— ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠤᠪᠴᠢᠶᠠᠨ᠎ᠤ ᠨᠠᠮ᠎ᠤᠨ ᠤᠳᠤᠷᠢᠳᠭᠤ ᠳᠤᠭᠤᠢᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠢᠶᠠ ᠶᠤᠸᠠᠢ ᠹᠧᠩ᠎ᠢ ᠰᠤᠷᠪᠤᠯᠵᠢᠯᠠᠭ᠍ᠰᠠᠨ᠎ᠨᠢ
《ᠶᠡᠷᠦᠩᠬᠡᠶ ᠱᠦᠵᠢ ᠰᠢ᠎ᠶ᠋ᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠳᠠᠭᠠᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 100 ᠵᠢᠯ᠎ᠤᠨ ᠲᠡᠮᠡᠴᠡᠯ᠎ᠤᠨ ᠥᠩᠭᠡᠷᠡᠯᠲᠡ᠎ᠶ᠋ᠢ ᠡᠷᠭᠢᠴᠡᠭᠦᠯᠵᠦ᠍᠂ ᠮᠠᠨ᠎ᠤ ᠤᠯᠤᠰ᠎ᠤᠨ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠰᠠᠢᠨ ᠰᠠᠢᠬᠠᠨ ᠢᠷᠡᠭᠡᠳᠦᠢ᠎ᠶ᠋ᠢ ᠪᠠᠷᠠᠯᠠᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠳᠠᠢᠴᠢᠯᠠᠯᠲᠠ᠎ᠶ᠋ᠢᠨ ᠵᠠᠷᠯᠢᠭ᠎ᠢ ᠳᠤᠩᠬᠠᠭ᠍ᠯᠠᠵᠤ᠂ ᠱᠢᠨ᠎ᠡ ᠴᠠᠭ ᠦᠭᠡ᠎ᠶ᠋ᠢᠨ ᠦᠶ᠎ᠡ᠎ᠳᠤ ᠤᠷᠤᠵᠤ᠂ ᠱᠢᠨ᠎ᠡ ᠠᠶᠠᠨ ᠵᠠᠮ᠎ᠢᠶᠠᠨ ᠡᠯᠭᠦᠨ᠂ ᠱᠢᠨ᠎ᠡ ᠡᠭᠦᠷᠭᠡ᠎ᠶ᠋ᠢ ᠪᠡᠶᠡᠯᠡᠭᠦᠯᠬᠦ᠌ ᠳᠠᠢᠴᠢᠯᠠᠯᠳᠠ᠎ᠶ᠋ᠢᠨ ᠪᠦᠷᠢᠶ᠎ᠡ᠎ᠶ᠋ᠢ ᠬᠠᠩᠭᠢᠨᠠᠭᠤᠯᠤᠭ᠍ᠰᠠᠨ ᠶᠤᠮ》 ᠭᠡᠵᠦ᠍ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠤᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠢᠶᠠ ᠶᠤᠸᠠᠢ ᠹᠧᠩ 8 ᠰᠠᠷ᠎ᠠ᠎ᠶ᠋ᠢᠨ 12 ᠤᠨ ᠡᠳᠦᠷ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠶᠠᠷᠢᠯ᠎ᠠ᠃ 《ᠶᠡᠷᠦᠩᠬᠡᠢ ᠱᠦᠵᠢ ᠳᠡᠯᠡᠬᠡᠢ ᠳ᠋ᠠᠬᠢᠨ᠎ᠳᠤ ᠮᠠᠨ᠎ᠤ ᠤᠯᠤᠰ ᠨᠢᠭᠡᠨᠲᠡ ᠲᠤᠢᠢᠯ᠎ᠤᠨ ᠶᠠᠳᠠᠭᠤ ᠬᠦᠴᠢᠷᠳᠡᠯ᠎ᠤᠨ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠱᠢᠢᠳᠪᠦᠷᠢᠯᠡᠭ᠌ᠰᠡᠨᠢ ᠲᠥᠪ ᠴᠢᠩᠭ᠎ᠠ᠎ᠪᠠᠷ ᠲᠤᠩᠬᠠᠭ᠍ᠯᠠᠭ᠍ᠰᠠᠨᠨᠢ ᠪᠢᠳᠡ ᠪᠦᠬᠦᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌ ᠪᠠ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠡᠷᠴᠢ ᠬᠦᠴᠦᠨ ᠢᠲᠡᠭᠡᠯ ᠵᠣᠷᠢᠭ᠎ᠢ ᠨᠡᠩ ᠪᠠᠲᠤᠳᠭᠠᠪᠠ》 ᠭᠡᠵᠦ᠍ ᠲᠡᠷᠡ ᠬᠡᠯᠡᠨ᠎ᠠ᠃
ᠵᠢᠶᠠ ᠶᠤᠸᠠᠢ ᠹᠧᠩ᠂ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠡᠷᠬᠢᠨ ᠰᠤᠷᠤᠯᠴᠠᠨ ᠲᠤᠭᠤᠱᠢᠯᠠᠭᠤᠯᠵᠤ ᠨᠠᠢᠳᠠᠪᠤᠷᠢᠵᠢᠭᠤᠯᠬᠤ ᠲᠤᠬᠠᠶ ᠶᠠᠷᠢᠬᠤ᠎ᠳᠠᠭᠠᠨ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ᠎ᠶ᠋ᠢᠨ᠎ᠬᠢᠨ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢ ᠰᠤᠯᠠᠷᠠᠭᠤᠯᠤᠯ ᠦᠭᠡᠢ ᠰᠠᠢᠲᠤᠷ ᠠᠳᠭᠤᠵᠤ᠂ ᠬᠡᠪᠴᠢᠶᠡᠵᠢᠯ᠎ᠤᠨ ᠴᠢᠨᠠᠷᠲᠠᠢ ᠲᠠᠬᠢᠨ ᠶᠠᠳᠠᠭᠤᠷᠠᠬᠤ᠎ᠶ᠋ᠢ ᠰᠡᠷᠭᠡᠢᠯᠡᠭᠦ᠌ ᠬᠤᠷᠢᠭ᠎ᠠ ᠱᠤᠭᠤᠮ᠎ᠢ ᠡᠷᠡᠰ ᠰᠠᠬᠢᠨ᠂ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠯᠴᠠᠭᠤᠯᠬᠤ᠎ᠶ᠋ᠢ ᠠᠬᠢᠭᠤᠯᠵᠤ᠂ ᠠᠵᠢᠯ᠎ᠤᠨ ᠬᠦᠴᠦᠨ᠂ ᠳᠦᠷᠦ᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠂ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ᠂ ᠲᠥᠯᠥᠪᠵᠢᠭᠦᠯᠭᠡ᠎ᠶ᠋ᠢᠨ ᠬᠡᠷᠡᠭ᠌ᠵᠢᠭᠦᠯᠦᠯᠲᠡ᠂ ᠳᠦᠷᠦᠯ ᠵᠦᠢᠯ᠎ᠤᠨ ᠪᠦᠳᠦᠬᠡᠨ ᠪᠠᠢᠭᠤᠯᠤᠯᠲᠠ᠂ ᠡᠯᠧᠮᠧᠨ᠋ᠲ᠎ᠤᠨ ᠪᠠᠲᠤᠯᠠᠭ᠎ᠠ ᠵᠡᠷᠭᠡ ᠲᠠᠯ᠎ᠠ᠎ᠶ᠋ᠢᠨ ᠣᠷᠭᠠᠨᠢᠭ ᠤᠶᠠᠯᠳᠤᠯ᠎ᠢ ᠢᠳᠡᠪᠬᠢᠲᠡᠢ ᠠᠬᠢᠭᠤᠯᠵᠤ᠂ ᠨᠢᠭᠡ ᠬᠥᠯᠭᠡ ᠱᠢᠳᠠᠷ᠎ᠠ᠎ᠪᠠᠷ ᠲᠥᠯᠥᠪᠵᠢᠭᠦᠯᠤᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠵᠢᠭᠦᠯᠦᠯᠲᠡ᠎ᠶ᠋ᠢ ᠨᠢᠭᠡ ᠴᠤᠭ᠍ᠴᠠᠵᠢᠭᠤᠯᠤᠨ ᠠᠬᠢᠭᠤᠯᠤᠨ᠎ᠠ ᠭᠡᠵᠤ ᠢᠯᠡᠷᠭᠡᠢᠯᠡᠪᠡ᠃
ᠵᠢᠶᠠ ᠶᠤᠸᠠᠢ ᠹᠧᠩ᠂ 《ᠮᠠᠯ ᠠᠵᠤ ᠠᠬᠤᠢ ᠳᠠᠷᠢᠶᠠᠯᠠᠩ᠂ ᠮᠠᠯᠵᠢᠬᠤ ᠳᠠᠷᠢᠶᠠᠯᠠᠬᠤ ᠤᠷᠤᠨ᠂ ᠮᠠᠯᠴᠢᠨ ᠳᠠᠷᠢᠶᠠᠴᠢᠨ》 ᠤ ᠠᠵᠢᠯ᠎ᠤᠨ ᠭᠤᠣᠯᠳᠠᠯᠭ᠎ᠠ᠎ᠶ᠋ᠢ ᠱᠢᠯᠵᠢᠭᠦᠯᠬᠦ᠂ ᠪᠦᠲᠦᠮᠵᠢᠲᠡᠢ ᠵᠣᠯᠭᠠᠭᠤᠯᠬᠤ᠎ᠶ᠋ᠢ ᠠᠬᠢᠭᠤᠯᠬᠤ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠨᠠᠢᠳᠠᠪᠤᠷᠢᠵᠢᠭᠤᠯᠬᠤ᠎ᠳᠤ ᠳᠣᠣᠷᠠᠬᠢ ᠠᠵᠢᠯ᠎ᠤᠳ᠎ᠢ ᠭᠤᠣᠯᠳᠠᠯᠭ᠎ᠠ᠎ᠲᠠᠢ ᠰᠠᠢᠲᠤᠷ ᠬᠢᠪᠡᠯ ᠵᠤᠬᠢᠨ᠎ᠠ ᠭᠡᠵᠤ ᠦᠵᠡᠵᠠᠢ᠃
ᠨᠢᠭᠡ᠎ᠳᠤ᠂ ᠤᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠵᠢᠭᠦᠯᠤᠨ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ ᠬᠡᠪᠴᠢᠶᠡᠵᠢᠯ᠎ᠤᠨ ᠴᠢᠨᠠᠷᠲᠠᠢ ᠲᠠᠬᠢᠨ ᠶᠠᠳᠠᠭᠤᠷᠠᠬᠤ᠎ᠶ᠋ᠢ ᠰᠡᠷᠭᠡᠢᠯᠡᠭᠦ᠌ ᠬᠤᠷᠢᠭ᠎ᠠ ᠱᠤᠭᠤᠮ᠎ᠢ ᠡᠷᠡᠰ ᠰᠠᠬᠢᠨ᠎ᠠ᠃ ᠲᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠪᠠᠢᠳᠠᠯ᠎ᠢ ᠬᠢᠨᠠᠨ ᠬᠡᠮᠵᠢᠬᠦ᠌ ᠪᠠ ᠬᠠᠪᠰᠤᠷᠤᠨ ᠲᠡᠳᠬᠦᠬᠦ᠌ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠤᠨ᠎ᠠ᠃ ᠬᠢᠨᠠᠨ ᠱᠢᠯᠭᠠᠬᠤ ᠡᠲᠡᠭᠡᠳ ᠪᠠ ᠬᠦᠷᠢᠶ᠎ᠡ ᠬᠡᠪᠴᠢᠶ᠎ᠡ᠎ᠶ᠋ᠢ ᠲᠣᠳᠣᠷᠬᠠᠢᠯᠠᠵᠤ᠂ ᠬᠢᠨᠠᠨ ᠱᠢᠯᠭᠠᠬᠤ ᠠᠷᠭ᠎ᠠ ᠬᠡᠯᠪᠡᠷᠢ ᠪᠠ ᠲᠠᠰ ᠳᠠᠷᠠᠭᠠᠯᠠᠯ᠎ᠢ ᠱᠢᠯᠢᠳᠡᠭ᠌ᠵᠢᠭᠦᠯᠦᠨ᠂ ᠬᠠᠪᠰᠤᠷᠤᠨ ᠲᠡᠳᠬᠦᠵᠦ᠍ ᠠᠪᠤᠷᠠᠨ ᠲᠤᠰᠠᠯᠠᠬᠤ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠡᠷᠲᠡ᠎ᠠᠴᠠ ᠰᠡᠷᠡᠨ ᠮᠡᠳᠡᠬᠦ᠂ ᠡᠷᠲᠡ᠎ᠠᠴᠠ ᠤᠷᠢᠳᠴᠢᠯᠠᠨ ᠰᠡᠷᠡᠮᠵᠢᠯᠡᠭᠦᠯᠬᠦ᠂ ᠡᠷᠲᠡ᠎ᠠᠴᠠ ᠬᠠᠪᠰᠤᠷᠤᠨ ᠲᠡᠳᠬᠦᠬᠦ᠌᠎ᠶ᠋ᠢ ᠪᠡᠶᠡᠯᠡᠭᠦᠯᠦᠨ᠎ᠡ᠃
ᠪᠠᠯᠠ ᠮᠥᠩᠭᠦ᠎ᠶ᠋ᠢᠨ ᠲᠥᠷᠥᠯ ᠵᠦᠢᠯ᠎ᠤᠨ ᠪᠠᠲᠤᠯᠠᠭ᠎ᠠ᠎ᠶ᠋ᠢ ᠦᠷᠭᠦᠯᠵᠢᠯᠡᠨ ᠴᠢᠩᠭᠠᠳᠭᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠢᠮᠠᠭ ᠬᠤᠲᠠ᠎ᠶ᠋ᠢᠨ ᠪᠠᠯᠠ ᠮᠥᠩᠭᠦ᠎ᠶ᠋ᠢᠨ ᠵᠠᠷᠤᠯᠭ᠎ᠠ᠎ᠶ᠋ᠢ ᠵᠣᠯᠭᠠᠯᠴᠠᠭᠤᠯᠬᠤ ᠠᠬᠢᠴᠠ᠎ᠶ᠋ᠢ ᠲᠦᠷᠭᠡᠳᠭᠡᠵᠦ᠍᠂ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠥᠷᠥᠯ ᠵᠦᠢᠯ᠎ᠤᠨ ᠬᠥᠮᠥᠷᠭᠡᠯᠦᠭᠡ ᠵᠣᠯᠭᠠᠭᠤᠯᠬᠤ᠎ᠶ᠋ᠢ ᠦᠷᠭᠦᠯᠵᠢᠯᠡᠨ ᠲᠡᠭᠦᠯᠳᠡᠷᠵᠢᠭᠦᠯᠵᠤ ᠪᠠᠬᠢᠵᠢᠭᠦᠯᠤᠨ᠎ᠡ᠃ ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ᠎ᠤ ᠦᠪᠡᠷᠮᠢᠴᠡ ᠤᠨᠴᠠᠯᠢᠭ᠎ᠲᠠᠢ ᠳᠠᠪᠠᠭᠤᠯᠢᠭ᠍ᠳᠤ ᠠᠵᠤ ᠦᠢᠯᠡᠰ᠎ᠢ ᠬᠥᠭ᠌ᠵᠢᠭᠦᠯᠦᠨ ᠪᠤᠵᠠᠭᠠᠢᠷᠠᠭᠤᠯᠬᠤ᠎ᠶ᠋ᠢ ᠶᠡᠭᠡ᠎ᠪᠠᠷ ᠳᠡᠮᠵᠢᠨ᠎ᠡ᠃ ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ᠎ᠤ ᠤᠷᠤᠨ ᠨᠤᠳᠤᠭ᠎ᠤᠨ ᠪᠤᠳᠠᠳᠤ ᠪᠠᠢᠳᠠᠯ᠎ᠳᠠᠭᠠᠨ ᠳᠣᠭᠢᠷᠠᠭᠤᠯᠤᠨ ᠣᠲᠣ ᠦᠭᠡ᠎ᠶ᠋ᠢᠨ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ᠂ ᠬᠡᠷᠡᠯᠴᠢ ᠴᠡᠨᠡᠭ᠂ ᠵᠢᠭᠤᠯᠴᠢᠯᠠᠯ᠂ ᠡᠯᠧᠺᠲᠷᠣᠨ ᠬᠤᠳᠠᠯᠳᠤᠭ᠎ᠠ᠂ ᠬᠦᠷᠢᠶ᠎ᠡ ᠬᠠᠱᠢᠶ᠎ᠠ᠎ᠶ᠋ᠢᠨ ᠠᠵᠤ ᠠᠬᠤᠶ ᠵᠡᠷᠭᠡ ᠠᠵᠤ ᠦᠢᠯᠡᠰ᠎ᠢ ᠬᠥᠭ᠌ᠵᠢᠭᠦᠯᠬᠦ᠌᠎ᠶ᠋ᠢ ᠳᠡᠮᠵᠢᠵᠦ᠍᠂ ᠬᠥᠮᠥᠷᠭᠡᠯᠡᠨ ᠬᠠᠳᠠᠭᠠᠯᠠᠵᠤ ᠱᠢᠨ᠎ᠡ ᠰᠣᠷᠭᠤᠭ ᠪᠠᠢᠯᠭᠠᠬᠤ᠂ ᠬᠦᠢᠳᠡᠨ᠎ᠢᠶᠠᠷ ᠬᠠᠳᠠᠭᠠᠯᠠᠵᠤ ᠵᠦᠭᠡᠭᠡᠪᠦᠷᠢᠯᠡᠭᠦ᠌ ᠪᠠᠷᠠᠭᠠᠨ᠎ᠤ ᠬᠦᠢᠯᠭᠡᠭᠡ ᠵᠡᠷᠭᠡ ᠣᠲᠣ ᠦᠭᠡ᠎ᠶ᠋ᠢᠨ ᠦᠶ᠎ᠡ᠎ᠶ᠋ᠢᠨ ᠲᠦᠭᠦᠭᠡᠷᠦᠮᠵᠢ ᠲᠣᠨᠣᠭ᠍ᠯᠠᠯ᠎ᠤᠨ ᠪᠠᠢᠭᠤᠯᠤᠯᠲᠠ᠎ᠶ᠋ᠢ ᠲᠦᠷᠭᠡᠳᠭᠡᠨ᠂ ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ᠎ᠤ ᠠᠵᠤ ᠦᠢᠯᠡᠰ᠎ᠤᠨ ᠠᠶᠤᠯ ᠲᠦᠭ᠌ᠰᠢᠭᠦᠷᠢ᠎ᠶ᠋ᠢ ᠲᠤᠯᠬᠤ ᠴᠢᠳᠠᠪᠤᠷᠢ᠎ᠶ᠋ᠢ ᠴᠢᠩᠭᠠᠷᠠᠭᠤᠯᠤᠨ᠎ᠠ᠃ ᠣᠨᠳᠣᠣ ᠭᠠᠵᠠᠷ᠎ᠲᠤ ᠨᠡᠭᠦᠯᠭᠡᠨ ᠶᠠᠳᠠᠭᠤ᠎ᠶ᠋ᠢ ᠲᠡᠳᠬᠦᠭ᠌ᠰᠡᠨ᠎ᠤ ᠳᠠᠷᠠᠭᠠᠬᠢ ᠲᠠᠮᠵᠢᠯᠬᠡ᠎ᠶ᠋ᠢᠨ ᠠᠵᠢᠯ᠎ᠢ ᠢᠳᠡᠪᠬᠢᠲᠡᠢ ᠠᠬᠢᠭᠤᠯᠵᠤ᠂ ᠠᠵᠢᠯ ᠣᠯᠭᠤᠯᠲᠠ᠎ᠶ᠋ᠢᠨ ᠠᠵᠤ ᠦᠢᠯᠡᠰ᠂ ᠵᠠᠯᠭᠠᠮᠵᠢ ᠢᠵᠢ ᠪᠦᠷᠢᠳᠦᠭ᠌ᠰᠡᠨ ᠪᠦᠳᠦᠭᠡᠨ ᠪᠠᠢᠭᠤᠯᠤᠯᠲᠠ᠂ ᠨᠡᠢᠭᠡᠮ ᠲᠣᠭᠤᠷᠢᠭ᠎ᠤᠨ ᠬᠠᠮᠢᠶᠠᠷᠤᠯᠲᠠ ᠵᠡᠷᠭᠡ ᠲᠠᠯ᠎ᠠ᠎ᠪᠠᠷ ᠲᠡᠳᠬᠦᠬᠦ᠌ ᠡᠷᠴᠢᠮ᠎ᠢᠶᠠᠨ ᠴᠢᠩᠭᠠᠷᠠᠭᠤᠯᠤᠨ᠎ᠠ᠃ ᠣᠷᠣᠯᠭ᠎ᠠ ᠪᠠᠭᠠᠲᠠᠶ ᠬᠥᠮᠦᠨ ᠠᠮᠠ᠎ᠳᠤ ᠠᠵᠢᠯ ᠣᠯᠭᠤᠬᠤ ᠦᠢᠯᠡᠴᠢᠯᠡᠭᠡ ᠪᠠ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ ᠢᠳᠡᠪᠬᠢᠲᠡᠶ ᠬᠠᠩᠭᠠᠵᠤ᠂ ᠨᠥᠬᠦᠴᠡᠯ᠎ᠳᠤ ᠨᠡᠢᠴᠡᠭ᠌ᠰᠡᠨ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠳᠤ ᠠᠵᠢᠯ ᠣᠯᠭᠤᠬᠤ ᠠᠵᠤ ᠠᠬᠤᠢᠯᠠᠯ᠎ᠳᠤ ᠨᠡᠢᠭᠡᠮ᠎ᠤᠨ ᠳᠠᠭᠠᠳᠭᠠᠯ᠎ᠤᠨ ᠨᠥᠬᠦᠪᠥᠷᠢ᠂ ᠦᠢᠯᠡᠰ ᠪᠤᠰᠭᠠᠬᠤ ᠪᠠᠳᠤᠯᠠᠭ᠎ᠠ᠎ᠳᠤ ᠵᠢᠭᠡᠯᠡᠯᠭᠡ ᠪᠠ ᠬᠦᠦ ᠮᠦᠩᠭᠦ᠎ᠶ᠋ᠢ᠎ᠨᠢ ᠤᠷᠤᠯᠠᠨ ᠳᠤᠱᠢᠶᠠᠬᠤ ᠵᠡᠷᠭᠡ ᠬᠠᠷᠠᠭᠠᠯᠵᠠᠯ᠎ᠤᠨ ᠲᠦᠷᠦ᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠵᠤ᠂ ᠠᠵᠢᠯ ᠣᠯᠭᠤᠯᠲᠠ᠎ᠪᠠᠷ ᠬᠠᠪᠰᠤᠷᠤᠨ ᠲᠡᠳᠬᠦᠬᠦ᠌ ᠦᠢᠯᠡᠳᠪᠦᠷᠢ᠎ᠶ᠋ᠢᠨ ᠲᠠᠰᠤᠭ᠎ᠢ ᠬᠥᠭ᠌ᠵᠢᠭᠦᠯᠤᠨ᠂ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠠᠵᠢᠯ᠎ᠤᠨ ᠪᠠᠢᠷᠢ᠎ᠶ᠋ᠢ ᠵᠣᠬᠢᠰᠲᠠᠶ᠎ᠪᠠᠷ ᠨᠡᠭᠡᠭᠡᠨ ᠬᠥᠭ᠌ᠵᠢᠭᠦᠯᠵᠦ᠍᠂ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠶ᠋ᠢᠨ ᠲᠣᠭ᠍ᠲᠠᠪᠤᠷᠢᠲᠠᠶ᠎ᠪᠠᠷ ᠠᠵᠢᠯ ᠤᠯᠬᠤ᠎ᠶ᠋ᠢ ᠠᠬᠢᠭᠤᠯᠤᠨ᠎ᠠ᠃ ᠬᠡᠷᠡᠭ᠌ᠯᠡᠭᠡ᠎ᠪᠠᠷ ᠬᠠᠪᠰᠤᠷᠤᠨ ᠲᠡᠳᠬᠦᠬᠦ᠌᠎ᠶ᠋ᠢ ᠭᠦᠨᠵᠡᠭᠡᠢᠷᠡᠭᠦᠯᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠦᠢᠯᠭᠡᠭᠡ᠎ᠶ᠋ᠢᠨ ᠠᠵᠤ ᠠᠬᠤᠢᠯᠠᠯ᠂ ᠡᠯᠧᠺᠲᠷᠣᠨ ᠬᠤᠳᠠᠯᠳᠤᠭ᠎ᠠ᠂ ᠪᠥᠭᠡᠮ᠎ᠢᠶᠠᠷ ᠪᠤᠷᠤᠯᠠᠭᠤᠯᠬᠤ ᠵᠠᠬ᠎ᠠ ᠳᠡᠯᠭᠡᠭᠦᠷ᠎ᠢ ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ᠎ᠤ ᠤᠨᠴᠠᠯᠢᠬ᠍ᠳᠤ ᠠᠵᠤ ᠦᠢᠯᠡᠰ᠎ᠯᠦᠭᠡ ᠣᠨᠣᠴᠠᠲᠠᠶ᠎ᠪᠠᠷ ᠵᠣᠯᠭᠠᠭᠤᠯᠬᠤ᠎ᠶ᠋ᠢ ᠠᠬᠢᠭᠤᠯᠵᠤ᠂ ᠵᠠᠬ᠎ᠠ ᠳᠡᠯᠭᠡᠭᠦᠷ᠎ᠤᠨ ᠬᠡᠷᠡᠭ᠌ᠯᠡᠭᠡ᠎ᠶ᠋ᠢᠨ ᠬᠡᠷᠡᠭ᠌ᠴᠡᠭᠡ᠎ᠶ᠋ᠢᠨ ᠬᠤᠪᠢᠷᠠᠯᠲᠠ᠎ᠳᠤ ᠨᠠᠩ ᠰᠠᠢᠲᠤᠷ ᠵᠣᠬᠢᠴᠠᠭᠤᠯᠤᠨ᠎ᠠ᠃ ᠶᠠᠳᠠᠭᠤ᠎ᠶ᠋ᠢ ᠲᠡᠳᠬᠦᠬᠦ᠌ ᠲᠦᠷᠦᠯ ᠵᠦᠢᠯ᠎ᠤᠨ ᠡᠳ᠋ ᠬᠦᠷᠦᠩᠭᠡ᠎ᠶ᠋ᠢᠨ ᠬᠤᠢᠨᠠᠬᠢ ᠬᠠᠮᠢᠶᠠᠷᠤᠯᠲᠠ᠎ᠶ᠋ᠢ ᠴᠢᠩᠭᠠᠳᠭᠠᠵᠤ᠂ ᠶᠠᠳᠠᠭᠤ᠎ᠶ᠋ᠢ ᠲᠡᠳᠬᠦᠬᠦ᠌ ᠡᠳ᠋ ᠬᠦᠷᠦᠩᠭᠡ᠎ᠶ᠋ᠢᠨ ᠬᠠᠮᠢᠶᠠᠷᠤᠯᠲᠠ᠎ᠶ᠋ᠢᠨ ᠪᠠᠢᠭᠤᠯᠤᠮᠵᠢ ᠪᠠᠢᠭᠤᠯᠤᠨ᠂ ᠤᠯᠤᠰ᠎ᠤᠨ ᠥᠮᠴᠢᠯᠡᠯ ᠪᠠ ᠬᠠᠮᠲᠤ᠎ᠶ᠋ᠢᠨ ᠡᠳ᠋ ᠬᠦᠷᠦᠩᠭᠡ᠎ᠶ᠋ᠢᠨ ᠡᠵᠡᠩᠨᠡᠯᠲᠡ᠂ ᠬᠠᠮᠢᠶᠠᠷᠤᠯᠲᠠ ᠪᠣᠯᠤᠨ ᠦᠷᠳᠡᠭ᠎ᠢ᠎ᠨᠢ ᠪᠠᠲᠤᠯᠠᠵᠤ ᠦᠷᠳᠡᠭ᠎ᠢ᠎ᠨᠢ ᠨᠡᠮᠡᠭ᠌ᠳᠡᠭᠦᠯᠬᠦ᠌᠎ᠶ᠋ᠢ ᠴᠢᠩᠭᠠᠳᠭᠠᠵᠤ᠂ ᠶᠠᠳᠠᠭᠤ᠎ᠶ᠋ᠢ ᠲᠡᠳᠬᠦᠬᠦ᠌ ᠡᠳ᠋ ᠬᠦᠷᠦᠩᠭᠡ᠎ᠶ᠋ᠢ ᠦᠨᠡᠨ ᠬᠦ᠌ ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ᠎ᠤ᠎ᠬᠢᠨ᠎ᠤ ᠣᠷᠣᠯᠭ᠎ᠠ᠎ᠶ᠋ᠢᠨ ᠨᠡᠮᠡᠭ᠌ᠳᠡᠯ᠎ᠢ ᠳᠠᠢᠢᠴᠢᠯᠠᠬᠤ ᠡᠬᠢ ᠪᠤᠯᠠᠭ ᠪᠣᠯᠭᠠᠨ᠎ᠠ᠃
ᠬᠤᠶᠠᠷ᠎ᠲᠤ᠌᠂ ᠨᠢᠭᠡᠳᠦᠯᠲᠡᠶ ᠲᠥᠯᠥᠪᠵᠢᠭᠦᠯᠬᠦ᠌᠎ᠶ᠋ᠢ ᠴᠢᠩᠭᠠᠳᠭᠠᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠵᠣᠯᠭᠠᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ᠃ ᠲᠥᠷᠥ᠎ᠶ᠋ᠢᠨ ᠪᠣᠳᠣᠯᠭ᠎ᠠ᠎ᠶ᠋ᠢᠨ ᠵᠣᠯᠭᠠᠯᠴᠠᠭ᠎ᠠ᠎ᠶ᠋ᠢ ᠪᠥᠬᠦ᠌ ᠲᠠᠯ᠎ᠠ᠎ᠪᠠᠷ ᠠᠬᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠢ ᠨᠡᠢᠲᠡᠯᠡᠨ ᠬᠡᠷᠡᠭ᠌ᠵᠢᠭᠦᠯᠬᠦ᠌᠎ᠠᠴᠠ ᠡᠮᠦᠨ᠎ᠡ᠂ ᠡᠮᠬᠢ ᠵᠢᠷᠤᠮ᠎ᠲᠠᠢ᠎ᠪᠠᠷ ᠵᠣᠯᠭᠠᠭᠤᠯᠬᠤ᠂ ᠲᠣᠭ᠍ᠲᠠᠭᠤᠨ᠎ᠢᠶᠠᠷ ᠱᠢᠯᠵᠢᠬᠦᠯᠬᠦ᠌ ᠵᠠᠷᠴᠢᠮ᠎ᠢ ᠪᠠᠷᠢᠮᠲᠠᠯᠠᠨ᠂ ᠭᠤᠤᠯ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢᠨ ᠶᠡᠷᠦᠩᠬᠡᠶ᠎ᠳᠡᠭᠡᠨ ᠲᠣᠭ᠍ᠲᠠᠭᠤᠨ ᠪᠠᠢᠬᠤ᠎ᠶ᠋ᠢ ᠦᠨᠡᠨ ᠬᠦ᠌ ᠪᠠᠲᠤᠯᠠᠵᠤ᠂ ᠲᠣᠬᠢᠷᠠᠭᠤᠯᠤᠨ ᠵᠣᠯᠭᠠᠭᠤᠯᠬᠤ ᠠᠢᠵᠠᠮ᠂ ᠡᠷᠴᠢᠮ ᠪᠠ ᠴᠠᠭ᠎ᠤᠨ ᠬᠢᠵᠠᠭᠠᠷ᠎ᠢ ᠰᠠᠢᠲᠤᠷ ᠡᠵᠡᠮᠳᠡᠨ᠂ ᠠᠵᠢᠯ᠎ᠢᠶᠠᠨ ᠲᠠᠰᠤᠯᠳᠠᠭᠤᠯᠬᠤ ᠥᠬᠡᠶ᠂ ᠲᠥᠷᠥ᠎ᠶ᠋ᠢᠨ ᠪᠣᠳᠣᠯᠭ᠎ᠠ᠎ᠶ᠋ᠢᠨ ᠲᠠᠯ᠎ᠠ᠎ᠪᠠᠷ ᠤᠷᠬᠢᠭ᠍ᠳᠠᠭᠤᠯᠵᠤ ᠬᠡᠬᠡᠭ᠌ᠳᠡᠬᠦᠯᠬᠦ᠌ ᠥᠬᠡᠶ ᠪᠠᠢᠬᠤ᠎ᠶ᠋ᠢ ᠪᠡᠶᠡᠯᠡᠭᠦᠯᠦᠨ᠎ᠠ᠃ ᠪᠠᠢᠭᠤᠯᠤᠮᠵᠢ ᠬᠢᠬᠡᠳ ᠡᠩᠨᠡᠭᠡᠨ᠎ᠤ ᠵᠣᠯᠭᠠᠯᠴᠠᠭ᠎ᠠ᠎ᠶ᠋ᠢ ᠲᠤᠭ᠍ᠳᠠᠭ᠍ᠰᠠᠨ ᠬᠤᠭᠤᠴᠠᠭᠠᠨ᠎ᠳᠤ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠢᠮᠠᠭ ᠬᠤᠲᠠ᠂ ᠬᠤᠱᠢᠭᠤ ᠱᠢᠶᠠᠨ ᠭᠤᠷᠪᠠᠨ ᠱᠠᠲᠤᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ ᠨᠢᠭᠡᠨᠲᠡ ᠪᠦᠬᠦᠨ᠎ᠢᠶᠠᠷ᠎ᠢᠶᠠᠨ ᠫᠠᠢᠰᠠ ᠡᠯᠭᠦᠵᠦ᠍᠂ ᠠᠵᠢᠯᠲᠠᠨ᠎ᠤ ᠡᠩᠨᠡᠭᠡ ᠲᠣᠭ᠍ᠲᠠᠭᠤᠨ ᠪᠠᠢᠬᠤ᠎ᠶ᠋ᠢ ᠪᠠᠲᠤᠯᠠᠪᠠ᠃ ᠭᠠᠴᠠᠭ᠎ᠠ ᠲᠣᠰᠭᠤᠨ᠎ᠳᠤ ᠰᠠᠭᠤᠵᠤ ᠬᠠᠪᠰᠤᠷᠤᠨ ᠲᠡᠳᠬᠦᠬᠦ᠌᠎ᠶ᠋ᠢ ᠴᠢᠩᠭᠠᠳᠭᠠᠵᠤ᠂ 3660 ᠶᠠᠳᠠᠭᠤ ᠬᠦᠴᠢᠷᠳᠡᠯᠲᠡᠢ ᠭᠠᠴᠠᠭ᠎ᠠ ᠲᠣᠰᠭᠤᠨ᠂ ᠣᠨᠳᠣᠣ ᠭᠠᠵᠠᠷ᠎ᠲᠤ ᠨᠡᠭᠦᠯᠭᠡᠨ ᠶᠠᠳᠠᠭᠤ᠎ᠶ᠋ᠢ ᠲᠡᠳᠬᠦᠵᠦ᠍ ᠲᠥᠪᠬᠢᠨᠡᠭᠦᠯᠦᠭ᠌ᠰᠡᠨ 10 ᠱᠢᠨ᠎ᠡ ᠲᠣᠰᠭᠤᠨ (ᠨᠡᠢᠭᠡᠮ ᠲᠣᠭᠤᠷᠢᠭ)᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ 171 ᠭᠤᠣᠯᠳᠠᠯᠭ᠎ᠠ᠎ᠲᠠᠢ ᠬᠠᠪᠰᠤᠷᠤᠨ ᠲᠡᠳᠬᠦᠬᠦ᠌ ᠭᠠᠴᠠᠭ᠎ᠠ ᠲᠣᠰᠭᠤᠨ ᠪᠣᠯᠤᠨ ᠵᠢᠱ᠌ᠢᠶ᠎ᠡ ᠦᠵᠡᠭᠦᠯᠬᠦ᠌ ᠭᠠᠴᠠᠭ᠎ᠠ ᠲᠣᠰᠭᠤᠨ ᠵᠡᠷᠭᠡ 3841 ᠭᠠᠴᠠᠭ᠎ᠠ ᠲᠣᠰᠭᠤᠨ᠎ᠳᠤ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠬᠢ ᠰᠣᠩᠭᠤᠨ ᠲᠣᠮᠢᠯᠠᠬᠤ᠎ᠪᠠᠷ ᠲᠥᠯᠥᠪᠯᠡᠵᠦ᠍ ᠪᠠᠢᠨ᠎ᠠ᠃ ᠠᠵᠢᠯ᠎ᠤᠨ ᠵᠤᠯᠭᠠᠯᠴᠠᠭ᠎ᠠ᠎ᠶ᠋ᠢ ᠡᠮᠬᠢ ᠵᠢᠷᠤᠮ᠎ᠲᠠᠢ᠎ᠪᠠᠷ ᠡᠬᠢᠯᠡᠬᠦᠯᠦᠨ᠎ᠠ᠃ ᠤᠯᠤᠰ᠎ᠤᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ᠎ᠶ᠋ᠢᠨ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ ᠡᠳ᠋᠎ᠤᠨ ᠵᠠᠰᠠᠭ᠂ ᠮᠥᠩᠭᠦᠨ ᠭᠦᠶ᠋ᠯᠭᠡᠭᠡᠨ᠂ ᠭᠠᠵᠠᠷ ᠱᠢᠷᠣᠶ ᠵᠡᠷᠭᠡ 14 ᠲᠠᠯ᠎ᠠ᠎ᠶ᠋ᠢ 10 ᠤᠯᠤᠰ᠎ᠤᠨ ᠲᠠᠰ ᠪᠠ 5 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠢ ᠬᠠᠪᠰᠤᠷᠤᠨ ᠲᠡᠳᠬᠦᠬᠦ᠌ ᠬᠤᠱᠢᠭᠤ ᠱᠢᠶᠠᠨ᠎ᠳᠤ ᠬᠡᠯᠪᠠᠢᠯᠭᠡᠨ ᠳᠡᠮᠵᠢᠯᠭᠡ ᠦᠵᠡᠭᠦᠯᠦᠨ᠎ᠡ᠃ ᠬᠥᠳᠡᠭᠡ ᠲᠣᠰᠭᠤᠨ᠎ᠤ ᠪᠦᠲᠦᠭᠡᠨ ᠪᠠᠢᠭᠤᠯᠤᠯᠲᠠ ᠪᠠ ᠬᠥᠳᠡᠭᠡ ᠲᠣᠰᠭᠤᠨ᠎ᠤ ᠵᠠᠰᠠᠯᠲᠠ᠎ᠶ᠋ᠢᠨ ᠠᠵᠢᠯᠯᠠᠭ᠎ᠠ᠎ᠶ᠋ᠢ ᠢᠳᠡᠪᠬᠢᠲᠡᠢ ᠠᠬᠢᠭᠤᠯᠤᠨ᠎ᠠ᠃ ᠱᠢᠨ᠎ᠡ ᠱᠠᠲᠤ ᠦᠶ᠎ᠡ ᠱᠢᠨ᠎ᠡ ᠡᠭᠦᠷᠭᠡ᠎ᠶ᠋ᠢᠨ ᠱᠠᠭᠠᠷᠳᠠᠯᠭ᠎ᠠ ᠶᠣᠰᠣᠭᠠᠷ ᠠᠢᠯ ᠲᠣᠰᠭᠤᠨ᠎ᠢ ᠠᠷᠢᠭᠤᠨ ᠴᠡᠪᠡᠷ ᠪᠠᠢᠯᠭᠠᠬᠤ ᠠᠵᠢᠯᠯᠠᠭ᠎ᠠ ᠥᠷᠨᠢᠭᠦᠯᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ 《ᠭᠤᠷᠪᠠ᠎ᠶ᠋ᠢ ᠴᠡᠪᠡᠷᠯᠡᠵᠦ᠍ ᠨᠢᠭᠡ᠎ᠶ᠋ᠢ ᠥᠭᠡᠷᠡᠴᠢᠯᠡᠬᠦ᠌》 ᠠᠵᠢᠯᠯᠠᠭ᠎ᠠ᠎ᠶ᠋ᠢᠨ ᠬᠡᠪᠴᠢᠶ᠎ᠠ᠎ᠶ᠋ᠢ ᠥᠷᠭᠡᠳᠭᠡᠨ᠂ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠳᠠᠳᠭᠠᠯ᠎ᠲᠠᠢ ᠪᠣᠯᠬᠤ᠎ᠶ᠋ᠢ ᠬᠥᠲᠥᠯᠥᠨ ᠵᠢᠯᠣᠭᠤᠳᠴᠤ᠌᠂ ᠳᠦᠷᠢᠮᠵᠢᠭᠦᠯᠦᠯᠳᠡ᠂ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠢ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠬᠠᠮᠵᠢᠯᠴᠠᠨ ᠠᠬᠢᠭᠤᠯᠤᠨ᠎ᠠ᠃ ᠤᠷᠢᠳ᠎ᠢᠶᠠᠷ ᠲᠥᠯᠥᠪᠵᠢᠭᠦᠯᠬᠦ᠌᠎ᠶ᠋ᠢ ᠴᠢᠬᠤᠯᠠᠴᠢᠯᠠᠵᠤ᠂ ᠡᠯ᠎ᠡ ᠭᠠᠵᠠᠷ᠎ᠤᠨ᠎ᠬᠢᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠤᠬᠠᠶ ᠲᠥᠪ᠎ᠤᠨ ᠱᠢᠨ᠎ᠡ ᠬᠠᠷᠠᠯᠲᠠ ᠱᠠᠭᠠᠷᠳᠠᠯᠭ᠎ᠠ᠎ᠶ᠋ᠢᠨ ᠲᠣᠭᠤᠷᠢᠨ᠎ᠳᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠥᠯᠥᠪᠵᠢᠭᠦᠯᠭᠡ᠎ᠪᠠᠨ ᠱᠠᠯᠠᠪᠳᠠᠨ ᠲᠡᠭᠦᠯᠳᠡᠷᠵᠢᠭᠦᠯᠬᠦ᠂ 《〈ᠠᠷᠪᠠᠨ ᠳᠥᠷᠪᠡᠳᠦᠭᠡᠷ ᠲᠠᠪᠤᠨ ᠵᠢᠯ〉 ᠤᠨ ᠶᠠᠳᠠᠭᠤ᠎ᠠᠴᠠ ᠠᠩᠭᠢᠵᠢᠷᠠᠭᠤᠯᠵᠦ᠍ ᠪᠣᠭᠤᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠬᠦ᠌ ᠬᠢᠭᠡᠳ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠵᠣᠯᠭᠠᠭᠤᠯᠬᠤ ᠲᠥᠯᠥᠪᠵᠢᠭᠦᠯᠭᠡ》 ᠪᠠᠨ ᠨᠠᠢᠷᠠᠭᠤᠯᠤᠨ ᠵᠣᠬᠢᠶᠠᠬᠤ ᠵᠡᠷᠭᠡ ᠳᠠᠯ᠎ᠠ᠎ᠪᠠᠷ ᠵᠢᠭᠠᠨ ᠵᠢᠯᠤᠭᠤᠳᠤᠨ᠎ᠠ᠃
ᠭᠤᠷᠪᠠ᠎ᠳᠤ᠂ ᠵᠣᠬᠢᠶᠠᠨ ᠪᠠᠢᠭᠤᠯᠤᠯᠳᠠ᠎ᠶ᠋ᠢᠨ ᠤᠳᠤᠷᠢᠳᠤᠯᠭ᠎ᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ᠎ᠶ᠋ᠢ ᠪᠣᠳᠠᠲᠠᠢ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠨ᠎ᠠ᠃ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠠᠵᠢᠯ᠎ᠤᠨ ᠪᠠᠢᠭᠤᠯᠤᠮᠵᠢ ᠲᠣᠭ᠍ᠲᠠᠴᠠ᠎ᠶ᠋ᠢ ᠴᠢᠨᠠᠬ᠍ᠰᠢᠳᠠ ᠱᠢᠯᠤᠭᠤᠳᠭᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠭ᠍ᠰᠠᠨ ᠠᠷᠭ᠎ᠠ ᠲᠤᠷᠱᠢᠯᠭ᠎ᠠ᠎ᠪᠠᠷ ᠲᠣᠯᠢ ᠪᠣᠯᠭᠠᠨ ᠬᠠᠷᠢᠭᠤᠴᠠᠯᠭ᠎ᠠ᠂ ᠲᠥᠷᠥ᠎ᠶ᠋ᠢᠨ ᠪᠣᠳᠣᠯᠭ᠎ᠠ᠂ ᠣᠷᠣᠭᠤᠯᠤᠯᠲᠠ᠂ ᠳᠠᠢᠴᠢᠯᠠᠯᠲᠠ᠂ ᠬᠢᠨᠠᠯᠲᠠ ᠲᠠᠯᠪᠢᠯᠳᠠ᠂ ᠱᠢᠯᠭᠠᠨ ᠦᠨᠡᠯᠡᠯᠳᠡ ᠵᠡᠷᠭᠡ ᠲᠣᠭ᠍ᠲᠠᠴᠠ᠎ᠶ᠋ᠢ ᠢᠳᠡᠪᠬᠢᠲᠡᠶ ᠰᠦᠪᠡᠭ᠌ᠴᠢᠯᠡᠨ ᠲᠡᠭᠦᠯᠳᠡᠷᠵᠢᠭᠦᠯᠵᠦ᠍᠂ ᠲᠠᠪᠤᠨ ᠱᠠᠲᠤᠨ᠎ᠤ ᠱᠦᠵᠢ᠎ᠶ᠋ᠢᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠳᠭᠤᠬᠤ ᠬᠠᠷᠢᠭᠤᠴᠠᠯᠭ᠎ᠠ᠎ᠶ᠋ᠢ ᠴᠢᠩᠭᠠᠳᠭᠠᠨ᠂ ᠮᠤᠵᠢ᠎ᠶ᠋ᠢᠨ ᠱᠠᠲᠤᠨ᠎ᠤ ᠤᠳᠤᠷᠢᠳᠤᠯᠭ᠎ᠠ᠎ᠶ᠋ᠢᠨ ᠬᠤᠱᠢᠭᠤ ᠱᠢᠶᠠᠨ᠎ᠲᠠᠢ ᠬᠠᠷᠢᠯᠴᠠᠵᠤ ᠬᠠᠪᠰᠤᠷᠤᠨ ᠲᠡᠳᠬᠦᠬᠦ᠌ ᠲᠣᠭ᠍ᠲᠠᠴᠠ᠎ᠶ᠋ᠢ ᠲᠣᠳᠣᠷᠬᠠᠢᠯᠠᠵᠤ᠂ ᠭᠠᠴᠠᠭ᠎ᠠ ᠲᠣᠰᠭᠤᠨ᠎ᠳᠤ ᠰᠠᠭᠤᠵᠤ ᠬᠠᠪᠰᠤᠷᠤᠨ ᠲᠡᠳᠬᠦᠬᠦ᠌ ᠲᠦᠷᠢᠮ᠎ᠢ ᠲᠦᠷᠭᠡᠳᠭᠡᠨ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠠᠵᠢᠯ ᠲᠥᠷᠥᠯ᠎ᠤᠨ ᠰᠠᠯᠠᠭ᠎ᠠ ᠮᠥᠴᠢᠷ᠂ ᠬᠠᠪᠰᠤᠷᠤᠨ ᠲᠡᠳᠬᠦᠬᠦ᠌ ᠨᠢᠭᠡᠴᠢ᠂ ᠨᠡᠢᠭᠡᠮ᠎ᠤᠨ ᠡᠯ᠎ᠡ ᠡᠲᠡᠭᠡᠳ᠎ᠤᠨ᠎ᠬᠢᠨ᠎ᠢ ᠥᠷᠭᠡᠨ᠎ᠢᠶᠠᠷ ᠳᠠᠢᠴᠢᠯᠠᠨ ᠣᠷᠣᠯᠴᠠᠭᠤᠯᠵᠤ᠂ ᠡᠯ᠎ᠡ ᠳᠠᠯ᠎ᠠ᠎ᠶ᠋ᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠦᠨ ᠨᠡᠢᠳᠭᠡᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠠᠵᠢᠯ᠎ᠢ ᠪᠦᠲᠦᠮᠵᠢᠲᠡᠶ ᠵᠣᠯᠭᠠᠭᠤᠯᠬᠤ᠎ᠶ᠋ᠢ ᠦᠨᠡᠨ ᠬᠦ᠌ ᠪᠠᠲᠤᠯᠠᠨ᠎ᠠ᠃ ᠤᠯᠤᠰ᠎ᠤᠨ 2021 ᠣᠨ᠎ᠤ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠦᠭ᠌ᠰᠡᠨᠤ ᠳᠠᠷᠠᠭᠠᠬᠢ ᠦᠨᠡᠯᠡᠨ ᠵᠢᠱ᠌ᠢᠯᠳᠡ᠎ᠶ᠋ᠢᠨ ᠡᠮᠦᠨᠡᠬᠢ ᠬᠤᠭᠤᠴᠠᠭᠠᠨ᠎ᠤ ᠪᠡᠯᠡᠳᠭᠡᠯ ᠠᠵᠢᠯ ᠪᠤᠯᠤᠨ ᠠᠢᠮᠠᠭ ᠬᠤᠲᠠ᠎ᠶ᠋ᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠭ᠌ᠰᠡᠨ ᠲᠤᠬᠠᠢ ᠵᠢᠯ᠎ᠤᠨ ᠱᠢᠯᠭᠠᠨ ᠦᠨᠡᠯᠡᠬᠦ᠌ ᠠᠵᠢᠯ ᠵᠢᠴᠢ ᠡᠩ᠎ᠤᠨ ᠦᠶ᠎ᠡ᠎ᠶ᠋ᠢᠨ ᠬᠢᠨᠠᠨ ᠡᠵᠡᠮᠳᠡᠬᠦ᠌ ᠠᠵᠢᠯ᠎ᠢ ᠰᠠᠢᠲᠤᠷ ᠬᠢᠵᠦ᠍᠂ ᠱᠢᠯᠭᠠᠨ ᠬᠢᠨᠠᠵᠤ ᠦᠨᠡᠯᠡᠨ ᠵᠢᠱ᠌ᠢᠬᠦ᠌ ᠠᠷᠭ᠎ᠠ ᠪᠠᠷᠢᠯ᠎ᠢ ᠰᠠᠢᠲᠤᠷ ᠬᠡᠷᠡᠭ᠌ᠯᠡᠨ᠂ ᠬᠠᠷᠢᠭᠤᠴᠠᠯᠭ᠎ᠠ᠎ᠶ᠋ᠢ ᠦᠷᠭᠦᠯᠵᠢᠯᠡᠨ ᠴᠢᠩᠭ᠎ᠠ ᠪᠥᠭᠡᠳ ᠪᠣᠳᠠᠲᠠᠶ ᠨᠠᠢᠳᠠᠪᠤᠷᠢᠵᠢᠭᠤᠯᠤᠨ᠎ᠠ᠃ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠺᠠᠳ᠋ᠷ᠎ᠤᠨ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠳᠡᠰ ᠳᠠᠪᠬᠤᠷᠭ᠎ᠠ ᠬᠤᠪᠢᠶᠠᠨ ᠪᠣᠯᠪᠠᠰᠤᠷᠠᠭᠤᠯᠬᠤ ᠵᠠᠷᠴᠢᠮ᠎ᠢ ᠪᠠᠷᠢᠮᠲᠠᠯᠠᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠱᠢᠰᠲ᠋ᠧᠮ᠎ᠤᠨ ᠺᠠᠳ᠋ᠷ᠂ ᠭᠠᠴᠠᠭ᠎ᠠ ᠲᠣᠰᠭᠤᠨ᠎ᠳᠤ ᠰᠠᠭᠤᠵᠤ ᠬᠠᠪᠰᠤᠷᠤᠨ ᠲᠡᠳᠬᠦᠬᠦ᠌ ᠺᠠᠳ᠋ᠷ᠂ ᠦᠨᠳᠦᠰᠦᠨ ᠱᠠᠲᠤᠨ᠎ᠤ ᠲᠤᠰᠭᠠᠶ ᠮᠡᠷᠭᠡᠵᠢᠯ᠎ᠤᠨ ᠴᠢᠳᠠᠪᠤᠷᠢᠲᠠᠨ᠂ ᠮᠠᠯᠴᠢᠨ ᠲᠠᠷᠢᠶᠠᠴᠢᠨ᠂ ᠨᠤᠲᠤᠭ᠎ᠤᠨ ᠴᠢᠳᠠᠪᠤᠷᠢᠲᠠᠨ᠎ᠢ ᠬᠥᠮᠦᠵᠢᠭᠦᠯᠦᠨ ᠪᠣᠯᠪᠠᠰᠤᠷᠠᠭᠤᠯᠬᠤ ᠲᠥᠷᠥᠯ ᠵᠦᠶ᠋ᠯ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠲᠤᠮᠤ ᠬᠡᠪᠴᠢᠶᠡᠨ᠎ᠤ ᠪᠠᠢᠴᠠᠭᠠᠨ ᠰᠤᠳᠤᠯᠤᠯᠲᠠ᠂ ᠰᠤᠷᠤᠯᠴᠠᠯᠭ᠎ᠠ᠂ ᠶᠠᠷᠢᠯᠴᠠᠯᠭ᠎ᠠ᠎ᠶ᠋ᠢᠨ ᠠᠵᠢᠯᠯᠠᠭ᠎ᠠ ᠥᠷᠨᠢᠭᠦᠯᠵᠦ᠍᠂ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠶ᠋ᠢ᠎ᠨᠢ ᠳᠡᠭᠡᠭ᠌ᠰᠢᠯᠡᠭᠦᠯᠦᠨ᠎ᠡ᠃ ᠨᠡᠢᠭᠡᠮ᠎ᠤᠨ ᠡᠯ᠎ᠡ ᠲᠠᠯ᠎ᠠ᠎ᠶ᠋ᠢᠨ ᠬᠦᠴᠦᠨ᠎ᠢ ᠥᠷᠭᠡᠨ᠎ᠢᠶᠠᠷ ᠳᠠᠢᠴᠢᠯᠠᠨ ᠢᠳᠡᠪᠬᠢᠲᠡᠶ ᠣᠷᠣᠯᠴᠠᠭᠤᠯᠵᠤ᠂ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭᠠᠨ᠎ᠤ ᠬᠦᠷᠢᠶ᠎ᠡ ᠴᠠᠷᠠᠭ᠎ᠠ᠎ᠶ᠋ᠢ ᠥᠷᠭᠡᠳᠭᠡᠵᠤ ᠠᠷᠭ᠎ᠠ ᠬᠡᠯᠪᠡᠷᠢ᠎ᠶ᠋ᠢ ᠱᠢᠯᠢᠳᠡᠭ᠌ᠵᠢᠭᠦᠯᠤᠨ ᠭᠤᠤᠯᠳᠠᠯᠭ᠎ᠠ᠎ᠶ᠋ᠢ ᠠᠳᠭᠤᠵᠤ᠂ ᠲᠣᠮᠢᠯᠠᠨ ᠰᠠᠭᠤᠯᠭᠠᠬᠤ ᠬᠥᠮᠦᠰ᠎ᠤᠨ ᠦᠨᠳᠦᠰᠦᠨ ᠱᠠᠲᠤᠨ᠎ᠳᠤ ᠭᠦᠨᠵᠡᠭᠡᠢᠷᠡᠬᠦ᠌᠎ᠶ᠋ᠢ ᠠᠬᠢᠭᠤᠯᠤᠨ᠎ᠠ᠃ 《ᠲᠦᠮᠡᠨ ᠠᠵᠤ ᠠᠬᠤᠢᠯᠠᠯ ᠲᠦᠮᠡᠨ ᠭᠠᠴᠠᠭ᠎ᠠ ᠲᠣᠰᠭᠤᠨ᠎ᠢ ᠬᠠᠪᠰᠤᠷᠬᠤ》 ᠠᠵᠢᠯᠯᠠᠭ᠎ᠠ᠎ᠶ᠋ᠢᠨ ᠬᠠᠪᠰᠤᠷᠤᠯᠴᠠᠭ᠎ᠠ ᠪᠠᠢᠭᠤᠯᠤᠨ ᠬᠠᠪᠰᠤᠷᠤᠨ ᠲᠡᠳᠬᠦᠬᠦ᠌ ᠬᠠᠷᠢᠴᠠᠭ᠎ᠠ᠎ᠶ᠋ᠢᠨ ᠶᠡᠷᠦᠩᠬᠡᠶ᠎ᠳᠡᠭᠡᠨ ᠲᠣᠭ᠍ᠲᠠᠭᠤᠨ ᠪᠠᠢᠬᠤ᠎ᠶ᠋ᠢ ᠦᠷᠭᠦᠯᠵᠢᠯᠡᠨ ᠪᠠᠲᠤᠯᠠᠭ᠍ᠰᠠᠨ ᠤᠷᠢᠲᠠᠯ ᠳᠤᠤᠷ᠎ᠠ 《ᠲᠦᠮᠡᠨ ᠠᠵᠤ ᠠᠬᠤᠢᠯᠠᠯ ᠲᠦᠮᠡᠨ ᠭᠠᠴᠠᠭ᠎ᠠ ᠲᠣᠰᠭᠤᠨ᠎ᠢ ᠬᠥᠭ᠌ᠵᠢᠭᠦᠯᠬᠦ᠌》 ᠠᠵᠢᠯᠯᠠᠭ᠎ᠠ ᠥᠷᠨᠢᠭᠦᠯᠵᠦ᠍᠂ ᠣᠨᠴᠠᠯᠢᠭ᠍ᠲᠤ ᠠᠵᠤ ᠦᠶ᠋ᠯᠡᠰ᠎ᠢ ᠬᠥᠭ᠌ᠵᠢᠭᠦᠯᠬᠦ᠂ ᠬᠥᠳᠡᠭᠡ ᠲᠣᠰᠭᠤᠨ᠎ᠤ ᠪᠥᠲᠥᠭᠡᠨ ᠪᠠᠢᠭᠤᠯᠤᠯᠲᠠ᠎ᠳᠤ ᠣᠷᠣᠯᠴᠠᠬᠤ᠂ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠵᠤ ᠠᠵᠢᠯ ᠣᠯᠭᠤᠯᠳᠠ᠎ᠪᠠᠷ ᠦᠶ᠋ᠯᠡᠰ ᠪᠤᠰᠭᠠᠬᠤ᠎ᠶ᠋ᠢ ᠳᠠᠢᠴᠢᠯᠠᠬᠤ ᠲᠠᠯ᠎ᠠ᠎ᠪᠠᠷ ᠬᠦᠴᠦᠯᠡᠨ᠎ᠠ᠃
ᠵᠢᠶᠠ ᠶᠤᠸᠠᠢ ᠹᠧᠩ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠤᠯᠪᠣᠭ᠍ᠳᠠᠬᠤ ᠲᠠᠯ᠎ᠠ ᠮᠠᠰᠢ ᠤᠯᠠᠨ ᠪᠠᠢᠵᠤ᠂ ᠲᠡᠭᠦᠨ᠎ᠤ ᠭᠦᠨᠴᠡ᠂ ᠥᠷᠭᠡᠴᠡ ᠪᠠ ᠬᠦᠴᠢᠷᠳᠡᠯ᠎ᠨᠢ ᠴᠥᠮ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠣᠣᠷ᠎ᠠ ᠦᠭᠡᠢ ᠶᠤᠮ᠃ ᠪᠢᠳᠡ ᠦᠨᠡᠨ ᠬᠦ᠌ 《ᠳᠥᠷᠪᠡᠨ ᠤᠬᠠᠮᠰᠠᠷ》 ᠢᠶᠠᠨ ᠴᠢᠩᠭᠠᠳᠭᠠᠨ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠍᠂ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠨ᠂ ᠨᠠᠩ ᠶᠡᠭᠡ ᠱᠢᠢᠳᠮᠡᠭ ᠵᠣᠷᠢᠭ᠂ ᠨᠠᠩ ᠴᠢᠩᠭ᠎ᠠ ᠡᠷᠴᠢᠮ᠂ ᠨᠠᠩ ᠴᠢᠨᠠᠷ ᠰᠠᠢᠲᠠᠶ᠂ ᠨᠠᠩ ᠪᠣᠳᠠᠲᠠᠶ ᠠᠷᠭ᠎ᠠ ᠬᠡᠮᠵᠢᠶ᠎ᠡ᠎ᠪᠠᠷ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠱᠢᠨ᠎ᠡ ᠠᠶᠠᠨ᠎ᠳᠤ ᠱᠢᠯᠢᠳᠡᠭ ᠪᠦᠲᠦᠮᠵᠢ ᠭᠠᠷᠭᠠᠵᠤ ᠱᠢᠨ᠎ᠡ ᠭᠠᠪᠢᠶ᠎ᠠ ᠪᠠᠢᠭᠤᠯᠤᠨ᠎ᠠ ᠭᠡᠵᠤ ᠢᠯᠡᠷᠬᠡᠢᠯᠡᠪᠡ᠃