《ᠲᠥᠷᠥ᠍ ᠵᠠᠰᠠᠭ ᠪᠣᠯ ᠲᠠᠷᠤᠢ ᠠᠷᠠᠳ ᠲᠦᠮᠡᠨ ᠮᠦᠨ᠂ ᠠᠷᠠᠳ ᠲᠦᠮᠡᠨ ᠪᠣᠯ ᠳᠠᠷᠤᠢ ᠲᠥᠷᠥ᠍ ᠵᠠᠰᠠᠭ ᠮᠦᠨ》 ᠎ᠤ ᠭᠤᠷᠪᠠᠨ ᠠᠭᠤᠯᠤᠬ᠍ᠳᠠᠬᠤᠨ ​
2021-08-18 10:15:21
ᠵᠣᠬᠢᠶᠠᠭ᠍ᠴᠢ᠄
● ᠳ᠋ᠦᠩ ᠳ᠋ᠧ ᠹᠦ᠋
ᠣᠩᠱᠢᠭ᠍ᠰᠠᠨ ᠣᠳᠠᠭ᠎ᠠ᠄
★★★☆☆

ᠶᠡᠷᠦᠩᠬᠡᠶ ᠱᠦᠵᠢ ᠰᠢ᠎ᠶ᠋ᠢᠨ ᠫᠢᠩ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠳᠠᠢᠴᠢᠯᠠᠯᠲᠠ᠎ᠶ᠋ᠢᠨ ᠶᠡᠭᠡ ᠬᠤᠷᠠᠯ ᠳᠡᠭᠡᠷ᠎ᠡ᠂ ᠲᠥᠷᠥ᠍ ᠵᠠᠰᠠᠭ ᠪᠣᠯ ᠳᠠᠷᠤᠢ ᠠᠷᠠᠳ ᠲᠦᠮᠡᠨ ᠮᠦᠨ᠂ ᠠᠷᠠᠳ ᠲᠦᠮᠡᠨ ᠪᠣᠯ ᠳᠠᠷᠤᠢ ᠲᠥᠷᠥ᠍ ᠵᠠᠰᠠᠭ ᠮᠦᠨ ᠭᠡᠳᠡᠭ᠎ᠢ ᠲᠡᠦᠬᠡ ᠭᠦᠢᠴᠡᠳ ᠭᠡᠷᠡᠴᠢᠯᠡᠵᠡᠶ ᠭᠡᠵᠦ᠍ ᠵᠢᠭᠠᠵᠤ ᠭᠠᠷᠭᠠᠪᠠ᠃ ᠡᠨᠡ ᠬᠦ᠌ ᠨᠤᠲᠠᠯᠠᠯᠲᠠ᠎ᠨᠢ ᠠᠷᠠᠳᠴᠢ ᠴᠢᠨᠠᠷ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠢᠯᠡ ᠲᠣᠳᠣ ᠳᠡᠪᠢᠰᠭᠡᠷ ᠥᠩᠭᠡ ᠪᠣᠯᠬᠤ᠎ᠶ᠋ᠢ ᠭᠦᠨᠵᠡᠭᠡᠶ ᠢᠯᠡᠷᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠥᠬᠦ᠌ ᠰᠡᠳᠭᠢᠯ ᠪᠥᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠢᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ 《ᠣᠭ ᠰᠠᠨᠠᠭ᠎ᠠ᠎ᠪᠠᠨ ᠥᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠡᠷᠡᠰ ᠵᠣᠷᠢᠭ᠎ᠢ ᠢᠯᠡᠳᠭᠡᠵᠦ᠍᠂ ᠡᠯᠪᠡᠭ ᠪᠠᠶᠠᠯᠢᠭ ᠪᠥᠭᠡᠳ ᠭᠦᠨ ᠭᠦᠨᠵᠡᠭᠡᠶ ᠤᠳᠭ᠎ᠠ ᠠᠭᠤᠯᠭ᠎ᠠ᠎ᠲᠠᠢ ᠶᠤᠮ᠃

《ᠲᠥᠷᠥ᠍ ᠵᠠᠰᠠᠭ ᠪᠣᠯ ᠳᠠᠷᠤᠢ ᠠᠷᠠᠳ ᠲᠦᠮᠡᠨ ᠮᠦᠨ᠂ ᠠᠷᠠᠳ ᠲᠦᠮᠡᠨ ᠪᠣᠯ ᠳᠠᠷᠤᠢ ᠲᠥᠷᠥ᠍ ᠵᠠᠰᠠᠭ ᠮᠦᠨ》 ᠎ᠤ ᠣᠨᠣᠯ᠎ᠤᠨ ᠠᠭᠤᠯᠤᠬ᠍ᠳᠠᠬᠤᠨ

《ᠲᠥᠷᠥ᠍ ᠵᠠᠰᠠᠭ ᠪᠣᠯ ᠳᠠᠷᠤᠢ ᠠᠷᠠᠳ ᠲᠦᠮᠡᠨ ᠮᠦᠨ᠂ ᠠᠷᠠᠳ ᠲᠦᠮᠡᠨ ᠪᠣᠯ ᠳᠠᠷᠤᠢ ᠲᠥᠷᠥ᠍ ᠵᠠᠰᠠᠭ ᠮᠦᠨ》 ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 《ᠬᠡᠨ᠎ᠤ ᠲᠥᠯᠥᠭᠡ ᠪᠠᠢᠬᠤ᠂ ᠬᠡᠨ᠎ᠳᠤ ᠲᠦᠱᠢᠭ᠌ᠯᠡᠬᠦ᠌》 ᠭᠡᠬᠦ᠌ ᠦᠨᠳᠦᠰᠦᠨ ᠠᠰᠠᠭᠤᠳᠠᠯ᠎ᠤᠨ ᠲᠤᠬᠠᠶ ᠣᠨᠣᠯ᠎ᠤᠨ ᠬᠠᠷᠢᠭᠤᠯᠲᠠ ᠪᠠᠢᠵᠦ᠍᠂ 《ᠠᠷᠠᠳ ᠲᠦᠮᠡᠨ᠎ᠤ ᠵᠣᠭ᠍ᠰᠣᠯᠲᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠨ ᠤᠯᠤᠰ ᠲᠥᠷᠥ᠎ᠶ᠋ᠢᠨ ᠵᠣᠭ᠍ᠰᠣᠯᠲᠠ ᠮᠥᠨ᠂ ᠮᠠᠷᠺᠰ᠎ᠤᠨ ᠦᠵᠡᠯ᠎ᠤᠨ ᠲᠥᠷᠥ᠎ᠶ᠋ᠢᠨ ᠨᠠᠮ᠎ᠤᠨ ᠪᠤᠰᠤᠳ ᠲᠥᠷᠥ᠎ᠶ᠋ᠢᠨ ᠨᠠᠮ᠎ᠠᠴᠠ ᠢᠯᠭᠠᠭ᠍ᠳᠠᠬᠤ ᠢᠯᠡᠷᠬᠡᠶ ᠱᠢᠨᠵᠢ ᠲᠡᠮᠳᠡᠭ ᠪᠤᠯᠤᠨ᠎ᠠ》᠃

ᠮᠠᠷᠺᠰ᠎ᠤᠨ ᠦᠵᠡᠯ ᠪᠣᠯ ᠱᠢᠨᠵᠢᠯᠡᠬᠦ᠌ ᠤᠬᠠᠭᠠᠨᠴᠢ ᠴᠢᠨᠠᠷ᠂ ᠠᠷᠠᠳᠴᠢ ᠴᠢᠨᠠᠷ᠂ ᠦᠢᠯᠡᠳᠦᠯᠭᠡᠲᠦ ᠴᠢᠨᠠᠷ᠂ ᠨᠡᠭᠡᠭᠡᠯᠲᠡᠲᠦ ᠴᠢᠨᠠᠷ᠎ᠲᠠᠢ ᠪᠠᠢᠳᠠᠭ᠃ ᠡᠭᠦᠨ᠎ᠳᠤ ᠠᠷᠠᠳᠴᠢ ᠴᠢᠨᠠᠷ ᠪᠣᠯ ᠮᠠᠷᠺᠰ᠎ᠤᠨ ᠦᠵᠡᠯ᠎ᠤᠨ ᠤᠨᠤᠯ᠎ᠤᠨ ᠰᠦᠭ ᠰᠦᠨᠡᠰᠦ ᠮᠥᠨ᠂ ᠲᠡᠷᠡ᠎ᠨᠢ ᠪᠤᠰᠤᠳ ᠬᠡᠳᠦᠨ ᠣᠨᠴᠠᠯᠢᠭ᠎ᠲᠠᠢ ᠳᠣᠲᠣᠭᠠᠳᠤ ᠨᠢᠭᠡᠳᠦᠯᠲᠦ ᠴᠢᠨᠠᠷ᠎ᠲᠠᠢ ᠪᠠᠢᠳᠠᠭ᠃ ᠱᠢᠨᠵᠢᠯᠡᠬᠦ᠌ ᠤᠬᠠᠭᠠᠨᠴᠢ ᠴᠢᠨᠠᠷ ᠪᠣᠯ ᠠᠷᠠᠳᠴᠢ ᠴᠢᠨᠠᠷ᠎ᠤᠨ ᠦᠨᠳᠦᠰᠦᠨ ᠤᠷᠢᠲᠠᠯ ᠪᠤᠯᠤᠨ᠎ᠠ᠃ ᠮᠠᠷᠺᠰ᠎ᠤᠨ ᠦᠵᠡᠯ ᠪᠣᠯ ᠱᠢᠨᠵᠢᠯᠡᠬᠦ᠌ ᠤᠬᠠᠭᠠᠨᠴᠢ ᠤᠨᠤᠯ ᠪᠠᠢᠵᠦ᠍᠂ ᠲᠡᠭᠦᠨ᠎ᠳᠤ ᠠᠭᠤᠯᠤᠭ᠍ᠳᠠᠵᠤ ᠪᠠᠢᠭ᠎ᠠ ᠲᠡᠦᠬᠡ᠎ᠶ᠋ᠢᠨ ᠵᠢᠮ᠎ᠡ ᠶᠣᠰᠣᠨ᠎ᠤ ᠤᠨᠤᠯ᠂ ᠲᠡᠦᠬᠡ᠎ᠶ᠋ᠢᠨ ᠭᠤᠣᠯ ᠴᠣᠭ᠍ᠴᠠ᠎ᠶ᠋ᠢᠨ ᠤᠨᠤᠯ᠂ ᠲᠡᠦᠬᠡ᠎ᠶ᠋ᠢᠨ ᠬᠥᠳᠡᠯᠭᠡᠬᠦ᠌ ᠬᠦᠴᠦᠨ᠎ᠤ ᠤᠨᠤᠯ᠂ ᠲᠡᠦᠬᠡ᠎ᠶ᠋ᠢᠨ ᠬᠠᠷᠠᠯᠲᠠ᠎ᠶ᠋ᠢᠨ ᠤᠨᠤᠯ᠎ᠤᠨ ᠨᠢᠭᠡᠳᠦᠯ᠎ᠨᠢ ᠬᠥᠮᠦᠨ ᠲᠥᠷᠥᠯᠬᠢᠲᠡᠨ᠎ᠤ ᠡᠷᠬᠡ ᠴᠢᠯᠥᠭᠡᠨ᠎ᠤ ᠴᠢᠯᠥᠭᠡᠯᠡᠯᠲᠡ᠎ᠳᠤ ᠴᠢᠭ᠌ᠯᠡᠯ᠎ᠢ ᠵᠢᠭᠠᠨ ᠥᠭ᠌ᠴᠦ᠂ ᠠᠷᠠᠳ ᠲᠦᠮᠡᠨ᠎ᠤ ᠵᠣᠯ ᠵᠢᠷᠭᠠᠯ᠎ᠢ ᠪᠡᠶᠡᠯᠡᠭᠦᠯᠬᠦ᠌᠎ᠳᠤ ᠱᠢᠨᠵᠢᠯᠡᠬᠦ᠌ ᠤᠬᠠᠭᠠᠨᠴᠢ ᠤᠨᠤᠯ᠎ᠤᠨ ᠰᠠᠭᠤᠷᠢ᠎ᠶ᠋ᠢ ᠲᠠᠯᠪᠢᠵᠤ ᠥᠭ᠌ᠴᠡᠢ; ᠦᠢᠯᠡᠳᠦᠯᠭᠡᠲᠦ ᠴᠢᠨᠠᠷ ᠪᠣᠯ ᠠᠷᠠᠳᠴᠢ ᠴᠢᠨᠠᠷ᠎ᠤᠨ ᠮᠥᠨ ᠴᠢᠨᠠᠷ᠎ᠤᠨ ᠱᠢᠨᠵᠢ ᠮᠥᠨ᠃ ᠮᠠᠷᠺᠰ᠎ᠤᠨ ᠦᠵᠡᠯ ᠪᠣᠯ ᠦᠢᠯᠡᠳᠦᠯᠭᠡ᠎ᠶ᠋ᠢᠨ ᠤᠨᠤᠯ ᠮᠥᠨ᠂ ᠠᠷᠠᠳ ᠤᠯᠠᠨ ᠪᠣᠯ ᠲᠡᠦᠬᠡ᠎ᠶ᠋ᠢᠨ ᠦᠢᠯᠡᠳᠦᠯᠭᠡ᠎ᠶ᠋ᠢᠨ ᠠᠵᠢᠯᠯᠠᠭ᠎ᠠ᠎ᠶ᠋ᠢᠨ ᠪᠡᠶᠡᠴᠢ ᠴᠣᠭ᠍ᠴᠠ ᠮᠥᠨ᠂ ᠮᠠᠷᠺᠰ᠎ᠤᠨ ᠦᠵᠡᠯ ᠪᠣᠯ ᠶᠠᠭ ᠠᠷᠠᠳ ᠲᠦᠮᠡᠨ᠎ᠤ ᠴᠢᠯᠥᠭᠡᠯᠡᠯᠲᠡ᠎ᠪᠠᠨ ᠡᠷᠢᠯᠬᠢᠯᠡᠬᠦ᠌ ᠦᠢᠯᠡᠳᠦᠯᠭᠡ᠎ᠶ᠋ᠢᠨ ᠰᠠᠭᠤᠷᠢᠨ ᠳᠡᠭᠡᠷ᠎ᠡ ᠪᠤᠢ ᠪᠤᠯᠵᠦ᠍᠂ ᠪᠦᠷᠢᠯᠳᠦᠵᠦ᠍᠂ ᠪᠠᠶᠠᠯᠢᠭ᠍ᠵᠢᠵᠤ᠂ ᠬᠥᠭ᠌ᠵᠢᠵᠦ᠍ ᠪᠠᠢᠳᠠᠭ᠂ ᠶᠠᠭ ᠡᠨᠡ ᠬᠦ᠌ ᠦᠢᠯᠡᠳᠦᠯᠭᠡ᠎ᠶ᠋ᠢᠨ ᠶᠠᠪᠤᠴᠠ᠎ᠳᠤ ᠠᠷᠠᠳ ᠲᠦᠮᠡᠨ᠎ᠤ ᠪᠡᠶᠡᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠲᠣᠭ᠍ᠲᠠᠭᠠᠵᠦ᠍᠂ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠶ᠋ᠢ ᠪᠡᠶᠡᠯᠡᠭᠦᠯᠵᠦ᠍ ᠪᠠᠢᠳᠠᠭ᠃ ᠨᠡᠭᠡᠭᠡᠯᠲᠡᠲᠦ ᠴᠢᠨᠠᠷ ᠪᠣᠯ ᠠᠷᠠᠳᠴᠢ ᠴᠢᠨᠠᠷ᠎ᠤᠨ ᠳᠣᠲᠣᠭᠠᠳᠤ ᠱᠠᠭᠠᠷᠳᠠᠯᠭ᠎ᠠ ᠮᠥᠨ᠃ ᠮᠠᠷᠺᠰ᠎ᠤᠨ ᠦᠵᠡᠯ ᠪᠣᠯ ᠲᠡᠰᠦᠷᠡᠯᠳᠠ ᠤᠢ᠍ᠭᠡᠢ ᠬᠥᠭ᠌ᠵᠢᠵᠦ᠍ ᠪᠠᠢᠭ᠎ᠠ ᠨᠡᠭᠡᠭᠡᠯᠳᠠ᠎ᠶ᠋ᠢᠨ ᠤᠨᠦᠯ ᠪᠣᠯᠬᠤᠷ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠬᠤ ᠤᠨᠦᠯ᠎ᠤᠨ ᠬᠡᠪ ᠴᠢᠨᠠᠷ᠎ᠲᠠᠢ ᠪᠠᠢᠳᠠᠭ᠃

《ᠲᠥᠷᠥ᠍ ᠵᠠᠰᠠᠭ ᠪᠣᠯ ᠳᠠᠷᠤᠢ ᠠᠷᠠᠳ ᠲᠦᠮᠡᠨ ᠮᠦᠨ᠂ ᠠᠷᠠᠳ ᠲᠦᠮᠡᠨ ᠪᠣᠯ ᠳᠠᠷᠤᠢ ᠲᠥᠷᠥ᠍ ᠵᠠᠰᠠᠭ ᠮᠦᠨ》 ᠎ᠤ ᠲᠡᠦᠬᠡ᠎ᠶ᠋ᠢᠨ ᠠᠭᠤᠯᠤᠬ᠍ᠳᠠᠬᠤᠨ

ᠲᠡᠦᠬᠡ᠎ᠶ᠋ᠢᠨ ᠬᠠᠭᠤᠳᠠᠰᠤᠨ᠎ᠳᠤ ᠲᠡᠮᠳᠡᠭ᠌ᠯᠡᠭ᠌ᠳᠡᠭ᠌ᠰᠡᠨ ᠵᠠᠭᠤᠨ ᠵᠢᠯ᠎ᠤᠨ ᠲᠡᠮᠡᠴᠡᠯ᠎ᠤᠨ ᠥᠩᠭᠡᠷᠡᠯᠲᠡ᠎ᠶ᠋ᠢ ᠡᠷᠭᠢᠴᠡᠭᠦᠯᠪᠡᠯ᠂ ᠳᠤᠮᠳᠠᠳᠤ ᠤᠯᠤᠰ᠎ᠤᠨ ᠡᠪ ᠬᠠᠮᠲᠤ ᠨᠠᠮ 《ᠠᠷᠠᠳ ᠲᠦᠮᠡᠨ᠎ᠳᠤ ᠲᠦᠱᠢᠭ᠌ᠯᠡᠬᠦ᠂ ᠠᠷᠠᠳ ᠲᠦᠮᠡᠨ᠎ᠤ ᠲᠥᠯᠥᠭᠡ》 ᠭᠡᠬᠦ᠌ ᠡᠨᠡ ᠬᠦ᠌ ᠲᠡᠦᠬᠡ᠎ᠶ᠋ᠢᠨ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠢᠮᠠᠭ᠍ᠲᠠ ᠪᠠᠲᠤ ᠪᠠᠷᠢᠮᠲᠠᠯᠠᠬ᠍ᠰᠠᠭᠠᠷ ᠢᠷᠡᠵᠡᠢ᠃

《ᠠᠷᠠᠳ ᠲᠦᠮᠡᠨ᠎ᠤ ᠦᠢᠯᠡᠰ》 ᠪᠣᠯᠤᠨ 《ᠠᠷᠠᠳ ᠲᠦᠮᠡᠨ᠎ᠤ ᠲᠥᠯᠥᠭᠡ ᠵᠢᠳᠬᠦᠬᠦ᠌ ᠦᠢᠯᠡᠰ》 ᠪᠤᠯ ᠨᠢᠭᠡᠳᠦᠯᠲᠡᠢ ᠪᠠᠢᠳᠠᠭ᠃ 《ᠠᠷᠠᠳ ᠲᠦᠮᠡᠨ》 ᠪᠣᠯ ᠳᠤᠮᠳᠠᠳᠤ ᠤᠯᠤᠰ᠎ᠤᠨ ᠬᠤᠪᠢᠰᠭᠠᠯ᠂ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠪᠣᠯᠤᠨ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠥᠨᠢᠳᠡ᠎ᠶ᠋ᠢᠨ ᠭᠤᠣᠯ ᠰᠡᠳᠦᠪ ᠮᠥᠨ᠃ ᠲᠡᠦᠬᠡ ᠲᠠᠰᠤᠷᠠᠯᠳᠠ ᠦᠭᠡᠢ ᠤᠯᠠᠷᠢᠨ ᠬᠤᠪᠢᠷᠠᠵᠤ ᠪᠠᠢᠨ᠎ᠠ᠂ ᠭᠡᠪᠡᠴᠦ᠍ ᠬᠤᠪᠢᠷᠠᠰᠢ ᠦᠭᠡᠢ᠎ᠨᠢ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠠᠷᠠᠳ ᠲᠦᠮᠡᠨ᠎ᠢ ᠢᠮᠠᠭ᠍ᠲᠠ ᠪᠤᠳᠤᠬᠤ ᠤᠭ ᠰᠠᠨᠠᠭ᠎ᠠ ᠪᠣᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳᠴᠢ ᠴᠢᠨᠠᠷ ᠲᠡᠦᠬᠡ᠎ᠶ᠋ᠢᠨ ᠬᠤᠪᠢᠰᠤᠯᠲᠠ᠎ᠶ᠋ᠢᠨ ᠳᠤᠮᠳᠠ ᠤᠯᠠᠮᠵᠢᠯᠠᠭ᠍ᠳᠠᠨ ᠬᠥᠭ᠌ᠵᠢᠵᠦ᠍᠂ 《ᠠᠷᠠᠳ ᠲᠦᠮᠡᠨ ᠪᠣᠯ ᠪᠦᠬᠦᠳᠡ ᠨᠠᠢᠷᠠᠮᠳᠠᠬᠤ ᠤᠯᠤᠰ᠎ᠤᠨ ᠪᠠᠲᠤ ᠪᠠᠬᠢ ᠦᠨᠳᠦᠰᠦ ᠰᠠᠭᠤᠷᠢ ᠮᠥᠨ᠂ ᠠᠷᠠᠳ ᠲᠦᠮᠡᠨ ᠪᠣᠯ ᠪᠢᠳᠡᠨ᠎ᠤ ᠲᠦᠷᠦ᠍ ᠪᠠᠷᠢᠬᠤ ᠬᠠᠮᠤᠭ᠎ᠤᠨ ᠶᠡᠭᠡ ᠢᠳᠡ ᠬᠦᠴᠦᠨ ᠮᠥᠨ》 ᠭᠡᠬᠦ᠌ ᠡᠨᠡ ᠬᠦ᠌ ᠲᠡᠦᠬᠡ᠎ᠶ᠋ᠢᠨ ᠦᠨᠡᠨ ᠶᠣᠰᠣ᠎ᠶ᠋ᠢ ᠬᠦᠴᠦᠲᠡᠢ ᠲᠠᠢᠯᠪᠤᠷᠢᠯᠠᠪᠠ᠃ ᠲᠡᠦᠬᠡ᠎ᠶ᠋ᠢ ᠠᠷᠠᠳ ᠲᠦᠮᠡᠨ ᠪᠢᠴᠢᠭ᠌ᠯᠡᠭ᠌ᠰᠡᠨ ᠶᠤᠮ᠂ 《ᠠᠷᠠᠳ ᠲᠦᠮᠡᠨ ᠪᠣᠯ ᠲᠡᠦᠬᠡ᠎ᠶ᠋ᠢᠨ ᠡᠭᠦᠳᠦᠨ ᠪᠦᠲᠦᠭᠡᠭ᠌ᠴᠢ᠂ ᠠᠷᠠᠳ ᠲᠦᠮᠡᠨ ᠪᠣᠯ ᠵᠢᠩᠬᠢᠨᠢ ᠪᠠᠭᠠᠲᠤᠷ ᠮᠥᠨ》᠃ 

ᠤᠮᠠᠷᠠᠰᠢ ᠳᠠᠢᠯᠠᠬᠤ ᠳᠠᠢᠨ᠂ ᠭᠠᠵᠠᠷ ᠲᠠᠷᠢᠶᠠᠨ᠎ᠤ ᠬᠤᠪᠢᠰᠭᠠᠯ ᠴᠤ᠌ ᠲᠡᠷᠡ᠂ ᠶᠠᠫᠣᠨ᠎ᠢ ᠡᠰᠡᠷᠭᠦᠴᠡᠬᠦ᠌ ᠳᠠᠢᠨ᠂ ᠴᠢᠯᠥᠭᠡᠯᠡᠬᠦ᠌ ᠳᠠᠢᠨ ᠴᠦ᠍ ᠲᠡᠷᠡ᠂ ᠮᠥᠨ ᠴᠢᠨᠠᠷ ᠳᠡᠭᠡᠷ᠎ᠡ᠎ᠪᠠᠨ ᠴᠥᠮ ᠠᠷᠠᠳ᠎ᠤᠨ ᠳᠠᠢᠨ ᠮᠥᠨ᠃ ᠲᠦᠷᠦ᠍ ᠵᠠᠰᠠᠭ ᠪᠣᠯ ᠳᠠᠷᠤᠢ ᠠᠷᠠᠳ ᠲᠦᠮᠡᠨ᠂ ᠠᠷᠠᠳ ᠲᠦᠮᠡᠨ ᠪᠣᠯ ᠳᠠᠷᠤᠢ ᠲᠦᠷᠦ᠍ ᠵᠠᠰᠠᠭ ᠪᠠᠢᠵᠦ᠍᠂ ᠬᠥᠮᠦᠨ᠎ᠤ ᠰᠡᠳᠭᠢᠯ᠎ᠤᠨ ᠬᠠᠨᠳᠤᠰᠢ᠎ᠨᠢ ᠨᠠᠮ᠎ᠤᠨ ᠮᠠᠨᠳᠤᠵᠤ ᠮᠥᠬᠦᠬᠦ᠌᠎ᠲᠠᠢ ᠬᠤᠯᠪᠣᠭ᠍ᠳᠠᠨ᠎ᠠ ᠭᠡᠳᠡᠭ᠎ᠢ ᠲᠡᠦᠬᠡ ᠭᠦᠢᠴᠡᠳ ᠭᠡᠷᠡᠴᠢᠯᠡᠵᠡᠢ᠃ ᠡᠨᠡ ᠪᠣᠯ ᠲᠤᠭ᠎ᠠ ᠲᠣᠮᠰᠢ ᠦᠭᠡᠢ ᠲᠡᠦᠬᠡᠨ ᠪᠣᠳᠠᠲᠤ ᠬᠡᠷᠡᠭ᠎ᠠᠴᠠ ᠣᠯᠤᠭ᠍ᠰᠠᠨ ᠵᠢᠮ᠎ᠡ ᠶᠣᠰᠣᠴᠢ ᠴᠢᠨᠠᠷᠲᠠᠢ ᠲᠡᠦᠬᠡᠨ ᠳ᠋ᠦᠩᠨᠡᠯᠲᠡ ᠪᠠ ᠦᠨᠳᠦᠰᠦᠨ ᠲᠤᠷᠱᠢᠯᠭ᠎ᠠ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡ ᠡᠢᠮᠦ᠍ ᠨᠢᠭᠡᠨ ᠭᠦᠨ ᠶᠣᠰᠣ᠎ᠶ᠋ᠢ ᠢᠯᠡᠷᠡᠭᠦᠯᠪᠡ᠄ ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠦᠶ᠎ᠡ᠎ᠳᠤ᠂ ᠡᠪ ᠬᠠᠮᠲᠤ ᠨᠠᠮ ᠲᠦᠷᠦ᠎ᠶ᠋ᠢ ᠪᠠᠢᠭᠤᠯᠬᠤ᠎ᠳᠤ ᠠᠷᠠᠳ ᠲᠦᠮᠡᠨ᠎ᠢ ᠲᠦᠱᠢᠭ᠌ᠯᠡᠵᠦ᠍᠂ ᠠᠷᠠᠳ ᠲᠦᠮᠡᠨ᠎ᠤ ᠲᠥᠯᠥᠭᠡ ᠲᠡᠮᠡᠴᠡᠪᠡ; ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠲᠡᠷᠠᠭ᠎ᠠ᠂ ᠡᠪ ᠬᠠᠮᠲᠤ ᠨᠠᠮ ᠲᠦᠷᠦ᠎ᠶ᠋ᠢ ᠰᠠᠬᠢᠬᠤ᠎ᠳᠠᠭᠠᠨ ᠴᠤ᠌ ᠠᠷᠠᠳ ᠲᠦᠮᠡᠨ᠎ᠢ ᠲᠦᠱᠢᠭ᠌ᠯᠡᠵᠦ᠍᠂ ᠠᠷᠠᠳ ᠲᠦᠮᠡᠨ᠎ᠤ ᠲᠥᠯᠥᠭᠡ ᠵᠢᠳᠬᠦᠭ᠌ᠰᠡᠨ ᠶᠤᠮ᠃ 

《ᠲᠥᠷᠥ᠍ ᠵᠠᠰᠠᠭ ᠪᠣᠯ ᠳᠠᠷᠤᠢ ᠠᠷᠠᠳ ᠲᠦᠮᠡᠨ ᠮᠦᠨ᠂ ᠠᠷᠠᠳ ᠲᠦᠮᠡᠨ ᠪᠣᠯ ᠳᠠᠷᠤᠢ ᠲᠥᠷᠥ᠍ ᠵᠠᠰᠠᠭ ᠮᠦᠨ》 ᠎ᠤ ᠪᠣᠳᠠᠲᠤ ᠠᠭᠤᠯᠤᠬ᠍ᠳᠠᠬᠤᠨ

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢ ᠰᠤᠷᠤᠯᠴᠠᠬᠤ᠎ᠳᠤ ᠡᠷᠬᠡᠪᠰᠢ ᠶᠡᠭᠡ ᠲᠡᠦᠬᠡ᠎ᠶ᠋ᠢᠨ ᠦᠵᠡᠯᠲᠡ᠎ᠶ᠋ᠢ ᠪᠣᠶ ᠪᠣᠯᠭᠠᠵᠤ᠂ ᠲᠡᠦᠬᠡ᠎ᠶ᠋ᠢᠨ ᠣᠷᠳᠣ ᠤᠳᠠᠭᠠᠨ ᠤᠷᠤᠰᠭᠠᠯ᠂ ᠴᠠᠭ ᠦᠶ᠎ᠡ᠎ᠶ᠋ᠢᠨ ᠶᠡᠭᠡ ᠤᠷᠤᠰᠭᠠᠯ᠂ ᠳᠡᠯᠡᠬᠡᠶ᠎ᠶ᠋ᠢᠨ ᠪᠠᠢᠳᠠᠯ᠎ᠤᠨ ᠳᠤᠮᠳᠠ᠎ᠠᠴᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳᠴᠢ ᠴᠢᠨᠠᠷ᠎ᠢ ᠪᠡᠶᠡᠴᠢᠯᠡᠨ ᠣᠢᠯᠠᠭᠠᠵᠤ᠂ ᠳᠤᠮᠳᠠᠳᠤ ᠤᠯᠤᠰ᠎ᠤᠨ ᠲᠡᠦᠬᠡ᠎ᠶ᠋ᠢᠨ ᠣᠷᠳᠣ ᠬᠤᠭᠤᠴᠠᠭ᠎ᠠ ᠪᠣᠯᠤᠨ ᠳᠡᠯᠡᠬᠡᠶ᠎ᠶ᠋ᠢᠨ ᠲᠡᠦᠬᠡ᠎ᠶ᠋ᠢᠨ ᠳᠤᠮᠳᠠ᠎ᠠᠴᠠ 《ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠲᠡᠢᠯᠬᠦ᠌》 ᠭᠡᠳᠡᠭ᠎ᠢ ᠣᠢᠯᠠᠭᠠᠵᠤ᠂ ᠥᠩᠭᠡᠷᠡᠭ᠌ᠰᠡᠨ᠂ ᠣᠲᠣ᠂ ᠢᠷᠡᠭᠡᠳᠦᠶ᠎ᠶ᠋ᠢ ᠬᠤᠯᠪᠣᠵᠤ᠂ ᠲᠡᠦᠬᠡ᠎ᠠᠴᠠ ᠣᠶᠤᠨ ᠤᠬᠠᠭᠠᠨ ᠪᠠ ᠬᠦᠴᠦᠨ ᠴᠢᠳᠠᠯ ᠱᠢᠩᠭᠡᠭᠡᠨ ᠠᠪᠴᠤ᠌᠂ ᠲᠡᠦᠬᠡ᠎ᠪᠠᠷ ᠣᠲᠣ᠎ᠶ᠋ᠢ ᠭᠡᠢᠭᠦᠯᠵᠦ᠍᠂ ᠢᠷᠡᠭᠡᠳᠦᠶ᠎ᠶ᠋ᠢ ᠰᠡᠩᠬᠡᠷᠡᠭᠦᠯᠬᠦ᠌ ᠬᠡᠷᠡᠭ᠌ᠲᠡᠶ᠃

ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ ᠲᠡᠭᠦᠰᠦᠭ᠌ᠰᠡᠨ᠎ᠤ ᠲᠠᠷᠠᠭ᠎ᠠ᠂ ᠶᠡᠷᠦᠩᠬᠡᠢ ᠱᠦᠵᠢ ᠰᠢ᠎ᠶ᠋ᠢᠨ ᠫᠢᠩ ᠳᠤᠮᠳᠠᠳᠤ ᠭᠠᠳᠠᠭᠠᠳᠤ᠎ᠶ᠋ᠢᠨ ᠰᠤᠷᠪᠤᠯᠵᠢᠯᠠᠬ᠍ᠴᠢᠳ᠎ᠤᠨ ᠠᠭᠤᠯᠵᠠᠯᠲᠠ᠎ᠶ᠋ᠢᠨ ᠬᠤᠷᠠᠯ ᠳᠡᠭᠡᠷ᠎ᠡ᠄ 《ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ᠎ᠤ ᠲᠡᠮᠡᠴᠡᠬᠦ᠌ ᠬᠠᠷᠠᠯᠲᠠ ᠮᠥᠨ》 ᠭᠡᠵᠡᠢ᠃ ᠡᠨᠡ ᠬᠦ᠌ ᠥᠭᠦᠯᠡᠯᠲᠡ᠎ᠨᠢ ᠪᠣᠳᠠᠲᠤ ᠠᠬᠤᠢ᠎ᠶ᠋ᠢᠨ ᠲᠠᠯ᠎ᠠ᠎ᠠᠴᠠ 《ᠲᠦᠷᠦ᠍ ᠵᠠᠰᠠᠭ ᠪᠣᠯ ᠳᠠᠷᠤᠢ ᠠᠷᠠᠳ ᠲᠦᠮᠡᠨ ᠮᠦᠨ᠂ ᠠᠷᠠᠳ ᠲᠦᠮᠡᠨ ᠪᠣᠯ ᠳᠠᠷᠤᠢ ᠲᠦᠷᠦ᠍ ᠵᠠᠰᠠᠭ ᠮᠥᠨ》 ᠭᠡᠬᠦ᠌ ᠭᠦᠨ ᠭᠦᠨᠵᠡᠭᠡᠢ ᠤᠳᠭ᠎ᠠ ᠠᠭᠤᠯᠭ᠎ᠠ᠎ᠶ᠋ᠢ ᠢᠯᠡᠷᠡᠭᠦᠯᠵᠦ᠍᠂ ᠪᠠᠲᠤ ᠪᠠᠬᠢ ᠤᠨᠤᠯ᠎ᠤᠨ ᠰᠠᠭᠤᠷᠢ ᠪᠠ ᠭᠦᠨ ᠵᠤᠵᠠᠭᠠᠨ ᠲᠡᠦᠬᠡ᠎ᠶ᠋ᠢᠨ ᠡᠬᠢ ᠰᠤᠷᠪᠤᠯᠵᠢ᠎ᠲᠠᠢ ᠪᠠᠢᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠪᠣᠳᠠᠲᠤ ᠬᠦᠰᠡᠯ ᠱᠠᠭᠠᠷᠳᠠᠯᠭ᠎ᠠ ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ᠎ᠤᠨ ᠲᠥᠯᠥᠭᠡ ᠲᠦᠷᠦ᠍ ᠪᠠᠷᠢᠬᠤ ᠡᠭᠦᠷᠭᠡ ᠬᠠᠷᠢᠭᠤᠴᠠᠯᠭ᠎ᠠ᠎ᠶ᠋ᠢ ᠲᠤᠰᠭᠠᠭ᠍ᠰᠠᠨ ᠪᠠᠢᠨ᠎ᠠ᠃ 

《ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠨᠢ ᠬᠡᠢᠰᠪᠦᠷᠢ᠂ ᠭᠦᠨ ᠨᠢᠭᠤᠴᠠᠭᠠᠢ ᠤᠬᠠᠭ᠍ᠳᠠᠬᠤᠨ ᠪᠢᠰᠢ》᠂ ᠡᠷᠬᠡᠪᠰᠢ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠡᠯ᠎ᠡ ᠭᠤᠭ᠍ᠴᠤᠭ᠎ᠠ᠎ᠳᠤ ᠢᠯᠡᠷᠡᠬᠦ᠌ ᠬᠡᠷᠡᠭ᠌ᠲᠡᠢ᠃ ᠪᠣᠳᠠᠲᠠᠢ᠎ᠪᠠᠷ ᠬᠡᠯᠡᠪᠡᠯ᠂ ᠠᠷᠠᠳ ᠲᠦᠮᠡᠨ᠎ᠢ ᠢᠲᠡᠭᠡᠵᠦ᠍᠂ ᠠᠷᠠᠳ ᠲᠦᠮᠡᠨ᠎ᠤ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠬᠦᠨᠳᠦᠳᠭᠡᠨ᠂ ᠠᠷᠠᠳ ᠲᠦᠮᠡᠨ᠎ᠤ ᠠᠵᠠ ᠵᠢᠷᠭᠠᠯ᠎ᠢ ᠨᠡᠮᠡᠭ᠌ᠳᠡᠭᠦᠯᠬᠦ᠂ ᠨᠡᠢᠭᠡᠮ᠎ᠤᠨ ᠲᠥᠪ ᠭᠤᠣᠯᠴᠢ ᠱᠢᠳᠤᠷᠭᠤ ᠶᠣᠰᠣ᠎ᠶ᠋ᠢ ᠠᠬᠢᠭᠤᠯᠬᠤ᠎ᠶ᠋ᠢ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠵᠤᠷᠢᠯᠲᠠ ᠪᠠ ᠲᠤᠰᠤᠯᠲᠠ ᠪᠣᠯᠭᠠᠵᠤ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠪᠦᠬᠦ᠌ ᠠᠷᠠᠳ ᠲᠦᠮᠡᠨ᠎ᠳᠤ ᠨᠡᠩ ᠤᠯᠠᠨ ᠨᠡᠩ ᠭᠤᠣᠯᠴᠢ᠎ᠪᠠᠷ ᠬᠦᠷᠲᠡᠭᠡᠵᠦ᠍᠂ ᠪᠦᠬᠦ᠌ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ᠎ᠶ᠋ᠢ ᠦᠨᠡᠨ ᠬᠦ᠌ ᠪᠣᠳᠠᠲᠠᠢ ᠲᠦᠯᠬᠢᠨ ᠠᠬᠢᠭᠤᠯᠵᠤ᠂ ᠠᠷᠠᠳ ᠤᠯᠠᠨ᠎ᠤ ᠬᠦᠷᠳᠡᠮᠵᠢ᠎ᠶ᠋ᠢᠨ ᠲᠦᠷᠦᠭ᠌ᠳᠡᠯ᠂ ᠵᠣᠯ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ᠎ᠢ ᠲᠠᠰᠤᠷᠠᠯᠲᠠ ᠦᠭᠡᠢ ᠨᠡᠮᠡᠭ᠌ᠳᠡᠭᠦᠯᠬᠦ᠌ ᠶᠠᠪᠤᠳᠠᠯ ᠪᠤᠯᠤᠨ᠎ᠠ᠃ 

(《ᠰᠤᠷᠤᠯᠴᠠᠯᠭ᠎ᠠ᠎ᠶ᠋ᠢᠨ ᠬᠦᠴᠦᠷᠭᠡᠭ ᠤᠯᠤᠰ ᠱᠢᠯᠵᠢᠶ᠎ᠡ》 ᠎ᠠᠴᠠ ᠰᠠᠴᠤᠷᠠᠯ ᠤᠷᠴᠢᠭᠤᠯᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号