ᠵᠡᠬᠦᠨ ᠬᠤᠢᠲᠣ ᠠᠽᠢᠶ᠎ᠠ᠎ᠶ᠋ᠢᠨ ᠦᠨᠳᠦᠰᠦᠲᠡᠨ᠎ᠤ ᠲᠡᠦᠭᠡ ᠰᠣᠶᠣᠯ᠎ᠤᠨ ᠰᠣᠲᠣᠯᠭᠠᠨ᠎ᠤ ᠬᠦᠷᠢᠶᠡᠯᠡᠩ᠎ᠤᠨ ᠠᠩᠬᠠᠲᠣᠭᠠᠷ ᠣᠲᠠᠭᠠᠨ᠎ᠤ ᠡᠷᠲᠡᠮ ᠱᠢᠨᠵᠢᠯᠡᠭᠡᠨ᠎ᠤ ᠵᠦᠪᠯᠡᠯ᠎ᠤᠨ ᠬᠤᠷᠠᠯ ᠪᠣᠯᠪᠠ
2021-08-14 12:27:01
ᠵᠣᠬᠢᠶᠠᠭ᠍ᠴᠢ᠄
ᠸᠠᠩ ᠱᠢᠶᠣᠦ ᠮᠢᠩ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠦᠪᠦᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠣᠷᠭᠠᠭᠤᠯᠢ᠎ᠶ᠋ᠢᠨ ᠣᠬ᠍ᠰᠠᠭᠠᠲᠠᠨ ᠵᠦᠢ ᠬᠦᠮᠦᠨ ᠵᠦᠢ᠎ᠶ᠋ᠢᠨ ᠲᠡᠭᠡᠲᠦ ᠰᠣᠷᠭᠠᠭᠤᠯᠢ᠂ ᠵᠡᠬᠦᠨ ᠬᠤᠢᠲᠣ ᠠᠽᠢᠶ᠎ᠠ᠎ᠶ᠋ᠢᠨ ᠦᠨᠳᠦᠰᠦᠲᠡᠨ᠎ᠤ ᠲᠡᠦᠭᠡ ᠰᠣᠶᠣᠯ᠎ᠤᠨ ᠰᠣᠲᠣᠯᠭᠠᠨ᠎ᠤ ᠬᠦᠷᠢᠶᠡᠯᠡᠩ᠎ᠠᠴᠠ ᠭᠤᠣᠯᠯᠠᠨ ᠡᠷᠬᠢᠯᠡᠵᠦ᠍᠂ ᠬᠦᠯᠦᠨ ᠪᠤᠢᠷ ᠬᠤᠲᠠ᠎ᠶ᠋ᠢᠨ ᠣᠷᠴᠣᠨ᠎ᠤ ᠦᠪᠡᠷᠳᠡᠭᠡᠨ ᠵᠠᠰᠠᠬᠤ ᠬᠤᠱᠢᠭᠤ᠎ᠶ᠋ᠢᠨ ᠵᠠᠰᠠᠬ᠎ᠤᠨ ᠣᠷᠲᠣᠨ᠎ᠠᠴᠠ ᠲᠠᠭᠠᠭᠠᠴᠢᠯᠠᠨ ᠡᠷᠬᠢᠯᠡᠭ᠌ᠰᠡᠨ 《ᠵᠡᠬᠦᠨ ᠬᠤᠢᠲᠣ ᠠᠽᠢᠶ᠎ᠠ᠎ᠶ᠋ᠢᠨ ᠦᠨᠳᠦᠰᠦᠲᠡᠨ᠎ᠤ ᠲᠡᠦᠭᠡ ᠰᠣᠶᠣᠯ᠎ᠤᠨ ᠰᠣᠲᠣᠯᠭᠠᠨ᠎ᠤ ᠬᠦᠷᠢᠶᠡᠯᠡᠩ᠎ᠤᠨ ᠠᠩᠬᠠᠲᠣᠭᠠᠷ ᠣᠲᠠᠭᠠᠨ᠎ᠤ ᠡᠷᠲᠡᠮ ᠱᠢᠨᠵᠢᠯᠡᠭᠡᠨ᠎ᠤ ᠵᠦᠪᠯᠡᠯ᠎ᠤᠨ ᠬᠤᠷᠠᠯ ᠵᠢᠴᠢ ᠬᠦᠯᠦᠨ ᠪᠤᠢᠷ ᠭᠠᠵᠠᠷ ᠣᠷᠣᠨ᠎ᠤ ᠦᠨᠳᠦᠰᠦᠲᠡᠨ᠎ᠤ ᠰᠣᠯᠢᠯᠴᠠᠭ᠎ᠠ ᠬᠢᠭᠡᠳ ᠰᠣᠶᠣᠯ᠎ᠤᠨ ᠬᠤᠷᠱᠢᠯ᠎ᠤᠨ ᠡᠷᠲᠡᠮ ᠱᠢᠨᠵᠢᠯᠡᠭᠡᠨ᠎ᠤ ᠶᠠᠷᠢᠯᠴᠠᠬᠤ ᠬᠤᠷᠠᠯ》 ᠬᠦᠯᠦᠨ ᠪᠤᠢᠷ ᠬᠤᠲᠠ᠎ᠳᠤ ᠶᠠᠪᠣᠬ᠍ᠲᠠᠪᠠ᠃

ᠰᠣᠲᠣᠯᠣᠨ ᠶᠠᠷᠢᠯᠴᠠᠬᠤ ᠬᠤᠷᠠᠯ᠎ᠳᠤ ᠨᠠᠨᠺᠠᠢ ᠶᠡᠭᠡ ᠰᠣᠷᠭᠠᠭᠤᠯᠢ᠎ᠶ᠋ᠢᠨ ᠯᠢ ᡁᠢ ᠠᠨ ᠫᠷᠣᠹᠧᠰᠰᠣᠷ᠂ ᠲᠣᠮᠲᠠᠲᠣ ᠣᠯᠣᠰ᠎ᠤᠨ ᠠᠷᠠᠳ᠎ᠤᠨ ᠶᠡᠭᠡ ᠰᠣᠷᠭᠠᠭᠤᠯᠢ᠎ᠶ᠋ᠢᠨ ᠸᠧᠢ ᠵᠢᠶᠠᠨ ᠫᠷᠣᠹᠧᠰᠰᠣᠷ ᠪᠣᠯᠣᠨ ᠦᠪᠦᠷ ᠮᠣᠩᠭᠤᠯ᠎ᠤᠨ ᠨᠡᠢᠭᠡᠮ᠎ᠤᠨ ᠱᠢᠨᠵᠢᠯᠡᠬᠦ᠌ ᠣᠬᠠᠭᠠᠨ᠎ᠤ ᠬᠦᠷᠢᠶᠡᠯᠡᠩ᠎ᠤᠨ ᠪᠠᠢ ᠯᠠᠨ ᠰᠣᠲᠣᠯᠣᠬ᠍ᠴᠢ ᠨᠠᠷ ᠭᠤᠣᠯ ᠰᠡᠲᠦᠪᠲᠦ ᠢᠯᠡᠳᠭᠡᠯ ᠬᠢᠵᠦ᠍᠂ ᠵᠡᠬᠦᠨ ᠬᠤᠢᠲᠣ ᠠᠽᠢᠶ᠎ᠠ᠎ᠶ᠋ᠢᠨ ᠦᠨᠳᠦᠰᠦᠲᠡᠨ᠎ᠤ ᠲᠡᠦᠭᠡ᠂ ᠦᠭᠡ ᠬᠡᠯᠡ᠂ ᠠᠵᠦ᠍ ᠠᠬᠤᠢ᠂ ᠰᠣᠶᠣᠯ᠂ ᠬᠠᠭᠤᠴᠢ ᠰᠣᠲᠣᠯᠭᠠᠨ ᠵᠡᠷᠭᠡ ᠰᠡᠲᠦᠪ᠎ᠤᠨ ᠲᠣᠭᠤᠷᠢᠨ᠎ᠳᠤ ᠲᠣᠭᠤᠢ᠍ᠢᠯᠠᠩ ᠬᠤᠪᠢᠶᠠᠨ ᠶᠠᠷᠢᠯᠴᠠᠵᠦ᠍᠂ ᠡᠷᠲᠡᠮ ᠱᠢᠨᠵᠢᠯᠡᠭᠡᠨ᠎ᠤ ᠦᠷ᠎ᠡ ᠪᠦᠲᠦᠭᠡᠯ᠎ᠢᠶᠠᠨ ᠬᠤᠪᠢᠶᠠᠯᠴᠠᠬ᠍ᠰᠠᠨ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号