ᠱᠢᠯᠢ᠎ᠶ᠋ᠢᠨ ᠭᠤᠤᠯ ᠠᠢᠮᠠᠭ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ᠎ᠶ᠋ᠢᠨ ᠦᠷ᠎ᠡ ᠪᠦᠲᠦᠭᠡᠯ᠎ᠤᠨ ᠦᠵᠡᠭᠦᠯᠭᠡ ᠶᠠᠪᠤᠭ᠍ᠳᠠᠪᠠ
2021-08-16 10:41:22
ᠵᠣᠬᠢᠶᠠᠭ᠍ᠴᠢ᠄
ᠬᠦᠭ᠌ᠵᠢᠯᠳᠤ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ᠎ᠠᠴᠠ ᠤᠢ᠍ᠢᠯᠠᠭᠠᠭ᠍ᠰᠠᠨ᠎ᠢᠶᠠᠷ᠂ 《ᠠᠷᠪᠠᠨ ᠨᠢᠭᠡᠳᠦᠭᠡᠷ ᠬᠤᠭᠤᠴᠠᠭᠠᠨ᠎ᠤ ᠱᠢᠯᠢ᠎ᠶ᠋ᠢᠨ ᠭᠤᠤᠯ ᠠᠢᠮᠠᠭ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ᠎ᠶ᠋ᠢᠨ ᠦᠷ᠎ᠡ ᠪᠦᠲᠦᠭᠡᠯ᠎ᠤᠨ ᠦᠵᠡᠭᠦᠯᠭᠡ》 8 ᠰᠠᠷ᠎ᠠ᠎ᠶ᠋ᠢᠨ 2 — 5 ᠎ᠤ ᠡᠳᠦᠷ ᠪᠤᠯᠳᠠᠯ᠎ᠠ ᠳᠣᠯᠣᠨ ᠨᠤᠤᠷ ᠱᠢᠶᠠᠨ᠎ᠳᠤ ᠶᠠᠪᠤᠭ᠍ᠳᠠᠪᠠ᠃

ᠦᠵᠡᠬᠦᠯᠭᠡ᠎ᠳᠤ᠂ ᠱᠢᠯᠢ᠎ᠶ᠋ᠢᠨ ᠭᠤᠤᠯ ᠠᠢᠮᠠᠭ᠎ᠤᠨ ᠡᠯ᠎ᠡ ᠬᠤᠱᠢᠭᠤ ᠱᠢᠶᠠᠨ ᠬᠤᠳᠠ (ᠲᠣᠭᠤᠷᠢᠭ) ᠎ᠶ᠋ᠢᠨ ᠲᠥᠯᠥᠭᠡᠯᠡᠬᠦ᠌ ᠴᠢᠨᠠᠷᠲᠠᠢ᠂ ᠵᠣᠬᠢᠬᠤ ᠨᠥᠯᠥᠭᠡᠯᠡᠬᠦ᠌ ᠬᠦᠴᠦᠨ᠎ᠲᠠᠢ 70 ᠱᠢᠬᠠᠮ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠦᠷᠦᠯ ᠵᠦᠢᠯ ᠵᠢᠴᠢ ᠪᠤᠳᠠᠰ᠎ᠤᠨ ᠪᠤᠰᠤ ᠰᠤᠶᠤᠯ᠎ᠤᠨ ᠦᠪ᠎ᠤᠨ ᠤᠯᠠᠮᠵᠢᠯᠠᠭ᠍ᠴᠢ ᠦᠵᠡᠬᠦᠯᠬᠡ᠎ᠳᠤ ᠣᠷᠣᠯᠴᠠᠵᠠᠢ᠃ ᠦᠰᠦᠭ ᠪᠢᠴᠢᠭ᠂ ᠭᠡᠷᠡᠯ ᠵᠢᠷᠤᠭ᠂ ᠪᠣᠳᠠᠲᠤ ᠪᠣᠳᠠᠰ᠂ ᠤᠯᠠᠮᠵᠢᠯᠠᠨ ᠵᠠᠯᠭᠠᠮᠵᠢᠯᠠᠭ᠍ᠴᠢ᠎ᠶ᠋ᠢᠨ ᠦᠵᠡᠭᠦᠯᠭᠡ᠂ ᠦᠢᠯᠡᠳᠬᠦᠨ ᠳᠡᠯᠭᠡᠨ ᠪᠣᠷᠣᠯᠠᠭᠤᠯᠭ᠎ᠠ ᠵᠡᠷᠭᠡ ᠬᠡᠯᠪᠡᠷᠢ᠎ᠪᠠᠷ ᠱᠢᠯᠢ᠎ᠶ᠋ᠢᠨ ᠭᠤᠤᠯ ᠠᠢᠮᠠᠭ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ᠎ᠶ᠋ᠢᠨ ᠦᠷ᠎ᠡ ᠪᠦᠲᠦᠭᠡᠯ᠎ᠢ ᠪᠦᠬᠦ᠌ ᠲᠠᠯ᠎ᠠ᠎ᠪᠠᠷ ᠳᠡᠯᠭᠡᠨ ᠦᠵᠡᠭᠦᠯᠪᠡ᠃ ᠦᠵᠡᠬᠦᠯᠭᠡ᠎ᠶ᠋ᠢ ᠰᠤᠨᠢᠷᠬᠠᠭ᠍ᠰᠠᠨ ᠬᠦᠮᠦᠰ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠳᠭ᠎ᠠ ᠰᠠᠨᠠᠭ᠎ᠠ᠂ ᠤᠷᠠᠨ ᠭᠤᠢᠳᠠ ᠬᠢᠴᠡ ᠤᠷᠠᠯᠢᠭ᠎ᠢ ᠣᠢᠯᠠᠭᠠᠵᠤ᠂ ᠮᠡᠳᠡᠷᠡᠵᠦ᠍᠂ ᠪᠡᠶᠡᠴᠢᠯᠡᠨ ᠣᠢᠯᠠᠭᠠᠭ᠍ᠰᠠᠨ᠎ᠢᠶᠠᠷ ᠪᠠᠷᠠᠬᠤ ᠦᠭᠡᠢ ᠪᠠᠰᠠ ᠪᠣᠳᠠᠰ᠎ᠤᠨ ᠪᠤᠰᠤ ᠰᠣᠶᠣᠯ᠎ᠤᠨ ᠦᠪ᠎ᠤᠨ ᠤᠯᠠᠮᠵᠢᠯᠠᠭ᠍ᠴᠢᠳ᠎ᠤᠨ ᠰᠦ᠎ᠲᠠᠢ ᠴᠠᠢ᠂ ᠴᠠᠭᠠᠨ ᠢᠳᠡᠭᠡᠨ᠂ ᠶᠤᠤᠮᠠᠶ᠎ᠶ᠋ᠢᠨ ᠭᠤᠯᠢᠷ ᠪᠣᠯᠤᠨ ᠦᠬᠡᠷ ᠬᠤᠨᠢᠨ ᠮᠢᠬ᠎ᠠ᠎ᠶ᠋ᠢ ᠠᠮᠲᠠᠯᠠᠭ᠍ᠰᠠᠨ ᠪᠠᠢᠨ᠎ᠠ᠃ ᠲᠣᠰ ᠦᠵᠡᠬᠦᠯᠬᠡ᠎ᠨᠢ ᠱᠢᠯᠢᠳᠡᠭ ᠤᠯᠠᠮᠵᠢᠯᠠᠯᠲᠤ ᠰᠣᠶᠣᠯ᠎ᠢ ᠶᠡᠭᠡ᠎ᠪᠠᠷ ᠪᠠᠳᠠᠷᠠᠭᠤᠯᠵᠤ᠂ ᠨᠡᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠬᠥᠭ᠌ᠵᠢᠭᠦᠯᠦᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠥᠯᠥᠭᠡᠯᠡᠬᠦ᠌ ᠬᠦᠴᠦᠨ ᠪᠠ ᠨᠠᠷ᠎ᠠ ᠠᠯᠳᠠᠷᠱᠢᠯ᠎ᠢ ᠴᠢᠨᠠᠬ᠍ᠰᠢᠳᠡ ᠥᠷᠭᠡᠳᠭᠡᠬᠦ᠌᠎ᠶ᠋ᠢᠨ ᠬᠠᠮᠲᠤ ᠰᠣᠶᠣᠯ᠎ᠤᠨ ᠬᠡᠷᠡᠭ᠌ᠯᠡᠭᠡ᠎ᠶ᠋ᠢ ᠢᠳᠡᠪᠬᠢᠲᠡᠶ ᠳᠠᠢᠴᠢᠯᠠᠵᠤ᠂ ᠰᠣᠶᠣᠯ ᠪᠠ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ᠎ᠳᠤ ᠢᠳᠡᠪᠬᠢ ᠦᠢᠯᠡᠳᠤᠯ ᠦᠵᠡᠬᠦᠯᠦᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号