《ᠬᠤᠶᠠᠷ᠎ᠢ ᠬᠦᠩᠬᠡᠷᠡᠬᠦᠯᠬᠦ᠌》 ᠲᠦᠷᠦ᠎ᠶ᠋ᠢᠨ ᠪᠤᠳᠤᠯᠭ᠎ᠠ᠎ᠶ᠋ᠢᠨ ᠳᠤᠬᠠᠢ ᠬᠠᠯᠠᠮᠱᠢᠯ ᠵᠤᠭᠤᠭ ​
2021-08-16 16:17:10
ᠵᠣᠬᠢᠶᠠᠭ᠍ᠴᠢ᠄
ᠨᠠᠪᠴᠢ ᠲᠠᠳᠤᠯᠭ᠎ᠠ᠎ᠶ᠋ᠢᠨ ᠰᠤᠷᠤᠬ᠍ᠴᠢ᠎ᠶ᠋ᠢᠨ ᠷᠦᠩ
ᠣᠩᠱᠢᠭ᠍ᠰᠠᠨ ᠣᠳᠠᠭ᠎ᠠ᠄
★★★☆☆

ᠵᠠᠷᠢᠮ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠨᠢ ᠰᠤᠷᠭᠠᠨ ᠬᠥᠮᠦᠵᠢᠯ᠎ᠤᠨ ᠵᠢᠮ᠎ᠡ ᠶᠣᠰᠣ ᠪᠠ ᠰᠤᠷᠤᠭ᠍ᠴᠢᠳ᠎ᠤᠨ ᠦᠰᠦᠨ ᠪᠤᠢᠵᠢᠵᠤ ᠬᠥᠭ᠌ᠵᠢᠬᠦ᠌ ᠵᠢᠮ᠎ᠡ ᠶᠣᠰᠣ᠎ᠶ᠋ᠢ ᠵᠥᠷᠢᠴᠡᠨ᠂ 《ᠱᠢᠯᠭᠠᠯᠲᠠ᠎ᠶ᠋ᠢ ᠠᠷᠭᠠᠴᠠᠭᠠᠬᠤ》 ᠎ᠪᠠᠷ ᠤᠳᠤᠷᠢᠳᠤᠮᠵᠢ ᠪᠣᠯᠭᠠᠭ᠍ᠰᠠᠨ ᠪᠣᠯᠪᠠᠰᠤᠷᠠᠯ ᠥᠷᠨᠢᠭᠦᠯᠵᠦ᠍᠂ ᠰᠤᠷᠤᠭ᠍ᠴᠢᠳ᠎ᠤᠨ ᠬᠢᠴᠢᠶᠡᠯ᠎ᠤᠨ ᠭᠠᠳᠠᠨᠠᠬᠢ ᠳᠠᠷᠤᠭᠠᠰᠤ᠎ᠶ᠋ᠢ ᠨᠡᠮᠡᠭ᠌ᠳᠡᠭᠦᠯᠦᠨ᠂ ᠬᠡᠷ ᠪᠦᠯᠢ᠎ᠶ᠋ᠢᠨ ᠠᠵᠤ ᠠᠬᠤᠶ᠎ᠶ᠋ᠢᠨ ᠳᠠᠷᠤᠭᠠᠰᠤ᠎ᠶ᠋ᠢ ᠨᠡᠮᠡᠭ᠌ᠳᠡᠭᠦᠯᠵᠦ᠍᠂ ᠴᠢᠨᠠᠭ᠍ᠰᠢᠯᠠᠪᠠᠯ ᠰᠤᠷᠭᠠᠭᠤᠯᠢ᠎ᠶ᠋ᠢᠨ ᠬᠡᠪ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠡᠮᠬᠢ ᠵᠢᠷᠤᠮ᠎ᠢ ᠰᠠᠮᠠᠭᠤᠷᠠᠭᠤᠯᠵᠤ᠂ ᠨᠡᠢᠭᠡᠮ ᠳᠡᠭᠡᠷ᠎ᠡ ᠴᠢᠩᠭ᠎ᠠ ᠲᠤᠰᠭᠠᠯ ᠭᠠᠷᠴᠤ᠌ ᠪᠠᠢᠨ᠎ᠠ᠃ ᠨᠢᠩᠵᠢᠨ ᠰᠡᠳᠭᠢᠯᠲᠦ ᠠᠵᠢᠯ ᠲᠥᠷᠥᠯ᠎ᠢ ᠠᠱᠢᠭ ᠬᠥᠭᠡᠭᠡᠴᠡᠯᠳᠦᠬᠦ᠌ ᠠᠵᠤ ᠦᠢᠯᠡᠰ ᠪᠣᠯᠭᠠᠵᠤ ᠪᠣᠯᠬᠤ ᠦᠭᠡᠢ᠃ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶ᠋ᠢ ᠬᠠᠤᠯᠢ ᠶᠣᠰᠣᠭᠠᠷ ᠬᠠᠮᠢᠶᠠᠷᠴᠤ᠌᠂ ᠰᠤᠷᠭᠠᠭᠤᠯᠢ᠎ᠶ᠋ᠢᠨ ᠭᠠᠳᠠᠨᠠᠬᠢ ᠬᠥᠮᠦᠵᠢᠯ ᠪᠣᠯᠪᠠᠰᠤᠷᠠᠯ᠎ᠢ ᠬᠦᠮᠦᠨ ᠬᠦᠮᠦᠵᠢᠭᠦᠯᠬᠦ᠌ ᠬᠡᠪ᠎ᠤᠨ ᠵᠠᠮ᠎ᠳᠤ ᠣᠷᠣᠭᠤᠯᠬᠤ ᠬᠡᠷᠡᠭ᠌ᠲᠡᠶ᠃

— ᠶᠡᠷᠦᠩᠬᠡᠢ ᠱᠦᠵᠢ ᠰᠢ᠎ᠶ᠋ᠢᠨ ᠫᠢᠩ᠎ᠤᠨ 2018 ᠤᠨ᠎ᠤ ᠪᠦᠬᠦ᠌ ᠤᠯᠤᠰ᠎ᠤᠨ ᠰᠤᠷᠭᠠᠨ ᠬᠦᠮᠦᠵᠢᠯ᠎ᠤᠨ ᠶᠡᠭᠡ ᠬᠤᠷᠠᠯ ᠲᠡᠭᠡᠷᠡᠭᠢ ᠶᠠᠷᠢᠶ᠎ᠠ᠎ᠠᠴᠠ


ᠰᠤᠷᠭᠠᠭᠤᠯᠢ ᠰᠤᠷᠤᠭ᠍ᠴᠢ᠎ᠶ᠋ᠢᠨ ᠬᠢᠴᠢᠶᠡᠯ᠎ᠤᠨ ᠳᠠᠷᠠᠭᠠᠬᠢ ᠴᠠᠭ᠎ᠢ ᠪᠦᠬᠦᠨ᠎ᠢ ᠨᠡᠢᠭᠡᠮ᠎ᠳᠤ ᠲᠦᠯᠬᠢᠵᠦ᠍ ᠪᠣᠯᠬᠤ ᠦᠭᠡᠢ᠃ ᠰᠤᠷᠤᠭ᠍ᠴᠢ᠎ᠶ᠋ᠢᠨ ᠦᠨᠳᠦᠰᠦᠨ ᠰᠤᠷᠤᠯᠴᠠᠯᠭ᠎ᠠ᠎ᠶ᠋ᠢ ᠰᠤᠷᠭᠠᠭᠤᠯᠢ᠎ᠶ᠋ᠢᠨ ᠪᠠᠭ᠍ᠰᠢ ᠨᠠᠷ ᠡᠭᠦᠷᠭᠡᠯᠡᠬᠦ᠌ ᠬᠡᠷᠡᠭ᠌ᠲᠡᠶ᠃ ᠰᠤᠷᠭᠠᠭᠤᠯᠢ᠎ᠳᠠᠭᠠᠨ ᠬᠢᠬᠦ᠌ ᠦᠭᠡᠢ᠎ᠪᠠᠷ ᠬᠠᠷᠢᠨ ᠭᠠᠳᠠᠨ᠎ᠠ ᠭᠠᠷᠴᠤ᠌ ᠪᠣᠯᠪᠠᠰᠤᠷᠠᠯ ᠡᠷᠬᠢᠯᠡᠵᠦ᠍ ᠪᠣᠯᠬᠤ ᠦᠭᠡᠢ᠂ ᠢᠩᠭᠢᠪᠡᠯ ᠡᠬᠢ ᠠᠳᠠᠭ ᠲᠣᠩᠭᠤᠷᠠᠬᠤ ᠪᠤᠯᠤᠨ᠎ᠠ᠃

— ᠶᠡᠷᠦᠩᠬᠡᠢ ᠱᠦᠵᠢ ᠰᠢ᠎ᠶ᠋ᠢᠨ ᠫᠢᠩ᠎ᠤᠨ 2021 ᠤᠨ᠎ᠳᠤ ᠬᠦᠬᠡᠨᠠᠭᠤᠷ ᠮᠤᠵᠢ᠎ᠳᠤ ᠱᠢᠨᠵᠢᠯᠡᠨ ᠪᠠᠢᠴᠠᠭᠠᠬᠤ ᠦᠶ᠎ᠡ᠎ᠳᠤ ᠴᠢᠬᠤᠯᠠᠴᠢᠯᠠᠬ᠍ᠰᠠᠨ ᠶᠠᠷᠢᠶ᠎ᠠ᠎ᠠᠴᠠ


ᠣᠢᠷ᠎ᠠ᠎ᠳᠤ᠂ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ ᠪᠠ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭᠠᠭ᠍ᠰᠠᠨ 《ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠱᠠᠲᠤᠨ᠎ᠤ ᠰᠤᠷᠤᠭ᠍ᠴᠢᠳ᠎ᠤᠨ ᠳᠠᠰᠭᠠᠯ ᠳᠠᠭᠠᠭᠠᠯᠭᠠᠪᠤᠷᠢ ᠪᠠ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠳᠠᠷᠤᠭᠠᠰᠤ᠎ᠶ᠋ᠢ ᠤᠯᠠᠮ ᠨᠢᠭᠡ ᠠᠯᠬᠤᠮ ᠬᠥᠩᠭᠡᠷᠡᠭᠦᠯᠬᠦ᠌ ᠲᠤᠬᠠᠶ ᠰᠠᠨᠠᠯ》 (ᠳᠤᠤᠷ᠎ᠠ 《ᠬᠤᠶᠠᠷ᠎ᠢ ᠬᠦᠩᠬᠡᠷᠡᠬᠦᠯᠬᠦ᠌ ᠰᠠᠨᠠᠯ》 ᠬᠡᠵᠦ᠍ ᠲᠦᠬᠦᠮᠴᠢᠯᠡᠨ᠎ᠡ) ᠎ᠨᠢ ᠨᠡᠢᠬᠡᠮ ᠨᠡᠢᠳᠡ᠎ᠳᠤ ᠴᠢᠩᠭ᠎ᠠ ᠲᠤᠰᠭᠠᠯ ᠭᠠᠷᠴᠤ᠌᠂ ᠥᠷᠭᠡᠨ ᠣᠯᠠᠨ ᠰᠤᠷᠭᠠᠨ ᠬᠦᠮᠦᠵᠢᠯ᠎ᠤᠨ ᠠᠵᠢᠯᠳᠠᠨ᠂ ᠪᠠᠭ᠍ᠰᠢ᠂ ᠬᠡᠷ᠎ᠤᠨ ᠠᠬᠠᠮᠠᠳ᠂ ᠰᠣᠷᠣᠭ᠍ᠴᠢᠳ ᠡᠨᠡ ᠬᠦ᠌ ᠲᠦᠷᠦ᠎ᠶ᠋ᠢᠨ ᠪᠤᠳᠤᠯᠭ᠎ᠠ᠎ᠶ᠋ᠢᠨ ᠳᠤᠬᠠᠢ ᠦᠪᠡᠷ ᠦᠪᠡᠷ᠎ᠤᠨ ᠤᠢ᠍ᠢᠯᠠᠭᠠᠯᠳᠠ᠂ ᠦᠵᠡᠯᠳᠡ ᠲᠠᠨᠢᠯᠳᠠ᠎ᠪᠠᠨ ᠳᠡᠯᠬᠡᠭ᠌ᠰᠡᠨ ᠪᠠᠢᠯ᠎ᠠ᠃

《ᠬᠤᠶᠠᠷ᠎ᠢ ᠬᠦᠩᠬᠡᠷᠡᠬᠦᠯᠬᠦ᠌》 ᠎ᠶ᠋ᠢᠨ ᠶᠡᠷᠦᠩᠬᠡᠢ ᠰᠡᠳᠭᠢᠴᠡ ᠪᠠ ᠬᠠᠷᠠᠯᠳᠠ

《ᠬᠤᠶᠠᠷ᠎ᠢ ᠬᠦᠩᠬᠡᠷᠡᠬᠦᠯᠬᠦ᠌》 ᠲᠦᠷᠦ᠎ᠶ᠋ᠢᠨ ᠪᠤᠳᠤᠯᠭ᠎ᠠ᠎ᠶ᠋ᠢᠨ ᠶᠡᠷᠦᠩᠬᠡᠢ ᠰᠡᠳᠭᠢᠴᠡ ᠪᠤᠯ ᠴᠢᠨᠠᠷ ᠰᠠᠢᠳᠠᠢ ᠰᠤᠷᠭᠠᠨ ᠬᠦᠮᠦᠵᠢᠯ᠎ᠤᠨ ᠱᠢᠰᠲ᠋ᠧᠮ᠎ᠢ ᠪᠠᠢᠭᠤᠯᠵᠤ᠂ ᠰᠤᠷᠭᠠᠭᠤᠯᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠤᠨ ᠭᠤᠤᠯ ᠵᠢᠭ᠍ᠰᠠᠭᠠᠯ᠎ᠤᠨ ᠭᠠᠵᠠᠷ᠎ᠤᠨ ᠦᠢᠯᠡᠳᠣᠯ᠎ᠢ ᠴᠢᠩᠭᠠᠷᠠᠭᠤᠯᠤᠨ᠂ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠴᠡᠭ᠌ᠴᠡᠯᠡᠨ ᠵᠠᠰᠠᠯᠳᠠ᠎ᠶ᠋ᠢ ᠭᠦᠨᠵᠡᠭᠡᠢᠷᠡᠭᠦᠯᠵᠦ᠍᠂ ᠤᠯᠠᠨ ᠲᠦᠮᠡᠨ᠎ᠤ ᠠᠱᠢᠭ ᠳᠤᠰᠠ᠎ᠳᠤ ᠬᠤᠬᠢᠷᠠᠯ ᠤᠴᠠᠷᠠᠭᠤᠯᠤᠭ᠍ᠰᠠᠨ ᠠᠵᠢᠯᠯᠠᠭ᠎ᠠ᠎ᠶ᠋ᠢ ᠡᠷᠡᠰ ᠬᠤᠷᠢᠭ᠍ᠯᠠᠵᠤ᠂ ᠬᠡᠷ᠎ᠤᠨ ᠠᠬᠠᠮᠠᠳ᠎ᠤᠨ ᠰᠠᠨᠠᠭᠠᠱᠢᠷᠠᠯ᠎ᠢ ᠨᠠᠮᠳᠠᠭᠤᠯᠵᠤ᠂ ᠰᠠᠢᠨ ᠰᠠᠢᠬᠠᠨ ᠰᠤᠷᠭᠠᠨ ᠬᠥᠮᠦᠵᠢᠯ᠎ᠤᠨ ᠠᠮᠢ ᠠᠬᠤᠶ᠎ᠶ᠋ᠢ ᠪᠠᠢᠭᠤᠯᠬᠤ ᠶᠠᠪᠤᠳᠠᠯ ᠪᠣᠯᠤᠨ᠎ᠠ᠃ ᠶᠡᠷᠦᠩᠬᠡᠢ ᠬᠠᠷᠠᠯᠳᠠ᠎ᠨᠢ ᠰᠤᠷᠭᠠᠭᠤᠯᠢ᠎ᠶ᠋ᠢᠨ ᠰᠤᠷᠭᠠᠨ ᠬᠦᠮᠦᠵᠢᠯ ᠵᠢᠭᠠᠨ ᠰᠤᠷᠭᠠᠯᠳᠠ᠎ᠶ᠋ᠢᠨ ᠴᠢᠨᠠᠷ ᠴᠢᠨᠰᠠᠭ᠎ᠠ ᠪᠠ ᠦᠢᠯᠡᠴᠢᠯᠡᠬᠡᠨ᠎ᠤ ᠲᠦᠪᠱᠢᠨ᠎ᠢ ᠳᠡᠬᠡᠭ᠌ᠰᠢᠯᠡᠬᠦᠯᠵᠦ᠍᠂ ᠳᠠᠰᠭᠠᠯ ᠦᠯᠡᠳᠡᠬᠡᠬᠦ᠌᠎ᠳᠤ ᠱᠢᠨᠵᠢᠯᠡᠬᠦ᠌ ᠤᠬᠠᠭᠠᠨᠴᠢ ᠵᠦᠢ ᠵᠤᠬᠢᠰᠳᠠᠢ ᠪᠠᠢᠵᠤ᠂ ᠰᠤᠷᠤᠭ᠍ᠴᠢ᠎ᠶ᠋ᠢᠨ ᠰᠤᠷᠤᠯᠴᠠᠯᠭ᠎ᠠ᠎ᠶ᠋ᠢ ᠰᠤᠷᠭᠠᠭᠤᠯᠢ᠎ᠶ᠋ᠢᠨ ᠬᠦᠷᠢᠶᠡᠨ᠎ᠳᠤ ᠪᠤᠴᠠᠭᠠᠬᠤ ᠶᠠᠪᠤᠳᠠᠯ ᠪᠤᠯᠤᠨ᠎ᠠ᠃ ᠰᠤᠷᠭᠠᠭᠤᠯᠢ᠎ᠶ᠋ᠢᠨ ᠭᠠᠳᠠᠨᠠᠬᠢ ᠪᠤᠯᠪᠠᠰᠤᠷᠠᠯ᠎ᠤᠨ ᠪᠠᠢᠭᠤᠯᠤᠮᠵᠢ᠎ᠶ᠋ᠢᠨ ᠪᠤᠯᠪᠠᠰᠤᠷᠠᠯ᠎ᠤᠨ ᠠᠵᠢᠯᠯᠠᠭ᠎ᠠ᠎ᠶ᠋ᠢ ᠪᠦᠬᠦ᠌ ᠳᠠᠯ᠎ᠠ᠎ᠪᠠᠷ ᠵᠢᠷᠤᠮᠵᠢᠭᠤᠯᠵᠤ᠂ ᠬᠢᠴᠢᠶᠡᠯ ᠲᠦᠷᠦᠯ᠎ᠤᠨ ᠰᠤᠷᠭᠠᠭᠤᠯᠢ᠎ᠶ᠋ᠢᠨ ᠭᠠᠳᠠᠨᠠᠬᠢ ᠪᠤᠯᠪᠠᠰᠤᠷᠠᠯ᠎ᠤᠨ ᠪᠠᠢᠭᠤᠯᠤᠮᠵᠢ᠎ᠶ᠋ᠢᠨ ᠡᠯ᠎ᠠ ᠵᠦᠢᠯ᠎ᠤᠨ ᠡᠮᠬᠢ ᠵᠢᠷᠤᠮ ᠦᠬᠡᠢ ᠦᠵᠡᠭ᠌ᠳᠡᠯ᠎ᠢ ᠠᠷᠢᠯᠭᠠᠵᠤ᠂ ᠰᠤᠷᠭᠠᠭᠤᠯᠢ᠎ᠶ᠋ᠢᠨ ᠭᠠᠳᠠᠨᠠᠬᠢ ᠪᠤᠯᠪᠠᠰᠤᠷᠠᠯ᠎ᠤᠨ ᠪᠠᠢᠭᠤᠯᠤᠮᠵᠢ᠎ᠶ᠋ᠢᠨ ᠬᠠᠯᠠᠮᠱᠢᠯ᠎ᠢ ᠪᠠᠭᠤᠷᠠᠭᠤᠯᠤᠨ᠎ᠠ᠃ ᠵᠢᠯ᠎ᠤᠨ ᠳᠤᠳᠤᠷ᠎ᠠ ᠬᠡᠳᠤ ᠬᠦᠨᠳᠤ ᠳᠠᠰᠭᠠᠯ᠎ᠤᠨ ᠳᠠᠷᠤᠭᠠᠰᠤ ᠪᠠ ᠰᠤᠷᠭᠠᠭᠤᠯᠢ᠎ᠶ᠋ᠢᠨ ᠭᠠᠳᠠᠨᠠᠬᠢ ᠪᠤᠯᠪᠠᠰᠤᠷᠠᠯ᠎ᠤᠨ ᠪᠠᠢᠭᠤᠯᠤᠮᠵᠢ᠎ᠶ᠋ᠢᠨ ᠳᠠᠷᠤᠭᠠᠰᠤ᠂ ᠬᠡᠷ ᠪᠦᠯᠢ᠎ᠶ᠋ᠢᠨ ᠬᠦᠮᠦᠵᠢᠯ᠎ᠤᠨ ᠵᠠᠷᠤᠯᠭ᠎ᠠ ᠪᠠ ᠬᠡᠷ᠎ᠤᠨ ᠠᠬᠠᠮᠠᠳ᠎ᠤᠨ ᠳᠠᠷᠤᠭᠠᠰᠤ᠎ᠶ᠋ᠢ ᠪᠦᠳᠦᠮᠵᠢᠳᠡᠢ ᠬᠦᠩᠬᠡᠷᠡᠭᠦᠯᠵᠦ᠍᠂ ᠭᠤᠷᠪᠠᠨ ᠵᠢᠯ᠎ᠤᠨ ᠳᠤᠳᠤᠷ᠎ᠠ ᠡᠯ᠎ᠠ ᠵᠦᠢᠯ᠎ᠤᠨ ᠳᠠᠷᠤᠭᠠᠰᠤ᠎ᠶ᠋ᠢ ᠢᠯᠡᠷᠬᠡᠢ ᠬᠦᠩᠬᠡᠷᠡᠭᠦᠯᠦᠨ᠂ ᠰᠤᠷᠭᠠᠨ ᠬᠦᠮᠦᠵᠢᠯ᠎ᠤᠨ ᠴᠢᠨᠠᠷ ᠴᠢᠨᠰᠠᠭ᠎ᠠ᠎ᠶ᠋ᠢ ᠳᠡᠬᠡᠭ᠌ᠰᠢᠯᠡᠬᠦᠯᠵᠦ᠍᠂ ᠠᠷᠠᠳ ᠲᠦᠮᠡᠨ᠎ᠤ ᠬᠠᠨᠤᠮᠵᠢ᠎ᠶ᠋ᠢᠨ ᠬᠡᠮᠵᠢᠶ᠎ᠠ᠎ᠶ᠋ᠢ ᠢᠯᠡᠷᠬᠡᠢ ᠳᠡᠬᠡᠭ᠌ᠰᠢᠯᠡᠬᠦᠯᠬᠦ᠌ ᠪᠤᠯᠤᠨ᠎ᠠ᠃

ᠰᠤᠷᠭᠠᠨ ᠬᠦᠮᠦᠵᠢᠯ᠎ᠤᠨ ᠦᠢᠯᠡᠰ᠎ᠤᠨ ᠡᠷᠡᠬᠦᠯ ᠬᠦᠭ᠌ᠵᠢᠯᠳᠡ᠎ᠶ᠋ᠢᠨ ᠬᠦᠳᠦᠴᠢ

《ᠬᠤᠶᠠᠷ᠎ᠢ ᠬᠦᠩᠬᠡᠷᠡᠬᠦᠯᠬᠦ᠌》 ᠲᠦᠷᠦ᠎ᠶ᠋ᠢᠨ ᠪᠤᠳᠤᠯᠭ᠎ᠠ᠎ᠶ᠋ᠢᠨ ᠬᠡᠷᠡᠭ᠌ᠵᠢᠭᠦᠯᠦᠯᠲᠡ᠎ᠨᠢ ᠮᠠᠨ᠎ᠤ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠬᠡᠵᠦ᠍ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠤᠨ ᠳᠡᠭᠡᠳᠦ ᠰᠤᠷᠭᠠᠭᠤᠯᠢ᠎ᠶ᠋ᠢᠨ ᠦᠢᠯᠡᠳᠣᠯᠭᠡ᠎ᠶ᠋ᠢᠨ ᠵᠢᠭᠠᠨ ᠰᠤᠷᠭᠠᠯᠲᠠ᠎ᠶ᠋ᠢᠨ ᠳᠡᠳ᠋ ᠡᠷᠬᠢᠯᠡᠭ᠌ᠴᠢ ᠮᠠ ᠬᠤᠩ ᠹᠸᠢ ᠶᠠᠷᠢᠨ᠎ᠠ᠃ ᠳᠡᠷᠡ᠂ ᠪᠠᠭ᠎ᠠ ᠰᠤᠷᠭᠠᠭᠤᠯᠢ᠎ᠪᠠᠷ ᠵᠢᠱ᠌ᠢᠶᠡᠯᠡᠪᠡᠯ᠂ ᠬᠢᠴᠢᠶᠡᠯ ᠰᠤᠷᠤᠯᠭ᠎ᠠ᠎ᠶ᠋ᠢᠨ ᠬᠦᠨᠳᠦ ᠳᠠᠷᠤᠭᠠᠰᠤ᠂ ᠰᠤᠷᠭᠠᠭᠤᠯᠢ᠎ᠶ᠋ᠢᠨ ᠭᠠᠳᠠᠨᠠᠬᠢ ᠪᠤᠯᠪᠠᠰᠤᠷᠠᠯ᠎ᠤᠨ ᠪᠠᠢᠭᠤᠯᠤᠮᠵᠢ᠎ᠶ᠋ᠢᠨ ᠡᠮᠬᠢ ᠵᠢᠷᠤᠮ ᠥᠬᠡᠶ ᠤᠯᠠᠱᠢᠷᠠᠵᠤ ᠪᠠᠢᠬᠤ᠂ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠤᠨ ᠦᠢᠯᠡᠴᠢᠯᠡᠭᠡ᠎ᠶ᠋ᠢ ᠭᠠᠳᠠᠭ᠍ᠰᠢ ᠳᠠᠭᠠᠭᠠᠴᠢᠯᠠᠭᠤᠯᠬᠤ ᠲᠦᠭ᠌ᠰᠢᠭᠦᠷᠢ᠂ ᠬᠡᠷ ᠪᠦᠯᠢ᠎ᠶ᠋ᠢᠨ ᠰᠤᠷᠭᠠᠨ ᠬᠥᠮᠦᠵᠢᠯ᠎ᠤᠨ ᠯᠤᠲᠤ ᠶᠡᠭᠡ ᠠᠵᠤ ᠠᠬᠤᠶ᠎ᠶ᠋ᠢᠨ ᠳᠠᠷᠤᠭᠠᠰᠤ ᠪᠠ ᠰᠡᠳᠭᠢᠴᠡ᠎ᠶ᠋ᠢᠨ ᠳᠠᠷᠤᠭᠠᠰᠤ᠎ᠨᠢ ᠰᠤᠷᠭᠠᠨ ᠬᠥᠮᠦᠵᠢᠯ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠨᠥᠯᠥᠭᠡᠯᠡᠵᠦ᠍᠂ ᠰᠠᠭᠤᠷᠢ ᠰᠤᠷᠭᠠᠨ ᠬᠥᠮᠦᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠴᠢᠨᠠᠷ ᠴᠢᠨᠰᠠᠭ᠎ᠠ᠎ᠶ᠋ᠢ ᠬᠦᠨᠳᠦ ᠨᠣᠴᠢᠲᠠᠶ ᠬᠦᠯᠢᠶᠡᠰᠦᠯᠡᠵᠦ᠍ ᠪᠠᠢᠨ᠎ᠠ᠃ ᠡᠢᠮᠦ᠎ᠠᠴᠠ᠂ 《ᠬᠤᠶᠠᠷ᠎ᠢ ᠬᠦᠩᠬᠡᠷᠡᠬᠦᠯᠬᠦ᠌》 ᠎ᠶ᠋ᠢ ᠨᠠᠢᠳᠠᠪᠤᠷᠢᠵᠢᠭᠤᠯᠬᠤ᠎ᠳᠤ ᠰᠤᠷᠭᠠᠭᠤᠯᠢ᠂ ᠬᠡᠷ ᠪᠦᠯᠢ᠂ ᠨᠡᠢᠭᠡᠮ ᠬᠠᠮᠵᠢᠯᠴᠠᠨ ᠬᠥᠮᠦᠨ ᠬᠥᠮᠦᠵᠢᠭᠦᠯᠬᠦ᠌ ᠰᠠᠢᠨ ᠰᠠᠢᠬᠠᠨ ᠠᠵᠠ ᠲᠣᠬᠢᠶᠠᠯ᠎ᠢ ᠬᠠᠢᠨ ᠰᠦᠪᠡᠭ᠌ᠴᠢᠯᠡᠵᠦ᠍ ᠪᠤᠯᠬᠤ ᠶᠤᠮ᠂ ᠪᠢᠳᠡ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠰᠤᠷᠭᠠᠨ ᠬᠥᠮᠦᠵᠢᠯ᠎ᠤᠨ ᠦᠨᠡᠨ ᠶᠣᠰᠣ᠎ᠠᠴᠠ ᠭᠠᠷᠳᠠᠨ ᠠᠵᠢᠯ᠎ᠢᠶᠠᠨ ᠦᠷᠨᠢᠬᠦᠯᠵᠦ᠍ ᠪᠤᠯᠤᠨ᠎ᠠ᠃ ᠪᠠᠭ᠍ᠰᠢ᠎ᠶ᠋ᠢᠨ ᠶᠡᠭᠡ ᠳᠡᠬᠡᠳᠤ ᠰᠤᠷᠭᠠᠭᠤᠯᠢ᠎ᠨᠢ ᠴᠤ᠌ ᠱᠢᠨ᠎ᠡ ᠪᠠᠢᠳᠠᠯ᠎ᠳᠤ ᠵᠤᠬᠢᠴᠠᠭ᠍ᠰᠠᠨ ᠶᠡᠷᠦᠩᠬᠡᠢᠯᠡᠭ᠌ᠰᠡᠨ ᠴᠢᠳᠠᠪᠤᠷᠢ᠎ᠪᠠᠷ ᠦᠨᠳᠦᠷ ᠱᠢᠯᠢᠳᠡᠭ ᠴᠢᠳᠠᠪᠤᠷᠢᠲᠠᠨ᠎ᠢ ᠬᠦᠮᠦᠵᠢᠬᠦᠯᠬᠦ᠌ ᠴᠢᠬᠤᠯᠠ᠎ᠲᠠᠢ ᠬᠡᠯ᠎ᠠ᠃

ᠡᠷᠢᠶᠡᠨ ᠬᠤᠳᠠ᠎ᠶ᠋ᠢᠨ ᠬᠤᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠨᠠᠮ᠎ᠤᠨ ᠡᠭᠦᠷ᠎ᠤᠨ ᠱᠦᠵᠢ᠂ ᠰᠤᠷᠭᠠᠭᠤᠯᠢ᠎ᠶ᠋ᠢᠨ ᠵᠠᠬᠢᠷᠤᠯ ᠰᠠᠷᠠᠨ᠎ᠠ ᠰᠤᠷᠭᠠᠨ ᠬᠥᠮᠦᠵᠢᠯ᠎ᠤᠨ ᠠᠵᠢᠯᠳᠠᠨ ᠪᠠ ᠬᠠᠷᠢᠭᠤᠴᠠᠯᠭᠠᠳᠠᠨ ᠪᠣᠯᠤᠭ᠍ᠰᠠᠨ᠎ᠤ ᠬᠤᠪᠢ᠎ᠳᠤ 《ᠬᠤᠶᠠᠷ᠎ᠢ ᠬᠦᠩᠬᠡᠷᠡᠬᠦᠯᠬᠦ᠌》 ᠲᠦᠷᠦ᠎ᠶ᠋ᠢᠨ ᠪᠤᠳᠤᠯᠭ᠎ᠠ᠎ᠶ᠋ᠢᠨ ᠳᠤᠬᠠᠢ ᠤᠢ᠍ᠢᠯᠠᠭᠠᠯᠳᠠ ᠲᠦᠷᠦᠭ᠌ᠳᠡᠯ ᠬᠦᠨ ᠪᠠᠢᠵᠤ᠂ ᠥᠪᠡᠷ᠎ᠤᠨ ᠬᠢᠵᠦ᠍ ᠪᠠᠢᠭ᠎ᠠ ᠠᠵᠢᠯ ᠦᠢᠯᠡᠰ᠎ᠲᠡᠭᠡᠨ ᠨᠡᠩ ᠪᠠᠲᠤ ᠢᠲᠡᠭᠡᠯ᠎ᠲᠠᠢ ᠪᠤᠯᠵᠠᠢ᠃ ᠲᠡᠷᠡ᠂ 《ᠬᠤᠶᠠᠷ᠎ᠢ ᠬᠦᠩᠬᠡᠷᠡᠬᠦᠯᠬᠦ᠌》 ᠲᠥᠷᠥ᠎ᠶ᠋ᠢᠨ ᠪᠣᠳᠣᠯᠭ᠎ᠠ᠎ᠶ᠋ᠢ ᠪᠣᠳᠠᠲᠠᠶ ᠨᠠᠢᠳᠠᠪᠤᠷᠢᠵᠢᠭᠤᠯᠪᠠᠯ ᠰᠤᠷᠭᠠᠭᠤᠯᠢ᠎ᠶ᠋ᠢᠨ 45 ᠮᠢᠨᠦ᠋ᠲ᠎ᠤᠨ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠡᠭᠦᠨ᠎ᠢᠶᠠᠷ ᠰᠤᠷᠤᠭ᠍ᠴᠢᠳ᠎ᠤᠨ ᠬᠢᠴᠢᠶᠡᠯ ᠰᠤᠷᠤᠯᠭ᠎ᠠ᠎ᠶ᠋ᠢᠨ ᠳᠠᠷᠤᠭᠠᠰᠤ᠎ᠶ᠋ᠢ ᠬᠥᠩᠭᠡᠷᠡᠭᠦᠯᠵᠦ᠍ ᠪᠤᠯᠤᠨ᠎ᠠ᠃ ᠪᠠᠭ᠍ᠰᠢ ᠨᠠᠷ ᠳᠠᠰᠭᠠᠯ ᠳᠠᠭᠠᠭᠠᠯᠭᠠᠪᠤᠷᠢ᠎ᠪᠠᠨ ᠨᠠᠷᠢᠨ ᠨᠢᠮᠪᠠᠶ ᠪᠡᠯᠡᠳᠭᠡᠵᠦ᠍᠂ ᠱᠠᠲᠤ ᠬᠤᠪᠢᠶᠠᠨ ᠳᠠᠰᠭᠠᠯ᠎ᠢᠶᠠᠨ ᠪᠠᠢᠷᠢᠯᠠᠭᠤᠯᠵᠤ᠂ ᠠᠳᠠᠯᠢ ᠪᠤᠰᠤ ᠰᠤᠷᠤᠯᠴᠠᠬᠤ ᠴᠢᠳᠠᠪᠤᠷᠢ ᠪᠦᠬᠦᠢ ᠰᠤᠷᠤᠭ᠍ᠴᠢᠳ᠎ᠢ ᠵᠡᠷᠭᠡ᠎ᠪᠠᠷ ᠬᠠᠷᠠᠭᠠᠯᠵᠠᠵᠤ ᠪᠤᠯᠤᠨ᠎ᠠ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠱᠠᠲᠤᠨ᠎ᠤ ᠰᠤᠷᠭᠠᠭᠤᠯᠢ᠎ᠶ᠋ᠢᠨ ᠬᠢᠴᠢᠶᠡᠯ᠎ᠤᠨ ᠳᠠᠷᠠᠭᠠᠬᠢ ᠦᠢᠯᠡᠴᠢᠯᠡᠭᠡ᠎ᠶ᠋ᠢ ᠪᠦᠬᠦᠨ᠎ᠳᠤ ᠪᠦᠷᠬᠦᠭᠦᠯᠵᠦ᠍᠂ ᠰᠤᠷᠤᠭ᠍ᠴᠢᠳ᠎ᠢ ᠰᠤᠷᠭᠠᠭᠤᠯᠢ᠎ᠶ᠋ᠢᠨ ᠬᠦᠷᠢᠶᠡᠨ᠎ᠳᠤ ᠪᠤᠴᠠᠭᠠᠨ ᠠᠪᠴᠢᠷᠠᠪᠠᠯ ᠰᠤᠷᠤᠭ᠍ᠴᠢ᠎ᠶ᠋ᠢᠨ ᠰᠤᠷᠭᠠᠭᠤᠯᠢ᠎ᠶ᠋ᠢᠨ ᠳᠤᠳᠤᠨ᠎ᠠ ᠭᠠᠳᠠᠨᠠᠬᠢ ᠳᠠᠷᠤᠭᠠᠰᠤ᠎ᠶ᠋ᠢ ᠦᠨᠡᠨ ᠬᠦ᠌ ᠬᠦᠩᠬᠡᠷᠡᠬᠦᠯᠵᠦ᠍ ᠴᠢᠳᠠᠨ᠎ᠠ ᠬᠡᠯ᠎ᠡ᠃

《ᠬᠤᠶᠠᠷ᠎ᠢ ᠬᠦᠩᠬᠡᠷᠡᠬᠦᠯᠬᠦ᠌》 ᠲᠥᠷᠥ᠎ᠶ᠋ᠢᠨ ᠪᠣᠳᠣᠯᠭ᠎ᠠ᠎ᠨᠢ ᠰᠤᠷᠤᠭ᠍ᠴᠢᠳ᠎ᠤᠨ ᠪᠥᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠵᠤ᠂ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢᠨ ᠦᠢᠯᠡᠴᠢᠯᠡᠭᠡᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢ ᠵᠤᠷᠢᠳᠠᠭ᠃ ᠬᠢᠴᠢᠶᠡᠯ᠎ᠤᠨ ᠭᠠᠳᠠᠨᠠᠬᠢ ᠴᠠᠭ᠎ᠢ ᠱᠢᠨᠵᠢᠯᠡᠬᠦ᠌ ᠤᠬᠠᠭᠠᠨᠴᠢ᠎ᠪᠠᠷ ᠠᠱᠢᠭ᠍ᠯᠠᠵᠤ᠂ ᠪᠡᠶ᠎ᠡ᠎ᠶ᠋ᠢᠨ ᠲᠠᠮᠢᠷ᠂ ᠤᠩᠱᠢᠯᠭ᠎ᠠ᠂ ᠤᠳᠭ᠎ᠠ ᠵᠣᠬᠢᠶᠠᠯ᠂ ᠤᠷᠠᠯᠢᠭ᠎ᠤᠨ ᠳᠠᠯ᠎ᠠ᠎ᠶ᠋ᠢᠨ ᠬᠦᠮᠦᠵᠢᠯ᠎ᠢᠶᠠᠷ ᠰᠤᠷᠤᠭ᠍ᠴᠢᠳ᠎ᠤᠨ ᠣᠯᠠᠨ ᠶᠠᠩᠵᠤ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ᠂ ᠰᠤᠷᠭᠠᠭᠤᠯᠢ᠎ᠶ᠋ᠢᠨ ᠬᠢᠴᠢᠶᠡᠯ᠎ᠤᠨ ᠳᠠᠷᠠᠭᠠᠬᠢ ᠦᠢᠯᠡᠴᠢᠯᠡᠭᠡᠨ᠎ᠤ ᠴᠢᠨᠠᠷ ᠴᠢᠨᠰᠠᠭ᠎ᠠ᠂ ᠲᠠᠲᠠᠬᠤ ᠬᠦᠴᠦᠨ᠎ᠢ ᠳᠡᠬᠡᠭ᠌ᠰᠢᠯᠡᠬᠦᠯᠬᠦ᠌ ᠴᠢᠬᠤᠯᠠ᠎ᠲᠠᠢ ᠬᠡᠵᠦ᠍ ᠬᠦᠬᠡᠬᠤᠳᠠ᠎ᠶ᠋ᠢᠨ ᠲᠦᠷᠪᠡᠳᠦᠬᠡᠷ ᠳᠤᠮᠳᠠᠳᠤ ᠰᠤᠷᠭᠠᠭᠤᠯᠢ᠎ᠶ᠋ᠢᠨ ᠪᠠᠭ᠍ᠰᠢ ᠵᠠᠩ ᠶᠦᠩ ᠶᠠᠨ ᠪᠤᠳᠤᠯ᠎ᠢᠶᠠᠨ ᠶᠠᠷᠢᠨ᠎ᠠ᠃

ᠣᠢᠷ᠎ᠠ᠎ᠶ᠋ᠢᠨ ᠵᠢᠯ᠎ᠳᠤ᠂ ᠰᠤᠷᠭᠠᠨ ᠬᠥᠮᠦᠵᠢᠯ᠎ᠤᠨ ᠵᠢᠮ᠎ᠡ ᠶᠣᠰᠣᠨ᠎ᠳᠤ ᠨᠡᠢᠴᠡᠬᠦ᠌ ᠦᠭᠡᠶ ᠰᠤᠷᠭᠠᠭᠤᠯᠢ᠎ᠶ᠋ᠢᠨ ᠳᠠᠰᠭᠠᠯ ᠳᠠᠭᠠᠭᠠᠯᠭᠠᠪᠤᠷᠢ᠎ᠶ᠋ᠢ ᠬᠡᠳᠦ ᠠᠷᠪᠢᠨ ᠦᠯᠡᠳᠡᠬᠡᠬᠦ᠌ ᠪᠣᠯᠤᠨ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠨᠢ ᠨᠢᠭᠡᠨᠲᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ ᠵᠢᠴᠢ ᠭᠡᠷ᠎ᠤᠨ ᠠᠬᠠᠮᠠᠳ᠎ᠤᠨ ᠳᠠᠷᠤᠭᠠᠰᠤ᠎ᠶ᠋ᠢ ᠬᠦᠨᠳᠦᠷᠡᠬᠦᠯᠵᠦ᠍᠂ ᠰᠤᠷᠭᠠᠨ ᠬᠥᠮᠦᠵᠢᠯ᠎ᠤᠨ ᠦᠢᠯᠡᠰ᠎ᠤᠨ ᠡᠷᠡᠭᠦᠯ᠎ᠢᠶᠠᠷ ᠬᠥᠭ᠌ᠵᠢᠬᠦ᠌᠎ᠳᠤ ᠲᠤᠩ ᠶᠡᠭᠡ ᠨᠠᠵᠠᠭᠠᠶ ᠨᠥᠯᠥᠭᠡ ᠦᠵᠡᠭᠦᠯᠦᠭ᠌ᠰᠡᠨ ᠪᠠᠢᠨ᠎ᠠ ᠬᠡᠵᠦ᠍ ᠣᠷᠳᠣᠰ ᠬᠤᠲᠠ᠎ᠶ᠋ᠢᠨ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠰᠠᠭᠤᠷᠢ ᠰᠤᠷᠭᠠᠨ ᠬᠥᠮᠦᠵᠢᠯ᠎ᠤᠨ ᠰᠠᠯᠠᠭᠠᠨ᠎ᠤ ᠳᠠᠷᠤᠭ᠎ᠠ ᠯᠠᠶ ᠸᠧᠶ ᠶᠠᠷᠢᠨ᠎ᠠ᠃ 《ᠬᠤᠶᠠᠷ᠎ᠢ ᠬᠦᠩᠬᠡᠷᠡᠬᠦᠯᠬᠦ᠌》 ᠲᠥᠷᠥ᠎ᠶ᠋ᠢᠨ ᠪᠣᠳᠣᠯᠭ᠎ᠠ᠎ᠨᠢ ᠰᠤᠷᠭᠠᠨ ᠬᠥᠮᠦᠵᠢᠯ᠎ᠤᠨ ᠬᠦᠭ᠌ᠵᠢᠯᠳᠡ᠎ᠶ᠋ᠢᠨ ᠵᠢᠮ᠎ᠡ ᠶᠣᠰᠣ᠎ᠶ᠋ᠢ ᠵᠢᠷᠤᠮᠯᠠᠠ᠂ ᠨᠡᠢᠲᠡ᠎ᠶ᠋ᠢᠨ ᠠᠰᠠᠷᠠᠮᠵᠢ᠎ᠶ᠋ᠢᠨ ᠱᠢᠨᠵᠢ ᠴᠢᠨᠠᠷ᠎ᠢ ᠢᠯᠡᠷᠡᠭᠦᠯᠵᠦ᠍᠂ ᠰᠤᠷᠤᠭ᠍ᠴᠢ᠎ᠶ᠋ᠢᠨ ᠳᠠᠷᠤᠭᠠᠰᠤ ᠬᠡᠳᠤ ᠬᠦᠨᠳᠤ ᠪᠠᠢᠬᠤ᠎ᠶ᠋ᠢ ᠦᠨᠳᠦᠰᠦᠨ᠎ᠠᠴᠠ᠎ᠨᠢ ᠱᠢᠢᠳᠪᠤᠷᠢᠯᠡᠨ᠂ ᠰᠤᠷᠭᠠᠨ ᠬᠥᠮᠦᠵᠢᠯ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠬᠤ᠎ᠶ᠋ᠢᠨ ᠲᠥᠯᠥᠭᠡ ᠶᠤᠮ᠃ ᠳᠠᠷᠠᠭᠠᠴᠢ᠎ᠪᠠᠷ᠂ ᠡᠯ᠎ᠡ ᠭᠠᠵᠠᠷ᠎ᠤᠨ ᠰᠤᠷᠭᠠᠨ ᠬᠥᠮᠦᠵᠢᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠦᠨᠡᠨ ᠪᠣᠳᠠᠲᠠᠶ ᠠᠷᠭ᠎ᠠ ᠬᠡᠮᠵᠢᠶ᠎ᠡ ᠠᠪᠴᠤ᠌᠂ ᠰᠤᠷᠭᠠᠭᠤᠯᠢ᠎ᠶ᠋ᠢᠨ ᠳᠤᠳᠤᠭᠠᠳᠤ᠎ᠶ᠋ᠢᠨ ᠦᠢᠯᠡᠴᠢᠯᠡᠭᠡ᠎ᠶ᠋ᠢ ᠰᠠᠢᠵᠢᠷᠠᠭᠤᠯᠵᠤ᠂ ᠬᠡᠷ᠎ᠤᠨ ᠠᠬᠠᠮᠠᠳ᠎ᠤᠨ ᠰᠠᠨᠠᠭᠠᠱᠢᠷᠠᠯ᠎ᠢ ᠨᠠᠮᠳᠠᠭᠤᠯᠵᠤ᠂ ᠡᠬᠦᠨ᠎ᠤ ᠤᠯᠠᠮ᠎ᠢᠶᠠᠷ 《ᠬᠤᠶᠠᠷ᠎ᠢ ᠬᠦᠩᠬᠡᠷᠡᠬᠦᠯᠬᠦ᠌》 ᠵᠤᠷᠢᠯᠭ᠎ᠠ᠎ᠳᠠᠭᠠᠨ ᠬᠦᠷᠪᠡᠯ ᠵᠤᠬᠢᠨ᠎ᠠ ᠬᠡᠯ᠎ᠡ᠃

ᠬᠡᠦᠬᠡᠳ ᠪᠤᠯ ᠬᠠᠮᠤᠭ᠎ᠤᠨ ᠶᠡᠭᠡ ᠠᠱᠢᠭ ᠬᠦᠷᠳᠡᠭ᠌ᠴᠢ

ᠬᠡᠦᠬᠡᠳ ᠪᠤᠯ 《ᠬᠤᠶᠠᠷ᠎ᠢ ᠬᠦᠩᠬᠡᠷᠡᠬᠦᠯᠬᠦ᠌》 ᠲᠦᠷᠦ᠎ᠶ᠋ᠢᠨ ᠪᠤᠳᠤᠯᠭ᠎ᠠ᠎ᠶ᠋ᠢᠨ ᠬᠠᠮᠤᠭ᠎ᠤᠨ ᠶᠡᠭᠡ ᠠᠱᠢᠭ ᠬᠦᠷᠳᠡᠭ᠌ᠴᠢ ᠪᠤᠯᠤᠨ᠎ᠠ ᠬᠡᠵᠦ᠍ ᠬᠦᠬᠡᠬᠤᠳᠠ᠎ᠶ᠋ᠢᠨ ᠦᠨᠳᠦᠰᠦᠳᠡᠨ᠎ᠤ ᠳᠤᠷᠱᠢᠯᠳᠠ᠎ᠶ᠋ᠢᠨ ᠰᠤᠷᠭᠠᠭᠤᠯᠢ᠎ᠶ᠋ᠢᠨ ᠰᠤᠷᠤᠭ᠍ᠴᠢ᠎ᠶ᠋ᠢᠨ ᠬᠡᠷ᠎ᠤᠨ ᠠᠬᠠᠮᠠᠳ ᠨᠠᠷᠠᠨ ᠶᠠᠷᠢᠨ᠎ᠠ᠃ ᠡᠨᠡ ᠬᠦ᠌ ᠲᠦᠷᠦ᠎ᠶ᠋ᠢᠨ ᠪᠤᠳᠤᠯᠭ᠎ᠠ᠎ᠨᠢ ᠰᠤᠷᠤᠭ᠍ᠴᠢᠳ᠎ᠤᠨ ᠬᠡᠪ᠎ᠤᠨ ᠦᠰᠦᠨ ᠪᠤᠢᠵᠢᠯᠳᠠ᠂ ᠠᠮᠠᠷᠠᠯᠲᠠ᠂ ᠨᠠᠭᠠᠳᠤᠨ ᠳᠤᠭ᠍ᠯᠠᠬᠤ ᠴᠠᠭ᠎ᠢ ᠪᠠᠲᠤᠯᠠᠭ᠍ᠰᠠᠨ ᠪᠥᠭᠡᠳ ᠲᠡᠳᠡᠨ᠎ᠤ ᠦᠰᠦᠨ ᠪᠤᠢᠵᠢᠯᠳᠠ᠎ᠶ᠋ᠢᠨ ᠶᠠᠪᠤᠴᠠ᠎ᠳᠠᠬᠢ ᠪᠡᠶ᠎ᠡ ᠰᠡᠳᠭᠢᠴᠡ᠎ᠶ᠋ᠢᠨ ᠡᠷᠡᠭᠦᠯ ᠮᠡᠨᠳᠦ᠎ᠶ᠋ᠢ ᠪᠤᠳᠤᠯᠬᠢᠯᠠᠵᠠᠢ᠃ ᠦᠩᠬᠡᠷᠡᠭ᠌ᠰᠡᠨ᠎ᠤ ᠳᠠᠰᠭᠠᠯ ᠬᠡᠳᠦ ᠠᠷᠪᠢᠨ᠂ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠳᠤ ᠬᠡᠳᠦ ᠤᠷᠤᠯᠴᠠᠬᠤ᠎ᠨᠢ ᠰᠤᠷᠤᠭ᠍ᠴᠢᠳ᠎ᠤᠨ ᠬᠢᠴᠢᠶᠡᠯ᠎ᠤᠨ ᠭᠠᠳᠠᠨᠠᠬᠢ ᠴᠠᠭ᠎ᠢ ᠡᠵᠡᠯᠡᠵᠦ᠍᠂ ᠰᠤᠷᠤᠭ᠍ᠴᠢ ᠬᠦᠢᠴᠡᠳ ᠠᠮᠠᠷᠠᠵᠤ ᠴᠢᠳᠠᠬᠤ ᠦᠬᠡᠢ᠎ᠠᠴᠠ ᠪᠤᠯᠵᠤ᠂ ᠭᠡᠳᠡᠷᠭᠦ᠎ᠪᠠᠨ ᠰᠤᠷᠭᠠᠭᠤᠯᠢ᠎ᠳᠠᠬᠢ ᠰᠤᠷᠤᠯᠴᠠᠯᠭ᠎ᠠ᠎ᠶ᠋ᠢ ᠨᠦᠯᠦᠬᠡᠯᠡᠬᠦ᠌ ᠮᠠᠭᠤ ᠤᠷᠴᠢᠯ ᠡᠬᠦᠰᠭᠡᠳᠡᠭ᠃ 《ᠬᠤᠶᠠᠷ᠎ᠢ ᠬᠦᠩᠬᠡᠷᠡᠬᠦᠯᠬᠦ᠌》 ᠲᠥᠷᠥ᠎ᠶ᠋ᠢᠨ ᠪᠣᠳᠣᠯᠭ᠎ᠠ᠎ᠨᠢ ᠰᠤᠷᠤᠭ᠍ᠴᠢᠳ᠎ᠤᠨ ᠰᠠᠢᠨ ᠰᠠᠢᠬᠠᠨ ᠰᠤᠷᠤᠯᠴᠠᠬᠤ ᠳᠠᠳᠭᠠᠯ᠎ᠢ ᠬᠥᠮᠦᠵᠢᠭᠦᠯᠬᠦ᠂ ᠬᠢᠴᠢᠶᠡᠯ᠎ᠤᠨ ᠭᠠᠳᠠᠨᠠᠬᠢ ᠴᠠᠭ᠎ᠢᠶᠠᠷ ᠰᠤᠷᠤᠭ᠍ᠴᠢ᠎ᠶ᠋ᠢᠨ ᠤᠷ᠎ᠠ ᠠᠪᠢᠶᠠᠰ ᠪᠠ ᠳᠤᠷ᠎ᠠ ᠰᠤᠨᠢᠷᠬᠠᠯ᠎ᠢ ᠨᠡᠬᠡᠬᠡᠨ ᠬᠦᠭ᠌ᠵᠢᠬᠡᠬᠦ᠌᠎ᠳᠤ ᠠᠴᠢ ᠬᠤᠯᠪᠣᠭ᠍ᠳᠠᠯ᠎ᠲᠠᠢ ᠬᠡᠵᠦ᠍ ᠨᠠᠷᠠᠨ ᠦᠪᠡᠷ᠎ᠤᠨ ᠦᠵᠡᠯᠳᠡ ᠪᠤᠳᠤᠯ᠎ᠢᠶᠠᠨ ᠳᠡᠯᠬᠡᠨ᠎ᠡ᠃

ᠴᠡᠴᠡᠷᠯᠢᠭ᠎ᠤᠨ ᠬᠡᠦᠬᠡᠳ᠎ᠤᠨ ᠯᠤᠬᠢᠭ ᠰᠡᠳᠭᠢᠬᠦᠢ᠎ᠶ᠋ᠢ ᠬᠦᠭ᠌ᠵᠢᠬᠦᠯᠬᠦ᠂ ᠬᠡᠦᠬᠡᠳ᠎ᠤᠨ ᠬᠡᠯᠡᠨ᠎ᠤ ᠮᠡᠳᠡᠷᠡᠮᠵᠢ᠎ᠶ᠋ᠢ ᠡᠷᠳᠡ᠎ᠠᠴᠠ ᠨᠡᠬᠡᠬᠡᠬᠦ᠂ ᠪᠠᠭ᠎ᠠ ᠰᠤᠷᠭᠠᠭᠤᠯᠢ᠎ᠶ᠋ᠢᠨ ᠰᠤᠷᠤᠭ᠍ᠴᠢ᠎ᠶ᠋ᠢᠨ ᠵᠤᠬᠢᠶᠠᠨ ᠪᠢᠴᠢᠯᠬᠡ᠎ᠶ᠋ᠢᠨ ᠬᠢᠴᠢᠶᠡᠯ᠂ ᠡᠷᠳᠡᠨ᠎ᠤ ᠬᠡᠯᠡᠨ᠎ᠤ ᠬᠢᠴᠢᠶᠡᠯ ᠤᠩᠱᠢᠨ ᠵᠠᠳᠠᠯᠬᠤ ᠴᠢᠳᠠᠪᠤᠷᠢ᠎ᠶ᠋ᠢᠨ ᠪᠤᠯᠪᠠᠰᠤᠷᠠᠯ᠂ ᠳᠤᠭᠠᠨ᠎ᠤ ᠰᠡᠳᠭᠢᠬᠦᠢ᠎ᠶ᠋ᠢ ᠬᠦᠮᠦᠵᠢᠬᠦᠯᠬᠦ᠂ ᠱᠢᠨ᠎ᠠ ᠰᠤᠷᠤᠯᠭ᠎ᠠ᠎ᠶ᠋ᠢᠨ ᠬᠤᠭᠤᠴᠠᠭ᠎ᠠ᠎ᠶ᠋ᠢᠨ ᠬᠢᠴᠢᠶᠡᠯ᠎ᠢᠶᠠᠨ ᠤᠷᠢᠳᠴᠢᠯᠠᠨ ᠰᠤᠷᠬᠤ ᠁ ᠰᠤᠷᠭᠠᠭᠤᠯᠢ᠎ᠶ᠋ᠢᠨ ᠭᠠᠳᠠᠨᠠᠬᠢ ᠪᠤᠯᠪᠠᠰᠤᠷᠠᠯ᠎ᠤᠨ ᠪᠠᠢᠭᠤᠯᠤᠮᠵᠢ᠎ᠶ᠋ᠢᠨ ᠭᠠᠵᠠᠷ ᠰᠠᠢ ᠦᠬᠡᠢ ᠤᠬᠠᠭᠤᠯᠭ᠎ᠠ᠎ᠨᠢ ᠬᠡᠷ᠎ᠤᠨ ᠠᠬᠠᠮᠠᠳ᠎ᠢ ᠦᠨᠡᠬᠡᠷ ᠲᠦᠬᠡᠷᠢᠭ᠌ᠳᠡᠬᠦᠯᠦᠨ᠎ᠡ᠃ ᠡᠪᠦᠯ ᠵᠤᠨ᠎ᠤ ᠠᠮᠠᠷᠠᠯᠳᠠ ᠪᠤᠶᠤ ᠱᠢᠨ᠎ᠠ ᠰᠤᠷᠤᠯᠭ᠎ᠠ᠎ᠶ᠋ᠢᠨ ᠬᠤᠭᠤᠴᠠᠭ᠎ᠠ ᠡᠬᠢᠯᠡᠬᠦ᠌᠎ᠪᠠᠷ ᠵᠠᠷᠢᠮ ᠬᠡᠷ᠎ᠤᠨ ᠠᠬᠠᠮᠠᠳ ᠬᠡᠦᠬᠡᠳ᠎ᠲᠡᠭᠡᠨ ᠡᠯ᠎ᠠ ᠵᠦᠢᠯ᠎ᠤᠨ ᠳᠤᠷ᠎ᠠ ᠰᠤᠨᠢᠷᠬᠠᠯ᠎ᠤᠨ ᠠᠩᠬᠢ ᠪᠤᠶᠤ ᠬᠢᠴᠢᠶᠡᠯ ᠲᠦᠷᠦᠯ ᠨᠦᠬᠦᠬᠦ᠌ ᠠᠩᠬᠢ ᠡᠷᠢᠬᠡᠳ ᠮᠤᠩᠭᠠᠨᠢᠳᠠᠭ᠃

— ᠭᠡᠷ᠎ᠤᠨ ᠠᠬᠠᠮᠠᠳ ᠪᠢᠳᠡ ᠤᠳᠤ᠎ᠶ᠋ᠢᠨ 《ᠬᠤᠶᠠᠷ᠎ᠢ ᠬᠦᠩᠬᠡᠷᠡᠬᠦᠯᠬᠦ᠌》 ᠲᠦᠷᠦ᠎ᠶ᠋ᠢᠨ ᠪᠤᠳᠤᠯᠭ᠎ᠠ᠎ᠶ᠋ᠢ ᠵᠦᠪ ᠬᠦᠨᠵᠡᠬᠡᠢ ᠤᠢ᠍ᠢᠯᠠᠭᠠᠵᠤ᠂ ᠬᠡᠦᠬᠡᠳ᠎ᠲᠡᠭᠡᠨ ᠡᠷᠡᠬᠦᠯ ᠰᠠᠷᠠᠭᠤᠯ᠂ ᠪᠠᠶᠠᠷ ᠪᠠᠶᠠᠰᠤᠯ᠎ᠲᠠᠢ ᠰᠤᠷᠭᠠᠨ ᠬᠦᠮᠦᠵᠢᠯ ᠬᠦᠷᠳᠡᠬᠡᠶ᠎ᠠ ᠬᠡᠵᠦ᠍ ᠬᠦᠬᠡᠬᠤᠳᠠ᠎ᠶ᠋ᠢᠨ ᠮᠤᠩᠭᠤᠯ ᠦᠨᠳᠦᠰᠦᠳᠡᠨ᠎ᠤ ᠰᠤᠷᠭᠠᠭᠤᠯᠢ᠎ᠶ᠋ᠢᠨ ᠰᠤᠷᠤᠭ᠍ᠴᠢ᠎ᠶ᠋ᠢᠨ ᠬᠡᠷ᠎ᠤᠨ ᠠᠬᠠᠮᠠᠳ ᠤᠷᠭᠤᠮᠠᠯ ᠶᠠᠷᠢᠨ᠎ᠠ᠃

《ᠬᠤᠶᠠᠷ᠎ᠢ ᠬᠦᠩᠬᠡᠷᠡᠬᠦᠯᠬᠦ᠌》 ᠲᠦᠷᠦ᠎ᠶ᠋ᠢᠨ ᠪᠤᠳᠤᠯᠭ᠎ᠠ᠎ᠨᠢ ᠪᠢᠳᠡᠨ᠎ᠤ ᠡᠷᠡᠭᠦᠯ᠎ᠢᠶᠠᠷ ᠦᠰᠦᠨ ᠪᠤᠢᠵᠢᠬᠤ᠎ᠳᠤ ᠠᠱᠢᠭ᠍ᠲᠠᠢ ᠪᠠᠢᠬᠤ᠎ᠶ᠋ᠢ ᠲᠧᠯᠧᠢᠰ ᠰᠦᠯᠵᠢᠶᠡᠨ᠎ᠤ ᠮᠡᠳᠡᠭᠡᠯᠡᠯ᠎ᠠᠴᠠ ᠦᠵᠡᠵᠡᠢ ᠬᠡᠵᠦ᠍ ᠦᠬᠠᠶ ᠬᠤᠲᠠ᠎ᠶ᠋ᠢᠨ ᠬᠤᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢ ᠯᠢᠨ ᠽᠢ ᠱᠢᠤᠸᠠᠨ ᠶᠠᠷᠢᠨ᠎ᠠ᠃ ᠳᠠᠰᠭᠠᠯ ᠳᠠᠭᠠᠭᠠᠯᠭᠠᠪᠤᠷᠢ᠎ᠶ᠋ᠢ ᠴᠦᠬᠡᠳᠭᠡᠨ᠂ ᠬᠢᠴᠢᠶᠡᠯ ᠨᠥᠬᠦᠬᠦ᠌ ᠳᠠᠷᠤᠯᠲᠠ᠎ᠠᠴᠠ ᠮᠤᠯᠲᠤᠷᠠᠪᠠᠯ ᠪᠢᠳᠡ ᠬᠢᠴᠢᠶᠡᠯ᠎ᠤᠨ ᠭᠠᠳᠠᠨᠠᠬᠢ ᠴᠠᠭ᠎ᠢᠶᠠᠨ ᠦᠪᠡᠷ᠎ᠢᠶᠠᠨ ᠡᠵᠡᠨ ᠮᠡᠳᠡᠵᠦ᠍ ᠱᠢᠨᠵᠢᠯᠡᠬᠦ᠌ ᠤᠬᠠᠭᠠᠨᠴᠢ᠎ᠪᠠᠷ ᠲᠤᠬᠢᠷᠠᠭᠤᠯᠤᠨ᠂ ᠳᠠᠮᠢᠷ᠎ᠤᠨ ᠬᠦᠳᠡᠯᠬᠡᠬᠡᠨ᠂ ᠬᠦᠳᠡᠯᠮᠦᠷᠢ ᠦᠢᠯᠡᠳᠦᠯᠬᠡ᠎ᠳᠤ ᠢᠯᠡᠭᠦᠭᠡᠨ ᠤᠷᠤᠯᠴᠠᠵᠤ ᠪᠤᠯᠤᠨ᠎ᠠ᠂ ᠮᠦᠨ ᠴᠤ᠌ ᠳᠤᠷ᠎ᠠ ᠪᠠᠬ᠎ᠠ᠎ᠲᠠᠢ ᠵᠦᠢᠯ᠎ᠢᠶᠠᠨ ᠤᠷᠤᠯᠳᠤᠵᠤ ᠪᠤᠯᠤᠨ᠎ᠠ᠃ ᠡᠨᠡ᠎ᠨᠢ ᠪᠢᠳᠡᠨ᠎ᠤ ᠰᠠᠢᠨ ᠰᠠᠢᠬᠠᠨ ᠰᠤᠷᠤᠯᠴᠠᠯᠭ᠎ᠠ᠎ᠶ᠋ᠢᠨ ᠳᠠᠳᠭᠠᠯ᠎ᠲᠠᠢ ᠪᠤᠯᠵᠤ᠂ ᠪᠡᠶ᠎ᠡ ᠰᠡᠳᠭᠢᠯ᠎ᠤᠨ ᠡᠷᠡᠭᠦᠯ᠎ᠢᠶᠠᠷ ᠦᠰᠦᠨ ᠪᠤᠢᠵᠢᠬᠤ᠎ᠳᠤ ᠠᠱᠢᠭ᠍ᠲᠠᠢ᠎ᠲᠠᠢ᠂ 《ᠤᠢ᠍ᠢᠷ᠎ᠠ ᠬᠠᠷᠠᠭ᠎ᠠ》᠂ 《ᠬᠡᠳᠦ ᠮᠠᠷᠢᠶᠠᠯᠠᠬᠤ》 ᠎ᠠᠴᠠ ᠴᠤ᠌ ᠵᠠᠢᠯᠠᠰᠭᠢᠵᠤ᠂ ᠡᠵᠢ ᠠᠪᠤ᠎ᠶ᠋ᠢᠨ᠎ᠢᠶᠠᠨ ᠳᠠᠷᠤᠭᠠᠰᠤ᠎ᠶ᠋ᠢ ᠴᠤ᠌ ᠬᠦᠩᠬᠡᠷᠡᠬᠦᠯᠵᠦ᠍ ᠴᠢᠳᠠᠨ᠎ᠠ ᠬᠡᠵᠦ᠍ ᠯᠢᠨ ᠽᠢ ᠱᠢᠤᠸᠠᠨ ᠪᠠᠶᠠᠷᠳᠠᠢᠬᠠᠨ ᠶᠠᠷᠢᠨ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号