ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠠᠩᠬᠠᠳᠤᠭᠠᠷ ᠤᠳᠠᠭᠠᠨ᠎ᠤ ᠪᠦᠬᠦ᠌ ᠤᠯᠤᠰ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ
ᠬᠤᠷᠠᠯᠳᠤᠭ᠍ᠰᠠᠨ ᠴᠠᠭ᠄ 1921 ᠤᠨ᠎ᠤ 7 ᠰᠠᠷ᠎ᠠ᠎ᠶ᠋ᠢᠨ 23 ᠤ ᠡᠳᠦᠷ
ᠬᠤᠷᠠᠯᠳᠤᠭ᠍ᠰᠠᠨ ᠭᠠᠵᠠᠷ᠄ ᠱᠠᠩᠬᠠᠢ᠎ᠶ᠋ᠢᠨ ᠹᠷᠠᠨᠼᠢ᠎ᠶ᠋ᠢᠨ ᠳᠦᠷᠢᠶᠡᠰᠦᠨ ᠭᠠᠵᠠᠷ᠎ᠤᠨ ᠸᠠᠩ ᡁᠢ ᠵᠠᠮ᠎ᠤᠨ 106 ᠳ᠋ᠤᠭᠠᠷ ᠨᠤᠮᠧᠷ (ᠣᠳᠤ᠎ᠶ᠋ᠢᠨ ᠱᠢᠩ ᠶᠧ ᠵᠠᠮ᠎ᠤᠨ 76 ᠳ᠋ᠤᠭᠠᠷ ᠨᠤᠮᠧᠷ)
ᠦᠷ᠎ᠡ ᠪᠦᠳᠦᠭᠡᠯ᠄ ᠨᠠᠮ᠎ᠤᠨ ᠨᠡᠷᠡᠢᠳᠦᠯ᠎ᠢ 《ᠳᠤᠮᠳᠠᠳᠤ ᠤᠯᠤᠰ᠎ᠤᠨ ᠡᠪ ᠬᠠᠮᠳᠤ ᠨᠠᠮ》 ᠭᠡᠵᠦ᠍ ᠲᠤᠭ᠍ᠲᠠᠭᠠᠵᠤ᠂ ᠶᠡᠭᠡ ᠬᠤᠷᠠᠯ᠎ᠠᠴᠠ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠠᠩᠬᠠᠳᠠᠭ᠍ᠴᠢ ᠬᠦᠲᠦᠯᠪᠦᠷᠢ᠎ᠶ᠋ᠢ ᠪᠠᠳᠤᠯᠠᠵᠦ᠍᠂ ᠲᠦᠪ᠎ᠤᠨ ᠲᠤᠪᠴᠢᠶ᠎ᠠ᠎ᠶ᠋ᠢ ᠪᠠᠢᠭᠤᠯᠤᠨ᠂ ᠲᠦᠪ᠎ᠤᠨ ᠲᠦᠷ ᠴᠠᠭ᠎ᠤᠨ ᠤᠳᠣᠷᠢᠳᠭᠤ ᠪᠠᠢᠭᠤᠯᠤᠮᠵᠢ ᠪᠤᠯᠭᠠᠵᠦ᠍᠂ ᠴᠧᠨ ᠳ᠋ᠦ᠋ ᠱᠢᠦ᠎ᠪᠠᠷ ᠱᠦᠵᠢ ᠪᠤᠯᠭᠠᠭ᠍ᠰᠠᠨ ᠲᠦᠪ᠎ᠤᠨ ᠲᠤᠪᠴᠢᠶ᠎ᠠ᠎ᠶ᠋ᠢ ᠰᠤᠩᠭᠤᠨ ᠭᠠᠷᠭᠠᠵᠦ᠍᠂ ᠳᠤᠮᠳᠠᠳᠤ ᠤᠯᠤᠰ᠎ᠤᠨ ᠡᠪ ᠬᠠᠮᠳᠤ ᠨᠠᠮ ᠵᠢᠩᠭᠢᠨᠢ᠎ᠪᠠᠷ ᠪᠠᠢᠭᠤᠯᠤᠭ᠍ᠳᠠᠭ᠍ᠰᠠᠨ᠎ᠢ ᠲᠤᠩᠬᠠᠭ᠍ᠯᠠᠪᠠ
ᠲᠡᠤᠬᠡᠨ᠎ᠳᠤ ᠦᠭᠡᠢ ᠭᠠᠢᠬᠠᠮᠱᠢᠭ᠎ᠢ ᠵᠤᠷᠢᠭ᠍ᠲᠠᠢ ᠡᠭᠦᠳᠬᠦ᠌ ᠡᠭᠦᠳᠦᠨ ᠪᠦᠳᠦᠭᠡᠬᠦ᠌ ᠵᠣᠷᠢᠭ ᠰᠠᠨᠠᠭ᠎ᠠ ᠡᠷᠡᠰ ᠪᠠᠲᠤ ᠬᠦᠰᠡᠯᠡᠩ᠎ᠲᠠᠢ᠂ ᠴᠦᠭᠦᠷᠡᠰᠢ ᠦᠭᠡᠢ ᠴᠢᠷᠮᠠᠢᠬᠤ ᠲᠡᠮᠡᠴᠡᠯ᠎ᠤᠨ ᠵᠣᠷᠢᠭ ᠰᠠᠨᠠᠭ᠎ᠠ ᠨᠡᠢᠲᠡ᠎ᠶ᠋ᠢᠨ ᠲᠦᠯᠦᠭᠡ ᠨᠠᠮ ᠪᠠᠢᠭᠤᠯᠵᠦ᠍᠂ ᠠᠷᠠᠳ ᠲᠦᠯᠦᠭᠡ ᠱᠢᠳᠤᠷᠭᠤ᠎ᠪᠠᠷ ᠵᠢᠳᠭᠦᠭᠦ᠌ ᠡᠷᠭᠦᠨ ᠵᠤᠷᠢᠭᠤᠯᠬᠤ ᠵᠣᠷᠢᠭ ᠰᠠᠨᠠᠭ᠎ᠠ
ᠬᠤᠷᠠᠯ᠎ᠤᠨ ᠲᠠᠯᠠᠪᠠᠢ ᠲᠠᠩᠨᠠᠭᠤᠯ᠎ᠤᠨ ᠠᠩᠬᠠᠷᠤᠯ᠎ᠢ ᠲᠠᠲᠠᠭ᠍ᠰᠠᠨ ᠪᠠ ᠹᠷᠠᠨᠼᠢ᠎ᠶ᠋ᠢᠨ ᠳᠦᠷᠢᠶᠡᠰᠦᠨ ᠭᠠᠵᠠᠷ᠎ᠤᠨ ᠴᠠᠭ᠍ᠳᠠᠭ᠎ᠠ᠎ᠶ᠋ᠢᠨ ᠨᠡᠩᠵᠢᠯᠲᠡ᠎ᠳᠤ ᠤᠴᠠᠷᠠᠭ᠍ᠰᠠᠨ᠎ᠠᠴᠠ ᠪᠤᠯᠵᠦ᠍᠂ ᠬᠠᠮᠤᠭ᠎ᠤᠨ ᠰᠡᠭᠦᠯᠴᠢ᠎ᠶ᠋ᠢᠨ ᠨᠢᠭᠡ ᠡᠳᠦᠷ᠎ᠤᠨ ᠬᠤᠷᠠᠯ᠎ᠨᠢ ᠵᠧᠵᠢᠶᠠᠩ᠎ᠤᠨ ᠵᠢᠶᠠ ᠱᠢᠩ᠎ᠤᠨ ᠨᠠᠨ ᠬᠤ᠌ ᠨᠠᠭᠤᠷ ᠳᠡᠭᠡᠷ᠎ᠡ ᠬᠢᠪᠡ
《ᠤᠯᠠᠭᠠᠨ ᠣᠩᠭᠤᠴᠠᠨ᠎ᠤ ᠵᠣᠷᠢᠭ ᠰᠠᠨᠠᠭ᠎ᠠ》 ᠶ᠋ᠢ ᠪᠠᠳᠠᠷᠠᠭᠤᠯᠤᠶ᠎ᠠ
· ᠵᠤᠤ ᠱᠦ᠍ ᠯᠦ᠍
2005 ᠣᠨ᠎ᠤ 6 ᠰᠠᠷ᠎ᠠ᠎ᠶ᠋ᠢᠨ 21 ᠤ ᠡᠳᠦᠷ᠂ ᠲᠤᠬᠠᠶ᠎ᠶ᠋ᠢᠨ ᠦᠶ᠎ᠡ᠎ᠳᠤ ᠵᠧᠵᠢᠶᠠᠩ ᠮᠤᠵᠢ᠎ᠶ᠋ᠢᠨ ᠨᠠᠮ᠎ᠤᠨ ᠬᠤᠷᠢᠶᠠᠨ᠎ᠤ ᠱᠦᠵᠢ᠎ᠶ᠋ᠢᠨ ᠲᠤᠱᠢᠶᠠᠯ᠎ᠢ ᠬᠠᠷᠢᠭᠤᠴᠠᠵᠤ ᠪᠠᠢᠭ᠍ᠰᠠᠨ ᠰᠢ᠎ᠶ᠋ᠢᠨ ᠫᠢᠩ ᠨᠥᠬᠦᠷ 《ᠭᠤᠸᠠᠩᠮᠢᠩ ᠡᠳᠦᠷ᠎ᠤᠨ ᠰᠣᠨᠢᠨ》 ᠳᠡᠭᠡᠷ᠎ᠡ 《〈ᠤᠯᠠᠭᠠᠨ ᠣᠩᠭᠤᠴᠠᠨ᠎ᠤ ᠵᠣᠷᠢᠭ ᠰᠠᠨᠠᠭ᠎ᠠ〉 ᠶ᠋ᠢ ᠪᠠᠳᠠᠷᠠᠭᠤᠯᠤᠨ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠤ ᠭᠠᠪᠱᠢᠭᠠᠢᠯᠠᠶᠠ》 ᠭᠡᠳᠡᠭ ᠵᠣᠬᠢᠶᠠᠯ ᠨᠡᠢᠲᠡᠯᠡᠵᠦ᠍᠂ 《ᠤᠯᠠᠭᠠᠨ ᠣᠩᠭᠤᠴᠠᠨ᠎ᠤ ᠵᠣᠷᠢᠭ ᠰᠠᠨᠠᠭ᠎ᠠ》 ᠶ᠋ᠢ ᠠᠩᠬ᠎ᠠ ᠤᠳᠠᠭ᠎ᠠ ᠳᠤᠷᠠᠳᠤᠨ ᠲᠠᠢᠯᠪᠤᠷᠢᠯᠠᠭ᠍ᠰᠠᠨ ᠪᠥᠭᠡᠳ ᠲᠡᠭᠦᠨ᠎ᠤ ᠠᠭᠤᠯᠤᠭ᠍ᠳᠠᠬᠤᠨ᠎ᠢ 《ᠲᠡᠦᠭᠡᠨ᠎ᠳᠤ ᠦᠭᠡᠢ ᠭᠠᠢᠬᠠᠮᠱᠢᠭ᠎ᠢ ᠵᠤᠷᠢᠭ᠍ᠳᠠᠢ ᠡᠬᠦᠳᠬᠦ᠌ ᠡᠭᠦᠳᠦᠨ ᠪᠦᠲᠦᠭᠡᠬᠦ᠌ ᠵᠣᠷᠢᠭ ᠰᠠᠨᠠᠭ᠎ᠠ᠂ ᠡᠷᠡᠰ ᠪᠠᠳᠤ ᠬᠦᠰᠡᠯᠡᠩ᠎ᠲᠠᠢ᠂ ᠴᠦᠬᠦᠷᠡᠰᠢ ᠥᠬᠡᠶ ᠴᠢᠷᠮᠠᠢᠬᠤ ᠲᠡᠮᠡᠴᠡᠯ᠎ᠤᠨ ᠵᠣᠷᠢᠭ ᠰᠠᠨᠠᠭ᠎ᠠ᠂ ᠨᠡᠢᠲᠡ᠎ᠶ᠋ᠢᠨ ᠲᠥᠯᠥᠭᠡ ᠨᠠᠮ ᠪᠠᠢᠭᠤᠯᠵᠤ᠂ ᠠᠷᠠᠳ᠎ᠤᠨ ᠲᠥᠯᠥᠭᠡ ᠱᠢᠳᠤᠷᠭᠤ᠎ᠪᠠᠷ ᠵᠢᠳᠬᠦᠬᠦ᠌ ᠡᠷᠬᠦᠨ ᠵᠤᠷᠢᠭᠤᠯᠬᠤ ᠵᠣᠷᠢᠭ ᠰᠠᠨᠠᠭ᠎ᠠ》 ᠬᠡᠮᠡᠨ ᠬᠤᠷᠢᠶᠠᠩᠭᠤᠢᠯᠠᠵᠠᠶ᠃ 2017 ᠣᠨ᠎ᠤ 10 ᠰᠠᠷ᠎ᠠ᠎ᠶ᠋ᠢᠨ 31 ᠤ ᠡᠳᠦᠷ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠲᠡᠭᠦᠰᠦᠭᠡᠳ ᠨᠢᠭᠡᠬᠡᠨ ᠭᠠᠷᠠᠭ ᠪᠤᠯᠵᠤ ᠪᠠᠢᠯ᠎ᠠ᠂ ᠶᠡᠷᠦᠩᠬᠡᠢ ᠱᠦᠵᠢ ᠰᠢ᠎ᠶ᠋ᠢᠨ ᠫᠢᠩ ᠱᠢᠨ᠎ᠡ ᠨᠢᠭᠡ ᠬᠤᠭᠤᠴᠠᠭᠠᠨ᠎ᠤ ᠲᠦᠪ ᠬᠤᠷᠢᠶᠡᠨ᠎ᠤ ᠤᠯᠤᠰ ᠲᠦᠷᠤ᠎ᠶ᠋ᠢᠨ ᠲᠤᠪᠴᠢᠶ᠎ᠠ᠎ᠶ᠋ᠢᠨ ᠪᠠᠢᠩᠭᠤ᠎ᠶ᠋ᠢᠨ ᠭᠡᠱᠢᠭᠦᠳ᠎ᠢ ᠳᠠᠭᠠᠭᠤᠯᠤᠨ ᠱᠠᠩᠬᠠᠢ ᠪᠣᠯᠤᠨ ᠵᠧᠵᠢᠶᠠᠩ᠎ᠤᠨ ᠵᠢᠶᠠ ᠱᠢᠩ᠎ᠳᠤ ᠬᠦᠷᠴᠦ᠍ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭᠠᠷ ᠶᠡᠭᠡ ᠬᠤᠷᠠᠯ᠎ᠤᠨ ᠬᠤᠷᠠᠯᠳᠤᠭ᠍ᠰᠠᠨ ᠭᠠᠵᠠᠷ ᠪᠣᠯᠤᠨ ᠨᠠᠨ ᠬᠤ᠌ ᠨᠠᠭᠤᠷ᠎ᠤᠨ ᠤᠯᠠᠭᠠᠨ ᠣᠩᠭᠤᠴᠠᠨ᠎ᠳᠤ ᠪᠠᠷᠠᠳᠠᠵᠤ᠂ 《ᠤᠯᠠᠭᠠᠨ ᠣᠩᠭᠤᠴᠠᠨ᠎ᠤ ᠵᠣᠷᠢᠭ ᠰᠠᠨᠠᠭ᠎ᠠ》 ᠶ᠋ᠢ ᠳᠠᠬᠢᠨᠲᠠ ᠲᠣᠳᠣᠷᠬᠠᠢᠯᠠᠨ ᠥᠭᠦᠯᠡᠵᠦ᠍᠂ ᠴᠠᠭ ᠦᠶ᠎ᠡ᠎ᠶ᠋ᠢᠨ ᠣᠨᠴᠠᠯᠢᠭ᠎ᠲᠠᠢ ᠤᠶᠠᠯᠳᠤᠭᠤᠯᠤᠨ 《ᠤᠯᠠᠭᠠᠨ ᠣᠩᠭᠤᠴᠠᠨ᠎ᠤ ᠵᠣᠷᠢᠭ ᠰᠠᠨᠠᠭ᠎ᠠ》 ᠶ᠋ᠢ ᠶᠡᠭᠡ᠎ᠪᠠᠷ ᠪᠠᠳᠠᠷᠠᠭᠤᠯᠵᠤ᠂ 《ᠤᠯᠠᠭᠠᠨ ᠣᠩᠭᠤᠴᠠᠨ᠎ᠤ ᠵᠣᠷᠢᠭ ᠰᠠᠨᠠᠭ᠎ᠠ》 ᠶ᠋ᠢᠨ ᠭᠡᠷᠡᠯ ᠭᠢᠯᠪᠠᠭ᠎ᠠ᠎ᠶ᠋ᠢ ᠡᠭᠦᠷᠢᠳᠡ ᠰᠠᠴᠤᠷᠠᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠵᠢᠵᠢᠭ᠌ᠬᠡᠨ ᠤᠯᠠᠭᠠᠨ ᠣᠩᠭᠤᠴᠠ ᠲᠡᠦᠭᠡᠨ ᠬᠦᠨᠳᠦ ᠡᠬᠦᠷᠭᠡ᠎ᠶ᠋ᠢ ᠠᠴᠢᠶᠠᠯᠠᠵᠤ᠂ ᠳᠤᠮᠳᠠᠳᠤ ᠤᠯᠤᠰ᠎ᠤᠨ ᠬᠤᠪᠢᠰᠭᠠᠯ᠎ᠤᠨ ᠤᠴᠢ᠎ᠶ᠋ᠢ ᠪᠠᠳᠠᠷᠠᠭᠠᠨ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠡᠷᠢᠨ ᠰᠤᠨᠳᠠᠯᠠᠭ᠍ᠰᠠᠨ ᠠᠶᠠᠯᠠᠯ᠎ᠢ ᠡᠬᠢᠯᠡᠭᠦᠯᠵᠡᠢ᠃ ᠵᠠᠭᠤᠨ ᠵᠢᠯ᠎ᠤᠨ ᠡᠮᠦᠨ᠎ᠡ ᠦᠨᠳᠦᠰᠦᠲᠡᠨ᠎ᠤ ᠬᠦᠰᠡᠯ ᠡᠷᠡᠮᠡᠯᠵᠡᠯ᠎ᠢ ᠠᠴᠢᠶᠠᠯᠠᠭ᠍ᠰᠠᠨ ᠵᠢᠵᠢᠭ᠌ᠬᠡᠨ ᠤᠯᠠᠭᠠᠨ ᠣᠩᠭᠤᠴᠠ ᠡᠳᠦᠭᠡ ᠨᠢᠭᠡᠨᠲᠡ 14 ᠳ᠋ᠦᠩᠱᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠠᠴᠢᠶᠠᠯᠠᠭ᠍ᠰᠠᠨ ᠲᠤᠮᠤ ᠬᠥᠯᠭᠡ ᠣᠩᠭᠤᠴᠠ ᠪᠣᠯᠵᠠᠢ᠃ ᠮᠠᠤ ᠽᠧ ᠳ᠋ᠦᠩ ᠨᠥᠬᠦᠷ᠄ 《ᠳᠤᠮᠳᠠᠳᠤ ᠤᠯᠤᠰ᠎ᠲᠤ ᠡᠪ ᠬᠠᠮᠲᠤ ᠨᠠᠮ ᠪᠤᠢ ᠪᠣᠯᠪᠠ᠂ ᠡᠨᠡ ᠪᠣᠯ ᠤᠷᠢᠳ ᠡᠮᠦᠨ᠎ᠡ ᠪᠠᠢᠭ᠎ᠠ ᠦᠭᠡᠢ ᠶᠡᠭᠡ ᠬᠡᠷᠡᠭ ᠬᠤᠪᠢᠰᠤᠯ ᠮᠥᠨ》 ᠭᠡᠵᠦ᠍ ᠵᠢᠭᠠᠵᠤ ᠭᠠᠷᠭᠠᠭ᠍ᠰᠠᠨ ᠪᠢᠯᠠ᠃ ᠶᠡᠷᠦᠩᠬᠡᠶ ᠱᠦᠵᠢ ᠰᠢ᠎ᠶ᠋ᠢᠨ ᠫᠢᠩ ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠄ 《ᠳᠤᠮᠳᠠᠳᠤ ᠤᠯᠤᠰ᠎ᠲᠤ ᠡᠪ ᠬᠠᠮᠲᠤ ᠨᠠᠮ ᠮᠡᠨᠳᠦᠯᠡᠪᠡ᠂ ᠡᠨᠡ ᠪᠣᠯ ᠤᠷᠢᠳ ᠡᠮᠦᠨ᠎ᠡ ᠭᠠᠷᠤᠭ᠎ᠠ ᠦᠭᠡᠢ ᠶᠡᠭᠡ ᠬᠡᠷᠡᠭ ᠬᠤᠪᠢᠰᠤᠯ ᠪᠤᠯᠤᠨ᠎ᠠ᠂ ᠡᠨᠡ᠎ᠨᠢ ᠣᠷᠴᠢᠨ ᠦᠶ᠎ᠡ᠎ᠠᠴᠠ ᠨᠠᠭᠠᠱᠢᠬᠢ ᠳᠤᠮᠳᠠᠳᠤ᠎ᠶ᠋ᠢᠨ ᠦᠨᠳᠦᠰᠦᠲᠡᠨ᠎ᠤ ᠬᠥᠭ᠌ᠵᠢᠯᠲᠡ᠎ᠶ᠋ᠢᠨ ᠴᠢᠭ᠌ᠯᠡᠯ ᠪᠠ ᠠᠬᠢᠴᠠ᠎ᠶ᠋ᠢ ᠭᠦᠨᠵᠡᠭᠡᠶ ᠬᠤᠪᠢᠷᠠᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ ᠪᠤᠯᠤᠨ ᠳᠤᠮᠳᠠᠳᠤ᠎ᠶ᠋ᠢᠨ ᠦᠨᠳᠦᠰᠦᠲᠡᠨ᠎ᠤ ᠢᠷᠡᠭᠡᠳᠦᠶ ᠪᠠ ᠬᠤᠪᠢ ᠵᠠᠶᠠᠭ᠎ᠠ᠎ᠶ᠋ᠢ ᠭᠦᠨᠵᠡᠭᠡᠶ ᠬᠤᠪᠢᠷᠠᠭᠤᠯᠵᠤ᠂ ᠳᠡᠯᠡᠬᠡᠶ᠎ᠶ᠋ᠢᠨ ᠬᠥᠭ᠌ᠵᠢᠯᠲᠡ᠎ᠶ᠋ᠢᠨ ᠬᠠᠨᠳᠤᠰᠢ ᠪᠠ ᠪᠠᠢᠷᠢᠱᠢᠯ᠎ᠢ ᠭᠦᠨᠵᠡᠭᠡᠶ ᠬᠤᠪᠢᠷᠠᠭᠤᠯᠪᠠ》 ᠬᠡᠵᠦ᠍ ᠤᠯᠠᠮ ᠨᠢᠭᠡ ᠠᠯᠬᠤᠮ ᠴᠢᠬᠤᠯᠠᠴᠢᠯᠠᠪᠠ᠃ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠥᠩᠭᠡᠷᠡᠯᠲᠡ᠎ᠶ᠋ᠢ ᠡᠷᠭᠢᠴᠡᠭᠦᠯᠭᠦᠶ᠎ᠡ᠂ ᠨᠠᠮ ᠪᠠᠢᠭᠤᠯᠤᠭ᠍ᠳᠠᠬᠤ ᠠᠩᠬᠠᠨ᠎ᠤ ᠦᠶ᠎ᠡ᠎ᠳᠤ ᠵᠦᠪᠬᠡᠨ 50 ᠭᠠᠷᠦ᠋ᠢᠬᠠᠨ ᠨᠠᠮ᠎ᠤᠨ ᠭᠡᠱᠢᠭᠦᠨ᠎ᠲᠠᠢ ᠪᠠᠢᠭ᠍ᠰᠠᠨ᠎ᠠᠴᠠ ᠥᠨᠥᠳᠦᠷ 9500 ᠭᠠᠷᠤᠢ ᠲᠦᠮᠡᠨ ᠨᠠᠮ᠎ᠤᠨ ᠭᠡᠱᠢᠭᠦᠨ᠎ᠲᠠᠢ ᠳᠡᠯᠡᠬᠡᠢ᠎ᠶ᠋ᠢᠨ ᠬᠠᠮᠤᠭ᠎ᠤᠨ ᠲᠤᠮᠤ ᠲᠦᠷᠦ᠍ ᠪᠠᠷᠢᠭ᠍ᠴᠢ ᠨᠠᠮ ᠪᠤᠯᠵᠤ ᠪᠤᠵᠠᠭᠠᠢᠷᠠᠵᠠᠢ; ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠥᠭᠡᠷᠡᠴᠢᠯᠡᠯᠲᠡ ᠨᠡᠭᠡᠭᠡᠯᠳᠡ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢᠭᠡᠮ ᠵᠢᠷᠦᠮ᠎ᠢ ᠡᠭᠦᠳᠦᠨ ᠨᠡᠭᠡᠭᠡᠵᠦ᠍᠂ ᠪᠠᠷᠢᠮᠲᠠᠯᠠᠵᠤ᠂ ᠬᠠᠮᠠᠭᠠᠯᠠᠵᠤ᠂ ᠬᠥᠭ᠌ᠵᠢᠭᠦᠯᠵᠦ᠍᠂ ᠲᠤᠮᠤ ᠠᠯᠬᠤᠮ᠎ᠢᠶᠠᠷ ᠴᠠᠭ ᠦᠶ᠎ᠡ᠎ᠶ᠋ᠢ ᠬᠥᠭᠡᠭᠡᠵᠦ᠍ ᠭᠦᠢᠴᠡᠬᠦ᠌᠎ᠠᠴᠠ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠢ ᠪᠠᠢᠷᠢᠱᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《ᠲᠦᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠵᠣᠬᠢᠴᠠᠩᠭᠤᠢ᠎ᠪᠠᠷ ᠲᠦᠯᠬᠢᠨ ᠠᠬᠢᠭᠤᠯᠵᠤ᠂ ᠨᠢᠭᠡᠳᠦᠭᠡᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠪᠡᠶᠡᠯᠡᠬᠦᠯᠪᠡ᠃
ᠶᠡᠷᠦᠩᠬᠡᠶ ᠱᠦᠵᠢ ᠰᠢ᠎ᠶ᠋ᠢᠨ ᠫᠢᠩ᠄ 《ᠳᠡᠯᠡᠬᠡᠶ ᠳᠡᠭᠡᠷ᠎ᠡ ᠪᠢᠳᠡ ᠱᠢᠭ ᠡᠢᠮᠦ᠍ ᠤᠯᠠᠨ ᠬᠦᠴᠢᠷ ᠪᠡᠷᠬᠡᠱᠢᠶᠡᠯ ᠬᠠᠷᠰᠢ ᠰᠠᠭᠠᠳ᠎ᠲᠤ ᠤᠴᠠᠷᠠᠵᠤ ᠥᠩᠭᠡᠷᠡᠭ᠌ᠰᠡᠨ ᠨᠠᠮ ᠭᠡᠵᠦ᠍ ᠪᠠᠢᠬᠤ ᠦᠭᠡᠢ᠂ ᠡᠢᠮᠦ᠍ ᠤᠯᠠᠨ ᠦᠬᠦᠵᠦ᠍ ᠰᠡᠭᠡᠬᠦ᠌᠎ᠶ᠋ᠢᠨ ᠱᠢᠯᠭᠠᠯᠲᠠ᠎ᠶ᠋ᠢ ᠥᠩᠭᠡᠷᠡᠭᠡᠵᠦ᠍᠂ ᠡᠢᠮᠦ᠍ ᠤᠯᠠᠨ ᠬᠠᠷᠠᠰᠠᠯᠳᠤ ᠦᠷᠡᠭ᠌ᠳᠡᠯ ᠭᠠᠷᠭᠠᠵᠤ ᠥᠩᠭᠡᠷᠡᠭ᠌ᠰᠡᠨ ᠨᠠᠮ ᠭᠡᠵᠦ᠍ ᠪᠠᠢᠬᠤ ᠦᠭᠡᠢ》 ᠭᠡᠵᠦ᠍ ᠴᠢᠬᠤᠯᠠᠴᠢᠯᠠᠪᠠ᠃ ᠤᠯᠠᠭᠠᠨ ᠣᠩᠭᠤᠴᠠ᠎ᠨᠢ ᠴᠠᠭ ᠦᠶ᠎ᠡ᠎ᠶ᠋ᠢᠨ ᠦᠨᠳᠦᠷᠴᠡ᠂ ᠬᠥᠭ᠌ᠵᠢᠯᠲᠡ᠎ᠶ᠋ᠢᠨ ᠴᠢᠭ᠌ᠯᠡᠯ᠂ ᠡᠷᠡᠮᠡᠬᠡᠢᠯᠡᠨ ᠤᠷᠤᠭ᠍ᠰᠢᠯᠠᠬᠤ ᠭᠡᠷᠡᠯᠲᠦ ᠴᠠᠮᠬᠠᠭ᠎ᠢ ᠲᠦᠯᠦᠭᠡᠯᠡᠵᠦ᠍᠂ ᠳᠤᠮᠳᠠᠳᠤ᠎ᠶ᠋ᠢᠨ ᠬᠥᠪᠡᠭᠦᠳ ᠥᠬᠢᠳ᠎ᠤᠨ ᠰᠡᠳᠭᠢᠯ ᠵᠢᠷᠦᠬᠡᠨ᠎ᠳᠤ ᠥᠨᠢᠳᠡ ᠪᠠᠯᠠᠷᠠᠰᠢ ᠥᠬᠡᠶ ᠣᠶᠤᠨ ᠰᠠᠨᠠᠭᠠᠨ᠎ᠤ ᠥᠷᠯᠥᠭ ᠬᠥᠱᠢᠶ᠎ᠡ ᠪᠣᠯᠵᠠᠢ᠃
ᠪᠢᠳᠡ ᠱᠢᠨ᠎ᠡ ᠴᠠᠭ ᠦᠶ᠎ᠡ᠎ᠶ᠋ᠢᠨ ᠣᠨᠴᠠᠯᠢᠭ᠎ᠲᠠᠢ ᠤᠶᠠᠯᠳᠤᠭᠤᠯᠤᠨ᠂ ᠱᠢᠨ᠎ᠡ ᠶᠢᠷᠳᠢᠨᠴᠦ᠎ᠶ᠋ᠢ ᠨᠡᠭᠡᠭᠡᠬᠦ᠂ ᠵᠣᠷᠢᠭ᠍ᠲᠠᠶ᠎ᠪᠠᠷ ᠲᠦᠷᠦᠭᠦᠯᠡᠬᠦ᠌ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠬᠤ ᠬᠡᠷᠡᠭ᠌ᠲᠡᠶ᠃ ᠬᠡᠳᠦ᠋ᠢᠪᠡᠷ ᠣᠳᠣᠬᠠᠨ ᠪᠠ ᠬᠤᠢᠱᠢᠳᠠ᠎ᠶ᠋ᠢᠨ ᠨᠢᠭᠡ ᠬᠡᠰᠡᠭ ᠬᠤᠭᠤᠴᠠᠭᠠᠨ᠎ᠳᠤ ᠡᠩᠭᠡ ᠲᠠᠢᠪᠤᠩ ᠪᠣᠯᠤᠨ ᠬᠥᠭ᠌ᠵᠢᠯᠲᠡ ᠮᠥᠨ ᠯᠡ ᠴᠠᠭ ᠦᠶ᠎ᠡ᠎ᠶ᠋ᠢᠨ ᠭᠤᠣᠯ ᠰᠡᠳᠦᠪ ᠪᠤᠯᠬᠤ ᠪᠣᠯᠪᠠᠴᠤ᠌᠂ ᠣᠯᠠᠨ ᠤᠯᠤᠰ᠎ᠤᠨ ᠣᠷᠴᠢᠨ ᠠᠬᠤᠢ ᠡᠳᠦᠷ ᠢᠷᠡᠬᠦᠶ᠎ᠡ ᠪᠤᠳᠤᠯᠢᠶᠠᠨᠲᠠᠶ ᠪᠤᠯᠵᠤ᠂ ᠳᠡᠯᠡᠬᠡᠶ ᠳ᠋ᠠᠬᠢᠨ ᠲᠤᠭ᠍ᠳᠠᠭᠤᠨ ᠪᠤᠰᠤ ᠬᠤᠪᠢᠰᠤᠯᠲᠠ᠎ᠶ᠋ᠢᠨ ᠬᠤᠭᠤᠴᠠᠭᠠᠨ᠎ᠳᠤ ᠤᠷᠤᠭ᠍ᠰᠠᠨ ᠪᠠᠢᠨ᠎ᠠ᠃ ᠬᠡᠳᠦ᠋ᠢᠪᠡᠷ ᠮᠠᠨ᠎ᠤ ᠤᠯᠤᠰ ᠨᠢᠭᠡᠨᠲᠡ ᠴᠢᠨᠠᠷ ᠰᠠᠢᠲᠠᠢ ᠬᠥᠭ᠌ᠵᠢᠯᠲᠡ᠎ᠶ᠋ᠢᠨ ᠱᠠᠲᠤᠨ᠎ᠳᠤ ᠱᠢᠯᠵᠢᠵᠦ᠍᠂ ᠦᠷᠭᠦᠯᠵᠢᠯᠡᠨ ᠬᠥᠭ᠌ᠵᠢᠭᠦᠯᠬᠦ᠌ ᠮᠠᠰᠢ ᠤᠯᠠᠨ ᠳᠠᠪᠠᠭᠤᠯᠢᠭ ᠪᠠ ᠨᠥᠬᠦᠴᠡᠯ᠎ᠲᠠᠢ ᠪᠣᠯᠤᠭ᠍ᠰᠠᠨ ᠪᠣᠯᠪᠠᠴᠤ᠌᠂ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠪᠤᠰᠤ ᠠᠰᠠᠭᠤᠳᠠᠯ ᠮᠥᠨ ᠲᠤᠪᠤᠢᠮ᠎ᠠ ᠪᠠᠢᠨ᠎ᠠ᠃ ᠦᠷᠭᠦᠯᠵᠢᠯᠡᠨ ᠤᠷᠤᠬ᠍ᠰᠢ ᠬᠥᠭ᠌ᠵᠢᠬᠦᠯᠬᠦ᠌᠎ᠳᠤ ᠲᠥᠰᠦᠭᠡᠯᠡᠬᠦᠶ᠎ᠡ ᠪᠡᠷᠬᠡ ᠨᠡᠩ ᠤᠯᠠᠨ ᠥᠷᠢᠰᠥᠯᠳᠦᠭᠡᠨ ᠪᠠ ᠵᠥᠷᠢᠴᠡᠯ᠎ᠳᠤ ᠲᠤᠯᠭᠠᠷᠠᠵᠤ᠂ ᠲᠤᠯᠢ ᠪᠣᠯᠭᠠᠮᠠᠷ ᠪᠡᠯᠡᠨ ᠲᠤᠷᠱᠢᠯᠭ᠎ᠠ ᠭᠡᠵᠦ᠍ ᠪᠠᠢᠬᠤ ᠦᠭᠡᠢ ᠶᠤᠮ᠃ ᠵᠦᠪᠬᠡᠨ ᠤᠷᠢᠳᠤᠬᠢᠶ᠋ᠢᠨᠬᠢᠶ᠋ᠢ ᠵᠣᠷᠢᠭ᠍ᠲᠠᠢ᠎ᠪᠠᠷ ᠲᠠᠪᠠᠵᠤ᠂ ᠵᠤᠷᠱᠢᠯ᠎ᠢ ᠵᠣᠷᠢᠭ᠍ᠲᠠᠢ᠎ᠪᠠᠷ ᠡᠪᠳᠡᠵᠦ᠍᠂ ᠪᠢᠲᠡᠭᠦᠮᠵᠢᠯᠡᠯ᠎ᠢ ᠵᠣᠷᠢᠭ᠍ᠲᠠᠢ᠎ᠪᠠᠷ ᠱᠢᠪᠲᠤᠯᠵᠤ᠂ ᠵᠣᠷᠢᠭ᠍ᠲᠠᠢ᠎ᠪᠠᠷ ᠤᠷᠤᠭ᠍ᠰᠢᠯᠠᠨ ᠲᠠᠪᠱᠢᠬᠤ᠂ ᠵᠣᠷᠢᠭ᠍ᠲᠠᠢ᠎ᠪᠠᠷ ᠱᠢᠨ᠎ᠡ᠎ᠶ᠋ᠢ ᠡᠭᠦᠳᠬᠦ᠂ ᠵᠣᠷᠢᠭ᠍ᠲᠠᠢ᠎ᠪᠠᠷ ᠡᠭᠦᠳᠦᠨ ᠪᠦᠲᠦᠭᠡᠬᠦ᠌ ᠦᠵᠡᠯ ᠰᠠᠨᠠᠭ᠎ᠠ ᠤᠢ᠍ᠢᠯᠠᠭᠠᠭ᠍ᠳᠠᠬᠤᠨ᠎ᠢ ᠪᠠᠲᠤᠳᠭᠠᠪᠠᠯ ᠰᠠᠶᠢ ᠡᠪ ᠬᠠᠮᠳᠤᠴᠤᠳ᠎ᠤᠨ ᠱᠢᠨ᠎ᠡ ᠣᠷᠣᠨ ᠵᠠᠢ᠎ᠶ᠋ᠢ ᠲᠠᠰᠤᠷᠠᠯᠳᠡ ᠦᠭᠡᠢ ᠨᠡᠭᠡᠭᠡᠵᠦ᠍ ᠴᠢᠳᠠᠨ᠎ᠠ᠃ ᠪᠢᠳᠡ ᠱᠢᠨ᠎ᠡ ᠴᠠᠭ ᠦᠶ᠎ᠡ᠎ᠶ᠋ᠢᠨ ᠣᠨᠴᠠᠯᠢᠭ᠎ᠲᠠᠢ ᠤᠶᠠᠯᠳᠤᠭᠤᠯᠤᠨ᠂ ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ᠎ᠤᠨ ᠲᠥᠯᠥᠭᠡ ᠦᠨᠡᠨᠴᠢ ᠱᠢᠳᠤᠷᠭᠤ᠎ᠪᠠᠷ ᠵᠢᠳᠬᠦᠬᠦ᠌ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠬᠤ ᠬᠡᠷᠡᠭ᠌ᠲᠡᠶ᠃ ᠶᠡᠷᠦᠩᠬᠡᠶ ᠱᠦᠵᠢ ᠰᠢ᠎ᠶ᠋ᠢᠨ ᠫᠢᠩ᠂ ᠲᠤᠮᠳᠠᠳᠤ ᠤᠯᠤᠰ᠎ᠤᠨ ᠡᠪ ᠬᠠᠮᠳᠤ ᠨᠠᠮ ᠢᠮᠠᠭ᠍ᠲᠠ ᠬᠠᠮᠤᠭ᠎ᠤᠨ ᠥᠷᠭᠡᠨ ᠣᠯᠠᠨ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠶ᠋ᠢ ᠲᠦᠯᠦᠭᠡᠯᠡᠵᠦ᠍᠂ ᠠᠷᠠᠳ ᠲᠦᠮᠡᠨ᠎ᠲᠠᠢ ᠵᠢᠷᠭᠠᠯ ᠵᠣᠪᠠᠯᠠᠩ᠎ᠢᠶᠠᠨ ᠬᠠᠮᠲᠤᠳᠭᠠᠨ᠂ ᠦᠬᠦᠵᠦ᠍ ᠰᠡᠬᠡᠬᠦ᠌᠎ᠪᠠᠨ ᠬᠤᠯᠪᠤᠨ᠂ ᠶᠠᠮᠠᠷ ᠴᠤ᠌ ᠥᠪᠡᠷ᠎ᠤᠨ ᠣᠨᠴᠠᠭᠠᠶ ᠠᠱᠢᠭ ᠲᠤᠰᠠ ᠭᠡᠵᠦ᠍ ᠪᠠᠢᠬᠤ ᠥᠬᠡᠶ᠂ ᠶᠡᠷᠦ᠎ᠠᠴᠠ ᠶᠠᠮᠠᠷᠪᠠ ᠠᠱᠢᠭ ᠲᠤᠰᠠ᠎ᠶ᠋ᠢᠨ ᠪᠦᠯᠦᠭ᠌ᠯᠡᠯ᠂ ᠶᠠᠮᠠᠷᠪᠠ ᠡᠷᠬᠡ ᠬᠦᠴᠦᠨ᠎ᠤ ᠪᠦᠯᠬᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ᠎ᠶ᠋ᠢᠨ ᠠᠱᠢᠭ ᠲᠤᠰᠠ᠎ᠶ᠋ᠢ ᠲᠥᠯᠦᠭᠡᠯᠡᠬᠦ᠌ ᠥᠬᠡᠶ ᠶᠤᠮ ᠭᠡᠵᠦ᠍ ᠴᠢᠬᠤᠯᠠᠴᠢᠯᠠᠪᠠ᠃ ᠨᠠᠮ᠎ᠤᠨ ᠭᠡᠱᠢᠭᠦᠨ ᠺᠠᠳ᠋ᠷᠴᠤᠳ ᠡᠷᠬᠡᠪᠰᠢ ᠡᠷᠬᠡ᠎ᠪᠠᠨ ᠠᠷᠠᠳ᠎ᠤᠨ ᠲᠥᠯᠥᠭᠡ ᠬᠡᠷᠡᠭ᠌ᠯᠡᠬᠦ᠂ ᠬᠠᠢᠷ᠎ᠠ ᠰᠡᠳᠭᠢᠯᠭᠡ᠎ᠪᠠᠨ ᠠᠷᠠᠳ ᠲᠦᠮᠡᠨ᠎ᠲᠠᠢ ᠬᠤᠯᠪᠣᠬᠤ᠂ ᠠᠱᠢᠭ ᠲᠤᠰᠠ᠎ᠶ᠋ᠢ ᠠᠷᠠᠳ ᠲᠦᠮᠡᠨ᠎ᠳᠤ ᠣᠯᠭᠤᠬᠤ᠎ᠶ᠋ᠢ ᠢᠮᠠᠭ᠍ᠲᠠ ᠪᠠᠷᠢᠮᠲᠠᠯᠠᠵᠤ᠂ ᠠᠷᠠᠳ ᠲᠦᠮᠡᠨ᠎ᠢ ᠢᠮᠠᠭ᠍ᠲᠠ ᠰᠡᠳᠭᠢᠯ ᠵᠢᠷᠦᠬᠡᠨ᠎ᠤ᠎ᠪᠠᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠨᠠᠮ ᠪᠠ ᠠᠷᠠᠳ ᠲᠦᠮᠡᠨ᠎ᠤ ᠦᠢᠯᠡᠰ᠎ᠲᠤ ᠠᠱᠢᠭ᠍ᠲᠠᠶ ᠵᠠᠰᠠᠭ᠎ᠤᠨ ᠠᠵᠢᠯ᠎ᠤᠨ ᠠᠮᠵᠢᠯᠲᠠ᠎ᠶ᠋ᠢ ᠦᠨᠡᠨ ᠬᠦ᠌ ᠪᠦᠲᠦᠭᠡᠬᠦ᠌ ᠬᠡᠷᠡᠭ᠌ᠲᠡᠶ᠃
《ᠤᠯᠠᠭᠠᠨ ᠣᠩᠭᠤᠴᠠᠨ᠎ᠤ ᠵᠣᠷᠢᠭ ᠰᠠᠨᠠᠭ᠎ᠠ》 ᠶ᠋ᠢᠨ ᠠᠴᠢᠶᠠᠯᠠᠵᠤ ᠪᠦᠬᠦᠢ ᠡᠭᠦᠳᠦᠨ ᠪᠦᠲᠦᠭᠡᠬᠦ᠌ ᠵᠣᠷᠢᠭ ᠰᠠᠨᠠᠭ᠎ᠠ᠂ ᠲᠡᠮᠡᠴᠡᠯ᠎ᠤᠨ ᠵᠣᠷᠢᠭ ᠰᠠᠨᠠᠭ᠎ᠠ᠂ ᠬᠠᠷᠠᠮ ᠦᠭᠡᠶ ᠵᠣᠷᠢᠭᠤᠯᠬᠤ ᠵᠣᠷᠢᠭ ᠰᠠᠨᠠᠭ᠎ᠠ ᠪᠤᠯ ᠮᠠᠨ᠎ᠤ ᠨᠠᠮ᠎ᠤᠨ ᠨᠤᠭᠤᠷᠠᠰᠢ ᠦᠭᠡᠢ ᠲᠡᠮᠡᠴᠡᠵᠦ᠍᠂ ᠲᠠᠰᠤᠷᠠᠯᠳᠡ ᠦᠭᠡᠢ ᠬᠥᠭ᠌ᠵᠢᠨ ᠪᠤᠵᠠᠭᠠᠢᠷᠠᠬᠤ᠎ᠶ᠋ᠢ ᠵᠣᠷᠢᠭ᠍ᠵᠢᠭᠤᠯᠬᠤ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ ᠮᠥᠨ᠂ ᠮᠠᠨ᠎ᠤ ᠨᠠᠮ᠎ᠤᠨ ᠨᠠᠮ ᠪᠠᠢᠭᠤᠯᠵᠤ ᠨᠠᠮ᠎ᠢᠶᠠᠨ ᠮᠠᠨᠳᠤᠭᠤᠯᠬᠤ᠂ ᠲᠦᠷᠦ᠍ ᠪᠠᠷᠢᠵᠤ ᠤᠯᠤᠰ᠎ᠢᠶᠠᠨ ᠮᠠᠨᠳᠤᠭᠤᠯᠬᠤ᠎ᠶ᠋ᠢᠨ ᠡᠷᠬᠢᠮ ᠨᠠᠨᠳᠢᠨ ᠤᠶᠤᠨ ᠰᠠᠨᠠᠭᠠᠨ᠎ᠤ ᠥᠪ ᠬᠦᠷᠦᠩᠬᠡ ᠮᠥᠨ᠂ ᠪᠠᠰᠠ ᠴᠤ᠌ ᠱᠢᠨ᠎ᠡ ᠴᠠᠭ ᠦᠶ᠎ᠡ᠎ᠳᠤ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢᠭᠡᠮ ᠵᠢᠷᠦᠮ᠎ᠢ ᠪᠠᠷᠢᠮᠲᠠᠯᠠᠨ ᠬᠥᠭ᠌ᠵᠢᠭᠦᠯᠬᠦ᠌᠎ᠶ᠋ᠢᠨ ᠪᠠᠲᠤ ᠴᠢᠩᠭ᠎ᠠ ᠤᠶᠤᠨ ᠰᠠᠨᠠᠭᠠᠨ᠎ᠤ ᠲᠤᠯᠭᠠᠭᠤᠷᠢᠯᠠᠯ ᠮᠥᠨ᠂ ᠲᠡᠷᠡ ᠪᠤᠯ ᠴᠠᠭ ᠣᠷᠣᠨ ᠵᠠᠢ᠎ᠶ᠋ᠢ ᠳᠠᠪᠠᠭ᠍ᠰᠠᠨ ᠥᠨᠢᠳᠡ᠎ᠶ᠋ᠢᠨ ᠦᠷᠳᠡᠭ ᠪᠠ ᠬᠦᠴᠦᠷᠬᠡᠭ ᠶᠡᠭᠡ ᠠᠮᠢᠵᠢᠷᠠᠯ᠎ᠤᠨ ᠬᠦᠴᠦᠨ᠎ᠲᠠᠢ ᠶᠤᠮ᠃ 《ᠤᠯᠠᠭᠠᠨ ᠣᠩᠭᠤᠴᠠᠨ᠎ᠤ ᠵᠣᠷᠢᠭ ᠰᠠᠨᠠᠭ᠎ᠠ》 ᠶ᠋ᠢ ᠮᠥᠨ ᠴᠢᠨᠠᠷ᠎ᠠᠴᠠ᠎ᠨᠢ ᠡᠵᠡᠮᠱᠢᠵᠦ᠍᠂ ᠱᠢᠨ᠎ᠡ ᠦᠢᠯᠡᠳᠦᠯᠭᠡ᠎ᠶ᠋ᠢᠨ ᠳᠤᠮᠳᠠ ᠵᠠᠯᠭᠠᠮᠵᠢᠯᠠᠨ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠬᠡᠷᠡᠯ ᠬᠢᠯᠪᠠᠭ᠎ᠠ᠎ᠶ᠋ᠢ᠎ᠨᠢ ᠰᠠᠴᠤᠷᠠᠭᠤᠯᠬᠤ ᠬᠡᠷᠡᠭ᠌ᠲᠡᠢ᠃
(ᠵᠣᠬᠢᠶᠠᠭ᠍ᠴᠢ᠎ᠶ᠋ᠢᠨ ᠪᠠᠢᠭᠤᠯᠭ᠎ᠠ᠄ ᠦᠪᠦᠷ ᠮᠤᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶ᠋ᠢᠨ ᠵᠢᠭᠠᠨ ᠰᠤᠳᠤᠯᠬᠤ ᠬᠡᠯᠲᠡᠰ)

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭᠠᠷ ᠤᠳᠠᠭᠠᠨ᠎ᠤ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ
1921 ᠣᠨ᠎ᠤ 7 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭᠠᠷ ᠤᠳᠠᠭᠠᠨ᠎ᠤ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠱᠠᠩᠬᠠᠢ᠎ᠶ᠋ᠢᠨ ᠹᠷᠠᠨᠼᠢ᠎ᠶ᠋ᠢᠨ ᠲᠦᠷᠢᠶᠡᠰᠦᠨ ᠭᠠᠵᠠᠷ᠎ᠤᠨ ᠸᠠᠩ ᡁᠢ ᠵᠠᠮ᠎ᠤᠨ 106 ᠳ᠋ᠤᠭᠠᠷ ᠨᠤᠮᠧᠷᠳᠤ (ᠤᠳᠤ᠎ᠶ᠋ᠢᠨ ᠱᠢᠩ ᠶᠧ ᠵᠠᠮ᠎ᠤᠨ 76 ᠳ᠋ᠤᠭᠠᠷ ᠨᠤᠮᠧᠷᠳᠤ) ᠳᠤ ᠡᠬᠢᠯᠡᠪᠡ᠃ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢ᠎ᠳᠤ᠄ ᠱᠠᠩᠬᠠᠢ᠎ᠶ᠋ᠢᠨ ᠯᠢ ᠳ᠋ᠡ᠂ ᠯᠢ ᠬᠠᠨ ᠵᠢᠶᠦ᠋ᠨ᠂ ᠪᠡᠭᠡᠵᠢᠩ᠎ᠤᠨ ᠵᠠᠩ ᠭᠦᠸᠧ ᠲᠤᠤ᠂ ᠯᠢᠦ ᠷᠧᠨ ᠵᠢᠩ᠂ ᠴᠠᠩᠱᠠ᠎ᠶ᠋ᠢᠨ ᠮᠠᠤ ᠽᠧ ᠳ᠋ᠦᠩ᠂ ᠾᠧ ᠱᠦ᠍ ᠾᠧᠩ᠂ ᠦᠬᠠᠨ᠎ᠤ ᠳ᠋ᠦᠩ ᠪᠢ ᠡᠦ᠂ ᠴᠧᠨ ᠲᠠᠨ ᠴᠢᠦ᠂ ᠵᠢᠨᠠᠨ᠎ᠤ ᠸᠠᠩ᠎ᠶ᠋ᠢᠨ ᠮᠧᠢ᠂ ᠳ᠋ᠧᠩ ᠡᠸᠨ ᠮᠢᠩ᠂ ᠭᠤᠸᠠᠩᠵᠧᠦ᠎ᠶ᠋ᠢᠨ ᠴᠧᠨ ᠭᠦᠩ ᠪᠦᠸᠧ᠂ ᠶᠠᠫᠣᠨ᠎ᠳᠤ ᠵᠢᠭᠤᠯᠴᠢᠯᠠᠵᠤ ᠪᠠᠢᠭ᠍ᠰᠠᠨ ᠵᠧᠦ ᠹᠦᠸᠧ ᠬᠠᠢ ᠨᠠᠷ ᠪᠤᠢ᠂ ᠪᠦᠦ ᠬᠤᠢ ᠰᠧᠩ ᠴᠧᠨ ᠳ᠋ᠦ᠋ ᠱᠢᠤ᠎ᠶ᠋ᠢᠨ ᠲᠣᠮᠢᠯᠠᠯᠲᠠ᠎ᠪᠠᠷ ᠬᠤᠷᠠᠯ᠎ᠳᠤ ᠣᠷᠣᠯᠴᠠᠪᠠ᠃ ᠲᠡᠳᠡ ᠪᠦᠬᠦ᠌ ᠤᠯᠤᠰ᠎ᠤᠨ 50 ᠭᠠᠷᠤᠶ ᠨᠠᠮ᠎ᠤᠨ ᠭᠡᠱᠢᠭᠦᠨ᠎ᠢ ᠲᠥᠯᠥᠭᠡᠯᠡᠪᠡ᠃ ᠡᠪ ᠬᠠᠮᠲᠤ᠎ᠶ᠋ᠢᠨ ᠢᠨᠲ᠋ᠧᠷᠨᠠᠼᠢᠣᠨᠠᠯ᠎ᠤᠨ ᠲᠥᠯᠥᠭᠡᠯᠡᠭ᠌ᠴᠢ ᠮᠠᠯᠢᠨ ᠪᠣᠯᠤᠨ ᠨᠢᠺᠧᠷᠰᠺᠢ ᠬᠤᠷᠠᠯ᠎ᠳᠤ ᠣᠷᠣᠯᠴᠠᠵᠠᠢ᠃ ᠴᠧᠨ ᠳ᠋ᠦ᠋ ᠱᠢᠤ ᠪᠣᠯᠤᠨ ᠯᠢ ᠳ᠋ᠡ ᠵᠤᠤ ᠠᠵᠢᠯ ᠠᠯᠪᠠ ᠶᠠᠭᠠᠷᠠᠤ᠎ᠠᠴᠠ ᠪᠤᠯᠵᠤ ᠬᠤᠷᠠᠯ᠎ᠳᠤ ᠣᠷᠣᠯᠴᠠᠭ᠍ᠰᠠᠨ ᠦᠭᠡᠢ᠃
ᠬᠤᠷᠠᠯ᠎ᠤᠨ ᠲᠠᠯᠠᠪᠠᠶ ᠲᠠᠩᠨᠠᠭᠤᠯ᠎ᠤᠨ ᠠᠩᠬᠠᠷᠤᠯ᠎ᠢ ᠲᠠᠲᠠᠭ᠍ᠰᠠᠨ ᠪᠠ ᠹᠷᠠᠨᠼᠢ᠎ᠶ᠋ᠢᠨ ᠲᠦᠷᠢᠶᠡᠰᠦᠨ ᠭᠠᠵᠠᠷ᠎ᠤᠨ ᠴᠠᠭ᠍ᠳᠠᠭ᠎ᠠ᠎ᠶ᠋ᠢᠨ ᠨᠡᠩᠵᠢᠯᠲᠡ᠎ᠳᠤ ᠤᠴᠠᠷᠠᠭ᠍ᠰᠠᠨ᠎ᠠᠴᠠ ᠪᠣᠯᠵᠤ᠂ ᠬᠠᠮᠤᠭ ᠰᠡᠭᠦᠯᠴᠢ᠎ᠶ᠋ᠢᠨ ᠨᠢᠭᠡ ᠡᠳᠦᠷ᠎ᠤᠨ ᠬᠤᠷᠠᠯ᠎ᠨᠢ ᠵᠧᠵᠢᠶᠠᠩ᠎ᠤᠨ ᠵᠢᠶᠠ ᠱᠢᠩ᠎ᠤᠨ ᠨᠠᠨ ᠬᠤ᠌ ᠨᠠᠭᠤᠷ᠎ᠤᠨ ᠵᠢᠭᠤᠯᠴᠢᠯᠠᠯ᠎ᠤᠨ ᠣᠩᠭᠤᠴᠠᠨ ᠳᠡᠭᠡᠷ᠎ᠡ ᠶᠠᠪᠤᠭ᠍ᠳᠠᠪᠠ᠃ ᠨᠠᠮ᠎ᠤᠨ ᠠᠩᠬᠠᠳᠤᠭᠠᠷ ᠶᠡᠭᠡ ᠬᠤᠷᠠᠯ᠎ᠠᠴᠠ ᠨᠠᠮ᠎ᠤᠨ ᠨᠡᠷ᠎ᠡ᠎ᠶ᠋ᠢ 《ᠲᠤᠮᠳᠠᠳᠤ ᠤᠯᠤᠰ᠎ᠤᠨ ᠡᠪ ᠬᠠᠮᠲᠤ ᠨᠠᠮ》 ᠭᠡᠵᠦ᠍ ᠲᠤᠭ᠍ᠲᠠᠭᠠᠵᠠᠢ᠃ ᠶᠡᠭᠡ ᠬᠤᠷᠠᠯ᠎ᠠᠴᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠠᠭ᠍ᠴᠢ ᠬᠥᠲᠥᠯᠪᠦᠷᠢ᠎ᠶ᠋ᠢ ᠪᠠᠲᠤᠯᠠᠵᠤ᠂ 《ᠬᠤᠪᠢᠰᠭᠠᠯᠲᠤ ᠴᠡᠷᠢᠭ ᠠᠩᠬᠢ ᠡᠷᠬᠡᠪᠰᠢ ᠦᠭᠡᠢᠭᠦᠦ ᠠᠩᠬᠢ᠎ᠲᠠᠢ ᠬᠠᠮᠲᠤ᠎ᠪᠠᠷ ᠬᠥᠷᠥᠩᠭᠡᠲᠡᠨ ᠠᠩᠬᠢ᠎ᠶ᠋ᠢᠨ ᠵᠠᠰᠠᠭ᠎ᠤᠨ ᠡᠷᠬᠡ᠎ᠶ᠋ᠢ ᠲᠦᠯᠬᠢᠨ ᠤᠨᠠᠭᠠᠬᠤ》᠂ 《ᠠᠩᠬᠢ᠎ᠶ᠋ᠢᠨ ᠲᠡᠮᠡᠴᠡᠯ ᠳᠠᠭᠤᠰᠳᠠᠯ᠎ᠠ ᠦᠭᠡᠢᠭᠦᠦ ᠠᠩᠬᠢ᠎ᠶ᠋ᠢᠨ ᠳᠠᠷᠤᠩᠭᠤᠢᠯᠠᠬᠤ ᠵᠠᠰᠠᠭ᠎ᠢ ᠮᠡᠳᠡᠷᠡᠬᠦ᠌》᠂ 《ᠬᠥᠷᠥᠩᠭᠡᠲᠡᠨᠤ ᠬᠤᠪᠢ᠎ᠶ᠋ᠢᠨ ᠥᠮᠴᠢᠯᠡᠯᠢ ᠤᠰᠠᠳᠭᠠᠬᠤ》 ᠵᠢᠴᠢ ᠭᠤᠷᠪᠠᠳᠤᠭᠠᠷ ᠢᠨᠲ᠋ᠧᠷᠨᠠᠼᠢᠣᠨᠠᠯ᠎ᠲᠠᠢ ᠬᠤᠯᠪᠣᠭᠠᠯᠠᠬᠤ᠎ᠶ᠋ᠢ ᠲᠣᠳᠣᠷᠬᠠᠢᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠮᠠᠭ᠍ᠴᠠᠪᠠᠨ ᠳᠠᠷᠤᠢ ᠲᠤᠬ ᠲᠡᠮᠳᠡᠭ ᠲᠣᠳᠣᠷᠬᠠᠢ᠎ᠪᠠᠷ ᠨᠡᠢᠭᠡᠮ ᠵᠢᠷᠤᠮ ᠪᠠ ᠡᠪ ᠬᠠᠮᠲᠤ ᠶᠣᠰᠣ᠎ᠶ᠋ᠢ ᠥᠪᠡᠷ᠎ᠤᠨ ᠲᠡᠮᠡᠴᠡᠬᠦ᠌ ᠬᠠᠷᠠᠯᠲᠠ᠎ᠪᠠᠨ ᠪᠣᠯᠭᠠᠵᠤ᠂ ᠬᠤᠪᠢᠰᠭᠠᠯ᠎ᠤᠨ ᠠᠷᠭ᠎ᠠ ᠪᠠᠷᠢᠯ᠎ᠢᠶᠠᠷ ᠡᠨᠡ ᠬᠦ᠌ ᠬᠠᠷᠠᠯᠲᠠ᠎ᠪᠠᠨ ᠪᠡᠶᠡᠯᠡᠭᠦᠯᠬᠦ᠌᠎ᠶ᠋ᠢ ᠪᠠᠷᠢᠮᠲᠠᠯᠠᠪᠠ᠃ ᠨᠠᠮ᠎ᠤᠨ ᠠᠩᠬᠠᠳᠤᠭᠠᠷ ᠶᠡᠭᠡ ᠬᠤᠷᠠᠯ᠎ᠠᠴᠠ ᠲᠥᠪ᠎ᠤᠨ ᠲᠣᠪᠴᠢᠶ᠎ᠠ᠎ᠶ᠋ᠢ ᠲᠥᠪ᠎ᠤᠨ ᠲᠦᠷ ᠴᠠᠭ᠎ᠤᠨ ᠤᠳᠤᠷᠢᠳᠭᠤ ᠪᠠᠢᠭᠤᠯᠤᠮᠵᠢ ᠪᠣᠯᠭᠠᠬᠤ᠎ᠪᠠᠷ ᠲᠣᠭ᠍ᠲᠠᠭᠠᠵᠤ᠂ ᠴᠧᠨ ᠳ᠋ᠦ᠋ ᠱᠢᠤ᠎ᠪᠠᠷ ᠱᠦᠵᠢ ᠪᠣᠯᠭᠠᠭ᠍ᠰᠠᠨ ᠲᠥᠪ᠎ᠤᠨ ᠲᠣᠪᠴᠢᠶ᠎ᠠ᠎ᠶ᠋ᠢ ᠰᠣᠩᠭᠤᠨ ᠭᠠᠷᠭᠠᠪᠠ᠃
ᠨᠠᠮ᠎ᠤᠨ ᠠᠩᠬᠠᠳᠤᠭᠠᠷ ᠶᠡᠭᠡ ᠬᠤᠷᠠᠯ᠎ᠠᠴᠠ ᠳᠤᠮᠳᠠᠳᠤ ᠤᠯᠤᠰ᠎ᠤᠨ ᠡᠪ ᠬᠠᠮᠲᠤ ᠨᠠᠮ ᠵᠢᠩᠬᠢᠨᠢ᠎ᠪᠠᠷ ᠪᠠᠢᠭᠤᠯᠤᠭ᠍ᠳᠠᠭ᠍ᠰᠠᠨ᠎ᠢ ᠲᠤᠩᠬᠠᠭ᠍ᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠢᠭᠤᠯᠤᠭ᠍ᠳᠠᠭ᠍ᠰᠠᠨ ᠶᠠᠪᠤᠳᠠᠯ ᠪᠣᠯ ᠤᠢ᠍ᠢᠷ᠎ᠠ ᠦᠶ᠎ᠡ᠎ᠶ᠋ᠢᠨ ᠳᠤᠮᠳᠠᠳᠤ ᠤᠯᠤᠰ᠎ᠤᠨ ᠲᠡᠦᠬᠡ᠎ᠶ᠋ᠢᠨ ᠬᠥᠭ᠌ᠵᠢᠯᠲᠡ᠎ᠶ᠋ᠢᠨ ᠵᠠᠢᠯᠠᠰᠢ ᠦᠭᠡᠢ ᠦᠷ᠎ᠠ ᠳ᠋ᠦᠩ ᠮᠥᠨ᠂ ᠳᠤᠮᠳᠠᠳᠤ ᠤᠯᠤᠰ᠎ᠤᠨ ᠠᠷᠠᠳ ᠲᠦᠮᠡᠨ᠎ᠤ ᠤᠯᠤᠰ ᠣᠷᠣᠨ᠎ᠢᠶᠠᠨ ᠮᠥᠬᠦᠯ᠎ᠠᠴᠠ ᠠᠪᠤᠷᠠᠬᠤ ᠲᠡᠮᠡᠴᠡᠯ᠎ᠤᠨ ᠳᠤᠮᠳᠠ ᠨᠤᠭᠤᠷᠠᠰᠢ ᠦᠭᠡᠢ ᠡᠷᠢᠯᠬᠢᠯᠡᠭ᠌ᠰᠡᠨ ᠵᠠᠢᠯᠠᠰᠢ ᠦᠭᠡᠢ ᠦᠷ᠎ᠠ ᠳ᠋ᠦᠩ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠵᠠᠢᠯᠠᠰᠢ ᠦᠭᠡᠢ ᠦᠷ᠎ᠠ ᠳ᠋ᠦᠩ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠬᠠᠮᠤᠭ᠎ᠤᠨ ᠲᠡᠷᠢᠭᠦᠨ᠎ᠤ ᠠᠩᠭᠢ ᠪᠣᠯᠬᠤ ᠠᠵᠢᠯᠴᠢᠨ ᠠᠩᠭᠢ᠎ᠶ᠋ᠢᠨ ᠲᠥᠷᠥ᠎ᠶ᠋ᠢᠨ ᠨᠠᠮ ᠪᠣᠯᠤᠭ᠍ᠰᠠᠨ᠎ᠤ ᠬᠤᠪᠢ᠎ᠳᠤ ᠠᠵᠢᠯᠴᠢᠨ ᠠᠩᠭᠢ᠎ᠶ᠋ᠢᠨ ᠠᠱᠢᠭ ᠲᠤᠰᠠ᠎ᠶ᠋ᠢ ᠲᠥᠯᠥᠭᠡᠯᠡᠵᠦ᠍ ᠪᠠᠢᠬᠤ᠎ᠪᠠᠷ ᠪᠠᠷᠠᠬᠤ ᠦᠭᠡᠶ ᠪᠠᠰᠠ ᠪᠦᠬᠦ᠋ᠢᠯᠡ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶ᠋ᠢᠨ ᠦᠨᠳᠦᠰᠦᠲᠡᠨ᠎ᠤ ᠠᠱᠢᠭ ᠲᠤᠰᠠ᠎ᠶ᠋ᠢ ᠲᠥᠯᠥᠭᠡᠯᠡᠵᠦ᠍ ᠪᠠᠢᠳᠠᠭ᠃ ᠲᠡᠷᠡ᠎ᠨᠢ ᠡᠬᠢᠯᠡᠩᠭᠦᠳᠡ᠎ᠪᠠᠨ ᠮᠠᠷᠺᠰ᠎ᠤᠨ ᠦᠵᠡᠯ᠎ᠢᠶᠠᠷ ᠠᠵᠢᠯᠯᠠᠭᠠᠨ᠎ᠤ ᠵᠦᠭ᠌ᠯᠡᠭᠦᠷ ᠪᠣᠯᠭᠠᠬᠤ᠎ᠶ᠋ᠢ ᠪᠠᠷᠢᠮᠲᠠᠯᠠᠵᠤ᠂ ᠢᠮᠠᠭ᠍ᠲᠠ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭᠠᠯ ᠣᠯᠭᠤᠬᠤ᠂ ᠳᠤᠮᠳᠠᠳᠤ᠎ᠶ᠋ᠢᠨ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠠᠷ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠎ᠪᠠᠨ ᠪᠣᠯᠭᠠᠭ᠍ᠰᠠᠭᠠᠷ ᠢᠷᠡᠪᠡ᠃
【 ᠦᠨᠳᠦᠰᠦᠨ ᠱᠠᠳᠤᠨ᠎ᠤ ᠲᠠᠭᠤᠨ 】
《ᠤᠯᠠᠭᠠᠨ ᠣᠩᠭᠤᠴᠠᠨ᠎ᠤ ᠵᠣᠷᠢᠭ ᠰᠠᠨᠠᠭ᠎ᠠ》 ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠤᠨ᠎ᠠ
ᠲᠠᠳᠤᠯᠭ᠎ᠠ᠎ᠶ᠋ᠢᠨ ᠰᠤᠷᠪᠤᠯᠵᠢᠯᠠᠭ᠍ᠴᠢ ᠪᠠᠶ ᠵᠢᠩ
ᠴᠠᠭ ᠦᠶ᠎ᠡ ᠬᠡᠷᠬᠢᠨ ᠬᠤᠪᠢᠷᠠᠭ᠍ᠰᠠᠨ ᠴᠦ᠍ ᠤᠯᠠᠭᠠᠨ ᠣᠩᠭᠤᠴᠠᠨ᠎ᠤ ᠵᠣᠷᠢᠭ ᠰᠠᠨᠠᠭ᠎ᠠ ᠬᠡᠵᠢᠶᠡᠳᠡ ᠬᠤᠪᠢᠷᠠᠰᠢ ᠦᠬᠡᠢ᠃ 《ᠤᠯᠠᠭᠠᠨ ᠣᠩᠭᠤᠴᠠᠨ᠎ᠤ ᠵᠣᠷᠢᠭ ᠰᠠᠨᠠᠭ᠎ᠠ》 ᠪᠣᠯ ᠳᠤᠮᠳᠠᠳᠤ ᠤᠯᠤᠰ᠎ᠤᠨ ᠬᠤᠪᠢᠰᠭᠠᠯ᠎ᠤᠨ ᠵᠣᠷᠢᠭ ᠰᠠᠨᠠᠭᠠᠨ᠎ᠤ ᠡᠬᠢ ᠰᠤᠷᠪᠤᠯᠵᠢ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠬᠥᠲᠥᠯᠥᠨ ᠳᠠᠭᠠᠭᠤᠯᠵᠤ ᠰᠦᠷ ᠳᠠᠯᠠᠢᠴᠠᠲᠠᠢ ᠭᠡᠷᠡᠯ ᠰᠠᠴᠤᠷᠠᠩᠭᠤᠶ ᠲᠡᠦᠬᠡᠨ ᠶᠠᠪᠤᠴᠠ᠎ᠶ᠋ᠢ ᠥᠩᠭᠡᠷᠡᠭᠦᠯᠪᠡ᠃ 《ᠲᠡᠦᠭᠡᠨ᠎ᠳᠤ ᠦᠭᠡᠢ ᠭᠠᠢᠬᠠᠮᠱᠢᠭ᠎ᠢ ᠵᠤᠷᠢᠭ᠍ᠳᠠᠢ ᠡᠬᠦᠳᠬᠦ᠌ ᠡᠭᠦᠳᠦᠨ ᠪᠦᠲᠦᠭᠡᠬᠦ᠌ ᠵᠣᠷᠢᠭ ᠰᠠᠨᠠᠭ᠎ᠠ᠂ ᠡᠷᠡᠰ ᠪᠠᠳᠤ ᠬᠦᠰᠡᠯᠡᠩ᠎ᠲᠠᠢ᠂ ᠴᠦᠬᠦᠷᠡᠰᠢ ᠥᠬᠡᠶ ᠴᠢᠷᠮᠠᠢᠬᠤ ᠲᠡᠮᠡᠴᠡᠯ᠎ᠤᠨ ᠵᠣᠷᠢᠭ ᠰᠠᠨᠠᠭ᠎ᠠ᠂ ᠨᠡᠢᠲᠡ᠎ᠶ᠋ᠢᠨ ᠲᠥᠯᠥᠭᠡ ᠨᠠᠮ ᠪᠠᠢᠭᠤᠯᠵᠤ᠂ ᠠᠷᠠᠳ᠎ᠤᠨ ᠲᠥᠯᠥᠭᠡ ᠱᠢᠳᠤᠷᠭᠤ᠎ᠪᠠᠷ ᠵᠢᠳᠬᠦᠬᠦ᠌ ᠡᠷᠬᠦᠨ ᠵᠤᠷᠢᠭᠤᠯᠬᠤ ᠵᠣᠷᠢᠭ ᠰᠠᠨᠠᠭ᠎ᠠ》 ᠪᠣᠯ 《ᠤᠯᠠᠭᠠᠨ ᠣᠩᠭᠤᠴᠠᠨ᠎ᠤ ᠵᠣᠷᠢᠭ ᠰᠠᠨᠠᠭ᠎ᠠ》 ᠶ᠋ᠢᠨ ᠭᠦᠨᠵᠡᠭᠡᠶ ᠠᠭᠤᠯᠬᠤᠨ ᠮᠥᠨ᠂ ᠡᠪ ᠬᠠᠮᠲᠤᠴᠤᠳ᠎ᠤᠨ ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠎ᠶ᠋ᠢ ᠢᠯᠡᠷᠡᠬᠦᠯᠵᠦ᠍᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠱᠢᠨ᠎ᠡ ᠴᠠᠭ ᠦᠶ᠎ᠡ᠎ᠳᠤ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠠᠶᠠᠨ᠎ᠳᠤ ᠦᠷᠭᠦᠯᠵᠢᠯᠡᠨ ᠲᠡᠮᠡᠴᠡᠬᠦ᠌᠎ᠶ᠋ᠢ ᠤᠷᠮᠠᠱᠢᠭᠤᠯᠤᠨ ᠵᠤᠷᠢᠭ᠍ᠵᠢᠭᠤᠯᠤᠨᠠ᠃
《ᠤᠯᠠᠭᠠᠨ ᠣᠩᠭᠤᠴᠠ ᠪᠣᠯ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠤ ᠬᠤᠱᠢᠭᠤᠷᠠᠬᠤ᠎ᠶ᠋ᠢᠨ ᠪᠡᠯᠭᠡ ᠲᠡᠮᠳᠡᠭ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ ᠤᠯᠠᠭᠠᠨ ᠣᠩᠭᠤᠴᠠᠨ᠎ᠤ ᠠᠶᠠᠯᠠᠯ᠎ᠤᠨ ᠴᠢᠭ᠌ᠯᠡᠯ᠎ᠢᠶᠠᠷ᠂ ᠲᠡᠤᠭᠡᠨ᠎ᠳᠤ ᠭᠠᠷᠤᠭ᠎ᠠ ᠦᠭᠡᠢ ᠭᠠᠢᠬᠠᠮᠱᠢᠭ᠎ᠢ ᠵᠤᠷᠢᠭ᠍ᠳᠠᠢ᠎ᠪᠠᠷ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠪᠠᠷ ᠢᠮᠠᠭ᠍ᠲᠠ ᠲᠡᠦᠬᠡ ᠪᠠ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠡᠮᠦᠨ᠎ᠡ ᠡᠩᠨᠡᠬᠡᠨ᠎ᠳᠤ ᠬᠤᠱᠢᠭᠤᠷᠠᠭ᠍ᠰᠠᠭᠠᠷ ᠢᠷᠡᠵᠡᠢ᠃ 〈ᠤᠯᠠᠭᠠᠨ ᠣᠩᠭᠤᠴᠠᠨ᠎ᠤ ᠵᠣᠷᠢᠭ ᠰᠠᠨᠠᠭ᠎ᠠ〉 ᠮᠢᠨᠦ᠍ ᠵᠣᠷᠢᠭ᠍ᠲᠠᠢ᠎ᠪᠠᠷ ᠥᠭᠡᠷᠡᠴᠢᠯᠡᠯᠲᠡ ᠬᠢᠬᠦ᠌ ᠰᠥᠰᠥ᠍ ᠵᠣᠷᠢᠭ᠎ᠢ ᠳᠠᠪᠲᠠᠨ ᠪᠣᠯᠪᠠᠰᠤᠷᠠᠭᠤᠯᠵᠤ᠂ ᠵᠣᠷᠢᠭ᠍ᠲᠠᠢ᠎ᠪᠠᠷ ᠡᠮᠦᠨ᠎ᠡ ᠡᠩᠨᠡᠭᠡᠨ᠎ᠳᠤ ᠬᠤᠱᠢᠭᠤᠷᠠᠬᠤ ᠡᠷᠴᠢ ᠵᠣᠷᠢᠭ᠎ᠢ ᠬᠥᠪᠴᠢᠯᠡᠵᠡᠢ᠃ ᠪᠢᠳᠡ ᠠᠷᠠᠳ ᠲᠦᠮᠡᠨ᠎ᠤ ᠠᠵᠠ ᠵᠢᠷᠭᠠᠯ᠎ᠢ ᠨᠡᠮᠡᠭ᠌ᠳᠡᠭᠦᠯᠬᠦ᠌᠎ᠪᠠᠷ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠭᠠᠷᠳᠠᠴᠠ ᠪᠣᠯᠭᠠᠵᠤ᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠱᠢᠨ᠎ᠡ ᠰᠡᠳᠭᠢᠴᠡ᠂ ᠱᠢᠨ᠎ᠡ ᠠᠷᠭ᠎ᠠ᠂ ᠱᠢᠨ᠎ᠡ ᠲᠣᠭ᠍ᠲᠠᠴᠠ᠎ᠶ᠋ᠢ ᠢᠳᠡᠪᠬᠢᠲᠡᠶ ᠡᠭᠦᠳᠴᠦ᠍᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠵᠤ᠂ 〈ᠨᠠᠮ᠎ᠤᠨ ᠪᠠᠢᠭᠤᠯᠤᠯᠲᠠ +〉 ᠠᠵᠢᠯ᠎ᠤᠨ ᠵᠠᠭ᠍ᠪᠤᠷ᠎ᠢ ᠲᠠᠰᠤᠷᠠᠯᠲᠠ ᠥᠬᠡᠶ ᠦᠷᠭᠡᠳᠭᠡᠨ᠎ᠡ᠃ ᠨᠠᠮ᠎ᠤᠨ ᠪᠠᠢᠭᠤᠯᠤᠯᠲᠠ᠎ᠶ᠋ᠢᠨ ᠠᠵᠢᠯ᠎ᠢᠶᠠᠷ ᠳᠠᠮᠵᠢᠭᠤᠯᠤᠨ ᠡᠯ᠎ᠡ ᠵᠦᠢᠯ᠎ᠤᠨ ᠠᠵᠢᠯ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ ᠵᠢᠷᠤᠮᠵᠢᠭᠤᠯᠤᠨ ᠴᠢᠩᠭᠠᠳᠭᠠᠵᠤ᠂ 〈ᠨᠠᠮ᠎ᠤᠨ ᠪᠠᠢᠭᠤᠯᠤᠯᠲᠠ + ᠠᠮᠤᠷ ᠲᠦᠪᠱᠢᠨ〉 〈ᠨᠠᠮ᠎ᠤᠨ ᠪᠠᠢᠭᠤᠯᠤᠯᠲᠠ + ᠱᠢᠯᠢᠳᠡᠭ ᠦᠢᠯᠡᠴᠢᠯᠡᠭᠡ〉 〈ᠨᠠᠮ᠎ᠤᠨ ᠪᠠᠢᠭᠤᠯᠤᠯᠲᠠ + ᠱᠢᠨ᠎ᠡ᠎ᠶ᠋ᠢ ᠡᠭᠦᠳᠬᠦ᠌〉 ᠠᠵᠢᠯ᠎ᠳᠤ ᠦᠨᠡᠨ ᠬᠦ᠌ ᠦᠷ᠎ᠡ ᠪᠦᠲᠦᠮᠵᠢ ᠤᠯᠬᠤ᠎ᠶ᠋ᠢ ᠪᠠᠳᠤᠯᠠᠨ᠎ᠠ》 ᠭᠡᠵᠦ᠍ ᠬᠥᠬᠡᠬᠤᠲᠠ᠎ᠶ᠋ᠢᠨ ᠴᠠᠬᠢᠯᠭᠠᠨ ᠬᠠᠩᠭᠠᠬᠤ ᠲᠣᠪᠴᠢᠶᠠᠨ᠎ᠤ ᠨᠠᠮ᠎ᠤᠨ ᠬᠤᠷᠢᠶᠠᠨ᠎ᠤ ᠵᠣᠬᠢᠶᠠᠨ ᠪᠠᠢᠭᠤᠯᠬᠤ ᠭᠠᠵᠠᠷ᠎ᠤᠨ ᠾᠧ ᠱᠢᠨ ᠶᠠᠷᠢᠨ᠎ᠠ᠃
《ᠶᠡᠷᠦᠩᠬᠡᠢ ᠱᠦᠵᠢ ᠰᠢ᠎ᠶ᠋ᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠂ ᠢᠷᠡᠭᠡᠳᠦᠢ ᠪᠤᠯ ᠵᠠᠯᠠᠭᠤ ᠨᠢᠭᠡ ᠦᠶ᠎ᠡ᠎ᠶ᠋ᠢᠨ᠎ᠬᠢ ᠪᠣᠯᠤᠨ᠎ᠠ ᠭᠡᠵᠦ᠍ ᠵᠢᠭᠠᠵᠦ᠍ ᠭᠠᠷᠭᠠᠪᠠ᠃ ᠠᠷᠠᠳ᠎ᠤᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠪᠢ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠦᠩᠭᠡ ᠭᠡᠷᠡᠯᠲᠡᠢ ᠭᠡᠳᠡᠭ᠎ᠢ ᠭᠦᠨᠵᠡᠭᠡᠢ ᠤᠢ᠍ᠢᠯᠠᠭᠠᠨ᠎ᠠ᠃ 《ᠤᠯᠠᠭᠠᠨ ᠣᠩᠭᠤᠴᠠᠨ᠎ᠤ ᠵᠣᠷᠢᠭ ᠰᠠᠨᠠᠭ᠎ᠠ》 ᠨᠢ ᠨᠠᠮᠠᠶ᠋ᠢ ᠰᠤᠷᠭᠠᠨ ᠬᠥᠮᠦᠵᠢᠯ᠎ᠤᠨ ᠤᠭ ᠰᠠᠨᠠᠭ᠎ᠠ᠎ᠪᠠᠨ ᠦᠯᠦ᠍ ᠮᠠᠷᠲᠠᠵᠤ᠂ ᠬᠥᠮᠦᠨ ᠬᠥᠮᠦᠵᠢᠭᠦᠯᠬᠦ᠌ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠢᠮᠠᠭ᠍ᠲᠠ ᠨᠠᠮ᠎ᠤᠨ ᠰᠤᠷᠭᠠᠨ ᠬᠥᠮᠦᠵᠢᠯ᠎ᠤᠨ ᠴᠢᠭ᠌ᠯᠡᠯᠲᠡ᠎ᠪᠠᠷ ᠠᠵᠢᠯᠯᠠᠭᠠᠨ᠎ᠤ ᠵᠦᠭ᠌ᠯᠡᠭᠦᠷ ᠪᠣᠯᠭᠠᠵᠤ᠂ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠪᠠᠨ ᠨᠠᠢᠳᠠᠪᠤᠷᠢᠵᠢᠭᠤᠯᠬᠤ᠎ᠶ᠋ᠢ ᠵᠣᠷᠢᠭ᠍ᠵᠢᠭᠤᠯᠪᠠ᠃ ᠰᠠᠶᠢ ᠠᠵᠢᠯ᠎ᠳᠤ ᠣᠷᠣᠬᠤ ᠦᠶ᠎ᠡ᠎ᠳᠤ᠂ ᠮᠢᠨᠦ᠍ ᠡᠷᠬᠢᠯᠡᠵᠦ᠍ ᠪᠠᠢᠭ᠍ᠰᠠᠨ ᠠᠩᠬᠢᠶ᠋ᠢᠨᠬᠢᠨᠤ ᠮᠠᠰᠢ ᠤᠯᠠᠨ ᠰᠤᠷᠤᠭ᠍ᠴᠢ᠎ᠶ᠋ᠢᠨ ᠭᠡᠷ᠎ᠤᠨ ᠠᠬᠠᠮᠠᠳ ᠴᠦᠮ ᠭᠠᠳᠠᠨ᠎ᠠ᠎ᠠᠴᠠ ᠢᠷᠡᠭ᠌ᠰᠡᠨ ᠬᠥᠯᠥᠰᠥᠨ ᠠᠵᠢᠯᠴᠢᠨ ᠪᠠᠢᠵᠤ᠂ ᠰᠣᠶᠣᠯ᠎ᠤᠨ ᠬᠢᠷᠢ ᠬᠡᠮᠵᠢᠶ᠎ᠡ᠎ᠨᠢ ᠳᠣᠣᠷ᠎ᠠ ᠪᠠᠢᠵᠠᠢ᠃ ᠰᠤᠷᠤᠭ᠍ᠴᠢᠳ᠎ᠤᠨ ᠪᠠᠢᠳᠠᠯ᠎ᠢ ᠭᠦᠨᠵᠡᠭᠡᠢ ᠣᠢᠯᠠᠭᠠᠬᠤ᠎ᠶ᠋ᠢᠨ ᠲᠥᠯᠥᠭᠡ᠂ ᠪᠢ ᠭᠠᠷᠠᠭ ᠪᠦᠷᠢ᠎ᠶ᠋ᠢᠨ ᠭᠡᠷ᠎ᠤᠨ ᠰᠤᠷᠪᠤᠯᠵᠢᠯᠠᠭ᠎ᠠ᠎ᠶ᠋ᠢ ᠪᠠᠷᠢᠮᠲᠠᠯᠠᠵᠤ ᠢᠷᠡᠵᠡᠢ᠃ ᠪᠢ ᠬᠡᠦᠬᠡᠳ᠎ᠲᠤ ᠬᠠᠢᠷ᠎ᠠ ᠬᠠᠯᠠᠮᠵᠢ᠎ᠲᠠᠢ ᠲᠡᠰᠪᠦᠷᠢ ᠲᠡᠪᠴᠢᠶᠡᠷᠢ᠎ᠲᠠᠢ ᠬᠠᠨᠳᠤᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠤ ᠰᠤᠷᠭᠠᠨ ᠬᠥᠮᠦᠵᠢᠯ᠎ᠤᠨ ᠦᠢᠯᠡᠰ᠎ᠲᠤ ᠦᠢᠯᠡᠴᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠳᠤ ᠥᠪᠡᠷ᠎ᠤᠨ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ》 ᠭᠡᠵᠦ᠍ ᠤᠷᠳᠤᠰ ᠬᠤᠳᠠ᠎ᠶ᠋ᠢᠨ ᠬᠢᠶ᠎ᠠ ᠪᠠᠭ᠍ᠰᠢ ᠲᠤᠭᠤᠷᠢᠭ᠎ᠤᠨ ᠵᠢᠷᠭᠤᠳᠤᠭᠠᠷ ᠪᠠᠭ᠎ᠠ ᠰᠤᠷᠭᠠᠭᠤᠯᠢ᠎ᠶ᠋ᠢᠨ ᠪᠠᠭ᠍ᠰᠢ ᠪᠠᠢ ᠱᠢᠤᠸᠠᠢ ᠬᠡᠯᠡᠵᠦ᠍ ᠪᠠᠢᠯ᠎ᠠ᠃