ᠮᠠᠨ᠎ᠤ ᠤᠷᠤᠨ 2018 ᠤᠨ᠎ᠤ ᠰᠡᠬᠦᠯᠴᠢ᠎ᠪᠠᠷ 《ᠲᠤᠰᠭᠠᠢᠵᠢᠭ᠍ᠰᠠᠨ ᠨᠠᠷᠢᠯᠢᠭ᠍ᠵᠢᠡᠡᠰᠠᠨ ᠤᠨᠴᠠᠯᠢᠡᠡᠳᠦ ᠱᠢᠨ᠎ᠠ》 ᠳᠤᠮᠳᠠ ᠪᠠᠭ᠎ᠠ ᠠᠵᠤ ᠠᠬᠤᠢ᠍ᠢᠯᠠᠯ᠎ᠢ ᠪᠤᠢᠵᠢᠭᠤᠯᠬᠤ ᠢᠨᠵᠧᠨᠧᠷᠢᠩ᠎ᠢ ᠡᠬᠢᠯᠡᠭᠦᠯᠵᠤ᠂ 2019 ᠤᠨ᠎ᠤ ᠡᠬᠢᠨ᠎ᠳᠤ ᠦᠪᠡᠷᠳᠡᠭᠡᠨ ᠵᠠᠰᠠᠬᠤ ᠤᠷᠤᠨ᠎ᠤ 《ᠲᠤᠰᠭᠠᠢᠵᠢᠭ᠍ᠰᠠᠨ ᠨᠠᠷᠢᠯᠢᠭ᠍ᠵᠢᠡᠡᠰᠠᠨ ᠤᠨᠴᠠᠯᠢᠡᠡᠳᠦ ᠱᠢᠨ᠎ᠠ》 ᠳᠤᠮᠳᠠ ᠪᠠᠭ᠎ᠠ ᠠᠵᠤ ᠠᠬᠤᠢ᠍ᠢᠯᠠᠯ᠎ᠢ ᠪᠤᠢᠵᠢᠭᠤᠯᠬᠤ ᠨᠡᠭᠡᠭᠡᠯᠳᠡᠳᠦ ᠬᠦᠮᠦᠷᠭᠡ ᠪᠠᠢᠭᠤᠯᠤᠨ ᠲᠦᠷᠦ᠎ᠶ᠋ᠢᠨ ᠪᠤᠳᠤᠯᠭ᠎ᠠ᠂ ᠪᠡᠯᠡ ᠮᠦᠩᠬᠦ᠌ ᠪᠠ ᠦᠢᠯᠡᠴᠢᠯᠡᠭᠡᠨ᠎ᠤ ᠲᠠᠯ᠎ᠠ᠎ᠪᠠᠷ ᠴᠢᠩᠭ᠎ᠠ ᠡᠷᠴᠢᠮᠳᠠᠢ ᠳᠡᠮᠵᠢᠯᠭᠡ ᠦᠵᠡᠭᠦᠯᠦᠭ᠌ᠰᠡᠨ᠎ᠢᠶᠠᠷ ᠤᠳᠤ ᠪᠦᠬᠦ᠌ ᠤᠷᠤᠨ᠎ᠳᠤ 1208 《ᠲᠤᠰᠭᠠᠢᠵᠢᠭ᠍ᠰᠠᠨ ᠨᠠᠷᠢᠯᠢᠭ᠍ᠵᠢᠡᠡᠰᠠᠨ ᠤᠨᠴᠠᠯᠢᠡᠡᠳᠦ ᠱᠢᠨ᠎ᠠ》 ᠳᠤᠮᠳᠠ ᠪᠠᠭ᠎ᠠ ᠠᠵᠤ ᠠᠬᠤᠢ᠍ᠢᠯᠠᠯ᠎ᠲᠠᠢ ᠪᠤᠯᠵᠤ᠂ ᠪᠤᠳᠠᠳᠤ ᠴᠤᠭ᠍ᠴᠠ᠎ᠶ᠋ᠢᠨ ᠠᠵᠤ ᠠᠬᠤᠢ᠎ᠶ᠋ᠢᠨ ᠬᠦᠭ᠌ᠵᠢᠯᠳᠡ᠂ ᠢᠯᠠᠩᠭᠤᠶ᠎ᠠ ᠦᠢᠯᠡᠳᠬᠦ᠌ ᠦᠢᠯᠡᠰ᠎ᠤᠨ ᠴᠢᠨᠠᠷ ᠰᠠᠢᠳᠠᠢ ᠬᠦᠭ᠌ᠵᠢᠯᠳᠡ᠎ᠳᠤ 《ᠲᠦᠷᠦᠬᠦᠴᠢ ᠭᠠᠯᠠᠭᠤ》 ᠶ᠋ᠢᠨ ᠦᠢᠯᠡᠳᠤᠯ᠎ᠢ ᠪᠠᠳᠠᠷᠠᠭᠤᠯᠵᠤ ᠪᠠᠢᠨ᠎ᠠ᠃
ᠲᠤᠰᠭᠠᠢᠵᠢᠭ᠍ᠰᠠᠨ ᠡᠵᠡᠩᠨᠡᠯᠳᠡ᠎ᠲᠠᠢ᠂ ᠨᠠᠷᠢᠯᠢᠭ᠍ᠵᠢᠭ᠍ᠰᠠᠨ ᠦᠢᠯᠡᠳᠪᠤᠷᠢᠯᠡᠯ᠎ᠲᠠᠢ᠂ ᠤᠨᠴᠠᠯᠢᠭ᠍ᠳᠤ ᠤᠷ᠎ᠠ ᠮᠡᠷᠭᠡᠱᠢᠯ᠎ᠲᠠᠢ ᠮᠦᠷᠳᠡᠭᠡᠨ ᠱᠢᠨ᠎ᠠ᠎ᠶ᠋ᠢ ᠡᠬᠦᠳᠦᠭ᠌ᠰᠡᠨ ᠦᠢᠯᠡᠳᠭᠦᠨ᠎ᠲᠠᠢ ᠲᠤᠮᠳᠠ ᠪᠠᠭ᠎ᠠ ᠠᠵᠤ ᠠᠬᠤᠢ᠍ᠢᠯᠠᠯ᠎ᠨᠢ ᠠᠵᠤ ᠦᠢᠯᠡᠰ᠎ᠤᠨ ᠬᠡᠯᠬᠢᠶ᠎ᠠ᠂ ᠬᠠᠩᠭᠠᠯᠭ᠎ᠠ᠎ᠶ᠋ᠢᠨ ᠬᠡᠯᠬᠢᠶ᠎ᠠ᠎ᠶ᠋ᠢᠨ ᠳᠤᠭ᠍ᠳᠠᠭᠤᠨ ᠴᠢᠨᠠᠷ ᠪᠠ ᠦᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠬᠦ᠌᠎ᠳᠤ ᠴᠢᠬᠤᠯᠠ ᠦᠯᠢᠭᠡᠷ ᠳᠠᠭᠤᠷᠢᠶᠠᠯ ᠪᠤᠯᠵᠤ᠂ ᠤᠳᠤ ᠦᠶ᠎ᠠ᠎ᠶ᠋ᠢᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠬᠤ᠎ᠳᠤ ᠴᠢᠬᠤᠯᠠ ᠲᠤᠯᠭᠠᠭᠤᠷᠢᠯᠠᠯ ᠬᠠᠩᠭᠠᠳᠠᠭ᠃ ᠡᠢᠮᠤ ᠪᠤᠯᠬᠤᠷ ᠤᠯᠤᠰ᠎ᠠᠴᠠ 《ᠲᠤᠰᠭᠠᠢᠵᠢᠭ᠍ᠰᠠᠨ ᠨᠠᠷᠢᠯᠢᠭ᠍ᠵᠢᠡᠡᠰᠠᠨ ᠤᠨᠴᠠᠯᠢᠡᠡᠳᠦ ᠱᠢᠨ᠎ᠠ》᠂ 《ᠪᠢᠴᠢᠬᠠᠨ ᠠᠪᠤᠷᠭᠤ》 ᠠᠵᠤ ᠠᠬᠤᠢ᠍ᠢᠯᠠᠯ᠎ᠢ ᠱᠢᠯᠭᠠᠷᠠᠭᠤᠯᠵᠤ᠂ ᠪᠡᠯᠡ ᠮᠦᠩᠬᠦ᠌ ᠪᠠ ᠦᠢᠯᠡᠴᠢᠯᠡᠭᠡᠨ᠎ᠤ ᠲᠠᠯ᠎ᠠ᠎ᠪᠠᠷ ᠲᠠᠮᠵᠢᠯᠬᠡ ᠦᠵᠡᠬᠦᠯᠬᠦ᠌᠎ᠪᠠᠷ ᠲᠠᠮᠵᠢᠨ ᠵᠢᠱ᠌ᠢᠶ᠎ᠠ ᠦᠵᠡᠬᠦᠯᠵᠤ ᠲᠠᠭᠠᠭᠤᠯᠬᠤ ᠦᠢᠯᠡᠳᠤᠯ᠎ᠢ᠎ᠨᠢ ᠤᠯᠠᠮ ᠰᠠᠢᠨ ᠪᠠᠳᠠᠷᠠᠭᠤᠯᠵᠤ ᠪᠠᠢᠨ᠎ᠠ᠃ ᠤᠳᠤᠬᠠᠨ ᠪᠤᠯᠳᠠᠯ᠎ᠠ ᠤᠯᠤᠰ᠎ᠠᠴᠠ ᠨᠡᠢᠳᠡ ᠭᠤᠷᠪᠠᠨ ᠪᠦᠯᠦᠭ᠎ᠤᠨ 《ᠪᠢᠴᠢᠬᠠᠨ ᠠᠪᠤᠷᠭᠤ》 ᠠᠵᠤ ᠠᠬᠤᠢ᠍ᠢᠯᠠᠯ᠎ᠢ ᠱᠢᠯᠭᠠᠷᠠᠭᠤᠯᠤᠨ ᠨᠡᠢᠳᠡᠯᠡᠵᠤ᠂ ᠮᠠᠨ᠎ᠤ ᠤᠷᠤᠨ᠎ᠤ 22 ᠲᠤᠮᠳᠠ ᠪᠠᠭ᠎ᠠ ᠠᠵᠤ ᠠᠬᠤᠢ᠍ᠢᠯᠠᠯ ᠪᠦᠬᠦ᠌ ᠤᠯᠤᠰ᠎ᠤᠨ 《ᠪᠢᠴᠢᠬᠠᠨ ᠠᠪᠤᠷᠭᠤ》 ᠶ᠋ᠢᠨ ᠡᠩᠨᠡᠭᠡᠨ᠎ᠳᠤ ᠤᠷᠤᠪᠠ᠃ ᠠᠵᠤ ᠦᠢᠯᠡᠳᠪᠤᠷᠢ ᠪᠠ ᠮᠡᠳᠡᠭᠡ ᠵᠠᠩᠬᠢᠵᠢᠯᠳᠠ᠎ᠶ᠋ᠢᠨ ᠶᠠᠮᠤᠨ 2019 ᠤᠨ᠎ᠳᠤ ᠪᠦᠬᠦ᠌ ᠤᠯᠤᠰ᠎ᠤᠨ ᠨᠢᠭᠡᠳᠦᠭᠡᠷ ᠪᠦᠯᠦᠭ᠎ᠤᠨ 《ᠪᠢᠴᠢᠬᠠᠨ ᠠᠪᠤᠷᠭᠤ》 ᠠᠵᠤ ᠠᠬᠤᠢ᠍ᠢᠯᠠᠯ᠎ᠤᠨ ᠨᠡᠷᠡᠰ᠎ᠢ ᠨᠡᠢᠳᠡᠯᠡᠭ᠌ᠰᠡᠨ᠎ᠳᠤ ᠮᠠᠨ᠎ᠤ ᠤᠷᠤᠨ᠎ᠠᠴᠠ ᠰᠠᠶᠢ ᠬᠤᠶᠠᠷᠬᠠᠨ ᠠᠵᠤ ᠠᠬᠤᠢ᠍ᠢᠯᠠᠯ ᠤᠷᠤᠵᠤ ᠲᠠᠢᠯᠵᠠᠢ᠃ ᠬᠠᠷᠢᠨ ᠨᠢᠬᠡ ᠵᠢᠯ᠎ᠤᠨ ᠲᠠᠷᠠᠭ᠎ᠠ᠂ 2020 ᠤᠨ᠎ᠳᠤ ᠬᠤᠶᠠᠳᠤᠭᠠᠷ ᠪᠦᠯᠦᠭ᠎ᠤᠨ 《ᠪᠢᠴᠢᠬᠠᠨ ᠠᠪᠤᠷᠭᠤ》 ᠠᠵᠤ ᠠᠬᠤᠢ᠍ᠢᠯᠠᠯ᠎ᠤᠨ ᠨᠡᠷᠡᠰ᠎ᠢ ᠨᠡᠢᠳᠡᠯᠡᠭ᠌ᠰᠡᠨ᠎ᠳᠤ ᠮᠠᠨ᠎ᠤ ᠤᠷᠤᠨ᠎ᠤ 10 ᠠᠵᠤ ᠠᠬᠤᠢ᠍ᠢᠯᠠᠯ ᠪᠠᠭ᠍ᠳᠠᠵᠤ᠂ ᠡᠨᠡ ᠵᠢᠯ ᠭᠤᠷᠪᠠᠳᠤᠭᠠᠷ ᠪᠦᠯᠦᠭ᠎ᠤᠨ 《ᠪᠢᠴᠢᠬᠠᠨ ᠠᠪᠤᠷᠭᠤ》 ᠠᠵᠤ ᠠᠬᠤᠢ᠍ᠢᠯᠠᠯ᠎ᠤᠨ ᠨᠡᠷᠡᠰ᠎ᠢ ᠨᠡᠢᠳᠡᠯᠡᠭ᠌ᠰᠡᠨ᠎ᠳᠤ ᠮᠠᠨ᠎ᠤ ᠤᠷᠤᠨ᠎ᠠᠴᠠ ᠮᠦᠨ ᠬᠦ᠌ 10 ᠠᠵᠤ ᠠᠬᠤᠢ᠍ᠢᠯᠠᠯ ᠪᠠᠭ᠍ᠲᠠᠯᠴᠠᠯᠠ᠃ 《ᠡᠨᠡ᠎ᠨᠢ ᠮᠠᠨ᠎ᠤ ᠤᠷᠤᠨ᠎ᠤ ᠲᠤᠮᠳᠠ ᠪᠠᠭ᠎ᠠ ᠠᠵᠤ ᠠᠬᠤᠢ᠍ᠢᠯᠠᠯ᠎ᠤᠨ ᠬᠦᠭ᠌ᠵᠢᠯᠳᠡ᠂ ᠢᠯᠠᠩᠭᠤᠶ᠎ᠠ 〈ᠲᠤᠰᠭᠠᠢᠵᠢᠭ᠍ᠰᠠᠨ ᠨᠠᠷᠢᠯᠢᠭ᠍ᠵᠢᠡᠡᠰᠠᠨ ᠤᠨᠴᠠᠯᠢᠡᠡᠳᠦ ᠱᠢᠨ᠎ᠠ〉 ᠳᠤᠮᠳᠠ ᠪᠠᠭ᠎ᠠ ᠠᠵᠤ ᠠᠬᠤᠢ᠍ᠢᠯᠠᠯ᠎ᠤᠨ ᠬᠦᠭ᠌ᠵᠢᠯᠳᠡ᠎ᠶ᠋ᠢᠨ ᠲᠦᠪᠱᠢᠨ ᠪᠠ ᠬᠦᠭ᠌ᠵᠢᠯᠳᠡ᠎ᠶ᠋ᠢᠨ ᠬᠤᠷᠳᠤᠴᠠ᠎ᠶ᠋ᠢ ᠬᠠᠷᠠᠭᠤᠯᠵᠤ ᠪᠠᠢᠨ᠎ᠠ》 ᠬᠡᠵᠤ ᠦᠪᠡᠷᠳᠡᠭᠡᠨ ᠵᠠᠰᠠᠬᠤ ᠤᠷᠤᠨ᠎ᠤ ᠠᠵᠤ ᠦᠢᠯᠡᠳᠪᠤᠷᠢ ᠪᠡ ᠮᠡᠳᠡᠭᠡ ᠵᠠᠩᠬᠢᠵᠢᠯᠳᠡ᠎ᠶ᠋ᠢᠨ ᠲᠢᠩᠬᠢᠮ᠎ᠤᠨ ᠳᠤᠮᠳᠠ ᠪᠠᠭ᠎ᠠ ᠠᠵᠤ ᠠᠬᠤᠢ᠍ᠢᠯᠠᠯ᠎ᠤᠨ ᠳᠤᠪᠴᠢᠶᠠᠨ᠎ᠤ ᠬᠠᠷᠢᠭᠤᠴᠠᠯᠭᠠᠳᠠᠨ ᠶᠠᠷᠢᠨ᠎ᠠ᠃
ᠪᠤᠭᠤᠳᠤ᠎ᠶ᠋ᠢᠨ ᠳ᠋ᠦᠩ ᠪᠤᠤ ᠠᠮᠢᠳᠤ ᠪᠤᠳᠠᠰ᠎ᠤᠨ ᠮᠡᠷᠭᠡᠵᠢᠯ᠎ᠤᠨ ᠬᠢᠵᠠᠭᠠᠷᠳᠦ ᠺᠤᠮᠫᠠᠨᠢ ᠪᠤᠯ ᠤᠯᠤᠰ᠎ᠤᠨ ᠨᠢᠭᠡᠳᠦᠭᠡᠷ ᠪᠦᠯᠦᠭ᠎ᠤᠨ 《ᠪᠢᠴᠢᠬᠠᠨ ᠠᠪᠤᠷᠭᠤ》 ᠶ᠋ᠢᠨ ᠡᠩᠨᠡᠭᠡᠨ᠎ᠳᠤ ᠤᠷᠤᠭ᠍ᠰᠠᠨ ᠮᠠᠨ᠎ᠤ ᠤᠷᠤᠨ᠎ᠤ 2 ᠠᠵᠤ ᠠᠬᠤᠢ᠍ᠢᠯᠠᠯ᠎ᠤᠨ ᠨᠢᠬᠡ᠂ ᠰᠲ᠋ᠤᠺ᠎ᠢᠶᠠᠨ ᠵᠠᠬ᠎ᠠ ᠳᠡᠯᠭᠡᠭᠦᠷ᠎ᠲᠤ ᠭᠠᠷᠭᠠᠭ᠍ᠰᠠᠨ ᠺᠤᠮᠫᠠᠨᠢ ᠪᠤᠯᠤᠨ᠎ᠠ᠃ ᠲᠤᠰ ᠺᠤᠮᠫᠠᠨᠢ᠎ᠳᠤ 61 ᠵᠢᠯ᠎ᠤᠨ ᠲᠤᠩᠭᠠᠯᠠᠭ ᠴᠠᠪᠠᠤ ᠦᠢᠯᠡᠳᠪᠤᠷᠢᠯᠡᠭ᠌ᠰᠡᠨ ᠲᠤᠷᠱᠢᠯᠭ᠎ᠠ᠎ᠲᠠᠢ᠂ 30 ᠭᠠᠷᠤᠢ ᠲᠦᠷᠦᠯ᠎ᠤᠨ ᠰᠤᠳᠤᠯᠭᠠᠨ᠎ᠤ ᠦᠷ᠎ᠠ ᠪᠦᠲᠦᠭᠡᠯ᠎ᠲᠠᠢ ᠪᠠᠢᠵᠤ᠂ ᠦᠢᠯᠡᠳᠭᠦᠨ᠎ᠨᠢ ᠤᠯᠤᠰ᠎ᠤᠨ ᠳᠤᠳᠤᠭᠠᠳᠤ᠎ᠶ᠋ᠢᠨ 28 ᠮᠤᠵᠢ ᠬᠤᠳᠠ ᠦᠪᠡᠷᠳᠡᠭᠡᠨ ᠵᠠᠰᠠᠬᠤ ᠤᠷᠤᠨ ᠵᠢᠴᠢ ᠠᠮᠧᠷᠢᠺᠠ᠂ ᠤᠷᠤᠰ᠂ ᠠᠦ᠋ᠰᠲᠷᠠᠯᠢᠶ᠎ᠠ᠂ ᠪᠷᠠᠽᠢᠯ ᠵᠡᠷᠭᠡ ᠤᠯᠤᠰ᠎ᠲᠤ ᠦᠷᠬᠡᠨ᠎ᠢᠶᠠᠷ ᠪᠤᠷᠤᠯᠠᠭᠤᠯᠤᠭ᠍ᠳᠠᠵᠤ ᠪᠤᠢ᠃ ᠲᠤᠰ ᠺᠤᠮᠫᠠᠨᠢ᠎ᠶ᠋ᠢᠨ᠎ᠬᠢᠨ ᠤᠳᠤ ᠦᠮᠡᠨ᠎ᠤ ᠡᠰ᠎ᠤᠨ ᠦᠰᠦᠯᠳᠡ᠎ᠶ᠋ᠢ ᠬᠢᠵᠠᠭᠠᠷᠯᠠᠬᠤ ᠦᠢᠯᠡᠳᠦᠯ᠎ᠲᠠᠢ ᠡᠬᠢ ᠴᠠᠪᠠᠤᠯᠢᠭ᠍ᠳᠤ ᠤᠭᠤᠷᠠᠭ᠎ᠤᠨ ᠢᠳᠡᠪᠬᠢ ᠫᠧᠫᠲ᠋ᠢᠳ᠋᠂ ᠶᠡᠰᠤᠨᠤ ᠡᠳ᠋᠎ᠢ ᠰᠠᠢᠵᠢᠷᠠᠭᠤᠯᠬᠤ ᠡᠬᠢ ᠴᠠᠪᠠᠤᠯᠢᠭ᠍ᠳᠤ ᠤᠭᠤᠷᠠᠭ᠂ ᠴᠢᠰᠤᠨ ᠡᠭᠡᠳᠡᠩᠢ ᠤᠷᠤᠯᠠᠬᠤ ᠲᠤᠩᠭᠠᠯᠠᠭ ᠴᠠᠪᠠᠤ ᠵᠡᠷᠭᠡ ᠬᠤᠱᠢᠭᠤᠷᠠᠯ ᠮᠡᠷᠭᠡᠵᠢᠯ᠎ᠤᠨ ᠬᠦᠷᠢᠶᠡᠨ᠎ᠤ ᠦᠢᠯᠡᠳᠭᠦᠨ᠎ᠢ ᠰᠤᠳᠤᠯᠤᠨ ᠦᠢᠯᠡᠳᠬᠦ᠌ ᠡᠷᠴᠢᠮ᠎ᠢᠶᠠᠨ ᠴᠢᠩᠭᠠᠷᠠᠭᠤᠯᠵᠤ᠂ ᠴᠢᠨᠠᠷ ᠰᠠᠢᠳᠠᠢ ᠦᠢᠯᠡᠳᠭᠦᠨ ᠪᠤᠯᠤᠨ ᠱᠢᠯᠢᠳᠡᠭ ᠦᠢᠯᠡᠴᠢᠯᠡᠭᠡ᠎ᠪᠠᠷ᠎ᠢᠶᠠᠨ ᠡᠷᠡᠭᠦᠯ ᠮᠠᠨᠳᠤ᠎ᠶ᠋ᠢᠨ ᠵᠠᠬ᠎ᠠ ᠳᠡᠯᠭᠡᠭᠦᠷ᠎ᠢ ᠡᠵᠡᠯᠡᠬᠦ᠌᠎ᠪᠠᠷ ᠴᠢᠷᠮᠠᠢᠵᠤ ᠪᠠᠢᠨ᠎ᠠ᠃ ᠦᠪᠦᠷ ᠮᠤᠩᠭᠤᠯ᠎ᠤᠨ ᠷᠦᠢ ᠹᠧᠩ ᠮᠠᠯ ᠠᠵᠤ ᠠᠬᠤᠢ ᠲᠠᠷᠢᠶᠠᠯᠠᠩ᠎ᠤᠨ ᠲᠤᠨᠤᠭ᠍ᠯᠠᠯ᠎ᠤᠨ ᠬᠢᠵᠠᠭᠠᠷᠳᠤ ᠺᠤᠮᠫᠠᠨᠢ ᠪᠤᠯ ᠤᠯᠤᠰ᠎ᠤᠨ ᠭᠤᠷᠪᠠᠳᠤᠭᠠᠷ ᠪᠦᠯᠦᠭ᠎ᠤᠨ 《ᠪᠢᠴᠢᠬᠠᠨ ᠠᠪᠤᠷᠭᠤ》 ᠶ᠋ᠢᠨ ᠡᠩᠨᠡᠭᠡᠨ᠎ᠳᠤ ᠤᠷᠤᠭ᠍ᠰᠠᠨ ᠠᠵᠤ ᠠᠬᠤᠢ᠍ᠢᠯᠠᠯ ᠪᠤᠯᠤᠨ᠎ᠠ᠃ ᠲᠤᠰ ᠺᠤᠮᠫᠠᠨᠢ᠎ᠶ᠋ᠢᠨ ᠰᠤᠳᠤᠯᠤᠨ ᠦᠢᠯᠡᠳᠪᠤᠷᠢᠯᠡᠭ᠌ᠰᠡᠨ 《ᠶᠢᠤ ᠮᠦ᠍ ᠳ᠋ᠠ》 ᠲᠡᠮᠳᠡᠭ᠌ᠳᠦ ᠡᠪᠡᠰᠦ ᠬᠠᠳᠤᠵᠤ ᠬᠤᠷᠢᠶᠠᠨ ᠪᠤᠭᠤᠵᠢᠯᠠᠬᠤ ᠮᠠᠱᠢᠨ᠎ᠨᠢ ᠶᠠᠰᠤ ᠴᠢᠨᠠᠷ ᠪᠠ ᠮᠡᠷᠭᠡᠵᠢᠯ᠎ᠤᠨ ᠲᠦᠪᠱᠢᠨ᠎ᠢᠶᠠᠷ ᠤᠯᠤᠰ᠎ᠤᠨ ᠲᠤᠳᠤᠭᠠᠳᠤ᠎ᠳᠤ ᠬᠤᠱᠢᠭᠤᠴᠢᠯᠠᠵᠤ ᠪᠠᠢᠬᠤ ᠪᠤᠯᠬᠤᠷ ᠮᠠᠰᠢ ᠦᠷᠭᠡᠨ ᠵᠠᠬ᠎ᠠ ᠳᠡᠯᠭᠡᠭᠦᠷ᠎ᠲᠠᠢ ᠶᠤᠮ᠃ ᠲᠤᠰ ᠺᠤᠮᠫᠠᠨᠢ᠎ᠶ᠋ᠢᠨ᠎ᠬᠢᠨ ᠲᠤᠮᠤ ᠳ᠋ᠠᠢᠲ᠋ᠠ᠎ᠶ᠋ᠢᠨ ᠡᠭᠦᠯᠡᠨ ᠳᠠᠪᠴᠠᠩ᠎ᠢ ᠠᠱᠢᠡᠡᠯᠠᠨ 《ᠢᠨᠲ᠋ᠧᠷ ᠰᠦᠯᠵᠢᠶ᠎ᠠ + ᠪᠤᠷᠤᠯᠠᠭᠤᠯᠭ᠎ᠠ》᠂ 《ᠢᠨᠲ᠋ᠧᠷ ᠰᠦᠯᠵᠢᠶ᠎ᠠ + ᠦᠢᠯᠡᠴᠢᠯᠡᠭᠡ》 ᠶ᠋ᠢᠨ ᠬᠡᠯᠪᠡᠷᠢ᠎ᠪᠠᠷ ᠬᠡᠷᠡᠭ᠌ᠯᠡᠭ᠌ᠴᠢᠳ᠎ᠲᠤ ᠦᠢᠯᠡᠴᠢᠯᠡᠵᠦ᠍᠂ ᠮᠠᠯᠴᠢᠨ ᠲᠠᠷᠢᠶᠠᠴᠢᠨ᠎ᠳᠤ ᠶᠡᠭᠡ ᠳᠦᠭᠦᠮ ᠦᠵᠡᠭᠦᠯᠵᠤ ᠪᠤᠢ᠃
ᠳ᠋ᠦᠩ ᠪᠤᠤ ᠺᠤᠮᠫᠠᠨᠢ ᠪᠤᠯᠤᠨ ᠷᠦᠢ ᠹᠧᠩ ᠺᠤᠮᠫᠠᠨᠢ᠎ᠲᠠᠢ ᠠᠳᠠᠯᠢ᠎ᠪᠠᠷ ᠠᠵᠤ ᠦᠢᠯᠡᠰ᠎ᠤᠨ ᠬᠡᠯᠬᠢᠶ᠎ᠠ ᠪᠤᠯᠤᠨ ᠱᠢᠨ᠎ᠠ᠎ᠶ᠋ᠢ ᠡᠭᠦᠳᠬᠦ᠌ ᠬᠡᠯᠬᠢᠶ᠎ᠠ᠎ᠶ᠋ᠢ ᠬᠦᠨᠵᠡᠭᠡᠢ ᠠᠭᠤᠰᠤᠯᠴᠠᠭᠤᠯᠬᠤ ᠪᠤᠯ 《ᠪᠢᠴᠢᠬᠠᠨ ᠠᠪᠤᠷᠭᠤ》 ᠪᠠᠷ ᠲᠦᠯᠦᠬᠡᠯᠡᠬᠦᠯᠦᠭ᠌ᠰᠡᠨ ᠪᠦᠬᠦ᠌ ᠤᠷᠤᠨ᠎ᠤ 《ᠲᠤᠰᠭᠠᠢᠵᠢᠭ᠍ᠰᠠᠨ ᠨᠠᠷᠢᠯᠢᠭ᠍ᠵᠢᠡᠡᠰᠠᠨ ᠤᠨᠴᠠᠯᠢᠡᠡᠳᠦ ᠱᠢᠨ᠎ᠠ》 ᠳᠤᠮᠳᠠ ᠪᠠᠭ᠎ᠠ ᠠᠵᠤ ᠠᠬᠤᠢ᠍ᠢᠯᠠᠯ᠎ᠤᠨ ᠬᠦᠭ᠌ᠵᠢᠯᠳᠡ᠎ᠶ᠋ᠢᠨ ᠲᠠᠪᠠᠭᠤᠯᠢᠭ᠂ ᠬᠦᠭ᠌ᠵᠢᠯᠳᠡ᠎ᠶ᠋ᠢᠨ ᠨᠦᠬᠡᠴᠡ ᠬᠦᠴᠦᠨ᠎ᠨᠢ ᠪᠤᠯᠤᠨ᠎ᠠ᠃ ᠦᠪᠡᠷᠳᠡᠭᠡᠨ ᠵᠠᠰᠠᠬᠤ ᠤᠷᠤᠨ᠎ᠠᠴᠠ ᠡᠨᠡ ᠬᠦ᠌ ᠨᠦᠬᠡᠴᠡ ᠬᠦᠴᠦᠨ᠎ᠢ ᠬᠦᠢᠴᠡᠳ ᠪᠠᠳᠠᠷᠠᠭᠤᠯᠬᠤ ᠵᠤᠷᠢᠯᠭ᠎ᠠ᠎ᠪᠠᠷ ᠨᠢᠳᠤᠨᠤᠨ᠎ᠠᠴᠠ ᠨᠠᠭᠠᠰᠢ ᠨᠡᠢᠳᠡ 5600 ᠲᠦᠮᠡᠨ ᠲᠦᠬᠦᠷᠢᠭ᠎ᠤᠨ ᠲᠤᠰᠭᠠᠢ ᠪᠡᠯᠡ ᠮᠦᠩᠬᠦ᠌ ᠭᠠᠷᠭᠠᠨ᠂ 《ᠲᠤᠰᠭᠠᠢᠵᠢᠭ᠍ᠰᠠᠨ ᠨᠠᠷᠢᠯᠢᠭ᠍ᠵᠢᠡᠡᠰᠠᠨ ᠤᠨᠴᠠᠯᠢᠡᠡᠳᠦ ᠱᠢᠨ᠎ᠠ》 ᠵᠢᠱ᠌ᠢᠶ᠎ᠠ ᠦᠵᠡᠭᠦᠯᠬᠦ᠌ ᠳᠤᠮᠳᠠ ᠪᠠᠭ᠎ᠠ ᠠᠵᠤ ᠠᠬᠤᠢ᠍ᠢᠯᠠᠯ ᠪᠤᠯᠤᠨ ᠲᠤᠰᠭᠠᠢᠵᠢᠭ᠍ᠰᠠᠨ 《ᠪᠢᠴᠢᠬᠠᠨ ᠠᠪᠤᠷᠭᠤ》 ᠠᠵᠤ ᠠᠬᠤᠢ᠍ᠢᠯᠠᠯ᠎ᠳᠤ ᠲᠤᠰ ᠪᠦᠷᠢ 50 ᠲᠦᠮᠡᠨ ᠲᠦᠭᠦᠷᠢᠭ ᠪᠠ 100 ᠲᠦᠮᠡᠨ ᠲᠦᠭᠦᠷᠢᠭ᠎ᠤᠨ ᠱᠠᠩᠨᠠᠯ ᠨᠦᠬᠦᠪᠤᠷᠢ ᠤᠯᠭᠤᠵᠠᠢ᠃ ᠤᠳᠤ ᠪᠦᠬᠦ᠌ ᠤᠷᠤᠨ᠎ᠤ ᠡᠯ᠎ᠠ ᠭᠠᠵᠠᠷ᠎ᠤᠨ᠎ᠬᠢᠨ ᠦᠪᠡᠷᠳᠡᠭᠡᠨ ᠵᠠᠰᠠᠬᠤ ᠤᠷᠤᠨ᠎ᠤ 《ᠠᠷᠪᠠᠨ ᠳᠦᠷᠪᠡᠳᠦᠭᠡᠷ ᠲᠠᠪᠤᠨ ᠵᠢᠯ》 ᠤᠨ ᠲᠦᠯᠦᠪᠵᠢᠭᠦᠯᠭᠡ᠎ᠶ᠋ᠢᠨ ᠬᠠᠮᠢᠶ᠎ᠠ ᠪᠦᠬᠦᠢ ᠲᠤᠭ᠍ᠳᠠᠭᠠᠯ ᠶᠤᠰᠤᠭᠠᠷ᠂ ᠠᠵᠤ ᠦᠢᠯᠡᠰ᠎ᠤᠨ ᠬᠡᠯᠬᠢᠶ᠎ᠠ᠎ᠶ᠋ᠢᠨ ᠲᠤᠭᠤᠷᠢᠨ᠎ᠳᠤ ᠱᠢᠨ᠎ᠠ᠎ᠶ᠋ᠢ ᠡᠭᠦᠳᠬᠦ᠌ ᠬᠡᠯᠬᠢᠶ᠎ᠠ᠎ᠶ᠋ᠢ ᠪᠠᠢᠷᠢᠯᠠᠭᠤᠯᠤᠨ᠂ ᠱᠢᠨ᠎ᠠ᠎ᠶ᠋ᠢ ᠡᠭᠦᠳᠬᠦ᠌ ᠬᠡᠯᠬᠢᠶ᠎ᠠ᠎ᠶ᠋ᠢᠨ ᠲᠤᠭᠤᠷᠢᠨ᠎ᠳᠤ ᠠᠵᠤ ᠦᠢᠯᠡᠰ᠎ᠤᠨ ᠬᠡᠯᠬᠢᠶ᠎ᠠ᠎ᠶ᠋ᠢ ᠪᠠᠢᠷᠢᠱᠢᠭᠤᠯᠵᠤ᠂ 《ᠲᠤᠰᠭᠠᠢᠵᠢᠭ᠍ᠰᠠᠨ ᠨᠠᠷᠢᠯᠢᠭ᠍ᠵᠢᠡᠡᠰᠠᠨ ᠤᠨᠴᠠᠯᠢᠡᠡᠳᠦ ᠱᠢᠨ᠎ᠠ》 ᠠᠵᠤ ᠠᠬᠤᠢ᠍ᠢᠯᠠᠯ᠎ᠢ ᠶᠡᠭᠡ᠎ᠪᠠᠷ ᠪᠤᠢᠵᠢᠭᠤᠯᠤᠨ᠂ ᠠᠵᠢᠯ ᠲᠦᠷᠦᠯ ᠪᠠ ᠵᠠᠬ᠎ᠠ ᠳᠡᠯᠭᠡᠭᠦᠷ᠎ᠤᠨ ᠨᠠᠷᠢᠯᠢᠭ ᠬᠤᠪᠢᠶᠠᠷᠢ᠎ᠲᠠᠢ ᠨᠢᠭᠡ ᠪᠦᠯᠦᠭ ᠳᠠᠭᠠᠭᠤᠯᠤᠭ᠍ᠴᠢ ᠠᠵᠤ ᠠᠬᠤᠢ᠍ᠢᠯᠠᠯ᠂ ᠭᠠᠭ᠍ᠴᠠ ᠲᠦᠷᠦᠯ᠎ᠤᠨ ᠮᠠᠩᠯᠠᠢ ᠠᠵᠤ ᠠᠬᠤᠢ᠍ᠢᠯᠠᠯ ᠪᠤᠯᠤᠨ 《ᠪᠢᠴᠢᠬᠠᠨ ᠠᠪᠤᠷᠭᠤ》 ᠠᠵᠤ ᠠᠬᠤᠢ᠍ᠢᠯᠠᠯ᠎ᠢ ᠬᠦᠴᠦᠯᠡᠨ ᠪᠤᠢᠵᠢᠭᠤᠯᠵᠤ ᠪᠠᠢᠨ᠎ᠠ᠃