ᠢᠦ᠋ᠢᠴᠢᠤᠸᠠᠨ ᠳᠤᠭᠤᠷᠢᠭ ᠬᠡᠤᠬᠡᠳ᠎ᠢ ᠨᠠᠢᠳᠠᠨ ᠬᠠᠮᠢᠶᠠᠷᠤᠭᠤᠯᠬᠤ ᠭᠠᠵᠠᠷ ᠨᠡᠬᠡᠬᠡᠯ᠎ᠡ
2021-08-16 16:16:30
ᠵᠣᠬᠢᠶᠠᠭ᠍ᠴᠢ᠄
ᠨᠠᠪᠴᠢ ᠲᠠᠳᠤᠯᠭ᠎ᠠ᠎ᠶ᠋ᠢᠨ ᠰᠤᠷᠤᠬ᠍ᠴᠢ᠎ᠶ᠋ᠢᠨ ᠷᠦᠩ
ᠣᠩᠱᠢᠭ᠍ᠰᠠᠨ ᠣᠳᠠᠭ᠎ᠠ᠄
★★★☆☆

ᠬᠤᠪᠢᠰᠭᠠᠯ᠎ᠤᠨ ᠺᠢᠨᠣ᠋ ᠰᠤᠨᠢᠷᠬᠠᠬᠤ᠂ ᠮᠠᠱᠢᠨ ᠬᠥᠮᠦᠨ ᠵᠤᠬᠢᠶᠠᠬᠤ᠂ ᠬᠠᠳᠠ ᠠᠪᠠᠷᠢᠬᠤ ᠬᠥᠳᠡᠯᠭᠡᠭᠡᠨ᠂ ᠱᠢᠨᠵᠢᠯᠡᠬᠦ᠌ ᠤᠬᠠᠭᠠᠨ᠎ᠤ ᠵᠢᠵᠢᠭ ᠬᠢᠴᠢᠶᠡᠯ᠎ᠤᠨ ᠲᠠᠩᠬᠢᠮ ᠁ ᠬᠥᠬᠡᠬᠤᠲᠠ᠎ᠶ᠋ᠢᠨ ᠢᠦ᠋ᠢᠴᠢᠤᠸᠠᠨ ᠲᠣᠭᠤᠷᠢᠭ᠎ᠤᠨ ᠰᠤᠷᠭᠠᠭᠤᠯᠢ᠎ᠶ᠋ᠢᠨ ᠭᠠᠳᠠᠨᠠᠬᠢ ᠰᠤᠷᠭᠠᠨ ᠬᠥᠮᠦᠵᠢᠯ᠎ᠤᠨ ᠲᠥᠪ᠎ᠤᠨ ᠨᠠᠢᠳᠠᠨ ᠬᠠᠮᠢᠶᠠᠷᠤᠭᠤᠯᠬᠤ ᠭᠠᠵᠠᠷ᠎ᠤᠨ ᠡᠳᠦᠷ᠎ᠤᠨ ᠲᠣᠬᠢᠷᠠᠭᠤᠯᠤᠯᠲᠠ᠎ᠶ᠋ᠢᠨ ᠬᠦᠰᠦᠨᠦᠭ᠌ᠲᠦ᠎ᠳᠤ ᠡᠯᠪᠡᠭ ᠪᠠᠶᠠᠯᠢᠭ ᠠᠭᠤᠯᠭ᠎ᠠ ᠳᠤᠬᠢᠷᠠᠭᠤᠯᠪᠠ᠃

ᠵᠣᠨ᠎ᠤ ᠠᠮᠠᠷᠠᠯᠲᠠ᠎ᠶ᠋ᠢᠨ ᠨᠠᠢᠳᠠᠨ ᠬᠠᠮᠢᠶᠠᠷᠤᠭᠤᠯᠬᠤ ᠦᠢᠯᠡᠴᠢᠯᠡᠭᠡᠨ᠎ᠤ ᠠᠵᠢᠯ᠎ᠢ ᠥᠷᠨᠢᠭᠦᠯᠬᠦ᠌ ᠲᠤᠬᠠᠶ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠮᠡᠳᠡᠭ᠌ᠳᠡᠯ᠎ᠤᠨ ᠱᠠᠭᠠᠷᠳᠠᠯᠭ᠎ᠠ᠎ᠶ᠋ᠢ ᠢᠳᠡᠪᠬᠢᠲᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠠᠷᠢᠮ ᠬᠡᠷ ᠪᠦᠯᠢ᠎ᠶ᠋ᠢᠨ᠎ᠬᠢᠨ᠎ᠤ ᠵᠣᠨ᠎ᠤ ᠠᠮᠠᠷᠠᠯᠲᠠ᠎ᠳᠤ 《ᠬᠡᠦᠬᠡᠳ᠎ᠢᠶᠠᠨ ᠬᠠᠷᠠᠵᠤ ᠬᠠᠷᠠᠭᠠᠯᠵᠠᠬᠤ᠎ᠳᠤ ᠲᠦᠪᠡᠭ᠌ᠳᠡᠳᠡᠭ》 ᠪᠠᠢᠳᠠᠯ᠎ᠳᠤ ᠴᠢᠭ᠌ᠯᠡᠭᠦᠯᠦᠨ᠂ 8 ᠰᠠᠷ᠎ᠠ᠎ᠶ᠋ᠢᠨ 2 ᠎ᠤᠨ ᠡᠳᠦᠷ᠎ᠠᠴᠠ ᠬᠦᠬᠡᠬᠤᠳᠠ᠎ᠶ᠋ᠢᠨ ᠢᠦ᠋ᠢᠴᠢᠤᠸᠠᠨ ᠲᠣᠭᠤᠷᠢᠭ᠎ᠤᠨ ᠰᠤᠷᠭᠠᠭᠤᠯᠢ᠎ᠶ᠋ᠢᠨ ᠭᠠᠳᠠᠨᠠᠬᠢ ᠰᠤᠷᠭᠠᠨ ᠬᠥᠮᠦᠵᠢᠯ᠎ᠤᠨ ᠲᠥᠪ (ᠢᠦ᠋ᠢᠴᠢᠤᠸᠠᠨ ᠲᠣᠭᠤᠷᠢᠭ᠎ᠤᠨ ᠵᠠᠯᠠᠭᠤᠴᠤᠳ ᠪᠠᠭᠠᠴᠤᠳ᠎ᠤᠨ ᠣᠷᠳᠣᠨ) ᠎ᠨᠢ ᠪᠥᠬᠦ᠌ ᠬᠤᠲᠠ᠎ᠳᠤ ᠬᠠᠮᠤᠭ ᠲᠦᠷᠦᠭᠦᠨ᠎ᠳᠤ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠨᠠᠢᠳᠠᠨ ᠬᠠᠮᠢᠶᠠᠷᠤᠭᠤᠯᠬᠤ ᠦᠢᠯᠡᠴᠢᠯᠡᠭᠡᠨ᠎ᠤ ᠲᠤᠷᠱᠢᠯᠲᠠ᠎ᠶ᠋ᠢᠨ ᠠᠵᠢᠯ᠎ᠢ ᠡᠬᠢᠯᠡᠭᠦᠯᠦᠯ᠎ᠡ᠃


QQ图片20210816105430.png


8 ᠰᠠᠷ᠎ᠠ᠎ᠶ᠋ᠢᠨ 5 ᠎ᠤ ᠦᠳᠡ᠎ᠶ᠋ᠢᠨ ᠬᠤᠢᠨᠠᠬᠢ 3 ᠴᠠᠭ᠎ᠲᠤ᠌᠂ ᠰᠤᠷᠪᠤᠯᠵᠢᠯᠠᠭ᠍ᠴᠢ ᠢᠦ᠋ᠢᠴᠢᠤᠸᠠᠨ ᠲᠣᠭᠤᠷᠢᠭ᠎ᠤᠨ ᠰᠤᠷᠭᠠᠭᠤᠯᠢ᠎ᠶ᠋ᠢᠨ ᠭᠠᠳᠠᠨᠠᠬᠢ ᠰᠤᠷᠭᠠᠨ ᠬᠥᠮᠦᠵᠢᠯ᠎ᠤᠨ ᠲᠥᠪ᠎ᠤᠨ ᠨᠠᠢᠳᠠᠨ ᠬᠠᠮᠢᠶᠠᠷᠤᠭᠤᠯᠬᠤ ᠭᠠᠵᠠᠷ᠎ᠲᠤ ᠬᠦᠷᠬᠦ᠌᠎ᠳᠤ᠂ ᠬᠡᠦᠬᠡᠳ᠎ᠤᠳ ᠶᠠᠭ ᠳᠤᠭᠤᠢᠯᠠᠩ ᠬᠤᠪᠢᠶᠠᠨ ᠮᠠᠱᠢᠨ ᠬᠥᠮᠦᠨ᠎ᠤ ᠤᠷᠤᠯᠳᠤᠭᠠᠨ ᠶᠠᠪᠤᠭᠤᠯᠵᠤ᠂ ᠥᠪᠡᠷ ᠥᠪᠡᠷ᠎ᠤᠨ ᠮᠠᠱᠢᠨ ᠬᠥᠮᠦᠨ᠎ᠢᠶᠠᠨ ᠤᠷᠤᠯᠳᠤᠭᠠᠨ᠎ᠤ ᠵᠠᠮ ᠳᠡᠭᠡᠷ᠎ᠡ 《ᠳᠠᠪᠬᠢᠭᠤᠯᠵᠤ》 ᠪᠠᠶᠠᠷ ᠬᠦᠷ᠎ᠲᠠᠢ ᠨᠠᠭᠠᠳᠴᠤ᠌ ᠪᠠᠢᠯ᠎ᠠ᠃ 《ᠨᠠᠢᠳᠠᠨ ᠬᠠᠮᠢᠶᠠᠷᠤᠭᠤᠯᠬᠤ ᠠᠩᠭᠢ᠎ᠶ᠋ᠢᠨ ᠠᠮᠢᠳᠤᠷᠠᠯ ᠮᠠᠰᠢ ᠤᠳᠭ᠎ᠠ ᠠᠭᠤᠯᠭ᠎ᠠ᠎ᠲᠠᠢ᠂ ᠮᠢᠨᠦ᠍ ᠬᠠᠮᠤᠭ᠎ᠤᠨ ᠳᠤᠷᠠᠲᠠᠶ ᠬᠢᠴᠢᠶᠡᠯ ᠪᠣᠯ ᠪᠤᠭᠤᠷᠰᠤᠭ ᠬᠢᠬᠦ᠌ ᠪᠠ ᠡᠯᠡᠰᠦᠨ ᠴᠠᠷ᠎ᠠ᠎ᠶ᠋ᠢᠨ ᠲᠣᠭ᠍ᠯᠠᠭᠠᠮ ᠪᠣᠯᠤᠨ᠎ᠠ᠃ ᠮᠠᠱᠢᠨ ᠬᠥᠮᠦᠨ᠎ᠤ ᠬᠢᠴᠢᠶᠡᠯ᠎ᠢ ᠠᠩᠬ᠎ᠠ ᠤᠳᠠᠭ᠎ᠠ ᠤᠷᠤᠵᠤ ᠪᠠᠢᠨ᠎ᠠ》 ᠭᠡᠵᠦ᠍ ᠢᠦ᠋ᠢᠴᠢᠤᠸᠠᠨ ᠲᠣᠭᠤᠷᠢᠭ᠎ᠤᠨ ᠪᠠᠭ᠎ᠠ ᠵᠤᠤ ᠪᠠᠭ᠎ᠠ ᠰᠤᠷᠭᠠᠭᠤᠯᠢ᠎ᠶ᠋ᠢᠨ ᠳᠥᠷᠪᠡᠳᠦᠭᠡᠷ ᠣᠨ᠎ᠤ ᠰᠤᠷᠤᠭ᠍ᠴᠢ ᠵᠤᠤ ᠵᠢᠶᠠ ᠶᠣᠣ ᠰᠡᠳᠭᠢᠯ ᠳᠣᠭ᠍ᠳᠣᠯᠤᠨ ᠬᠡᠯᠡᠨ᠎ᠡ᠃ ᠠᠪᠤ ᠡᠵᠢ᠎ᠶ᠋ᠢᠨ ᠠᠵᠢᠯ ᠲᠤᠩ ᠶᠠᠭᠠᠷᠠᠤ᠂ ᠪᠢ ᠬᠤᠶᠠᠳᠤᠭᠠᠷ ᠣᠨ᠎ᠠᠴᠠ᠎ᠪᠠᠨ ᠡᠬᠢᠯᠡᠨ ᠠᠮᠠᠷᠠᠯᠲᠠ ᠪᠤᠯᠤᠭ᠍ᠰᠠᠭᠠᠷ ᠯᠠ ᠭᠡᠷ᠎ᠲᠡᠭᠡᠨ ᠭᠠᠭ᠍ᠴᠠᠭᠠᠷ ᠪᠤᠬᠢᠨᠢᠳᠤᠨ ᠰᠠᠭᠤᠳᠠᠭ ᠪᠠᠢᠬ᠍ᠰᠠᠨ᠃ ᠠᠳᠡ ᠨᠠᠢᠳᠠᠨ ᠬᠠᠮᠢᠶᠠᠷᠤᠭᠤᠯᠬᠤ ᠠᠩᠭᠢ ᠨᠡᠬᠡᠭᠡᠭ᠌ᠰᠡᠨ᠎ᠢ ᠰᠤᠨᠤᠰᠤᠭᠠᠳ ᠲᠤᠷᠠᠳᠠᠶ᠎ᠠ ᠨᠡᠷ᠎ᠡ ᠮᠡᠳᠡᠬᠦᠯᠵᠡᠢ ᠬᠡᠵᠦ᠍ ᠳᠡᠷᠡ ᠶᠠᠷᠢᠨ᠎ᠠ᠃

ᠲᠠᠨᠢᠯᠴᠠᠭᠤᠯᠤᠭ᠍ᠰᠠᠨ᠎ᠢᠶᠠᠷ᠂ ᠨᠠᠢᠳᠠᠨ ᠬᠠᠮᠢᠶᠠᠷᠤᠭᠤᠯᠬᠤ ᠠᠩᠭᠢ᠎ᠳᠤ ᠣᠳᠣᠬᠠᠨ᠎ᠳᠤ 40 ᠭᠠᠷᠤᠢ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠣᠷᠣᠭ᠍ᠴᠢ ᠰᠠᠢᠨ ᠳᠤᠷ᠎ᠠ᠎ᠠᠴᠠ᠎ᠪᠠᠨ ᠨᠡᠷ᠎ᠡ ᠮᠡᠳᠡᠭᠦᠯᠵᠦ᠍ ᠣᠷᠣᠯᠴᠠᠵᠤ ᠪᠤᠢ᠃ ᠬᠡᠦᠬᠡᠳ᠎ᠤᠳ᠎ᠤᠨ ᠪᠠᠶᠠᠷ ᠪᠠᠶᠠᠰᠤᠯ᠎ᠲᠠᠢ᠎ᠪᠠᠷ ᠵᠤᠨ᠎ᠤ ᠠᠮᠠᠷᠠᠯᠲᠠ᠎ᠪᠠᠨ ᠥᠩᠭᠡᠷᠡᠭᠦᠯᠬᠦ᠌᠎ᠶ᠋ᠢ ᠪᠠᠳᠤᠯᠠᠬᠤ᠎ᠶ᠋ᠢᠨ ᠲᠥᠯᠥᠭᠡ᠂ ᠪᠠᠭ᠍ᠰᠢ ᠨᠠᠷ ᠨᠠᠢᠳᠠᠨ ᠬᠠᠮᠢᠶᠠᠷᠤᠭᠤᠯᠬᠤ ᠠᠵᠢᠯ᠎ᠢ ᠱᠢᠨᠵᠢᠯᠡᠬᠦ᠌ ᠤᠬᠠᠭᠠᠨᠴᠢ ᠵᠦᠢ ᠵᠣᠬᠢᠰᠲᠠᠢ᠎ᠪᠠᠷ ᠲᠤᠬᠢᠷᠠᠭᠤᠯᠵᠤ᠂ ᠨᠢᠭᠡᠳᠦᠯᠲᠡᠢ ᠬᠤᠭᠤᠯᠠ ᠲᠤᠬᠢᠷᠠᠭᠤᠯᠤᠨ᠂ ᠦᠳᠡ᠎ᠶ᠋ᠢᠨ ᠠᠮᠠᠷᠠᠯᠲᠠ ᠵᠡᠷᠭᠡ ᠪᠦᠬᠦ᠌ ᠲᠠᠯ᠎ᠠ᠎ᠶ᠋ᠢᠨ ᠦᠢᠯᠡᠴᠢᠯᠡᠭᠡ ᠬᠠᠩᠭᠠᠵᠤ᠂ ᠳᠤᠰ ᠲᠥᠪ᠎ᠤᠨ ᠲᠤᠰᠭᠠᠢ ᠪᠠᠭ᠍ᠰᠢ ᠨᠠᠷ ᠥᠷᠯᠥᠭᠡ᠎ᠶ᠋ᠢᠨ 7᠄ 30 ᠎ᠠᠴᠠ ᠤᠷᠤᠢ᠎ᠶ᠋ᠢᠨ 5᠄ 30 ᠪᠣᠯᠲᠠᠯ᠎ᠠ ᠬᠡᠦᠬᠡᠳ᠎ᠤᠳ᠎ᠤᠨ ᠲᠡᠷᠭᠡᠳᠡ ᠪᠠᠢᠳᠠᠭ᠃


QQ图片20210816105441.png


ᠢᠦ᠋ᠢᠴᠢᠤᠸᠠᠨ ᠲᠣᠭᠤᠷᠢᠭ᠎ᠤᠨ ᠰᠤᠷᠭᠠᠭᠤᠯᠢ᠎ᠶ᠋ᠢᠨ ᠭᠠᠳᠠᠨᠠᠬᠢ ᠰᠤᠷᠭᠠᠨ ᠬᠥᠮᠦᠵᠢᠯ᠎ᠤᠨ ᠲᠥᠪ᠎ᠤᠨ ᠨᠠᠢᠳᠠᠨ ᠬᠠᠮᠢᠶᠠᠷᠤᠭᠤᠯᠬᠤ ᠭᠠᠵᠠᠷ᠎ᠨᠢ 3 ᠭᠠᠷᠠᠭ᠎ᠤᠨ ᠨᠠᠢᠳᠠᠨ ᠬᠠᠮᠢᠶᠠᠷᠤᠭᠤᠯᠬᠤ ᠦᠢᠯᠡᠴᠢᠯᠡᠭᠡ ᠬᠠᠩᠭᠠᠵᠤ᠂ 8 ᠰᠠᠷ᠎ᠠ᠎ᠶ᠋ᠢᠨ 20 ᠎ᠤ ᠡᠳᠦᠷ ᠳᠠᠭᠤᠰᠤᠨ᠎ᠠ᠃ 《ᠪᠢᠳᠡ ᠬᠡᠦᠬᠡᠳ᠎ᠤᠨ ᠵᠤᠨ᠎ᠤ ᠠᠮᠠᠷᠠᠯᠳᠠ᠎ᠶ᠋ᠢ ᠤᠳᠭ᠎ᠠ ᠠᠭᠤᠯᠭ᠎ᠠ᠎ᠲᠠᠢ ᠪᠠᠶᠠᠷ ᠪᠠᠶᠠᠰᠤᠯ᠎ᠲᠠᠢ ᠪᠠᠢᠯᠭᠠᠬᠤ᠎ᠶ᠋ᠢᠨ ᠵᠡᠷᠬᠡ᠎ᠪᠠᠷ ᠳᠡᠳᠡᠨ᠎ᠤ ᠳᠤᠷ᠎ᠠ ᠰᠤᠨᠢᠷᠬᠠᠯ᠎ᠢ ᠦᠷᠬᠡᠳᠭᠡᠵᠦ᠍᠂ ᠪᠡᠶ᠎ᠠ ᠰᠡᠳᠭᠢᠯ᠎ᠢ᠎ᠨᠢ ᠠᠮᠠᠷᠠᠭᠤᠯᠬᠤ᠎ᠶ᠋ᠢ ᠴᠤ᠌ ᠪᠤᠳᠤᠯᠬᠢᠯᠠᠵᠤ᠂ ᠬᠠᠮᠤᠭ᠎ᠤᠨ ᠶᠡᠭᠡ ᠴᠢᠷᠮᠠᠢᠯᠭ᠎ᠠ᠎ᠪᠠᠷ ᠭᠡᠷ᠎ᠤᠨ ᠠᠬᠠᠮᠠᠳ᠎ᠤᠨ ᠰᠠᠨᠠᠭᠠᠱᠢᠷᠠᠯ᠎ᠢ ᠠᠷᠢᠯᠭᠠᠨ᠎ᠠ》 ᠭᠡᠵᠦ᠍ ᠢᠦ᠋ᠢᠴᠢᠤᠸᠠᠨ ᠲᠣᠭᠤᠷᠢᠭ᠎ᠤᠨ ᠰᠤᠷᠭᠠᠭᠤᠯᠢ᠎ᠶ᠋ᠢᠨ ᠭᠠᠳᠠᠨᠠᠬᠢ ᠰᠤᠷᠭᠠᠨ ᠬᠦᠮᠦᠵᠢᠯ᠎ᠤᠨ ᠲᠦᠪ᠎ᠤᠨ ᠡᠷᠬᠢᠯᠡᠭ᠌ᠴᠢ ᠢᠤᠢ ᠬᠤᠩ ᠶᠠᠨ ᠬᠡᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号