ᠰᠡᠴᠡᠨᠲᠦ ᠪᠣᠯ ᠱᠢᠯᠢᠩᠬᠤᠲᠠ᠎ᠶ᠋ᠢᠨ ᠪᠠᠶᠠᠨᠪᠤᠯᠠᠭ ᠰᠤᠮᠤ᠎ᠶ᠋ᠢᠨ ᠪᠠᠶᠠᠨ ᠬᠠᠷᠠᠭᠠᠳᠤ ᠭᠠᠴᠠᠭᠠᠨ᠎ᠤ ᠮᠠᠯᠴᠢᠨ᠂ ᠲᠡᠳᠡᠨ᠎ᠤ᠎ᠬᠢᠨ 7000 ᠮᠦ᠍ ᠪᠡᠯᠴᠢᠭᠡᠷ᠎ᠲᠠᠢ᠂ ᠡᠭᠦᠨ᠎ᠠᠴᠠ ᠭᠠᠳᠠᠨ᠎ᠠ ᠪᠤᠰᠤᠳ᠎ᠠᠴᠠ 3700 ᠮᠦ᠍ ᠪᠡᠯᠴᠢᠭᠡᠷ ᠲᠦᠷᠢᠶᠡᠰᠦᠯᠡᠵᠦ᠍᠂ 80 ᠭᠠᠷᠤᠢ ᠦᠬᠡᠷ᠂ 600 ᠭᠠᠷᠤᠢ ᠬᠤᠨᠢ ᠮᠠᠯᠵᠢᠵᠤ ᠪᠤᠢ᠃ 《ᠬᠠᠪᠤᠷ᠎ᠤᠨ ᠤᠯᠠᠷᠢᠯ᠎ᠤᠨ ᠪᠡᠯᠴᠢᠭᠡᠷ ᠰᠡᠷᠭᠦᠭᠡᠬᠦ᠌ ᠡᠨᠡ ᠬᠦ᠌ ᠲᠥᠷᠥ᠎ᠶ᠋ᠢᠨ ᠪᠣᠳᠣᠯᠭ᠎ᠠ᠎ᠨᠢ ᠮᠠᠯᠴᠢᠳ᠎ᠤᠨ ᠠᠮᠢᠳᠤᠷᠠᠯ᠎ᠳᠤ ᠮᠠᠰᠢ ᠶᠡᠭᠡ ᠠᠱᠢᠭ᠍ᠲᠠᠶ ᠪᠠᠢᠵᠤ᠂ ᠪᠢᠳᠡᠨ᠎ᠤ ᠣᠷᠣᠱᠢᠨ ᠠᠮᠢᠳᠤᠷᠠᠵᠤ ᠪᠠᠢᠭ᠎ᠠ ᠨᠤᠲᠤᠭ ᠪᠡᠯᠴᠢᠭᠡᠷ᠎ᠤᠨ ᠠᠮᠢ ᠠᠬᠤᠶ᠎ᠶ᠋ᠢ ᠬᠠᠮᠠᠭᠠᠯᠠᠭ᠍ᠰᠠᠨ᠎ᠢᠶᠠᠷ ᠪᠠᠷᠠᠬᠤ ᠥᠬᠡᠶ ᠪᠠᠰᠠ ᠪᠡᠯᠴᠢᠭᠡᠷ ᠰᠡᠷᠭᠦᠭᠡᠬᠦ᠌ ᠨᠥᠬᠦᠪᠥᠷᠢ ᠣᠯᠵᠤ᠂ ᠨᠠᠮ ᠵᠠᠰᠠᠭ᠎ᠤᠨ ᠰᠠᠢᠨ ᠲᠥᠷᠥ᠎ᠶ᠋ᠢᠨ ᠪᠣᠳᠣᠯᠭ᠎ᠠ᠎ᠳᠤ ᠲᠠᠯᠠᠷᠬᠠᠵᠤ ᠪᠠᠢᠨ᠎ᠠ》 ᠬᠡᠵᠤ ᠰᠡᠴᠡᠨᠳᠤ ᠢᠨᠢᠶᠡᠮᠰᠦᠭ᠌ᠯᠡᠨ ᠶᠠᠷᠢᠨ᠎ᠠ᠃
ᠬᠠᠪᠤᠷ᠎ᠤᠨ ᠤᠯᠠᠷᠢᠯ᠎ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ᠎ᠳᠤ ᠪᠡᠯᠴᠢᠭᠡᠷ ᠰᠡᠷᠭᠦᠭᠡᠬᠦ᠌᠎ᠶ᠋ᠢ ᠬᠡᠷᠡᠭ᠌ᠵᠢᠭᠦᠯᠪᠡᠯ᠂ ᠡᠪᠡᠰᠤ ᠪᠡᠯᠴᠢᠭᠡᠷ᠎ᠢ ᠬᠡᠲᠦ ᠡᠷᠲᠡ ᠮᠠᠯ᠎ᠤᠨ ᠬᠦᠯᠤᠨ ᠲᠤᠭᠤᠰᠤᠨ᠎ᠳᠤ ᠭᠢᠰᠭᠢᠯᠡᠬᠦ᠌ᠠᠴᠠ ᠪᠣᠯᠵᠣ ᠨᠤᠲᠤᠭ ᠪᠡᠯᠴᠢᠭᠡᠷ᠎ᠤᠨ ᠦᠢᠯᠡᠳᠪᠤᠷᠢᠯᠡᠯ᠎ᠤᠨ ᠬᠦᠴᠦᠨ᠎ᠢ ᠪᠠᠭᠤᠷᠠᠭᠤᠯᠬᠤ᠂ ᠡᠪᠡᠰᠤ ᠤᠷᠭᠤᠮᠠᠯ᠎ᠤᠨ ᠲᠦᠷᠤᠯ ᠵᠦᠢᠯ ᠮᠠᠭᠤᠳᠠᠬᠤ ᠠᠰᠠᠭᠤᠳᠠᠯ ᠭᠠᠷᠬᠤ᠎ᠠᠴᠠ ᠪᠦᠲᠦᠮᠵᠢᠲᠡᠶ ᠵᠠᠢᠯᠠᠰᠭᠢᠵᠦ᠍᠂ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ᠎ᠶ᠋ᠢᠨ ᠬᠡᠪᠡᠷᠡᠭ ᠬᠤᠭᠤᠴᠠᠭ᠎ᠠ᠎ᠶ᠋ᠢ ᠥᠩᠭᠡᠷᠡᠭᠦᠯᠬᠦ᠌᠎ᠶ᠋ᠢ ᠪᠦᠲᠦᠮᠵᠢᠲᠡᠶ ᠬᠠᠮᠠᠭᠠᠯᠠᠵᠤ᠂ ᠨᠤᠲᠤᠭ ᠪᠡᠯᠴᠢᠭᠡᠷ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠳᠤ ᠪᠠᠭ᠎ᠠ ᠬᠦᠴᠦ᠍ ᠣᠷᠣᠭᠤᠯᠵᠤ ᠶᠡᠭᠡ ᠠᠮᠵᠢᠯᠲᠠ ᠦᠷ᠎ᠡ ᠪᠦᠲᠦᠮᠵᠢ ᠤᠯᠬᠤ ᠪᠣᠯᠤᠨ᠎ᠠ᠃ ᠡᠭᠦᠨ᠎ᠤ ᠬᠠᠮᠲᠤ᠌᠂ ᠬᠠᠪᠤᠷ᠎ᠤᠨ ᠤᠯᠠᠷᠢᠯ᠎ᠤᠨ ᠮᠠᠯ ᠤᠨᠤᠭ᠎ᠠ᠎ᠶ᠋ᠢᠨ ᠲᠠᠷᠭᠤ ᠠᠯᠳᠠᠬᠤ᠎ᠶ᠋ᠢ ᠰᠡᠷᠭᠡᠢᠯᠡᠵᠦ᠍᠂ ᠲᠠᠷᠭᠤ ᠪᠠᠭᠤᠷᠠᠬᠤ ᠨᠤᠷᠮ᠎ᠠ᠎ᠶ᠋ᠢ ᠪᠠᠭᠠᠰᠭᠠᠵᠤ᠂ ᠤᠯᠠᠮᠵᠢᠯᠠᠯᠲᠤ ᠮᠠᠯ ᠠᠵᠤ ᠠᠬᠤᠶ᠎ᠶ᠋ᠢᠨ ᠦᠢᠯᠡᠳᠪᠦᠷᠢᠯᠡᠯ᠎ᠤᠨ ᠠᠷᠭ᠎ᠠ ᠮᠠᠶᠢᠭ᠎ᠢ ᠤᠳᠤ ᠦᠶ᠎ᠡ᠎ᠶ᠋ᠢᠨ ᠮᠠᠯ ᠠᠵᠤ ᠠᠬᠤᠶ᠎ᠶ᠋ᠢᠨ ᠡᠵᠡᠩᠨᠡᠯᠲᠡ ᠬᠠᠮᠢᠶᠠᠷᠤᠯᠲᠠ ᠲᠡᠢᠰᠢ ᠬᠤᠪᠢᠷᠠᠭᠤᠯᠬᠤ᠎ᠶ᠋ᠢ ᠠᠬᠢᠭᠤᠯᠬᠤ᠎ᠳᠤ ᠠᠱᠢᠭ᠍ᠲᠠᠶ ᠶᠤᠮ᠃
ᠱᠢᠯᠢ᠎ᠶ᠋ᠢᠨ ᠭᠤᠤᠯ ᠠᠢᠮᠠᠭ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ 2018 ᠣᠨ᠎ᠠᠴᠠ ᠡᠬᠢᠯᠡᠨ᠂ 2.24 ᠳ᠋ᠦᠩᠱᠢᠭᠤᠷ ᠮᠥ᠍ ᠬᠠᠳᠤᠯᠠᠩ ᠪᠡᠯᠴᠢᠭᠡᠷ᠎ᠢ ᠰᠡᠷᠬᠦᠭᠡᠵᠤ᠂ ᠪᠠᠢᠭᠠᠯᠢᠯᠢᠭ ᠬᠠᠳᠤᠯᠠᠩ ᠪᠡᠯᠴᠢᠭᠡᠷ᠎ᠤᠨ ᠡᠪᠡᠰᠦ ᠪᠡᠯᠴᠢᠭᠡᠷ᠎ᠤᠨ ᠳᠤᠮᠳᠠᠴᠢ ᠪᠦᠷᠬᠦᠴᠡ ᠪᠠ ᠥᠨᠳᠥᠷ᠎ᠤᠨ ᠬᠡᠮᠵᠢᠶ᠎ᠡ ᠵᠢᠴᠢ ᠮᠥ᠍ ᠪᠦᠷᠢ᠎ᠶ᠋ᠢᠨ ᠳᠤᠮᠳᠠᠴᠢ ᠤᠨᠠᠯᠲᠠ᠎ᠶ᠋ᠢ ᠢᠯᠡᠳᠲᠡ ᠳᠡᠭᠡᠭ᠌ᠰᠢᠯᠡᠭᠦᠯᠪᠡ᠃ ᠡᠭᠦᠨ᠎ᠤ ᠬᠠᠮᠲᠤ᠌᠂ ᠨᠤᠲᠤᠭ ᠪᠡᠯᠴᠢᠭᠡᠷ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ ᠪᠠ ᠱᠠᠩᠨᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠠᠵᠤ ᠠᠬᠤᠶ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠬᠤᠤᠰ ᠠᠮᠵᠢᠯᠲᠠ᠎ᠶ᠋ᠢ ᠪᠡᠶᠡᠯᠡᠭᠦᠯᠵᠦ᠍᠂ ᠲᠤᠬᠠᠶ᠎ᠶ᠋ᠢᠨ ᠭᠠᠵᠠᠷ᠎ᠤᠨ ᠮᠠᠯᠴᠢᠳ᠎ᠤᠨ ᠮᠠᠭ᠍ᠲᠠᠭᠠᠯ ᠰᠠᠢᠱᠢᠶᠠᠯ᠎ᠢ ᠣᠯᠵᠠᠶ᠃