ᠴᠤᠤᠷᠬᠠᠯ᠎ᠢ ᠡᠰᠡᠷᠭᠦᠴᠡᠬᠦ᠌᠎ᠨᠢ ᠮᠥᠨ ᠴᠦ᠍ ᠬᠢᠵᠢᠭ᠎ᠲᠠᠢ ᠲᠡᠮᠡᠴᠡᠵᠦ᠍ ᠪᠠᠢᠭ᠎ᠠ ᠶᠠᠪᠤᠲᠠᠯ ᠮᠥᠨ
2021-08-14 11:53:21
ᠵᠣᠬᠢᠶᠠᠭ᠍ᠴᠢ᠄
ᠠᠨ ᠬᠤᠸᠠ ᠢ
ᠣᠩᠱᠢᠭ᠍ᠰᠠᠨ ᠣᠳᠠᠭ᠎ᠠ᠄
★★★☆☆

《ᠬᠤᠪ ᠦᠭᠡ ᠤᠯᠠᠳᠠᠪᠠᠯ ᠤᠯᠤᠰ ᠬᠦᠷᠤᠨ᠎ᠢ ᠰᠠᠮᠠᠭᠤᠷᠠᠭᠤᠯᠤᠨ᠎ᠠ》 ᠬᠡᠬᠦ᠌ ᠡᠨᠡ ᠬᠦ᠌ ᠡᠷᠲᠡᠨ᠎ᠤ ᠦᠭᠡ᠎ᠨᠢ ᠴᠤᠤᠷᠬᠠᠯ ᠪᠣᠯ ᠲᠥᠪ ᠭᠤᠣᠯᠴᠢ ᠵᠠᠷᠴᠢᠮ᠎ᠠᠴᠠ ᠵᠥᠷᠢᠴᠡᠵᠦ᠍᠂ ᠤᠯᠤᠰ ᠬᠦᠷᠤᠨ᠎ᠢ ᠰᠠᠮᠠᠭᠤᠷᠠᠭᠤᠯᠳᠠᠭ ᠬᠡᠵᠤ ᠬᠦᠮᠤᠰ᠎ᠲᠤ ᠰᠡᠷᠡᠮᠵᠢᠯᠠᠬᠦᠯᠵᠠᠢ᠃ ᠣᠳᠣᠬᠠᠨ᠎ᠳᠤ ᠪᠦᠬᠦ᠌ ᠤᠯᠤᠰ᠎ᠲᠤ ᠬᠢᠵᠢᠭ᠎ᠤᠨ ᠪᠠᠢᠳᠠᠯ ᠤᠯᠠᠨ ᠴᠡᠭ᠎ᠲᠤ ᠡᠭᠦᠰᠴᠦ᠍᠂ ᠬᠡᠰᠡᠭ ᠭᠠᠵᠠᠷ᠎ᠲᠤ ᠦᠷᠪᠢᠰᠦᠨ ᠳᠡᠯᠭᠡᠷᠡᠬᠦ᠌ ᠪᠠᠢᠳᠠᠯ ᠢᠯᠡᠷᠡᠵᠦ᠍᠂ ᠡᠯ᠎ᠡ ᠭᠠᠵᠠᠷ᠎ᠤᠨ᠎ᠬᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠪᠦᠬᠦ᠌ ᠬᠦᠴᠦ᠎ᠪᠠᠷ᠎ᠢᠶᠠᠨ ᠰᠠᠢᠲᠤᠷ ᠬᠢᠵᠦ᠍ ᠪᠠᠢᠨ᠎ᠠ᠃ ᠭᠡᠲᠡᠯ᠎ᠡ ᠰᠦᠯᠵᠢᠶᠡᠨ ᠳᠡᠭᠡᠷ᠎ᠡ ᠬᠠᠷᠢᠨ ᠬᠢᠵᠢᠭ᠎ᠲᠤ ᠬᠤᠯᠪᠣᠭ᠍ᠳᠠᠭ᠍ᠰᠠᠨ ᠴᠤᠤᠷᠬᠠᠯ᠎ᠢ ᠵᠣᠷᠢᠭᠤᠳᠠ ᠵᠣᠬᠢᠶᠠᠨ ᠲᠠᠷᠬᠠᠭᠠᠵᠤ᠂ ᠤᠯᠠᠨ ᠨᠡᠢᠲᠡ᠎ᠶ᠋ᠢᠨ ᠡᠮᠬᠢ ᠳᠢᠭ᠌ᠯᠢᠮ᠎ᠢ ᠰᠠᠮᠠᠭᠤᠷᠠᠭᠤᠯᠵᠤ ᠮᠠᠭᠤ ᠨᠥᠯᠥᠭᠡ ᠭᠠᠷᠭᠠᠵᠤ ᠪᠠᠢᠨ᠎ᠠ᠃

ᠴᠤᠤᠷᠬᠠᠯ᠎ᠨᠢ ᠠᠱᠢᠭ ᠣᠯᠵᠨ᠎ᠠᠴᠠ ᠡᠬᠢᠯᠡᠨ ᠡᠭᠦᠰᠴᠤ᠌᠂ ᠰᠠᠨᠠᠭᠠᠱᠢᠷᠡᠯ ᠵᠤᠪᠠᠨᠢᠯ ᠲᠤᠮᠳᠠ ᠴᠢᠩᠭᠠᠷᠠᠵᠦ᠍᠂ ᠰᠡᠴᠡᠨ ᠮᠡᠷᠭᠡᠳ᠎ᠲᠤ ᠲᠠᠷᠤᠭ᠍ᠳᠠᠳᠠᠬ ᠶᠤᠮ᠃ ᠬᠢᠵᠢᠭ᠎ᠤᠨ ᠪᠠᠢᠳᠠᠯ᠎ᠤᠨ ᠬᠤᠪᠢᠷᠠᠯᠲᠠ᠎ᠨᠢ ᠬᠥᠮᠦᠰ᠎ᠤᠨ ᠰᠠᠨᠠᠭ᠎ᠠ ᠰᠡᠳᠭᠢᠯ᠎ᠢ ᠬᠦᠳᠦᠯᠤᠨ ᠲᠠᠭᠠᠭᠤᠯᠵᠤ ᠪᠠᠢᠭ᠎ᠠ ᠡᠨᠡ ᠦᠶ᠎ᠡ᠎ᠳᠤ ᠵᠦᠢᠯ ᠵᠦᠢᠯ᠎ᠤᠨ ᠬᠢᠵᠢᠭ᠎ᠤᠨ ᠪᠠᠢᠳᠠᠯ᠎ᠤᠨ ᠲᠤᠬᠠᠢ ᠡᠯᠳᠡᠪ ᠴᠤᠤᠷᠬᠠᠯ᠎ᠢ ᠲᠠᠷᠬᠠᠭᠠᠬᠤ᠎ᠶ᠋ᠢᠨ ᠬᠤᠤᠷ ᠬᠥᠨᠥᠭᠡᠯ᠎ᠨᠢ ᠸᠢᠷᠦ᠋ᠰ᠎ᠠᠴᠠ ᠳᠤᠤᠷᠠᠳᠠᠬᠤ ᠦᠭᠡᠢ᠂ ᠬᠢᠵᠢᠭ᠎ᠲᠠᠢ ᠲᠡᠮᠡᠴᠡᠬᠦ᠌ ᠠᠵᠢᠯ᠎ᠤᠨ ᠬᠡᠪ᠎ᠤᠨ ᠥᠷᠨᠢᠯᠲᠡ᠎ᠶ᠋ᠢ ᠬᠠᠷᠱᠢᠯᠠᠬᠤ᠎ᠪᠠᠷ ᠪᠠᠷᠠᠬᠤ ᠥᠬᠡᠶ᠂ ᠪᠠᠰᠠ ᠣᠯᠠᠨ ᠨᠡᠢᠲᠡ᠎ᠶ᠋ᠢ ᠠᠮᠠᠷᠬᠠᠨ ᠠᠳᠡᠭᠦᠷᠡᠭᠦᠯᠵᠦ᠍᠂ ᠲᠥᠰᠦᠭᠡᠯᠡᠬᠦᠶ᠎ᠡ ᠪᠡᠷᠬᠡ ᠦᠷ᠎ᠡ ᠳ᠋ᠦᠩ ᠠᠪᠴᠢᠷᠠᠬᠤ ᠪᠤᠯᠤᠨ᠎ᠠ᠃ ᠡᠢᠮᠦ᠎ᠠᠴᠠ ᠴᠤᠤᠷᠬᠠᠯ᠎ᠤᠨ 《ᠸᠢᠷᠦ᠋ᠰ᠎ᠤᠨ ᠴᠢᠨᠠᠷᠲᠠᠶ ᠲᠠᠷᠬᠠᠯᠲᠠ》 ᠎ᠳᠤ ᠬᠠᠤᠯᠢ ᠶᠣᠰᠣᠭᠠᠷ ᠴᠣᠬᠢᠯᠲᠠ ᠥᠭ᠌ᠴᠦ᠂ ᠨᠡᠢᠭᠡᠮ ᠳᠠᠶᠠᠭᠠᠷ᠎ᠲᠤ 《ᠴᠤᠤᠷᠬᠠᠯ᠎ᠤᠨ ᠡᠭᠡᠯᠢᠯᠡᠭᠡ᠎ᠶ᠋ᠢᠨ ᠴᠢᠳᠠᠪᠤᠷᠢ》 ᠎ᠶ᠋ᠢ ᠨᠡᠢᠳᠡᠮ ᠪᠦᠷᠢᠯᠳᠦᠭᠦᠯᠬᠦ᠌᠎ᠶ᠋ᠢ ᠠᠬᠢᠭᠤᠯᠬᠤ ᠪᠣᠯ ᠪᠠᠰᠠ ᠴᠤ᠌ ᠬᠢᠵᠢᠭ᠎ᠲᠠᠢ ᠲᠡᠮᠡᠴᠡᠬᠦ᠌ ᠱᠢᠰᠲ᠋ᠧᠮᠳᠤ ᠢᠨᠵᠧᠨᠧᠷᠢᠩ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃

ᠬᠢᠵᠢᠭ᠎ᠤᠨ ᠦᠶ᠎ᠠ᠎ᠳᠤ ᠠᠵᠢᠯ ᠶᠠᠪᠤᠳᠠᠯ ᠦᠰᠤᠨ᠎ᠠᠴᠠ ᠤᠯᠠᠨ ᠪᠤᠢ᠂ ᠡᠨᠡ ᠦᠶ᠎ᠡ᠎ᠳᠤ 《ᠴᠤᠤᠷᠬᠠᠯ》 ᠎ᠢ ᠴᠢᠨᠠᠬ᠍ᠰᠢᠳᠠ ᠲᠠᠷᠬᠠᠭᠠᠵᠤ᠂ ᠬᠢᠵᠢᠭ᠎ᠲᠠᠢ ᠲᠡᠮᠡᠴᠡᠬᠦ᠌ ᠠᠵᠢᠯ᠎ᠳᠤ ᠬᠡᠷᠡᠭ ᠥᠬᠡᠶ ᠶᠠᠷᠱᠢᠭ ᠲᠦᠪᠡᠭ ᠤᠴᠠᠷᠠᠭᠤᠯᠵᠤ ᠶᠠᠭᠠᠬᠢᠭ᠍ᠰᠠᠨ ᠴᠤ᠌ ᠪᠣᠯᠬᠤ ᠥᠬᠡᠶ᠃ ᠡᠭᠦᠨ᠎ᠤ ᠲᠤᠬᠠᠶ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠤᠨ᠎ᠬᠢᠨ ᠬᠠᠤᠯᠢ ᠲᠣᠭ᠍ᠲᠠᠭᠠᠯ ᠶᠣᠰᠣᠭᠠᠷ ᠴᠠᠭ ᠲᠤᠬᠠᠶ᠎ᠳᠤᠨᠢ ᠬᠤᠷᠴᠠ ᠰᠡᠯᠡᠮ᠎ᠡ᠎ᠪᠠᠨ ᠰᠤᠭᠤᠯᠵᠤ᠂ ᠮᠡᠳᠡᠭᠡ ᠵᠠᠩᠭᠢ ᠨᠡᠢᠲᠡᠯᠡᠬᠦ᠌ ᠠᠵᠢᠯ᠎ᠢ ᠴᠠᠭ ᠲᠤᠬᠠᠶ᠎ᠳᠤᠨᠢ ᠰᠠᠢᠲᠤᠷ ᠬᠢᠵᠦ᠍᠂ ᠴᠤᠤᠷᠬᠠᠯ᠎ᠢ ᠨᠢᠴᠤᠭᠠᠬᠤ ᠬᠥᠳᠡᠯᠦᠩᠭᠦᠶ ᠠᠵᠢᠯ᠎ᠢ ᠰᠠᠢᠲᠤᠷ ᠬᠢᠵᠦ᠍᠂ ᠦᠨᠡᠨ ᠪᠠᠢᠳᠠᠯ᠎ᠢ ᠴᠤᠤᠷᠬᠠᠯ᠎ᠠᠴᠠ ᠡᠮᠦᠨ᠎ᠡ ᠨᠡᠢᠳᠠᠯᠠᠵᠤ᠂ ᠬᠥᠮᠦᠨ ᠪᠦᠬᠦᠨ ᠢᠯᠭᠠᠨ ᠲᠠᠨᠢᠬᠤ ᠴᠢᠳᠠᠪᠤᠷᠢ᠎ᠪᠠᠨ ᠴᠢᠩᠭᠠᠳᠭᠠᠵᠤ᠂ ᠱᠢᠨᠵᠢᠯᠡᠬᠦ᠌ ᠤᠬᠠᠭᠠᠨᠴᠢ ᠣᠶᠤᠨᠴᠢ ᠣᠪᠣᠷ᠎ᠲᠠᠢ ᠪᠠᠢᠵᠤ᠂ ᠬᠢᠵᠢᠭ᠎ᠤᠨ ᠪᠠᠢᠳᠠᠯ᠎ᠢ ᠪᠤᠰᠤᠳᠴᠢ᠎ᠪᠠᠷ ᠲᠠᠨᠢᠵᠤ᠂ ᠬᠢᠵᠢᠭ᠎ᠤᠨ ᠪᠠᠢᠳᠠᠯ᠎ᠢ ᠱᠢᠨᠵᠢᠯᠡᠬᠦ᠌ ᠤᠬᠠᠭᠠᠨᠴᠢ᠎ᠪᠠᠷ ᠰᠡᠷᠭᠡᠢᠯᠡᠵᠦ᠍᠂ ᠬᠢᠵᠢᠭ᠎ᠤᠨ ᠪᠠᠢᠳᠠᠯ᠎ᠢ ᠪᠦᠲᠦᠮᠵᠢᠲᠡᠶ ᠰᠡᠷᠭᠡᠢᠯᠡᠨ ᠡᠵᠡᠮᠳᠡᠵᠦ᠍᠂ ᠴᠤᠤᠷᠬᠠᠯ᠎ᠢ ᠢᠲᠡᠭᠡᠬᠦ᠌ ᠥᠬᠡᠶ ᠴᠤᠤᠷᠬᠠᠯ᠎ᠢ ᠲᠠᠷᠬᠠᠭᠠᠬᠤ ᠥᠬᠡᠶ᠂ ᠶᠠᠷᠱᠢᠭ ᠲᠠᠲᠠᠬᠤ ᠥᠬᠡᠶ ᠢᠯᠡᠭᠦᠬᠡᠨ ᠬᠠᠪᠰᠤᠷᠴᠤ᠌᠂ ᠪᠥᠬᠦ᠌ ᠠᠷᠠᠳ᠎ᠢᠶᠠᠷ᠎ᠢᠶᠠᠨ ᠰᠡᠳᠭᠢᠯ ᠨᠢᠭᠡᠳᠦᠨ ᠬᠢᠵᠢᠭ᠎ᠲᠠᠢ ᠲᠡᠮᠡᠴᠡᠬᠦ᠌ ᠶᠡᠭᠡ ᠲᠠᠯ᠎ᠠ᠎ᠶ᠋ᠢ ᠬᠠᠮᠲᠤ᠎ᠪᠠᠷ ᠬᠠᠮᠠᠭᠠᠯᠠᠵᠤ᠂ ᠲᠦᠮᠡᠨ ᠤᠯᠠᠨ᠎ᠢᠶᠠᠷ᠎ᠢᠶᠠᠨ ᠬᠥᠴᠥ᠎ᠪᠠᠨ ᠬᠠᠮᠲᠤᠳᠭᠠᠵᠤ ᠬᠠᠮᠲᠤ᠎ᠪᠠᠷ ᠬᠢᠵᠢᠭ᠎ᠲᠠᠢ ᠲᠡᠮᠡᠴᠡᠬᠦ᠌ ᠬᠡᠷᠡᠭ᠌ᠲᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号