ᠨᠠᠮ᠎ᠤᠨ ᠠᠷᠪᠠᠨ ᠬᠤᠶᠠᠳᠤᠭᠠᠷ ᠶᠡᠭᠡ ᠬᠤᠷᠠᠯ᠄ 《ᠲᠤᠮᠲᠠᠲᠤ ᠤᠯᠤᠰ᠎ᠤᠨ ᠤᠨᠴᠠᠯᠢᠬ᠎ᠲᠠᠢ ᠨᠡᠢᠭᠡᠮ ᠵᠢᠷᠦᠮ᠎ᠢ ᠪᠦᠲᠦᠭᠡᠨ ᠪᠠᠢᠭᠤᠯᠬᠤ》 ᠴᠢᠬᠤᠯᠠ ᠶᠡᠭᠡ ᠰᠡᠲᠦᠪ᠎ᠢ ᠲᠤᠷᠠᠳᠤᠨ ᠭᠠᠷᠭᠠᠪᠠ
2021-08-18 10:14:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

1982 ᠤᠨ᠎ᠤ 9 ᠰᠠᠷ᠎ᠠ᠎ᠶ᠋ᠢᠨ 1 ᠎ᠤ ᠡᠲᠦᠷ᠎ᠠᠴᠠ 11 ᠎ᠤ ᠡᠲᠦᠷ ᠪᠤᠯᠲᠠᠯ᠎ᠠ᠂ ᠲᠤᠮᠲᠠᠲᠤ ᠤᠯᠤᠰ᠎ᠤᠨ ᠡᠪ ᠬᠠᠮᠲᠦ ᠨᠠᠮ᠎ᠤᠨ ᠠᠷᠪᠠᠨ ᠬᠤᠶᠠᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ ᠪᠡᠭᠡᠵᠢᠩ᠎ᠳᠤ ᠬᠤᠷᠠᠯᠳᠤᠪᠠ᠃ ᠶᠡᠭᠡ ᠬᠤᠷᠠᠯ᠎ᠤᠨ ᠵᠢᠩᠬᠢᠨᠢ ᠲᠦᠯᠦᠭᠡᠯᠡᠭ᠌ᠴᠢ 1545 ᠬᠦᠮᠦᠨ᠂ ᠤᠷᠤᠯᠠᠬ᠍ᠴᠢ ᠲᠦᠯᠦᠭᠡᠯᠡᠭ᠌ᠴᠢ 145 ᠬᠦᠮᠦᠨ ᠪᠠᠢᠵᠦ᠍᠂ ᠪᠦᠬᠦ᠌ ᠤᠯᠤᠰ᠎ᠤᠨ 3900 ᠭᠠᠷᠤᠢ ᠲᠦᠮᠡᠨ ᠨᠠᠮ᠎ᠤᠨ ᠬᠡᠱᠢᠭᠦᠨ᠎ᠢ ᠲᠦᠯᠦᠭᠡᠯᠡᠪᠡ᠃ ᠳ᠋ᠧᠩ ᠱᠢᠶᠤᠤ ᠫᠢᠩ ᠬᠤᠷᠠᠯ ᠡᠬᠢᠯᠡᠬᠦ᠌ ᠦᠭᠡ ᠬᠡᠯᠡᠪᠡ᠃ ᠬᠤ᠌ ᠶᠤᠤ ᠪᠠᠩ ᠠᠷᠪᠠᠨ ᠨᠢᠭᠡᠲᠦᠭᠡᠷ ᠬᠤᠭᠤᠴᠠᠭᠠᠨ᠎ᠤ ᠲᠦᠪ ᠬᠤᠷᠢᠶᠠᠨ᠎ᠤ ᠡᠮᠦᠨ᠎ᠡ᠎ᠠᠴᠠ 《ᠨᠡᠢᠭᠡᠮ ᠵᠢᠷᠦᠮᠳᠤ ᠤᠳᠤᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠪᠠᠢᠲᠠᠯ᠎ᠢ ᠪᠦᠬᠦ᠌ ᠲᠠᠯ᠎ᠠ᠎ᠪᠠᠷ ᠡᠭᠦᠳᠰᠦᠭᠡᠢ》 ᠬᠡᠰᠡᠨ ᠰᠡᠲᠦᠪ᠎ᠢᠶᠠᠷ ᠢᠯᠡᠳᠭᠡᠯ ᠬᠢᠪᠡ᠃ ᠶᠡᠭᠡ ᠬᠤᠷᠠᠯ᠎ᠠᠴᠠ ᠢᠯᠡᠳᠭᠡᠯ ᠪᠤᠯᠤᠨ ᠱᠢᠨ᠎ᠡ᠎ᠪᠠᠷ ᠵᠠᠰᠠᠪᠤᠷᠢ ᠤᠷᠤᠭᠤᠯᠤᠬ᠍ᠰᠠᠨ 《ᠲᠤᠮᠲᠠᠲᠤ ᠤᠯᠤᠰ᠎ᠤᠨ ᠡᠪ ᠬᠠᠮᠲᠦ ᠨᠠᠮ᠎ᠤᠨ ᠲᠦᠷᠢᠮ》 ᠎ᠢ ᠬᠢᠨᠠᠨ ᠵᠦᠪᠯᠡᠨ ᠪᠠᠲᠤᠯᠠᠵᠦ᠍᠂ ᠲᠦᠪ᠎ᠤᠨ ᠰᠠᠬᠢᠯᠭ᠎ᠠ ᠪᠠᠲᠦ ᠪᠠᠢᠴᠠᠭᠠᠬᠤ ᠬᠤᠷᠢᠶᠠᠨ᠎ᠤ ᠠᠵᠢᠯ᠎ᠤᠨ ᠮᠡᠲᠡᠭᠦᠯᠦᠯᠲᠡ᠎ᠶ᠋ᠢ ᠵᠦᠪᠱᠢᠶᠡᠷᠡᠵᠦ᠍᠂ ᠲᠦᠪ ᠬᠤᠷᠢᠶ᠎ᠠ᠂ ᠲᠦᠪ᠎ᠤᠨ ᠵᠦᠪᠯᠡᠭ᠌ᠴᠢᠳ᠎ᠤᠨ ᠬᠤᠷᠢᠶ᠎ᠠ ᠪᠤᠯᠤᠨ ᠲᠦᠪ᠎ᠤᠨ ᠰᠠᠬᠢᠯᠭ᠎ᠠ ᠪᠠᠲᠦ ᠪᠠᠢᠴᠠᠭᠠᠬᠤ ᠬᠤᠷᠢᠶ᠎ᠠ᠎ᠶ᠋ᠢ ᠰᠤᠩᠭᠤᠨ ᠭᠠᠷᠭᠠᠵᠠᠢ᠃ ᠶᠧ ᠵᠢᠶᠠᠨ ᠶᠢᠩ᠂ ᠴᠧᠨ ᠶᠦᠨ ᠺᠠᠳ᠋ᠷ᠎ᠤᠨ ᠡᠩᠨᠡᠭᠡᠨ᠎ᠤ ᠱᠢᠨ᠎ᠡ ᠬᠠᠭᠤᠴᠢᠨ᠎ᠤ ᠬᠠᠮᠳᠤᠷᠠᠯᠴᠠᠭ᠎ᠠ ᠪᠠ ᠬᠠᠯᠠᠭ᠎ᠠ ᠵᠠᠯᠭᠠᠮᠵᠢ᠎ᠶ᠋ᠢᠨ ᠠᠰᠠᠭᠤᠲᠠᠯ᠎ᠤᠨ ᠲᠤᠬᠠᠢ ᠶᠠᠷᠢᠶ᠎ᠠ ᠲᠠᠯᠪᠢᠪᠠ᠃ ᠯᠢ ᠱᠢᠶᠠᠨ ᠨᠢᠶᠠᠨ ᠬᠤᠷᠠᠯ ᠲᠡᠭᠦᠰᠭᠦ ᠦᠭᠡ ᠬᠡᠯᠡᠪᠡ᠃

ᠳ᠋ᠧᠩ ᠱᠢᠶᠤᠤ ᠫᠢᠩ ᠬᠤᠷᠠᠯ ᠡᠬᠢᠯᠡᠬᠦ᠌ ᠦᠭᠡ᠎ᠳᠡᠭᠡᠨ 《ᠲᠤᠮᠲᠠᠲᠤ ᠤᠯᠤᠰ᠎ᠤᠨ ᠤᠨᠴᠠᠯᠢᠬ᠎ᠲᠠᠢ ᠨᠡᠢᠭᠡᠮ ᠵᠢᠷᠦᠮ᠎ᠢ ᠪᠦᠲᠦᠭᠡᠨ ᠪᠠᠢᠭᠤᠯᠬᠤ》 ᠴᠢᠬᠤᠯᠠ ᠶᠡᠭᠡ ᠰᠡᠲᠦᠪ᠎ᠢ ᠲᠤᠲᠤᠷᠬᠠᠢ ᠲᠤᠷᠠᠳᠴᠤ᠌᠂ ᠦᠭᠡᠷᠡᠴᠢᠯᠡᠯᠲᠡ ᠨᠡᠭᠡᠭᠡᠯᠲᠡ᠎ᠶ᠋ᠢᠨ ᠱᠢᠨ᠎ᠡ ᠴᠠᠬ ᠦᠶ᠎ᠡ᠎ᠳᠤ ᠤᠷᠤᠬ᠍ᠰᠠᠨ᠎ᠤ ᠲᠠᠷᠠᠭ᠎ᠠ ᠲᠤᠮᠲᠠᠲᠤ ᠤᠯᠤᠰ ᠶᠠᠮᠠᠷ ᠵᠠᠮ᠎ᠢᠶᠠᠷ ᠵᠠᠮᠨᠠᠬᠤ ᠬᠡᠬᠦ᠌ ᠡᠨᠡ ᠬᠦ᠌ ᠬᠦᠮᠦᠰ᠎ᠤᠨ ᠬᠠᠮᠤᠭ᠎ᠠᠴᠠ ᠠᠩᠬᠠᠷᠴᠤ᠌ ᠪᠠᠢᠭ᠎ᠠ ᠴᠢᠬᠤᠯᠠ ᠶᠡᠭᠡ ᠠᠰᠠᠭᠤᠲᠠᠯ᠎ᠳᠤ ᠬᠠᠷᠢᠭᠤᠯᠲᠠ ᠦᠭ᠌ᠴᠦ᠂ ᠱᠢᠨ᠎ᠡ ᠴᠠᠬ ᠦᠶ᠎ᠡ᠎ᠶ᠋ᠢᠨ ᠦᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠦᠮᠳᠤ ᠤᠳᠤᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠵᠢᠯᠤᠭᠤᠳᠭᠤ ᠠᠭᠤᠤ ᠶᠡᠭᠡ ᠲᠤᠭ ᠲᠡᠮᠲᠡᠭ ᠪᠤᠯᠤᠬ᠍ᠰᠠᠨ ᠪᠠᠢᠨ᠎ᠠ᠃

ᠶᠡᠭᠡ ᠬᠤᠷᠠᠯ᠎ᠠᠴᠠ 210 ᠬᠡᠱᠢᠭᠦᠨ᠂ 138 ᠤᠷᠤᠯᠠᠬ᠍ᠴᠢ ᠬᠡᠱᠢᠭᠦᠨ᠎ᠢᠶᠠᠷ ᠪᠦᠷᠢᠯᠲᠦᠭ᠌ᠰᠡᠨ ᠲᠦᠪ ᠬᠤᠷᠢᠶ᠎ᠠ᠂ 172 ᠬᠡᠱᠢᠭᠦᠨ᠎ᠢᠶᠠᠷ ᠪᠦᠷᠢᠯᠲᠦᠭ᠌ᠰᠡᠨ ᠲᠦᠪ᠎ᠤᠨ ᠵᠦᠪᠯᠡᠭ᠌ᠴᠢᠳ᠎ᠤᠨ ᠬᠤᠷᠢᠶ᠎ᠠ ᠪᠤᠯᠤᠨ 132 ᠬᠡᠱᠢᠭᠦᠨ᠎ᠢᠶᠠᠷ ᠪᠦᠷᠢᠯᠲᠦᠭ᠌ᠰᠡᠨ ᠲᠦᠪ᠎ᠤᠨ ᠰᠠᠬᠢᠯᠭ᠎ᠠ ᠪᠠᠲᠦ ᠪᠠᠢᠴᠠᠭᠠᠬᠤ ᠬᠤᠷᠢᠶ᠎ᠠ᠎ᠶ᠋ᠢ ᠰᠤᠩᠭᠤᠨ ᠭᠠᠷᠭᠠᠵᠠᠢ᠃

ᠨᠠᠮ᠎ᠤᠨ ᠠᠷᠪᠠᠨ ᠬᠤᠶᠠᠳᠤᠭᠠᠷ ᠶᠡᠭᠡ ᠬᠤᠷᠠᠯ ᠪᠤᠯ ᠱᠢᠨ᠎ᠡ ᠴᠠᠬ ᠬᠤᠭᠤᠴᠠᠭᠠᠨ᠎ᠳᠤ ᠤᠷᠤᠬ᠍ᠰᠠᠨ᠎ᠤ ᠲᠠᠷᠠᠭ᠎ᠠ ᠨᠠᠮ᠎ᠤᠨ ᠬᠤᠷᠠᠯᠳᠤᠭᠤᠯᠤᠬ᠍ᠰᠠᠨ ᠠᠩᠬᠠᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ ᠪᠤᠯᠤᠨ᠎ᠠ᠃ ᠡᠨᠡ ᠤᠳᠠᠭᠠᠨ᠎ᠤ ᠶᠡᠭᠡ ᠬᠤᠷᠠᠯ᠎ᠠᠴᠠ ᠡᠬᠢᠯᠡᠨ᠂ ᠨᠠᠮ᠎ᠤᠨ ᠲᠦᠷᠢᠮ᠎ᠤᠨ ᠲᠤᠬ᠍ᠲᠠᠭᠠᠯ ᠶᠤᠰᠤᠭᠠᠷ ᠨᠠᠮ᠎ᠤᠨ ᠪᠦᠬᠦ᠌ ᠤᠯᠤᠰ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠢ ᠲᠠᠪᠤᠨ ᠵᠢᠯ᠎ᠳᠤ ᠨᠢᠭᠡ ᠤᠳᠠᠭ᠎ᠠ ᠬᠤᠷᠠᠯᠳᠤᠭᠤᠯᠬᠤ᠎ᠪᠠᠷ ᠲᠤᠬ᠍ᠲᠠᠭᠠᠨ ᠲᠦᠷᠢᠮᠵᠢᠭᠦᠯᠦᠭ᠌ᠰᠡᠨ ᠪᠠᠢᠨ᠎ᠠ᠃

(《ᠰᠤᠷᠤᠯᠴᠠᠯᠭ᠎ᠠ᠎ᠶ᠋ᠢᠨ ᠬᠦᠴᠦᠷᠭᠡᠭ ᠤᠯᠤᠰ》 ᠱᠢᠯᠵᠢᠶ᠎ᠡ᠎ᠠᠴᠠ ᠬᠠᠨ ᠯᠢᠩ ᠯᠢᠩ ᠤᠷᠴᠢᠭᠤᠯᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号