ᠮᠠᠨ᠎ᠤ ᠣᠷᠣᠨ ᠪᠠᠢᠩᠭᠤᠵᠢᠭ᠍ᠰᠠᠨ ᠮᠤᠵᠢ᠎ᠶ᠋ᠢᠨ ᠱᠠᠳᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠴᠢᠨᠰᠠᠭ᠎ᠠ᠎ᠶ᠋ᠢ ᠱᠢᠯᠭᠠᠨ ᠪᠠᠢᠴᠠᠭᠠᠵᠤ ᠡᠬᠢᠯᠡᠪᠡ
2021-08-16 16:08:05
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠱᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠰᠠᠢᠲᠠᠶ ᠲᠡᠩᠴᠡᠭᠦᠷᠢᠲᠡᠶ ᠬᠥᠭ᠌ᠵᠢᠯᠲᠡ᠎ᠶ᠋ᠢ ᠭᠦᠨᠵᠡᠭᠡᠶ ᠠᠬᠢᠭᠤᠯᠬᠤ᠎ᠶ᠋ᠢᠨ ᠲᠥᠯᠥᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ 6 ᠬᠤᠱᠢᠭᠤ ᠱᠢᠶᠠᠨ ᠲᠣᠭᠤᠷᠢᠭ᠎ᠲᠤ ᠥᠪᠡᠷᠲᠡᠭᠡᠨ ᠵᠠᠰᠠᠬᠤ ᠣᠷᠣᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠴᠢᠨᠰᠠᠭ᠎ᠠ᠎ᠶ᠋ᠢ ᠱᠢᠯᠭᠠᠨ ᠪᠠᠢᠴᠠᠭᠠᠬᠤ ᠠᠵᠢᠯ ᠥᠷᠨᠢᠭᠦᠯᠪᠡ᠂ ᠡᠨᠡ᠎ᠨᠢ ᠮᠠᠨ᠎ᠤ ᠣᠷᠣᠨ ᠪᠠᠢᠩᠭᠤᠵᠢᠭ᠍ᠰᠠᠨ ᠮᠤᠵᠢ᠎ᠶ᠋ᠢᠨ ᠱᠠᠲᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠴᠢᠨᠰᠠᠭ᠎ᠠ᠎ᠶ᠋ᠢ ᠱᠢᠯᠭᠠᠨ ᠪᠠᠢᠴᠠᠭᠠᠬᠤ ᠠᠵᠢᠯ᠎ᠢ ᠡᠬᠢᠯᠡᠭᠦᠯᠦᠭ᠌ᠰᠡᠨ᠎ᠢ ᠬᠠᠷᠠᠭᠤᠯᠵᠤ ᠪᠠᠢᠨ᠎ᠠ᠃

ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠴᠢᠨᠰᠠᠭ᠎ᠠ᠎ᠶ᠋ᠢ ᠱᠢᠯᠭᠠᠨ ᠪᠠᠢᠴᠠᠭᠠᠬᠤ ᠪᠤᠯ ᠰᠤᠷᠭᠠᠨ ᠬᠥᠮᠦᠵᠢᠯ᠎ᠤᠨ ᠱᠠᠯᠠᠪᠳᠠᠭᠤᠯᠤᠨ ᠵᠢᠯᠣᠭᠤᠳᠭᠤ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠨᠠᠢᠳᠠᠪᠤᠷᠢᠵᠢᠭᠤᠯᠬᠤ ᠴᠢᠬᠤᠯᠠ ᠭᠠᠷᠳᠠᠴᠠ ᠪᠣᠯᠤᠨ᠎ᠠ᠃ ᠣᠢᠷ᠎ᠠ᠎ᠶ᠋ᠢᠨ ᠵᠢᠯ᠎ᠳᠤ᠂ ᠮᠠᠨ᠎ᠤ ᠣᠷᠣᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠪᠥᠬᠦ᠌ ᠣᠷᠣᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠲᠡᠩᠴᠡᠭᠦᠷᠢᠲᠡᠶ ᠬᠥᠭ᠌ᠵᠢᠯᠳᠡ᠎ᠶ᠋ᠢ ᠲᠠᠰᠤᠷᠠᠯᠲᠠ ᠥᠬᠡᠶ ᠠᠬᠢᠭᠤᠯᠤᠨ᠂ ᠣᠯᠠᠨ  ᠵᠦᠢᠯ᠎ᠤᠨ ᠠᠷᠭ᠎ᠠ ᠬᠡᠮᠵᠢᠶ᠎ᠡ᠎ᠪᠠᠷ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠴᠢᠨᠰᠠᠭ᠎ᠠ᠎ᠶ᠋ᠢ ᠱᠢᠯᠭᠠᠨ ᠪᠠᠢᠴᠠᠭᠠᠬᠤ ᠬᠠᠮᠢᠶ᠎ᠠ ᠪᠥᠬᠦᠶ ᠠᠵᠢᠯ᠎ᠢ ᠳᠥᠯᠭᠢᠨ ᠠᠬᠢᠭᠤᠯᠤᠭ᠍ᠰᠠᠭᠠᠷ ᠢᠷᠡᠪᠡ᠃

ᠲᠣᠰ ᠤᠳᠠᠭ᠎ᠠ᠎ᠶ᠋ᠢᠨ ᠮᠤᠵᠢ᠎ᠶ᠋ᠢᠨ ᠱᠠᠲᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠴᠢᠨᠰᠠᠭ᠎ᠠ᠎ᠶ᠋ᠢ ᠱᠢᠯᠭᠠᠨ ᠪᠠᠢᠴᠠᠭᠠᠬᠤ ᠠᠵᠢᠯ᠎ᠨᠢ ᠭᠤᠤᠯᠳᠠᠭᠤ ᠬᠡᠯᠡ ᠪᠢᠴᠢᠭ᠂ ᠲᠣᠭᠠᠨ᠎ᠤ ᠤᠬᠠᠭᠠᠨ᠂ ᠱᠢᠨᠵᠢᠯᠡᠬᠦ᠌ ᠤᠬᠠᠭᠠᠨ᠂ ᠲᠡᠦᠬᠡ᠂ ᠪᠡᠶ᠎ᠡ᠎ᠶ᠋ᠢᠨ ᠲᠠᠮᠢᠷ ᠬᠢᠭᠡᠳ ᠡᠷᠡᠭᠦᠯ ᠮᠡᠨᠳᠦ᠂ ᠶᠣᠰᠣ ᠰᠤᠷᠳᠠᠬᠤᠨ ᠬᠢᠭᠡᠳ ᠬᠠᠤᠯᠢ᠎ᠪᠠᠷ ᠵᠠᠰᠠᠬᠤᠢ᠂ ᠤᠷᠠᠯᠢᠭ (ᠳᠠᠭᠤᠤ ᠬᠥᠭ᠌ᠵᠢᠮ ᠪᠠ ᠤᠷᠠᠨ ᠵᠢᠷᠤᠭ)᠂ ᠬᠥᠳᠡᠯᠮᠦᠷᠢ᠎ᠶ᠋ᠢᠨ ᠬᠥᠮᠦᠵᠢᠯ᠂ ᠰᠡᠳᠭᠢᠴᠡ᠎ᠶ᠋ᠢᠨ ᠡᠷᠡᠭᠦᠯ ᠮᠡᠨᠳᠦ᠎ᠶ᠋ᠢᠨ ᠬᠥᠮᠦᠵᠢᠯ ᠵᠡᠷᠭᠡ ᠬᠢᠴᠢᠶᠡᠯ ᠲᠥᠷᠥᠯ᠎ᠳᠤ ᠴᠢᠭ᠌ᠯᠡᠨ᠂ ᠱᠢᠯᠭᠠᠨ ᠪᠠᠢᠴᠠᠭᠠᠬᠤ ᠠᠭᠤᠯᠭ᠎ᠠ᠎ᠳᠤ ᠭᠤᠤᠯᠳᠠᠭᠤ ᠰᠤᠷᠤᠭ᠍ᠴᠢᠳ᠎ᠤᠨ ᠰᠤᠷᠤᠯᠴᠠᠬᠤ ᠴᠢᠨᠠᠷ ᠴᠢᠨᠰᠠᠭ᠎ᠠ ᠵᠢᠴᠢ ᠨᠡᠬᠡᠬᠡᠭ᠌ᠰᠡᠨ ᠬᠢᠴᠢᠶᠡᠯ᠂ ᠨᠥᠬᠦᠴᠡᠯ᠎ᠤᠨ ᠪᠠᠲᠤᠯᠠᠭ᠎ᠠ᠂ ᠪᠠᠭ᠍ᠰᠢ᠎ᠶ᠋ᠢᠨ ᠲᠣᠬᠢᠷᠠᠭᠤᠯᠤᠯᠲᠠ᠂ ᠬᠢᠴᠢᠶᠡᠯ ᠲᠥᠷᠥᠯ᠎ᠤᠨ ᠵᠢᠭᠠᠨ ᠰᠤᠷᠭᠠᠯᠲᠠ ᠪᠠ ᠰᠤᠷᠭᠠᠭᠤᠯᠢ᠎ᠶ᠋ᠢᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠨᠥᠯᠥᠭᠡᠯᠡᠬᠦ᠌ ᠡᠯᠧᠮᠧᠨ᠋ᠲ᠎ᠢ ᠪᠠᠭ᠍ᠲᠠᠭᠠᠪᠠ᠃ ᠴᠢᠨᠠᠷ ᠴᠢᠨᠰᠠᠭ᠎ᠠ᠎ᠶ᠋ᠢ ᠱᠢᠯᠭᠠᠨ ᠪᠠᠢᠴᠠᠭᠠᠬᠤ᠎ᠪᠠᠷ ᠳᠠᠮᠵᠢᠭᠤᠯᠤᠨ᠂ ᠪᠥᠬᠦ᠌ ᠣᠷᠣᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠱᠠᠲᠤᠨ᠎ᠤ ᠰᠤᠷᠤᠭ᠍ᠴᠢᠳ᠎ᠤᠨ ᠡᠯ᠎ᠡ ᠬᠢᠴᠢᠶᠡᠯ ᠲᠦᠷᠦᠯ᠎ᠤᠨ ᠴᠢᠨᠠᠷ ᠴᠢᠨᠰᠠᠭ᠎ᠠ᠎ᠶ᠋ᠢ ᠪᠤᠰᠤᠳᠴᠢ᠎ᠪᠠᠷ ᠬᠠᠷᠠᠭᠤᠯᠬᠤ᠎ᠶ᠋ᠢᠨ ᠬᠠᠮᠲᠤ᠌᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠴᠢᠨᠰᠠᠭ᠎ᠠ᠎ᠶ᠋ᠢ ᠨᠥᠯᠥᠭᠡᠯᠡᠬᠦ᠌ ᠭᠤᠤᠯ ᠱᠢᠯᠲᠠᠭᠠᠨ᠎ᠢ ᠵᠠᠳᠠᠯᠵᠤ᠂ ᠮᠠᠨ᠎ᠤ ᠣᠷᠣᠨ᠎ᠤ ᠰᠤᠷᠭᠠᠨ ᠬᠥᠮᠦᠵᠢᠯ᠎ᠤᠨ ᠬᠠᠮᠢᠶᠠᠷᠤᠯᠲᠠ᠎ᠶ᠋ᠢᠨ ᠠᠷᠭ᠎ᠠ ᠮᠠᠶᠢᠭ᠎ᠢ ᠬᠤᠪᠢᠷᠠᠭᠤᠯᠬᠤ ᠪᠠ ᠰᠤᠷᠭᠠᠭᠤᠯᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢ ᠰᠠᠢᠵᠢᠷᠠᠭᠤᠯᠬᠤ᠎ᠳᠤ ᠯᠠᠪᠯᠠᠯᠲᠠ ᠬᠠᠩᠭᠠᠵᠤ᠂ ᠨᠡᠢᠭᠡᠮ ᠳᠠᠶᠠᠭᠠᠷ᠎ᠢ ᠬᠥᠲᠥᠯᠥᠨ ᠵᠢᠯᠣᠭᠤᠳᠴᠤ᠌ ᠪᠠᠢᠭᠠᠳ ᠰᠤᠷᠭᠠᠨ ᠬᠥᠮᠦᠵᠢᠯ᠎ᠤᠨ ᠴᠢᠨᠠᠷ ᠴᠢᠨᠰᠠᠭ᠎ᠠ᠎ᠶ᠋ᠢᠨ ᠳᠤᠬᠠᠢ ᠵᠦᠪ ᠦᠵᠡᠯᠲᠡ᠎ᠲᠠᠢ ᠪᠣᠯᠭᠠᠵᠤ᠂ ᠪᠥᠬᠦ᠌ ᠣᠷᠣᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠴᠢᠨᠰᠠᠭ᠎ᠠ ᠪᠠ ᠰᠤᠷᠤᠭ᠍ᠴᠢᠳ᠎ᠤᠨ ᠡᠷᠡᠭᠦᠯ ᠮᠡᠨᠳᠦ᠎ᠶ᠋ᠢᠨ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ᠃

ᠲᠣᠰ ᠤᠳᠠᠭᠠᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠴᠢᠨᠰᠠᠭ᠎ᠠ᠎ᠶ᠋ᠢᠨ ᠱᠢᠯᠭᠠᠨ ᠪᠠᠢᠴᠠᠭᠠᠯᠳᠠ᠎ᠶ᠋ᠢ ᠡᠩ ᠲᠡᠷᠢᠭᠦᠨ᠎ᠳᠤ ᠪᠤᠭᠤᠲᠤ ᠬᠤᠲᠠ᠎ᠶ᠋ᠢᠨ ᠪᠠᠶᠬᠠᠤᠪᠤᠭ᠎ᠠ ᠠᠭᠤᠷᠬᠠᠢ᠎ᠶ᠋ᠢᠨ ᠲᠣᠭᠤᠷᠢᠭ᠂ ᠭᠦᠶᠡᠩ ᠱᠢᠶᠠᠨ᠂ ᠬᠢᠩᠭᠠᠨ ᠠᠢᠮᠠᠭ᠎ᠤᠨ ᠷᠠᠱᠢᠶᠠᠨ ᠬᠤᠲᠠ᠂ ᠲᠦᠩᠯᠢᠶᠣᠤ ᠬᠤᠲᠠ᠎ᠶ᠋ᠢᠨ ᠬᠤᠣᠯᠢᠩᠭᠤᠤᠯ ᠬᠤᠲᠠ᠂ ᠱᠢᠯᠢ᠎ᠶ᠋ᠢᠨ ᠭᠤᠤᠯ ᠠᠢᠮᠠᠭ᠎ᠤᠨ ᠬᠥᠪᠡᠭᠡᠲᠦ ᠱᠢᠷ᠎ᠠ ᠬᠤᠱᠢᠭᠤ᠂ ᠣᠷᠳᠣᠰ ᠬᠤᠲᠠ᠎ᠶ᠋ᠢᠨ ᠣᠲᠤᠭ ᠬᠤᠱᠢᠭᠤ ᠵᠡᠷᠭᠡ 6 ᠬᠤᠱᠢᠭᠤ ᠱᠢᠶᠠᠨ ᠲᠣᠭᠤᠷᠢᠭ᠎ᠲᠤ ᠥᠷᠨᠢᠭᠦᠯᠪᠡ᠃ ᠱᠢᠯᠭᠠᠨ ᠪᠠᠢᠴᠠᠭᠠᠬᠤ ᠡᠲᠡᠭᠡᠳ᠎ᠨᠢ ᠪᠠᠭ᠎ᠠ ᠰᠤᠷᠭᠠᠭᠤᠯᠢ᠎ᠶ᠋ᠢᠨ ᠳᠥᠷᠪᠡᠳᠦᠭᠡᠷ ᠤᠨ ᠪᠠ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ  ᠨᠠᠢ᠍ᠮᠠᠳᠣᠭᠠᠷ ᠣᠨ᠎ᠤ ᠰᠣᠷᠣᠭ᠍ᠴᠢ ᠪᠣᠯᠤᠨ᠎ᠠ᠃ ᠱᠢᠯᠭᠠᠨ ᠪᠠᠢᠴᠠᠭᠠᠬᠤ ᠠᠭᠤᠯᠭ᠎ᠠ᠎ᠨᠢ ᠭᠤᠤᠯᠳᠠᠭᠤ ᠲᠣᠭᠠᠨ᠎ᠤ ᠤᠬᠠᠭᠠᠨ᠂ ᠪᠡᠶ᠎ᠡ᠎ᠶ᠋ᠢᠨ ᠲᠠᠮᠢᠷ ᠬᠢᠭᠡᠳ ᠡᠷᠡᠭᠦᠯ ᠮᠡᠨᠳᠦ᠂ ᠰᠡᠳᠭᠢᠴᠡ᠎ᠶ᠋ᠢᠨ ᠡᠷᠡᠭᠦᠯ ᠮᠡᠨᠳᠦ᠎ᠶ᠋ᠢᠨ ᠬᠥᠮᠦᠵᠢᠯ ᠵᠡᠷᠭᠡ 3 ᠬᠢᠴᠢᠶᠡᠯ ᠲᠥᠷᠥᠯ᠎ᠤᠨ ᠰᠣᠷᠣᠭ᠍ᠴᠢ᠎ᠶ᠋ᠢᠨ ᠰᠤᠷᠤᠯᠴᠠᠬᠤ ᠴᠢᠨᠠᠷ ᠴᠢᠨᠰᠠᠭ᠎ᠠ ᠪᠠ ᠬᠤᠯᠪᠣᠭ᠍ᠳᠠᠯ ᠪᠥᠬᠦᠶ ᠵᠦᠢᠯᠡᠰ ᠪᠠᠢᠵᠤ᠂ ᠡᠳᠡᠭᠡᠷ᠎ᠲᠤ ᠴᠢᠭ᠌ᠯᠡᠭᠦᠯᠦᠨ ᠠᠰᠠᠭᠤᠯᠲᠠ᠎ᠶ᠋ᠢᠨ ᠬᠠᠭᠤᠳᠠᠰᠤ᠎ᠶ᠋ᠢᠨ ᠪᠠᠢᠴᠠᠭᠠᠯᠲᠠ ᠬᠢᠪᠡ᠃ ᠱᠢᠯᠭᠠᠨ ᠪᠠᠢᠴᠠᠭᠠᠬᠤ ᠡᠩᠨᠡᠭᠡ᠎ᠨᠢ ᠥᠪᠡᠷᠲᠡᠭᠡᠨ ᠵᠠᠰᠠᠬᠤ ᠣᠷᠣᠨ᠎ᠤ ᠰᠡᠳᠭᠢᠴᠡ ᠬᠢᠭᠡᠳ ᠰᠤᠷᠭᠠᠨ ᠬᠥᠮᠦᠵᠢᠯ᠎ᠤᠨ ᠱᠢᠯᠭᠠᠨ ᠪᠠᠢᠴᠠᠭᠠᠬᠤ᠂ ᠬᠢᠨᠠᠨ ᠵᠢᠯᠣᠭᠤᠳᠭᠤ᠂ ᠵᠢᠭᠠᠬᠤ᠎ᠶ᠋ᠢ ᠰᠤᠳᠤᠯᠬᠤ᠂ ᠰᠤᠷᠭᠠᠭᠤᠯᠢ᠎ᠶ᠋ᠢᠨ ᠵᠠᠬᠢᠷᠤᠯ᠂ ᠬᠢᠴᠢᠶᠡᠯ ᠲᠥᠷᠥᠯ᠎ᠤᠨ ᠪᠠᠭ᠍ᠰᠢ ᠵᠡᠷᠭᠡ ᠬᠠᠮᠢᠶ᠎ᠠ ᠪᠦᠬᠦᠢ ᠲᠤᠰᠭᠠᠶ ᠮᠡᠷᠭᠡᠵᠢᠯ᠎ᠤᠨ ᠠᠵᠢᠯᠲᠠᠨ᠎ᠢᠶᠠᠷ ᠪᠦᠷᠢᠯᠳᠦᠵᠡᠢ᠃

ᠣᠳᠣᠬᠠᠨ᠎ᠳᠤ᠂ ᠪᠥᠬᠦ᠌ ᠣᠷᠣᠨ᠎ᠤ ᠲᠦᠷᠦᠭᠦᠦ ᠪᠦᠯᠦᠭ᠎ᠤᠨ 6 ᠬᠤᠱᠢᠭᠤ ᠱᠢᠶᠠᠨ ᠲᠣᠭᠤᠷᠢᠭ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠴᠢᠨᠰᠠᠭ᠎ᠠ᠎ᠶ᠋ᠢ ᠱᠢᠯᠭᠠᠨ ᠪᠠᠢᠴᠠᠭᠠᠬᠤ ᠠᠵᠢᠯ ᠨᠢᠭᠡᠨᠲᠡ ᠳᠠᠭᠤᠰᠴᠤ᠌᠂ ᠲᠤᠭ᠎ᠠ ᠪᠠᠷᠢᠮᠲᠠ᠎ᠶ᠋ᠢ ᠡᠮᠬᠢᠯᠡᠨ ᠵᠠᠳᠠᠯᠤᠭ᠍ᠰᠠᠨ᠎ᠤ ᠳᠠᠷᠠᠭ᠎ᠠ ᠬᠤᠱᠢᠭᠤ ᠱᠢᠶᠠᠨ ᠬᠤᠪᠢᠶᠠᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠴᠢᠨᠰᠠᠭ᠎ᠠ᠎ᠶ᠋ᠢᠨ ᠮᠡᠳᠡᠭᠦᠯᠦᠯᠲᠡ ᠪᠤᠯᠭᠠᠨ ᠪᠦᠷᠢᠯᠳᠦᠭᠦᠯᠵᠦ᠍᠂ ᠲᠤᠬᠠᠶ᠎ᠶ᠋ᠢᠨ ᠭᠠᠵᠠᠷ᠎ᠤᠨ ᠰᠤᠷᠭᠠᠨ ᠬᠥᠮᠦᠵᠢᠯ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢ ᠠᠬᠢᠭᠤᠯᠬᠤ᠎ᠳᠤ  ᠱᠢᠢᠳᠪᠤᠷᠢᠲᠤ ᠪᠣᠳᠣᠯᠭ᠎ᠠ ᠲᠣᠭ᠍ᠲᠠᠭᠠᠬᠤ ᠦᠨᠳᠦᠰᠦᠯᠡᠯ ᠬᠠᠩᠭᠠᠬᠤ ᠪᠣᠯᠤᠨ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号