2021 ᠤᠨ᠎ᠤ 7 ᠰᠠᠷ᠎ᠠ᠎ᠶ᠋ᠢᠨ 30 ᠤ ᠡᠳᠤᠷ ᠬᠤᠷᠠᠯᠳᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠠᠷᠪᠠᠨ ᠳᠥᠷᠪᠡᠳᠦᠭᠡᠷ ᠪᠥᠬᠦᠳᠡ ᠬᠤᠷᠠᠯ᠎ᠠᠴᠠ᠂ ᠱᠢᠨ᠎ᠡ ᠠᠶᠠᠨ᠎ᠳᠤ᠂ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠤᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ ᠶᠣᠰᠣᠭᠠᠷ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ ᠠᠮᠢ ᠠᠬᠤᠶ ᠣᠷᠴᠢᠨ ᠲᠣᠭᠤᠷᠢᠨ᠎ᠤ ᠥᠨᠳᠥᠷ ᠲᠦᠪᠱᠢᠨ ᠪᠥᠬᠦᠶ ᠬᠠᠮᠠᠭᠠᠯᠠᠯᠲᠠ᠎ᠶ᠋ᠢ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠯᠤᠰ ᠠᠷᠠᠳ᠎ᠤᠨ ᠠᠵᠤ ᠠᠬᠤᠢ ᠪᠤᠯᠤᠨ ᠨᠡᠢᠬᠡᠮ᠎ᠤᠨ ᠬᠦᠭ᠌ᠵᠢᠯᠳᠡ᠎ᠶ᠋ᠢᠨ ᠠᠷᠪᠠᠨ ᠲᠦᠷᠪᠡᠳᠤᠬᠡᠷ ᠲᠠᠪᠤᠨ ᠵᠢᠯ᠎ᠤᠨ ᠲᠦᠯᠦᠪᠵᠢᠬᠦᠯᠬᠡ ᠪᠡ 2035 ᠤᠨ᠎ᠤ ᠠᠯᠤᠰ᠎ᠤᠨ ᠬᠠᠷᠠᠯᠳᠡ᠎ᠶ᠋ᠢᠨ ᠬᠦᠳᠦᠯᠪᠤᠷᠢ》 (ᠲᠤᠷᠤᠭ᠍ᠰᠢ 《ᠬᠦᠳᠦᠯᠪᠤᠷᠢ》 ᠬᠡᠵᠤ ᠲᠤᠪᠴᠢᠯᠠᠨ᠎ᠠ) ᠳᠤ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢ᠎ᠳᠤ ᠨᠤᠳᠤᠭ ᠪᠡᠯᠴᠢᠬᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠠᠢ᠎ᠪᠠᠷ ᠵᠠᠰᠠᠬᠤ᠎ᠶ᠋ᠢ ᠨᠢᠭᠡᠳᠤᠯᠳᠡᠢ ᠲᠦᠯᠦᠪᠵᠢᠬᠦᠯᠵᠤ᠂ ᠶᠡᠭᠡ ᠬᠢᠩᠭᠠᠨ ᠲᠠᠪᠠᠭ᠎ᠠ᠂ ᠮᠤᠨᠢ ᠠᠭᠤᠯᠠ ᠨᠢᠷᠤᠭᠤ᠂ ᠠᠯᠠᠱᠠ ᠠᠭᠤᠯᠠ ᠨᠢᠷᠤᠭᠤ᠎ᠶ᠋ᠢᠨ ᠠᠮᠢ ᠠᠬᠤᠢ᠎ᠶ᠋ᠢᠨ ᠬᠤᠩᠬᠢᠯ ᠪᠤᠯᠤᠨ ᠨᠤᠳᠤᠭ ᠪᠡᠯᠴᠢᠬᠡᠷ᠎ᠤᠨ ᠠᠮᠢ ᠠᠬᠤᠢ᠎ᠶ᠋ᠢᠨ ᠱᠢᠰᠲ᠋ᠧᠮ᠎ᠤᠨ ᠴᠢᠳᠠᠮᠵᠢ᠎ᠶ᠋ᠢ ᠲᠡᠭᠡᠭ᠌ᠰᠢᠯᠡᠬᠦᠯᠵᠤ᠂ ᠬᠠᠳᠤᠨ ᠭᠤᠤᠯ᠂ ᠪᠠᠷᠠᠭᠤᠨ ᠯᠢᠶᠣᠤ ᠾᠧ ᠭᠤᠤᠯ᠂ ᠨᠤᠨ ᠮᠦᠷᠡᠨ᠂ ᠬᠦᠯᠦᠨ ᠨᠠᠭᠤᠷ ᠲᠠᠭ᠎ᠠ᠎ᠶ᠋ᠢᠨ ᠨᠠᠭᠤᠷ ᠤᠯᠠᠭᠠᠨᠰᠤᠬᠠᠢ ᠵᠢᠴᠢ ᠴᠠᠭᠠᠨᠨᠠᠭᠤᠷ ᠵᠡᠷᠭᠡ ᠰᠠᠪᠠ ᠭᠠᠵᠠᠷ᠎ᠤᠨ ᠤᠰᠤᠨ᠎ᠤ ᠠᠮᠢ ᠠᠬᠤᠢ ᠤᠷᠴᠢᠨ ᠲᠤᠭᠤᠷᠢᠨ᠎ᠢ ᠬᠠᠮᠠᠭᠠᠯᠠᠵᠤ ᠵᠠᠰᠠᠬᠤ᠎ᠶ᠋ᠢ ᠴᠢᠩᠭᠠᠳᠭᠠᠵᠤ᠂ 《ᠲᠠᠪᠤᠨ ᠶᠡᠭᠡ ᠡᠯᠡᠰᠦᠨ ᠴᠦᠯ》 《ᠲᠠᠪᠤᠨ ᠶᠡᠭᠡ ᠡᠯᠡᠰᠦᠷᠭᠡᠭ ᠭᠠᠵᠠᠷ》 ᠤᠨ ᠡᠯᠡᠰᠦᠷᠭᠡᠭ᠌ᠵᠢᠯ᠎ᠢ ᠰᠡᠷᠬᠡᠢᠯᠡᠨ ᠡᠯᠡᠰᠦ᠎ᠶ᠋ᠢ ᠵᠠᠰᠠᠬᠤ ᠱᠢᠰᠲ᠋ᠧᠮ᠎ᠢ ᠲᠡᠬᠦᠯᠳᠡᠷᠵᠢᠬᠦᠯᠤᠨ᠂ ᠨᠤᠳᠤᠭ ᠪᠡᠯᠴᠢᠬᠡᠷ᠂ ᠤᠢ ᠱᠢᠭᠤᠶ᠂ ᠭᠤᠣᠯ ᠮᠥᠷᠡᠨ᠂ ᠨᠠᠭᠤᠷ ᠪᠦᠷᠢ᠎ᠳᠤ᠂ ᠨᠤᠭᠤ ᠭᠠᠵᠠᠷ᠂ ᠡᠯᠡᠰᠦ ᠮᠠᠩᠬ᠎ᠠ᠂ ᠡᠯᠡᠰᠦᠷᠬᠡᠭ ᠭᠠᠵᠠᠷ᠎ᠢ ᠨᠢᠭᠡ ᠴᠣᠭ᠍ᠴᠠᠵᠢᠭᠤᠯᠤᠭ᠍ᠰᠠᠨ ᠪᠦᠬᠦ᠌ ᠣᠷᠣᠨ ᠪᠦᠰᠡ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠤ ᠪᠠᠢᠷᠢᠱᠢᠯ᠎ᠢ ᠪᠠᠢᠭᠤᠯᠤᠨ᠎ᠠ ᠬᠡᠵᠤ ᠲᠤᠳᠤᠷᠬᠠᠢ ᠵᠢᠭᠠᠵᠤ ᠭᠠᠷᠭᠠᠪᠠ᠃ ᠡᠨᠡ᠎ᠨᠢ ᠮᠥᠨ ᠴᠦ᠍ ᠥᠪᠥᠷ ᠮᠣᠩᠭᠤᠯ᠎ᠤᠨ ᠠᠮᠢ ᠠᠬᠤᠶ ᠣᠷᠴᠢᠨ ᠲᠣᠭᠤᠷᠢᠨ᠎ᠢ ᠥᠨᠳᠥᠷ ᠲᠦᠪᠱᠢᠨ᠎ᠢᠶᠠᠷ ᠬᠠᠮᠠᠭᠠᠯᠠᠬᠤ᠎ᠶ᠋ᠢ ᠠᠬᠢᠭᠤᠯᠬᠤ ᠬᠠᠷᠠᠯᠲᠠ᠎ᠶ᠋ᠢᠨ ᠱᠠᠭᠠᠷᠳᠠᠯᠭ᠎ᠠ ᠪᠣᠯᠤᠨ᠎ᠠ᠃
ᠠᠮᠢ ᠠᠬᠤᠢ᠎ᠶ᠋ᠢᠨ ᠱᠢᠰᠲ᠋ᠧᠮ᠎ᠤᠨ ᠲᠣᠭ᠍ᠲᠠᠪᠤᠷᠢᠲᠤ ᠴᠢᠨᠠᠷ ᠪᠠ ᠦᠷᠭᠦᠯᠵᠢᠯᠡᠬᠦ᠌ ᠴᠢᠨᠠᠷ᠎ᠢ ᠳᠡᠭᠡᠭ᠌ᠰᠢᠯᠡᠭᠦᠯᠵᠦ᠍᠂ ᠠᠮᠢ ᠠᠬᠤᠢ ᠣᠷᠴᠢᠨ ᠲᠤᠭᠤᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠳᠤ ᠰᠠᠭᠤᠷᠢ ᠲᠠᠯᠪᠢᠨ᠎ᠠ
ᠠᠮᠢ ᠠᠬᠤᠶ ᠣᠷᠴᠢᠨ ᠲᠣᠭᠤᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ ᠪᠣᠯ ᠠᠮᠢ ᠠᠬᠤᠶ᠎ᠶ᠋ᠢ ᠤᠷᠢᠳ᠎ᠢᠶᠠᠷ ᠪᠤᠳᠤᠯᠬᠢᠯᠠᠬᠤ᠂ ᠪᠣᠬᠢᠷᠲᠤᠯ ᠥᠬᠡᠶ ᠬᠥᠭ᠌ᠵᠢᠬᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠬᠤ᠎ᠶ᠋ᠢᠨ ᠳᠣᠲᠣᠭᠠᠳᠤ ᠱᠠᠭᠠᠷᠳᠠᠯᠭ᠎ᠠ ᠮᠥᠨ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠠᠯᠤᠰ ᠬᠡᠲᠦ᠎ᠶ᠋ᠢᠨ ᠪᠣᠳᠣᠯᠭ᠎ᠠ ᠮᠦᠨ᠂ ᠠᠷᠠᠳ ᠣᠯᠠᠨ᠎ᠤ ᠲᠤᠰᠭᠠᠯ ᠴᠢᠩᠭ᠎ᠠ ᠪᠠᠢᠭ᠎ᠠ ᠣᠷᠴᠢᠨ ᠲᠣᠭᠤᠷᠢᠨ᠎ᠤ ᠲᠣᠪᠤᠢᠮ᠎ᠠ ᠠᠰᠠᠭᠤᠳᠠᠯ᠎ᠢ ᠱᠢᠢᠳᠪᠤᠷᠢᠯᠡᠬᠦ᠌ ᠪᠣᠳᠠᠲᠠᠶ ᠰᠣᠩᠭᠤᠯᠲᠠ ᠮᠦᠨ᠂ ᠪᠠᠰᠠ ᠴᠤ᠌ ᠣᠷᠴᠢᠨ ᠲᠣᠭᠤᠷᠢᠨ ᠠᠷᠠᠳ᠎ᠤᠨ ᠠᠮᠢᠳᠤᠷᠠᠯ᠎ᠢ ᠦᠨᠡᠨ ᠬᠦ᠌ ᠰᠠᠢᠵᠢᠷᠠᠭᠤᠯᠬᠤ ᠲᠤᠯᠭᠠᠮ ᠱᠠᠭᠠᠷᠳᠠᠯᠭ᠎ᠠ ᠪᠤᠯᠬᠤ ᠶᠤᠮ᠃ ᠠᠮᠢ ᠠᠬᠤᠢ᠎ᠶ᠋ᠢᠨ ᠱᠢᠰᠲ᠋ᠧᠮ᠎ᠤᠨ ᠲᠣᠭ᠍ᠲᠠᠪᠤᠷᠢᠲᠤ ᠴᠢᠨᠠᠷ ᠪᠣᠯᠤᠨ ᠦᠷᠭᠦᠯᠵᠢᠯᠡᠬᠦ᠌ ᠴᠢᠨᠠᠷ᠎ᠢ ᠳᠡᠭᠡᠭ᠌ᠰᠢᠯᠡᠭᠦᠯᠬᠦ᠌ ᠪᠣᠯ ᠠᠮᠢ ᠠᠬᠤᠢ ᠣᠷᠴᠢᠨ ᠲᠣᠭᠤᠷᠢᠨ᠎ᠢ ᠥᠨᠳᠥᠷ ᠲᠦᠪᠱᠢᠨ᠎ᠢᠶᠠᠷ ᠬᠠᠮᠠᠭᠠᠯᠠᠬᠤ᠎ᠶ᠋ᠢᠨ ᠪᠠᠴᠢᠮ ᠡᠭᠦᠷᠭᠡ ᠪᠣᠯᠤᠨ᠎ᠠ᠃
《ᠬᠥᠲᠥᠯᠪᠦᠷᠢ》 ᠳᠤ᠂ ᠨᠤᠲᠤᠭ ᠪᠡᠯᠴᠢᠭᠡᠷ᠂ ᠤᠢ ᠱᠢᠭᠤᠢ᠎ᠶ᠋ᠢ ᠬᠠᠮᠠᠭᠠᠯᠠᠬᠤ᠎ᠶ᠋ᠢ ᠲᠡᠷᠢᠭᠦᠨ ᠴᠢᠬᠤᠯᠠ ᠡᠭᠦᠷᠭᠡ ᠪᠣᠯᠭᠠᠬᠤ ᠬᠡᠷᠡᠭ᠌ᠲᠡᠢ ᠬᠡᠵᠤ ᠴᠢᠬᠤᠯᠠᠴᠢᠯᠠᠪᠠ᠃ ᠡᠨᠡ᠎ᠨᠢ ᠮᠦᠨ ᠴᠤ᠌ ᠠᠮᠢ ᠠᠬᠤᠢ᠎ᠶ᠋ᠢᠨ ᠱᠢᠰᠲ᠋ᠧᠮ᠎ᠤᠨ ᠲᠣᠭ᠍ᠲᠠᠪᠤᠷᠢᠲᠤ ᠴᠢᠨᠠᠷ᠂ ᠦᠷᠭᠦᠯᠵᠢᠯᠡᠬᠦ᠌ ᠴᠢᠨᠠᠷ᠎ᠢ ᠳᠡᠭᠡᠭ᠌ᠰᠢᠯᠡᠭᠦᠯᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠡᠢᠮᠦ᠎ᠠᠴᠠ ᠡᠷᠬᠡᠪᠰᠢ ᠱᠢᠰᠲ᠋ᠧᠮᠲᠦ ᠰᠡᠳᠭᠢᠬᠦᠶ᠎ᠪᠠᠨ ᠴᠢᠩᠭᠠᠳᠭᠠᠵᠤ᠂ ᠨᠢᠭᠡᠳᠦᠯᠲᠡᠶ ᠲᠥᠯᠥᠪᠵᠢᠭᠦᠯᠦᠨ ᠵᠠᠰᠠᠵᠤ᠂ ᠪᠦᠬᠦᠯᠢ ᠴᠣᠭ᠍ᠴᠠ᠎ᠪᠠᠷ᠎ᠨᠢ ᠠᠷᠭ᠎ᠠ ᠪᠣᠳᠣᠯᠭ᠎ᠠ ᠬᠡᠷᠡᠭ᠌ᠵᠢᠭᠦᠯᠬᠦ᠌ ᠬᠡᠷᠡᠭ᠌ᠲᠡᠶ᠃
ᠨᠢᠭᠡ᠎ᠳᠤ᠂ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌ ᠭᠤᠣᠯᠳᠠᠯᠭ᠎ᠠ᠎ᠲᠠᠢ ᠢᠨᠵᠧᠨᠧᠷᠢᠩ᠎ᠢᠶᠠᠷ ᠭᠠᠷᠳᠠᠴᠠ ᠪᠣᠯᠭᠠᠵᠤ᠂ ᠤᠢ ᠱᠢᠭᠤᠢ ᠪᠠ ᠨᠤᠲᠤᠭ ᠪᠡᠯᠴᠢᠭᠡᠷ᠎ᠤᠨ ᠠᠮᠢ ᠠᠬᠤᠢ᠎ᠶ᠋ᠢᠨ ᠱᠢᠰᠲ᠋ᠧᠮ᠎ᠤᠨ ᠲᠣᠭ᠍ᠲᠠᠪᠤᠷᠢᠲᠤ ᠴᠢᠨᠠᠷ ᠪᠠ ᠦᠷᠭᠦᠯᠵᠢᠯᠡᠬᠦ᠌ ᠴᠢᠨᠠᠷ᠎ᠢ ᠳᠡᠭᠡᠭ᠌ᠰᠢᠯᠡᠭᠦᠯᠤᠨ᠎ᠠ᠃ ᠶᠡᠭᠡ ᠬᠡᠪᠴᠢᠶᠡᠨ᠎ᠤ ᠤᠯᠤᠰ᠎ᠤᠨ ᠨᠤᠳᠤᠭ ᠲᠡᠪᠢᠰᠭᠡᠷ᠎ᠤᠨ ᠨᠤᠭᠤᠭᠠᠷᠠᠭᠤᠯᠤᠯᠳᠡ᠎ᠶ᠋ᠢᠨ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠤᠮᠠᠷᠠᠲᠤ᠎ᠶ᠋ᠢᠨ ᠭᠤᠷᠪᠡᠨ ᠤᠷᠤᠨ᠎ᠤ ᠬᠠᠯᠬᠠᠪᠴᠢ ᠣᠶ᠎ᠶ᠋ᠢᠨ ᠪᠦᠲᠦᠭᠡᠨ ᠪᠠᠢᠭᠤᠯᠤᠯᠲᠠ᠂ ᠨᠡᠢᠲᠡ᠎ᠶ᠋ᠢᠨ ᠠᠰᠠᠷᠠᠮᠵᠢ᠎ᠶ᠋ᠢᠨ ᠣᠶ᠎ᠶ᠋ᠢᠨ ᠬᠠᠮᠠᠭᠠᠯᠠᠯᠲᠠ ᠵᠡᠷᠭᠡ ᠣᠶ ᠱᠢᠭᠤᠶ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠵᠦ᠍᠂ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ ᠲᠣᠭ᠍ᠲᠠᠭᠤᠨ᠎ᠢᠶᠠᠷ ᠲᠡᠭᠡᠭ᠌ᠰᠢᠯᠡᠬᠦᠯᠤᠨ᠎ᠠ᠃ ᠪᠠᠢᠭᠠᠯᠢ᠎ᠶ᠋ᠢᠨ ᠨᠤᠲᠤᠭ ᠪᠡᠯᠴᠢᠭᠡᠷ᠎ᠲᠤ ᠪᠡᠯᠴᠢᠬᠡᠷᠯᠡᠬᠦᠯᠬᠦ᠌ᠶ᠋ᠢ ᠵᠣᠭ᠍ᠰᠣᠭᠠᠵᠤ ᠪᠡᠯᠴᠢᠭᠡᠷ᠎ᠢ ᠰᠡᠷᠭᠦᠭᠡᠬᠦ᠌ ᠬᠤᠶᠠᠳᠤᠭᠠᠷ ᠬᠤᠭᠤᠴᠠᠭᠠᠨ᠎ᠤ ᠢᠨᠵᠧᠨᠧᠷᠢᠩ᠂ ᠲᠠᠴᠢᠷᠳᠠᠭ᠍ᠰᠠᠨ ᠡᠯᠡᠰᠦᠷᠬᠡᠭ᠌ᠵᠢᠭ᠌ᠰᠡᠨ ᠨᠤᠲᠤᠭ ᠪᠡᠯᠴᠢᠭᠡᠷ᠎ᠢ ᠰᠡᠷᠬᠦᠭᠡᠨ ᠵᠠᠰᠠᠬᠤ ᠢᠨᠵᠧᠨᠧᠷᠢᠩ ᠵᠡᠷᠭᠡ ᠪᠦᠳᠦᠭᠡᠨ ᠪᠠᠢᠭᠤᠯᠤᠯᠲᠠ᠎ᠶ᠋ᠢᠨ ᠲᠦᠷᠦᠯ ᠵᠦᠢᠯ᠎ᠢ ᠦᠷᠭᠦᠯᠵᠢᠯᠡᠨ ᠬᠡᠷᠡᠭ᠌ᠵᠢᠭᠦᠯᠵᠦ᠍᠂ ᠨᠤᠲᠤᠭ ᠪᠡᠯᠴᠢᠭᠡᠷ᠎ᠤᠨ ᠠᠮᠢ ᠠᠬᠤᠢ᠎ᠶ᠋ᠢᠨ ᠴᠢᠳᠠᠮᠵᠢ᠎ᠶ᠋ᠢ ᠦᠷᠭᠦᠯᠵᠢᠯᠡᠨ ᠲᠡᠭᠡᠭ᠌ᠰᠢᠯᠡᠬᠦᠯᠤᠨ᠎ᠠ᠃
ᠬᠤᠶᠠᠷ᠎ᠲᠤ᠌᠂ ᠡᠯᠡᠰᠦ ᠮᠠᠩᠬ᠎ᠠ᠎ᠶ᠋ᠢ ᠰᠡᠷᠭᠡᠢᠯᠡᠨ ᠵᠠᠰᠠᠬᠤ ᠢᠨᠵᠧᠨᠧᠷᠢᠩ᠎ᠢᠶᠠᠷ ᠬᠦᠴᠦᠯᠡᠬᠦ᠌ ᠴᠡᠭ ᠪᠣᠯᠭᠠᠵᠤ᠂ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠵᠠᠰᠠᠯᠳᠠ᠎ᠶ᠋ᠢ ᠴᠢᠩᠭᠠᠳᠭᠠᠨ᠎ᠠ᠃ ᠪᠡᠭᠡᠵᠢᠩ ᠲᠢᠶᠠᠨᠵᠢᠨ᠎ᠤ ᠡᠷᠬᠢᠨ ᠲᠤᠭᠤᠷᠢᠨ᠎ᠤ ᠰᠠᠯᠬᠢ ᠪᠠ ᠡᠯᠡᠰᠤᠨ᠎ᠤ ᠡᠬᠢ᠎ᠶ᠋ᠢ ᠵᠠᠰᠠᠬᠤ ᠵᠡᠷᠭᠡ ᠭᠤᠣᠯᠳᠠᠯᠭ᠎ᠠ᠎ᠲᠠᠢ ᠢᠨᠵᠧᠨᠧᠷᠢᠩ᠎ᠢ ᠦᠷᠭᠦᠯᠵᠢᠯᠡᠨ ᠬᠡᠷᠡᠭ᠌ᠵᠢᠭᠦᠯᠵᠦ᠍᠂ ᠬᠤᠯᠠᠨ ᠱᠢᠷᠭ᠎ᠠ ᠲᠠᠭ᠎ᠠ᠂ ᠦᠵᠦᠮᠦᠴᠢᠨ ᠵᠡᠷᠭᠡ ᠡᠯᠡᠰᠦᠷᠬᠡᠭ ᠭᠠᠵᠠᠷ᠎ᠤᠨ ᠬᠦᠨᠳᠦ ᠨᠤᠴᠢᠳᠠᠢ ᠬᠥᠨᠥᠭᠡᠯ᠎ᠲᠠᠢ ᠣᠷᠣᠨ᠎ᠳᠤ ᠴᠢᠭ᠌ᠯᠡᠭᠦᠯᠵᠦ᠍᠂ ᠲᠥᠪᠯᠡᠷᠡᠭᠦᠯᠦᠨ ᠪᠣᠭᠤᠮᠲᠠ ᠱᠢᠪᠲᠤᠯᠵᠤ᠂ ᠶᠡᠷᠦᠩᠬᠡᠢᠯᠡᠨ ᠵᠠᠰᠠᠯᠳᠠ ᠬᠢᠨ᠎ᠠ᠃
ᠭᠤᠷᠪᠠ᠎ᠳᠤ᠂ ᠬᠥᠷᠥᠰᠥ᠍ ᠱᠢᠷᠣᠶ᠎ᠶ᠋ᠢᠨ ᠢᠳᠡᠭ᠌ᠳᠡᠯ᠎ᠢ ᠵᠠᠰᠠᠬᠤ ᠭᠤᠤᠯᠳᠠᠯᠭ᠎ᠠ᠎ᠲᠠᠢ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠤᠨ᠎ᠠ᠃ 《ᠳᠣᠯᠣᠭᠠᠨ ᠭᠤᠣᠯ ᠳᠣᠯᠣᠭᠠᠨ ᠨᠠᠭᠤᠷ》 ᠤᠨ ᠤᠰᠤᠨ᠎ᠤ ᠠᠮᠢ ᠠᠬᠤᠢ᠎ᠶ᠋ᠢ ᠶᠡᠷᠦᠩᠬᠡᠢᠯᠡᠨ ᠵᠠᠰᠠᠬᠤ᠎ᠶ᠋ᠢ ᠲᠦᠷᠭᠡᠳᠭᠡᠵᠦ᠍᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠱᠢᠰᠲ᠋ᠧᠮ᠎ᠢ ᠵᠠᠰᠠᠨ ᠰᠡᠷᠭᠦᠭᠡᠬᠦ᠌ ᠪᠠ ᠣᠷᠴᠢᠨ ᠳᠤᠭᠤᠷᠢᠨ᠎ᠢ ᠶᠡᠷᠦᠩᠬᠡᠢᠯᠡᠨ ᠵᠠᠰᠠᠬᠤ᠎ᠶ᠋ᠢ ᠴᠢᠩᠭᠠᠳᠭᠠᠵᠤ᠂ ᠬᠠᠳᠤᠨ ᠭᠤᠣᠯ ᠳᠠᠭᠠᠤ᠎ᠶ᠋ᠢᠨ ᠪᠣᠬᠢᠷᠲᠤᠯ ᠦᠭᠡᠢ ᠠᠮᠢ ᠠᠬᠤᠢ᠎ᠶ᠋ᠢᠨ ᠬᠤᠩᠭᠢᠯ᠎ᠢ ᠪᠦᠲᠦᠭᠡᠨ ᠪᠠᠢᠭᠤᠯᠤᠨ᠎ᠠ᠃ ᠠᠭᠤᠯᠠᠨ ᠬᠦᠳᠦᠯᠤᠨ ᠲᠠᠷᠢᠶᠠᠨ ᠭᠠᠵᠠᠷ᠎ᠤᠨ ᠬᠥᠷᠥᠰᠥ᠍ ᠱᠢᠷᠣᠶ᠎ᠶ᠋ᠢᠨ ᠢᠳᠡᠭ᠌ᠳᠡᠯ᠎ᠢ ᠶᠡᠷᠦᠩᠬᠡᠢᠯᠡᠨ ᠵᠠᠰᠠᠬᠤ ᠢᠨᠵᠧᠨᠧᠷᠢᠩ᠂ ᠤᠯᠤᠰ᠎ᠤᠨ ᠬᠥᠷᠥᠰᠥ᠍ ᠱᠢᠷᠣᠶ᠎ᠶ᠋ᠢᠨ ᠢᠳᠡᠭ᠌ᠳᠡᠯ᠎ᠤᠨ ᠭᠤᠤᠯᠳᠠᠯᠭ᠎ᠠ᠎ᠲᠠᠢ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ ᠵᠡᠷᠭᠡ ᠭᠤᠤᠯᠳᠠᠯᠭ᠎ᠠ᠎ᠲᠠᠢ ᠢᠨᠵᠧᠨᠧᠷᠢᠩ᠎ᠢ ᠦᠷᠭᠦᠯᠵᠢᠯᠡᠨ ᠬᠡᠷᠡᠭ᠌ᠵᠢᠭᠦᠯᠵᠦ᠍᠂ ᠵᠢᠵᠢᠭ ᠰᠠᠪᠠ ᠭᠠᠵᠠᠷ᠎ᠢ ᠶᠡᠷᠦᠩᠬᠡᠢᠯᠡᠨ ᠵᠠᠰᠠᠬᠤ ᠪᠠ ᠮᠣᠳᠣ ᠲᠠᠷᠢᠵᠤ ᠣᠢᠵᠢᠭᠤᠯᠬᠤ᠎ᠶ᠋ᠢ ᠴᠢᠩᠭᠠᠳᠭᠠᠨ᠂ ᠠᠮᠢ ᠠᠬᠤᠶ᠎ᠶ᠋ᠢᠨ ᠱᠢᠰᠲ᠋ᠧᠮ᠎ᠤᠨ ᠲᠣᠭ᠍ᠲᠠᠪᠤᠷᠢᠲᠤ ᠴᠢᠨᠠᠷ ᠪᠣᠯᠤᠨ ᠦᠷᠭᠦᠯᠵᠢᠯᠡᠬᠦ᠌ ᠴᠢᠨᠠᠷ᠎ᠢ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠤᠨ᠎ᠠ᠃
ᠠᠮᠢ ᠠᠬᠤᠢ᠎ᠶ᠋ᠢᠨ ᠱᠢᠰᠲ᠋ᠧᠮ᠎ᠤᠨ ᠲᠣᠭ᠍ᠲᠠᠪᠤᠷᠢᠲᠤ ᠴᠢᠨᠠᠷ ᠪᠠ ᠦᠷᠭᠦᠯᠵᠢᠯᠡᠬᠦ᠌ ᠴᠢᠨᠠᠷ᠎ᠢ ᠳᠡᠭᠡᠭ᠌ᠰᠢᠯᠡᠭᠦᠯᠬᠦ᠌᠎ᠳᠤ ᠡᠷᠬᠡᠪᠰᠢ ᠪᠠᠢᠭᠠᠯᠢ᠎ᠶ᠋ᠢ ᠬᠦᠨᠳᠦᠳᠭᠡᠬᠦ᠂ ᠪᠠᠢᠭᠠᠯᠢ᠎ᠲᠠᠢ ᠵᠣᠬᠢᠴᠠᠬᠤ ᠪᠠ ᠪᠠᠢᠭᠠᠯᠢ᠎ᠶ᠋ᠢ ᠬᠠᠮᠠᠭᠠᠯᠠᠬᠤ ᠠᠮᠢ ᠠᠬᠤᠢ᠎ᠶ᠋ᠢᠨ ᠪᠣᠯᠪᠠᠰᠤᠨ᠎ᠤ ᠣᠢᠯᠠᠭᠠᠭ᠍ᠳᠠᠬᠤᠨ᠎ᠢ ᠪᠠᠷᠢᠮᠲᠠᠯᠠᠵᠤ᠂ ᠪᠦᠬᠦᠯᠢ ᠴᠣᠭ᠍ᠴᠠ᠎ᠪᠠᠷ ᠠᠯᠭᠤᠷ᠎ᠢᠶᠠᠷ ᠤᠷᠤᠭ᠍ᠰᠢᠯᠠᠵᠤ᠂ ᠭᠤᠣᠯᠳᠠᠯᠭ᠎ᠠ᠎ᠲᠠᠢ ᠱᠢᠪᠲᠤᠯᠤᠯᠲᠠ ᠬᠢᠵᠦ᠍᠂ ᠨᠤᠲᠤᠭ ᠪᠡᠯᠴᠢᠭᠡᠷ᠂ ᠤᠢ ᠱᠢᠭᠤᠢ᠂ ᠭᠤᠣᠯ ᠮᠥᠷᠡᠨ᠂ ᠨᠠᠭᠤᠷ ᠴᠥᠭᠦᠷᠥᠮ᠂ ᠨᠤᠭᠤ ᠭᠠᠵᠠᠷ᠂ ᠡᠯᠡᠰᠦ ᠮᠠᠩᠬ᠎ᠠ᠂ ᠡᠯᠡᠰᠦᠷᠬᠡᠭ ᠭᠠᠵᠠᠷ᠎ᠢ ᠨᠢᠭᠡ ᠴᠤᠬ᠍ᠴᠠᠵᠢᠭᠤᠯᠤᠭ᠍ᠰᠠᠨ ᠪᠦᠬᠦ᠌ ᠣᠷᠣᠨ ᠪᠦᠰᠡ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠪᠠᠢᠷᠢᠱᠢᠯ᠎ᠢ ᠪᠠᠢᠭᠤᠯᠬᠤ ᠬᠡᠷᠡᠭ᠌ᠲᠡᠢ᠃
ᠲᠦᠷᠢᠮ᠎ᠤᠨ ᠬᠠᠱᠢᠯᠭ᠎ᠠ᠎ᠶ᠋ᠢ ᠪᠠᠲᠤ ᠴᠣᠭ᠍ᠴᠠᠯᠠᠵᠤ᠂ ᠠᠮᠢ ᠠᠬᠤᠢ ᠣᠷᠴᠢᠨ ᠲᠣᠭᠤᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠳᠠ᠎ᠳᠤ ᠪᠠᠲᠤᠯᠠᠭ᠎ᠠ ᠬᠠᠩᠭᠠᠨ᠎ᠠ
ᠥᠪᠥᠷ ᠮᠣᠩᠭᠤᠯ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠲᠦᠷᠢᠮ᠎ᠤᠨ ᠲᠠᠯ᠎ᠠ᠎ᠪᠠᠷ ᠪᠠ ᠲᠣᠭ᠍ᠲᠠᠴᠠ᠎ᠶ᠋ᠢᠨ ᠲᠠᠯ᠎ᠠ᠎ᠪᠠᠷ ᠦᠷᠭᠦᠯᠵᠢᠯᠡᠨ ᠵᠣᠷᠢᠭ᠍ᠲᠠᠶ᠎ᠪᠠᠷ ᠡᠬᠦᠳᠴᠤ᠌᠂ ᠨᠠᠩ ᠲᠡᠭᠦᠯᠳᠡᠷᠵᠢᠭ᠌ᠰᠡᠨ ᠲᠦᠷᠢᠮ᠎ᠤᠨ ᠱᠢᠰᠲ᠋ᠧᠮ᠎ᠢ ᠪᠠᠢᠭᠤᠯᠤᠨ ᠬᠡᠷᠡᠭ᠌ᠵᠢᠭᠦᠯᠵᠦ᠍᠂ ᠦᠨᠳᠦᠰᠦᠨ ᠨᠤᠲᠤᠭ ᠪᠡᠯᠴᠢᠭᠡᠷ᠎ᠤᠨ ᠬᠠᠮᠠᠭᠠᠯᠠᠯᠲᠠ᠎ᠶ᠋ᠢᠨ ᠲᠦᠷᠢᠮ᠎ᠢ ᠦᠷᠭᠦᠯᠵᠢᠯᠡᠨ ᠴᠢᠩᠭ᠎ᠠ ᠬᠡᠷᠡᠭ᠌ᠵᠢᠭᠦᠯᠵᠤ᠂ ᠨᠤᠲᠤᠭ ᠪᠡᠯᠴᠢᠭᠡᠷ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ ᠪᠠ ᠱᠠᠩᠨᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠮᠠᠯ ᠪᠡᠯᠴᠢᠭᠡᠷ᠎ᠤᠨ ᠲᠡᠩᠴᠡᠭᠦᠷᠢ᠎ᠶ᠋ᠢ ᠪᠠᠳᠤᠯᠠᠬᠤ ᠪᠠ ᠨᠤᠲᠤᠭ ᠪᠡᠯᠴᠢᠭᠡᠷ᠎ᠤᠨ ᠪᠡᠯᠴᠢᠭᠡᠷᠯᠡᠭᠦᠯᠬᠦ᠌᠎ᠶ᠋ᠢ ᠵᠤᠭ᠍ᠰᠤᠭᠠᠨ ᠪᠡᠯᠴᠢᠭᠡᠷ᠎ᠢ ᠰᠡᠷᠬᠦᠭᠡᠬᠦ᠌ ᠲᠦᠷᠢᠮ᠎ᠢ ᠲᠡᠭᠦᠯᠳᠡᠷᠵᠢᠭᠦᠯᠤᠨ᠎ᠠ; ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠶ᠋ᠢᠨ ᠳᠦᠷᠢᠮ᠎ᠢ ᠴᠢᠩᠭᠠᠳᠭᠠᠵᠤ᠂ ᠤᠢ ᠱᠢᠭᠤᠢ᠎ᠶ᠋ᠢᠨ ᠳᠠᠷᠤᠭ᠎ᠠ᠎ᠶ᠋ᠢᠨ ᠳᠦᠷᠢᠮ᠎ᠢ ᠬᠡᠷᠡᠭ᠌ᠵᠢᠭᠦᠯᠵᠦ᠍᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠬᠢᠨᠠᠯᠲᠠ ᠬᠠᠮᠢᠶᠠᠷᠤᠯᠲᠠ᠎ᠶ᠋ᠢᠨ ᠳᠦᠷᠢᠮ᠎ᠢ ᠲᠡᠭᠦᠯᠳᠡᠷᠵᠢᠭᠦᠯᠤᠨ᠎ᠠ; ᠠᠮᠢ ᠠᠬᠤᠢ᠎ᠶ᠋ᠢᠨ ᠦᠢᠯᠡᠳᠬᠦᠨ᠎ᠤ ᠦᠷᠳᠡᠭ᠎ᠢ ᠪᠡᠶᠡᠯᠡᠭᠦᠯᠬᠦ᠌ ᠲᠣᠭ᠍ᠲᠠᠴᠠ᠎ᠶ᠋ᠢ ᠪᠠᠢᠭᠤᠯᠵᠤ᠂ ᠵᠠᠬ᠎ᠠ ᠳᠡᠯᠭᠡᠭᠦᠷᠴᠢᠯᠡᠭ᠌ᠰᠡᠨ᠂ ᠤᠯᠠᠨ ᠡᠱᠢᠴᠢᠯᠡᠭ᠌ᠰᠡᠨ ᠠᠮᠢ ᠠᠬᠤᠢ᠎ᠶ᠋ᠢᠨ ᠨᠥᠬᠦᠪᠥᠷᠢ᠎ᠶ᠋ᠢ ᠲᠡᠭᠦᠯᠳᠡᠷᠵᠢᠭᠦᠯᠤᠨ᠎ᠠ; ᠨᠤᠲᠤᠭ ᠪᠡᠯᠴᠢᠭᠡᠷ᠎ᠲᠤ ᠳᠤᠷ᠎ᠠ᠎ᠪᠠᠷ᠎ᠢᠶᠠᠨ ᠲᠡᠭᠦᠵᠦ᠍ ᠮᠠᠯᠲᠠᠬᠤ᠎ᠶ᠋ᠢ ᠴᠠᠭᠠᠵᠠᠯᠠᠬᠤ ᠳᠦᠷᠢᠮ᠎ᠢ ᠴᠢᠩᠭ᠎ᠠ ᠬᠡᠷᠡᠭ᠌ᠵᠢᠭᠦᠯᠤᠨ᠎ᠠ; ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠠᠮᠵᠢᠯᠲᠠ ᠪᠦᠲᠦᠮᠵᠢ᠎ᠶ᠋ᠢ ᠦᠨᠡᠯᠡᠨ ᠱᠢᠯᠭᠠᠬᠤ ᠲᠦᠷᠢᠮ᠎ᠢ ᠬᠡᠷᠡᠭ᠌ᠵᠢᠭᠦᠯᠤᠨ᠎ᠠ; ᠠᠮᠢ ᠠᠬᠤᠢ᠎ᠶ᠋ᠢᠨ ᠣᠷᠴᠢᠨ ᠳᠤᠭᠤᠷᠢᠨ᠎ᠤ ᠬᠤᠬᠢᠷᠠᠯ᠎ᠢ ᠬᠢᠨᠠᠨ ᠲᠣᠭ᠍ᠲᠠᠭᠠᠵᠤ ᠦᠨᠡᠯᠡᠨ ᠵᠢᠱ᠌ᠢᠬᠦ᠌ ᠪᠠ ᠲᠥᠯᠥᠪᠦᠷᠢ ᠥᠭ᠌ᠬᠦ ᠲᠦᠷᠢᠮ᠎ᠢ ᠪᠠᠢᠭᠤᠯᠤᠨ ᠲᠡᠭᠦᠯᠳᠡᠷᠵᠢᠭᠦᠯᠤᠨ᠎ᠠ; ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋ ᠬᠥᠷᠥᠩᠭᠡ᠎ᠶ᠋ᠢᠨ ᠥᠷᠢᠲᠦᠯ᠎ᠤᠨ ᠬᠦᠰᠦᠨᠦᠭ᠌ᠲᠦ᠎ᠶ᠋ᠢ ᠨᠠᠢᠷᠠᠭᠤᠯᠤᠨ ᠵᠣᠬᠢᠶᠠᠵᠤ᠂ ᠬᠠᠷᠢᠭᠤᠴᠠᠯᠭ᠎ᠠ ᠨᠡᠬᠡᠮᠵᠢᠯᠡᠬᠦ᠌ ᠳᠦᠷᠢᠮ᠎ᠢ ᠪᠠᠢᠭᠤᠯᠤᠨ ᠪᠦᠷᠢᠨᠱᠢᠭᠦᠯᠤᠨᠠ; ᠪᠣᠬᠢᠷᠲᠤᠯ ᠭᠠᠳᠠᠭ᠍ᠰᠢᠯᠠᠭᠤᠯᠬᠤ ᠵᠥᠪᠱᠢᠶᠡᠷᠡᠯ᠎ᠤᠨ ᠲᠦᠷᠢᠮ᠎ᠢ ᠪᠥᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠪᠣᠬᠢᠷᠲᠤᠯ ᠭᠠᠳᠠᠭ᠍ᠰᠢᠯᠠᠭᠤᠯᠬᠤ ᠡᠷᠬᠡ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠎ᠶ᠋ᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ᠎ᠶ᠋ᠢ ᠠᠬᠢᠭᠤᠯᠤᠨ᠎ᠠ; ᠣᠷᠴᠢᠨ ᠳᠤᠭᠤᠷᠢᠨ᠎ᠤ ᠬᠠᠮᠠᠭᠠᠯᠠᠯᠲᠠ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ ᠬᠢᠵᠠᠭᠠᠷᠯᠠᠬᠤ ᠴᠢᠨᠠᠷᠲᠠᠢ ᠭᠦᠢᠴᠡᠳᠭᠡᠯ ᠲᠤᠭ᠎ᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠵᠤᠷᠢᠭ᠍ᠵᠢᠭᠤᠯᠤᠨ ᠬᠢᠵᠠᠭᠠᠷᠯᠠᠬᠤ ᠲᠣᠭ᠍ᠲᠠᠴᠠ ᠪᠠ ᠵᠠᠰᠠᠭ᠎ᠤᠨ ᠣᠷᠳᠣᠨ ᠠᠵᠤ ᠠᠬᠤᠢᠯᠠᠯ᠎ᠤᠨ ᠣᠯᠠᠨ ᠨᠡᠢᠲᠡ᠎ᠶ᠋ᠢᠨ ᠬᠠᠮᠲᠤ᠎ᠪᠠᠷ ᠵᠠᠰᠠᠬᠤ ᠱᠢᠰᠲ᠋ᠧᠮ᠎ᠢ ᠪᠦᠷᠢᠨᠱᠢᠭᠦᠯᠵᠦ᠍᠂ ᠠᠮᠢ ᠠᠬᠤᠢ ᠣᠷᠴᠢᠨ ᠳᠤᠭᠤᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠬᠤ ᠲᠥᠷᠢᠮ᠎ᠢ ᠨᠠᠢᠳᠠᠪᠤᠷᠢᠵᠢᠭᠤᠯᠤᠨ ᠲᠡᠭᠦᠯᠳᠡᠷᠵᠢᠭᠦᠯᠤᠨ᠎ᠠ; ᠱᠢᠨ᠎ᠡ ᠴᠠᠭ ᠦᠶ᠎ᠡ᠎ᠶ᠋ᠢᠨ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠡᠭᠦᠷᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠢ ᠵᠣᠬᠢᠴᠠᠯᠳᠤᠭ᠍ᠰᠠᠨ ᠬᠢᠨᠠᠯᠲᠠ ᠬᠠᠮᠢᠶᠠᠷᠤᠯᠲᠠ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠱᠢᠰᠲ᠋ᠧᠮ᠎ᠢ ᠪᠠᠢᠭᠤᠯᠵᠤ᠂ ᠠᠮᠢ ᠠᠬᠤᠶ ᠣᠷᠴᠢᠨ ᠲᠣᠭᠤᠷᠢᠨ᠎ᠤ ᠥᠨᠳᠥᠷ ᠲᠦᠪᠱᠢᠨ ᠪᠥᠬᠦᠶ ᠬᠠᠮᠠᠭᠠᠯᠠᠯᠲᠠ᠎ᠳᠤ ᠪᠠᠳᠤᠯᠠᠭ᠎ᠠ ᠬᠠᠨᠭ᠌ᠭᠠᠨ᠎ᠠ᠃
ᠪᠣᠬᠢᠷᠲᠤᠯ ᠦᠭᠡᠢ ᠲᠤᠤᠷ᠎ᠠ ᠨᠡᠬᠦᠷᠡᠰᠤᠳᠦ᠋ᠷᠦᠭ᠌ᠴᠢᠳᠤ ᠬᠥᠭ᠌ᠵᠢᠯᠲᠡ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠳᠤ ᠵᠠᠮᠴᠢᠯᠠᠨ᠎ᠠ
ᠨᠢᠭᠡ᠎ᠳᠤ᠂ ᠤᠯᠠᠮᠵᠢᠯᠠᠯᠲᠤ ᠠᠵᠤ ᠦᠢᠯᠡᠰ᠎ᠤᠨ ᠪᠣᠬᠢᠷᠲᠤᠯ ᠥᠬᠡᠶ ᠬᠦᠭ᠌ᠵᠢᠯᠳᠡ᠎ᠶ᠋ᠢᠨ ᠥᠭᠡᠷᠡᠴᠢᠯᠡᠯᠲᠡ᠎ᠶ᠋ᠢ ᠢᠳᠡᠪᠬᠢᠲᠡᠶ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ᠎ᠶ᠋ᠢᠨ ᠪᠦᠲᠦᠴᠡ᠎ᠳᠤ ᠶᠡᠭᠡ᠎ᠪᠠᠷ ᠲᠤᠬᠢᠷᠠᠭᠤᠯᠤᠯᠳᠠ ᠬᠢᠵᠤ᠂ ᠣᠳᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠠᠭᠤᠰᠤᠯᠴᠠᠭ᠍ᠰᠠᠨ ᠴᠢᠨᠠᠷᠲᠠᠶ ᠠᠵᠤ ᠦᠢᠯᠡᠰ᠎ᠤᠨ ᠱᠢᠰᠲ᠋ᠧᠮ᠂ ᠪᠠᠷᠢᠮᠵᠢᠶᠠᠵᠢᠭᠤᠯᠤᠭ᠍ᠰᠠᠨ ᠦᠢᠯᠡᠳᠪᠦᠷᠢᠯᠡᠯ᠎ᠤᠨ ᠱᠢᠰᠲ᠋ᠧᠮ᠂ ᠬᠥᠲᠥᠯᠥᠨ ᠳᠠᠭᠠᠭᠤᠯᠬᠤ ᠴᠢᠨᠠᠷᠲᠠᠶ ᠡᠵᠡᠩᠨᠡᠯᠲᠡ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠲᠠᠷᠢᠶᠠᠯᠠᠩ ᠮᠠᠯ ᠠᠵᠤ ᠠᠬᠤᠶ᠎ᠶ᠋ᠢᠨ ᠭᠠᠷᠤᠯᠲᠠ᠎ᠶ᠋ᠢ ᠨᠡᠮᠡᠭ᠌ᠳᠡᠭᠦᠯᠬᠦ᠌᠎ᠪᠠᠷ ᠤᠳᠤᠷᠢᠳᠤᠮᠵᠢ ᠪᠣᠯᠭᠠᠵᠤ ᠪᠠᠢᠭ᠍ᠰᠠᠨ᠎ᠠᠴᠠ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠪᠠᠷ ᠤᠳᠤᠷᠢᠳᠤᠮᠵᠢ ᠪᠣᠯᠭᠠᠬᠤ ᠲᠡᠢᠰᠢ ᠬᠤᠪᠢᠷᠠᠭᠤᠯᠬᠤ᠎ᠶ᠋ᠢ ᠠᠬᠢᠭᠤᠯᠤᠨ᠎ᠠ᠃ ᠲᠡᠷᠢᠭᠦᠨ᠎ᠤ ᠮᠡᠷᠭᠡᠵᠢᠯ ᠪᠠ ᠲᠤᠤᠷ᠎ᠠ ᠨᠡᠬᠦᠷᠡᠰᠤᠳᠦ᠋ᠷᠦᠭ᠌ᠴᠢᠳᠤ ᠡᠷᠭᠢᠯᠳᠡᠳᠦ ᠠᠵᠤ ᠠᠬᠤᠢ᠎ᠶ᠋ᠢᠨ ᠣᠢᠯᠠᠭᠠᠭ᠍ᠳᠠᠬᠤᠨ᠎ᠢ ᠬᠡᠷᠡᠭ᠌ᠯᠡᠨ ᠤᠯᠠᠮᠵᠢᠯᠠᠯᠲᠤ ᠡᠬᠢ ᠪᠠᠶᠠᠯᠢᠭ᠎ᠤᠨ ᠬᠡᠯᠪᠡᠷᠢ᠎ᠶ᠋ᠢᠨ ᠠᠵᠤ ᠦᠢᠯᠡᠰ᠎ᠢ ᠥᠭᠡᠷᠡᠴᠢᠯᠡᠨ ᠳᠡᠭᠡᠭ᠌ᠰᠢᠯᠡᠭᠦᠯᠵᠦ᠍᠂ ᠠᠷᠢᠭᠤᠨ ᠴᠡᠪᠡᠷ ᠦᠢᠯᠡᠳᠪᠦᠷᠢᠯᠡᠯ᠎ᠤᠨ ᠵᠠᠩᠭᠢᠯᠠᠭ᠎ᠠ᠎ᠶ᠋ᠢᠨ ᠮᠡᠷᠭᠡᠵᠢᠯ᠎ᠤᠨ ᠱᠢᠨ᠎ᠡ ᠡᠭᠦᠳᠦᠯᠲᠡ ᠪᠠ ᠬᠡᠷᠡᠭ᠌ᠯᠡᠯᠲᠡ᠎ᠶ᠋ᠢ ᠠᠬᠢᠭᠤᠯᠤᠨ᠎ᠠ᠃ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠤᠨ ᠡᠷᠭᠢᠯᠳᠡᠳᠤ ᠥᠭᠡᠷᠡᠴᠢᠯᠡᠯᠲᠡ ᠪᠠ ᠡᠬᠢ ᠪᠠᠶᠠᠯᠢᠭ᠎ᠢ ᠶᠡᠷᠦᠩᠬᠡᠢᠯᠡᠨ ᠠᠱᠢᠬ᠍ᠯᠠᠬᠤ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠶᠡᠭᠡ᠎ᠪᠠᠷ ᠠᠬᠢᠭᠤᠯᠵᠤ᠂ ᠠᠵᠤ ᠦᠢᠯᠡᠰ᠎ᠤᠨ ᠴᠢᠨᠠᠷ᠎ᠢ ᠳᠡᠭᠡᠭ᠌ᠰᠢᠯᠡᠭᠦᠯᠦᠨ ᠳᠡᠰ ᠳᠡᠪᠱᠢᠭᠦᠯᠬᠦ᠌᠎ᠶ᠋ᠢ ᠠᠬᠢᠭᠤᠯᠵᠤ᠂ ᠡᠨᠧᠷᠭᠢ ᠡᠬᠢ ᠪᠠᠶᠠᠯᠢᠭ᠎ᠢ ᠠᠷᠪᠢᠯᠠᠬᠤ ᠪᠠ ᠡᠷᠭᠢᠯᠳᠦᠭᠦᠯᠦᠨ ᠠᠱᠢᠬ᠍ᠯᠠᠬᠤ᠎ᠶ᠋ᠢ ᠠᠬᠢᠭᠤᠯᠤᠨ᠎ᠠ᠃
ᠬᠤᠶᠠᠷ᠎ᠲᠤ᠌᠂ ᠣᠷᠴᠢᠨ ᠳᠤᠭᠤᠷᠢᠨ᠎ᠳᠤ ᠨᠦᠬᠦᠷᠰᠡᠭ ᠬᠡᠯᠪᠡᠷᠢ᠎ᠶ᠋ᠢᠨ ᠠᠵᠤ ᠦᠢᠯᠡᠰ᠎ᠤᠨ ᠬᠦᠭ᠌ᠵᠢᠯᠳᠠ᠎ᠶ᠋ᠢ ᠲᠦᠷᠭᠡᠳᠭᠡᠨ᠎ᠠ᠃ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠳᠡᠭᠡᠳᠦ ᠲᠠᠰ᠎ᠤᠨ ᠲᠣᠨᠤᠭ ᠲᠥᠬᠦᠭᠡᠷᠦᠮᠵᠢ᠂ ᠲᠣᠮᠣ ᠳ᠋ᠠᠢᠲ᠋ᠠ ᠡᠭᠦᠯᠡᠨ ᠪᠤᠳᠤᠯᠲᠠ᠂ ᠮᠣᠩᠭᠤᠯ ᠬᠢᠲᠠᠳ ᠡᠮ ᠡᠮᠨᠡᠯᠭᠡ ᠵᠡᠷᠭᠡ ᠣᠷᠴᠢᠨ ᠲᠣᠭᠤᠷᠢᠨ᠎ᠳᠤ ᠨᠦᠬᠦᠷᠰᠡᠭ ᠬᠡᠯᠪᠡᠷᠢ᠎ᠶ᠋ᠢᠨ ᠠᠵᠤ ᠦᠢᠯᠡᠰ᠎ᠢ ᠬᠦᠴᠦᠯᠡᠨ ᠬᠦᠭ᠌ᠵᠢᠬᠦᠯᠵᠤ᠂ ᠣᠷᠴᠢᠨ ᠲᠣᠭᠤᠷᠢᠨ᠎ᠳᠤ ᠨᠦᠬᠦᠷᠰᠡᠭ ᠬᠡᠯᠪᠡᠷᠢ᠎ᠶ᠋ᠢᠨ ᠠᠵᠤ ᠦᠢᠯᠡᠰ᠎ᠢ ᠥᠨᠳᠥᠷ ᠲᠦᠪᠱᠢᠨ ᠪᠦᠬᠦᠢ ᠬᠠᠮᠠᠭᠠᠯᠠᠯᠳᠠ᠎ᠶ᠋ᠢᠨ ᠱᠢᠨ᠎ᠡ ᠬᠥᠳᠡᠯᠭᠡᠬᠦ᠌ ᠡᠨᠧᠷᠭᠢ ᠪᠤᠯᠭᠠᠨ᠎ᠠ᠃
ᠭᠤᠷᠪᠠ᠎ᠳᠤ᠂ ᠡᠨᠧᠷᠭᠢ᠎ᠶ᠋ᠢ ᠠᠷᠪᠢᠯᠠᠵᠤ ᠣᠷᠴᠢᠨ ᠠᠬᠤᠢ᠎ᠶ᠋ᠢ ᠬᠠᠮᠠᠭᠠᠯᠠᠬᠤ ᠠᠵᠤ ᠦᠢᠯᠡᠰ ᠪᠠ ᠣᠷᠴᠢᠨ ᠠᠬᠤᠢ᠎ᠶ᠋ᠢᠨ ᠦᠢᠯᠡᠴᠢᠯᠡᠭᠡᠨ᠎ᠤ ᠦᠢᠯᠡᠰ᠎ᠢ ᠶᠡᠭᠡ᠎ᠪᠠᠷ ᠬᠥᠭ᠌ᠵᠢᠭᠦᠯᠤᠨ᠎ᠠ᠃ ᠴᠡᠪᠡᠷᠱᠢᠭᠦᠯᠦᠨ ᠦᠢᠯᠡᠳᠪᠤᠷᠢᠯᠡᠬᠦ᠌ ᠲᠦᠪᠱᠢᠨ᠎ᠢ ᠳᠡᠭᠡᠭ᠌ᠰᠢᠯᠡᠭᠦᠯᠵᠦ᠍᠂ ᠡᠨᠧᠷᠭᠢ᠂ ᠲᠡᠮᠦᠷᠯᠢᠭ ᠪᠤᠯᠪᠠᠰᠤᠷᠠᠭᠤᠯᠬᠤ᠂ ᠪᠠᠷᠢᠯᠭ᠎ᠠ᠎ᠶ᠋ᠢᠨ ᠮᠠᠲ᠋ᠧᠷᠢᠶᠠᠯ᠂ ᠥᠩᠭᠡᠲᠦ ᠲᠡᠮᠦᠷᠯᠢᠭ᠂ ᠬᠢᠮᠢ᠎ᠶ᠋ᠢᠨ ᠠᠵᠤ ᠦᠢᠯᠡᠳᠪᠤᠷᠢ᠂ ᠴᠠᠬᠢᠯᠭᠠᠨ᠎ᠢᠶᠠᠷ ᠥᠩᠭᠡᠯᠡᠬᠦ᠂ ᠴᠠᠭᠠᠰᠤ ᠬᠢᠬᠦ᠂ ᠳᠠᠷᠤᠮᠠᠯᠯᠠᠨ ᠪᠤᠳᠤᠬᠤ᠂ ᠲᠠᠷᠢᠶᠠᠯᠠᠩ ᠲᠤᠰᠠᠯᠠᠬᠤ ᠦᠢᠯᠡᠳᠪᠤᠷᠢᠯᠡᠯ᠎ᠤᠨ ᠢᠳᠡᠭᠡᠨ᠎ᠢ ᠪᠤᠯᠪᠠᠰᠤᠷᠠᠭᠤᠯᠬᠤ ᠵᠡᠷᠭᠡ ᠠᠵᠢᠯ ᠲᠥᠷᠥᠯ᠎ᠤᠨ ᠴᠡᠪᠡᠷᠱᠢᠭᠦᠯᠦᠨ ᠦᠢᠯᠡᠳᠪᠤᠷᠢᠯᠡᠵᠦ᠍ ᠥᠭᠡᠷᠡᠴᠢᠯᠡᠬᠦ᠌ ᠪᠤᠶᠤ ᠴᠡᠪᠡᠷᠱᠢᠭᠦᠯᠦᠨ ᠥᠭᠡᠷᠡᠴᠢᠯᠡᠬᠦ᠌᠎ᠶ᠋ᠢ ᠪᠥᠬᠦ᠌ ᠲᠠᠯ᠎ᠠ᠎ᠪᠠᠷ ᠠᠬᠢᠭᠤᠯᠤᠨ᠎ᠠ᠃
ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠳᠤᠷ ᠬᠢᠵᠦ᠍᠂ ᠠᠮᠢ ᠠᠬᠤᠢ ᠣᠷᠴᠢᠨ ᠲᠣᠭᠤᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠳᠠ᠎ᠳᠤ ᠬᠥᠳᠡᠯᠭᠡᠬᠦ᠌ ᠬᠦᠴᠦᠨ ᠨᠡᠮᠡᠷᠢᠯᠡᠨ᠎ᠠ
ᠪᠣᠬᠢᠷᠲᠤᠯ᠎ᠢ ᠰᠡᠷᠭᠡᠢᠯᠡᠨ ᠵᠠᠰᠠᠬᠤ ᠪᠠ ᠣᠷᠴᠢᠨ ᠲᠣᠭᠤᠷᠢᠨ᠎ᠢ ᠵᠠᠰᠠᠬᠤ ᠪᠣᠯ ᠥᠪᠥᠷ ᠮᠣᠩᠭᠤᠯ᠎ᠤᠨ ᠠᠮᠢ ᠠᠬᠤᠢ ᠣᠷᠴᠢᠨ ᠲᠣᠭᠤᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠳᠠ᠎ᠶ᠋ᠢᠨ ᠭᠤᠣᠯᠳᠠᠯᠭ᠎ᠠ ᠪᠣᠯᠤᠨ᠎ᠠ᠃ 《ᠬᠥᠲᠥᠯᠪᠦᠷᠢ》 ᠳᠤ᠂ ᠥᠪᠥᠷ ᠮᠣᠩᠭᠤᠯ ᠬᠥᠬᠡ ᠣᠭ᠍ᠲᠠᠷᠭᠤᠶ ᠬᠥᠬᠡᠮᠳᠦᠭ ᠤᠰᠤ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠵᠦ᠍᠂ ᠭᠤᠤᠯᠳᠠᠯᠭ᠎ᠠ᠎ᠲᠠᠢ ᠣᠷᠣᠨ ᠪᠦᠰᠡ᠎ᠶ᠋ᠢᠨ ᠠᠭᠠᠷ ᠮᠠᠨᠳᠠᠯ᠎ᠤᠨ ᠪᠣᠬᠢᠷᠲᠤᠯ᠎ᠢ ᠶᠡᠷᠦᠩᠬᠡᠢᠯᠡᠨ ᠵᠠᠰᠠᠬᠤ ᠪᠠ ᠬᠤᠯᠪᠣᠭᠠᠯᠠᠨ ᠰᠡᠷᠭᠡᠢᠯᠡᠵᠦ᠍ ᠬᠤᠯᠪᠣᠭᠠᠯᠠᠨ ᠡᠵᠡᠮᠳᠡᠬᠦ᠌᠎ᠶ᠋ᠢ ᠭᠦᠨᠵᠡᠭᠡᠢᠷᠡᠭᠦᠯᠤᠨ᠂ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢ ᠴᠢᠩᠭᠠᠳᠭᠠᠵᠤ᠂ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ᠎ᠤᠨ ᠪᠣᠬᠢᠷᠲᠤᠯ᠎ᠤᠨ ᠲᠦᠭ᠌ᠰᠢᠭᠦᠷᠢ᠎ᠶ᠋ᠢᠨ ᠣᠷᠣᠨ᠂ ᠥᠩᠭᠡᠲᠦ ᠲᠡᠮᠦᠷᠯᠢᠭ ᠪᠣᠯᠪᠠᠰᠤᠷᠠᠭᠤᠯᠬᠤ᠂ ᠬᠢᠮᠢ᠎ᠶ᠋ᠢᠨ ᠠᠵᠤ ᠦᠢᠯᠡᠳᠪᠤᠷᠢ᠂ ᠴᠠᠬᠢᠯᠭᠠᠨ᠎ᠢᠶᠠᠷ ᠥᠩᠭᠡᠯᠡᠬᠦ᠌ ᠵᠡᠷᠭᠡ ᠠᠵᠢᠯ ᠲᠥᠷᠥᠯ᠎ᠤᠨ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠲᠦᠭ᠌ᠰᠢᠭᠦᠷᠢ᠎ᠶ᠋ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌ ᠵᠡᠷᠭᠡ᠎ᠶ᠋ᠢ ᠬᠡᠷᠡᠭ᠌ᠵᠢᠭᠦᠯᠬᠦ᠌ ᠬᠡᠷᠡᠭ᠌ᠲᠡᠶ ᠬᠡᠵᠤ ᠴᠢᠬᠤᠯᠠᠴᠢᠯᠠᠪᠠ᠃
ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠦᠬᠠᠶ ᠵᠢᠴᠢ ᠡᠷᠬᠢᠨ ᠲᠣᠭᠤᠷᠢᠨ᠎ᠤ ᠭᠠᠵᠠᠷ ᠣᠷᠣᠨ ᠵᠡᠷᠭᠡ ᠭᠤᠤᠯᠳᠠᠯᠭ᠎ᠠ᠎ᠲᠠᠢ ᠣᠷᠣᠨ ᠪᠦᠰᠡ᠎ᠶ᠋ᠢᠨ ᠠᠭᠠᠷ ᠮᠠᠨᠳᠠᠯ᠎ᠤᠨ ᠣᠷᠴᠢᠨ ᠲᠣᠭᠤᠷᠢᠨ᠎ᠢ ᠶᠡᠷᠦᠩᠬᠡᠢᠯᠡᠨ ᠵᠠᠰᠠᠬᠤ᠎ᠶ᠋ᠢ ᠦᠷᠭᠦᠯᠵᠢᠯᠡᠨ ᠠᠬᠢᠭᠤᠯᠤᠨ᠂ ᠡᠪᠦᠯ᠎ᠤᠨ ᠤᠯᠠᠷᠢᠯ᠎ᠤᠨ ᠴᠡᠪᠡᠷ ᠳᠤᠯᠠᠭᠠᠯᠠᠭ᠎ᠠ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠰᠤᠯᠠ ᠨᠡᠭᠦᠷᠡᠰᠦ ᠪᠠ ᠠᠵᠤ ᠦᠢᠯᠡᠳᠪᠤᠷᠢ᠎ᠶ᠋ᠢᠨ ᠬᠠᠶᠠᠭ᠍ᠳᠠᠮᠠᠯ ᠬᠡᠶ᠎ᠶ᠋ᠢ ᠵᠠᠰᠠᠬᠤ᠂ ᠡᠰᠢ ᠰᠦᠷᠡᠯ᠎ᠢ ᠠᠱᠢᠬ᠍ᠯᠠᠬᠤ᠂ ᠨᠡᠭᠦᠷᠡᠰᠦ᠎ᠶ᠋ᠢ ᠱᠢᠲᠠᠮᠠᠬᠠᠶ ᠬᠡᠶ ᠪᠣᠯᠭᠠᠨ ᠥᠭᠡᠷᠡᠴᠢᠯᠡᠬᠦ᠂ ᠨᠡᠭᠦᠷᠡᠰᠦ᠎ᠶ᠋ᠢ ᠴᠠᠬᠢᠯᠭᠠᠨ ᠪᠣᠯᠭᠠᠨ ᠥᠭᠡᠷᠡᠴᠢᠯᠡᠬᠦ᠌ ᠵᠡᠷᠭᠡ ᠠᠵᠢᠯ᠎ᠢ ᠰᠠᠢᠲᠤᠷ ᠠᠳᠭᠤᠨ᠎ᠠ᠃ ᠪᠤᠢ ᠪᠦᠬᠦᠢ ᠭᠠᠯ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ ᠬᠡᠲᠦ ᠳᠤᠤᠷ᠎ᠠ ᠭᠠᠳᠠᠭ᠍ᠰᠢᠯᠠᠭᠤᠯᠤᠯᠲᠠ᠎ᠶ᠋ᠢ ᠪᠡᠶᠡᠯᠡᠭᠦᠯᠤᠨ᠎ᠠ᠃ ᠵᠠᠬ᠎ᠠ ᠳᠡᠯᠭᠡᠭᠦᠷᠴᠢᠯᠡᠯᠲᠡ᠎ᠶ᠋ᠢᠨ ᠠᠷᠭ᠎ᠠ᠎ᠪᠠᠷ ᠰᠠᠯᠬᠢ ᠭᠡᠷᠡᠯ᠎ᠤᠨ ᠬᠠᠶᠠᠭ᠍ᠳᠠᠯᠢ ᠱᠢᠢᠳᠪᠦᠷᠢᠯᠡᠵᠦ᠍᠂ ᠠᠷᠢᠭᠤᠨ ᠴᠡᠪᠡᠷ ᠴᠠᠬᠢᠯᠭᠠᠨ ᠬᠦᠴᠦᠨ᠎ᠤ ᠬᠠᠩᠭᠠᠯᠭ᠎ᠠ᠎ᠶ᠋ᠢ ᠨᠡᠮᠡᠭ᠌ᠳᠡᠭᠦᠯᠤᠨ᠎ᠠ᠃
ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠲᠥᠯᠥᠪᠯᠡᠭᠡ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠬᠥᠯᠥᠨ ᠨᠠᠭᠤᠷ᠂ ᠤᠯᠠᠭᠠᠨᠰᠤᠬᠠᠢ᠂ ᠲᠠᠭ᠎ᠠ᠎ᠶ᠋ᠢᠨ ᠨᠠᠭᠤᠷ ᠵᠡᠷᠭᠡ ᠨᠠᠭᠤᠷ ᠴᠥᠭᠦᠷᠥᠮ᠎ᠢ ᠶᠡᠷᠦᠩᠬᠡᠢᠯᠡᠨ ᠵᠠᠰᠠᠬᠤ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ ᠬᠤᠲᠠ ᠪᠠᠯᠭᠠᠰᠤ᠎ᠶ᠋ᠢᠨ ᠨᠡᠭᠡᠭᠡᠯᠲᠡ᠎ᠶ᠋ᠢᠨ ᠣᠷᠣᠨ᠂ ᠠᠵᠤ ᠦᠢᠯᠡᠳᠪᠤᠷᠢ᠎ᠶ᠋ᠢᠨ ᠬᠦᠷᠢᠶᠡᠯᠡᠩ ᠲᠣᠭᠤᠷᠢᠭ᠎ᠤᠨ ᠪᠣᠬᠢᠷ ᠤᠰᠤ ᠱᠢᠢᠳᠪᠤᠷᠢᠯᠡᠬᠦ᠌ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ᠂ ᠬᠦᠨᠳᠦ ᠪᠣᠬᠢᠷᠲᠤᠯ᠎ᠲᠠᠢ ᠤᠰᠤᠨ ᠣᠷᠣᠨ ᠪᠠ ᠮᠠᠭᠤ ᠲᠠᠪᠤᠨ ᠲᠥᠷᠥᠯ᠎ᠤᠨ ᠣᠭ᠍ᠲᠣᠯᠤᠭᠠᠰᠤᠶ᠋ᠢ ᠬᠦᠴᠦᠯᠡᠨ ᠠᠷᠢᠯᠭᠠᠵᠤ᠂ ᠤᠰᠤᠨ᠎ᠤ ᠡᠬᠢ ᠰᠤᠷᠪᠤᠯᠵᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠠᠬᠢ ᠬᠠᠤᠯᠢ᠎ᠠᠴᠠ ᠵᠥᠷᠢᠴᠡᠭ᠌ᠰᠡᠨ ᠪᠠᠷᠢᠯᠭ᠎ᠠ ᠪᠠ ᠪᠣᠬᠢᠷᠲᠤᠯ ᠭᠠᠳᠠᠭ᠍ᠰᠢᠯᠠᠭᠤᠯᠬᠤ ᠭᠠᠵᠠᠷ᠎ᠢ ᠬᠠᠤᠯᠢ ᠶᠣᠰᠣᠭᠠᠷ ᠴᠡᠪᠡᠷᠯᠠᠨᠠ᠃
ᠬᠥᠷᠥᠰᠥ᠍ ᠱᠢᠷᠣᠢ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠬᠥᠷᠥᠰᠥ᠍ ᠱᠢᠷᠣᠢ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ ᠪᠠ ᠬᠦᠨᠳᠦ ᠲᠡᠮᠦᠷᠯᠢᠭ᠎ᠤᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠬᠤ ᠡᠷᠴᠢᠮ᠎ᠢᠶᠠᠨ ᠴᠢᠩᠭᠠᠷᠠᠭᠤᠯᠤᠨ᠂ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ᠎ᠤᠨ ᠬᠥᠷᠥᠰᠥ᠍ ᠱᠢᠷᠣᠢ᠎ᠶ᠋ᠢᠨ ᠪᠣᠬᠢᠷᠲᠤᠯ᠎ᠤᠨ ᠪᠠᠢᠳᠠᠯ᠎ᠢ ᠪᠠᠢᠴᠠᠭᠠᠵᠤ᠂ ᠪᠤᠷᠳᠤᠭᠤᠷ᠂ ᠡᠮ᠂ ᠰᠦᠯᠢᠶᠣᠣ ᠪᠦᠷᠬᠦᠪᠴᠢ ᠵᠡᠷᠬᠡ᠎ᠶ᠋ᠢ ᠬᠡᠷᠡᠭ᠌ᠯᠡᠬᠦ᠌᠎ᠶ᠋ᠢ ᠤᠯᠠᠮ ᠨᠢᠭᠡ ᠠᠯᠬᠤᠮ ᠬᠢᠵᠠᠭᠠᠷᠯᠠᠨ᠂ ᠲᠠᠷᠢᠶᠠᠯᠠᠩ᠎ᠤᠨ ᠲᠠᠯ᠎ᠠ᠎ᠶ᠋ᠢᠨ ᠪᠣᠬᠢᠷᠲᠤᠯ᠎ᠢ ᠦᠨᠳᠦᠰᠦᠨ᠎ᠠᠴᠠ᠎ᠨᠢ ᠵᠠᠰᠠᠬᠤ ᠭᠡᠷᠡᠭ᠌ᠳᠡᠢ᠃ ᠠᠭᠤᠷᠬᠠᠶ᠎ᠶ᠋ᠢᠨ ᠣᠷᠣᠨ ᠪᠠ ᠠᠵᠤ ᠦᠢᠯᠡᠳᠪᠤᠷᠢ᠎ᠶ᠋ᠢᠨ ᠬᠦᠷᠢᠶᠡᠯᠡᠩ ᠲᠣᠭᠤᠷᠢᠭ᠎ᠤᠨ ᠣᠷᠴᠢᠨ ᠲᠣᠭᠤᠷᠢᠨ᠎ᠢ ᠵᠠᠰᠠᠨ ᠴᠡᠭ᠌ᠴᠡᠯᠡᠵᠤ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠠᠬᠢ ᠦᠢᠯᠡᠳᠪᠤᠷᠢ ᠠᠭᠤᠷᠬᠠᠶ᠎ᠶ᠋ᠢᠨ ᠠᠵᠤ ᠠᠬᠤᠢᠯᠠᠯ᠎ᠢ ᠬᠠᠤᠯᠢ ᠶᠣᠰᠣᠭᠠᠷ ᠡᠮᠬᠢ ᠵᠢᠷᠤᠮ᠎ᠲᠠᠢ᠎ᠪᠠᠷ ᠤᠬᠤᠷᠢᠭᠤᠯᠤᠨ ᠭᠠᠷᠭᠠᠨ᠎ᠠ᠃
ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠱᠢᠬ᠍ᠯᠠᠬᠤ᠎ᠶ᠋ᠢ ᠴᠢᠩᠭᠠᠳᠭᠠᠵᠤ ᠠᠮᠢ ᠠᠬᠤᠢ ᠣᠷᠴᠢᠨ ᠲᠣᠭᠤᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠳᠤ ᠬᠦᠴᠦᠨ ᠨᠡᠮᠡᠷᠢᠯᠡᠨ᠎ᠡ
《ᠬᠥᠲᠥᠯᠪᠦᠷᠢ》 ᠳᠤ᠂ ᠥᠪᠥᠷ ᠮᠣᠩᠭᠤᠯ ᠡᠬᠢ ᠪᠠᠶᠠᠯᠢᠭ᠎ᠢ ᠠᠷᠪᠢᠯᠠᠨ ᠭᠠᠮᠨᠠᠵᠤ ᠡᠷᠴᠢᠮᠵᠢᠭᠦᠯᠦᠨ ᠠᠱᠢᠬ᠍ᠯᠠᠬᠤ ᠲᠦᠪᠱᠢᠨ᠎ᠢᠶᠠᠨ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃ ᠡᠨᠡ᠎ᠨᠢ ᠥᠪᠥᠷ ᠮᠣᠩᠭᠤᠯ᠎ᠤᠨ ᠠᠮᠢ ᠠᠬᠤᠶ ᠣᠷᠴᠢᠨ ᠲᠣᠭᠤᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠳᠠ᠎ᠶ᠋ᠢᠨ ᠴᠢᠬᠤᠯᠠ ᠶᠡᠭᠡ ᠳᠡᠮᠵᠢᠯᠭᠡ ᠪᠣᠯᠤᠨ᠎ᠠ᠃
ᠨᠢᠭᠡ᠎ᠳᠤ᠂ ᠡᠨᠧᠷᠭᠢ᠎ᠶ᠋ᠢᠨ ᠠᠱᠢᠬ᠍ᠯᠠᠮᠵᠢᠶ᠋ᠢ ᠳᠡᠭᠡᠭ᠌ᠰᠢᠯᠡᠭᠦᠯᠦᠨ᠎ᠡ᠃ ᠴᠠᠬᠢᠯᠭᠠᠨ ᠬᠦᠴᠦᠨ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠪᠠᠷᠢᠯᠭ᠎ᠠ᠎ᠶ᠋ᠢᠨ ᠮᠠᠲ᠋ᠧᠷᠢᠶᠠᠯ ᠵᠡᠷᠭᠡ ᠭᠤᠣᠯᠳᠠᠯᠭ᠎ᠠ᠎ᠲᠠᠢ ᠠᠵᠢᠯ ᠲᠥᠷᠥᠯ ᠪᠣᠯᠤᠨ ᠡᠨᠧᠷᠭᠢ ᠬᠤᠷᠣᠭ᠍ᠳᠠᠭᠤᠯᠬᠤ ᠲᠣᠮᠣ ᠡᠷᠦᠬᠡ᠎ᠶ᠋ᠢᠨ ᠡᠨᠧᠷᠭᠢ ᠠᠱᠢᠬ᠍ᠯᠠᠬᠤ ᠬᠠᠮᠢᠶᠠᠷᠤᠯᠲᠠ᠎ᠶ᠋ᠢ ᠲᠦᠯᠬᠢᠨ ᠠᠬᠢᠭᠤᠯᠵᠤ᠂ ᠪᠣᠬᠢᠷᠲᠤᠯ᠎ᠢᠶᠠᠷ ᠬᠦᠨᠳᠦ ᠨᠣᠴᠢᠲᠠᠶ ᠠᠵᠤ ᠠᠬᠤᠢᠯᠠᠯ ᠪᠣᠯᠤᠨ ᠦᠢᠯᠡᠳᠪᠦᠷᠢᠯᠡᠯ᠎ᠤᠨ ᠤᠷᠠᠨ ᠳᠠᠷᠬ᠎ᠠ᠎ᠶ᠋ᠢᠨ ᠲᠥᠬᠦᠭᠡᠷᠦᠮᠵᠢ᠎ᠶ᠋ᠢ ᠬᠠᠭᠠᠵᠤ ᠵᠣᠭ᠍ᠰᠣᠭᠠᠨ ᠱᠢᠯᠢᠭ᠌ᠳᠡᠭᠦᠯᠦᠨ᠂ ᠡᠨᠧᠷᠭᠢ᠎ᠶ᠋ᠢ ᠥᠨᠳᠥᠷ ᠦᠷ᠎ᠡ ᠪᠦᠲᠦᠮᠵᠢ᠎ᠲᠠᠢ ᠠᠱᠢᠬ᠍ᠯᠠᠬᠤ ᠱᠢᠨ᠎ᠡ ᠮᠡᠷᠭᠡᠵᠢᠯ᠎ᠢ ᠤᠷᠤᠭᠤᠯᠤᠨ ᠠᠪᠴᠢᠷᠠᠵᠤ ᠨᠡᠭᠡᠭᠡᠨ ᠬᠦᠭ᠌ᠵᠢᠭᠦᠯᠵᠤ᠂ ᠡᠨᠧᠷᠭᠢ ᠦᠢᠯᠡᠳᠪᠦᠷᠢᠯᠡᠬᠦ᠂ ᠲᠡᠭᠡᠭᠡᠪᠦᠷᠢᠯᠡᠬᠦ᠂ ᠬᠡᠷᠡᠭ᠌ᠯᠡᠬᠦ᠌ ᠵᠠᠩᠭᠢᠯᠠᠭ᠎ᠠ ᠨᠢᠭᠡᠪᠦᠷᠢ᠎ᠶ᠋ᠢᠨ ᠳᠦᠷᠢᠮ᠎ᠤᠨ ᠪᠠᠢᠭᠤᠯᠤᠯᠲᠠ ᠪᠣᠯᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ᠎ᠪᠠᠷ ᠳᠠᠮᠵᠢᠭᠤᠯᠤᠨ᠂ ᠡᠨᠧᠷᠭᠢ ᠠᠱᠢᠬ᠍ᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢ ᠪᠡᠶᠡᠯᠡᠭᠦᠯᠦᠨ᠎ᠡ᠃
ᠬᠤᠶᠠᠷ᠎ᠲᠤ᠌᠂ ᠤᠰᠤᠨ᠎ᠤ ᠡᠬᠢ ᠪᠠᠶᠠᠯᠢᠭ᠎ᠢ ᠠᠱᠢᠬ᠍ᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠤᠰᠤᠨ᠎ᠤ ᠡᠬᠢ ᠪᠠᠶᠠᠯᠢᠭ᠎ᠢ ᠨᠡᠭᠡᠭᠡᠨ ᠠᠱᠢᠬ᠍ᠯᠠᠬᠤ᠎ᠶ᠋ᠢ ᠡᠵᠡᠮᠳᠡᠬᠦ᠂ ᠤᠰᠤ ᠬᠡᠷᠡᠭ᠌ᠯᠡᠬᠦ᠌ ᠦᠷ᠎ᠡ ᠪᠦᠲᠦᠮᠵᠢ᠎ᠶ᠋ᠢ ᠡᠵᠡᠮᠳᠡᠬᠦ᠂ ᠤᠰᠤᠨ᠎ᠤ ᠴᠢᠳᠠᠮᠵᠢᠲᠤ ᠣᠷᠣᠨ᠎ᠳᠤ ᠪᠣᠬᠢᠷᠲᠤᠯ ᠣᠷᠣᠭᠤᠯᠬᠤ᠎ᠶ᠋ᠢ ᠬᠢᠵᠠᠭᠠᠷᠯᠠᠬᠤ ᠭᠤᠷᠪᠠᠨ ᠤᠯᠠᠭᠠᠨ ᠱᠤᠭᠤᠮ᠎ᠢ ᠨᠠᠢᠳᠠᠪᠤᠷᠢᠵᠢᠭᠤᠯᠬᠤ᠂ ᠤᠰᠤᠨ᠎ᠤ ᠡᠬᠢ ᠪᠠᠶᠠᠯᠢᠭ᠎ᠢ ᠠᠱᠢᠬ᠍ᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠠᠷᠭ᠎ᠠ ᠬᠡᠮᠵᠢᠶ᠎ᠡ᠎ᠶ᠋ᠢ ᠡᠯ᠎ᠡ ᠬᠦᠷᠢᠶ᠎ᠡ ᠴᠠᠷᠠᠭ᠎ᠠ ᠪᠠ ᠭᠤᠭ᠍ᠴᠤᠭ᠎ᠠ᠎ᠳᠤ ᠨᠠᠢᠳᠠᠪᠤᠷᠢᠵᠢᠭᠤᠯᠵᠤ᠂ ᠲᠡᠮᠦᠷᠯᠢᠭ᠂ ᠬᠢᠮᠢ᠎ᠶ᠋ᠢᠨ ᠠᠵᠤ ᠦᠢᠯᠡᠳᠪᠤᠷᠢ᠂ ᠴᠠᠬᠢᠯᠭᠠᠨ ᠬᠦᠴᠦᠨ᠂ ᠪᠠᠷᠢᠯᠭ᠎ᠠ᠎ᠶ᠋ᠢᠨ ᠮᠠᠲ᠋ᠧᠷᠢᠶᠠᠯ ᠵᠡᠷᠭᠡ ᠤᠰᠤ ᠶᠡᠭᠡ ᠬᠤᠷᠣᠭ᠍ᠳᠠᠭᠤᠯᠬᠤ ᠠᠵᠢᠯ ᠲᠥᠷᠥᠯ᠎ᠤᠨ ᠤᠰᠤ ᠬᠡᠷᠡᠭ᠌ᠯᠡᠬᠦ᠌ ᠮᠡᠷᠭᠡᠵᠢᠯ᠎ᠤᠨ ᠥᠭᠡᠷᠡᠴᠢᠯᠡᠯᠲᠡ᠎ᠶ᠋ᠢ ᠭᠤᠤᠯᠳᠠᠯᠭ᠎ᠠ᠎ᠲᠠᠢ ᠠᠬᠢᠭᠤᠯᠤᠨ᠂ ᠠᠵᠤ ᠦᠢᠯᠡᠳᠪᠤᠷᠢ᠎ᠶ᠋ᠢᠨ ᠤᠰᠤ ᠬᠡᠷᠡᠭ᠌ᠯᠡᠬᠦ᠌᠎ᠶ᠋ᠢ ᠳᠠᠬᠢᠨ ᠳᠠᠪᠲᠠᠨ ᠠᠱᠢᠬ᠍ᠯᠠᠬᠤ ᠨᠣᠷᠮ᠎ᠠ ᠪᠠ ᠡᠷᠭᠢᠯᠳᠦᠭᠦᠯᠦᠨ ᠬᠡᠷᠡᠭ᠌ᠯᠡᠬᠦ᠌ ᠨᠣᠷᠮ᠎ᠠ᠎ᠶ᠋ᠢ ᠳᠡᠭᠡᠭ᠌ᠰᠢᠯᠡᠭᠦᠯᠦᠨ᠎ᠡ᠃
ᠭᠤᠷᠪᠠ᠎ᠳᠤ᠂ ᠡᠯ᠎ᠡ ᠲᠥᠷᠥᠯ᠎ᠤᠨ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠠᠱᠢᠬ᠍ᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠮᠠᠯᠲᠠᠬᠤ᠎ᠶ᠋ᠢᠨ ᠳᠠᠬᠢᠨ ᠮᠠᠯᠲᠠᠬᠤ ᠨᠣᠷᠮ᠎ᠠ᠂ ᠬᠦᠳᠡᠷ ᠱᠢᠯᠢᠵᠦ᠍ ᠡᠭᠡᠭᠦᠯᠦᠨ ᠬᠤᠷᠢᠶᠠᠬᠤ ᠨᠣᠷᠮ᠎ᠠ᠎ᠶ᠋ᠢ ᠳᠡᠭᠡᠭ᠌ᠰᠢᠯᠡᠭᠦᠯᠵᠦ᠍᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠲᠥᠯᠥᠪᠦᠷᠢ᠎ᠲᠠᠢ ᠬᠡᠷᠡᠭ᠌ᠯᠡᠬᠦ᠌ ᠳᠦᠷᠢᠮ᠎ᠢ ᠬᠢᠨᠠᠮᠠᠭᠠᠶ ᠨᠠᠢᠳᠠᠪᠤᠷᠢᠵᠢᠭᠤᠯᠤᠨ᠂ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢ ᠠᠷᠠᠯᠵᠢᠶᠠᠯᠠᠬᠤ ᠲᠠᠪᠴᠠᠩ᠎ᠢ ᠪᠦᠲᠦᠭᠡᠨ ᠪᠠᠢᠭᠤᠯᠵᠤ᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠬ᠍ᠯᠠᠬᠤ᠎ᠶ᠋ᠢ ᠳᠠᠪᠠᠭᠤᠯᠢᠭ ᠠᠵᠤ ᠠᠬᠤᠢᠯᠠᠯ ᠲᠡᠢᠰᠢ ᠲᠥᠪᠯᠡᠷᠡᠭᠦᠯᠬᠦ᠌᠎ᠶ᠋ᠢ ᠠᠬᠢᠭᠤᠯᠵᠤ᠂ ᠪᠠᠢᠷᠢᠱᠢᠭᠤᠯᠤᠯ᠎ᠨᠢ ᠵᠦᠢ ᠵᠣᠬᠢᠰᠲᠠᠶ᠂ ᠡᠷᠴᠢᠮᠯᠢᠭ ᠪᠥᠭᠡᠳ ᠥᠨᠳᠥᠷ ᠦᠷ᠎ᠡ ᠪᠦᠲᠦᠮᠵᠢᠲᠡᠶ᠂ ᠠᠮᠢ ᠠᠬᠤᠶ᠎ᠨᠢ ᠰᠠᠢᠨ ᠪᠣᠬᠢᠷᠲᠤᠯ ᠦᠭᠡᠶ ᠠᠭᠤᠷᠬᠠᠶ᠎ᠶ᠋ᠢ ᠪᠥᠲᠥᠭᠡᠨ ᠪᠠᠢᠭᠤᠯᠬᠤ᠎ᠶ᠋ᠢ ᠲᠦᠷᠭᠡᠳᠭᠡᠨ᠎ᠠ᠃
(ᠵᠣᠬᠢᠶᠠᠭ᠍ᠴᠢ᠎ᠶ᠋ᠢᠨ ᠪᠠᠢᠭᠤᠯᠭ᠎ᠠ᠄ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ)