ᠰᠠᠭᠤᠷᠢ᠎ᠶ᠋ᠢ ᠪᠠᠬᠢᠵᠢᠭᠦᠯᠵᠦ᠍ ᠪᠠᠭ᠍ᠰᠢ᠎ᠶ᠋ᠢᠨ ᠡᠩᠨᠡᠭᠡ᠎ᠶ᠋ᠢ ᠪᠦᠷᠢᠨᠱᠢᠬᠦᠯᠦᠨ ᠬᠦᠴᠦᠷᠬᠡᠭ᠌ᠵᠢᠬᠦᠯᠦᠨ᠎ᠡ
2021-08-13 10:29:48
ᠵᠣᠬᠢᠶᠠᠭ᠍ᠴᠢ᠄
ᠨᠠᠪᠴᠢ᠎ᠶ᠋ᠢᠨ ᠷᠦᠩ
ᠣᠩᠱᠢᠭ᠍ᠰᠠᠨ ᠣᠳᠠᠭ᠎ᠠ᠄
★★★☆☆

 — ᠮᠠᠨ᠎ᠤ ᠣᠷᠣᠨ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠵᠦ᠍ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠭ᠍ᠰᠠᠨ ᠦᠷ᠎ᠡ ᠪᠦᠲᠦᠮᠵᠢ᠎ᠶ᠋ᠢᠨ ᠲᠤᠬᠠᠢ ᠪᠤᠳᠠᠳᠤ ᠲᠡᠮᠳᠡᠭ᠌ᠯᠡᠯ (ᠨᠢᠭᠡ)

《ᠪᠣᠯᠪᠠᠰᠤᠷᠠᠯ᠎ᠨᠢ ᠮᠠᠨ᠎ᠤ ᠱᠢᠨ᠎ᠡ ᠪᠠᠭ᠍ᠰᠢ ᠨᠠᠷ᠎ᠤᠨ ᠦᠳᠲᠡᠷ ᠲᠦᠷᠭᠡᠨ᠎ᠢᠶᠠᠷ ᠦᠰᠦᠨ ᠪᠤᠢᠵᠢᠬᠤ᠎ᠳᠤ ᠰᠠᠢᠨ ᠰᠠᠢᠬᠠᠨ ᠲᠠᠪᠴᠠᠩ ᠬᠠᠩᠭᠠᠵᠤ᠂ ᠪᠣᠯᠪᠠᠰᠤᠷᠠᠯ ᠲᠠᠭᠤᠰᠴᠤ᠌᠂ ᠪᠢᠳᠡᠨ᠎ᠤ ᠵᠢᠭᠠᠨ ᠰᠤᠷᠭᠠᠯᠲᠠ᠎ᠶ᠋ᠢᠨ ᠠᠵᠢᠯ ᠴᠦ᠍ ᠡᠬᠢᠯᠡᠬᠦ᠌ ᠪᠤᠯᠤᠯ᠎ᠠ᠃ ᠪᠠᠭ᠍ᠰᠢ᠎ᠶ᠋ᠢᠨ ᠠᠵᠢᠯ ᠭᠡᠵᠦ᠍ ᠠᠷᠢᠭᠤᠨ ᠲᠠᠷᠬᠠᠨ ᠮᠦᠷᠲᠡᠭᠡᠨ ᠰᠠᠢᠨ ᠰᠠᠢᠬᠠᠨ ᠶᠤᠮ᠃ ᠱᠢᠨ᠎ᠡ ᠴᠠᠭ ᠦᠶ᠎ᠡ᠎ᠶ᠋ᠢᠨ ᠵᠠᠯᠠᠭᠤ ᠪᠠᠭ᠍ᠰᠢ ᠪᠣᠯᠤᠭ᠍ᠰᠠᠨ᠎ᠤ ᠬᠤᠪᠢ᠎ᠳᠤ᠂ ᠪᠢ ᠲᠤᠷᠠᠳᠠᠶ᠎ᠠ ᠵᠠᠯᠠᠭᠤ ᠨᠠᠰᠤ᠎ᠪᠠᠨ ᠨᠠᠮ᠎ᠤᠨ ᠰᠤᠷᠭᠠᠨ ᠬᠥᠮᠦᠵᠢᠯ᠎ᠤᠨ ᠦᠢᠯᠡᠰ᠎ᠲᠤ ᠵᠤᠷᠢᠭᠤᠯᠤᠨ᠎ᠠ》᠃ 8 ᠰᠠᠷ᠎ᠠ᠎ᠶ᠋ᠢᠨ 6 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ᠎ᠠᠴᠠ ᠭᠤᠤᠯᠯᠠᠨ ᠡᠷᠭᠢᠯᠡᠭ᠌ᠰᠡᠨ 《ᠭᠤᠷᠪᠠᠨ ᠬᠢᠴᠢᠶᠡᠯ ᠲᠦᠷᠦᠯ》 ᠎ᠤᠨ ᠣᠨᠴᠠ ᠠᠵᠢᠯ᠎ᠤᠨ ᠪᠠᠢᠷᠢ᠎ᠶ᠋ᠢᠨ ᠲᠤᠰᠭᠠᠢ ᠲᠥᠷᠥᠯ᠎ᠤᠨ ᠲᠦᠯᠦᠪᠯᠡᠭᠡ᠎ᠶ᠋ᠢᠨ ᠪᠠᠭ᠍ᠰᠢ ᠨᠠᠷ᠎ᠤᠨ ᠠᠵᠢᠯ᠎ᠤᠨ ᠪᠠᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ᠎ᠤᠨ ᠠᠩᠭᠢ᠎ᠶ᠋ᠢᠨ ᠲᠡᠭᠦᠰᠭᠦ ᠶᠣᠰᠣᠯᠠᠯ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠳᠤ ᠶᠠᠪᠤᠭ᠍ᠳᠠᠵᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠤᠨ ᠪᠠᠭ᠍ᠰᠢ ᠰᠤᠯᠤᠩᠭᠤᠸ᠎ᠠ ᠪᠣᠯᠪᠠᠰᠤᠷᠠᠯ᠎ᠳᠤ ᠤᠷᠤᠯᠴᠠᠭ᠍ᠰᠠᠨ ᠲᠥᠷᠥᠭ᠌ᠳᠡᠯ᠎ᠢᠶᠠᠨ ᠡᠢᠨ ᠬᠦ᠌ ᠬᠤᠪᠢᠶᠠᠯᠴᠠᠵᠤ ᠪᠠᠢᠯ᠎ᠠ᠃ ᠰᠤᠯᠤᠩᠭᠤᠸ᠎ᠠ᠄ 《ᠠᠵᠢᠯ᠎ᠤᠨ ᠪᠠᠢᠷᠢ᠎ᠶ᠋ᠢᠨ ᠦᠢᠯᠡᠳᠦᠯᠭᠡ᠎ᠶ᠋ᠢᠨ ᠬᠡᠷᠡᠭ᠌ᠴᠡᠭᠡ᠎ᠪᠠᠷ ᠪᠢᠳᠡ ᠰᠤᠷᠭᠠᠭᠤᠯᠢ᠎ᠶ᠋ᠢᠨ ᠬᠦᠷᠢᠶᠡᠨ᠎ᠳᠤ ᠠᠯᠬᠤᠨ ᠤᠷᠤᠵᠤ ᠬᠢᠴᠢᠶᠡᠯ᠎ᠤᠨ ᠳᠠᠢᠰᠠᠨ᠎ᠳᠤ ᠭᠠᠷᠴᠠᠢ᠂ ᠪᠣᠯᠪᠠᠰᠤᠷᠠᠯ᠎ᠤᠨ ᠳᠤᠮᠳᠠ ᠰᠤᠷᠤᠭ᠍ᠰᠠᠨ ᠮᠡᠳᠡᠯᠭᠡ᠎ᠪᠠᠨ ᠦᠢᠯᠡᠳᠦᠯᠭᠡ᠎ᠶ᠋ᠢᠨ ᠳᠤᠮᠳᠠ ᠬᠡᠷᠡᠭ᠌ᠯᠡᠵᠦ᠍᠂ ᠠᠰᠠᠭᠤᠳᠠᠯ᠎ᠢ ᠢᠯᠡᠷᠡᠭᠦᠯᠪᠡᠯ ᠴᠠᠭ ᠲᠤᠬᠠᠢ᠎ᠳᠤᠨᠢ ᠬᠠᠮᠲᠤ ᠠᠵᠢᠯᠯᠠᠭ᠍ᠰᠠᠳ ᠪᠣᠯᠤᠨ ᠵᠢᠯᠤᠭᠤᠳᠤᠭ᠍ᠴᠢ ᠪᠠᠭ᠍ᠰᠢ᠎ᠲᠠᠢ᠎ᠪᠠᠨ ᠦᠵᠡᠯ ᠪᠤᠳᠤᠯ᠎ᠢᠶᠠᠨ ᠰᠤᠯᠢᠯᠴᠠᠨ ᠶᠠᠷᠢᠯᠴᠠᠵᠤ᠂ ᠡᠨᠡ ᠬᠡᠰᠡᠭ ᠬᠤᠭᠤᠴᠠᠭᠠᠨ᠎ᠳᠤ ᠮᠠᠰᠢ ᠰᠠᠢᠨ ᠲᠠᠪᠳᠠᠨ ᠪᠤᠯᠪᠠᠰᠤᠷᠠᠵᠠᠢ》 ᠬᠡᠵᠦ᠍ ᠶᠠᠷᠢᠵᠤ ᠪᠠᠢᠯ᠎ᠠ᠃

ᠲᠠᠨᠢᠯᠴᠠᠭᠤᠯᠤᠭ᠍ᠰᠠᠨ᠎ᠢᠶᠠᠷ᠂ ᠲᠣᠰ ᠤᠳᠠᠭᠠᠨ᠎ᠤ ᠪᠣᠯᠪᠠᠰᠤᠷᠠᠯ᠎ᠨᠢ ᠨᠡᠢᠲᠡ 90 ᠡᠳᠦᠷ ᠶᠠᠪᠤᠭ᠍ᠳᠠᠵᠤ᠂ ᠬᠢᠴᠢᠶᠡᠯ᠎ᠤᠨ ᠲᠣᠬᠢᠷᠠᠭᠤᠯᠤᠯᠲᠠ᠎ᠨᠢ ᠱᠢᠨ᠎ᠡ ᠪᠠᠭ᠍ᠰᠢ ᠨᠠᠷ᠎ᠤᠨ ᠦᠰᠦᠨ ᠪᠤᠢᠵᠢᠯᠲᠠ᠎ᠶ᠋ᠢᠨ ᠵᠢᠮ᠎ᠡ ᠶᠣᠰᠣ᠎ᠶ᠋ᠢ ᠵᠢᠷᠤᠮᠯᠠᠨ᠂ ᠪᠠᠭ᠍ᠰᠢ᠎ᠶ᠋ᠢᠨ ᠪᠣᠯᠪᠠᠰᠤᠷᠠᠯ᠎ᠤᠨ ᠬᠢᠴᠢᠶᠡᠯ ᠲᠦᠷᠦᠯ᠎ᠤᠨ ᠵᠢᠯᠣᠭᠤᠳᠭᠤ ᠪᠠᠷᠢᠮᠵᠢᠶ᠎ᠠ᠎ᠶ᠋ᠢ ᠦᠨᠳᠦᠰᠦᠯᠡᠨ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠱᠢᠨ᠎ᠡ ᠪᠠᠭ᠍ᠰᠢ ᠨᠠᠷ᠎ᠤᠨ ᠲᠤᠰᠭᠠᠶ ᠮᠡᠷᠭᠡᠵᠢᠯ᠎ᠤᠨ ᠬᠥᠭ᠌ᠵᠢᠯᠲᠡ᠎ᠶ᠋ᠢᠨ ᠭᠤᠤᠯᠯᠠᠬᠤ ᠬᠡᠪ ᠪᠣᠯᠪᠠᠰᠤᠷᠠᠯ ᠪᠠ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠦᠨᠳᠦᠰᠦᠨ ᠴᠢᠳᠠᠪᠤᠷᠢ᠎ᠶ᠋ᠢᠨ ᠲᠤᠭᠤᠷᠢᠨ᠎ᠳᠤ᠂ ᠪᠣᠳᠠᠲᠠᠶ ᠠᠵᠢᠯᠯᠠᠭᠠᠨ᠎ᠤ ᠴᠢᠨᠠᠷ᠂ ᠬᠡᠷᠡᠭ᠌ᠯᠡᠭᠡᠨ᠎ᠤ ᠴᠢᠨᠠᠷ ᠪᠠ ᠪᠣᠳᠠᠲᠤ ᠦᠷ᠎ᠠ ᠪᠦᠲᠦᠮᠵᠢᠲᠦ ᠴᠢᠨᠠᠷ᠎ᠢ ᠳᠣᠪᠤᠢᠯᠭᠠᠭ᠍ᠰᠠᠨ ᠪᠠᠢᠨ᠎ᠠ᠃ ᠰᠤᠷᠤᠯᠭᠠᠳᠠᠳ ᠪᠣᠯᠪᠠᠰᠤᠷᠠᠯ᠎ᠢᠶᠠᠷ ᠳᠠᠮᠵᠢᠨ ᠲᠥᠷᠥ᠎ᠶ᠋ᠢᠨ ᠪᠣᠳᠣᠯᠭ᠎ᠠ᠎ᠶ᠋ᠢ ᠣᠢᠯᠠᠭᠠᠵᠤ᠂ ᠦᠵᠡᠯᠳᠡ ᠲᠠᠨᠢᠯᠲᠠ᠎ᠪᠠᠨ ᠳᠡᠭᠡᠭ᠌ᠰᠢᠯᠡᠭᠦᠯᠪᠡ; ᠬᠢᠴᠢᠶᠡᠯ᠎ᠤᠨ ᠪᠠᠷᠢᠮᠵᠢᠶ᠎ᠠ᠎ᠶ᠋ᠢ ᠣᠢᠯᠠᠭᠠᠵᠤ᠂ ᠵᠢᠭᠠᠬᠤ ᠮᠠᠲ᠋ᠧᠷᠢᠶᠠᠯ᠎ᠢ ᠡᠵᠡᠮᠱᠢᠪᠡ; ᠦᠢᠯᠡᠳᠦᠯᠭᠡ᠎ᠲᠠᠢ ᠤᠶᠠᠯᠳᠤᠭᠤᠯᠤᠨ᠂ ᠮᠡᠷᠭᠡᠵᠢᠯ᠎ᠢᠶᠠᠨ ᠳᠡᠭᠡᠭ᠌ᠰᠢᠯᠡᠭᠦᠯᠪᠡ᠃

ᠨᠢᠳᠤᠨᠤᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ᠎ᠠᠴᠠ ᠨᠠᠭᠠᠰᠢ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢᠶᠠᠷ ᠬᠢᠴᠢᠶᠡᠯᠯᠡᠬᠦ᠌ ᠪᠠᠭ᠍ᠰᠢ᠎ᠶ᠋ᠢᠨ ᠪᠣᠯᠪᠠᠰᠤᠷᠠᠯ᠎ᠢ ᠮᠠᠨ᠎ᠤ ᠣᠷᠣᠨ᠎ᠳᠤ ᠲᠠᠰᠤᠷᠠᠯᠲᠠ ᠥᠬᠡᠶ ᠥᠷᠨᠢᠭᠦᠯᠪᠡ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠳᠡᠯᠭᠡᠷᠡᠭᠦᠯᠦᠨ ᠲᠦᠭᠡᠮᠡᠯᠵᠢᠭᠦᠯᠬᠦ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠰᠠᠭᠤᠷᠢ ᠴᠢᠨᠠᠷᠲᠠᠢ ᠢᠨᠵᠧᠨᠧᠷᠢᠩ ᠪᠣᠯᠤᠭ᠍ᠰᠠᠨ᠎ᠤ ᠬᠤᠪᠢ᠎ᠳᠤ᠂ ᠮᠠᠨ᠎ᠤ ᠣᠷᠣᠨ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠬᠦ᠌ ᠰᠤᠷᠭᠠᠭᠤᠯᠢ᠎ᠳᠤ ᠤᠯᠤᠰ ᠲᠦᠷᠦ᠎ᠶ᠋ᠢᠨ ᠬᠡᠪ ᠪᠤᠯᠪᠠᠰᠤᠷᠠᠯ᠎ᠢᠶᠠᠷ ᠴᠢᠩᠭ᠎ᠠ᠂ ᠵᠢᠭᠠᠨ ᠰᠤᠷᠭᠠᠯᠲᠠ᠎ᠶ᠋ᠢᠨ ᠬᠢᠷᠢ ᠲᠦᠪᠱᠢᠨ ᠨᠡᠯᠢᠶᠡᠳ ᠥᠨᠳᠥᠷ᠂ ᠪᠠᠭ᠍ᠰᠢ᠎ᠶ᠋ᠢᠨ ᠲᠤᠭ᠎ᠠ  ᠬᠡᠮᠵᠢᠶ᠎ᠡ ᠭᠦᠢᠴᠡᠳ ᠨᠢᠭᠡᠨ ᠰᠠᠯᠠᠭ᠎ᠠ ᠪᠠᠭ᠍ᠰᠢ᠎ᠶ᠋ᠢᠨ ᠡᠩᠨᠡᠭᠡ᠎ᠶ᠋ᠢ ᠬᠦᠴᠦᠯᠡᠨ ᠪᠠᠢᠭᠤᠯᠵᠤ ᠪᠤᠢ᠃

ᠦᠵᠦ᠍ ᠲᠥᠯᠥᠪᠯᠡᠭᠡ᠎ᠶ᠋ᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ ᠬᠠᠮᠲᠤᠷᠠᠨ 《ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠠᠭ᠍ᠰᠢ᠎ᠶ᠋ᠢᠨ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠠᠷᠭ᠎ᠠ ᠬᠡᠮᠵᠢᠶ᠎ᠡ᠎ᠨᠦᠭᠦᠳ (ᠲᠤᠷᠱᠢᠨ ᠬᠡᠷᠡᠭ᠌ᠵᠢᠭᠦᠯᠬᠦ᠌)》 ᠎ᠢ ᠳᠠᠷᠤᠮᠠᠯᠯᠠᠨ ᠲᠠᠷᠬᠠᠭᠠᠵᠤ᠂ ᠱᠢᠯᠵᠢᠯᠲᠡ᠎ᠶ᠋ᠢᠨ ᠬᠤᠭᠤᠴᠠᠭᠠᠨ᠎ᠤ ᠬᠠᠪᠰᠤᠷᠤᠨ ᠵᠢᠯᠣᠭᠤᠳᠣᠭ᠍ᠴᠢ᠎ᠶ᠋ᠢᠨ ᠲᠦᠷᠢᠮ᠎ᠢ ᠪᠠᠢᠭᠤᠯᠬᠤ᠂ ᠪᠠᠭ᠍ᠰᠢ ᠨᠥᠬᠦᠪᠥᠷᠢᠯᠡᠬᠦ᠂ ᠪᠠᠭ᠍ᠰᠢ᠎ᠶ᠋ᠢᠨ ᠡᠩᠨᠡᠭᠡ᠎ᠶ᠋ᠢᠨ ᠬᠡᠪ ᠪᠤᠯᠪᠠᠰᠤᠷᠠᠯ᠎ᠢ ᠳᠡᠭᠡᠭ᠌ᠰᠢᠯᠡᠭᠦᠯᠬᠦ᠂ ᠱᠢᠯᠢᠳᠡᠭ ᠪᠠᠭ᠍ᠰᠢ᠎ᠶ᠋ᠢᠨ ᠪᠡᠯᠡᠳᠭᠡᠯ ᠬᠦᠴᠦᠨ᠎ᠢ ᠬᠦᠮᠦᠵᠢᠬᠦᠯᠬᠦ᠌ ᠵᠡᠷᠭᠡ 4 ᠲᠠᠯ᠎ᠠ᠎ᠠᠴᠠ 13 ᠵᠦᠢᠯ᠎ᠤᠨ ᠪᠣᠳᠠᠲᠠᠶ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠵᠠᠶ᠃

ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ ᠲᠠᠯ᠎ᠠ᠎ᠪᠠᠷ᠂ ᠮᠠᠨ᠎ᠤ ᠣᠷᠣᠨ ᠲᠠᠷᠦ᠋ᠢᠬᠠᠨ ᠬᠦᠳᠡᠯᠦᠯᠴᠡᠵᠦ᠍᠂ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ 《ᠭᠤᠷᠪᠠᠨ ᠬᠢᠴᠢᠶᠡᠯ ᠲᠥᠷᠥᠯ》 ᠎ᠤᠨ ᠪᠠᠭ᠍ᠰᠢ᠎ᠶ᠋ᠢᠨ ᠬᠦᠴᠦᠨ᠎ᠢ ᠬᠦᠢᠴᠡᠳ ᠲᠤᠬᠢᠷᠠᠭᠤᠯᠤᠨ ᠬᠦᠴᠦᠷᠬᠡᠭ᠌ᠵᠢᠬᠦᠯᠪᠡ᠃

— 《ᠭᠤᠷᠪᠠᠨ ᠬᠢᠴᠢᠶᠡᠯ ᠲᠥᠷᠥᠯ》 ᠎ᠤᠨ ᠪᠠᠭ᠍ᠰᠢ᠎ᠶ᠋ᠢ ᠢᠯᠡ᠎ᠪᠠᠷ ᠤᠷᠢᠵᠤ ᠡᠯᠰᠡᠬᠦ᠌ ᠠᠵᠢᠯ᠎ᠢ ᠤᠷᠢᠳᠴᠢᠯᠠᠨ ᠲᠥᠯᠥᠪᠯᠡᠬᠦ᠌᠎ᠶ᠋ᠢᠨ ᠬᠠᠮᠲᠤ ᠴᠠᠭ ᠲᠤᠬᠠᠶ᠎ᠳᠤᠨᠢ ᠪᠡᠶᠡᠯᠡᠭᠦᠯᠪᠡ᠃ ᠡᠨᠡ ᠵᠢᠯ᠎ᠤᠨ 1 ᠰᠠᠷ᠎ᠠ᠎ᠳᠤ᠂ ᠪᠥᠬᠦ᠌ ᠣᠷᠣᠨ᠎ᠤ ᠡᠯ᠎ᠡ ᠭᠠᠵᠠᠷ᠎ᠤᠨ᠎ᠬᠢᠨ ᠪᠠᠭ᠍ᠰᠢ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠷᠢᠨ ᠣᠨᠣᠪᠴᠢᠲᠠᠶ ᠤᠢ᠍ᠢᠯᠠᠭᠠᠭ᠍ᠰᠠᠨ ᠰᠠᠭᠤᠷᠢᠨ ᠳᠡᠭᠡᠷ᠎ᠡ᠂ ᠲᠣᠰ ᠭᠠᠵᠠᠷ ᠣᠷᠣᠨ᠎ᠤ 《ᠭᠤᠷᠪᠠᠨ ᠬᠢᠴᠢᠶᠡᠯ ᠲᠥᠷᠥᠯ》 ᠎ᠤᠨ ᠪᠠᠭ᠍ᠰᠢ᠎ᠶ᠋ᠢ ᠢᠯᠡ᠎ᠪᠠᠷ ᠤᠷᠢᠵᠤ ᠡᠯᠰᠡᠬᠦ᠌ ᠲᠥᠰᠦᠯ᠎ᠢ ᠲᠣᠭ᠍ᠲᠠᠭᠠᠨ ᠲᠡᠭᠦᠯᠳᠡᠷᠵᠢᠭᠦᠯᠵᠦ᠍᠂ ᠡᠯ᠎ᠡ ᠠᠢᠮᠠᠭ ᠬᠤᠲᠠ ᠢᠯᠡ᠎ᠪᠠᠷ ᠤᠷᠢᠵᠤ ᠡᠯᠰᠡᠬᠦ᠂ ᠰᠤᠷᠭᠠᠭᠤᠯᠢ᠎ᠠᠴᠠ ᠤᠷᠢᠵᠤ ᠡᠯᠰᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ 6 ᠰᠠᠷ᠎ᠠ᠎ᠶ᠋ᠢᠨ ᠰᠡᠭᠦᠯᠴᠢ᠎ᠠᠴᠠ ᠡᠮᠦᠨ᠎ᠡ ᠪᠠᠭ᠍ᠰᠢ ᠤᠷᠢᠵᠤ ᠡᠯᠰᠡᠬᠦ᠌ ᠠᠵᠢᠯ᠎ᠢ ᠪᠡᠶᠡᠯᠡᠭᠦᠯᠬᠦ᠌᠎ᠶ᠋ᠢᠨ ᠬᠠᠮᠲᠤ᠌᠂ ᠱᠢᠨ᠎ᠡ᠎ᠪᠠᠷ ᠠᠵᠢᠯ᠎ᠳᠤ ᠣᠷᠣᠬᠤ ᠪᠠᠭ᠍ᠰᠢ ᠨᠠᠷ᠎ᠲᠤ ᠪᠣᠯᠪᠠᠰᠤᠷᠠᠯ ᠬᠢᠪᠡ᠃

《ᠰᠤᠷᠭᠠᠨ ᠬᠥᠮᠦᠵᠢᠯ᠎ᠤᠨ ᠬᠥᠭ᠌ᠵᠢᠯᠲᠡ᠂ ᠤᠯᠤᠰ᠎ᠤᠨ ᠴᠡᠴᠡᠭ᠌ᠯᠡᠯ ᠬᠥᠭ᠌ᠵᠢᠯ ᠪᠠ ᠦᠨᠳᠦᠰᠦᠲᠡᠨ᠎ᠤ ᠬᠥᠭ᠌ᠵᠢᠯ ᠮᠠᠨᠳᠤᠯ᠎ᠤᠨ ᠲᠥᠯᠥᠭᠡ ᠴᠢᠷᠮᠠᠢᠨ ᠲᠡᠮᠡᠴᠡᠨ᠎ᠡ!》 4 ᠰᠠᠷ᠎ᠠ᠎ᠶ᠋ᠢᠨ 17 ᠎ᠤ ᠡᠳᠦᠷ᠂ ᠬᠢᠩᠭᠠᠨ ᠠᠢᠮᠠᠭ᠎ᠤᠨ ᠭᠤᠷᠪᠠᠨ ᠬᠢᠴᠢᠶᠡᠯ ᠲᠦᠷᠦᠯ᠎ᠤᠨ ᠱᠢᠨ᠎ᠡ ᠠᠵᠢᠯ᠎ᠤᠨ ᠪᠠᠢᠷᠢ᠎ᠳᠤ ᠭᠠᠷᠬᠤ ᠵᠢᠴᠢ ᠪᠤᠰᠤᠳ ᠪᠠᠭ᠍ᠰᠢ ᠨᠠᠷ᠎ᠤᠨ ᠠᠵᠢᠯ᠎ᠤᠨ ᠪᠠᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ᠎ᠤᠨ ᠠᠩᠭᠢ᠎ᠶ᠋ᠢᠨ ᠬᠢᠴᠢᠶᠡᠯ ᠡᠬᠢᠯᠡᠬᠦ᠌ ᠶᠣᠰᠣᠯᠠᠯ ᠳᠡᠭᠡᠷ᠎ᠡ᠂ ᠪᠥᠬᠦ᠌ ᠱᠢᠨ᠎ᠡ ᠪᠠᠭ᠍ᠰᠢ ᠨᠠᠷ ᠬᠠᠮᠲᠤ᠎ᠪᠠᠷ ᠠᠷᠠᠳ᠎ᠤᠨ ᠪᠠᠭ᠍ᠰᠢ᠎ᠶ᠋ᠢᠨ ᠲᠠᠩᠭᠠᠷᠢᠭ᠎ᠤᠨ ᠦᠭᠡ᠎ᠶ᠋ᠢ ᠤᠩᠱᠢᠨ᠂ ᠪᠠᠭ᠍ᠰᠢ᠎ᠶ᠋ᠢᠨ ᠠᠵᠢᠯ ᠮᠡᠷᠭᠡᠵᠢᠯ᠎ᠤᠨ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠪᠠ᠃

ᠦᠪᠡᠷᠳᠡᠭᠡᠨ ᠵᠠᠰᠠᠬᠤ ᠤᠷᠤᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠲᠡᠯᠭᠡᠷᠡᠬᠦᠯᠦᠨ ᠬᠡᠷᠡᠭ᠌ᠯᠡᠬᠦ᠌ 《ᠭᠤᠷᠪᠠᠨ ᠬᠢᠴᠢᠶᠡᠯ ᠲᠦᠷᠦᠯ》 ᠎ᠤᠨ ᠪᠠᠭ᠍ᠰᠢ᠎ᠶ᠋ᠢᠨ ᠣᠨᠴᠠ ᠠᠵᠢᠯ᠎ᠤᠨ ᠪᠠᠢᠷᠢ᠎ᠶ᠋ᠢᠨ ᠲᠤᠰᠭᠠᠶ ᠲᠥᠯᠥᠪᠯᠡᠭᠡ᠎ᠶ᠋ᠢ ᠡᠬᠢᠯᠡᠨ ᠬᠡᠷᠡᠭ᠌ᠵᠢᠭᠦᠯᠵᠦ᠍᠂ ᠤᠷᠢᠵᠤ ᠡᠯᠰᠡᠭ᠌ᠰᠡᠨ ᠪᠠᠭ᠍ᠰᠢ᠎ᠶ᠋ᠢ ᠭᠤᠷᠪᠠᠨ ᠬᠢᠴᠢᠶᠡᠯ ᠲᠥᠷᠥᠯ᠎ᠤᠨ ᠪᠠᠭ᠍ᠰᠢ ᠨᠡᠯᠢᠶᠡᠳ ᠳᠤᠳᠠᠵᠤ ᠪᠠᠢᠭ᠎ᠠ ᠭᠠᠵᠠᠷ ᠣᠷᠣᠨ᠎ᠳᠤ ᠪᠤᠯᠪᠠᠰᠤᠷᠠᠯ᠎ᠢᠶᠠᠷ ᠳᠠᠮᠵᠢᠨ ᠠᠵᠢᠯ᠎ᠤᠨ ᠪᠠᠢᠷᠢ᠎ᠳᠤ ᠭᠠᠷᠭᠠᠪᠠ᠃ ᠨᠢᠳᠤᠨᠤᠨ᠎ᠤ 12 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ᠭᠤᠷᠪᠠᠨ ᠬᠢᠴᠢᠶᠡᠯ ᠲᠦᠷᠦᠯ᠎ᠤᠨ 《ᠤᠨᠴᠠ ᠠᠵᠢᠯ᠎ᠤᠨ ᠪᠠᠢᠷᠢ᠎ᠶ᠋ᠢᠨ ᠪᠠᠭ᠍ᠰᠢ》 ᠎ᠶ᠋ᠢ 298 ᠡᠯᠰᠡᠭ᠌ᠰᠡᠨ ᠪᠠᠢᠨ᠎ᠠ᠃ 3 ᠰᠠᠷ᠎ᠠ᠎ᠶ᠋ᠢᠨ ᠠᠵᠢᠯ᠎ᠤᠨ ᠪᠠᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ᠎ᠢᠶᠠᠷ ᠳᠡᠮᠵᠢᠨ᠂ ᠡᠳᠡᠭᠡᠷ ᠪᠠᠭ᠍ᠰᠢ ᠨᠠᠷ ᠡᠨᠡ ᠵᠢᠯ᠎ᠤᠨ ᠬᠠᠪᠤᠷ᠎ᠤᠨ ᠤᠯᠠᠷᠢᠯ᠎ᠤᠨ ᠰᠤᠷᠭᠠᠭᠤᠯᠢ ᠡᠬᠢᠯᠡᠭ᠌ᠰᠡᠨ᠎ᠤ ᠳᠠᠷᠠᠭ᠎ᠠ ᠨᠢᠭᠡ ᠬᠤᠭᠤᠴᠠᠭᠠᠨ᠎ᠤ ᠠᠵᠢᠯ᠎ᠤᠨ ᠪᠠᠢᠷᠢ᠎ᠶ᠋ᠢᠨ ᠳᠠᠳᠤᠯᠭ᠎ᠠ ᠬᠢᠵᠦ᠍᠂ ᠨᠠᠮᠤᠷ᠎ᠤᠨ ᠤᠯᠠᠷᠢᠯ᠎ᠤᠨ ᠰᠤᠷᠭᠠᠭᠤᠯᠢ ᠡᠬᠢᠯᠡᠭ᠌ᠰᠡᠨ᠎ᠤ ᠳᠠᠷᠠᠭ᠎ᠠ᠂ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠡᠯ᠎ᠡ ᠰᠤᠷᠭᠠᠭᠤᠯᠢ᠎ᠳᠤ ᠬᠦᠷᠴᠦ᠍ ᠠᠵᠢᠯ᠎ᠤᠨ ᠪᠠᠢᠷᠢ᠎ᠳᠤ ᠭᠠᠷᠬᠤ᠎ᠪᠠᠷ ᠪᠡᠯᠡᠭᠡᠨ ᠪᠤᠯᠤᠯ᠎ᠠ᠃

《ᠬᠠᠭᠠᠰ ᠵᠢᠯ ᠭᠠᠷᠤᠢ᠎ᠶ᠋ᠢᠨ ᠪᠣᠯᠪᠠᠰᠤᠷᠠᠯ᠂ ᠠᠵᠢᠯ᠎ᠤᠨ ᠪᠠᠢᠷᠢ᠎ᠶ᠋ᠢᠨ ᠳᠠᠳᠤᠯᠭ᠎ᠠ ᠵᠡᠷᠭᠡ᠎ᠪᠠᠷ ᠳᠠᠮᠵᠢᠭᠠᠳ ᠪᠢ ᠮᠠᠰᠢ ᠣᠯᠤᠯᠲᠠ᠎ᠲᠠᠢ ᠪᠣᠯᠵᠠᠢ᠃ ᠠᠷᠠᠳ᠎ᠤᠨ ᠪᠠᠭ᠍ᠰᠢ ᠪᠢᠴᠢᠭ ᠵᠢᠭᠠᠵᠤ ᠬᠥᠮᠦᠨ ᠬᠦᠮᠦᠵᠢᠭᠦᠯᠬᠦ᠌ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠨ᠎ᠠ᠂ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠦᠷᠦᠭᠦᠯᠡᠨ ᠨᠠᠢᠳᠠᠪᠤᠷᠢᠵᠢᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠤᠨ ᠰᠤᠷᠤᠭ᠍ᠴᠢᠳ᠎ᠢ ᠬᠠᠪᠰᠤᠷᠤᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠡᠷᠡᠭ᠌ᠲᠡᠢ ᠭᠡᠳᠡᠭ᠎ᠢ ᠭᠦᠨᠵᠡᠭᠡᠢ ᠳᠠᠨᠢᠵᠠᠢ》 ᠬᠡᠵᠦ᠍ ᠬᠥᠯᠥᠨ ᠪᠤᠢᠷ ᠬᠤᠳᠠ᠎ᠶ᠋ᠢᠨ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ ᠬᠢᠴᠢᠶᠡᠯ᠎ᠤᠨ 《ᠤᠨᠴᠠ ᠠᠵᠢᠯ᠎ᠤᠨ ᠪᠠᠢᠷᠢ᠎ᠶ᠋ᠢᠨ ᠪᠠᠭ᠍ᠰᠢ》 ᠵᠤᠤ ᠰᠢ ᠶᠤᠸᠠᠨ ᠬᠡᠯᠡᠨ᠎ᠡ᠃

ᠱᠢᠶᠠᠨ᠎ᠤ ᠬᠡᠪᠴᠢᠶᠡᠨ᠎ᠳᠤ᠂ ᠬᠤᠲᠠ ᠬᠥᠳᠡᠭᠡ᠎ᠶ᠋ᠢᠨ ᠬᠤᠭᠤᠷᠣᠨᠳᠣ᠂ ᠰᠤᠷᠭᠠᠭᠤᠯᠢ᠎ᠶ᠋ᠢᠨ ᠬᠤᠭᠤᠷᠣᠨᠳᠣ᠂ ᠡᠩ᠎ᠤᠨ ᠰᠤᠷᠭᠠᠭᠤᠯᠢ ᠬᠢᠭᠡᠳ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠠᠵᠢᠯ ᠲᠦᠷᠦᠯ᠎ᠢᠶᠠᠷ ᠬᠠᠪᠰᠤᠷᠤᠯᠴᠠᠬᠤ ᠬᠠᠪᠰᠤᠷᠤᠨ ᠳᠡᠳᠬᠦᠬᠦ᠌ ᠲᠣᠭ᠍ᠲᠠᠴᠠ᠎ᠶ᠋ᠢ ᠪᠠᠢᠭᠤᠯᠵᠤ᠂ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠭᠤᠷᠪᠠᠨ ᠬᠢᠴᠢᠶᠡᠯ ᠲᠥᠷᠥᠯ᠎ᠤᠨ ᠪᠠᠭ᠍ᠰᠢ ᠨᠠᠷ᠎ᠤᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠴᠢᠳᠠᠪᠤᠷᠢ ᠪᠠ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠴᠢᠨᠠᠷ ᠴᠢᠨᠰᠠᠭ᠎ᠠ᠎ᠶ᠋ᠢ ᠪᠦᠲᠦᠮᠵᠢᠲᠡᠶ ᠳᠡᠭᠡᠭ᠌ᠰᠢᠯᠡᠭᠦᠯᠵᠦ᠍ ᠪᠤᠢ᠃ 6 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠦ᠌ ᠣᠷᠣᠨ᠎ᠤ 448 ᠡᠩ᠎ᠤᠨ ᠰᠤᠷᠭᠠᠭᠤᠯᠢ ᠪᠣᠯᠤᠨ 313 ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ 《ᠬᠠᠪᠰᠤᠷᠤᠯᠴᠠᠭ᠎ᠠ ᠪᠠᠢᠭᠤᠯᠤᠭ᠍ᠰᠠᠨ ᠬᠠᠮᠲᠤ ᠴᠣᠭ᠍ᠴᠠ》 ᠎ᠶ᠋ᠢ ᠪᠠᠢᠭᠤᠯᠵᠤ᠂ 1475 ᠪᠠᠭ᠍ᠰᠢ᠎ᠶ᠋ᠢ ᠬᠠᠷᠢᠯᠴᠠᠨ ᠲᠣᠮᠢᠯᠠᠪᠠ᠃ ᠬᠠᠪᠰᠤᠷᠤᠯᠴᠠᠭ᠎ᠠ ᠪᠠᠢᠭᠤᠯᠤᠭ᠍ᠰᠠᠨ ᠰᠤᠷᠭᠠᠭᠤᠯᠢ᠎ᠶ᠋ᠢᠨ ᠪᠠᠭ᠍ᠰᠢ ᠨᠠᠷ ᠬᠠᠮᠲᠤ᠎ᠪᠠᠷ ᠬᠢᠴᠢᠶᠡᠯ ᠪᠡᠯᠡᠳᠭᠡᠬᠦ᠂ ᠬᠢᠴᠢᠶᠡᠯ ᠰᠣᠨᠣᠰᠴᠤ᠌ ᠦᠨᠡᠯᠡᠬᠦ᠂ ᠨᠡᠷᠡᠲᠦ ᠪᠠᠭ᠍ᠰᠢ ᠱᠠᠪᠢ ᠳᠠᠭᠠᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠪᠠᠭ᠍ᠰᠢ ᠨᠠᠷ᠎ᠢ ᠬᠠᠪᠰᠤᠷᠤᠨ ᠵᠢᠭᠠᠨ ᠰᠤᠷᠭᠠᠬᠤ ᠠᠵᠢᠯ᠎ᠢ ᠰᠠᠢᠲᠤᠷ ᠬᠢᠵᠦ᠍᠂ ᠲᠡᠳᠡᠨ᠎ᠤ ᠵᠢᠭᠠᠬᠤ ᠮᠠᠲ᠋ᠧᠷᠢᠶᠠᠯ᠂ ᠵᠢᠭᠠᠨ ᠰᠤᠷᠭᠠᠯᠲᠠ᠎ᠶ᠋ᠢ ᠡᠵᠡᠮᠳᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍ ᠪᠤᠢ᠃ ᠡᠭᠦᠨ᠎ᠤ ᠬᠠᠮᠲᠤ᠌᠂ ᠡᠩ᠎ᠤᠨ ᠰᠤᠷᠭᠠᠭᠤᠯᠢ᠎ᠨᠢ ᠪᠠᠰᠠ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠳᠦᠰᠦᠯᠡᠨ᠂ ᠪᠢᠴᠢᠯ ᠬᠢᠴᠢᠶᠡᠯ ᠬᠢᠬᠦ᠂ ᠰᠤᠩᠭᠤᠳᠠᠭ ᠪᠣᠯᠪᠠᠰᠤᠷᠠᠯ ᠬᠢᠬᠦ᠂ ᠳᠠᠰᠭᠠᠯ ᠲᠠᠭᠠᠭᠠᠯᠭᠠᠪᠤᠷᠢ᠎ᠶ᠋ᠢᠨ ᠲᠥᠯᠥᠪᠯᠡᠭᠡ ᠬᠢᠬᠦ᠌ ᠳᠠᠯ᠎ᠠ᠎ᠪᠠᠷ ᠬᠠᠪᠰᠤᠷᠤᠯᠭ᠎ᠠ ᠵᠢᠯᠤᠭᠤᠳᠤᠯᠭ᠎ᠠ ᠬᠠᠩᠭᠠᠵᠤ᠂ ᠭᠤᠷᠪᠠᠨ ᠬᠢᠴᠢᠶᠡᠯ ᠲᠥᠷᠥᠯ᠎ᠤᠨ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠠᠷ ᠵᠢᠭᠠᠨ ᠰᠤᠷᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠦᠨᠡᠨ ᠬᠦ᠌ ᠬᠠᠪᠰᠤᠷᠴᠤ᠌ ᠪᠠᠢᠨ᠎ᠠ᠃

《ᠣᠳᠣᠬᠠᠨ᠎ᠤ ᠪᠠᠢᠳᠠᠯ᠎ᠠᠴᠠ ᠦᠵᠡᠪᠡᠯ᠂ ᠣᠷᠳᠣᠰ ᠬᠤᠲᠠ᠎ᠶ᠋ᠢᠨ ᠡᠩ᠎ᠤᠨ ᠰᠤᠷᠭᠠᠭᠤᠯᠢ ᠬᠢᠭᠡᠳ ᠬᠤᠲᠠ᠎ᠶ᠋ᠢᠨ ᠱᠢᠭᠤᠳ ᠬᠠᠷᠢᠶ᠎ᠠ᠂ ᠡᠯ᠎ᠡ ᠬᠤᠱᠢᠭᠤ ᠱᠢᠶᠠᠨ ᠲᠣᠭᠤᠷᠢᠭ᠎ᠤᠨ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠨᠤᠭᠤᠳ ᠬᠠᠪᠰᠤᠷᠤᠯᠴᠠᠭ᠎ᠠ ᠪᠠᠢᠭᠤᠯᠤᠨ ᠬᠠᠮᠲᠤ᠎ᠪᠠᠷ ᠪᠠᠢᠭᠤᠯᠬᠤ ᠠᠵᠢᠯ ᠵᠣᠬᠢᠬᠤ ᠦᠷ᠎ᠡ ᠪᠦᠲᠦᠮᠵᠢ ᠤᠯᠪᠠ᠃ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢᠶᠠᠷ ᠬᠢᠴᠢᠶᠡᠯᠯᠡᠬᠦ᠌ ᠪᠠᠭ᠍ᠰᠢ ᠨᠠᠷ ᠵᠢᠭᠠᠬᠤ ᠮᠠᠲ᠋ᠧᠷᠢᠶᠠᠯ᠎ᠳᠤ ᠪᠥᠬᠦ᠌ ᠲᠠᠯ᠎ᠠ᠎ᠶ᠋ᠢᠨ ᠲᠠᠨᠢᠯᠲᠠ᠎ᠲᠠᠢ ᠪᠣᠯᠵᠣ᠂ ᠬᠢᠴᠢᠶᠡᠯ ᠪᠡᠯᠡᠳᠭᠡᠬᠦ᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶ᠋ᠢ ᠡᠵᠡᠮᠳᠡᠬᠦ᠌ ᠲᠠᠯ᠎ᠠ᠎ᠪᠠᠷ ᠢᠯᠡᠳᠲᠡ ᠳᠠᠪᠱᠢᠯᠲᠠ᠎ᠲᠠᠢ ᠪᠣᠯᠵᠣ᠂ ᠵᠢᠭᠠᠨ ᠰᠤᠷᠭᠠᠯᠲᠠ᠎ᠶ᠋ᠢᠨ ᠤᠢ᠍ᠢᠯᠠᠭᠠᠭ᠍ᠳᠠᠬᠤᠨ᠎ᠤ ᠳᠠᠯ᠎ᠠ᠎ᠪᠠᠷ ᠢᠯᠡᠳᠲᠡ ᠬᠤᠪᠢᠷᠠᠯᠲᠠ ᠭᠠᠷᠴᠤ᠌᠂ ᠵᠢᠭᠠᠨ ᠰᠤᠷᠭᠠᠯᠲᠠ᠎ᠶ᠋ᠢᠨ ᠴᠢᠨᠠᠷ ᠴᠢᠨᠰᠠᠭ᠎ᠠ ᠨᠡᠯᠢᠶᠡᠳ ᠳᠡᠭᠡᠭ᠌ᠰᠢᠯᠡᠵᠡᠶ᠃ ᠡᠭᠦᠨ᠎ᠤ ᠬᠠᠮᠲᠤ᠌᠂ ᠬᠠᠪᠰᠤᠷᠤᠯᠴᠠᠭ᠎ᠠ ᠪᠠᠢᠭᠤᠯᠵᠤ ᠬᠠᠮᠲᠤ᠎ᠪᠠᠷ ᠪᠠᠢᠭᠤᠯᠬᠤ ᠠᠵᠢᠯ᠎ᠨᠢ ᠬᠤᠶᠠᠷ ᠰᠤᠷᠭᠠᠭᠤᠯᠢ᠎ᠶ᠋ᠢᠨ ᠪᠠᠭ᠍ᠰᠢ᠎ᠶ᠋ᠢᠨ ᠣᠯᠤᠯᠲᠠ ᠲᠥᠷᠥᠭ᠌ᠳᠡᠯ᠎ᠢᠶᠠᠨ ᠰᠣᠯᠢᠯᠴᠠᠬᠤ᠂ ᠳᠠᠪᠠᠭᠤᠯᠢᠭ ᠳᠠᠯ᠎ᠠ᠎ᠪᠠᠨ ᠰᠤᠷᠤᠯᠴᠠᠵᠤ ᠳᠤᠲᠠᠭᠤᠳᠠᠯ᠎ᠢᠶᠠᠨ ᠨᠥᠬᠦᠪᠥᠷᠢᠯᠡᠬᠦ᠂ ᠡᠬᠢ ᠪᠠᠶᠠᠯᠢᠭ᠎ᠢ ᠬᠠᠮᠲᠤ᠎ᠪᠠᠷ ᠡᠳᠡᠯᠬᠦ᠌᠎ᠶ᠋ᠢ ᠪᠡᠶᠡᠯᠡᠭᠦᠯᠬᠦ᠌᠎ᠳᠤ ᠠᠱᠢᠭ᠍ᠲᠠᠶ ᠶᠤᠮ》 ᠭᠡᠵᠦ᠍ ᠤᠷᠳᠤᠰ ᠬᠤᠳᠠ᠎ᠶ᠋ᠢᠨ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶᠠᠨ᠎ᠤ ᠳᠡᠳ᠋ ᠳᠠᠷᠤᠭ᠎ᠠ ᠴᠤᠭ ᠬᠡᠯᠡᠪᠡ᠃

ᠣᠷᠣᠨ᠎ᠤ ᠳᠣᠲᠣᠷᠠᠬᠢ ᠪᠠᠭ᠍ᠰᠢ᠎ᠶ᠋ᠢᠨ ᠲᠥᠷᠥᠯ᠎ᠤᠨ ᠲᠤᠰᠭᠠᠶ ᠮᠡᠷᠭᠡᠵᠢᠯ ᠨᠡᠭᠡᠭᠡᠭ᠌ᠰᠡᠨ 19 ᠶᠡᠭᠡ ᠳᠡᠭᠡᠳᠦ ᠰᠤᠷᠭᠠᠭᠤᠯᠢ ᠪᠠᠭ᠍ᠰᠢ ᠰᠤᠷᠤᠭ᠍ᠴᠢᠳ᠎ᠤᠨ ᠰᠤᠷᠭᠠᠨ ᠬᠥᠮᠦᠵᠢᠯ᠎ᠢ ᠳᠡᠮᠵᠢᠬᠦ᠌ ᠪᠦᠯᠬᠦᠮ᠎ᠢ ᠵᠣᠬᠢᠶᠠᠨ ᠪᠠᠢᠭᠤᠯᠵᠤ᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠂ ᠬᠢᠴᠢᠶᠡᠯ᠎ᠤᠨ ᠳᠠᠷᠠᠭᠠᠬᠢ ᠬᠠᠪᠰᠤᠷᠤᠨ ᠵᠢᠯᠣᠭᠤᠳᠣᠯᠭ᠎ᠠ᠂ ᠪᠠᠭ᠍ᠰᠢ᠎ᠶ᠋ᠢᠨ ᠪᠣᠯᠪᠠᠰᠤᠷᠠᠯ᠂ ᠰᠤᠳᠤᠯᠭᠠᠨ᠎ᠤ ᠰᠡᠳᠦᠪ᠎ᠤᠨ ᠪᠣᠭᠤᠮᠲᠠ ᠱᠢᠪᠲᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠬᠦ᠌ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠤᠨ ᠴᠡᠴᠡᠷᠯᠢᠭ᠎ᠢ ᠬᠠᠪᠰᠤᠷᠤᠨ ᠲᠡᠳᠬᠦᠵᠦ᠍ ᠪᠤᠢ᠃ ᠡᠨᠡ ᠵᠢᠯ᠎ᠤᠨ 3 ᠰᠠᠷ᠎ᠠ᠎ᠳᠤ᠂ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ ᠪᠤᠯᠤᠨ ᠱᠢᠯᠢ᠎ᠶ᠋ᠢᠨ ᠭᠤᠤᠯ ᠠᠢᠮᠠᠭ᠂ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭᠠᠭᠤᠯᠢ ᠬᠢᠭᠡᠳ ᠲᠦᠩᠯᠢᠶᠣᠤ ᠬᠤᠲᠠ᠂ ᠤᠯᠠᠭᠠᠨᠬᠠᠳᠠ ᠳᠡᠭᠡᠳᠦ ᠰᠤᠷᠭᠠᠭᠤᠯᠢ ᠬᠢᠭᠡᠳ ᠤᠯᠠᠭᠠᠨᠬᠠᠳᠠ ᠬᠤᠲᠠ᠂ ᠬᠢᠩᠭᠠᠨ ᠠᠢᠮᠠᠭ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ ᠬᠢᠭᠡᠳ ᠬᠢᠩᠭᠠᠨ ᠠᠢᠮᠠᠭ ᠁ ᠬᠠᠮᠢᠶ᠎ᠠ ᠪᠥᠬᠦᠶ ᠶᠡᠭᠡ ᠳᠡᠭᠡᠳᠦ ᠰᠤᠷᠭᠠᠭᠤᠯᠢ ᠬᠢᠭᠡᠳ ᠠᠢᠮᠠᠭ ᠬᠤᠲᠠ᠎ᠶ᠋ᠢᠨ ᠰᠤᠷᠭᠠᠨ ᠬᠥᠮᠦᠵᠢᠯ᠎ᠤᠨ ᠲᠣᠪᠴᠢᠶ᠎ᠠ ᠢᠳᠡᠪᠬᠢᠲᠡᠶ ᠵᠤᠬᠢᠴᠠᠭᠤᠯᠵᠤ᠂ ᠤᠯᠤᠰ ᠲᠥᠷᠥ᠎ᠶ᠋ᠢᠨ ᠬᠡᠪ ᠪᠤᠯᠪᠠᠰᠤᠷᠠᠯ᠎ᠢᠶᠠᠷ ᠥᠨᠳᠥᠷ᠂ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠪᠠᠷ ᠴᠢᠩᠭ᠎ᠠ ᠪᠠᠭ᠍ᠰᠢ ᠰᠣᠷᠣᠭ᠍ᠴᠢ᠎ᠶ᠋ᠢ ᠰᠣᠩᠭᠤᠵᠤ ᠰᠤᠷᠭᠠᠭᠤᠯᠢ᠎ᠳᠤ ᠰᠠᠭᠤᠯᠭᠠᠨ ᠰᠤᠷᠭᠠᠨ ᠬᠥᠮᠦᠵᠢᠯ᠎ᠢ ᠳᠡᠮᠵᠢᠪᠡ᠃

ᠡᠨᠡ ᠵᠢᠯ᠎ᠤᠨ ᠬᠠᠪᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭᠠᠨ᠎ᠳᠤ᠂ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭᠠᠭᠤᠯᠢ 12 ᠰᠣᠷᠣᠭ᠍ᠴᠢ ᠲᠣᠮᠢᠯᠠᠨ ᠲᠦᠩᠯᠢᠶᠣᠤ ᠬᠤᠲᠠ᠎ᠶ᠋ᠢᠨ ᠵᠠᠷᠤᠳ ᠬᠤᠱᠢᠭᠤᠨ᠎ᠤ ᠮᠣᠩᠭᠤᠯ ᠦᠨᠳᠦᠰᠦᠲᠡᠨ᠎ᠤ ᠬᠤᠶᠠᠳᠤᠭᠠᠷ ᠳᠤᠮᠳᠠᠳᠤ ᠰᠤᠷᠭᠠᠭᠤᠯᠢ᠎ᠳᠤ ᠪᠠᠭ᠍ᠰᠢᠯᠠᠭᠤᠯᠪᠠ᠂ ᠡᠲᠡᠭᠡᠷ ᠤᠶᠤᠲᠠᠳ ᠠᠩᠬ᠎ᠠ ᠵᠡᠷᠭᠡ᠎ᠶ᠋ᠢᠨ ᠨᠢᠭᠡᠳᠦᠭᠡᠷ ᠣᠨ᠎ᠤ ᠰᠤᠷᠤᠭ᠍ᠴᠢᠳ᠎ᠤᠨ ᠪᠢᠴᠢᠬᠦ᠌ ᠪᠠ ᠤᠩᠱᠢᠬᠤ ᠵᠢᠭᠠᠨ ᠰᠤᠷᠭᠠᠯᠲᠠ᠎ᠶ᠋ᠢᠨ ᠡᠭᠦᠷᠭᠡ᠎ᠶ᠋ᠢ ᠡᠭᠦᠷᠭᠡᠯᠡᠬᠦ᠌᠎ᠶ᠋ᠢᠨ ᠬᠠᠮᠲᠤ ᠬᠥᠮᠦᠨ ᠪᠦᠷᠢ ᠨᠢᠭᠡ ᠠᠩᠭᠢ᠎ᠶ᠋ᠢ ᠬᠠᠷᠢᠭᠤᠴᠠᠵᠤ᠂ ᠣᠷᠣᠶ᠎ᠶ᠋ᠢᠨ ᠳᠠᠪᠲᠠᠯᠭ᠎ᠠ᠎ᠶ᠋ᠢᠨ ᠴᠠᠭ᠎ᠢ ᠠᠱᠢᠬ᠍ᠯᠠᠨ ᠰᠤᠷᠤᠭ᠍ᠴᠢᠳ᠎ᠤᠨ ᠰᠣᠨᠣᠰᠴᠤ᠌ ᠤᠩᠱᠢᠵᠤ ᠪᠢᠴᠢᠬᠦ᠌ ᠪᠣᠯᠪᠠᠰᠤᠷᠠᠯ᠎ᠢ ᠥᠷᠨᠢᠭᠦᠯᠪᠡ᠃ ᠵᠣᠨ᠎ᠤ ᠠᠮᠠᠷᠠᠯᠲᠠ᠎ᠶ᠋ᠢᠨ ᠬᠤᠭᠤᠴᠠᠭ᠎ᠠ ᠬᠦᠷᠴᠦ᠍ ᠢᠷᠡᠬᠦ᠌᠎ᠪᠠᠷ᠂ ᠡᠲᠡᠭᠡᠷ ᠤᠶᠤᠲᠠᠳ᠎ᠤᠨ ᠰᠤᠷᠭᠠᠨ ᠬᠥᠮᠦᠵᠢᠯ᠎ᠢ ᠳᠡᠮᠵᠢᠬᠦ᠌ ᠬᠤᠭᠤᠴᠠᠭ᠎ᠠ᠎ᠨᠢ ᠳᠠᠭᠤᠰᠭᠤ ᠪᠤᠯᠤᠯ᠎ᠠ᠂ ᠰᠤᠷᠭᠠᠭᠤᠯᠢ᠎ᠶ᠋ᠢᠨ ᠵᠠᠬᠢᠷᠤᠯ ᠴᠢᠩ ᠱᠠᠨ᠂ ᠰᠤᠷᠭᠠᠨ ᠬᠥᠮᠦᠵᠢᠯ᠎ᠢ ᠲᠡᠮᠵᠢᠵᠦ᠍ ᠪᠦᠬᠦᠢ ᠰᠤᠷᠤᠭ᠍ᠴᠢᠳ᠎ᠢᠶᠠᠨ ᠡᠷᠬᠢᠨ ᠦᠵᠡᠬᠦ᠌᠎ᠪᠠᠷ ᠢᠷᠡᠭ᠌ᠰᠡᠨ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭᠠᠭᠤᠯᠢ᠎ᠶ᠋ᠢᠨ ᠬᠠᠮᠢᠶ᠎ᠠ ᠪᠥᠬᠦᠶ ᠬᠠᠷᠢᠭᠤᠴᠠᠯᠭᠠᠲᠠᠨ᠎ᠳᠤ᠄ 《ᠳᠠᠷᠠᠭ᠎ᠠ ᠰᠤᠷᠤᠯᠭ᠎ᠠ᠎ᠶ᠋ᠢᠨ ᠬᠤᠭᠤᠴᠠᠭᠠᠨ᠎ᠳᠤ ᠨᠠᠩ ᠣᠯᠠᠨ ᠰᠤᠷᠤᠭ᠍ᠴᠢᠳ ᠰᠤᠷᠭᠠᠨ ᠬᠥᠮᠦᠵᠢᠯ᠎ᠢ ᠳᠡᠮᠵᠢᠭᠦ᠎ᠪᠠᠷ ᠢᠷᠡᠬᠦ᠌᠎ᠶ᠋ᠢ ᠬᠦᠰᠡᠵᠦ᠍ ᠪᠠᠢᠨ᠎ᠠ᠂ ᠲᠡᠮᠵᠢᠬᠦ᠌ ᠴᠠᠭ ᠬᠤᠭᠤᠴᠠᠭ᠎ᠠ᠎ᠶ᠋ᠢ᠎ᠨᠢ ᠵᠤᠬᠢᠰᠳᠠᠢ ᠤᠷᠳᠤᠳᠭᠠᠪᠠᠯ ᠨᠡᠩ ᠰᠠᠢᠨ》 ᠭᠡᠵᠦ᠍ ᠬᠡᠯᠡᠪᠡ᠃

ᠱᠢᠰᠲ᠋ᠧᠮ᠎ᠲᠠᠢ᠂ ᠨᠠᠷᠢᠯᠢᠭ᠂ ᠲᠠᠰᠤᠯᠳᠠᠭᠤᠯᠤᠯ ᠦᠭᠡᠢ ᠪᠣᠯᠪᠠᠰᠤᠷᠠᠯ ᠥᠷᠨᠢᠭᠦᠯᠬᠦ᠌᠎ᠪᠠᠷ ᠲᠠᠮᠵᠢᠨ᠂ ᠰᠠᠭᠤᠷᠢ ᠠᠨᠠᠢ ᠭᠤᠷᠪᠠᠨ ᠬᠢᠴᠢᠶᠡᠯ ᠲᠥᠷᠥᠯ᠎ᠤᠨ ᠪᠠᠭ᠍ᠰᠢ᠎ᠶ᠋ᠢᠨ ᠴᠢᠳᠠᠪᠤᠷᠢ᠎ᠶ᠋ᠢ ᠲᠡᠭᠡᠭ᠌ᠰᠢᠯᠡᠬᠦᠯᠵᠦ᠍᠂ ᠵᠢᠭᠠᠨ ᠰᠤᠷᠭᠠᠯᠳᠠ᠎ᠶ᠋ᠢᠨ ᠠᠵᠢᠯ᠎ᠤᠨ ᠪᠠᠢᠷᠢ᠎ᠳᠤᠨᠢ ᠭᠠᠷᠭᠠᠨ᠎ᠠ᠃ ᠮᠠᠨ᠎ᠤ ᠣᠷᠣᠨ ᠰᠤᠷᠭᠠᠨ ᠬᠥᠮᠦᠵᠢᠯ᠎ᠤᠨ ᠶᠠᠮᠤᠨ᠎ᠤ ᠳᠡᠮᠵᠢᠯᠭᠡ᠎ᠶ᠋ᠢ ᠢᠳᠡᠪᠬᠢᠳᠡᠢ ᠣᠯᠵᠤ᠂ ᠣᠷᠣᠨ᠎ᠤ ᠲᠤᠳᠤᠨ᠎ᠠ ᠭᠠᠳᠠᠨᠠᠬᠢ ᠪᠠᠭ᠍ᠰᠢ᠎ᠶ᠋ᠢᠨ ᠲᠥᠷᠥᠯ᠎ᠤᠨ ᠲᠤᠰᠭᠠᠶ ᠮᠡᠷᠭᠡᠵᠢᠯ᠎ᠤᠨ 20 ᠰᠤᠷᠭᠠᠭᠤᠯᠢ᠎ᠶ᠋ᠢ ᠵᠣᠬᠢᠶᠠᠨ ᠪᠠᠢᠭᠤᠯᠵᠤ᠂ 12 ᠠᠢᠮᠠᠭ ᠬᠤᠲᠠ᠎ᠶ᠋ᠢ ᠬᠡᠰᠡᠭ ᠬᠤᠪᠢᠶᠠᠨ ᠳᠠᠭᠠᠭᠠᠴᠢᠯᠠᠭᠤᠯᠵᠤ᠂ ᠭᠤᠷᠪᠠᠨ ᠬᠢᠴᠢᠶᠡᠯ ᠲᠥᠷᠥᠯ᠎ᠤᠨ ᠪᠠᠭ᠍ᠰᠢ᠎ᠶ᠋ᠢᠨ ᠪᠣᠯᠪᠠᠰᠤᠷᠠᠯ᠎ᠤᠨ ᠠᠵᠢᠯ᠎ᠢ ᠥᠷᠨᠢᠭᠦᠯᠪᠡ᠃ ᠡᠭᠦᠨ᠎ᠤ ᠬᠠᠮᠲᠤ᠌᠂ 《ᠥᠪᠡᠷᠲᠡᠭᠡᠨ ᠵᠠᠰᠠᠬᠤ ᠣᠷᠣᠨ ᠵᠢᠱ᠌ᠢᠶ᠎ᠡ ᠦᠵᠡᠭᠦᠯᠬᠦ᠌᠎ᠶ᠋ᠢ ᠠᠳᠭᠤᠬᠤ᠂ ᠠᠢᠮᠠᠭ ᠬᠤᠲᠠ ᠭᠤᠤᠯᠯᠠᠭ᠍ᠴᠢ ᠬᠦ᠍ᠴᠦᠨ᠎ᠢ ᠠᠳᠭᠤᠬᠤ᠂ ᠬᠤᠱᠢᠭᠤ ᠱᠢᠶᠠᠨ ᠪᠦᠬᠦ᠌ ᠠᠵᠢᠯᠲᠠᠨ᠎ᠢ ᠠᠳᠭᠤᠬᠤ᠂ ᠰᠤᠷᠭᠠᠭᠤᠯᠢ ᠵᠢᠭᠠᠨ ᠰᠤᠳᠤᠯᠬᠤ᠎ᠶ᠋ᠢ ᠠᠳᠭᠤᠬᠤ》 ᠵᠠᠷᠴᠢᠮ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ 《ᠵᠢᠱ᠌ᠢᠶ᠎ᠡ ᠦᠵᠡᠭᠦᠯᠬᠦ᠌ ᠭᠠᠷᠮᠠᠭᠠᠢ ᠪᠠᠭ᠍ᠰᠢ》 ᠎ᠶ᠋ᠢᠨ ᠪᠣᠯᠪᠠᠰᠤᠷᠠᠯ᠎ᠢ ᠵᠣᠬᠢᠶᠠᠨ ᠪᠠᠢᠭᠤᠯᠪᠠ᠃ 《ᠵᠢᠱ᠌ᠢᠶ᠎ᠡ ᠦᠵᠡᠭᠦᠯᠬᠦ᠌ ᠭᠠᠷᠮᠠᠭᠠᠢ ᠪᠠᠭ᠍ᠰᠢ》 ᠎ᠳᠤ ᠪᠤᠯᠪᠠᠰᠤᠷᠠᠯ ᠬᠦᠷᠳᠡᠭᠡᠭ᠌ᠰᠡᠨ᠎ᠤ ᠳᠠᠷᠠᠭ᠎ᠠ᠂ ᠡᠯ᠎ᠡ ᠱᠠᠲᠤᠨ᠎ᠤ ᠵᠢᠭᠠᠨ ᠰᠤᠳᠤᠯᠤᠭ᠍ᠴᠢ᠎ᠯᠤᠭ᠎ᠠ ᠬᠠᠮᠲᠤ᠎ᠪᠠᠷ ᠰᠤᠷᠭᠠᠭᠤᠯᠢ᠎ᠳᠤ ᠭᠦᠨᠵᠡᠭᠡᠢᠷᠡᠨ᠂ ᠭᠤᠷᠪᠠᠨ ᠬᠢᠴᠢᠶᠡᠯ ᠲᠥᠷᠥᠯ᠎ᠤᠨ ᠪᠠᠭ᠍ᠰᠢ᠎ᠲᠠᠢ ᠨᠢᠭᠤᠷᠳᠠᠨ ᠵᠢᠭᠠᠬᠤ᠎ᠶ᠋ᠢ ᠰᠤᠳᠤᠯᠤᠨ ᠵᠢᠯᠣᠭᠤᠳᠭᠤ᠂ ᠬᠠᠮᠲᠤ᠎ᠪᠠᠷ ᠬᠢᠴᠢᠶᠡᠯ ᠪᠡᠯᠡᠳᠭᠡᠬᠦ᠂ ᠵᠢᠱ᠌ᠢᠶ᠎ᠡ ᠦᠵᠡᠭᠦᠯᠦᠨ ᠵᠢᠭᠠᠨ ᠰᠤᠷᠭᠠᠬᠤ ᠵᠡᠷᠭᠡ ᠠᠵᠢᠯᠯᠠᠭ᠎ᠠ᠎ᠶ᠋ᠢ ᠥᠷᠨᠢᠭᠦᠯᠪᠡ᠃

ᠤᠯᠠᠭᠠᠨᠬᠤᠲᠠ᠎ᠶ᠋ᠢᠨ ᠮᠣᠩᠭᠤᠯ ᠦᠨᠳᠦᠰᠦᠲᠡᠨ᠎ᠤ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠤᠤ ᠶᠠᠨ ᠴᠢᠶᠠᠩ ᠪᠣᠯ ᠳᠠᠷᠤᠢ 《ᠵᠢᠱ᠌ᠢᠶ᠎ᠡ ᠦᠵᠡᠭᠦᠯᠬᠦ᠌ ᠭᠠᠷᠮᠠᠭᠠᠶ᠋ᠢ ᠪᠠᠭ᠍ᠰᠢ》 ᠪᠣᠯᠤᠨ᠎ᠠ᠂ ᠳᠡᠭᠡᠷ᠎ᠡ ᠬᠤᠭᠤᠴᠠᠭᠠᠨ᠎ᠳᠤ᠂ ᠲᠡᠷᠡ ᠬᠤᠶᠠᠷ ᠤᠳᠠᠭ᠎ᠠ ᠪᠠᠢᠴᠠᠭᠠᠨ ᠰᠤᠳᠤᠯᠬᠤ ᠠᠵᠢᠯᠯᠠᠭ᠎ᠠ᠎ᠳᠤ ᠣᠷᠣᠯᠴᠠᠵᠤ᠂ ᠠᠯᠠᠱᠠ ᠵᠡᠭᠦᠨ ᠬᠤᠱᠢᠭᠤ᠂ ᠠᠯᠠᠱᠠ ᠪᠠᠷᠠᠭᠤᠨ ᠬᠤᠱᠢᠭᠤ ᠪᠣᠯᠤᠨ ᠲᠦᠩᠯᠢᠶᠣᠤ ᠬᠤᠳᠠ᠎ᠶ᠋ᠢᠨ ᠨᠠᠢ᠍ᠮᠠᠨ ᠬᠤᠱᠢᠭᠤ᠂  ᠬᠦᠷᠢᠶ᠎ᠡ ᠬᠤᠱᠢᠭᠤᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠳᠣᠯᠣᠳᠤᠭᠠᠷ ᠣᠨ᠎ᠤ ᠬᠡᠯᠡ ᠪᠢᠴᠢᠭ᠎ᠤᠨ ᠪᠠᠭ᠍ᠰᠢ ᠨᠠᠷ᠎ᠲᠠᠢ ᠨᠢᠭᠤᠷᠳᠠᠨ ᠰᠠᠨᠠᠯ᠎ᠢᠶᠠᠨ ᠰᠣᠯᠢᠯᠴᠠᠵᠤ᠂ ᠵᠢᠭᠠᠨ ᠰᠤᠷᠭᠠᠯᠲᠠ᠎ᠶ᠋ᠢᠨ ᠲᠤᠷᠱᠢᠯᠭ᠎ᠠ᠎ᠪᠠᠨ ᠬᠤᠪᠢᠶᠠᠯᠴᠠᠵᠤ᠂  ᠵᠢᠱ᠌ᠢᠶ᠎ᠡ ᠦᠵᠡᠭᠦᠯᠵᠦ᠍ ᠬᠦᠳᠦᠯᠥᠨ ᠳᠠᠭᠠᠭᠤᠯᠬᠤ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠲᠡᠯᠭᠡᠷᠡᠬᠦᠯᠦᠨ ᠬᠡᠷᠡᠭ᠌ᠯᠡᠬᠦ᠌ ᠠᠵᠢᠯ᠎ᠳᠤ ᠥᠪᠡᠷ᠎ᠤᠨ ᠬᠦᠴᠦᠨ ᠴᠢᠳᠠᠯ᠎ᠢᠶᠠᠨ ᠡᠷᠭᠦᠪᠡ᠃

ᠡᠭᠦᠨ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ᠪᠠᠰᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠡᠷᠡᠭ᠌ᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠱᠢᠷᠢᠰ ᠪᠣᠯᠪᠠᠰᠤᠷᠠᠯ᠎ᠢ ᠵᠣᠬᠢᠶᠠᠨ ᠪᠠᠢᠭᠤᠯᠵᠤ᠂ ᠪᠦᠬᠦ᠌ ᠣᠷᠣᠨ᠎ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠬᠢᠴᠢᠶᠡᠯᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠢᠳᠡᠪᠬᠢᠲᠡᠢ ᠠᠬᠢᠭᠤᠯᠪᠠ᠃

ᠴᠢᠯᠠᠭᠤᠨ ᠳᠡᠭᠡᠷ᠎ᠡ ᠭᠢᠰᠭᠢᠪᠡᠯ ᠮᠥᠷ᠎ᠲᠠᠢ᠂ ᠲᠡᠮᠦᠷ ᠪᠠᠷᠢᠪᠠᠯ ᠤᠷᠤᠮ᠎ᠲᠠᠢ ᠪᠠᠢᠬᠤ ᠬᠠᠳᠠᠨ ᠵᠣᠷᠢᠭ᠎ᠢᠶᠠᠷ᠂ ᠮᠠᠨ᠎ᠤ ᠣᠷᠣᠨ ᠭᠤᠷᠪᠠᠨ ᠬᠢᠴᠢᠶᠡᠯ ᠲᠦᠷᠦᠯ᠎ᠤᠨ ᠪᠠᠭ᠍ᠰᠢ᠎ᠶ᠋ᠢᠨ ᠡᠩᠨᠡᠭᠡ᠎ᠶ᠋ᠢ ᠪᠦᠷᠢᠨ ᠰᠠᠢᠨ ᠲᠤᠬᠢᠷᠠᠭᠤᠯᠬᠤ᠎ᠶ᠋ᠢ ᠦᠨᠡᠨ ᠬᠦ᠌ ᠠᠬᠢᠭᠤᠯᠪᠠ᠃ ᠣᠳᠣᠬᠠᠨ᠎ᠳᠤ᠂ ᠪᠦᠬᠦ᠌ ᠣᠷᠣᠨ᠎ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠳᠤ ᠳᠤᠲᠠᠭ᠍ᠳᠠᠵᠤ ᠪᠠᠢᠭ᠍ᠰᠠᠨ 1300 ᠭᠠᠷᠤᠢ ᠪᠠᠭ᠍ᠰᠢ᠎ᠶ᠋ᠢ ᠪᠦᠬᠦᠨ᠎ᠢ ᠨᠥᠬᠦᠪᠥᠷᠢᠯᠡᠵᠦ᠍᠂ ᠭᠤᠷᠪᠠᠨ ᠬᠢᠴᠢᠶᠡᠯ ᠲᠦᠷᠦᠯ᠎ᠤᠨ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠵᠢᠭᠠᠨ ᠰᠤᠷᠭᠠᠬᠤ ᠴᠢᠳᠠᠪᠤᠷᠢ ᠢᠯᠡᠳᠲᠡ ᠳᠡᠬᠡᠭ᠌ᠰᠢᠯᠡᠪᠡ᠃ ᠲᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ ᠱᠢᠯᠢᠳᠡᠭ ᠪᠠᠭ᠍ᠰᠢ᠎ᠶ᠋ᠢᠨ ᠪᠡᠯᠡᠳᠭᠡᠯ ᠬᠦᠴᠦᠨ᠎ᠢ ᠬᠦᠮᠦᠵᠢᠬᠦᠯᠬᠦ᠌ ᠲᠥᠯᠥᠪᠯᠡᠭᠡ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ 《ᠠᠯᠪᠠᠨ ᠵᠠᠷᠤᠳᠠᠯ᠎ᠢᠶᠠᠷ ᠬᠠᠨᠳᠤᠯᠭ᠎ᠠ᠎ᠲᠠᠢ᠎ᠪᠠᠷ ᠪᠠᠭ᠍ᠰᠢ ᠬᠥᠮᠦᠵᠢᠭᠦᠯᠬᠦ᠌ ᠲᠥᠯᠥᠪᠯᠡᠭᠡ》 ᠎ᠪᠠᠷ ᠳᠠᠮᠵᠢᠭᠤᠯᠤᠨ᠂ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠂ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ᠎ᠳᠤ ᠨᠠᠢᠳᠠᠨ ᠬᠦᠮᠦᠵᠢᠬᠦᠯᠵᠦ᠍᠂ ᠪᠠᠭ᠍ᠰᠢ᠎ᠶ᠋ᠢᠨ ᠰᠠᠢᠨ ᠵᠢᠭᠠᠬᠤ᠂ ᠰᠤᠷᠤᠭ᠍ᠴᠢᠳ᠎ᠤᠨ ᠰᠠᠢᠨ ᠰᠤᠷᠬᠤ᠎ᠶ᠋ᠢ ᠬᠦᠴᠦᠯᠡᠨ ᠪᠠᠲᠤᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号