ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠦᠶ᠎ᠠ
2021-08-16 10:49:20
ᠵᠣᠬᠢᠶᠠᠭ᠍ᠴᠢ᠄
● ᠠᠨ ᠵᠢᠩ ᠽᠧ
ᠣᠩᠱᠢᠭ᠍ᠰᠠᠨ ᠣᠳᠠᠭ᠎ᠠ᠄
★★★☆☆

2021 ᠤᠨ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠂ ᠨᠡᠢᠭᠡᠮ ᠵᠢᠷᠦᠮᠳᠤ ᠣᠳᠣᠬᠢᠴᠢᠯᠠᠭ᠍ᠰᠠᠨ ᠤᠯᠤᠰ᠎ᠢ ᠪᠥᠬᠦ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠢ ᠡᠬᠢᠯᠡᠭᠦᠯᠬᠦ᠌ ᠠᠩᠬᠠᠨ᠎ᠤ ᠵᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠳᠥᠷᠪᠡᠳᠦᠭᠡᠷ ᠪᠥᠬᠦᠳᠡ ᠬᠤᠷᠠᠯ᠎ᠠᠴᠠ ᠶᠡᠷᠦᠩᠬᠡᠶ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠣᠳᠣᠬᠠᠨ᠎ᠤ ᠬᠥᠭ᠌ᠵᠢᠯᠲᠡ᠎ᠶ᠋ᠢᠨ ᠪᠠᠢᠳᠠᠯ᠎ᠢ ᠱᠢᠨᠵᠢᠯᠡᠬᠦ᠌ ᠤᠬᠠᠭᠠᠨᠴᠢ᠎ᠪᠠᠷ ᠵᠠᠳᠠᠯᠤᠨ᠂ ᠡᠨᠡ ᠵᠢᠯ᠎ᠤᠨ ᠲᠠᠷᠠᠭᠠᠴᠢ᠎ᠶ᠋ᠢᠨ ᠱᠠᠲᠤᠨ᠎ᠤ ᠭᠤᠤᠯᠳᠠᠯᠭ᠎ᠠ᠎ᠲᠠᠢ ᠡᠭᠦᠷᠭᠡ᠎ᠶ᠋ᠢ ᠱᠢᠰᠲ᠋ᠧᠮ᠎ᠲᠠᠢ ᠪᠠᠢᠷᠢᠯᠠᠭᠤᠯᠤᠭ᠍ᠰᠠᠨ᠎ᠨᠢ ᠪᠥᠬᠦ᠌ ᠣᠷᠣᠨ᠎ᠤ ᠡᠯ᠎ᠠ ᠱᠠᠳᠤᠨ᠎ᠤ᠎ᠬᠢᠨ ᠴᠢᠨᠠᠷ ᠰᠠᠢᠲᠠᠶ ᠬᠥᠭ᠌ᠵᠢᠯᠲᠡ᠎ᠪᠠᠷ 《ᠠᠷᠪᠠᠨ ᠳᠥᠷᠪᠡᠳᠦᠭᠡᠷ ᠲᠠᠪᠤᠨ ᠵᠢᠯ》 ᠎ᠢ ᠰᠠᠢᠲᠤᠷ ᠡᠬᠢᠯᠡᠭᠦᠯᠵᠦ᠍᠂ ᠱᠢᠨ᠎ᠡ ᠱᠢᠯᠭᠠᠯᠲᠠ᠎ᠶ᠋ᠢᠨ ᠵᠠᠮ ᠳᠡᠭᠡᠷ᠎ᠡ ᠱᠢᠨ᠎ᠡ ᠠᠮᠵᠢᠯᠲᠠ ᠡᠭᠦᠳᠴᠦ᠍᠂ ᠱᠢᠨ᠎ᠡ ᠬᠠᠭᠤᠳᠠᠰᠤ ᠪᠢᠴᠢᠭ᠌ᠯᠡᠬᠦ᠌᠎ᠶ᠋ᠢ ᠴᠢᠨᠠᠭ᠍ᠰᠢᠳᠠ ᠵᠤᠷᠢᠭ᠍ᠵᠢᠭᠤᠯᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠶᠤᠮ᠃ 

 

QQ图片20210815110215.png

 

ᠴᠢᠨᠠᠷ ᠰᠠᠢᠲᠠᠢ ᠬᠥᠭ᠌ᠵᠢᠯᠲᠡ᠎ᠪᠠᠷ 《ᠠᠷᠪᠠᠨ ᠳᠥᠷᠪᠡᠳᠦᠭᠡᠷ ᠲᠠᠪᠤᠨ ᠵᠢᠯ》 ᠎ᠢ ᠰᠠᠢᠳᠦᠷ ᠡᠬᠢᠯᠡᠭᠦᠯᠬᠦ᠌᠎ᠳᠤ ᠡᠷᠬᠡᠪᠰᠢ ᠣᠳᠣᠬᠠᠨ᠎ᠤ ᠬᠥᠭ᠌ᠵᠢᠯᠲᠡ᠎ᠶ᠋ᠢᠨ ᠪᠠᠢᠳᠠᠯ᠎ᠳᠤ ᠪᠦᠬᠦ᠌ ᠲᠠᠯ᠎ᠠ᠎ᠪᠠᠷ᠂ ᠪᠤᠰᠤᠳᠴᠢ᠎ᠪᠠᠷ᠂ ᠬᠤᠪᠢᠰᠤᠩᠭᠤᠢ᠎ᠪᠠᠷ ᠬᠠᠨᠳᠤᠬᠤ ᠬᠡᠷᠡᠭ᠌ᠲᠡᠢ᠃ ᠣᠳᠣᠬᠠᠨ᠎ᠤ ᠪᠠᠢᠳᠠᠯ᠎ᠢ ᠱᠢᠨᠵᠢᠯᠡᠬᠦ᠌ ᠤᠬᠠᠭᠠᠨᠴᠢ᠎ᠪᠠᠷ ᠲᠠᠨᠢᠬᠤ ᠪᠣᠯ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠦᠨᠳᠦᠰᠦᠨ ᠤᠷᠢᠲᠠᠯ ᠮᠥᠨ᠃ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠳᠤ ᠥᠪᠥᠷ ᠮᠣᠩᠭᠤᠯ ᠪᠥᠬᠦ᠌ ᠤᠯᠤᠰ᠎ᠲᠠᠢ ᠵᠡᠷᠭᠡ᠎ᠪᠠᠷ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠣᠷᠣᠬᠤ ᠪᠤᠯᠤᠨ᠎ᠠ᠃ ᠨᠢᠬᠡ ᠲᠠᠯ᠎ᠠ᠎ᠪᠠᠷ᠂ ᠠᠵᠤ ᠠᠬᠤᠶ᠎ᠶ᠋ᠢᠨ ᠪᠠᠢᠳᠠᠯ᠎ᠤᠨ ᠪᠤᠳᠤᠯᠢᠶᠠᠨᠲᠠᠶ ᠬᠤᠪᠢᠷᠠᠯᠲᠠ ᠪᠠ ᠲᠡᠦᠬᠡ᠎ᠶ᠋ᠢᠨ ᠦᠯᠡᠳᠡᠭ᠌ᠳᠡᠯ ᠠᠰᠠᠭᠤᠳᠠᠯ᠎ᠤᠨ ᠡᠮᠦᠨ᠎ᠠ᠂ ᠪᠦᠳᠦᠭᠦᠯᠢᠭ᠎ᠢᠶᠠᠷ ᠬᠥᠭ᠌ᠵᠢᠭᠦᠯᠦᠭ᠌ᠰᠡᠨ᠎ᠤ ᠳᠠᠷᠠᠭᠠᠬᠢ ᠠᠰᠠᠭᠤᠳᠠᠯ ᠭᠡᠮ ᠲᠥᠪᠯᠡᠷᠡᠩᠭᠦᠶ ᠢᠯᠡᠷᠡᠭ᠌ᠰᠡᠨ ᠪᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠬᠦᠨᠳᠦ ᠨᠣᠴᠢᠲᠠᠶ ᠳᠠᠭᠠᠷᠢᠯᠲᠠ᠎ᠶ᠋ᠢᠨ ᠡᠮᠦᠨ᠎ᠠ᠂ ᠤᠷᠤᠨ ᠲᠠᠶᠠᠭᠠᠷ᠎ᠢᠶᠠᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠣᠲᠣᠨᠣ ᠬᠠᠯᠠᠮᠵᠢᠯᠠᠯ ᠪᠤᠯᠤᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠡᠳᠦᠨ ᠵᠢᠯ᠎ᠤᠨ ᠦᠷᠭᠦᠯᠵᠢᠯᠡᠭ᠌ᠰᠡᠨ ᠴᠢᠷᠮᠠᠢᠯᠭ᠎ᠠ᠎ᠪᠠᠷ ᠳᠠᠮᠵᠢᠨ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠨ ᠲᠥᠪ ᠪᠤᠯᠭᠠᠬᠤ᠂ ᠬᠥᠭ᠌ᠵᠢᠯᠲᠡ᠎ᠶ᠋ᠢᠨ ᠰᠡᠳᠭᠢᠮᠵᠢ ᠪᠠ ᠲᠥᠯᠥᠪᠵᠢᠭᠦᠯᠭᠡ ᠪᠠᠢᠷᠢᠯᠠᠭᠤᠯᠤᠯᠲᠠ᠎ᠪᠠᠨ ᠲᠡᠭᠦᠯᠳᠡᠷᠵᠢᠭᠦᠯᠬᠦ᠌ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠵᠤ᠂ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠪᠠᠨ ᠬᠤᠪᠢᠷᠠᠭᠤᠯᠬᠤ᠂ ᠠᠵᠤ ᠦᠢᠯᠡᠰ᠎ᠤᠨ ᠪᠦᠲᠦᠴᠡ᠎ᠪᠠᠨ ᠲᠤᠬᠢᠷᠠᠭᠤᠯᠤᠨ ᠱᠢᠯᠢᠳᠡᠭ᠌ᠵᠢᠭᠦᠯᠬᠦ᠌ ᠲᠠᠯ᠎ᠠ᠎ᠪᠠᠷ ᠰᠠᠢᠨ ᠰᠠᠢᠬᠠᠨ ᠪᠠᠢᠳᠠᠯ᠎ᠢ ᠪᠤᠢ ᠪᠤᠯᠭᠠᠨ᠂ ᠴᠢᠨᠠᠷ ᠰᠠᠢᠲᠠᠶ ᠬᠥᠭ᠌ᠵᠢᠯᠲᠡ᠎ᠳᠤ ᠱᠢᠢᠳᠪᠤᠷᠢᠯᠡᠭ᠌ᠴᠢ ᠴᠢᠨᠠᠷᠲᠠᠶ ᠠᠴᠢ ᠬᠤᠯᠪᠣᠭ᠍ᠳᠠᠯ ᠪᠦᠬᠦᠢ ᠴᠢᠬᠤᠯᠠ ᠶᠡᠭᠡ ᠰᠡᠳᠦᠪ᠎ᠢ ᠡᠬᠢᠯᠡᠨ ᠱᠢᠢᠳᠪᠤᠷᠢᠯᠡᠵᠦ᠍᠂ ᠪᠦᠬᠦ᠌ ᠣᠷᠣᠨ᠎ᠤ ᠬᠥᠭ᠌ᠵᠢᠯᠲᠡ ᠨᠢᠭᠡᠨᠲᠡ ᠱᠢᠨ᠎ᠡ ᠭᠠᠷᠤᠭ᠎ᠠ ᠳᠡᠭᠡᠷ᠎ᠡ ᠵᠣᠭ᠍ᠰᠣᠪᠠ᠃ ᠠᠯᠢ ᠣᠯᠠᠨ ᠴᠢᠬᠤᠯᠠ ᠶᠡᠭᠡ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠬᠦ᠌᠎ᠶ᠋ᠢ ᠳᠠᠭᠠᠯᠳᠤᠨ᠂ ᠮᠠᠨ᠎ᠤ ᠣᠷᠣᠨ ᠣᠯᠠᠨ ᠳᠠᠪᠬᠤᠷ ᠬᠥᠭ᠌ᠵᠢᠯᠲᠡ᠎ᠶ᠋ᠢᠨ ᠠᠵᠠ ᠲᠣᠬᠢᠶᠠᠯ᠎ᠲᠠᠢ ᠪᠣᠯᠵᠣ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢ ᠨᠠᠩ ᠰᠠᠢᠲᠤᠷ ᠠᠬᠢᠭᠤᠯᠬᠤ ᠣᠯᠠᠨ ᠲᠠᠯ᠎ᠠ᠎ᠶ᠋ᠢᠨ ᠠᠱᠢᠭ᠍ᠲᠠᠶ ᠨᠥᠬᠦᠴᠡᠯ᠎ᠲᠠᠢ ᠪᠣᠯᠵᠠᠶ᠃ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠱᠠᠯᠠᠪᠳᠠᠨ ᠪᠠᠢᠭᠤᠯᠬᠤ᠎ᠨᠢ ᠮᠠᠨ᠎ᠤ ᠣᠷᠣᠨ᠎ᠤ ᠡᠬᠢ ᠪᠠᠶᠠᠯᠢᠭ᠂ ᠠᠮᠢ ᠠᠬᠤᠢ᠂ ᠣᠷᠣᠨ ᠪᠠᠢᠷᠢ ᠵᠡᠷᠭᠡ ᠬᠠᠷᠢᠴᠠᠭᠤᠯᠤᠭ᠍ᠰᠠᠨ ᠳᠠᠪᠠᠭᠤᠯᠢᠭ᠎ᠢ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠳᠤ ᠯᠤᠲᠤ ᠶᠡᠭᠡ ᠣᠷᠣᠨ ᠵᠠᠢ ᠡᠭᠦᠳᠴᠦ᠍ ᠦᠭ᠌ᠭᠦᠭ᠌ᠰᠡᠨ᠎ᠢ ᠤᠯᠵᠤ ᠬᠠᠷᠠᠬᠤ ᠬᠡᠷᠡᠭ᠌ᠳᠠᠢ᠃ ᠨᠥᠭᠦᠭᠡ ᠲᠠᠯ᠎ᠠ᠎ᠪᠠᠷ᠂ ᠥᠪᠥᠷ ᠮᠣᠩᠭᠤᠯ᠎ᠤᠨ ᠬᠥᠭ᠌ᠵᠢᠭᠡᠳᠦᠶ ᠭᠠᠵᠠᠷ ᠤᠷᠤᠨ ᠪᠤᠯᠬᠤ ᠦᠨᠳᠦᠰᠦᠨ ᠪᠠᠢᠳᠠᠯ᠎ᠳᠤ ᠦᠨᠳᠦᠰᠦᠨ ᠴᠢᠨᠠᠷᠳᠠᠢ ᠬᠤᠪᠢᠷᠠᠯᠲᠠ ᠭᠠᠷᠤᠭ᠎ᠠ ᠥᠬᠡᠶ᠂ ᠴᠢᠨᠠᠷ ᠰᠠᠢᠲᠠᠶ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠭᠦᠨ ᠳᠠᠪᠬᠤᠷᠭ᠎ᠠ᠎ᠶ᠋ᠢᠨ ᠵᠥᠷᠢᠴᠡᠯ ᠮᠥᠨ ᠬᠦ᠌ ᠲᠣᠪᠤᠢᠮ᠎ᠠ ᠪᠠᠢᠵᠤ᠂ ᠠᠵᠤ ᠠᠬᠤᠶ ᠨᠡᠢᠭᠡᠮ᠎ᠤᠨ ᠬᠥᠭ᠌ᠵᠢᠯᠲᠡ ᠮᠠᠰᠢ ᠣᠯᠠᠨ ᠱᠢᠨ᠎ᠡ ᠠᠶᠤᠯ ᠲᠦᠭ᠌ᠰᠢᠭᠦᠷᠢ ᠪᠠ ᠥᠷᠢᠰᠥᠯᠳᠦᠭᠡᠨ᠎ᠳᠤ ᠲᠤᠯᠭᠠᠷᠠᠵᠤ᠂ ᠶᠠᠭ ᠬᠦᠴᠢᠷ᠎ᠢ ᠳᠤᠭᠤᠯᠬᠤ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ ᠪᠠᠢᠬᠤ᠎ᠶ᠋ᠢ ᠣᠯᠵᠤ ᠬᠠᠷᠠᠬᠤ ᠬᠡᠷᠡᠭ᠌ᠲᠡᠶ᠃ ᠶᠡᠷᠦᠩᠬᠡᠢ᠎ᠳᠤᠨᠢ ᠠᠪᠴᠤ᠌ ᠦᠵᠡᠪᠡᠯ᠂ ᠪᠦᠬᠦ᠌ ᠤᠯᠤᠰ᠎ᠲᠠᠢ ᠠᠳᠠᠯᠢ᠎ᠪᠠᠷ ᠥᠪᠥᠷ ᠮᠣᠩᠭᠤᠯ᠎ᠤᠨ ᠣᠳᠣᠬᠠᠨ᠎ᠤ ᠪᠠᠢᠳᠠᠯ᠎ᠳᠤ ᠬᠢᠮᠤᠷᠠᠯ ᠪᠣᠯᠤᠨ ᠠᠵᠠ ᠲᠣᠬᠢᠶᠠᠯ ᠵᠡᠷᠭᠡ᠎ᠪᠠᠷ ᠣᠷᠣᠱᠢᠵᠤ ᠪᠠᠢᠨ᠎ᠠ᠃ ᠪᠢᠳᠡ ᠬᠥᠭ᠌ᠵᠢᠯᠲᠡ᠎ᠶ᠋ᠢᠨ ᠢᠲᠡᠭᠡᠯ ᠵᠣᠷᠢᠭ᠎ᠢᠶᠠᠨ ᠪᠠᠲᠤᠳᠭᠠᠨ᠂ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠴᠢᠷᠮᠠᠢᠨ ᠠᠳᠭᠤᠵᠤ ᠰᠠᠢᠲᠤᠷ ᠠᠱᠢᠡᠡᠯᠠᠬᠤ ᠬᠡᠷᠡᠭ᠌ᠳᠠᠢ ᠪᠦᠭᠡᠳ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠨ᠂ ᠬᠦᠴᠢᠷᠳᠡᠯ ᠪᠠ ᠥᠷᠢᠰᠥᠯᠳᠦᠭᠡᠨ᠎ᠢ ᠰᠡᠷᠭᠡᠭ᠎ᠢᠶᠠᠷ ᠲᠠᠨᠢᠵᠤ᠂ ᠪᠦᠲᠦᠴᠡ᠎ᠪᠠᠨ ᠲᠤᠬᠢᠷᠠᠭᠤᠯᠬᠤ᠂ ᠴᠢᠳᠠᠮᠵᠢ᠎ᠪᠠᠨ ᠬᠤᠪᠢᠷᠠᠭᠤᠯᠬᠤ᠂ ᠶᠠᠰᠤ ᠴᠢᠨᠠᠷ᠎ᠢᠶᠠᠨ ᠳᠡᠭᠡᠭ᠌ᠰᠢᠯᠡᠭᠦᠯᠬᠦ᠌ ᠲᠠᠯ᠎ᠠ᠎ᠪᠠᠷ ᠡᠷᠬᠡᠪᠰᠢ ᠶᠡᠷᠦᠩᠬᠡᠢ ᠳᠠᠢᠯᠠᠯᠳᠤᠭᠠᠨ᠂ ᠪᠣᠭᠤᠮᠲᠠ ᠱᠢᠪᠲᠤᠯᠬᠤ ᠳᠠᠢᠯᠠᠯᠳᠤᠭᠠᠨ ᠪᠠ ᠳᠠᠭᠠᠭᠠᠮᠠᠭᠠᠢ ᠳᠠᠢᠯᠠᠯᠳᠤᠭᠠᠨ ᠬᠢᠬᠦ᠌ ᠪᠡᠯᠡᠳᠭᠡᠯ᠎ᠢ ᠰᠠᠢᠲᠤᠷ ᠬᠢᠬᠦ᠌ ᠬᠡᠷᠡᠭ᠌ᠲᠡᠢ᠃ ᠬᠠᠮᠤᠭ᠎ᠤᠨ ᠴᠢᠬᠤᠯᠠ᠎ᠨᠢ 《ᠬᠤᠶᠠᠷ ᠶᠡᠭᠡ ᠲᠠᠯ᠎ᠠ》 ᠎ᠶ᠋ᠢ ᠰᠡᠳᠭᠢᠯ᠎ᠳᠡᠭᠡᠨ ᠪᠤᠳᠤᠵᠤ᠂ ᠢᠮᠠᠭ᠍ᠲᠠ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠪᠠᠷ ᠵᠢᠷᠤᠮᠯᠠᠯ ᠪᠣᠯᠭᠠᠨ᠂ ᠬᠦᠴᠢᠷᠳᠡᠯ ᠪᠠ ᠥᠷᠢᠰᠥᠯᠳᠦᠭᠡᠨ᠎ᠢ ᠠᠷᠭᠠᠴᠠᠭᠠᠬᠤ ᠳᠤᠮᠳᠠ ᠠᠵᠠ ᠲᠣᠬᠢᠶᠠᠯ᠎ᠢ ᠡᠵᠡᠮᠳᠡᠬᠦ᠌ ᠪᠠ ᠠᠵᠠ ᠲᠣᠬᠢᠶᠠᠯ᠎ᠢ ᠡᠭᠦᠳᠬᠦ᠌᠎ᠳᠡᠭᠡᠨ ᠴᠢᠳᠠᠮᠠᠭᠠᠢ ᠪᠠᠢᠵᠤ᠂ ᠪᠠᠢᠳᠠᠯ᠎ᠤᠨ ᠬᠤᠪᠢᠷᠠᠯᠲᠠ᠎ᠳᠤ ᠵᠤᠬᠢᠴᠠᠨ ᠰᠡᠳᠭᠢᠮᠵᠢ᠎ᠪᠠᠨ ᠲᠡᠭᠦᠯᠳᠡᠷᠵᠢᠭᠦᠯᠵᠤ᠂ ᠠᠷᠭᠠᠴᠠᠭᠠᠬᠤ ᠪᠤᠳᠤᠯᠭ᠎ᠠ᠎ᠪᠠᠨ ᠲᠤᠬᠢᠷᠠᠭᠤᠯᠤᠨ ᠠᠵᠢᠯ᠎ᠢᠶᠠᠨ ᠰᠠᠢᠲᠤᠷ ᠬᠢᠵᠦ᠍᠂ ᠬᠥᠭ᠌ᠵᠢᠯᠲᠡ᠎ᠶ᠋ᠢᠨ ᠭᠤᠣᠯᠯᠠᠬᠤ ᠡᠷᠬᠡ᠎ᠶ᠋ᠢ ᠪᠠᠲᠤ ᠡᠵᠡᠮᠳᠡᠨ᠂ ᠠᠵᠤ ᠠᠬᠤᠢ᠎ᠶ᠋ᠢᠨ ᠦᠷᠭᠦᠯᠵᠢᠯᠡᠨ ᠰᠡᠷᠭᠦᠬᠦ᠌ ᠪᠠ ᠴᠢᠨᠠᠷ ᠰᠠᠢᠲᠠᠢ ᠬᠥᠭ᠌ᠵᠢᠬᠦ᠌᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃

ᠴᠢᠨᠠᠷ ᠰᠠᠢᠲᠠᠶ ᠬᠥᠭ᠌ᠵᠢᠯᠲᠡ᠎ᠪᠠᠷ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠬᠦ᠌᠎ᠳᠤ ᠡᠷᠬᠡᠪᠰᠢ ᠬᠥᠭ᠌ᠵᠢᠯᠲᠡ᠎ᠶ᠋ᠢᠨ ᠱᠢᠨ᠎ᠡ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ᠌ ᠲᠠᠯ᠎ᠠ᠎ᠪᠠᠷ ᠲᠤᠭᠤᠱᠢᠯᠠᠭᠤᠯᠬᠤ ᠬᠡᠷᠡᠭ᠌ᠲᠡᠶ᠃ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠡᠷᠢᠭᠦᠨ ᠴᠢᠬᠤᠯᠠ ᠤᠯᠤᠰ ᠲᠦᠷᠦ᠎ᠶ᠋ᠢᠨ ᠱᠠᠭᠠᠷᠳᠠᠯᠭ᠎ᠠ᠂ ᠦᠵᠡᠯ ᠰᠠᠨᠠᠭᠠᠨ᠎ᠤ ᠱᠠᠭᠠᠷᠳᠠᠯᠭ᠎ᠠ ᠪᠠ ᠠᠵᠢᠯ᠎ᠤᠨ ᠱᠠᠭᠠᠷᠳᠠᠯᠭ᠎ᠠ ᠪᠣᠯᠤᠨ᠎ᠠ᠃ ᠥᠪᠥᠷ ᠮᠣᠩᠭᠤᠯ᠎ᠳᠤ ᠠᠪᠴᠤ᠌ ᠬᠡᠯᠡᠪᠡᠯ᠂ ᠡᠷᠬᠡᠪᠰᠢ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠤᠯ᠎ᠳᠤ ᠲᠣᠭ᠍ᠲᠠᠭᠠᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ ᠶᠣᠰᠣᠭᠠᠷ ᠠᠮᠢ ᠠᠬᠤᠶ᠎ᠶ᠋ᠢ ᠤᠷᠢᠳ᠎ᠢᠶᠠᠷ ᠪᠤᠳᠤᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠭᠤᠢᠪᠢᠰᠢ ᠥᠬᠡᠶ ᠵᠠᠮᠨᠠᠵᠤ᠂ ᠳᠠᠪᠠᠭᠤᠯᠢᠭ᠎ᠢᠶᠠᠨ ᠪᠠᠳᠠᠷᠠᠭᠤᠯᠤᠨ ᠳᠤᠳᠠᠭ᠍ᠳᠠᠯ᠎ᠢᠶᠠᠨ ᠲᠡᠪᠴᠢᠵᠦ᠍᠂ ᠱᠢᠯᠢᠳᠡᠭ᠎ᠢ ᠪᠤᠢᠵᠢᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠨᠠᠩ ᠢᠯᠡᠭᠦᠤ ᠠᠩᠬᠠᠷᠴᠤ᠌᠂ ᠪᠥᠬᠦ᠌ ᠬᠦᠴᠤ᠎ᠪᠠᠷ᠎ᠢᠶᠠᠨ ᠪᠦᠲᠦᠴᠡ᠎ᠶ᠋ᠢ ᠳᠣᠭᠢᠷᠠᠭᠤᠯᠬᠤ᠂ ᠴᠢᠳᠠᠮᠵᠢ᠎ᠶ᠋ᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠲᠡᠶ᠃

ᠪᠦᠬᠦ᠌ ᠬᠦᠴᠦ᠎ᠪᠠᠷ᠎ᠢᠶᠠᠨ ᠪᠦᠲᠦᠴᠡ᠎ᠶ᠋ᠢ ᠲᠣᠬᠢᠷᠠᠭᠤᠯᠬᠤ ᠬᠡᠷᠡᠭ᠌ᠲᠡᠶ᠃ ᠣᠢᠷ᠎ᠠ᠎ᠶ᠋ᠢᠨ ᠬᠡᠳᠦᠨ ᠵᠢᠯ᠎ᠳᠤ ᠮᠠᠨ᠎ᠤ ᠣᠷᠣᠨ᠎ᠤ ᠬᠥᠭ᠌ᠵᠢᠯᠲᠡ᠎ᠶ᠋ᠢᠨ ᠳᠤᠮᠳᠠ ᠲᠤᠯᠭᠠᠷᠠᠭ᠍ᠰᠠᠨ ᠵᠥᠷᠢᠴᠡᠯ ᠪᠠ ᠬᠦᠴᠢᠷᠳᠡᠯ᠎ᠤᠨ ᠦᠨᠳᠦᠰᠦᠨ ᠠᠰᠠᠭᠤᠳᠠᠯ᠎ᠨᠢ ᠠᠵᠤ ᠦᠢᠯᠡᠰ᠎ᠤᠨ ᠪᠦᠲᠦᠴᠡ᠎ᠶ᠋ᠢᠨ ᠬᠦᠯᠢᠶᠡᠰᠦᠯᠡᠯ᠎ᠳᠤ ᠪᠠᠢᠨ᠎ᠠ᠃ ᠤᠷᠳᠤ ᠬᠤᠭᠤᠴᠠᠭᠠᠨ᠎ᠤ ᠲᠤᠷᠰᠢ ᠪᠦᠷᠢᠯᠳᠦᠭ᠌ᠰᠡᠨ ᠡᠨᠧᠷᠭᠢ᠎ᠳᠤ ᠲᠦᠱᠢᠭ᠌ᠯᠡᠬᠦ᠌ ᠬᠦᠨᠳᠤ ᠠᠵᠤ ᠦᠢᠯᠡᠳᠪᠤᠷᠢ᠎ᠳᠤ ᠲᠦᠱᠢᠭ᠌ᠯᠡᠬᠦ᠌ ᠠᠵᠤ ᠦᠢᠯᠡᠰ᠎ᠤᠨ ᠪᠦᠲᠦᠴᠡ᠎ᠨᠢ ᠠᠵᠤ ᠦᠢᠯᠡᠰ᠎ᠤᠨ ᠲᠡᠰ ᠳᠠᠪᠬᠤᠷᠭ᠎ᠠ᠎ᠪᠠᠷ ᠳᠣᠣᠷ᠎ᠠ᠂ ᠥᠷᠢᠰᠥᠯᠳᠦᠬᠦ᠌ ᠬᠦᠴᠦᠨ᠎ᠢᠶᠠᠷ ᠬᠦᠢᠴᠡᠳ ᠪᠤᠰᠤ ᠪᠠᠢᠵᠤ᠂ 《ᠲᠦᠷᠪᠡᠡ ᠤᠯᠠᠨ ᠲᠦᠷᠪᠡᠡ ᠴᠥᠭᠡᠨ》 ᠎ᠤ ᠠᠰᠠᠭᠤᠳᠠᠯ ᠲᠤᠪᠤᠢᠮ᠎ᠠ ᠤᠷᠤᠱᠢᠵᠤ᠂ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌ ᠶᠠᠪᠤᠳᠠᠯ ᠲᠤᠯᠭᠠᠮ ᠱᠠᠭᠠᠷᠳᠠᠭ᠍ᠳᠠᠵᠤ ᠪᠠᠢᠨ᠎ᠠ᠃ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ ᠪᠣᠬᠢᠷᠲᠤᠯ ᠦᠭᠡᠢ ᠬᠥᠭ᠌ᠵᠢᠬᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠵᠤ ᠴᠢᠳᠠᠬᠤ ᠡᠰᠡᠬᠦ᠌᠎ᠶ᠋ᠢᠨ ᠵᠠᠩᠭᠢᠯᠠᠭ᠎ᠠ᠎ᠶ᠋ᠢᠨ ᠨᠢᠭᠡ ᠵᠦᠢᠯ ᠪᠣᠯ ᠳᠠᠷᠤᠢ ᠠᠵᠤ ᠦᠢᠯᠡᠰ᠎ᠤᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌ ᠲᠠᠯ᠎ᠠ᠎ᠪᠠᠷ ᠱᠢᠪᠲᠤᠯᠤᠯᠲᠠ᠎ᠶ᠋ᠢᠨ ᠴᠢᠨᠠᠷᠲᠠᠢ ᠠᠬᠢᠴᠠ ᠪᠠ ᠮᠥᠨ ᠴᠢᠨᠠᠷ᠎ᠤᠨ ᠴᠢᠨᠠᠷᠲᠠᠢ ᠦᠷ᠎ᠡ ᠪᠦᠲᠦᠮᠵᠢ ᠣᠯᠵᠤ ᠴᠢᠳᠠᠬᠤ ᠡᠰᠡᠬᠦ᠌᠎ᠳᠤ ᠪᠤᠢ᠃ ᠣᠳᠣᠬᠠᠨ᠎ᠳᠤ᠂ ᠣᠨᠴᠠᠭᠠᠢᠯᠠᠨ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠤᠷᠬᠢᠯ ᠬᠡᠮᠵᠢᠭ᠌ᠳᠡᠯ᠎ᠳᠤ ᠬᠦᠷᠬᠡᠬᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠬᠠᠷᠠᠯᠲᠠ ᠡᠭᠦᠷᠭᠡ᠎ᠶ᠋ᠢ ᠨᠠᠢᠳᠠᠪᠤᠷᠢᠵᠢᠭᠤᠯᠬᠤ᠎ᠲᠠᠢ ᠨᠢᠭ᠍ᠲᠠ ᠤᠶᠠᠯᠳᠤᠭᠤᠯᠤᠨ᠂ ᠠᠵᠤ ᠦᠢᠯᠡᠰ᠎ᠤᠨ ᠪᠦᠲᠦᠴᠡ ᠪᠠ ᠡᠨᠧᠷᠭᠢ᠎ᠶ᠋ᠢᠨ ᠰᠤᠷᠪᠤᠯᠵᠢ᠎ᠶ᠋ᠢᠨ ᠪᠦᠲᠦᠴᠡ᠎ᠳᠤ ᠳᠤᠬᠢᠷᠠᠭᠤᠯᠤᠯᠳᠠ ᠬᠢᠬᠦ᠌᠎ᠶ᠋ᠢ ᠲᠦᠷᠭᠡᠳᠭᠡᠬᠦ᠌ ᠬᠡᠷᠡᠭ᠌ᠲᠡᠶ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ ᠪᠠ ᠬᠤᠷᠣᠭ᠍ᠳᠠᠭᠤᠯᠤᠯ᠎ᠢ ᠪᠠᠭᠠᠰᠭᠠᠬᠤ᠎ᠶ᠋ᠢ ᠬᠠᠲᠠᠭᠤ ᠡᠭᠦᠷᠭᠡ᠎ᠪᠠᠨ ᠪᠣᠯᠭᠠᠵᠤ᠂ ᠡᠨᠧᠷᠭᠢ᠎ᠶ᠋ᠢᠨ ᠬᠤᠷᠣᠭ᠍ᠳᠠᠯ᠎ᠤᠨ 《ᠬᠤᠶᠠᠷ᠎ᠢ ᠡᠵᠡᠮᠳᠡᠬᠦ᠌》 ᠪᠠ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠦᠴᠦᠯᠡᠴᠡ᠎ᠶ᠋ᠢ ᠡᠵᠡᠮᠳᠡᠭᠦ᠌ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠡᠮᠵᠢᠶ᠎ᠡ᠎ᠶ᠋ᠢ ᠪᠠᠭᠠᠰᠭᠠᠬᠤ᠎ᠶ᠋ᠢ ᠣᠷᠣᠯᠠᠭᠤᠯᠬᠤ ᠲᠠᠯ᠎ᠠ᠎ᠪᠠᠷ ᠣᠷᠣᠨ ᠵᠠᠢ ᠡᠷᠢᠬᠦ᠌᠎ᠶ᠋ᠢ ᠪᠠᠷᠢᠮᠲᠠᠯᠠᠨ᠂ ᠦᠯᠡᠳᠡᠭᠡᠯ ᠲᠦᠷᠦᠯ ᠵᠦᠢᠯ᠎ᠤᠨ ᠲᠠᠯ᠎ᠠ᠎ᠪᠠᠷ᠎ᠬᠢ ᠨᠦᠭᠡᠴᠡ ᠬᠦᠴᠦᠨ᠎ᠢ ᠠᠭᠤᠳᠠᠯᠵᠤ᠂ ᠲᠦᠷᠦ᠎ᠶ᠋ᠢᠨ ᠪᠤᠳᠤᠯᠭ᠎ᠠ᠎ᠶ᠋ᠢᠨ ᠲᠣᠭ᠍ᠲᠠᠴᠠ᠎ᠶ᠋ᠢᠨ ᠲᠠᠯ᠎ᠠ᠎ᠪᠠᠷ ᠠᠷᠭ᠎ᠠ ᠰᠦᠪᠡᠭ᠌ᠴᠢᠯᠡᠨ᠂ ᠬᠢᠵᠠᠭᠠᠷᠯᠠᠬᠤ ᠲᠦᠷᠦᠯ᠎ᠤᠨ ᠦᠢᠯᠡᠳᠪᠦᠷᠢᠯᠡᠯ᠎ᠤᠨ ᠴᠢᠳᠠᠪᠤᠷᠢ᠎ᠶ᠋ᠢ ᠱᠢᠭ᠌ᠰᠢᠭ᠌ᠳᠡᠭᠦᠯᠬᠦ᠌ ᠡᠷᠴᠢᠮ᠎ᠢ ᠴᠢᠩᠭᠠᠷᠠᠭᠤᠯᠵᠤ᠂ ᠭᠤᠣᠯᠳᠠᠯᠭ᠎ᠠ᠎ᠲᠠᠢ ᠠᠵᠢᠯ ᠲᠦᠷᠦᠯ᠎ᠢ ᠪᠣᠬᠢᠷᠲᠤᠯ ᠦᠭᠡᠢ᠎ᠪᠠᠷ ᠬᠦᠭ᠌ᠵᠢᠬᠦᠯᠬᠦ᠌ ᠥᠭᠡᠷᠡᠴᠢᠯᠡᠯᠲᠡ᠎ᠶ᠋ᠢᠨ ᠡᠷᠴᠢᠮ᠎ᠢ ᠲᠦᠷᠭᠡᠳᠭᠡᠬᠦ᠌ ᠬᠡᠷᠡᠭ᠌ᠲᠡᠢ; ᠪᠣᠬᠢᠷᠲᠤᠯ ᠥᠬᠡᠶ ᠬᠦᠭ᠌ᠵᠢᠯᠳᠡ᠎ᠳᠤ ᠤᠷᠤᠭᠤᠯᠬᠤ ᠵᠥᠪᠱᠢᠶᠡᠷᠡᠯ᠎ᠤᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠵᠦ᠍᠂ ᠶᠠᠮᠠᠷᠪᠠ ᠭᠠᠵᠠᠷ ᠣᠷᠣᠨ᠂ ᠶᠠᠮᠠᠷᠪᠠ ᠠᠵᠢᠯ ᠲᠥᠷᠥᠯ᠎ᠤᠨ᠎ᠬᠢᠨ ᠴᠥᠮ ᠬᠦᠯᠢᠶᠡᠰᠦᠯᠡᠭᠦ᠌ ᠴᠢᠨᠠᠷᠲᠠᠶ ᠭᠦᠢᠴᠡᠳᠭᠡᠯ ᠲᠤᠭ᠎ᠠ᠎ᠶ᠋ᠢᠨ ᠤᠯᠠᠭᠠᠨ ᠱᠤᠭᠤᠮ᠎ᠠᠴᠠ ᠳᠠᠪᠠᠵᠤ ᠪᠣᠯᠬᠤ ᠥᠬᠡᠶ; ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠤᠷᠬᠢᠯ ᠬᠡᠮᠵᠢᠭ᠌ᠳᠡᠯ᠎ᠳᠤ ᠬᠦᠷᠬᠡᠬᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠬᠠᠷᠠᠯᠲᠠ ᠳᠣᠣᠷᠠᠬᠢ ᠡᠨᠧᠷᠭᠢ᠎ᠶ᠋ᠢᠨ ᠪᠦᠲᠦᠴᠡ᠎ᠶ᠋ᠢᠨ ᠳᠤᠬᠢᠷᠠᠭᠤᠯᠤᠯᠳᠠ᠎ᠶ᠋ᠢ ᠱᠠᠯᠠᠪᠳᠠᠨ ᠲᠥᠯᠥᠪᠵᠢᠭᠦᠯᠵᠦ᠍᠂ ᠨᠡᠭᠦᠷᠡᠰᠦ᠎ᠶ᠋ᠢ ᠬᠢᠵᠠᠭᠠᠷᠯᠠᠨ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ ᠢᠨᠵᠧᠨᠧᠷᠢᠩ ᠪᠤᠯᠤᠨ ᠲᠠᠬᠢᠯᠳᠠ ᠡᠨᠧᠷᠭᠢ᠎ᠶ᠋ᠢᠨ ᠰᠤᠷᠪᠤᠯᠵᠢ᠎ᠶ᠋ᠢ ᠣᠷᠣᠯᠠᠭᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠤᠳᠤ  ᠦᠶ᠎ᠡ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢᠨ ᠠᠵᠤ ᠠᠬᠤᠶ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠲᠦᠷᠭᠡᠬᠡᠨ ᠪᠦᠳᠦᠬᠡᠨ ᠪᠠᠢᠭᠤᠯᠵᠤ᠂ ᠤᠯᠠᠨ ᠵᠦᠢᠯ᠎ᠤᠨ ᠡᠨᠧᠷᠭᠢ᠎ᠶ᠋ᠢᠨ ᠰᠤᠷᠪᠤᠯᠵᠢ᠎ᠶ᠋ᠢ ᠵᠣᠬᠢᠴᠠᠯᠳᠤᠭᠤᠯᠤᠨ ᠬᠠᠷᠢᠯᠴᠠᠨ ᠨᠥᠬᠦᠪᠥᠷᠢᠯᠡᠬᠦ᠂ ᠶᠡᠷᠦᠩᠬᠡᠢᠯᠡᠨ ᠠᠱᠢᠬ᠍ᠯᠠᠬᠤ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ ᠡᠨᠧᠷᠭᠢ ᠬᠠᠩᠭᠠᠬᠤ ᠠᠷᠭ᠎ᠠ ᠬᠡᠯᠪᠡᠷᠢ᠎ᠶ᠋ᠢ ᠲᠦᠷᠭᠡᠨ ᠪᠤᠢ ᠪᠣᠯᠭᠠᠬᠤ ᠬᠡᠷᠡᠭ᠌ᠲᠡᠶ; ᠡᠬᠡ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠢᠭᠤᠯᠬᠤ᠎ᠳᠤ ᠰᠠᠭᠤᠷᠢᠯᠠᠨ᠂ ᠠᠮᠢ ᠠᠬᠤᠶ᠎ᠶ᠋ᠢ ᠤᠷᠢᠳ᠎ᠢᠶᠠᠷ ᠪᠤᠳᠤᠯᠬᠢᠯᠠᠬᠤ ᠪᠣᠬᠢᠷᠲᠤᠯ ᠦᠭᠡᠶ ᠬᠦᠭ᠌ᠵᠢᠭᠦᠯᠬᠦ᠌᠎ᠪᠠᠷ ᠤᠳᠤᠷᠢᠳᠤᠮᠵᠢ ᠪᠤᠯᠭᠠᠬᠤ᠎ᠶ᠋ᠢ ᠪᠦᠬᠦ᠌ ᠲᠠᠯ᠎ᠠ᠂ ᠪᠦᠬᠦ᠌ ᠣᠷᠣᠨ ᠪᠦᠰᠡ᠂ ᠪᠦᠬᠦ᠌ ᠶᠠᠪᠤᠴᠠ᠎ᠳᠤ ᠡᠷᠡᠰ ᠨᠠᠢᠳᠠᠪᠤᠷᠢᠵᠢᠭᠤᠯᠵᠤ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ ᠪᠠ ᠬᠡᠷᠡᠭ᠌ᠴᠡᠭᠡ᠎ᠶ᠋ᠢᠨ ᠬᠠᠮᠢᠶᠠᠷᠤᠯᠲᠠ ᠡᠵᠡᠮᠳᠡᠯ᠎ᠢ ᠴᠢᠩᠭᠠᠳᠭᠠᠨ᠂ 《ᠠᠭᠤᠯᠠ ᠤᠰᠤ ᠣᠶ ᠮᠤᠳᠤ ᠲᠠᠷᠢᠶᠠᠨ ᠭᠠᠵᠠᠷ ᠨᠠᠭᠤᠷ ᠪᠦᠷᠢᠳᠤ ᠨᠤᠳᠤᠭ ᠪᠡᠯᠴᠢᠭᠡᠷ ᠡᠯᠡᠰᠦ ᠮᠠᠩᠬ᠎ᠠ ᠮᠥᠰᠥ᠍ ᠴᠠᠰᠤ》 ᠎ᠶ᠋ᠢ ᠱᠢᠰᠲ᠋ᠧᠮᠵᠢᠭᠦᠯᠦᠨ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠤ᠂ ᠠᠮᠢ ᠠᠬᠤᠶ᠎ᠶ᠋ᠢ ᠬᠠᠮᠠᠭᠠᠯᠠᠵᠤ ᠰᠡᠷᠭᠦᠭᠡᠬᠦ᠌ ᠴᠢᠬᠤᠯᠠ ᠶᠡᠭᠡ ᠢᠨᠵᠧᠨᠧᠷᠢᠩ᠎ᠢ ᠬᠡᠷᠡᠭ᠌ᠵᠢᠭᠦᠯᠤᠨ ᠠᠭᠠᠷ ᠮᠠᠨᠳᠠᠯ᠂ ᠤᠰᠤ᠂ ᠬᠥᠷᠥᠰᠥ᠍ ᠱᠢᠷᠣᠶ᠎ᠶ᠋ᠢᠨ ᠪᠣᠬᠢᠷᠲᠤᠯ᠎ᠢ ᠶᠡᠷᠦᠩᠬᠡᠢᠯᠡᠨ ᠵᠠᠰᠠᠬᠤ᠎ᠶ᠋ᠢ ᠴᠢᠩᠭᠠᠳᠭᠠᠨ᠂ ᠠᠮᠢ ᠠᠬᠤᠶ᠎ᠶ᠋ᠢᠨ ᠱᠢᠰᠲ᠋ᠧᠮ᠎ᠤᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠪᠣᠬᠢᠷᠲᠤᠯ ᠥᠬᠡᠶ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠪᠣᠶ ᠪᠣᠯᠭᠠᠨ᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠪᠥᠬᠦ᠌ ᠲᠠᠯ᠎ᠠ᠎ᠶ᠋ᠢᠨ ᠪᠣᠬᠢᠷᠲᠤᠯ ᠥᠬᠡᠶ ᠬᠦᠭ᠌ᠵᠢᠯᠳᠡ ᠲᠠᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠵᠤ᠂ ᠪᠣᠬᠢᠷᠲᠤᠯ ᠥᠬᠡᠶ ᠪᠠᠢᠬᠤ᠎ᠶ᠋ᠢ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠭᠤᠤᠯᠯᠠᠬᠤ ᠥᠷᠢᠰᠦᠯᠳᠦᠬᠦ᠌ ᠬᠦᠴᠦᠨ ᠪᠣᠯᠭᠠᠬᠤ ᠬᠡᠷᠡᠭ᠌ᠳᠠᠢ᠃

ᠪᠦᠬᠦ᠌ ᠬᠦᠴᠦ᠎ᠪᠠᠷ᠎ᠢᠶᠠᠨ ᠴᠢᠳᠠᠮᠵᠢ᠎ᠶ᠋ᠢ ᠬᠤᠪᠢᠷᠠᠭᠤᠯᠬᠤ ᠬᠡᠷᠡᠭ᠌ᠳᠠᠢ᠃ ᠨᠠᠮ᠎ᠤᠨ ᠲᠥᠪ ᠬᠤᠷᠢᠶ᠎ᠡ᠎ᠠᠴᠠ ᠡᠨᠡ ᠵᠢᠯ᠎ᠤᠨ ᠠᠵᠤ ᠠᠬᠤᠢ᠎ᠶ᠋ᠢᠨ ᠠᠵᠢᠯ᠎ᠢ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠲᠣᠭᠤᠷᠢᠨ᠎ᠳᠤ ᠥᠷᠨᠢᠭᠦᠯᠬᠦ᠌ ᠬᠡᠷᠡᠭ᠌ᠲᠡᠢ ᠭᠡᠵᠦ᠍ ᠲᠣᠳᠣᠷᠬᠠᠢ ᠱᠠᠭᠠᠷᠳᠠᠪᠠ᠃ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠪᠣᠯ ᠪᠦᠬᠦ᠌ ᠤᠯᠤᠰ᠎ᠲᠤ ᠴᠢᠭ᠌ᠯᠡᠭᠦᠯᠦᠭ᠌ᠰᠡᠨ ᠪᠦᠬᠦ᠌ ᠲᠠᠯ᠎ᠠ᠎ᠶ᠋ᠢᠨ ᠴᠢᠨᠠᠷᠲᠠᠶ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠠᠭᠠᠷᠳᠠᠯᠭ᠎ᠠ ᠪᠤᠯᠤᠨ᠎ᠠ᠂ ᠬᠠᠷᠢᠨ ᠡᠯ᠎ᠡ ᠭᠠᠵᠠᠷ᠎ᠤᠨ᠎ᠬᠢᠨ ᠴᠥᠮ ᠥᠪᠡᠷ᠎ᠤᠨ᠎ᠢᠶᠠᠨ ᠪᠠᠭ᠎ᠠ ᠡᠷᠭᠢᠯᠲᠡ᠎ᠲᠠᠢ ᠪᠣᠯᠭᠠᠬᠤ ᠭᠡᠰᠡᠨ ᠶᠠᠪᠤᠳᠠᠯ ᠪᠢᠰᠢ᠃ ᠥᠪᠥᠷ ᠮᠣᠩᠭᠤᠯ᠎ᠳᠤ ᠠᠪᠴᠤ᠌ ᠬᠡᠯᠡᠪᠡᠯ᠂ ᠵᠠᠩᠭᠢᠯᠠᠭ᠎ᠠ᠎ᠨᠢ ᠪᠥᠬᠦ᠌ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠳᠤᠮᠳᠠᠬᠢ ᠥᠪᠡᠷ᠎ᠤᠨ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠶ ᠣᠯᠵᠤ᠂ ᠲᠣᠰ ᠪᠡᠶ᠎ᠡ᠎ᠶ᠋ᠢᠨ ᠳᠠᠪᠠᠭᠤᠯᠢᠭ᠍ᠳᠤ ᠬᠦᠷᠢᠶ᠎ᠡ ᠴᠠᠷᠠᠭ᠎ᠠ ᠪᠠ ᠬᠦᠷᠦᠯᠴᠡᠬᠦ᠌ ᠥᠬᠡᠶ ᠲᠠᠯ᠎ᠠ᠎ᠪᠠᠨ ᠭᠦᠨᠵᠡᠭᠡᠶ ᠵᠠᠳᠠᠯᠤᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠢᠯᠡᠴᠢᠯᠡᠬᠦ᠌ ᠪᠠ ᠠᠭᠤᠰᠤᠯᠴᠠᠬᠤ ᠳᠤᠮᠳᠠ ᠱᠢᠨ᠎ᠡ ᠬᠥᠭ᠌ᠵᠢᠯᠲᠡ᠎ᠶ᠋ᠢ ᠪᠡᠶᠡᠯᠡᠭᠦᠯᠬᠦ᠌ ᠶᠠᠪᠤᠳᠠᠯ ᠪᠤᠯᠬᠤ ᠶᠤᠮ᠃ ᠪᠣᠳᠠᠲᠠᠢ᠎ᠪᠠᠷ ᠬᠡᠯᠡᠪᠡᠯ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠢᠯᠡᠴᠢᠯᠡᠬᠦ᠌ ᠪᠠ ᠠᠭᠤᠰᠤᠯᠴᠠᠬᠤ ᠲᠣᠭᠤᠷᠢᠨ᠎ᠳᠤ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠤᠯ᠎ᠳᠤ ᠣᠯᠭᠤᠭ᠍ᠰᠠᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠨᠢᠭᠡ ᠴᠤᠭ᠍ᠴᠠᠵᠢᠭᠤᠯᠤᠨ ᠨᠠᠢᠳᠠᠪᠤᠷᠢᠵᠢᠭᠤᠯᠵᠤ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》 ᠪᠣᠯᠤᠨ 《ᠨᠢᠭᠡ ᠪᠠᠬᠢᠯᠡᠯᠲᠡ》 ᠎ᠶ᠋ᠢ ᠲᠦᠷᠭᠡᠳᠭᠡᠨ ᠪᠠᠢᠭᠤᠯᠵᠤ᠂ ᠭᠤᠣᠯ ᠴᠣᠭ᠍ᠴᠠ᠎ᠶ᠋ᠢᠨ ᠴᠢᠳᠠᠮᠵᠢ᠎ᠶ᠋ᠢ ᠲᠦᠷᠭᠡᠨ ᠬᠤᠪᠢᠷᠠᠭᠤᠯᠬᠤ ᠬᠡᠷᠡᠭ᠌ᠲᠡᠢ᠃ ᠭᠤᠣᠯ ᠴᠣᠭ᠍ᠴᠠ᠎ᠶ᠋ᠢᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠭᠤᠣᠯᠳᠠᠯᠭ᠎ᠠ᠎ᠲᠠᠢ ᠠᠵᠤ ᠦᠢᠯᠡᠰ ᠪᠣᠯᠤᠨ ᠭᠤᠣᠯ ᠱᠢᠪᠲᠤᠯᠤᠯᠲᠠ᠎ᠶ᠋ᠢᠨ ᠴᠢᠭ᠌ᠯᠡᠯ᠎ᠢ ᠴᠢᠨᠠᠭ᠍ᠰᠢᠳᠠ ᠣᠨᠣᠴᠠᠲᠠᠢ ᠲᠣᠭ᠍ᠲᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠢᠭᠡᠨᠲᠡ ᠲᠣᠳᠣᠷᠬᠠᠢᠯᠠᠭ᠍ᠰᠠᠨ 《ᠬᠤᠶᠠᠷ ᠬᠠᠯᠬᠠᠪᠴᠢ》᠂ 《ᠬᠤᠶᠠᠷ ᠰᠠᠭᠤᠷᠢᠨ》 ᠎ᠤ ᠬᠥᠭ᠌ᠵᠢᠯᠲᠡ᠎ᠶ᠋ᠢᠨ ᠪᠠᠢᠷᠢᠱᠢᠭᠤᠯᠤᠯᠲᠠ᠎ᠶ᠋ᠢᠨ ᠶᠡᠷᠦᠩᠬᠡᠢ ᠲᠥᠯᠥᠪᠵᠢᠭᠦᠯᠭᠡ ᠶᠣᠰᠣᠭᠠᠷ᠂ ᠡᠯ᠎ᠡ ᠭᠠᠵᠠᠷ ᠣᠷᠣᠨ᠎ᠤ᠎ᠬᠢᠨ ᠡᠷᠬᠡᠪᠰᠢ ᠶᠠᠭᠤ ᠬᠢᠬᠦ᠂ ᠤᠷᠢᠳ᠎ᠢᠶᠠᠷ ᠶᠠᠭᠤ ᠬᠢᠬᠦ᠂ ᠶᠠᠭᠤ ᠬᠢᠬᠦ᠌᠎ᠶ᠋ᠢ ᠴᠠᠭᠠᠵᠠᠯᠠᠬᠤ᠂ ᠵᠡᠭᠦᠨ ᠳᠤᠮᠳᠠ ᠪᠠᠷᠠᠭᠤᠨ ᠣᠷᠣᠨ ᠬᠠᠮᠲᠤ᠎ᠪᠠᠷ ᠶᠠᠭᠤ ᠬᠢᠬᠦ᠂ ᠲᠤᠰ ᠲᠤᠰ᠎ᠲᠠᠭᠠᠨ ᠭᠤᠣᠯᠳᠠᠯᠭ᠎ᠠ᠎ᠲᠠᠢ᠎ᠪᠠᠷ ᠶᠠᠭᠤ ᠬᠢᠬᠦ᠌ ᠲᠤᠬᠠᠢ ᠴᠥᠮ ᠳᠣᠲᠣᠷ᠎ᠠ᠎ᠪᠠᠨ ᠲᠤᠭ᠎ᠠ᠎ᠲᠠᠢ ᠪᠤᠯᠬᠤ ᠬᠡᠷᠡᠭ᠌ᠲᠡᠢ; ᠠᠵᠤ ᠦᠢᠯᠡᠰ᠎ᠤᠨ ᠪᠠᠢᠷᠢᠱᠢᠭᠤᠯᠤᠯᠲᠠ ᠪᠣᠯᠤᠨ ᠠᠵᠢᠯ᠎ᠤᠨ ᠬᠤᠪᠢᠶᠠᠷᠢᠯᠠᠯ᠎ᠤᠨ ᠪᠠᠢᠷᠢ ᠲᠣᠭ᠍ᠲᠠᠭᠠᠯᠲᠠ᠎ᠶ᠋ᠢ ᠴᠢᠨᠠᠭ᠍ᠰᠢᠳᠠ ᠨᠠᠷᠢᠯᠢᠭ᠍ᠵᠢᠭᠤᠯᠤᠨ᠂ ᠤᠷᠤᠨ ᠪᠠᠢᠷᠢ ᠵᠦᠷᠢᠬᠦᠯᠦᠨ ᠬᠦᠭ᠌ᠵᠢᠬᠦ᠌᠎ᠶ᠋ᠢ ᠪᠠᠷᠢᠮᠲᠠᠯᠠᠵᠤ᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠨ᠂ ᠪᠣᠬᠢᠷᠲᠤᠯ ᠦᠭᠡᠢ ᠦᠪᠡᠷᠮᠢᠴᠡ ᠤᠨᠴᠠᠯᠢᠬ᠎ᠲᠠᠢ ᠳᠠᠪᠠᠭᠤᠯᠢᠭ᠍ᠳᠤ ᠤᠳᠤ ᠦᠶ᠎ᠡ᠎ᠶ᠋ᠢᠨ ᠠᠵᠤ ᠦᠢᠯᠡᠰ᠎ᠤᠨ ᠱᠢᠰᠲ᠋ᠧᠮ᠎ᠢ ᠲᠦᠷᠭᠡᠳᠭᠡᠨ ᠪᠠᠢᠭᠤᠯᠬᠤ ᠬᠡᠷᠡᠭ᠌ᠲᠡᠢ᠃ ᠨᠡᠭᠡᠭᠡᠯᠲᠡ ᠬᠢᠬᠦ᠌ ᠪᠣᠯ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠪᠠᠯ ᠶᠠᠪᠤᠬᠤ ᠵᠠᠮ ᠮᠥᠨ᠃ ᠪᠥᠬᠦ᠌ ᠤᠯᠤᠰ᠎ᠤᠨ ᠣᠷᠴᠢᠯ᠎ᠤᠨ ᠶᠡᠭᠡ ᠲᠠᠯ᠎ᠠ᠎ᠳᠤ ᠦᠢᠯᠡᠴᠢᠯᠡᠬᠦ᠌᠎ᠳᠤ ᠰᠠᠭᠤᠷᠢᠯᠠᠨ ᠥᠨᠳᠥᠷ ᠲᠦᠪᠱᠢᠨ ᠪᠥᠬᠦᠶ ᠨᠡᠭᠡᠭᠡᠯᠳᠡᠲᠦ ᠬᠠᠮᠲᠤᠷᠠᠯᠴᠠᠭ᠎ᠠ᠎ᠶ᠋ᠢ ᠠᠬᠢᠭᠤᠯᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢ ᠪᠠᠢᠭᠤᠯᠬᠤ ᠰᠡᠳᠭᠢᠴᠡ ᠪᠠ ᠠᠷᠭ᠎ᠠ ᠬᠡᠮᠵᠢᠶ᠎ᠡ᠎ᠶ᠋ᠢ ᠴᠢᠨᠠᠭ᠍ᠰᠢᠳᠠ ᠲᠡᠭᠦᠯᠳᠡᠷᠵᠢᠭᠦᠯᠵᠦ᠍᠂ ᠪᠥᠬᠦ᠌ ᠣᠷᠣᠨ᠎ᠤ ᠨᠡᠭᠡᠭᠡᠯᠲᠡᠲᠦ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠤᠨ᠂ ᠪᠣᠭᠤᠮᠲᠠ᠎ᠶ᠋ᠢᠨ ᠬᠥᠭ᠌ᠵᠢᠯᠲᠡ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠪᠣᠭᠤᠮᠲᠠ ᠪᠣᠯᠤᠨ ᠳᠣᠲᠣᠷ ᠭᠠᠵᠠᠷ᠎ᠤᠨ ᠬᠤᠯᠪᠣᠭᠠᠯᠠᠨ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠶ; ᠳᠣᠲᠣᠭᠠᠳᠤ ᠭᠠᠳᠠᠭᠠᠳᠤ᠎ᠶ᠋ᠢ ᠬᠤᠯᠪᠣᠭ᠍ᠰᠠᠨ᠂ ᠡᠷᠬᠢᠨ ᠲᠣᠭᠤᠷᠢᠨ᠎ᠢ ᠨᠦᠯᠦᠬᠡᠯᠡᠨ ᠲᠠᠢᠴᠢᠯᠠᠭ᠍ᠰᠠᠨ᠂ ᠡᠬᠢ ᠪᠠᠶᠠᠯᠢᠭ᠎ᠢ ᠲᠥᠪᠯᠡᠷᠡᠭᠦᠯᠵᠦ᠍ ᠲᠠᠷᠬᠠᠭᠠᠭ᠍ᠰᠠᠨ᠂ ᠴᠢᠬᠤᠯᠠ ᠡᠯᠧᠮᠧᠨ᠋ᠲ᠎ᠢ ᠠᠭᠤᠰᠤᠯᠴᠠᠭᠤᠯᠤᠨ ᠨᠡᠪᠲᠡᠷᠡᠭᠦᠯᠦᠭ᠌ᠰᠡᠨ ᠪᠦᠬᠦ᠌ ᠣᠷᠣᠨ ᠪᠦᠰᠡ᠎ᠶ᠋ᠢᠨ ᠨᠡᠬᠡᠬᠡᠯᠳᠡ᠎ᠶ᠋ᠢᠨ ᠲᠠᠪᠴᠠᠩ᠎ᠢ ᠬᠦᠴᠦᠯᠡᠨ ᠪᠦᠷᠢᠯᠳᠦᠭᠦᠯᠵᠦ᠍᠂ ᠣᠷᠣᠨ ᠪᠠᠢᠷᠢ᠎ᠶ᠋ᠢᠨ ᠳᠠᠪᠠᠭᠤᠯᠢᠭ᠎ᠢ ᠨᠡᠬᠡᠬᠡᠯᠳᠡ᠎ᠶ᠋ᠢᠨ ᠳᠠᠪᠠᠭᠤᠯᠢᠭ᠂ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠲᠦᠷᠭᠡᠳᠭᠡᠨ ᠬᠤᠪᠢᠷᠠᠭᠤᠯᠬᠤ ᠬᠡᠷᠡᠭ᠌ᠲᠡᠢ᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ ᠪᠣᠯ ᠨᠢᠭᠡ ᠭᠠᠵᠠᠷ ᠣᠷᠣᠨ᠎ᠤ ᠠᠵᠤ ᠠᠬᠤᠢ᠎ᠶ᠋ᠢᠨ ᠵᠥᠭᠡᠯᠡᠨ ᠪᠣᠳᠠᠲᠤ ᠬᠦᠴᠦᠨ ᠪᠠ ᠶᠡᠷᠦᠩᠬᠡᠢᠯᠡᠭ᠌ᠰᠡᠨ ᠦᠷᠢᠰᠦᠯᠳᠦᠬᠦ᠌ ᠬᠦᠴᠦᠨ᠎ᠤ ᠲᠥᠪᠯᠡᠷᠡᠩᠭᠦᠢ ᠢᠯᠡᠷᠡᠯ ᠮᠥᠨ᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌᠎ᠨᠢ ᠵᠦᠪᠬᠡᠨ ᠬᠡᠳᠦᠨ ᠵᠦᠢᠯ᠎ᠤᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ ᠨᠡᠢᠲᠡᠯᠡᠨ᠂ ᠬᠡᠳᠦᠨ ᠵᠦᠢᠯ᠎ᠤᠨ ᠠᠷᠠᠳ᠎ᠲᠤ ᠲᠥᠬᠦᠮ ᠦᠵᠡᠭᠦᠯᠬᠦ᠌ ᠠᠷᠭ᠎ᠠ ᠬᠡᠮᠵᠢᠶ᠎ᠡ᠎ᠶ᠋ᠢ ᠠᠳᠭᠤᠬᠤ ᠶᠠᠪᠤᠳᠠᠯ ᠪᠢᠰᠢ᠂ ᠵᠠᠩᠭᠢᠯᠠᠭ᠎ᠠ᠎ᠨᠢ ᠵᠥᠪᠱᠢᠶᠡᠷᠡᠨ ᠣᠷᠣᠭᠤᠯᠬᠤ᠂ ᠥᠪᠡᠷ᠎ᠤᠨ ᠥᠷᠲᠡᠭ᠂ ᠭᠠᠢᠯᠢ ᠰᠦᠢᠳᠭᠡᠯ᠂ ᠪᠠᠯᠠ ᠬᠤᠷᠠᠮᠳᠤᠭᠤᠯᠭ᠎ᠠ᠂ ᠰᠠᠭᠤᠷᠢ ᠲᠥᠬᠦᠭᠡᠷᠦᠮᠵᠢ᠂ ᠠᠵᠤ ᠦᠢᠯᠡᠰ᠎ᠢ ᠢᠵᠢ ᠪᠦᠷᠢᠳᠦᠭᠦᠯᠬᠦ᠂ ᠥᠮᠴᠢᠯᠡᠯ᠎ᠤᠨ ᠡᠷᠬᠡ᠎ᠶ᠋ᠢ ᠬᠠᠮᠠᠭᠠᠯᠠᠬᠤ᠂ ᠬᠥᠮᠦᠨ᠎ᠤ ᠬᠦᠴᠦᠨ᠎ᠤ ᠡᠬᠢ ᠪᠠᠶᠠᠯᠢᠭ᠂ ᠣᠯᠠᠨ ᠨᠡᠢᠲᠡ᠎ᠶ᠋ᠢᠨ ᠦᠢᠯᠡᠴᠢᠯᠡᠭᠡ ᠪᠠ ᠨᠡᠢᠭᠡᠮ᠎ᠤᠨ ᠬᠠᠮᠢᠶᠠᠷᠤᠯᠲᠠ ᠵᠡᠷᠭᠡ ᠲᠠᠯ᠎ᠠ᠎ᠪᠠᠷ ᠶᠡᠷᠦᠩᠬᠡᠢᠯᠡᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠳᠤ ᠪᠣᠶ᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠰᠠᠢᠵᠢᠷᠠᠭᠤᠯᠬᠤ᠎ᠨᠢ ᠵᠠᠰᠠᠭ᠎ᠤᠨ ᠣᠷᠳᠣᠨ᠎ᠤ 《ᠲᠠᠯᠪᠢᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠳᠤ ᠯᠡ ᠬᠢᠵᠠᠭᠠᠷᠯᠠᠭ᠍ᠳᠠᠬᠤ ᠪᠢᠰᠢ᠂ ᠬᠠᠷᠢᠨ ᠵᠠᠰᠠᠭ᠎ᠤᠨ ᠣᠷᠳᠣᠨ᠎ᠤ ᠵᠠᠰᠠᠯᠲᠠ᠎ᠶ᠋ᠢᠨ ᠱᠢᠰᠲ᠋ᠧᠮ᠂ ᠥᠮᠴᠢᠯᠡᠬᠦ᠌ ᠡᠷᠬᠡ᠎ᠶ᠋ᠢᠨ ᠲᠦᠷᠢᠮ᠂ ᠴᠢᠬᠤᠯᠠ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠴᠢᠳᠠᠪᠤᠷᠢᠲᠠᠨ᠎ᠤ ᠪᠠᠢᠭᠤᠯᠤᠮᠵᠢ ᠲᠣᠭ᠍ᠲᠠᠴᠠ᠂ ᠺᠠᠳ᠋ᠷᠴᠤᠳ᠎ᠢ ᠵᠥᠪ ᠴᠢᠭ᠌ᠯᠡᠯ᠎ᠢᠶᠠᠷ ᠤᠷᠮᠠᠱᠢᠭᠤᠯᠬᠤ ᠲᠣᠭ᠍ᠲᠠᠴᠠ ᠪᠣᠯᠤᠨ ᠠᠯᠳᠠᠭ᠎ᠠ ᠪᠤᠷᠤᠭᠤ᠎ᠶ᠋ᠢ᠎ᠨᠢ ᠪᠠᠭ᠍ᠲᠠᠭᠠᠬᠤ ᠪᠠ ᠵᠠᠯᠠᠷᠠᠭᠤᠯᠬᠤ ᠲᠣᠭ᠍ᠲᠠᠴᠠ ᠵᠡᠷᠭᠡ ᠲᠠᠯ᠎ᠠ᠎ᠪᠠᠷ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠬᠡᠷᠡᠭ᠌ᠲᠡᠢ᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠵᠤ᠂ ᠵᠠᠬ᠎ᠠ ᠳᠡᠯᠭᠡᠭᠦᠷᠵᠢᠯᠲᠠ᠂ ᠬᠠᠤᠯᠢᠵᠢᠯᠲᠠ᠂ ᠳᠡᠯᠡᠬᠡᠢᠵᠢᠯᠲᠡ᠎ᠶ᠋ᠢᠨ ᠪᠠᠷᠢᠮᠵᠢᠶ᠎ᠠ᠎ᠲᠠᠢ ᠬᠠᠷᠭᠤᠭᠤᠯᠤᠨ᠂ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠤ ᠭᠠᠵᠠᠷ ᠣᠷᠣᠨ᠎ᠤ ᠲᠤᠷᠱᠢᠯᠭ᠎ᠠ ᠪᠠ ᠠᠷᠭ᠎ᠠ ᠬᠢᠳᠡᠯ᠎ᠢᠶᠠᠷ ᠪᠠᠷᠢᠮᠵᠢᠶ᠎ᠠ ᠪᠤᠯᠭᠠᠵᠤ᠂ ᠥᠩᠭᠡᠨ ᠲᠠᠯ᠎ᠠ᠎ᠶ᠋ᠢ ᠵᠠᠰᠠᠵᠤ ᠬᠡᠮ ᠰᠣᠭᠤᠭ᠎ᠢ ᠠᠷᠢᠯᠭᠠᠬᠤ ᠪᠠ ᠡᠬᠢ ᠡᠭᠦᠰᠦᠯ᠎ᠠᠴᠠ᠎ᠨᠢ ᠵᠠᠰᠠᠵᠤ ᠡᠬᠢ ᠰᠤᠷᠪᠤᠯᠵᠢ᠎ᠶ᠋ᠢ᠎ᠨᠢ ᠴᠡᠪᠡᠷᠯᠡᠬᠦ᠌᠎ᠲᠠᠢ ᠤᠶᠠᠯᠳᠤᠭᠤᠯᠵᠤ᠂ ᠪᠠᠢᠭᠤᠯᠤᠮᠵᠢ ᠲᠣᠭ᠍ᠲᠠᠴᠠ᠎ᠶ᠋ᠢ ᠲᠡᠭᠦᠯᠳᠡᠷᠵᠢᠭᠦᠯᠬᠦ᠌ ᠳᠡᠭᠡᠷ᠎ᠡ ᠶᠡᠭᠡ ᠬᠦᠴᠦ᠍ ᠣᠷᠣᠭᠤᠯᠵᠤ᠂ ᠬᠤᠪᠢᠰᠤᠩᠭᠤᠶ᠎ᠪᠠᠷ ᠵᠠᠰᠠᠵᠤ᠂ ᠲᠦᠷᠦ᠎ᠶ᠋ᠢᠨ ᠪᠤᠳᠤᠯᠭ᠎ᠠ᠎ᠶ᠋ᠢ ᠶᠡᠷᠦᠩᠬᠡᠢᠯᠡᠨ ᠬᠡᠷᠡᠭ᠌ᠵᠢᠭᠦᠯᠵᠦ᠍᠂ ᠥᠭᠡᠷᠡᠴᠢᠯᠡᠯᠲᠡ᠎ᠶ᠋ᠢ ᠪᠣᠳᠠᠲᠠᠢᠵᠢᠭᠤᠯᠬᠤ᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠂ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠨ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠤᠨ ᠲᠣᠪᠤᠢᠮ᠎ᠠ ᠠᠰᠠᠭᠤᠳᠠᠯ᠎ᠢ ᠡᠬᠢ ᠦᠨᠳᠦᠰᠦ᠎ᠠᠴᠠ᠎ᠨᠢ ᠰᠠᠢᠲᠤᠷ ᠱᠢᠢᠳᠪᠤᠷᠢᠯᠡᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠬᠦ᠌᠎ᠶ᠋ᠢ ᠠᠬᠢᠭᠤᠯᠬᠤ ᠬᠡᠷᠡᠭ᠌ᠲᠡᠶ᠃ ᠪᠦᠬᠦ᠌ ᠬᠦᠴᠦ᠎ᠪᠠᠷ᠎ᠢᠶᠠᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠮᠠᠨ᠎ᠤ ᠣᠷᠣᠨ᠎ᠤ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠶᠠᠰᠤ ᠴᠢᠨᠠᠷ ᠦᠷ᠎ᠡ ᠠᠱᠢᠭ ᠥᠨᠳᠥᠷ ᠪᠢᠰᠢ ᠪᠠᠢᠭ᠎ᠠ᠎ᠶ᠋ᠢᠨ ᠠᠰᠠᠭᠤᠳᠠᠯ᠎ᠨᠢ ᠬᠠᠰᠢ ᠯᠠ ᠴᠢᠨᠠᠷ ᠰᠠᠢᠲᠠᠶ ᠠᠵᠤ ᠦᠢᠯᠡᠰ ᠴᠥᠭᠡᠨ᠂ ᠣᠯᠠᠩᠬᠢ ᠠᠵᠤ ᠦᠢᠯᠡᠰ ᠴᠦᠮ ᠠᠵᠤ ᠦᠢᠯᠡᠰ᠎ᠤᠨ ᠬᠡᠯᠬᠢᠶ᠎ᠡ᠎ᠶ᠋ᠢᠨ ᠳᠡᠭᠡᠳᠦ ᠤᠷᠤᠰᠭᠠᠯ ᠪᠠ ᠥᠷᠲᠡᠭ᠎ᠤᠨ ᠬᠡᠯᠬᠢᠶ᠎ᠡ᠎ᠶ᠋ᠢᠨ ᠳᠤᠤᠷᠠᠳᠤ ᠲᠦᠪᠱᠢᠨ᠎ᠳᠤ ᠣᠷᠣᠱᠢᠵᠤ ᠪᠠᠢᠬᠤ᠎ᠠᠴᠠ ᠪᠤᠯᠵᠠᠢ᠃ ᠡᠢᠮᠦᠷᠬᠦᠦ ᠪᠣᠳᠠᠲᠤ ᠪᠠᠢᠳᠠᠯ ᠲᠤᠤᠷ᠎ᠠ ᠵᠠᠩᠭᠢᠯᠠᠭ᠎ᠠ᠎ᠨᠢ ᠠᠵᠤ ᠦᠢᠯᠡᠰ᠎ᠤᠨ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ ᠪᠤᠯᠤᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠪᠠᠢᠭᠤᠯᠤᠯᠲᠠ᠎ᠶ᠋ᠢᠨ ᠲᠤᠭᠤᠷᠢᠨ᠎ᠳᠤ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠶᠠᠰᠤ ᠴᠢᠨᠠᠷ ᠪᠠ ᠦᠷ᠎ᠡ ᠠᠱᠢᠭ᠎ᠢ ᠳᠡᠭᠡᠭ᠌ᠰᠢᠯᠡᠭᠦᠯᠬᠦ᠌ ᠴᠢᠬᠤᠯᠠᠳᠠᠢ ᠶᠤᠮ᠃ ᠱᠢᠨ᠎ᠡ᠎ᠶ᠋ᠢ ᠡᠭᠦᠳᠬᠦ᠌ ᠪᠣᠯ ᠴᠢᠨᠠᠷ ᠰᠠᠢᠲᠠᠶ ᠬᠥᠭ᠌ᠵᠢᠯᠲᠡ᠎ᠶ᠋ᠢ ᠳᠠᠭᠠᠭᠤᠯᠬᠤ ᠨᠢᠭᠡᠳᠦᠭᠡᠷ ᠬᠥᠳᠡᠯᠭᠡᠬᠦ᠌ ᠬᠦᠴᠦᠨ ᠮᠥᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ ᠪᠠᠭᠤᠷᠠᠶ ᠪᠠᠢᠬᠤ ᠪᠣᠯ ᠮᠠᠨ᠎ᠤ ᠣᠷᠣᠨ᠎ᠤ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠲᠣᠪᠤᠢᠮ᠎ᠠ ᠪᠣᠭᠤᠮᠢ ᠮᠥᠨ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ᠎ᠢᠶᠠᠨ ᠲᠤᠯᠭᠠᠭᠤᠷᠢᠯᠠᠯ ᠪᠣᠯᠭᠠᠬᠤ ᠬᠡᠷᠡᠭ᠌ᠲᠡᠶ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠠᠵᠤ ᠦᠢᠯᠡᠰ᠎ᠤᠨ ᠬᠡᠯᠬᠢᠶ᠎ᠡ ᠪᠤᠯᠤᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠴᠢᠩᠭ᠎ᠠ ᠡᠵᠡᠮᠳᠡᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠭᠤᠤᠯᠳᠠᠯᠭ᠎ᠠ᠎ᠲᠠᠢ ᠳᠠᠪᠠᠭᠤᠯᠢᠭ ᠠᠵᠤ ᠦᠢᠯᠡᠰ᠎ᠲᠤ ᠠᠩᠬᠠᠷᠤᠯ᠎ᠢᠶᠠᠨ ᠲᠥᠪᠯᠡᠷᠡᠭᠦᠯᠦᠨ᠂ ᠰᠤᠳᠤᠯᠤᠨ ᠬᠦᠭ᠌ᠵᠢᠬᠦᠯᠬᠦ᠌ ᠪᠡᠯᠡ ᠣᠷᠣᠭᠤᠯᠤᠯᠳᠠ᠎ᠶ᠋ᠢᠨ ᠪᠤᠭᠤᠮᠳᠠ ᠱᠢᠪᠲᠤᠯᠬᠤ ᠠᠵᠢᠯᠯᠠᠭ᠎ᠠ᠂ ᠳᠡᠭᠡᠳᠦ ᠱᠢᠨ᠎ᠡ ᠮᠡᠷᠭᠡᠵᠢᠯ᠎ᠤᠨ ᠠᠵᠤ ᠠᠬᠤᠢᠯᠠᠯ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠤᠨ 《ᠬᠤᠶᠠᠷ ᠳᠠᠬᠢᠨ᠎ᠢᠶᠠᠷ ᠨᠡᠮᠡᠭ᠌ᠳᠡᠭᠦᠯᠬᠦ᠌》 ᠠᠵᠢᠯᠯᠠᠭ᠎ᠠ ᠵᠡᠷᠭᠡ᠎ᠶ᠋ᠢ ᠶᠡᠭᠡ᠎ᠪᠠᠷ ᠬᠡᠷᠡᠭ᠌ᠵᠢᠭᠦᠯᠵᠦ᠍᠂ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠢ ᠴᠢᠨᠠᠷ ᠰᠠᠢᠲᠠᠶ ᠥᠨᠳᠥᠷ ᠦᠷ᠎ᠡ ᠪᠦᠲᠦᠮᠵᠢᠲᠡᠶ ᠪᠤᠯᠭᠠᠨ ᠬᠡᠯᠪᠡᠷᠢ᠎ᠪᠠᠨ ᠬᠤᠪᠢᠷᠠᠭᠤᠯᠬᠤ ᠪᠠ ᠦᠢᠯᠡᠴᠢᠯᠡᠭᠡᠨ᠎ᠤ ᠦᠢᠯᠡᠰ᠎ᠢ ᠳᠡᠰ ᠳᠡᠪᠱᠢᠬᠦᠯᠬᠦ᠌᠎ᠶ᠋ᠢ ᠠᠬᠢᠭᠤᠯᠤᠨ᠂ ᠠᠵᠤ ᠦᠢᠯᠡᠰ᠎ᠢ ᠲᠤᠭᠠᠵᠢᠭᠤᠯᠬᠤ ᠪᠠ ᠲᠣᠭᠠᠴᠢᠯᠠᠭ᠍ᠰᠠᠨ ᠠᠵᠤ ᠠᠬᠤᠢ᠎ᠶ᠋ᠢ ᠠᠵᠤ ᠦᠢᠯᠡᠰᠵᠢᠬᠦᠯᠬᠦ᠌᠎ᠶ᠋ᠢ ᠠᠬᠢᠭᠤᠯᠵᠤ᠂ ᠠᠵᠤ ᠦᠢᠯᠡᠰ᠎ᠤᠨ ᠰᠠᠭᠤᠷᠢ᠎ᠶ᠋ᠢ ᠳᠡᠭᠡᠳᠦ ᠲᠡᠰᠵᠢᠬᠦᠯᠬᠦ᠌᠎ᠶ᠋ᠢ ᠲᠦᠷᠭᠡᠳᠭᠡᠨ᠂ ᠠᠵᠤ ᠦᠢᠯᠡᠰ᠎ᠤᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃

(ᠵᠣᠬᠢᠶᠠᠭ᠍ᠴᠢ᠎ᠶ᠋ᠢᠨ ᠪᠠᠢᠭᠤᠯᠭ᠎ᠠ᠄ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号