬᠡᠷᠡᠭ᠌ᠲᠡᠢ᠃ 《ᠡᠭᠦᠯᠡᠨ ᠭᠠᠳᠠᠭᠠᠳᠤ ᠶᠠᠪᠤᠳᠠᠯ》 ᠢ ᠰᠠᠢᠲᠤᠷ ᠡᠷᠭᠢᠯᠡᠵᠦ᠍᠂ 《ᠡᠭᠦᠯᠡᠨ ᠲᠠᠪᠴᠠᠩ》 ᠢ ᠰᠠᠢᠲᠤᠷ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠤᠯᠪᠣᠭ᠍ᠳᠠᠯ ᠪᠥᠬᠦᠶ ᠰᠠᠯᠠᠭ᠎ᠠ ᠮᠥᠴᠢᠷ ᠪᠣᠯᠤᠨ ᠭᠠᠵᠠᠷ ᠣᠷᠣᠨ᠎ᠤ᠎ᠬᠢᠨ ᠭᠠᠳᠠᠭᠠᠳᠤ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢᠨ 《ᠰᠤᠳᠤᠨ》 ᠲᠥᠷᠥᠯ ᠵᠦᠢᠯ᠎ᠢ ᠴᠣᠭ᠍ᠴᠠᠯᠠᠬᠤ᠎ᠶ᠋ᠢ ᠵᠣᠬᠢᠶᠠᠨ ᠪᠠᠢᠭᠤᠯᠤᠨ ᠳᠡᠮᠵᠢᠵᠦ᠍᠂ ᠭᠠᠳᠠᠭᠠᠳᠤ᠎ᠶ᠋ᠢᠨ ᠨᠥᠬᠦᠷᠰᠡᠭ ᠵᠣᠬᠢᠶᠠᠨ ᠪᠠᠢᠭᠤᠯᠤᠯᠲᠠ᠎ᠯᠤᠭ᠎ᠠ᠎ᠶ᠋ᠢᠨ ᠤᠯᠤᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠠᠷᠠᠳ᠎ᠤᠨ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢᠨ 《ᠭᠠᠷᠴᠤ᠌ ᠶᠠᠪᠤᠬᠤ》 ᠶ᠋ᠢ ᠳᠡᠮᠵᠢᠨ ᠵᠣᠷᠢᠭ᠍ᠵᠢᠭᠤᠯᠵᠤ᠂ ᠣᠯᠠᠨ ᠬᠦᠷᠢᠶ᠎ᠡ ᠣᠯᠠᠨ ᠠᠷᠭ᠎ᠠ ᠵᠠᠮ ᠣᠯᠠᠨ ᠲᠠᠰ ᠳᠠᠪᠬᠤᠷᠭ᠎ᠠ ᠪᠥᠬᠦᠶ ᠠᠷᠠᠳ᠎ᠤᠨ ᠬᠤᠭᠤᠷᠣᠨᠳᠣᠬᠢ ᠨᠥᠬᠦᠷᠰᠡᠭ ᠰᠣᠯᠢᠯᠴᠠᠭ᠎ᠠ᠎ᠶ᠋ᠢ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠪᠥᠬᠦ᠌ ᠲᠠᠯ᠎ᠠ᠎ᠪᠠᠷ ᠭᠠᠳᠠᠭᠠᠳᠤ ᠨᠡᠭᠡᠭᠡᠯᠲᠡ ᠬᠢᠬᠦ᠌ ᠱᠢᠨ᠎ᠡ ᠪᠠᠢᠷᠢᠱᠢᠯ᠎ᠢ ᠴᠣᠭ᠍ᠴᠠᠯᠠᠬᠤ ᠬᠥᠭᠦᠷᠭᠡ ᠴᠣᠩᠬᠤᠪᠴᠢ᠎ᠶ᠋ᠢᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠵᠦ᠍ ᠪᠠᠢᠭ᠎ᠠ ᠠᠬᠤᠶ ᠪᠠᠢᠳᠠᠯ ᠳᠤᠤᠷ᠎ᠠ ᠭᠠᠳᠠᠭᠠᠳᠤ᠎ᠯᠤᠭ᠎ᠠ᠎ᠶ᠋ᠢᠨ ᠶᠠᠪᠤᠯᠴᠠᠭ᠎ᠠ ᠰᠣᠯᠢᠯᠴᠠᠭ᠎ᠠ᠎ᠪᠠᠨ ᠵᠤᠬ᠍ᠰᠤᠩᠭᠤᠢ᠍ᠢᠷᠠᠬᠤ ᠦᠭᠡᠢ ᠪᠠᠢᠬᠤ᠎ᠶ᠋ᠢ ᠪᠠᠲᠤᠯᠠᠬᠤ᠎ᠶ᠋ᠢᠨ ᠬᠠᠮᠲᠤ ᠬᠢᠵᠢᠭ᠎ᠤᠨ ᠳᠠᠷᠠᠭᠠᠬᠢ ᠭᠠᠳᠠᠭᠠᠳᠤ ᠶᠠᠪᠤᠯᠴᠠᠭᠠᠨ᠎ᠳᠤ ᠬᠦᠴᠦᠨ ᠬᠤᠷᠠᠮᠳᠤᠭᠤᠯᠵᠤ᠂ ᠱᠢᠨ᠎ᠡ ᠪᠠᠢᠳᠠᠯ᠎ᠢ ᠡᠭᠦᠳᠴᠦ᠍ ᠦᠭ᠌ᠬᠦ ᠬᠡᠷᠡᠭ᠌ᠲᠡᠢ᠃
ᠬᠤᠶᠠᠷ᠎ᠲᠤ᠌᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠰᠢ᠎ᠶ᠋ᠢᠨ ᠫᠢᠩ᠎ᠤᠨ ᠭᠠᠳᠠᠭᠠᠳᠤ ᠬᠠᠷᠢᠯᠴᠠᠭᠠᠨ᠎ᠤ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠶᠡᠭᠡ ᠭᠠᠳᠠᠭᠠᠳᠤ ᠶᠠᠪᠤᠳᠠᠯ》 ᠤᠨ ᠤᠬᠠᠮᠰᠠᠷ᠎ᠢ ᠴᠢᠩᠭᠠᠳᠭᠠᠵᠤ᠂ 《ᠨᠢᠭᠡ ᠬᠥᠯᠭᠡ ᠱᠢᠳᠠᠷ᠎ᠠ》 ᠶ᠋ᠢᠨ ᠦᠵᠡᠯ ᠰᠠᠨᠠᠭ᠎ᠠ᠎ᠶ᠋ᠢ ᠪᠠᠲᠤ ᠪᠤᠢ ᠪᠣᠯᠭᠠᠵᠤ᠂ 《ᠭᠠᠳᠠᠭᠠᠳᠤ ᠶᠠᠪᠤᠳᠠᠯ᠎ᠤᠨ ᠠᠵᠢᠯ ᠡᠷᠬᠢᠯᠡᠬᠦ᠌》 ᠪᠠ 《ᠭᠠᠳᠠᠭᠠᠳᠤ ᠶᠠᠪᠤᠳᠠᠯ᠎ᠤᠨ ᠠᠵᠢᠯ ᠲᠦᠰᠦᠪᠯᠡᠬᠦ᠌》 ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠠᠳᠠᠭᠠᠳᠤ ᠶᠠᠪᠤᠳᠠᠯ᠎ᠤᠨ ᠠᠵᠢᠯ᠎ᠢ ᠵᠢᠷᠤᠮᠵᠢᠭᠤᠯᠬᠤ ᠪᠤᠯᠤᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠬᠤᠪᠢᠷᠠᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠮᠠᠨ᠎ᠤ ᠣᠷᠣᠨ᠎ᠤ ᠭᠠᠳᠠᠭᠠᠳᠤ ᠶᠠᠪᠤᠳᠠᠯ᠎ᠤᠨ ᠠᠵᠢᠯ᠎ᠤᠨ ᠴᠢᠨᠠᠷ ᠴᠢᠨᠰᠠᠭ᠎ᠠ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠤ᠂ ᠭᠠᠳᠠᠭᠠᠳᠤ ᠶᠠᠪᠤᠳᠠᠯ᠎ᠤᠨ ᠺᠠᠳ᠋ᠷ᠎ᠤᠨ ᠤᠯᠤᠰ ᠲᠦᠷᠦ᠎ᠶ᠋ᠢᠨ ᠴᠢᠳᠠᠪᠤᠷᠢ᠂ ᠠᠵᠢᠯ᠎ᠤᠨ ᠲᠥᠯᠥᠪᠯᠡᠭᠡᠨ᠎ᠤ ᠴᠢᠳᠠᠪᠤᠷᠢ᠂ ᠭᠠᠳᠠᠭᠠᠳᠤ ᠬᠠᠷᠢᠯᠴᠠᠭᠠᠨ᠎ᠤ ᠴᠢᠳᠠᠪᠤᠷᠢ᠂ ᠨᠡᠢᠲᠡ᠎ᠶ᠋ᠢᠨ ᠭᠠᠳᠠᠭᠠᠳᠤ ᠬᠠᠷᠢᠯᠴᠠᠭᠠᠨ᠎ᠤ ᠴᠢᠳᠠᠪᠤᠷᠢ᠂ ᠵᠠᠮ ᠨᠡᠭᠡᠭᠡᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠱᠢᠯᠡᠭᠦᠯᠵᠦ᠍᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠤᠨ 《ᠤᠬᠠᠭᠤᠯᠤᠨ ᠲᠠᠢᠯᠪᠤᠷᠢᠯᠠᠭ᠍ᠴᠢ》᠂ ᠨᠡᠭᠡᠭᠡᠯᠲᠡ ᠬᠢᠵᠦ᠍ ᠬᠠᠮᠲᠤᠷᠠᠯᠴᠠᠬᠤ 《ᠬᠤᠱᠢᠭᠤᠴᠢ》 ᠪᠠ ᠬᠥᠭ᠌ᠵᠢᠯᠲᠡ᠎ᠳᠤ ᠦᠢᠯᠡᠴᠢᠯᠡᠬᠦ᠌ 《ᠪᠣᠳᠠᠲᠠᠶ ᠠᠵᠢᠯᠯᠠᠭ᠍ᠴᠢ》 ᠪᠤᠯᠵᠦ᠍᠂ ᠪᠦᠬᠦ᠌ ᠣᠷᠣᠨ᠎ᠤ ᠭᠠᠳᠠᠭᠠᠳᠤ ᠶᠠᠪᠤᠳᠠᠯ᠎ᠤᠨ ᠠᠵᠢᠯ᠎ᠤᠨ ᠳᠡᠭᠡᠳᠦ ᠳᠣᠤᠷᠠᠳᠤ ᠱᠠᠲᠤ᠎ᠪᠠᠷ᠎ᠢᠶᠠᠨ ᠬᠤᠷᠱᠢᠯᠴᠠᠬ᠍ᠰᠠᠨ᠂ ᠵᠡᠬᠦᠨᠳᠡᠬᠢ ᠪᠠᠷᠠᠭᠤᠨᠳᠠᠬᠢ᠎ᠶ᠋ᠢ ᠵᠤᠬᠢᠴᠠᠯᠭᠤᠭ᠍ᠰᠠᠨ ᠱᠢᠨ᠎ᠡ ᠪᠠᠢᠷᠢᠱᠢᠯ᠎ᠤᠨ ᠪᠦᠷᠢᠯᠳᠦᠬᠦ᠌᠎ᠶ᠋ᠢ ᠢᠳᠡᠪᠬᠢᠲᠡᠢ ᠠᠬᠢᠭᠤᠯᠬᠤ ᠬᠡᠷᠡᠭ᠌ᠲᠡᠢ᠃
ᠭᠤᠷᠪᠠ᠎ᠳᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠱᠢᠨ᠎ᠡ ᠪᠠᠢᠳᠠᠯ᠎ᠢ ᠡᠭᠦᠳᠬᠦ᠌ ᠬᠡᠷᠡᠭ᠌ᠲᠡᠢ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ ᠪᠣᠯ ᠣᠳᠣᠬᠠᠨ᠎ᠤ ᠪᠠ ᠬᠤᠢᠱᠢᠳᠠ᠎ᠶ᠋ᠢᠨ ᠬᠡᠰᠡᠭ ᠬᠤᠭᠤᠴᠠᠭᠠᠨ᠎ᠤ ᠴᠢᠬᠤᠯᠠ ᠤᠯᠤᠰ ᠲᠦᠷᠦ᠎ᠶ᠋ᠢᠨ ᠡᠭᠦᠷᠭᠡ ᠮᠥᠨ᠂ ᠭᠠᠳᠠᠭᠠᠳᠤ ᠶᠠᠪᠤᠳᠠᠯ᠎ᠤᠨ ᠠᠯᠪᠠᠨ ᠭᠡᠷ᠎ᠤᠨ ᠨᠠᠮ᠎ᠤᠨ ᠤᠳᠤᠷᠢᠳᠭᠤ ᠳᠤᠭᠤᠢᠯᠠᠩ ᠨᠠᠷᠢᠨ ᠨᠢᠮᠪᠠᠶ ᠤᠬᠠᠭᠠᠯᠠᠵᠤ᠂ ᠨᠠᠷᠢᠨ ᠨᠢᠭ᠍ᠲᠠ ᠲᠣᠬᠢᠷᠠᠭᠤᠯᠵᠤ᠂ ᠨᠠᠢᠳᠠᠪᠤᠷᠢᠵᠢᠭᠤᠯᠬᠤ᠎ᠶ᠋ᠢ ᠴᠢᠬᠤᠯᠠᠴᠢᠯᠠᠵᠤ᠂ 《ᠨᠢᠭᠡ ᠲᠤᠰᠭᠠᠶ ᠰᠡᠳᠦᠪ ᠨᠢᠭᠡ ᠨᠠᠮ᠎ᠤᠨ ᠬᠢᠴᠢᠶᠡᠯ ᠨᠢᠭᠡ ᠰᠤᠳᠤᠯᠤᠨ ᠶᠠᠷᠢᠯᠴᠠᠬᠤ ᠠᠵᠢᠯᠯᠠᠭ᠎ᠠ ᠨᠢᠭᠡ ᠰᠣᠷᠢᠯᠲᠠ》 ᠶ᠋ᠢᠨ ᠱᠢᠰᠲ᠋ᠧᠮᠴᠢᠯᠠᠭ᠍ᠰᠠᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠵᠠᠭ᠍ᠪᠤᠷ᠎ᠢ ᠪᠦᠷᠢᠯᠳᠦᠭᠦᠯᠵᠦ᠍᠂ ᠤᠳᠤᠷᠢᠳᠭᠤ ᠪᠠᠭ᠎ᠤᠨ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠲᠤᠰᠭᠠᠶ ᠰᠡᠳᠦᠪᠲᠦ ᠰᠤᠷᠤᠯᠴᠠᠯᠭ᠎ᠠ᠂ ᠲᠤᠰᠭᠠᠢ ᠰᠡᠳᠦ᠎ᠲᠦ ᠰᠤᠳᠤᠯᠤᠨ ᠶᠠᠷᠢᠯᠴᠠᠬᠤ ᠠᠵᠢᠯᠯᠠᠭ᠎ᠠ᠎ᠶ᠋ᠢ ᠵᠤᠬᠢᠶᠠᠨ ᠪᠠᠢᠭᠤᠯᠵᠤ ᠦᠷᠨᠢᠭᠦᠯᠬᠦ᠌᠎ᠪᠠᠷ ᠳᠠᠮᠵᠢᠭᠤᠯᠤᠨ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶ᠋ᠢ ᠰᠤᠷᠤᠯᠴᠠᠨ ᠲᠤᠭᠤᠱᠢᠯᠠᠭᠤᠯᠬᠤ ᠪᠠ ᠶᠡᠷᠦᠩᠬᠡᠢ ᠱᠦᠵᠢ ᠰᠢ᠎ᠶ᠋ᠢᠨ ᠫᠢᠩ᠎ᠤᠨ ᠨᠠᠮ᠎ᠤᠨ ᠲᠡᠦᠬᠡ᠎ᠶ᠋ᠢᠨ ᠲᠤᠬᠠᠢ ᠰᠤᠷᠤᠯᠴᠠᠯᠭ᠎ᠠ ᠬᠥᠮᠦᠵᠢᠯ᠎ᠤᠨ ᠠᠯᠢ ᠤᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠢ ᠤᠶᠠᠯᠳᠤᠭᠤᠯᠵᠤ᠂ ᠭᠤᠣᠯ ᠰᠠᠨᠠᠭ᠎ᠠ᠎ᠶ᠋ᠢ᠎ᠨᠢ ᠤᠯᠵᠤ᠂ ᠵᠣᠷᠢᠭ ᠰᠠᠨᠠᠭᠠᠨ᠎ᠤ ᠮᠥᠨ ᠴᠢᠨᠠᠷ᠎ᠢ᠎ᠨᠢ ᠡᠵᠡᠮᠱᠢᠵᠦ᠍᠂ ᠨᠡᠪᠲᠡᠲᠡᠯᠡ ᠣᠢᠯᠠᠭᠠᠬᠤ᠎ᠶ᠋ᠢ ᠬᠦᠲᠦᠯᠵᠦ᠍ ᠵᠢᠯᠤᠭᠤᠳᠭᠤ ᠬᠡᠷᠡᠭ᠌ᠲᠡᠢ᠃ ᠡᠭᠦᠨ᠎ᠤ ᠬᠠᠮᠲᠤ᠌᠂ ᠫᠤᠷᠲ᠋ᠧᠯ ᠰᠠᠢᠲ ᠳᠡᠭᠡᠷ᠎ᠡ 《ᠭᠤᠷᠪᠠ᠎ᠶ᠋ᠢ ᠠᠰᠠᠭᠤᠬᠤ》 ᠠᠯᠪᠠᠨ ᠵᠠᠷ ᠨᠡᠢᠲᠡᠯᠡᠵᠦ᠍᠂ ᠡᠯ᠎ᠡ ᠨᠠᠮ᠎ᠤᠨ ᠡᠭᠦᠷ᠂ ᠦᠢᠯᠡᠴᠢᠯᠡᠬᠦ᠌ ᠡᠲᠡᠭᠡᠳ᠂ ᠬᠠᠪᠰᠤᠷᠤᠯᠴᠠᠭ᠎ᠠ ᠪᠠᠢᠭᠤᠯᠵᠤ ᠬᠠᠮᠳᠤ᠎ᠪᠠᠷ ᠪᠠᠢᠭᠤᠯᠬᠤ ᠰᠠᠭᠤᠭᠠᠯᠢ ᠠᠷᠠᠳ᠎ᠤᠨ ᠲᠣᠭᠤᠷᠢᠭ᠂ ᠬᠠᠪᠰᠤᠷᠤᠨ ᠲᠡᠳᠬᠦᠬᠦ᠌ ᠴᠡᠭ᠎ᠲᠤ 《ᠭᠤᠷᠪᠠ᠎ᠶ᠋ᠢ ᠠᠰᠠᠭᠤᠬᠤ》 ᠰᠠᠨᠠᠯ ᠬᠤᠷᠢᠶᠠᠬᠤ ᠵᠠᠬᠢᠳᠠᠯ ᠲᠠᠷᠬᠠᠭᠠᠵᠤ᠂ ᠣᠯᠠᠨ ᠲᠦᠮᠡᠨ᠎ᠤ ᠰᠠᠨᠠᠯ᠎ᠢ ᠥᠷᠭᠡᠨ᠎ᠢᠶᠠᠷ ᠰᠣᠨᠣᠰᠴᠤ᠌᠂ ᠣᠯᠠᠨ ᠲᠦᠮᠡᠨ᠎ᠤ ᠬᠦᠰᠡᠯ ᠱᠠᠭᠠᠷᠳᠠᠯᠭ᠎ᠠ᠎ᠶ᠋ᠢ ᠣᠢᠯᠠᠭᠠᠪᠠ᠃ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠤᠷᠢᠳ ᠬᠤᠵᠢᠳ ᠪᠤᠭᠤᠲᠤ᠌᠂ ᠱᠢᠯᠢ᠎ᠶ᠋ᠢᠨ ᠭᠤᠤᠯ᠂ ᠬᠥᠯᠥᠨ ᠪᠤᠢᠷ᠂ ᠮᠠᠨᠵᠤᠤᠷ᠂ ᠡᠷᠢᠶᠡᠨ ᠬᠤᠲᠠ ᠵᠡᠷᠭᠡ ᠠᠢᠮᠠᠭ ᠬᠤᠲᠠ ᠪᠣᠯᠤᠨ ᠴᠡᠭᠡ᠂ ᠭᠠᠭ᠍ᠴᠠᠮᠤᠳᠤ ᠵᠡᠷᠭᠡ ᠪᠣᠭᠤᠮᠲᠠ᠎ᠳᠤ ᠭᠦᠨᠵᠡᠭᠡᠢᠷᠡᠵᠦ᠍᠂ ᠲᠤᠬᠠᠶ᠎ᠶ᠋ᠢᠨ ᠭᠠᠵᠠᠷ᠎ᠲᠤᠨᠢ ᠬᠦᠷᠴᠦ᠍ ᠱᠢᠨᠵᠢᠯᠡᠨ ᠪᠠᠢᠴᠠᠭᠠᠬᠤ᠂ ᠶᠠᠷᠢᠯᠴᠠᠬᠤ ᠬᠤᠷᠠᠯ ᠬᠢᠬᠦ᠂ ᠨᠢᠭᠤᠷᠳᠠᠨ ᠶᠠᠷᠢᠯᠴᠠᠬᠤ ᠬᠢᠬᠦ᠌ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠣᠷᠣᠨ ᠨᠤᠲᠤᠭ᠎ᠤᠨ ᠭᠠᠳᠠᠭᠠᠳᠤ ᠶᠠᠪᠤᠳᠠᠯ᠎ᠤᠨ ᠠᠯᠪᠠᠨ ᠬᠡᠷ᠎ᠤᠨ ᠣᠷᠣᠨ ᠨᠤᠲᠤᠭ᠎ᠤᠨ ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠂ ᠬᠢᠯᠢ᠎ᠶ᠋ᠢᠨ ᠬᠠᠮᠢᠶᠠᠷᠤᠯᠲᠠ᠂ ᠮᠣᠩᠭᠤᠯ ᠣᠷᠣᠰ᠎ᠯᠤᠭ᠎ᠠ᠎ᠶ᠋ᠢᠨ ᠶᠠᠪᠤᠯᠴᠠᠭ᠎ᠠ ᠬᠠᠮᠲᠤᠷᠠᠯᠴᠠᠭ᠎ᠠ᠂ ᠭᠠᠳᠠᠭᠠᠳᠤ᠎ᠳᠤ ᠬᠤᠯᠪᠣᠭ᠍ᠳᠠᠬᠤ ᠬᠠᠮᠢᠶᠠᠷᠤᠯᠲᠠ᠂ ᠠᠭᠤᠰᠤᠯᠴᠠᠭ᠍ᠰᠠᠨ ᠮᠠᠶᠢᠭ᠎ᠤᠨ ᠨᠠᠮ᠎ᠤᠨ ᠪᠠᠢᠭᠤᠯᠤᠯᠲᠠ ᠵᠡᠷᠭᠡ ᠠᠵᠢᠯ᠎ᠤᠨ ᠲᠣᠭᠤᠷᠢᠨ᠎ᠳᠤ ᠪᠠᠢᠴᠠᠭᠠᠨ ᠰᠤᠳᠤᠯᠤᠯᠲᠠ ᠥᠷᠨᠢᠭᠦᠯᠵᠠᠢ᠃ ᠬᠤᠷᠢᠶᠠᠵᠤ ᠣᠯᠤᠭ᠍ᠰᠠᠨ ᠰᠠᠨᠠᠯ ᠰᠠᠨᠠᠭᠤᠯᠭ᠎ᠠ᠎ᠶ᠋ᠢ ᠨᠠᠷᠢᠨ ᠬᠢᠨᠠᠮᠠᠭᠠᠶ ᠡᠮᠬᠢᠯᠡᠵᠦ᠍᠂ 《ᠳᠥᠷᠪᠡᠨ ᠲᠥᠯᠥᠪᠯᠡᠭᠡ》᠂ 《ᠳᠥᠷᠪᠡᠨ ᠨᠠᠷᠢᠨ ᠲᠠᠩᠰᠠ》᠂ 《ᠳᠥᠷᠪᠡᠨ ᠴᠠᠭ᠎ᠤᠨ ᠬᠢᠵᠠᠭᠠᠷ》 ᠢ ᠪᠦᠷᠢᠯᠳᠦᠭᠦᠯᠵᠦ᠍᠂ ᠠᠰᠠᠭᠤᠳᠠᠯ᠎ᠢ ᠱᠢᠢᠳᠪᠦᠷᠢᠯᠡᠬᠦ᠂ ᠠᠵᠢᠯ᠎ᠢᠶᠠᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠰᠤᠳᠤᠯᠤᠨ ᠳᠤᠷᠠᠳᠴᠤ᠌᠂ ᠬᠥᠭ᠌ᠵᠢᠯᠲᠡ᠎ᠶ᠋ᠢᠨ ᠬᠡᠷᠡᠭ᠌ᠴᠡᠭᠡ᠂ ᠦᠨᠳᠦᠰᠦᠨ ᠱᠠᠲᠤᠨ᠎ᠤ ᠬᠦᠰᠡᠯ᠂ ᠠᠷᠠᠳ᠎ᠤᠨ ᠰᠡᠳᠭᠢᠯ᠎ᠤᠨ ᠬᠠᠨᠳᠤᠰᠢ᠎ᠶ᠋ᠢ ᠣᠨᠣᠪᠴᠢᠲᠠᠶ ᠵᠣᠯᠭᠠᠭᠤᠯᠵᠤ᠂ ᠲᠤᠰᠠᠭᠠᠷ ᠬᠦᠰᠦᠨᠦᠭ ᠵᠢᠭ᠍ᠰᠠᠭᠠᠵᠤ ᠨᠠᠢᠳᠠᠪᠤᠷᠢᠵᠢᠭᠤᠯᠤᠯᠲᠠ᠎ᠶ᠋ᠢ ᠬᠦᠴᠦᠲᠡᠶ ᠠᠬᠢᠭᠤᠯᠵᠤ ᠪᠠᠢᠨ᠎ᠠ᠃