ᠭᠤᠣᠯ ᠮᠥᠷᠡᠨ ᠨᠠᠭᠤᠷ ᠴᠥᠭᠦᠷᠥᠮ᠎ᠤᠨ ᠬᠥᠬᠡᠮᠳᠥᠭ ᠲᠤᠩᠭᠠᠯᠠᠭ᠎ᠢ ᠪᠠᠳᠤᠯᠠᠨ᠎ᠠ
2021-08-17 09:36:38
ᠵᠣᠬᠢᠶᠠᠭ᠍ᠴᠢ᠄
ᠬᠤᠷᠴᠠ ᠭᠤᠤ ᠮᠢᠨ ᠨᠠ
ᠣᠩᠱᠢᠭ᠍ᠰᠠᠨ ᠣᠳᠠᠭ᠎ᠠ᠄
★★★☆☆

《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠳᠥᠷᠪᠡᠳᠦᠭᠡᠷ ᠪᠦᠬᠦᠳᠡ ᠬᠤᠷᠠᠯ᠎ᠠᠴᠠ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠠᠮᠢ ᠠᠬᠤᠢ ᠣᠷᠴᠢᠨ ᠲᠣᠭᠤᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢ ᠪᠡᠶᠡᠯᠡᠭᠦᠯᠬᠦ᠌᠎ᠶ᠋ᠢ ᠠᠬᠢᠭᠤᠯᠵᠤ᠂ ᠪᠢᠳᠡᠨ᠎ᠤ ᠬᠤᠢᠱᠢᠳᠠ᠎ᠶ᠋ᠢᠨ ᠠᠵᠢᠯ᠎ᠤᠨ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ᠂ ᠴᠢᠬᠤᠯᠠ ᠵᠢᠷᠤᠮᠯᠠᠯ᠎ᠢ ᠬᠠᠩᠭᠠᠪᠠ》 ᠭᠡᠵᠦ᠍ ᠬᠢᠩᠭᠠᠨ ᠠᠢᠮᠠᠭ᠎ᠤᠨ ᠤᠰᠤᠨ ᠠᠱᠢᠬ᠍ᠯᠠᠯᠲᠠ᠎ᠶ᠋ᠢᠨ ᠲᠣᠪᠴᠢᠶ᠎ᠠ᠎ᠶ᠋ᠢᠨ ᠳᠠᠷᠤᠭ᠎ᠠ ᠭᠦᠸᠧ ᠯᠢᠩ ᠶᠦᠨ ᠬᠡᠯᠡᠨ᠎ᠠ᠃ 

ᠲᠠᠷᠠᠭᠠᠴᠢ᠎ᠶ᠋ᠢᠨ ᠠᠯᠬᠤᠮ᠎ᠤᠨ ᠲᠥᠯᠥᠪᠯᠡᠭᠡ᠎ᠶ᠋ᠢᠨ ᠲᠤᠬᠠᠶ ᠭᠦᠸᠧ ᠯᠢᠩ ᠶᠦᠨ᠄ 《ᠭᠤᠤᠯ ᠮᠥᠷᠡᠨ ᠨᠠᠭᠤᠷ ᠴᠥᠭᠦᠷᠥᠮ᠎ᠤᠨ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠲᠠᠷᠢᠶᠠᠯᠠᠬᠤ᠎ᠶ᠋ᠢ ᠵᠣᠭ᠍ᠰᠣᠭᠠᠵᠤ ᠤᠢ᠍ᠢᠵᠢᠭᠤᠯᠬᠤ᠂ ᠬᠥᠷᠥᠰᠥ᠍ ᠱᠢᠷᠣᠶ᠎ᠶ᠋ᠢᠨ ᠢᠳᠡᠭ᠌ᠳᠡᠯ᠎ᠢ ᠶᠡᠷᠦᠩᠬᠡᠢᠯᠡᠨ ᠵᠠᠰᠠᠬᠤ᠂ ᠡᠯᠡᠰᠦᠷᠬᠡᠭ᠌ᠵᠢᠯ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠵᠡᠷᠭᠡ ᠢᠨᠵᠧᠨᠧᠷᠢᠩ᠎ᠢ ᠦᠷᠭᠦᠯᠵᠢᠯᠡᠨ ᠠᠬᠢᠭᠤᠯᠵᠤ᠂ ᠤᠰᠤᠨ᠎ᠤ ᠡᠬᠢ ᠰᠤᠷᠪᠤᠯᠵᠢ᠎ᠶ᠋ᠢ ᠬᠠᠳᠠᠭᠠᠯᠠᠬᠤ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠵᠦ᠍᠂ ᠬᠢᠩᠭᠠᠨ ᠠᠢᠮᠠᠭ᠎ᠤᠨ ᠭᠤᠤᠯ ᠮᠥᠷᠡᠨ ᠨᠠᠭᠤᠷ ᠴᠥᠭᠦᠷᠥᠮ᠎ᠢ ᠨᠠᠩ ᠲᠡᠭᠦᠯᠳᠡᠷ᠂ ᠨᠠᠩ ᠲᠤᠩᠭᠠᠯᠠᠭ᠂ ᠨᠠᠩ ᠦᠵᠡᠰᠭᠦᠯᠡᠩᠲᠦ ᠰᠠᠢᠬᠠᠨ ᠪᠣᠯᠭᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠬᠢᠩᠭᠠᠨ ᠠᠢᠮᠠᠭ᠎ᠤᠨ ᠬᠤᠪᠢ ᠨᠡᠮᠡᠷᠢ᠎ᠪᠠᠨ ᠦᠵᠡᠭᠦᠯᠦᠨ᠎ᠡ》 ᠬᠡᠪᠡ᠃ 

ᠭᠦᠸᠧ ᠯᠢᠩ ᠶᠦᠨ᠂ ᠬᠢᠩᠭᠠᠨ ᠠᠢᠮᠠᠭ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠣᠳᠣᠯᠭ᠎ᠠ᠎ᠶ᠋ᠢᠨ ᠲᠤᠬ᠍ᠳᠠᠴᠠ᠎ᠪᠠᠨ ᠢᠮᠠᠭ᠍ᠲᠠ ᠪᠠᠲᠤᠯᠠᠵᠤ᠂ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠶ᠋ᠢᠨ ᠲᠦᠷᠢᠮ᠎ᠢ ᠭᠤᠤᠯ ᠮᠥᠷᠡᠨ ᠨᠠᠭᠤᠷ ᠴᠥᠭᠦᠷᠥᠮ᠎ᠤᠨ ᠡᠷᠡᠭᠦᠯ ᠮᠡᠨᠳᠦ᠎ᠶ᠋ᠢ ᠬᠠᠮᠠᠭᠠᠯᠠᠬᠤ ᠴᠢᠬᠤᠯᠠ ᠭᠠᠷᠳᠠᠴᠠ ᠪᠣᠯᠭᠠᠵᠤ᠂ ᠤᠰᠤᠨ᠎ᠤ ᠡᠬᠢ ᠪᠠᠶᠠᠯᠢᠭ᠎ᠤᠨ ᠬᠠᠮᠠᠭᠠᠯᠠᠯᠲᠠ᠂ ᠤᠰᠤᠨ᠎ᠤ ᠣᠷᠣᠨ᠎ᠤ ᠡᠷᠭᠢ ᠱᠤᠭᠤᠮ᠎ᠤᠨ ᠬᠠᠮᠢᠶᠠᠷᠤᠯᠲᠠ᠂ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ᠂ ᠤᠰᠤᠨ᠎ᠤ ᠣᠷᠴᠢᠨ ᠲᠣᠭᠤᠷᠢᠨ᠎ᠢ ᠵᠠᠰᠠᠬᠤ᠂ ᠤᠰᠤᠨ᠎ᠤ ᠠᠮᠢ ᠠᠬᠤᠶ᠎ᠶ᠋ᠢ ᠵᠠᠰᠠᠨ ᠰᠡᠷᠭᠦᠭᠡᠬᠦ᠌ ᠵᠡᠷᠭᠡ ᠭᠤᠤᠯᠳᠠᠯᠭ᠎ᠠ᠎ᠲᠠᠢ ᠠᠵᠢᠯ᠎ᠢ ᠴᠢᠩᠭ᠎ᠠ ᠨᠠᠢᠳᠠᠪᠤᠷᠢᠵᠢᠭᠤᠯᠵᠤ᠂ ᠬᠥᠷᠥᠰᠥ᠍ ᠱᠢᠷᠣᠶ᠎ᠶ᠋ᠢᠨ ᠢᠳᠡᠭ᠌ᠳᠡᠯ᠎ᠢ ᠨᠡᠢᠲᠡ 1.03 ᠲᠦᠮᠡᠨ ᠲᠡᠭ᠌ᠰᠢ ᠳᠥᠷᠪᠡᠯᠵᠢᠨ ᠺᠢᠯᠣᠮᠧᠲᠷ ᠵᠠᠰᠠᠵᠤ᠂ ᠢᠳᠡᠭ᠌ᠳᠡᠮᠡᠯ ᠭᠤᠤ᠎ᠶ᠋ᠢ 1700 ᠭᠠᠷᠤᠶ ᠵᠤᠷᠪᠤᠰ ᠵᠠᠰᠠᠵᠤ᠂ ᠳᠤᠮᠳᠠ ᠵᠡᠷᠭᠡ᠎ᠠᠴᠠ ᠳᠡᠭᠡᠭ᠌ᠰᠢᠬᠢ ᠢᠳᠡᠭ᠌ᠳᠡᠭ᠌ᠰᠡᠨ ᠲᠠᠯᠠᠪᠠᠶ᠎ᠶ᠋ᠢ ᠪᠠᠭᠠᠰᠭᠠᠭ᠍ᠰᠠᠨ ᠨᠣᠷᠮ᠎ᠠ 40% ᠎ᠳᠤ ᠬᠦᠷᠴᠦ᠍᠂ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤ ᠪᠣᠯᠤᠨ ᠵᠠᠯᠠᠢᠳ ᠬᠤᠱᠢᠭᠤ ᠭᠤᠷᠪᠠᠨ ᠭᠠᠵᠠᠷ᠎ᠤᠨ᠎ᠬᠢᠨ ᠱᠢᠶᠠᠨ᠎ᠤ ᠬᠡᠪᠴᠢᠶᠡᠨ᠎ᠤ ᠤᠰᠤ ᠠᠷᠪᠢᠯᠠᠬᠤ ᠬᠡᠯᠪᠡᠷᠢ᠎ᠶ᠋ᠢᠨ ᠨᠡᠢᠭᠡᠮ᠎ᠢ ᠠᠮᠵᠢᠯᠲᠠ᠎ᠲᠠᠢ ᠡᠭᠦᠳᠦᠨ ᠪᠠᠢᠭᠤᠯᠪᠠ ᠭᠡᠵᠤ ᠲᠠᠨᠢᠯᠴᠠᠭᠤᠯᠤᠯ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号