40 ᠵᠢᠯ᠎ᠤᠨ ᠡᠮᠤᠨ᠎ᠠ᠂ ᠦᠶᠤᠸᠠᠨ ᠱᠢᠶᠠᠨ᠎ᠤ ᠹᠧᠩ ᠬᠤᠸᠠ ᠲᠣᠰᠭᠤᠨ᠎ᠤ᠎ᠬᠢᠨ ᠪᠠᠯᠲᠤ ᠬᠡᠮᠬᠡ ᠳᠠᠷᠢᠵᠤ ᠡᠬᠢᠯᠡᠭ᠌ᠰᠡᠨ᠂ ᠭᠡᠪᠡᠴᠦ᠍ ᠵᠢᠯ ᠪᠦᠷᠢ ᠲᠡᠭᠦᠭ᠌ᠰᠡᠨ ᠪᠠᠯᠲᠤ ᠬᠡᠮᠬᠡ᠎ᠪᠠᠨ ᠡᠩ᠎ᠤᠨ ᠲᠠᠷᠢᠶᠠᠯᠠᠩ᠎ᠤᠨ ᠪᠦᠲᠦᠭᠡᠭ᠌ᠳᠡᠭᠦᠨ᠎ᠤ ᠠᠷᠠᠯᠵᠢᠶᠠᠨ᠎ᠤ ᠵᠠᠬ᠎ᠠ ᠳᠡᠯᠭᠡᠭᠦᠷ᠎ᠢᠶᠠᠷ ᠪᠤᠷᠤᠯᠠᠭᠤᠯᠳᠠᠭ᠎ᠤᠨ ᠬᠤᠢᠨ᠎ᠠ ᠴᠢᠨᠠᠷ ᠰᠠᠢᠲᠠᠶ ᠴᠤ᠌ ᠭᠡᠰᠡᠨ ᠦᠨ᠎ᠠ ᠬᠦᠷᠬᠦ᠌ ᠦᠭᠡᠢ ᠲᠤᠯᠠ ᠲᠠᠷᠢᠶᠠᠴᠢᠳ᠎ᠤᠨ ᠤᠷᠤᠯᠭ᠎ᠠ᠎ᠶ᠋ᠢᠨ ᠨᠡᠮᠡᠭ᠌ᠳᠡᠯ ᠤᠳᠠᠭᠠᠨ ᠪᠠᠢᠭ᠍ᠰᠠᠨ ᠶᠤᠮ᠃
ᠤᠳᠤ᠂ 《ᠲᠩᠷᠢ᠎ᠶ᠋ᠢᠨ ᠬᠡᠱᠢᠭ᠌ᠲᠦ ᠪᠣᠷᠣᠲᠣᠬᠤᠢ》 ᠲᠠᠷᠢᠶᠠᠯᠠᠩ᠎ᠤᠨ ᠪᠦᠲᠦᠭᠡᠭ᠌ᠳᠡᠬᠦᠨ᠎ᠤ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠲᠦᠷᠦᠯ ᠲᠡᠮᠳᠡᠭ ᠡᠭᠦᠳᠬᠦ᠌ ᠠᠵᠢᠯᠯᠠᠭ᠎ᠠ᠎ᠨᠢ ᠹᠧᠩ ᠬᠤᠸᠠ ᠲᠣᠰᠭᠤᠨ᠎ᠤ ᠬᠦᠭ᠌ᠵᠢᠯᠲᠡ᠎ᠳᠤ ᠠᠵᠠ ᠲᠣᠬᠢᠶᠠᠯ ᠠᠪᠴᠢᠷᠠᠵᠤ ᠦᠭ᠌ᠬᠦᠯ᠎ᠠ᠃ 《ᠶᠠᠮᠠᠷᠱᠢᠤ ᠲᠠᠷᠢᠶᠠᠯᠠᠩ᠎ᠤᠨ ᠪᠦᠲᠦᠭᠡᠭ᠌ᠳᠡᠬᠦᠨ ᠪᠤᠯᠤᠭ᠍ᠰᠠᠨ ᠴᠤ᠌᠂ 〈ᠲᠩᠷᠢ᠎ᠶ᠋ᠢᠨ ᠬᠡᠱᠢᠭ᠌ᠲᠦ ᠪᠤᠷᠤᠳᠤᠬᠤᠢ〉 ᠶ᠋ᠢᠨ ᠲᠡᠮᠲᠡᠭ᠎ᠢ ᠨᠠᠭᠠᠪᠠᠯ ᠪᠦᠷ ᠪᠤᠷᠤᠳᠤᠬᠤᠢ᠎ᠶ᠋ᠢᠨ ᠭᠠᠷᠤᠯᠳᠠ᠎ᠳᠤ ᠲᠤᠭᠠᠴᠠᠭ᠍ᠳᠠᠵᠤ᠂ ᠪᠦᠬᠦ᠌ ᠤᠯᠤᠰ᠎ᠲᠤ ᠴᠢᠨᠠᠭ᠍ᠰᠢᠯᠠᠪᠠᠯ ᠭᠠᠳᠠᠭᠠᠳᠤ᠎ᠳᠤ ᠪᠤᠷᠤᠯᠠᠭᠤᠯᠤᠬ᠍ᠳᠠᠬᠤ ᠠᠵᠠ ᠲᠣᠬᠢᠶᠠᠯ᠎ᠲᠠᠢ ᠪᠤᠯᠵᠤ᠂ ᠳᠡᠯᠡᠬᠡᠢ᠎ᠳᠤ ᠵᠤᠰᠠᠴᠢᠬᠠᠨᠠ》 ᠭᠡᠵᠦ᠍ ᠹᠧᠩ ᠬᠤᠸᠠ ᠲᠣᠰᠭᠤᠨ᠎ᠤ ᠠᠷᠠᠳ ᠵᠠᠩ ᠱᠢᠶᠤᠤ ᠫᠢᠩ ᠪᠠᠶᠠᠷᠲᠠᠢᠬᠠᠨ ᠬᠡᠯᠡᠨ᠎ᠠ᠃
ᠲᠦᠷᠦᠯ ᠲᠡᠮᠳᠡᠭ᠎ᠢᠶᠠᠷ ᠤᠳᠤᠷᠢᠳᠤᠮᠵᠢ ᠪᠤᠯᠭᠠᠪᠠ
ᠦᠶᠤᠸᠠᠨ ᠱᠢᠶᠠᠨ ᠭᠡᠵᠤ ᠪᠣᠷᠣᠲᠣᠬᠤᠶ᠎ᠶ᠋ᠢᠨ ᠥᠷᠥᠴᠡᠨ᠎ᠳᠤ ᠪᠠᠢᠷᠢᠯᠠᠵᠤ᠂ ᠪᠥᠬᠦ᠌ ᠤᠯᠤᠰ᠎ᠤᠨ ᠴᠢᠨᠠᠷ ᠰᠠᠢᠲᠠᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠤ ᠨᠢᠭᠡ ᠪᠣᠯᠬᠤ ᠶᠤᠮ᠃ ᠣᠢᠷ᠎ᠠ᠎ᠶ᠋ᠢᠨ ᠵᠢᠯ᠎ᠠᠴᠠ ᠨᠠᠭᠠᠰᠢ᠂ ᠲᠤᠰ ᠱᠢᠶᠠᠨ 《ᠲᠩᠷᠢ᠎ᠶ᠋ᠢᠨ ᠬᠡᠱᠢᠭ᠌ᠲᠦ ᠪᠣᠷᠣᠲᠣᠬᠤᠶ》 ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠲᠦᠷᠦᠯ ᠲᠡᠮᠳᠡᠭ᠎ᠢᠶᠠᠷ ᠤᠳᠤᠷᠢᠳᠤᠮᠵᠢ ᠪᠣᠯᠭᠠᠵᠤ᠂ ᠤᠷᠤᠨ ᠨᠤᠳᠤᠭ᠎ᠤᠨ ᠠᠵᠤ ᠠᠬᠤᠢ᠎ᠶ᠋ᠢᠨ ᠴᠢᠨᠠᠷ ᠰᠠᠢᠳᠠᠢ ᠬᠦᠭ᠌ᠵᠢᠯᠲᠡ᠎ᠶ᠋ᠢ ᠡᠷᠴᠢᠮ᠎ᠲᠠᠢ ᠠᠬᠢᠭᠤᠯᠵᠤ ᠪᠠᠢᠭ᠎ᠠ ᠶᠤᠮ᠃
《ᠬᠤᠢᠨ᠎ᠠ ᠪᠠᠢᠭ᠎ᠠ ᠡᠳᠡᠭᠡᠷ ᠬᠦᠯᠡᠮᠵᠢ᠎ᠳᠤ ᠠᠩᠬ᠎ᠠ ᠡᠬᠢᠯᠡᠭᠡᠳ ᠪᠠᠯᠲᠤ ᠬᠡᠮᠬᠡ ᠲᠠᠷᠢᠵᠤ ᠪᠠᠢᠬ᠍ᠰᠠᠨ᠂ ᠰᠡᠬᠦᠯᠠᠷ᠎ᠨᠢ ᠲᠥᠪᠡᠳ ᠬᠠᠰᠢ ᠲᠠᠷᠢᠬᠤ ᠪᠤᠯᠵᠤ᠂ ᠤᠳᠤ ᠮᠥ᠍ ᠪᠦᠷᠢ᠎ᠶ᠋ᠢᠨ ᠳᠤᠮᠳᠠᠴᠢ ᠣᠷᠣᠯᠭ᠎ᠠ 2 ᠲᠦᠮᠡᠨ ᠲᠥᠭᠦᠷᠢᠭ᠎ᠢ ᠳᠠᠪᠠᠵᠤ ᠪᠠᠢᠨ᠎ᠠ᠃ ᠡᠮᠦᠨ᠎ᠠ ᠪᠠᠢᠭ᠎ᠠ ᠲᠠᠷᠢᠶ᠎ᠠ ᠪᠤᠯ ᠯᠦ᠍ ᠬᠤᠸᠠ ᠪᠦᠯᠦᠭ᠌ᠯᠡᠯ ᠺᠤᠮᠫᠠᠨᠢ᠎ᠶ᠋ᠢᠨ ᠵᠠᠬᠢᠶᠠᠯᠠᠭ᠎ᠠ᠎ᠪᠠᠷ ᠳᠠᠷᠢᠵᠤ ᠪᠠᠢᠭ᠎ᠠ ᠯᠣᠬᠠᠱᠧᠩ ᠪᠤᠯᠤᠨ᠎ᠠ》 ᠭᠡᠵᠦ᠍ ᠦᠶᠤᠸᠠᠨ ᠱᠢᠶᠠᠨ᠎ᠤ ᠲᠤᠭᠤᠷᠢᠬᠤ ᠪᠠᠯᠭᠠᠰᠤᠨ᠎ᠤ ᠳᠠᠷᠤᠭ᠎ᠠ ᠬᠠᠨ ᠫᠧᠩ ᠴᠧᠩ ᠰᠤᠷᠪᠤᠯᠵᠢᠯᠠᠭ᠍ᠴᠢ᠎ᠳᠤ ᠲᠠᠨᠢᠯᠴᠠᠭᠤᠯᠤᠨ᠎ᠠ᠃
ᠦᠶᠤᠸᠠᠨ ᠱᠢᠶᠠᠨ᠎ᠤ᠎ᠬᠢᠨ ᠬᠥᠮᠦᠨ᠎ᠤ ᠬᠦᠴᠦᠨ᠂ ᠪᠣᠳᠠᠰ᠎ᠤᠨ ᠬᠦᠴᠦᠨ᠎ᠢᠶᠠᠨ ᠲᠥᠪᠯᠡᠷᠡᠭᠦᠯᠦᠨ 《ᠵᠠᠭᠤᠨ ᠠᠵᠤ ᠠᠬᠤᠢ᠍ᠢᠯᠠᠯ ᠵᠠᠭᠤᠨ ᠬᠦᠷᠢᠶᠡᠯᠡᠩ ᠲᠤᠭᠤᠷᠢᠭ》 ᠤᠨ ᠢᠨᠵᠧᠨᠧᠷᠢᠩ᠎ᠢ ᠬᠡᠷᠡᠭ᠌ᠵᠢᠭᠦᠯᠵᠦ᠍᠂ ᠪᠦᠬᠦ᠌ ᠱᠢᠶᠠᠨ᠎ᠳᠤ ᠨᠡᠢᠳᠡ 138 ᠤᠳᠤ ᠦᠶ᠎ᠡ᠎ᠶ᠋ᠢᠨ ᠲᠠᠷᠢᠶᠠᠯᠠᠩ᠎ᠤᠨ ᠬᠦᠷᠢᠶᠡᠯᠡᠩ ᠲᠣᠭᠤᠷᠢᠭ᠎ᠢ ᠪᠠᠢᠭᠤᠯᠵᠤ᠂ ᠬᠦᠳᠡᠭᠡ ᠲᠤᠰᠭᠤᠨ᠎ᠤ ᠶᠡᠷᠦᠩᠬᠡᠢᠯᠡᠭ᠌ᠰᠡᠨ ᠴᠣᠭ᠍ᠴᠠ᠂ ᠠᠵᠤ ᠦᠢᠯᠡᠰᠵᠢᠭ᠌ᠰᠡᠨ ᠬᠤᠯᠪᠣᠭᠠᠲᠤ ᠴᠣᠭ᠍ᠴᠠ᠂ ᠱᠢᠨ᠎ᠡ ᠬᠡᠯᠪᠡᠷᠢ᠎ᠶ᠋ᠢᠨ ᠲᠠᠷᠢᠶᠠᠯᠠᠩ ᠮᠠᠯ ᠠᠵᠤ ᠠᠬᠤᠢ᠎ᠶ᠋ᠢᠨ ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢ ᠨᠢᠭᠡ ᠴᠤᠬ᠍ᠴᠠᠵᠢᠭᠤᠯᠬᠤ ᠪᠠᠢᠭᠤᠯᠤᠯᠲᠠ᠎ᠶ᠋ᠢ ᠢᠳᠡᠪᠬᠢᠲᠡᠢ ᠠᠬᠢᠭᠤᠯᠵᠤ᠂ 《ᠨᠢᠭᠡ ᠲᠣᠰᠭᠤᠨ ᠨᠢᠭᠡ ᠪᠦᠲᠦᠭᠡᠭ᠌ᠳᠡᠬᠦᠨ᠎ᠲᠠᠢ᠂ ᠨᠢᠭᠡ ᠪᠦᠲᠦᠭᠡᠭ᠌ᠳᠡᠬᠦᠨ ᠨᠢᠭᠡ ᠬᠦᠷᠢᠶᠡᠯᠡᠩ ᠲᠤᠭᠤᠷᠢᠭ᠎ᠲᠠᠢ᠂ ᠨᠢᠭᠡ ᠬᠦᠷᠢᠶᠡᠯᠡᠩ ᠲᠤᠭᠤᠷᠢᠭ ᠨᠢᠭᠡ ᠬᠦᠳᠡᠭᠡ ᠲᠤᠰᠭᠤᠨ᠎ᠤ ᠶᠡᠷᠦᠩᠬᠡᠢᠯᠡᠭ᠌ᠰᠡᠨ ᠴᠣᠭ᠍ᠴᠠ᠎ᠲᠠᠢ》 ᠲᠤᠮᠤ ᠪᠠᠢᠷᠢᠱᠢᠯ᠎ᠢ ᠪᠦᠷᠢᠯᠳᠦᠭᠦᠯᠵᠠᠢ᠃ ᠡᠬᠦᠨ᠎ᠤ ᠬᠠᠮᠳᠤ 78 ᠲᠠᠷᠢᠮᠠᠯ᠎ᠤᠨ ᠬᠦᠷᠢᠶᠡᠯᠡᠩ ᠲᠤᠭᠤᠷᠢᠭ᠎ᠲᠤ 《ᠳᠦᠷᠪᠡ᠎ᠶ᠋ᠢ ᠬᠢᠵᠠᠭᠠᠷᠯᠠᠬᠤ》 ᠮᠡᠷᠭᠡᠵᠢᠯ᠎ᠢ ᠳᠡᠯᠭᠡᠷᠡᠭᠦᠯᠵᠦ᠍᠂ ᠲᠠᠷᠢᠶᠠᠯᠠᠩ᠎ᠤᠨ ᠬᠢᠮᠢ᠎ᠶ᠋ᠢᠨ ᠪᠤᠷᠳᠤᠭᠤᠷ᠎ᠢ ᠬᠢᠵᠠᠭᠠᠷᠯᠠᠬᠤ᠂ ᠡᠮ᠎ᠢ ᠬᠢᠵᠠᠭᠠᠷᠯᠠᠬᠤ᠂ ᠤᠰᠤ᠎ᠶ᠋ᠢ ᠬᠢᠵᠠᠭᠠᠷᠯᠠᠬᠤ᠂ ᠰᠦᠯᠢᠶᠣᠣ ᠪᠦᠷᠬᠦᠪᠴᠢ᠎ᠶ᠋ᠢ ᠬᠢᠵᠠᠭᠠᠷᠯᠠᠬᠤ ᠠᠵᠢᠯᠯᠠᠭ᠎ᠠ᠎ᠶ᠋ᠢ ᠭᠦᠨᠵᠡᠭᠡᠢ ᠠᠬᠢᠭᠤᠯᠵᠤ ᠪᠠᠢᠨ᠎ᠠ᠃ ᠪᠠᠰᠠ ᠲᠤᠰᠭᠠᠢ ᠮᠡᠷᠭᠡᠵᠢᠯᠳᠠᠨ᠎ᠤ ᠠᠵᠢᠯᠯᠠᠬᠤ ᠦᠷᠳᠡᠭᠡ ᠵᠡᠷᠭᠡ ᠡᠬᠦᠯᠳᠡᠷ ᠰᠤᠳᠤᠯᠤᠨ ᠪᠤᠢᠵᠢᠭᠤᠯᠬᠤ ᠲᠦᠪ᠎ᠲᠤ ᠲᠦᠱᠢᠭ᠌ᠯᠡᠵᠤ᠂ ᠲᠠᠷᠢᠮᠠᠯ᠎ᠤᠨ ᠲᠤᠮᠳᠠᠬᠢ ᠬᠦᠴᠢᠷᠳᠠᠯ᠎ᠢ ᠱᠢᠢᠳᠪᠤᠷᠢᠯᠡᠵᠤ᠂ ᠭᠤᠤᠯ ᠪᠤᠯᠬᠤ ᠲᠠᠷᠢᠮᠠᠯ᠎ᠤᠨ ᠰᠠᠢᠨ ᠡᠬᠦᠯᠳᠡᠷ᠎ᠢ ᠪᠦᠬᠦᠨ᠎ᠢ ᠪᠦᠷᠬᠦᠬᠦᠯᠬᠦ᠌᠎ᠶ᠋ᠢ ᠪᠠᠶᠠᠯᠠᠬᠦᠯᠪᠠ᠃
ᠠᠵᠤ ᠦᠢᠯᠡᠰ᠎ᠤᠨ ᠱᠢᠰᠲ᠋ᠧᠮ᠎ᠢ ᠪᠠᠢᠭᠤᠯᠪᠠ
ᠦᠶᠤᠸᠠᠨ ᠱᠢᠶᠠᠨ ᠶᠠᠷᠤ᠎ᠨᠢ 《ᠨᠡᠷᠡᠨ ᠬᠤᠸᠠᠷ᠎ᠤᠨ ᠨᠤᠲᠤᠭ》᠂ 《ᠭᠤᠸ᠎ᠠ ᠨᠣᠭᠤᠭ᠎ᠠ ᠲᠥᠪᠡᠳ ᠬᠠᠰᠢ᠎ᠶ᠋ᠢᠨ ᠨᠤᠲᠤᠭ》᠂ 《ᠪᠣᠷᠣᠲᠣᠬᠤᠶ᠎ᠶ᠋ᠢᠨ ᠤᠬᠢ ᠴᠠᠭᠠᠨ ᠭᠤᠯᠢᠷ᠎ᠤᠨ ᠨᠤᠲᠤᠭ》 ᠭᠡᠬᠦ᠌ ᠰᠠᠢᠬᠠᠨ ᠠᠯᠳᠠᠷᠲᠠᠢ ᠪᠠᠢᠵᠤ᠂ ᠤᠢ᠍ᠢᠷ᠎ᠠ᠎ᠶ᠋ᠢᠨ ᠵᠢᠯ᠎ᠠᠴᠠ ᠨᠠᠭᠠᠰᠢ᠂ ᠤᠯᠠᠨ ᠲᠦᠷᠦᠯ᠎ᠤᠨ ᠠᠵᠤ ᠦᠢᠯᠡᠰ᠎ᠢ ᠵᠡᠷᠭᠡ᠎ᠪᠠᠷ ᠬᠦᠭ᠌ᠵᠢᠭᠦᠯᠵᠦ᠍᠂ ᠠᠵᠤ ᠦᠢᠯᠡᠰ᠎ᠤᠨ ᠬᠥᠭ᠌ᠵᠢᠯᠲᠡ᠎ᠶ᠋ᠢᠨ ᠳᠡᠰ ᠳᠠᠪᠬᠤᠷᠭ᠎ᠠ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠤᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ᠎ᠤᠨ ᠭᠦᠨᠵᠡᠭᠡᠢ ᠠᠭᠤᠰᠤᠯᠴᠠᠨ ᠬᠥᠭ᠌ᠵᠢᠬᠦ᠌᠎ᠶ᠋ᠢ ᠪᠡᠶᠡᠯᠡᠭᠦᠯᠪᠡ᠃
ᠬᠡᠪᠴᠢᠶᠡᠵᠢᠭ᠌ᠰᠡᠨ ᠨᠡᠷᠡᠨ ᠬᠤᠸᠠᠷ ᠲᠠᠷᠢᠬᠤ ᠰᠠᠭᠤᠷᠢᠨ᠎ᠢ 30 ᠲᠦᠮᠡᠨ ᠮᠦ᠍᠎ᠠᠴᠠ ᠳᠡᠭᠡᠭ᠌ᠰᠢ ᠪᠠᠢᠭᠤᠯᠵᠤ᠂ ᠪᠦᠬᠦ᠌ ᠤᠯᠤᠰ᠎ᠤᠨ ᠨᠡᠷᠡᠨ ᠬᠤᠸᠠᠷ᠎ᠤᠨ ᠠᠵᠤ ᠦᠢᠯᠡᠰ᠎ᠤᠨ ᠵᠢᠱ᠌ᠢ᠊ ᠡᠶ᠎ᠡ ᠦᠵᠡᠭᠦᠯᠬᠦ᠌ ᠰᠠᠭᠤᠷᠢᠨ᠎ᠢᠶᠠᠷ ᠦᠨᠡᠯᠡᠭ᠌ᠳᠡᠪᠡ᠃ ᠡᠭᠦᠯᠳᠡᠷ᠎ᠤᠨ ᠬᠤᠨᠢ ᠲᠡᠵᠢᠭᠡᠨ ᠦᠷᠡᠵᠢᠭᠦᠯᠬᠦ᠂ ᠲᠡᠵᠢᠭᠡᠯ ᠪᠣᠷᠳᠤᠭ᠎ᠠ ᠦᠢᠯᠡᠳᠪᠦᠷᠢᠯᠡᠬᠦ᠂ ᠮᠢᠬᠠᠨ᠎ᠤ ᠬᠤᠨᠢ ᠲᠡᠵᠢᠭᠡᠨ ᠦᠷᠡᠵᠢᠭᠦᠯᠬᠦ᠂ ᠨᠠᠮᠤᠭ᠎ᠤᠨ ᠬᠡᠶ᠎ᠪᠠᠷ ᠴᠠᠬᠢᠯᠭᠠᠨ ᠭᠠᠷᠭᠠᠬᠤ᠂ ᠣᠷᠭᠠᠨᠢᠭ ᠪᠣᠷᠲᠣᠭᠤᠷ ᠦᠢᠯᠡᠳᠬᠦ᠂ ᠨᠢᠲᠤᠯᠵᠤ ᠪᠤᠯᠪᠠᠰᠤᠷᠠᠭᠤᠯᠬᠤ᠂ ᠬᠦᠢᠲᠡᠨ ᠬᠡᠯᠬᠢᠶ᠎ᠠ᠎ᠶ᠋ᠢᠨ ᠪᠠᠷᠠᠭᠠᠨ᠎ᠤ ᠭᠦᠢᠯᠭᠡᠭᠡ᠂ ᠰᠡᠯᠡᠭᠦᠴᠡᠯ ᠵᠢᠭᠤᠯᠴᠢᠯᠠᠯ᠎ᠢ ᠨᠢᠭᠡ ᠴᠣᠭ᠍ᠴᠠᠵᠢᠭᠤᠯᠤᠭ᠍ᠰᠠᠨ ᠮᠢᠬᠠᠨ᠎ᠤ ᠬᠤᠨᠢ᠎ᠶ᠋ᠢᠨ ᠡᠷᠬᠢᠯᠳᠡᠳᠦ ᠠᠵᠤ ᠠᠬᠤᠶ᠎ᠶ᠋ᠢᠨ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠪᠠᠢᠭᠤᠯᠵᠠᠢ᠃ ᠳᠤᠯᠠᠭᠠᠨ ᠭᠦᠯᠡᠮᠵᠢ᠎ᠪᠠᠷ ᠭᠤᠣᠯᠯᠠᠭᠤᠯᠤᠭ᠍ᠰᠠᠨ ᠲᠦᠬᠦᠭᠡᠷᠦᠮᠵᠢᠲᠦ ᠲᠠᠷᠢᠶᠠᠯᠠᠩ᠎ᠤᠨ ᠪᠠᠢᠭᠤᠯᠤᠯᠲᠠ᠎ᠶ᠋ᠢ ᠶᠡᠭᠡ᠎ᠪᠠᠷ ᠠᠬᠢᠭᠤᠯᠵᠤ᠂ ᠠᠵᠤ ᠠᠬᠤᠢᠯᠠᠯ ᠳᠠᠭᠠᠭᠠᠴᠢᠯᠠᠨ ᠡᠷᠬᠢᠯᠡᠬᠦ᠂ ᠵᠠᠬᠢᠶᠠᠯᠠᠭ᠎ᠠ᠎ᠪᠠᠷ ᠬᠤᠷᠱᠢᠬᠤ ᠵᠡᠷᠭᠡ ᠠᠷᠭ᠎ᠠ ᠬᠡᠮᠵᠢᠶ᠎ᠠ᠎ᠶ᠋ᠢ ᠠᠪᠴᠤ᠌᠂ ᠲᠤᠬᠠᠶ᠎ᠶ᠋ᠢᠨ ᠭᠠᠵᠠᠷ᠎ᠤᠨ ᠲᠠᠷᠢᠶᠠᠴᠢᠳ᠎ᠤᠨ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠶᠡᠭᠡ᠎ᠪᠠᠷ ᠳᠠᠢᠴᠢᠯᠠᠭ᠍ᠰᠠᠨ᠎ᠢᠶᠠᠷ ᠪᠠᠷᠠᠬᠤ ᠦᠭᠡᠢ ᠱᠢᠶᠠᠨ᠎ᠤ ᠬᠡᠪᠴᠢᠶᠡᠨ᠎ᠤ ᠢᠳᠡᠱᠢᠨ ᠨᠣᠭᠤᠭ᠎ᠠ᠎ᠶ᠋ᠢᠨ ᠲᠦᠷᠦᠯ ᠵᠦᠢᠯ᠎ᠢ ᠡᠯᠪᠡᠭ᠌ᠵᠢᠬᠦᠯᠬᠦ᠂ ᠪᠣᠭᠤᠮᠲᠠ᠎ᠶ᠋ᠢᠨ ᠭᠠᠳᠠᠨᠠᠬᠢ ᠵᠢᠮᠢᠰ ᠨᠣᠭᠤᠭ᠎ᠠ᠎ᠶ᠋ᠢᠨ ᠬᠤᠲᠠ᠎ᠶ᠋ᠢ ᠪᠠᠢᠭᠤᠯᠬᠤ᠎ᠳᠤ ᠱᠢᠨ᠎ᠡ ᠠᠮᠢᠵᠢᠷᠠᠯ᠎ᠤᠨ ᠬᠦᠴᠦᠨ ᠤᠯᠭᠤᠭ᠍ᠰᠠᠨ ᠪᠠᠢᠨ᠎ᠠ᠃ ᠪᠦᠬᠦ᠌ ᠤᠯᠤᠰ᠎ᠲᠤ ᠣᠷᠦ᠋ᠢᠯᠠᠭ᠍ᠰᠠᠨ ᠰᠠᠭᠠᠯᠢ᠎ᠶ᠋ᠢᠨ ᠬᠤᠨᠢᠨ᠎ᠤ ᠰᠠᠢᠨ ᠡᠭᠦᠯᠳᠡᠷ᠎ᠢ ᠦᠷᠡᠵᠢᠭᠦᠯᠦᠨ ᠪᠤᠢᠵᠢᠭᠤᠯᠬᠤ ᠰᠠᠭᠤᠷᠢᠨ᠎ᠢ ᠪᠦᠲᠦᠭᠡᠨ ᠪᠠᠢᠭᠤᠯᠬᠤ᠎ᠪᠠᠷ ᠬᠠᠷᠠᠯᠲᠠ ᠪᠣᠯᠭᠠᠵᠤ᠂ ᠯᠧ ᠺᠧ ᠵᠢᠶᠦ᠋ᠨ ᠬᠤᠨᠢᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠺᠤᠮᠫᠠᠨᠢ᠂ ᠮᠧᠩ ᠱᠢᠦᠢ ᠶᠤᠸᠠᠨ ᠲᠠᠷᠢᠶᠠᠯᠠᠩ ᠮᠠᠯ ᠠᠵᠤ ᠠᠬᠤᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠺᠤᠮᠫᠠᠨᠢ ᠵᠡᠷᠭᠡ ᠠᠵᠤ ᠠᠬᠤᠢᠯᠠᠯ᠎ᠳᠤ ᠲᠦᠱᠢᠭ᠌ᠯᠡᠨ᠂ ᠵᠢᠯ ᠪᠦᠷᠢ ᠳᠤᠮᠳᠠᠴᠢ᠎ᠪᠠᠷ 3 ᠲᠦᠮᠡᠨ ᠰᠠᠭᠠᠯᠢ᠎ᠶ᠋ᠢᠨ ᠬᠤᠨᠢ ᠦᠷᠡᠵᠢᠭᠦᠯᠵᠦ᠍ ᠪᠠᠢᠨ᠎ᠠ᠃ ᠡᠭᠦᠨ᠎ᠤ ᠬᠠᠮᠲᠤ᠌᠂ ᠪᠤᠭᠤᠳᠠᠢ᠂ ᠮᠢᠬᠠᠨ᠎ᠤ ᠲᠠᠬᠢᠶ᠎ᠠ᠂ ᠡᠷᠳᠡᠨᠢ ᠱᠢᠰᠢ᠂ ᠮᠢᠬᠠᠨ᠎ᠤ ᠭᠠᠭ᠍ᠠᠶ᠂ ᠮᠢᠬᠠᠨ᠎ᠤ ᠡᠯᠵᠢᠭᠡ᠂ ᠲᠡᠮᠡᠭᠡᠨ ᠬᠢᠷᠭᠤᠤᠯ᠂ ᠮᠢᠬᠠᠨ᠎ᠤ ᠦᠬᠡᠷ ᠵᠡᠷᠭᠡ ᠣᠨᠴᠠᠯᠢᠭ᠍ᠲᠤ ᠠᠵᠤ ᠦᠢᠯᠡᠰ᠎ᠢ ᠶᠡᠭᠡ᠎ᠪᠠᠷ ᠬᠥᠭ᠌ᠵᠢᠭᠦᠯᠵᠦ᠍᠂ ᠣᠯᠠᠨ ᠡᠱᠢᠵᠢᠨ ᠬᠥᠭ᠌ᠵᠢᠭ᠌ᠰᠡᠨ᠂ ᠣᠯᠠᠨ ᠲᠠᠯ᠎ᠠ᠎ᠪᠠᠷ ᠲᠤᠯᠭᠠᠭᠤᠷᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠬᠦᠴᠦᠯᠡᠨ ᠪᠠᠢᠭᠤᠯᠪᠠ᠃
ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠪᠠ
2019 ᠣᠨ᠎ᠳᠤ᠂ ᠦᠶᠤᠸᠠᠨ ᠱᠢᠶᠠᠨ ᠤᠯᠤᠰ᠎ᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠤ ᠱᠢᠶᠠᠨ᠎ᠢᠶᠠᠷ ᠦᠨᠡᠯᠡᠭ᠌ᠳᠡᠪᠡ᠃ ᠲᠠᠷᠢᠶᠠᠯᠠᠩ᠎ᠤᠨ ᠪᠦᠲᠦᠭᠡᠭ᠌ᠳᠡᠬᠦᠨ᠎ᠤ ᠠᠮᠤᠷ ᠲᠦᠪᠱᠢᠨ᠎ᠢ ᠪᠠᠲᠤᠯᠠᠬᠤ᠎ᠶ᠋ᠢᠨ ᠲᠦᠯᠦᠭᠡ᠂ ᠦᠶᠤᠸᠠᠨ ᠱᠢᠶᠠᠨ ᠬᠠᠷᠢᠶ᠎ᠠ ᠣᠷᠣᠨ᠎ᠤ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠂ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ ᠵᠡᠷᠭᠡ ᠭᠤᠷᠪᠠᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠂ ᠬᠢᠨᠠᠯᠲᠠ ᠬᠠᠮᠢᠶᠠᠷᠤᠯᠲᠠ᠎ᠶ᠋ᠢᠨ ᠲᠤᠤᠷᠵᠢᠯ᠎ᠤᠨ ᠱᠢᠰᠲ᠋ᠧᠮ᠂ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠬᠦ᠌ ᠱᠢᠰᠲ᠋ᠧᠮ᠂ ᠱᠢᠯᠭᠠᠨ ᠪᠠᠢᠴᠠᠭᠠᠬᠤ ᠱᠢᠰᠲ᠋ᠧᠮ ᠵᠡᠷᠭᠡ ᠳᠥᠷᠪᠡᠨ ᠶᠡᠭᠡ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠪᠠᠷᠢᠮᠵᠢᠶᠠᠵᠢᠭᠤᠯᠤᠭ᠍ᠰᠠᠨ ᠦᠢᠯᠡᠳᠪᠦᠷᠢᠯᠡᠯ᠂ ᠤᠷᠤᠭᠤᠯᠤᠯᠳᠠ᠎ᠶ᠋ᠢᠨ ᠡᠳ᠋᠎ᠤᠨ ᠬᠢᠨᠠᠯᠲᠠ ᠬᠠᠮᠢᠶᠠᠷᠤᠯᠲᠠ᠂ ᠦᠢᠯᠡᠳᠬᠦᠨ᠎ᠤ ᠱᠢᠯᠭᠠᠨ ᠪᠠᠢᠴᠠᠭᠠᠯᠳᠠ᠂ ᠪᠥᠬᠦ᠌ ᠶᠠᠪᠤᠴᠠ᠎ᠶ᠋ᠢᠨ ᠮᠥᠷᠳᠡᠯᠲᠡ ᠵᠡᠷᠭᠡ ᠳᠥᠷᠪᠡᠨ ᠶᠡᠭᠡ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢ ᠴᠢᠩᠭ᠎ᠠ ᠠᠳᠭᠤᠨ᠂ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠂ ᠳᠠᠯᠳᠠ ᠬᠡᠮ ᠰᠤᠭᠤᠭ᠎ᠢ ᠪᠠᠢᠴᠠᠭᠠᠬᠤ ᠬᠦᠴᠦᠷᠬᠡᠭ ᠶᠡᠭᠡ ᠲᠤᠤᠷᠵᠢᠯ᠎ᠢ ᠪᠦᠷᠢᠯᠳᠤᠬᠦᠯᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠢ ᠪᠠᠲᠤᠯᠠᠬᠤ ᠴᠢᠳᠠᠪᠤᠷᠢ᠎ᠶ᠋ᠢ ᠶᠡᠭᠡ᠎ᠪᠠᠷ ᠴᠢᠩᠭᠠᠳᠭᠠᠪᠠ᠃ ᠱᠢᠶᠠᠨ ᠪᠠᠯᠭᠠᠰᠤ ᠲᠣᠰᠭᠤᠨ ᠭᠤᠷᠪᠠᠨ ᠱᠠᠲᠤᠨ᠎ᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠬᠢᠨᠠᠨ ᠬᠠᠮᠢᠶᠠᠷᠬᠤ ᠱᠢᠯᠭᠠᠨ ᠪᠠᠢᠴᠠᠭᠠᠬᠤ ᠱᠢᠰᠲ᠋ᠧᠮ᠎ᠢ ᠪᠠᠢᠭᠤᠯᠵᠤ᠂ ᠪᠦᠬᠦ᠌ ᠱᠢᠶᠠᠨ᠎ᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠪᠣᠳᠠᠲᠤ ᠪᠠᠢᠳᠠᠯ᠎ᠢ ᠦᠨᠳᠦᠰᠦᠯᠡᠨ᠂ ᠪᠦᠬᠦ᠌ ᠱᠢᠶᠠᠨ᠎ᠳᠤ ᠲᠠᠷᠢᠶᠠᠨ ᠡᠮ᠎ᠤᠨ ᠦᠯᠡᠳᠡᠭ᠌ᠳᠡᠯ᠂ ᠮᠠᠯ᠎ᠤᠨ ᠡᠮ᠎ᠤᠨ ᠦᠯᠡᠳᠡᠭ᠌ᠳᠡᠯ᠎ᠢ ᠲᠦᠷᠭᠡᠨ ᠱᠢᠯᠭᠠᠨ ᠪᠠᠢᠴᠠᠭᠠᠬᠤ ᠲᠠᠰᠤᠭ᠎ᠢ 32 ᠪᠠᠢᠭᠤᠯᠵᠤ᠂ ᠮᠠᠯᠴᠢᠨ ᠲᠠᠷᠢᠶᠠᠴᠢᠨ᠎ᠤ ᠶᠠᠰᠤ ᠴᠢᠨᠠᠷ᠎ᠤᠨ ᠠᠮᠤᠷ ᠲᠦᠪᠱᠢᠨ᠎ᠤ ᠦᠵᠡᠯ ᠤᠬᠠᠮᠰᠠᠷ᠎ᠢ ᠳᠡᠭᠡᠭ᠌ᠰᠢᠯᠡᠭᠦᠯᠪᠡ᠃ 200 ᠭᠠᠷᠤᠶ ᠠᠵᠤ ᠠᠬᠤᠢᠯᠠᠯ᠎ᠢ ᠵᠢᠯᠣᠭᠤᠳᠤᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ᠎ᠤᠨ ᠠᠮᠤᠷ ᠲᠦᠪᠱᠢᠨ᠎ᠢ ᠮᠥᠷᠳᠡᠨ ᠪᠠᠢᠴᠠᠭᠠᠬᠤ ᠲᠠᠪᠴᠠᠩ᠎ᠢ ᠠᠱᠢᠬ᠍ᠯᠠᠨ ᠮᠦᠷᠳᠡᠨ ᠪᠠᠢᠴᠠᠭᠠᠬᠤ ᠠᠵᠢᠯ ᠦᠷᠨᠢᠭᠦᠯᠵᠦ᠍᠂ ᠦᠢᠯᠡᠳᠬᠦᠨ᠎ᠤ ᠢᠷᠡᠯᠲᠡ᠎ᠶ᠋ᠢ ᠪᠠᠢᠴᠠᠭᠠᠨ ᠯᠠᠪᠯᠠᠵᠤ ᠪᠣᠯᠬᠤ᠂ ᠪᠤᠷᠤᠯᠠᠭᠤᠯᠭ᠎ᠠ᠎ᠶ᠋ᠢᠨ ᠪᠠᠢᠳᠠᠯ᠎ᠢ ᠮᠥᠷᠳᠡᠵᠦ᠍ ᠪᠣᠯᠬᠤ᠎ᠶ᠋ᠢ ᠦᠨᠳᠦᠰᠦᠨ᠎ᠳᠡᠭᠡᠨ ᠪᠡᠶᠡᠯᠡᠭᠦᠯᠪᠡ᠃
ᠵᠢᠭᠤᠯᠴᠢᠯᠠᠯ ᠪᠠ ᠲᠦᠷᠦᠯ ᠲᠡᠮᠳᠡᠭ᠎ᠤᠨ ᠠᠭᠤᠰᠤᠯᠴᠠᠯ᠎ᠢ ᠪᠠᠶᠠᠯᠠᠬᠦᠯᠪᠠ
ᠲᠠᠩᠰᠤᠭ ᠨᠠᠮᠤᠷ᠎ᠤᠨ ᠲᠠᠭᠠᠳᠠᠢ ᠤᠯᠠᠷᠢᠯ ᠪᠤᠯᠤᠭ᠍ᠰᠠᠨᠠ᠂ ᠦᠶᠤᠸᠠᠨ ᠱᠢᠶᠠᠨ᠎ᠤ 3000 ᠮᠤ᠌᠎ᠶ᠋ᠢᠨ ᠨᠠᠷᠠᠨ ᠬᠤᠸᠠᠷ ᠱᠢᠷᠭᠠᠯᠳᠤᠨ ᠳᠡᠯᠭᠡᠷᠡᠵᠦ᠍᠂ ᠤᠷᠤᠨ᠎ᠤ ᠲᠤᠳᠤᠨ᠎ᠠ ᠭᠠᠳᠠᠨ᠎ᠠ᠎ᠶ᠋ᠢᠨ ᠭᠡᠷᠡᠯ ᠵᠢᠷᠤᠭ᠍ᠴᠢᠨ᠂ ᠤᠷᠠᠨ ᠵᠢᠷᠤᠭ᠍ᠴᠢᠨ ᠪᠠ ᠵᠢᠭᠤᠯᠴᠢᠯᠠᠭ᠍ᠴᠢ᠎ᠶ᠋ᠢᠨ ᠪᠠᠭ᠍ᠠᠷᠬᠠᠯ᠎ᠢ ᠳᠠᠳᠠᠨ᠎ᠠ᠃
ᠤᠢ᠍ᠢᠷ᠎ᠠ᠎ᠶ᠋ᠢᠨ ᠵᠢᠯ᠎ᠳᠤ᠂ ᠦᠶᠤᠸᠠᠨ ᠱᠢᠶᠠᠨ ᠪᠦᠬᠦ᠌ ᠤᠷᠤᠨ ᠪᠦᠰᠡ᠎ᠶ᠋ᠢᠨ ᠲᠠᠷᠢᠶᠠᠯᠠᠩ᠎ᠤᠨ ᠰᠤᠶᠤᠯ᠎ᠤᠨ ᠬᠦᠳᠡᠭᠡ ᠲᠤᠰᠭᠤᠨ᠎ᠤ ᠵᠢᠭᠤᠯᠴᠢᠯᠠᠯ᠎ᠤᠨ ᠰᠠᠭᠤᠷᠢᠨ᠎ᠤ ᠬᠤᠱᠢᠭᠤᠴᠢ ᠪᠤᠯᠬᠤ᠎ᠪᠠᠷ ᠴᠢᠷᠮᠠᠢᠨ᠂ 《ᠲᠩᠷᠢ᠎ᠶ᠋ᠢᠨ ᠬᠡᠱᠢᠭ᠌ᠲᠦ ᠪᠣᠷᠣᠲᠣᠬᠤᠶ》 ᠲᠥᠷᠥᠯ ᠲᠡᠮᠳᠡᠭ᠎ᠤᠨ ᠪᠠᠢᠭᠤᠯᠤᠯᠳᠠ᠎ᠶ᠋ᠢᠨ ᠲᠤᠭᠤᠷᠢᠨ᠎ᠳᠤ᠂ ᠨᠠᠷᠠᠨ ᠬᠤᠸᠠᠷ᠎ᠤᠨ ᠦᠢᠯᠡᠰ᠎ᠤᠨ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠤᠨ᠂ ᠡᠯᠪᠡᠭ ᠪᠠᠶᠠᠯᠢᠭ ᠨᠠᠷᠠᠨ ᠬᠤᠸᠠᠷ᠎ᠤᠨ ᠡᠬᠢ ᠪᠠᠶᠠᠯᠢᠭ᠎ᠲᠤ ᠲᠦᠱᠢᠭ᠌ᠯᠡᠨ᠂ ᠨᠠᠷᠠᠨ ᠬᠤᠸᠠᠷ᠎ᠤᠨ ᠦᠢᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠪᠦᠬᠦ᠌ ᠤᠯᠤᠰ᠎ᠤᠨ ᠬᠠᠮᠤᠭ ᠲᠤᠮᠤ ᠨᠠᠷᠠᠨ ᠬᠤᠸᠠᠷ᠎ᠤᠨ ᠲᠠᠷᠢᠶᠠᠨ᠎ᠤ ᠰᠠᠭᠤᠷᠢᠨ᠂ ᠪᠦᠬᠦ᠌ ᠤᠯᠤᠰ᠎ᠤᠨ ᠠᠩᠬᠠᠳᠠᠭ᠍ᠴᠢ ᠨᠠᠷᠠᠨ ᠬᠤᠸᠠᠷ᠎ᠤᠨ ᠮᠡᠷᠭᠡᠵᠢᠯ᠎ᠤᠨ ᠰᠤᠳᠤᠯᠭᠠᠨ᠎ᠤ ᠬᠦᠷᠢᠶᠡᠯᠡᠩ᠂ ᠪᠦᠬᠦ᠌ ᠤᠯᠤᠰ᠎ᠤᠨ ᠬᠠᠮᠤᠭ ᠲᠤᠮᠤ ᠨᠠᠷᠠᠨ ᠬᠤᠸᠠᠷ᠎ᠤᠨ ᠦᠷ᠎ᠠ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ᠂ ᠪᠦᠬᠦ᠌ ᠤᠯᠤᠰ᠎ᠤᠨ ᠬᠠᠮᠤᠭ ᠲᠤᠮᠤ ᠨᠠᠷᠠᠨ ᠬᠤᠸᠠᠷ᠎ᠤᠨ ᠭᠤᠤᠯ ᠰᠡᠳᠦᠪᠳᠤ ᠮᠦᠽᠧᠢ ᠪᠤᠯᠤᠨ ᠨᠠᠷᠠᠨ ᠬᠤᠸᠠᠷ᠎ᠤᠨ ᠭᠤᠤᠯ ᠰᠡᠳᠦᠪᠳᠤ ᠴᠡᠴᠡᠷᠯᠢᠭ᠎ᠢ ᠪᠠᠢᠭᠤᠯᠤᠨ᠂ ᠨᠠᠷᠠᠨ ᠬᠤᠸᠠᠷ᠎ᠤᠨ ᠦᠷ᠎ᠠ᠎ᠶ᠋ᠢ ᠰᠤᠳᠤᠯᠤᠨ ᠨᠡᠭᠡᠭᠡᠬᠦ᠂ ᠰᠠᠭᠤᠷᠢᠨ᠎ᠳᠤ ᠲᠠᠷᠢᠬᠤ᠂ ᠨᠠᠷᠢᠯᠢᠭ ᠡᠳ᠋ᠱᠢᠭᠦᠯᠦᠨ ᠪᠤᠯᠪᠠᠰᠤᠷᠠᠭᠤᠯᠬᠤ᠂ ᠵᠠᠬ᠎ᠠ ᠳᠡᠯᠭᠡᠭᠦᠷ᠎ᠲᠤ ᠪᠤᠷᠤᠯᠠᠭᠤᠯᠬᠤ᠂ ᠭᠠᠳᠠᠭᠠᠳᠤ᠎ᠳᠤ ᠭᠠᠷᠭᠠᠬᠤ᠂ ᠰᠦᠯᠵᠢᠶᠡᠨ ᠳᠡᠭᠡᠷ᠎ᠠ ᠪᠤᠷᠤᠯᠠᠭᠤᠯᠬᠤ᠂ ᠲᠤᠭᠤᠷᠢᠨ ᠵᠢᠭᠤᠯᠴᠢᠯᠠᠬᠤ᠎ᠶ᠋ᠢ ᠨᠢᠭᠡ ᠴᠤᠭ᠍ᠴᠠᠵᠢᠭᠤᠯᠤᠭ᠍ᠰᠠᠨ ᠪᠦᠬᠦ᠌ ᠠᠵᠤ ᠦᠢᠯᠡᠰ᠎ᠤᠨ ᠬᠡᠯᠬᠢᠶ᠎ᠠ᠎ᠳᠤ ᠬᠦᠭ᠌ᠵᠢᠯᠳᠡ᠎ᠶ᠋ᠢᠨ ᠵᠠᠭ᠍ᠪᠤᠷ᠎ᠢ ᠪᠦᠷᠢᠯᠳᠦᠭᠦᠯᠪᠠ᠃
《ᠲᠩᠷᠢ᠎ᠶ᠋ᠢᠨ ᠬᠡᠱᠢᠭ᠌ᠲᠦ ᠪᠣᠷᠣᠲᠣᠬᠤᠶ》 ᠲᠥᠷᠥᠯ ᠲᠡᠮᠳᠡᠭ᠎ᠤᠨ ᠤᠬᠠᠭᠤᠯᠭ᠎ᠠ᠎ᠶ᠋ᠢᠨ ᠲᠣᠭᠤᠷᠢᠨ᠎ᠳᠤ᠂ ᠱᠢᠶᠠᠨ᠎ᠤ᠎ᠪᠠᠨ ᠭᠤᠤᠯ ᠪᠣᠯᠬᠤ ᠵᠠᠮ᠎ᠢᠶᠠᠷ ᠪᠦᠲᠦᠭᠡᠭ᠌ᠳᠡᠭᠦᠨ᠎ᠤ ᠤᠬᠠᠭᠤᠯᠭ᠎ᠠ ᠪᠠ LOGO ᠤᠬᠠᠭᠤᠯᠭ᠎ᠠ ᠬᠢᠵᠦ᠍᠂ ᠬᠥᠮᠦᠰ᠎ᠤᠨ 《ᠲᠩᠷᠢ᠎ᠶ᠋ᠢᠨ ᠬᠡᠱᠢᠭ᠌ᠲᠦ ᠪᠣᠷᠣᠲᠣᠬᠤᠶ》 ᠲᠥᠷᠥᠯ ᠲᠡᠮᠳᠡᠭ᠎ᠤᠨ ᠲᠤᠬᠠᠶ ᠲᠠᠨᠢᠯᠲᠠ᠎ᠶ᠋ᠢ ᠳᠡᠭᠡᠭ᠌ᠰᠢᠯᠡᠭᠦᠯᠪᠡ᠃ 《ᠲᠩᠷᠢ᠎ᠶ᠋ᠢᠨ ᠬᠡᠱᠢᠭ᠌ᠲᠦ ᠪᠣᠷᠣᠲᠣᠬᠤᠶ》 ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠲᠥᠷᠥᠯ ᠲᠡᠮᠳᠡᠭ᠎ᠤᠨ ᠲᠣᠭᠤᠷᠢᠨ᠎ᠳᠤ᠂ ᠤᠯᠤᠰ᠎ᠤᠨ ᠭᠠᠵᠠᠷ ᠵᠦᠢ᠎ᠶ᠋ᠢᠨ ᠢᠯᠡᠷᠬᠡᠢᠯᠡᠯᠳᠤ ᠲᠥᠷᠥᠯ ᠲᠡᠮᠳᠡᠭ 4᠂ ᠪᠥᠬᠦ᠌ ᠣᠷᠣᠨ᠎ᠤ ᠨᠠᠷᠠᠲᠤ ᠲᠠᠸᠠᠷ᠎ᠤᠨ ᠲᠡᠮᠳᠡᠭ 8᠂ ᠭᠡᠷᠡᠴᠢᠯᠡᠭ᠌ᠳᠡᠭ᠌ᠰᠡᠨ ᠪᠤᠬᠢᠷᠲᠤᠯ ᠦᠭᠡᠢ ᠲᠠᠷᠢᠶᠠᠯᠠᠩ᠎ᠤᠨ ᠪᠦᠲᠦᠭᠡᠭ᠌ᠳᠡᠬᠦᠨ 47᠂ ᠪᠣᠬᠢᠷᠲᠤᠯ ᠥᠬᠡᠶ ᠢᠳᠡᠭᠡᠨ 48᠂ ᠣᠷᠭᠠᠨᠢᠭ ᠲᠠᠷᠢᠶᠠᠯᠠᠩ᠎ᠤᠨ ᠪᠦᠲᠦᠭᠡᠭ᠌ᠳᠡᠬᠦᠨ 9 ᠶ᠋ᠢ ᠪᠤᠢᠵᠢᠭᠤᠯᠵᠤ᠂ 18 ᠵᠦᠢᠯ᠎ᠤᠨ ᠬᠤᠨᠢᠨ᠎ᠤ ᠮᠢᠬᠠᠨ᠎ᠤ ᠪᠦᠲᠦᠭᠡᠭ᠌ᠳᠡᠬᠦᠨ᠎ᠨᠢ 《ᠲᠩᠷᠢ᠎ᠶ᠋ᠢᠨ ᠬᠡᠱᠢᠭ᠌ᠲᠦ ᠪᠣᠷᠣᠲᠣᠬᠤᠶ》 ᠲᠥᠷᠥᠯ ᠲᠡᠮᠳᠡᠭ᠎ᠢ ᠬᠡᠷᠡᠭ᠌ᠯᠡᠬᠦ᠌ ᠡᠷᠬᠡ᠎ᠶ᠋ᠢ ᠣᠯᠵᠤ᠂ ᠲᠥᠪ᠎ᠤᠨ ᠨᠠᠮ᠎ᠤᠨ ᠰᠤᠷᠭᠠᠭᠤᠯᠢ᠂ ᠵᠢᠩ ᠰᠢ ᠵᠣᠴᠢᠳ᠎ᠤᠨ ᠪᠠᠭᠤᠳᠠᠯ᠎ᠤᠨ ᠵᠢᠭᠠᠨ ᠳᠤᠭ᠍ᠳᠠᠭᠠᠭ᠍ᠰᠠᠨ ᠲᠤᠰᠭᠠᠢ ᠬᠠᠩᠭᠠᠯᠭ᠎ᠠ᠎ᠶ᠋ᠢᠨ ᠪᠦᠲᠦᠭᠡᠭ᠌ᠳᠡᠬᠦᠨ ᠪᠤᠯᠪᠠ᠃ 《ᠲᠩᠷᠢ᠎ᠶ᠋ᠢᠨ ᠬᠡᠱᠢᠭ᠌ᠲᠦ ᠪᠣᠷᠣᠲᠣᠬᠤᠶ》 ᠶ᠋ᠢᠨ ᠲᠥᠷᠥᠯ ᠲᠡᠮᠳᠡᠭ᠎ᠤᠨ ᠰᠣᠶᠣᠯ᠎ᠤᠨ ᠠᠭᠤᠯᠤᠭ᠍ᠳᠠᠬᠤᠨ᠎ᠢ ᠭᠦᠨᠵᠡᠭᠡᠶ ᠠᠭᠤᠳᠠᠯᠵᠤ᠂ 《ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠪᠠᠶᠠᠷ》᠂ 《ᠢᠳᠡᠱᠢᠨ ᠨᠣᠭᠤᠭ᠎ᠠ᠎ᠶ᠋ᠢᠨ ᠦᠵᠡᠰᠭᠦᠯᠡᠩ᠎ᠤᠨ ᠴᠤᠭ᠍ᠯᠠᠭᠠᠨ》᠂ 《ᠨᠡᠷᠡᠨ ᠬᠤᠸᠠᠷ᠎ᠤᠨ ᠨᠠᠢᠷ》᠂ 《ᠪᠠᠯᠲᠤ ᠬᠡᠮᠬᠡ᠎ᠶ᠋ᠢᠨ ᠨᠠᠢᠷ》 ᠵᠡᠷᠭᠡ ᠪᠠᠶᠠᠷ ᠳᠤᠷᠠᠰᠭᠠᠯ᠎ᠤᠨ ᠠᠵᠢᠯᠯᠠᠭ᠎ᠠ᠎ᠳᠤ ᠲᠤᠬᠢᠶᠠᠯᠳᠤᠭᠤᠯᠵᠤ᠂ ᠤᠯᠠᠨ ᠶᠠᠩᠵᠤ ᠭᠡᠯᠪᠡᠷᠢ᠎ᠶ᠋ᠢᠨ ᠭᠤᠤᠯ ᠰᠡᠳᠦᠪᠲᠦ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠪᠡ᠃ ᠵᠢᠭᠤᠯᠴᠢᠯᠠᠯ᠎ᠤᠨ ᠦᠢᠯᠡᠴᠢᠯᠡᠭᠡᠨ᠎ᠤ ᠡᠯ᠎ᠡ ᠭᠤᠭ᠍ᠴᠤᠭ᠎ᠠ᠎ᠳᠤ 《ᠲᠩᠷᠢ᠎ᠶ᠋ᠢᠨ ᠬᠡᠱᠢᠭ᠌ᠲᠦ ᠪᠣᠷᠣᠲᠣᠬᠤᠶ》 ᠶ᠋ᠢᠨ ᠲᠥᠷᠥᠯ ᠲᠡᠮᠳᠡᠭ᠎ᠤᠨ ᠡᠯᠧᠮᠧᠨ᠋ᠲ᠎ᠢ ᠢᠯᠡᠷᠡᠭᠦᠯᠵᠦ᠍᠂ ᠬᠥᠳᠡᠭᠡ ᠲᠣᠰᠭᠤᠨ᠎ᠤ ᠵᠢᠭᠤᠯᠴᠢᠯᠠᠯ ᠬᠢᠭᠡᠳ 《ᠲᠩᠷᠢ᠎ᠶ᠋ᠢᠨ ᠬᠡᠱᠢᠭ᠌ᠲᠦ ᠪᠣᠷᠣᠲᠣᠬᠤᠶ》 ᠲᠦᠷᠦᠯ ᠲᠡᠮᠳᠡᠭ᠎ᠤᠨ ᠭᠦᠨᠵᠡᠭᠡᠶ ᠠᠭᠤᠰᠤᠯᠴᠠᠯ᠎ᠢ ᠪᠡᠶᠡᠯᠡᠭᠦᠯᠪᠡ᠃