ᠪᠦᠬᠦ᠌ ᠤᠷᠤᠨ᠎ᠤ ᠵᠢᠷᠤᠭ᠎ᠤᠨ ᠬᠦᠷᠢᠶᠡᠯᠡᠩ᠎ᠤᠨ ᠰᠠᠯᠠᠭ᠎ᠠ ᠮᠦᠴᠢᠷ᠎ᠤᠨ ᠤᠷᠠᠨ ᠵᠢᠷᠤᠭ᠎ᠤᠨ ᠪᠦᠲᠦᠭᠡᠯ᠎ᠤᠨ ᠠᠩᠬᠠᠨ᠎ᠤ ᠱᠢᠯᠭᠠᠷᠠᠭᠤᠯᠤᠯᠲᠠ ᠶᠠᠪᠤᠭ᠍ᠳᠠᠪᠠ
2021-08-14 12:26:57
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠳᠣᠯᠣᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠤᠷᠠᠨ ᠵᠢᠷᠤᠭ᠎ᠤᠨ ᠬᠦᠷᠢᠶᠡᠯᠡᠩ᠎ᠤᠨ ᠤᠷᠠᠨ ᠵᠢᠷᠤᠭ᠎ᠤᠨ ᠪᠦᠲᠦᠭᠡᠯ᠎ᠤᠨ ᠦᠵᠡᠰᠭᠦᠯᠡᠩ ᠡᠨᠡ ᠵᠢᠯ᠎ᠤᠨ 11 ᠰᠠᠷ᠎ᠠ᠎ᠳᠤ ᠾᠧᠨᠠᠨ ᠮᠤᠵᠢ᠎ᠶ᠋ᠢᠨ ᠵᠧᠩᠵᠸᠦ ᠬᠤᠲᠠ᠎ᠳᠤ ᠶᠠᠪᠤᠭ᠍ᠳᠠᠬᠤ᠎ᠪᠠᠷ ᠪᠤᠢ᠃ ᠳᠣᠯᠣᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠤᠷᠡᠨ ᠵᠢᠷᠤᠭ᠎ᠤᠨ ᠬᠦᠷᠢᠶᠡᠯᠡᠩ᠎ᠤᠨ ᠤᠷᠠᠨ ᠵᠢᠷᠤᠭ᠎ᠤᠨ ᠪᠦᠲᠦᠭᠡᠯ᠎ᠤᠨ ᠦᠵᠡᠰᠭᠦᠯᠡᠩ᠎ᠤᠨ ᠺᠤᠮᠢᠰ᠎ᠤᠨ ᠨᠠᠢᠳᠠᠯᠭ᠎ᠠ᠎ᠪᠠᠷ᠂ ᠬᠥᠬᠡᠬᠤᠲᠠ᠎ᠶ᠋ᠢᠨ ᠤᠷᠠᠨ ᠵᠢᠷᠤᠭ᠎ᠤᠨ ᠣᠷᠳᠣᠨ᠎ᠤ᠎ᠬᠢᠨ ᠲᠦᠷᠦᠭᠦᠯᠡᠨ ᠮᠠᠨ᠎ᠤ ᠣᠷᠣᠨ᠎ᠤ ᠬᠤᠲᠠ᠎ᠶ᠋ᠢᠨ ᠲᠠᠰ᠎ᠠᠴᠠ ᠳᠡᠭᠡᠭ᠌ᠰᠢᠬᠢ ᠤᠷᠡᠨ ᠵᠢᠷᠤᠭ᠎ᠤᠨ ᠬᠦᠷᠢᠶᠡᠯᠡᠩ᠎ᠠᠴᠠ ᠬᠠᠮᠢᠶ᠎ᠠ ᠪᠦᠬᠦᠢ ᠪᠦᠳᠦᠬᠡᠯ ᠡᠯᠰᠡᠬᠦ᠌ ᠵᠢᠴᠢ ᠠᠩᠬᠠᠨ᠎ᠤ ᠱᠢᠯᠭᠠᠷᠠᠭᠤᠯᠤᠯᠲᠠ᠎ᠶ᠋ᠢ ᠵᠣᠬᠢᠶᠠᠨ ᠪᠠᠢᠭᠤᠯᠪᠠ᠃

ᠤᠢ᠍ᠢᠷ᠎ᠠ᠎ᠳᠤ᠂ ᠳᠣᠯᠣᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠤᠷᠡᠨ ᠵᠢᠷᠤᠭ᠎ᠤᠨ ᠬᠦᠷᠢᠶᠡᠯᠡᠩ᠎ᠤᠨ ᠤᠷᠠᠨ ᠵᠢᠷᠤᠭ᠎ᠤᠨ ᠪᠦᠲᠦᠭᠡᠯ᠎ᠤᠨ ᠦᠵᠡᠰᠭᠦᠯᠡᠩ᠎ᠳᠤ ᠤᠷᠤᠯᠴᠠᠬᠤ ᠥᠪᠥᠷ ᠮᠣᠩᠭᠤᠯ ᠣᠷᠣᠨ᠎ᠤ ᠤᠷᠡᠨ ᠵᠢᠷᠤᠭ᠎ᠤᠨ ᠬᠦᠷᠢᠶᠡᠯᠡᠩ᠂ ᠤᠷᠠᠨ ᠵᠢᠷᠤᠭ᠎ᠤᠨ ᠣᠷᠳᠣᠨ᠎ᠤ ᠪᠦᠲᠦᠭᠡᠯ᠎ᠤᠨ ᠠᠩᠬᠠᠨ᠎ᠤ ᠱᠢᠯᠭᠠᠷᠠᠭᠤᠯᠤᠯᠲᠠ ᠬᠥᠬᠡᠬᠤᠲᠠ᠎ᠶ᠋ᠢᠨ ᠤᠷᠠᠨ ᠵᠢᠷᠤᠭ᠎ᠤᠨ ᠣᠷᠳᠣᠨ᠎ᠳᠤ ᠶᠠᠪᠤᠭ᠍ᠳᠠᠪᠠ᠃ ᠤᠢ᠍ᠢᠯᠠᠭᠠᠭ᠍ᠰᠠᠨ᠎ᠢᠶᠠᠷ᠂ ᠲᠤᠰ ᠬᠤᠭᠤᠴᠠᠭᠠᠨ᠎ᠤ ᠪᠥᠬᠦ᠌ ᠤᠯᠤᠰ᠎ᠤᠨ ᠤᠷᠡᠨ ᠵᠢᠷᠤᠭ᠎ᠤᠨ ᠬᠦᠷᠢᠶᠡᠯᠡᠩ᠎ᠤᠨ ᠤᠷᠠᠨ ᠵᠢᠷᠤᠭ᠎ᠤᠨ ᠪᠦᠲᠦᠭᠡᠯ᠎ᠤᠨ ᠦᠵᠡᠰᠭᠦᠯᠡᠩ᠎ᠨᠢ ᠪᠥᠬᠦ᠌ ᠤᠯᠤᠰ᠎ᠤᠨ ᠤᠷᠡᠨ ᠵᠢᠷᠤᠭ᠎ᠤᠨ ᠬᠦᠷᠢᠶᠡᠯᠡᠩ᠎ᠤᠨ ᠱᠢᠰᠲ᠋ᠧᠮ᠎ᠤᠨ ᠤᠷᠠᠨ ᠵᠢᠷᠤᠭ᠍ᠴᠢᠳ᠎ᠤᠨ ᠱᠢᠯᠢᠳᠡᠭ ᠪᠦᠲᠦᠭᠡᠯ᠎ᠢᠶᠠᠷ ᠲᠠᠮᠵᠢᠨ ᠳᠤᠮᠳᠠᠳᠤ᠎ᠶ᠋ᠢᠨ ᠦᠨᠳᠦᠰᠦᠲᠡᠨ᠎ᠤ ᠲᠡᠦᠬᠡ᠎ᠶ᠋ᠢᠨ ᠬᠡᠷᠡᠯ ᠰᠠᠴᠤᠷᠠᠩᠭᠤᠶ ᠠᠮᠵᠢᠯᠲᠠ ᠪᠦᠳᠦᠮᠵᠢ᠎ᠶ᠋ᠢ ᠲᠤᠰᠭᠠᠨ᠂ ᠱᠢᠨ᠎ᠡ ᠴᠠᠭ ᠦᠶ᠎ᠡ᠎ᠶ᠋ᠢᠨ ᠬᠥᠭ᠌ᠵᠢᠯᠲᠡ᠎ᠶ᠋ᠢ ᠵᠢᠷᠤᠭ᠍ᠯᠠᠵᠤ᠂ ᠨᠡᠢᠭᠡᠮ᠎ᠤᠨ ᠠᠮᠢᠳᠤᠷᠠᠯ᠎ᠤᠨ ᠲᠤᠬᠠᠶ ᠣᠢᠯᠠᠭᠠᠯᠲᠠ ᠪᠠ ᠠᠷᠠᠳ ᠲᠦᠮᠡᠨ᠎ᠤ ᠬᠠᠢᠷ᠎ᠠ ᠰᠡᠳᠭᠢᠯᠭᠡ᠎ᠶ᠋ᠢ ᠢᠯᠡᠷᠡᠬᠦᠯᠵᠤ᠂ ᠪᠦᠬᠦ᠌ ᠤᠯᠤᠰ᠎ᠤᠨ ᠤᠷᠡᠨ ᠵᠢᠷᠤᠭ᠎ᠤᠨ ᠬᠦᠷᠢᠶᠡᠯᠡᠩ᠎ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠨᠠᠬ᠍ᠰᠢᠳᠡ ᠴᠢᠩᠭᠠᠳᠭᠠᠨ᠂ ᠤᠷᠡᠨ ᠵᠢᠷᠤᠭ᠎ᠤᠨ ᠬᠦᠷᠢᠶᠡᠯᠡᠩ᠎ᠤᠨ ᠱᠢᠰᠲ᠋ᠧᠮ᠎ᠤᠨ ᠵᠣᠬᠢᠶᠠᠨ ᠪᠦᠲᠦᠭᠡᠯᠭᠡ ᠪᠠ ᠡᠷᠳᠡᠮ ᠱᠢᠨᠵᠢᠯᠡᠭᠡᠨ᠎ᠤ ᠰᠤᠳᠤᠯᠭᠠᠨ᠎ᠳᠠᠬᠢ ᠵᠢᠱ᠌ᠢᠶ᠎ᠡ ᠦᠵᠡᠭᠦᠯᠬᠦ᠌ ᠦᠢᠯᠡᠳᠦᠯ᠎ᠢ ᠪᠠᠳᠠᠷᠠᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号