— ᠮᠠᠨ᠎ᠤ ᠤᠷᠤᠨ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠵᠦ᠍ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠢ ᠪᠦᠬᠦ᠌ ᠲᠠᠯ᠎ᠡ᠎ᠪᠠᠷ ᠴᠢᠩᠭᠠᠳᠭᠠᠭ᠍ᠰᠠᠨ ᠦᠷ᠎ᠠ ᠪᠦᠲᠦᠮᠵᠢ᠎ᠶ᠋ᠢᠨ ᠲᠤᠬᠠᠢ ᠪᠣᠳᠠᠲᠤ ᠲᠡᠮᠳᠡᠭ᠌ᠯᠡᠯ (ᠬᠤᠶᠠᠷ)
《ᠰᠦᠯᠵᠢᠶᠡᠨ ᠳᠡᠭᠡᠷ᠎ᠠ ᠪᠠ ᠪᠤᠳᠠᠳᠠᠢ᠎ᠳᠤ ᠲᠠᠰᠤᠯᠳᠠᠭᠤᠯᠤᠯ ᠥᠬᠡᠶ᠂ ᠪᠥᠬᠦ᠌ ᠲᠠᠯ᠎ᠠ᠎ᠶ᠋ᠢᠨ ᠵᠢᠭᠠᠨ ᠰᠤᠷᠭᠠᠯᠲᠠ ᠪᠣᠯᠪᠠᠰᠤᠷᠠᠯ᠎ᠢᠶᠠᠷ ᠳᠡᠮᠵᠢᠨ᠂ ᠪᠠᠭ᠍ᠰᠢ ᠨᠠᠷ᠎ᠤᠨ ᠦᠵᠡᠯ ᠤᠬᠠᠮᠰᠠᠷ᠎ᠤᠨ ᠵᠣᠭ᠍ᠰᠣᠴᠠ ᠲᠠᠰᠤᠷᠠᠯᠲᠠ ᠥᠬᠡᠶ ᠳᠡᠭᠡᠭ᠌ᠰᠢᠯᠡᠵᠦ᠍᠂ ᠵᠢᠭᠠᠨ ᠰᠤᠷᠭᠠᠯᠲᠠ᠎ᠶ᠋ᠢᠨ ᠲᠦᠪᠱᠢᠨ ᠦᠷᠭᠦᠯᠵᠢᠯᠡᠨ ᠳᠡᠬᠡᠭ᠌ᠰᠢᠯᠡᠪᠡ᠃ ᠪᠠᠭ᠍ᠰᠢ ᠨᠠᠷ ᠶᠠᠪᠤᠬᠤ ᠲᠤᠳᠤᠮ ᠵᠣᠷᠢᠭ᠍ᠲᠠᠶ᠎ᠪᠠᠷ ᠥᠪᠡᠷ᠎ᠤᠨ ᠠᠪᠢᠶᠠᠰ ᠴᠢᠳᠠᠪᠤᠷᠢ᠎ᠪᠠᠨ ᠢᠯᠡᠷᠡᠭᠦᠯᠬᠦ᠌᠎ᠶ᠋ᠢᠨ ᠬᠠᠮᠲᠤ ᠥᠪᠡᠷ᠎ᠤᠨ ᠦᠵᠡᠯᠲᠡ᠎ᠪᠠᠨ ᠳᠤᠷᠠᠳᠭᠤ ᠪᠣᠯᠵᠠᠶ᠃ ᠢᠯᠠᠩᠭᠤᠶ᠎ᠠ 〈ᠵᠢᠱ᠌ᠢᠶ᠎ᠠ ᠦᠵᠡᠭᠦᠯᠬᠦ᠌ ᠭᠠᠷᠮᠠᠭᠠᠢ ᠪᠠᠭ᠍ᠰᠢ〉 ᠳᠤ ᠪᠣᠯᠪᠠᠰᠤᠷᠠᠯ ᠬᠦᠷᠳᠡᠬᠡᠬᠦ᠌ ᠶᠠᠪᠤᠴᠠ᠎ᠳᠤ᠂ ᠵᠠᠷᠢᠮ ᠪᠠᠭ᠍ᠰᠢ ᠨᠠᠷ ᠬᠢᠴᠢᠶᠡᠯ ᠵᠢᠭᠠᠵᠤ ᠪᠠᠢᠭ᠎ᠠ ᠨᠠᠷᠠᠲᠤ ᠲᠤᠰᠭᠠᠶ ᠮᠡᠷᠭᠡᠵᠢᠯᠲᠡᠨ ᠡᠷᠳᠡᠮᠲᠡᠨ᠎ᠳᠤ ᠥᠪᠡᠷ᠎ᠤᠨ ᠣᠨᠣᠯ᠎ᠤᠨ ᠲᠤᠬᠠᠢ ᠦᠵᠡᠯᠲᠡ᠎ᠪᠠᠨ ᠳᠤᠷᠠᠳᠴᠤ᠌᠂ ᠥᠪᠡᠷ᠎ᠤᠨ᠎ᠢᠶᠠᠨ ᠵᠢᠭᠠᠨ ᠰᠤᠷᠭᠠᠯᠲᠠ᠎ᠶ᠋ᠢᠨ ᠲᠦᠰᠦᠪ ᠲᠥᠯᠥᠪᠯᠡᠭᠡ᠎ᠲᠠᠢ ᠪᠣᠯᠤᠭ᠍ᠰᠠᠨ ᠪᠠᠢᠨ᠎ᠠ᠃ ᠡᠨᠡ᠎ᠨᠢ ᠪᠠᠭ᠍ᠰᠢ ᠨᠠᠷ᠎ᠤᠨ ᠴᠢᠳᠠᠪᠤᠷᠢ ᠲᠦᠪᠱᠢᠨ ᠳᠡᠬᠡᠭ᠌ᠰᠢᠯᠡᠵᠦ᠍᠂ ᠪᠡᠶ᠎ᠠ᠎ᠪᠠᠨ ᠳᠠᠭᠠᠭᠠᠵᠤ ᠠᠰᠠᠭᠤᠳᠠᠯ᠎ᠢ ᠰᠡᠳᠭᠢᠬᠦ᠌ ᠪᠤᠯᠤᠭ᠍ᠰᠠᠨᠢ ᠬᠠᠷᠠᠭᠤᠯᠵᠤ ᠪᠠᠢᠨ᠎ᠠ》 ᠬᠡᠵᠤ 8 ᠰᠠᠷ᠎ᠠ᠎ᠶ᠋ᠢᠨ 13 ᠤ ᠡᠳᠦᠷ᠂ ᠪᠠᠰᠠ ᠨᠢᠭᠡ ᠡᠭᠡᠯᠵᠢ᠎ᠶ᠋ᠢᠨ ᠪᠥᠬᠦ᠌ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠱᠢᠨ᠎ᠡ᠎ᠪᠠᠷ ᠠᠵᠢᠯ᠎ᠤᠨ ᠪᠠᠢᠷᠢ᠎ᠳᠤ ᠭᠠᠷᠬᠤ ᠪᠠᠭ᠍ᠰᠢ ᠨᠠᠷ᠎ᠤᠨ ᠰᠦᠯᠵᠢᠶᠡᠨ ᠳᠡᠬᠡᠷᠡᠬᠢ ᠪᠤᠯᠪᠠᠰᠤᠷᠠᠯ᠎ᠢ ᠵᠣᠬᠢᠶᠠᠨ ᠪᠠᠢᠭᠤᠯᠵᠤ ᠪᠠᠷᠠᠭ᠍ᠰᠠᠨ᠎ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶ᠋ᠢ ᠰᠤᠳᠤᠯᠬᠤ ᠲᠠᠰᠤᠭ᠎ᠤᠨ ᠠᠯᠪᠠᠨ ᠬᠡᠷ᠎ᠤᠨ ᠡᠷᠬᠢᠯᠡᠭ᠌ᠴᠢ ᠯᠢᠦ ᠾᠧᠩ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠬᠡᠯᠡᠪᠡ᠃
《ᠶᠡᠭᠡ ᠬᠡᠪᠴᠢᠶᠡᠨ᠎ᠤ ᠱᠢᠰᠲ᠋ᠧᠮ᠎ᠲᠠᠢ ᠪᠤᠯᠪᠠᠰᠤᠷᠠᠯ᠎ᠠᠴᠠ ᠭᠠᠳᠠᠨ᠎ᠠ᠂ ᠨᠢᠳᠤᠨᠤᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶ᠋ᠢ ᠰᠤᠳᠤᠯᠬᠤ ᠲᠠᠰᠤᠭ ᠭᠤᠷᠪᠠᠨ ᠬᠢᠴᠢᠶᠡᠯ ᠲᠥᠷᠥᠯ᠎ᠤᠨ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠭᠤᠤᠯᠳᠠᠯᠭ᠎ᠠ᠎ᠲᠠᠢ ᠬᠦᠴᠢᠷᠳᠡᠯ ᠠᠰᠠᠭᠤᠳᠠᠯ᠎ᠤᠨ ᠲᠣᠭᠤᠷᠢᠨ᠎ᠳᠤ᠂ ᠦᠨᠳᠦᠰᠦᠨ ᠱᠠᠲᠤᠨ᠎ᠤ ᠰᠤᠷᠭᠠᠭᠤᠯᠢ᠎ᠳᠤ ᠭᠦᠨᠵᠡᠭᠡᠢᠷᠡᠨ᠂ ᠭᠤᠷᠪᠠᠨ ᠬᠢᠴᠢᠶᠡᠯ ᠲᠦᠷᠦᠯ᠎ᠤᠨ ᠪᠠᠭ᠍ᠰᠢ ᠨᠠᠷ᠎ᠲᠠᠢ ᠨᠢᠭᠤᠷᠲᠠᠨ ᠶᠠᠷᠢᠯᠴᠠᠵᠤ ᠰᠤᠳᠤᠯᠤᠨ ᠱᠢᠨᠵᠢᠯᠡᠵᠦ᠍᠂ ᠪᠠᠭ᠍ᠰᠢ ᠨᠠᠷ᠎ᠢ ᠬᠠᠪᠰᠤᠷᠤᠨ ᠬᠢᠴᠢᠶᠡᠯ᠎ᠤᠨ ᠪᠠᠷᠢᠮᠵᠢᠶ᠎ᠠ᠎ᠶ᠋ᠢ ᠲᠠᠰᠤᠷᠠᠯᠲᠠ ᠥᠬᠡᠶ ᠪᠣᠯᠪᠠᠰᠤᠷᠠᠩᠭᠤᠶ ᠡᠵᠡᠮᠳᠡᠬᠦᠯᠵᠦ᠍᠂ ᠵᠢᠭᠠᠬᠤ ᠮᠠᠲ᠋ᠧᠷᠢᠶᠠᠯ᠎ᠢ ᠰᠠᠢᠲᠤᠷ ᠡᠵᠡᠮᠱᠢᠭᠦᠯᠬᠦ᠌ᠶ᠋ᠢᠨ ᠬᠠᠮᠲᠤ ᠵᠢᠭᠠᠨ ᠰᠤᠷᠭᠠᠬᠤ ᠠᠷᠭ᠎ᠠ᠎ᠶ᠋ᠢᠨ ᠳᠠᠯ᠎ᠠ᠎ᠪᠠᠷ ᠥᠭᠡᠷᠡᠴᠢᠯᠡᠨ ᠰᠠᠢᠵᠢᠷᠠᠭᠤᠯᠵᠤ᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠂ ᠦᠷ᠎ᠠ ᠪᠦᠲᠦᠮᠵᠢ ᠨᠠᠩ ᠰᠠᠢᠨ ᠪᠠᠢᠬᠤ᠎ᠶ᠋ᠢ ᠪᠠᠲᠤᠯᠠᠵᠠᠢ》 ᠬᠡᠵᠦ᠍ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶ᠋ᠢ ᠰᠤᠳᠤᠯᠬᠤ ᠲᠠᠰᠤᠭ᠎ᠤᠨ ᠳᠡᠳ᠋ ᠡᠷᠬᠢᠯᠡᠭ᠌ᠴᠢ ᠵᠣᠣ ᠪᠢᠨ ᠬᠡᠯᠡᠪᠡ᠃
ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠪᠣᠯ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠲᠡᠯᠭᠡᠷᠡᠬᠦᠯᠦᠨ ᠬᠡᠷᠡᠭ᠌ᠯᠡᠬᠦ᠌ ᠠᠵᠢᠯ᠎ᠤᠨ ᠵᠠᠩᠬᠢᠯᠠᠭ᠎ᠠ ᠪᠤᠯᠤᠨ᠎ᠠ᠃ ᠳᠡᠬᠡᠷ᠎ᠡ ᠱᠠᠳᠤᠨ᠎ᠠᠴᠠ ᠳᠤᠤᠷ᠎ᠠ ᠱᠠᠳᠤ ᠲᠡᠢᠰᠢ ᠵᠢᠭᠠᠨ ᠰᠤᠷᠭᠠᠯᠲᠠ᠎ᠶ᠋ᠢ ᠵᠢᠯᠤᠭᠤᠳᠭᠤ ᠪᠣᠯ ᠪᠠᠭ᠍ᠰᠢ᠎ᠶ᠋ᠢᠨ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠬᠠᠮᠤᠭ᠎ᠤᠨ ᠱᠢᠭᠤᠳ᠂ ᠬᠠᠮᠤᠭ᠎ᠤᠨ ᠪᠦᠲᠦᠮᠵᠢᠲᠡᠢ ᠠᠷᠭ᠎ᠠ ᠪᠠᠷᠢᠯ ᠪᠤᠯᠤᠨ᠎ᠠ᠃
ᠡᠨᠡ ᠵᠢᠯ᠎ᠤᠨ 4 ᠰᠠᠷ᠎ᠠ᠎ᠶ᠋ᠢᠨ ᠰᠡᠭᠦᠯᠴᠢ᠎ᠪᠠᠷ᠂ ᠥᠪᠡᠷᠲᠡᠭᠡᠨ ᠵᠠᠰᠠᠬᠤ ᠣᠷᠣᠨ 《ᠪᠥᠬᠦ᠌ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠭᠤᠷᠪᠠᠨ ᠬᠢᠴᠢᠶᠡᠯ ᠲᠥᠷᠥᠯ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶ᠋ᠢ ᠵᠢᠯᠣᠭᠤᠳᠭᠤ ᠠᠵᠢᠯ᠎ᠢ ᠴᠢᠨᠠᠬ᠍ᠰᠢᠳᠠ ᠰᠠᠢᠲᠤᠷ ᠬᠢᠬᠦ᠌ ᠲᠤᠬᠠᠶ ᠮᠡᠳᠡᠭ᠌ᠳᠡᠯ》 ᠪᠠᠭᠤᠯᠭᠠᠵᠤ᠂ ᠪᠠᠢᠩᠭᠤ᠎ᠶ᠋ᠢᠨ ᠴᠢᠨᠠᠷᠲᠠᠶ ᠵᠢᠭᠠᠬᠤ᠎ᠶ᠋ᠢ ᠰᠤᠳᠤᠯᠬᠤ ᠳᠠᠭᠠᠭᠠᠴᠢᠯᠠᠨ ᠬᠠᠷᠢᠯᠴᠠᠬᠤ ᠲᠣᠭ᠍ᠲᠠᠴᠠ ᠪᠠᠢᠭᠤᠯᠬᠤ᠎ᠶ᠋ᠢ ᠳᠤᠷᠠᠳᠴᠤ᠌᠂ ᠥᠪᠡᠷᠲᠡᠭᠡᠨ ᠵᠠᠰᠠᠬᠤ ᠣᠷᠣᠨ᠂ ᠠᠢᠮᠠᠭ ᠬᠤᠲᠠ᠂ ᠬᠤᠱᠢᠭᠤ ᠱᠢᠶᠠᠨ ᠭᠤᠷᠪᠠᠨ ᠱᠠᠲᠤᠨ᠎ᠤ ᠱᠢᠯᠢᠳᠡᠭ ᠪᠠᠭ᠍ᠰᠢ᠎ᠶ᠋ᠢᠨ ᠵᠢᠭᠠᠬᠤ᠎ᠶ᠋ᠢ ᠰᠤᠳᠤᠯᠬᠤ ᠪᠦᠯᠬᠦᠮ᠎ᠢ ᠵᠣᠬᠢᠶᠠᠨ ᠪᠠᠢᠭᠤᠯᠪᠠ᠃ ᠰᠤᠷᠭᠠᠭᠤᠯᠢ ᠪᠦᠬᠦᠨ ᠬᠢᠴᠢᠶᠡᠯ ᠲᠥᠷᠥᠯ ᠪᠦᠷᠢ᠎ᠳᠤ 3 — 5 ᠬᠥᠮᠦᠨ᠎ᠤ ᠬᠡᠪᠴᠢᠶ᠎ᠡ ᠪᠦᠬᠦᠢ ᠵᠢᠭᠠᠬᠤ᠎ᠶ᠋ᠢ ᠰᠤᠳᠤᠯᠤᠭ᠍ᠴᠢ᠂ ᠨᠠᠷᠠᠲᠤ ᠱᠢᠯᠢᠳᠡᠭ ᠭᠤᠤᠯᠯᠠᠭ᠍ᠴᠢ ᠪᠠᠭ᠍ᠰᠢ᠎ᠪᠠᠷ ᠪᠦᠷᠢᠯᠳᠦᠭ᠌ᠰᠡᠨ ᠵᠢᠭᠠᠬᠤ᠎ᠶ᠋ᠢ ᠰᠤᠳᠤᠯᠬᠤ ᠵᠢᠯᠣᠭᠤᠳᠭᠤ ᠪᠦᠯᠬᠦᠮ᠎ᠢ ᠵᠤᠬᠢᠶᠠᠨ ᠪᠠᠢᠭᠤᠯᠵᠤ᠂ ᠰᠠᠷ᠎ᠠ ᠪᠦᠷᠢ ᠨᠢᠭᠡ ᠤᠳᠠᠭ᠎ᠠ᠎ᠠᠴᠠ ᠳᠡᠬᠡᠭ᠌ᠰᠢ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠳᠤ ᠤᠴᠢᠵᠤ ᠵᠢᠭᠠᠨ ᠵᠢᠯᠤᠭᠤᠳᠪᠡ᠃ 7 ᠰᠠᠷ᠎ᠠ ᠪᠤᠯᠳᠠᠯ᠎ᠠ᠂ ᠡᠯ᠎ᠠ ᠠᠢᠮᠠᠭ ᠬᠤᠳᠠ᠂ ᠬᠤᠱᠢᠭᠤ ᠱᠢᠶᠠᠨ᠎ᠤ ᠵᠢᠭᠠᠬᠤ᠎ᠶ᠋ᠢ ᠰᠤᠳᠤᠯᠬᠤ ᠰᠠᠯᠠᠭ᠎ᠠ ᠮᠦᠴᠢᠷ ᠡᠯ᠎ᠡ ᠲᠦᠷᠦᠯ᠎ᠤᠨ ᠵᠢᠭᠠᠬᠤ᠎ᠶ᠋ᠢ ᠰᠤᠳᠤᠯᠬᠤ ᠠᠵᠢᠯᠯᠠᠭ᠎ᠠ᠎ᠶ᠋ᠢ ᠨᠡᠢᠳᠡ 945 ᠤᠳᠠᠭ᠎ᠠ ᠵᠤᠬᠢᠶᠠᠨ ᠪᠠᠢᠭᠤᠯᠵᠤ᠂ ᠪᠤᠯᠪᠠᠰᠤᠷᠠᠯ ᠬᠦᠷᠳᠡᠭᠡᠭ᠌ᠰᠡᠨ ᠪᠠᠭ᠍ᠰᠢ᠎ᠶ᠋ᠢᠨ ᠲᠤᠭ᠎ᠠ 6083 ᠬᠦᠮᠦᠨ (ᠤᠳᠠᠭ᠎ᠠ) ᠳᠤ ᠬᠦᠷᠴᠡᠢ᠃ ᠤᠷᠳᠤᠰ ᠬᠤᠳᠠ᠎ᠪᠠᠷ ᠵᠢᠱ᠌ᠢᠶᠡᠯᠡᠬᠦ᠌᠎ᠳᠤ᠂ ᠳᠤᠰ ᠬᠤᠳᠠ ᠱᠢᠯᠢᠳᠡᠭ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠠᠭ᠍ᠰᠢ᠂ ᠵᠢᠭᠠᠬᠤ᠎ᠶ᠋ᠢ ᠰᠤᠳᠤᠯᠤᠭ᠍ᠴᠢ ᠪᠠ ᠬᠡᠰᠡᠭ ᠨᠠᠷᠠᠲᠤ ᠪᠠᠭ᠍ᠰᠢ᠎ᠶ᠋ᠢᠨ ᠠᠵᠢᠯᠯᠠᠬᠤ ᠦᠷᠦᠬᠡ᠎ᠶ᠋ᠢᠨ ᠪᠦᠷᠢᠯᠳᠦᠬᠦᠨ᠎ᠢ ᠰᠣᠩᠭᠤᠨ ᠤᠷᠢᠵᠤ᠂ ᠪᠥᠬᠦ᠌ ᠬᠤᠲᠠ᠎ᠶ᠋ᠢᠨ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠭᠤᠷᠪᠠᠨ ᠬᠢᠴᠢᠶᠡᠯ ᠲᠥᠷᠥᠯ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶ᠋ᠢᠨ ᠠᠵᠢᠯ᠎ᠤᠨ ᠵᠢᠯᠣᠭᠤᠳᠭᠤ ᠳᠤᠭᠤᠢᠯᠠᠩ᠎ᠢ 4 ᠪᠠᠢᠭᠤᠯᠵᠤ᠂ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠳᠤ ᠭᠦᠨᠵᠡᠭᠡᠢᠷᠡᠨ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠵᠢᠯᠣᠭᠤᠳᠣᠯᠭ᠎ᠠ ᠬᠢᠪᠡ᠂ ᠣᠳᠣᠬᠠᠨ᠎ᠳᠤ ᠵᠢᠭᠠᠬᠤ᠎ᠶ᠋ᠢ ᠰᠤᠳᠤᠯᠬᠤ ᠠᠵᠢᠯᠯᠠᠭ᠎ᠠ᠎ᠨᠢ ᠨᠢᠭᠡᠨᠲᠡ ᠪᠥᠬᠦ᠌ ᠬᠤᠲᠠ᠎ᠶ᠋ᠢᠨ ᠪᠦᠬᠦ᠌ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠳᠤᠮᠳᠠᠳᠤ ᠪᠠᠭ᠎ᠠ ᠰᠤᠷᠭᠠᠭᠤᠯᠢ᠎ᠶ᠋ᠢ ᠬᠠᠮᠤᠷᠤᠭ᠍ᠰᠠᠨ ᠪᠠᠢᠨ᠎ᠠ᠃
ᠵᠢᠭᠠᠬᠤ᠎ᠶ᠋ᠢ ᠰᠤᠳᠤᠯᠬᠤ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠥᠷᠨᠢᠭᠦᠯᠬᠦ᠌᠎ᠶ᠋ᠢ ᠠᠬᠢᠭᠤᠯᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶ᠋ᠢ ᠰᠤᠳᠤᠯᠬᠤ ᠲᠠᠰᠤᠭ ᠵᠢᠭᠠᠬᠤ᠎ᠶ᠋ᠢ ᠰᠤᠳᠤᠯᠬᠤ ᠠᠷᠭ᠎ᠠ ᠮᠠᠶᠢᠭ᠎ᠤᠨ ᠱᠢᠨ᠎ᠠ᠎ᠶ᠋ᠢ ᠡᠭᠦᠳᠴᠦ᠍᠂ ᠰᠦᠯᠵᠢᠶᠡᠨ ᠲᠡᠬᠡᠷᠡᠬᠢ ᠵᠢᠭᠠᠬᠤ᠎ᠶ᠋ᠢ ᠰᠤᠳᠤᠯᠬᠤ ᠠᠵᠢᠯᠯᠠᠭ᠎ᠠ᠎ᠶ᠋ᠢ ᠪᠠᠢᠩᠭᠤᠵᠢᠭᠤᠯᠵᠤ᠂ ᠣᠷᠣᠨ ᠪᠦᠰᠡ ᠠᠯᠤᠰᠯᠠᠭ᠍ᠰᠠᠨ᠂ ᠰᠤᠷᠭᠠᠭᠤᠯᠢ ᠠᠯᠤᠰᠯᠠᠭ᠍ᠰᠠᠨ ᠵᠢᠭᠠᠬᠤ᠎ᠶ᠋ᠢ ᠰᠤᠳᠤᠯᠬᠤ ᠪᠣᠯᠪᠠᠰᠤᠷᠠᠯ᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠲᠡᠷᠢᠭᠦᠨ᠎ᠤ ᠵᠢᠭᠠᠨ ᠰᠤᠷᠭᠠᠯᠲᠠ᠎ᠶ᠋ᠢᠨ ᠤᠢᠯᠠᠭᠠᠭ᠍ᠳᠠᠬᠤᠨ ᠪᠠ ᠪᠦᠲᠦᠮᠵᠢᠲᠡᠶ ᠵᠢᠭᠠᠨ ᠰᠤᠷᠭᠠᠬᠤ ᠠᠷᠭ᠎ᠠ᠎ᠶ᠋ᠢ ᠰᠣᠯᠢᠯᠴᠠᠨ᠂ ᠴᠢᠨᠠᠷ ᠰᠠᠢᠲᠠᠶ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠢ ᠬᠠᠮᠳᠤ᠎ᠪᠠᠷ ᠡᠳ᠋ᠯᠡᠵᠦ᠍᠂ ᠭᠤᠷᠪᠠᠨ ᠬᠢᠴᠢᠶᠡᠯ ᠲᠥᠷᠥᠯ᠎ᠤᠨ ᠵᠢᠭᠠᠨ ᠰᠤᠷᠭᠠᠯᠲᠠ᠎ᠶ᠋ᠢᠨ ᠭᠦᠨᠵᠡᠭᠡᠶ ᠰᠤᠳᠤᠯᠭᠠᠨ ᠪᠠ ᠬᠦᠴᠢᠷᠳᠡᠯ ᠠᠰᠠᠭᠤᠳᠠᠯ᠎ᠢ ᠣᠨᠣᠪᠴᠢᠲᠠᠶ ᠱᠢᠶ᠋ᠳᠪᠦᠷᠢᠯᠡᠬᠦ᠌᠎ᠶ᠋ᠢ ᠠᠬᠢᠭᠤᠯᠪᠠ᠃ ᠡᠨᠡ ᠵᠢᠯ᠎ᠤᠨ ᠬᠠᠪᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭᠠᠨ᠎ᠳᠤ᠂ ᠡᠯ᠎ᠡ ᠭᠠᠵᠠᠷ᠎ᠤᠨ ᠵᠢᠭᠠᠬᠤ᠎ᠶ᠋ᠢ ᠰᠤᠳᠤᠯᠬᠤ ᠰᠠᠯᠠᠭ᠎ᠠ ᠮᠥᠴᠢᠷ᠎ᠤᠨ᠎ᠬᠢᠨ ᠵᠢᠭᠠᠬᠤ᠎ᠶ᠋ᠢ ᠰᠤᠳᠤᠯᠬᠤ ᠰᠦᠯᠵᠢᠶᠡᠨ᠎ᠤ ᠲᠠᠪᠴᠠᠩ᠎ᠢ ᠠᠱᠢᠬ᠍ᠯᠠᠠ᠂ ᠪᠥᠬᠦ᠌ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠳᠤᠮᠳᠠᠳᠤ ᠪᠠᠭ᠎ᠠ ᠰᠤᠷᠭᠠᠭᠤᠯᠢ᠎ᠶ᠋ᠢᠨ ᠭᠤᠷᠪᠠᠨ ᠬᠢᠴᠢᠶᠡᠯ ᠲᠦᠷᠦᠯ᠎ᠤᠨ ᠪᠠᠭ᠍ᠰᠢ ᠨᠠᠷ᠎ᠢ ᠵᠣᠬᠢᠶᠠᠨ ᠪᠠᠢᠭᠤᠯᠵᠤ᠂ ᠵᠢᠭᠠᠬᠤ ᠮᠠᠲ᠋ᠧᠷᠢᠶᠠᠯ᠎ᠤᠨ ᠲᠠᠢᠯᠤᠮᠵᠢ᠂ ᠬᠢᠴᠢᠶᠡᠯ ᠪᠡᠯᠡᠳᠭᠡᠬᠦ᠂ ᠵᠢᠭᠠᠨ ᠰᠤᠷᠭᠠᠯᠲᠠ᠎ᠶ᠋ᠢ ᠬᠠᠪᠰᠤᠷᠤᠨ ᠵᠢᠯᠣᠭᠤᠳᠭᠤ ᠪᠣᠯᠪᠠᠰᠤᠷᠠᠯ ᠵᠡᠷᠭᠡ ᠰᠦᠯᠵᠢᠶᠡᠨ ᠳᠡᠬᠡᠷᠡᠬᠢ ᠵᠢᠭᠠᠬᠤ᠎ᠶ᠋ᠢ ᠰᠤᠳᠤᠯᠬᠤ ᠠᠵᠢᠯᠯᠠᠭ᠎ᠠ᠎ᠳᠤ ᠣᠷᠣᠯᠴᠠᠭᠤᠯᠬᠤ᠎ᠶ᠋ᠢᠨ ᠬᠠᠮᠲᠤ᠌᠂ ᠱᠢᠯᠢᠳᠡᠭ ᠬᠢᠴᠢᠶᠡᠯ᠎ᠤᠨ ᠵᠢᠱ᠌ᠢᠶ᠎ᠠ᠎ᠶ᠋ᠢ ᠴᠤᠭ᠍ᠯᠠᠭᠤᠯᠵᠤ ᠰᠦᠯᠵᠢᠶᠡᠨ ᠳᠡᠬᠡᠷ᠎ᠡ ᠳᠡᠯᠭᠡᠨ ᠦᠵᠡᠬᠦᠯᠪᠡ᠃ ᠣᠳᠣᠬᠠᠨ ᠪᠣᠯᠲᠠᠯ᠎ᠠ᠂ ᠭᠤᠷᠪᠠᠨ ᠬᠢᠴᠢᠶᠡᠯ ᠲᠥᠷᠥᠯ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠰᠦᠯᠵᠢᠶᠡᠨ ᠳᠡᠭᠡᠷᠡᠬᠢ ᠵᠢᠭᠠᠬᠤ᠎ᠶ᠋ᠢ ᠰᠤᠳᠤᠯᠬᠤ ᠠᠵᠢᠯᠯᠠᠭ᠎ᠠ᠎ᠶ᠋ᠢ ᠨᠡᠢᠲᠡ 40 ᠬᠤᠭᠤᠴᠠᠭ᠎ᠠ ᠥᠷᠨᠢᠭᠦᠯᠵᠦ᠍᠂ 7938 ᠤᠳᠠᠭ᠎ᠠ ᠬᠦᠯᠢᠶᠡᠨ ᠠᠪᠴᠤ᠌ ᠦᠵᠡᠪᠡ᠃
ᠡᠭᠦᠨ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ᠪᠠᠰᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠦᠷᠭᠦᠯᠵᠢᠯᠡᠨ ᠴᠢᠩᠭᠠᠳᠭᠠᠬᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠬᠦᠴᠦᠯᠡᠨ ᠳᠡᠭᠡᠭ᠌ᠰᠢᠯᠡᠭᠦᠯᠬᠦ᠂ ᠬᠡᠦᠬᠡᠳ᠎ᠤᠨ ᠴᠡᠴᠡᠷᠯᠢᠭ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠤᠨ ᠵᠢᠭᠠᠨ ᠰᠤᠷᠭᠠᠯᠲᠠ᠎ᠶ᠋ᠢ ᠪᠠᠳᠤᠯᠠᠬᠤ᠂ ᠭᠤᠷᠪᠠᠨ ᠬᠢᠴᠢᠶᠡᠯ ᠲᠥᠷᠥᠯ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶ᠋ᠢ ᠱᠠᠯᠠᠪᠳᠠᠭᠤᠯᠤᠨ ᠪᠠᠢᠴᠠᠭᠠᠬᠤ᠎ᠶ᠋ᠢ ᠴᠢᠩᠭᠠᠳᠭᠠᠬᠤ ᠵᠡᠷᠭᠡ ᠲᠠᠯ᠎ᠠ᠎ᠪᠠᠷ ᠭᠤᠷᠪᠠᠨ ᠬᠢᠴᠢᠶᠡᠯ ᠲᠥᠷᠥᠯ᠎ᠤᠨ ᠵᠢᠭᠠᠨ ᠰᠤᠷᠭᠠᠯᠲᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠰᠤᠳᠤᠯᠭᠠᠨ᠎ᠢ ᠴᠢᠩᠭᠠᠳᠭᠠᠵᠤ᠂ ᠠᠵᠢᠯ᠎ᠤᠨ ᠡᠭᠦᠷᠭᠡ᠎ᠪᠠᠨ ᠴᠢᠨᠠᠭ᠍ᠰᠢᠳᠠ ᠲᠣᠳᠣᠷᠬᠠᠢᠯᠠᠵᠤ᠂ ᠠᠵᠢᠯ᠎ᠤᠨ ᠠᠷᠭ᠎ᠠ ᠬᠡᠮᠵᠢᠶ᠎ᠠ᠎ᠪᠠᠨ ᠨᠠᠷᠢᠯᠢᠭ᠍ᠵᠢᠭᠤᠯᠪᠠ᠃
ᠳᠡᠬᠡᠷ᠎ᠡ ᠬᠤᠭᠤᠴᠠᠭ᠎ᠠ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶ᠋ᠢ ᠰᠤᠳᠤᠯᠬᠤ ᠲᠠᠰᠤᠭ᠎ᠤᠨ᠎ᠬᠢᠨ ᠵᠢᠭᠠᠬᠤ᠎ᠶ᠋ᠢ ᠰᠤᠳᠤᠯᠤᠭ᠍ᠴᠢ᠂ ᠭᠤᠣᠯᠯᠠᠭ᠍ᠴᠢ ᠪᠠᠭ᠍ᠰᠢ ᠪᠣᠯᠤᠨ ᠭᠤᠷᠪᠠᠨ ᠬᠢᠴᠢᠶᠡᠯ ᠲᠦᠷᠦᠯ᠎ᠤᠨ 《ᠵᠢᠱ᠌ᠢᠶ᠎ᠠ ᠦᠵᠡᠭᠦᠯᠬᠦ᠌ ᠭᠠᠷᠮᠠᠭᠠᠢ ᠪᠠᠭ᠍ᠰᠢ》 ᠶ᠋ᠢᠨ ᠲᠥᠯᠥᠭᠡᠯᠡᠭ᠌ᠴᠢ᠎ᠪᠠᠷ ᠪᠦᠷᠢᠯᠳᠦᠭ᠌ᠰᠡᠨ ᠪᠠᠢᠴᠠᠭᠠᠨ ᠰᠤᠳᠤᠯᠬᠤ ᠪᠦᠯᠬᠦᠮ᠎ᠢ ᠵᠣᠬᠢᠶᠠᠨ ᠪᠠᠢᠭᠤᠯᠵᠤ᠂ ᠰᠤᠷᠭᠠᠭᠤᠯᠢ᠎ᠳᠤ ᠤᠴᠢᠵᠤ ᠪᠠᠢᠴᠠᠭᠠᠨ ᠰᠤᠳᠤᠯᠬᠤ ᠪᠣᠯᠪᠠᠰᠤᠷᠠᠯ ᠬᠦᠷᠳᠡᠬᠡᠬᠦ᠌ ᠵᠢᠭᠠᠨ ᠵᠢᠯᠣᠭᠤᠳᠭᠤ ᠶᠡᠭᠡ ᠬᠡᠪᠴᠢᠶᠡᠨ᠎ᠤ ᠠᠵᠢᠯᠯᠭ᠎ᠠ᠎ᠶ᠋ᠢ ᠭᠤᠷᠪᠠ ᠤᠳᠠᠭ᠎ᠠ ᠥᠷᠨᠢᠭᠦᠯᠵᠡᠢ᠃ ᠪᠦᠬᠦ᠌ ᠣᠷᠣᠨ᠎ᠤ 12 ᠠᠢᠮᠠᠭ ᠬᠤᠳᠠ᠎ᠶ᠋ᠢᠨ 52 ᠬᠤᠱᠢᠭᠤ ᠱᠢᠶᠠᠨ᠎ᠳᠤ ᠬᠦᠷᠴᠦ᠍᠂ ᠨᠡᠢᠲᠡ 368 ᠬᠢᠴᠢᠶᠡᠯ ᠰᠣᠨᠣᠰᠴᠤ᠌᠂ 146 ᠬᠢᠴᠢᠶᠡᠯ᠎ᠢ ᠬᠠᠮᠳᠤ ᠪᠡᠯᠡᠳᠭᠡᠵᠦ᠍᠂ 95 ᠴᠠᠭ᠎ᠤᠨ ᠵᠢᠱ᠌ᠢᠶ᠎ᠡ ᠦᠵᠡᠭᠦᠯᠬᠦ᠌ ᠬᠢᠴᠢᠶᠡᠯ᠂ 142 ᠤᠳᠠᠭ᠎ᠠ᠎ᠶ᠋ᠢᠨ ᠲᠤᠰᠭᠠᠢ ᠰᠡᠳᠦᠪᠲᠦ ᠲᠠᠢᠯᠤᠮᠵᠢ ᠬᠢᠵᠦ᠍᠂ 2813 ᠬᠥᠮᠦᠨ ᠤᠳᠠᠭ᠎ᠠ ᠪᠣᠯᠪᠠᠰᠤᠷᠠᠯ᠎ᠳᠤ ᠣᠷᠣᠯᠴᠠᠪᠠ᠃ ᠡᠭᠦᠨ᠎ᠤ ᠬᠠᠮᠲᠤ᠌᠂ ᠪᠥᠬᠦ᠌ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠢᠭ᠎ᠠ ᠰᠤᠷᠭᠠᠭᠤᠯᠢ᠎ᠳᠤ ᠭᠤᠷᠪᠠᠨ ᠬᠢᠴᠢᠶᠡᠯ ᠲᠥᠷᠥᠯ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠤᠷᠤᠭᠤᠯᠤᠭ᠍ᠰᠠᠨ ᠳᠤᠬᠠᠢ ᠪᠠᠢᠴᠠᠭᠠᠨ ᠰᠤᠳᠤᠯᠤᠯᠲᠠ᠎ᠶ᠋ᠢᠨ ᠮᠡᠳᠡᠭᠦᠯᠦᠯᠲᠡ᠂ ᠵᠢᠭᠠᠨ ᠰᠤᠷᠭᠠᠯᠲᠠ᠎ᠶ᠋ᠢᠨ ᠰᠠᠨᠠᠭᠤᠯᠭ᠎ᠠ᠎ᠶ᠋ᠢᠨ ᠡᠮᠬᠢᠳᠭᠡᠯ᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ 《ᠠᠰᠠᠭᠤᠯᠲᠠ ᠬᠠᠷᠢᠭᠤᠯᠲᠠ》 ᠪᠠ ᠪᠠᠭ᠍ᠰᠢ᠎ᠶ᠋ᠢᠨ ᠣᠯᠤᠯᠲᠠ ᠲᠥᠷᠥᠭ᠌ᠳᠡᠯ ᠵᠡᠷᠭᠡ ᠪᠠᠢᠴᠠᠭᠠᠨ ᠰᠤᠳᠤᠯᠤᠯᠳᠠ᠎ᠶ᠋ᠢᠨ ᠮᠠᠲ᠋ᠧᠷᠢᠶᠠᠯ᠎ᠢ ᠡᠮᠬᠢᠳᠭᠡᠨ᠂ ᠡᠯ᠎ᠠ ᠠᠢᠮᠠᠭ ᠬᠤᠲᠠ᠎ᠶ᠋ᠢᠨ ᠵᠢᠭᠠᠬᠤ᠎ᠶ᠋ᠢ ᠰᠤᠳᠤᠯᠬᠤ ᠲᠠᠰᠤᠭ ᠪᠣᠯᠤᠨ ᠬᠠᠮᠢᠶ᠎ᠠ ᠪᠥᠬᠦᠶ ᠪᠠᠢᠴᠠᠭᠠᠨ ᠰᠤᠳᠤᠯᠬᠤ ᠰᠤᠷᠭᠠᠭᠤᠯᠢ᠎ᠳᠤ ᠪᠠᠭᠤᠯᠭᠠᠵᠤ᠂ ᠵᠢᠭᠠᠨ ᠰᠤᠷᠭᠠᠯᠲᠠ᠎ᠶ᠋ᠢᠨ ᠯᠠᠪᠯᠠᠯᠲᠠ ᠬᠠᠩᠭᠠᠪᠠ᠃
ᠤᠯᠠᠭᠠᠨᠬᠠᠳᠠ ᠬᠤᠲᠠ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠰᠤᠳᠤᠯᠭᠠᠨ᠎ᠤ ᠲᠥᠪ᠎ᠤᠨ ᠵᠦ᠍ ᠮᠢᠩ ᠸᠧᠶ ᠲᠦᠷᠦᠬᠦᠦ ᠪᠦᠯᠦᠭ᠎ᠤᠨ ᠪᠠᠢᠴᠠᠭᠠᠨ ᠰᠤᠳᠤᠯᠬᠤ ᠠᠵᠢᠯ᠎ᠤᠨ ᠭᠤᠷᠪᠠᠳᠤᠭᠠᠷ ᠳᠤᠭᠤᠢᠯᠠᠩ᠎ᠤᠨ ᠪᠦᠷᠢᠯᠳᠦᠬᠦᠨ ᠪᠣᠯᠤᠭ᠍ᠰᠠᠨ᠎ᠤ ᠬᠤᠪᠢ᠎ᠳᠤ᠂ ᠪᠠᠢᠴᠠᠭᠠᠨ ᠰᠤᠳᠤᠯᠬᠤ ᠳᠤᠭᠤᠢᠯᠠᠩ᠎ᠢ ᠳᠠᠭᠠᠵᠤ 3 ᠰᠠᠷ᠎ᠠ᠎ᠶ᠋ᠢᠨ ᠰᠡᠭᠦᠯᠴᠢ᠎ᠪᠠᠷ ᠱᠢᠯᠢ᠎ᠶ᠋ᠢᠨ ᠭᠤᠤᠯ ᠠᠢᠮᠠᠭ᠎ᠤᠨ ᠡᠷᠢᠶᠡᠨ ᠬᠤᠲᠠ᠎ᠶ᠋ᠢᠨ ᠮᠣᠩᠭᠤᠯ ᠦᠨᠳᠦᠰᠦᠲᠡᠨ᠎ᠤ ᠪᠠᠭ᠎ᠠ ᠰᠤᠷᠭᠠᠭᠤᠯᠢ ᠪᠠ ᠠᠪᠠᠭ᠎ᠠ ᠬᠤᠱᠢᠭᠤᠨ᠎ᠤ ᠮᠣᠩᠭᠤᠯ ᠦᠨᠳᠦᠰᠦᠲᠡᠨ᠎ᠤ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠳᠤ ᠬᠦᠷᠴᠦ᠍ ᠪᠠᠢᠴᠠᠭᠠᠨ ᠰᠤᠳᠤᠯᠪᠠ᠃ ᠲᠡᠷᠡ᠄ 《ᠪᠠᠢᠴᠠᠭᠠᠨ ᠰᠤᠳᠤᠯᠤᠯᠲᠠ ᠬᠢᠬᠦ᠌᠎ᠪᠠᠷ ᠳᠡᠮᠵᠢᠨ᠂ ᠰᠤᠷᠭᠠᠭᠤᠯᠢ᠎ᠶ᠋ᠢᠨ ᠤᠳᠤᠷᠢᠳᠤᠯᠭ᠎ᠠ ᠪᠠ ᠪᠠᠭ᠍ᠰᠢ ᠨᠠᠷ ᠴᠥᠮ ᠨᠠᠮ᠎ᠤᠨ ᠲᠥᠪ ᠬᠤᠷᠢᠶ᠎ᠠ᠎ᠠᠴᠠ ᠭᠠᠷᠭᠠᠭ᠍ᠰᠠᠨ ᠦᠨᠳᠦᠰᠦᠲᠡᠨ᠎ᠤ ᠣᠷᠣᠨ᠎ᠳᠤ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌᠎ᠶ᠋ᠢ ᠴᠢᠩᠭᠠᠳᠭᠠᠬᠤ ᠲᠤᠬᠠᠢ ᠲᠥᠷᠥ᠎ᠶ᠋ᠢᠨ ᠪᠣᠳᠣᠯᠭ᠎ᠠ᠎ᠶ᠋ᠢ ᠵᠥᠪ ᠣᠢᠯᠠᠭᠠᠵᠤ ᠬᠦᠴᠦᠲᠡᠶ ᠳᠡᠮᠵᠢᠵᠦ᠍᠂ ᠰᠤᠷᠭᠠᠭᠤᠯᠢ᠎ᠨᠢ ᠡᠯ᠎ᠡ ᠵᠦᠶ᠋ᠯ᠎ᠤᠨ ᠠᠷᠭ᠎ᠠ ᠬᠡᠯᠪᠡᠷᠢ᠎ᠪᠠᠷ ᠪᠠᠭ᠍ᠰᠢ ᠨᠠᠷ᠎ᠤᠨ᠎ᠢᠶᠠᠨ ᠲᠤᠬᠠᠢᠯᠠᠭ᠍ᠰᠠᠨ ᠠᠵᠢᠯ᠎ᠤᠨ ᠲᠦᠪᠱᠢᠨ᠎ᠢ ᠳᠡᠭᠡᠭ᠌ᠰᠢᠯᠡᠭᠦᠯᠬᠦ᠌᠎ᠪᠠᠷ ᠴᠢᠷᠮᠠᠢᠵᠤ᠂ ᠪᠠᠭ᠍ᠰᠢ ᠨᠠᠷ ᠴᠤ᠌ ᠳᠠᠷᠤᠤ ᠬᠢᠴᠢᠶᠡᠩᠭᠦᠶ᠎ᠪᠠᠷ ᠰᠤᠷᠤᠯᠴᠠᠨ᠂ ᠰᠡᠳᠭᠢᠯ ᠲᠠᠯᠪᠢᠨ ᠰᠤᠳᠤᠯᠵᠤ᠂ ᠲᠤᠬᠠᠢᠯᠠᠭ᠍ᠰᠠᠨ ᠠᠵᠢᠯ᠎ᠤᠨ ᠬᠡᠪ ᠪᠣᠯᠪᠠᠰᠤᠷᠠᠯ᠎ᠢᠶᠠᠨ ᠳᠡᠭᠡᠭ᠌ᠰᠢᠯᠡᠭᠦᠯᠬᠦ᠌᠎ᠪᠠᠷ ᠴᠢᠷᠮᠠᠢᠵᠤ ᠪᠠᠢᠬᠤ᠎ᠶ᠋ᠢ ᠪᠢᠳᠡ ᠣᠯᠵᠤ ᠮᠡᠳᠡᠪᠡ》 ᠭᠡᠪᠡ᠃
ᠪᠤᠭᠤᠲᠤ ᠬᠤᠲᠠ᠎ᠶ᠋ᠢᠨ ᠳᠥᠴᠢᠨ ᠨᠠᠢ᠍ᠮᠠᠳᠤᠭᠠᠷ ᠳᠤᠮᠳᠠᠳᠤ ᠰᠤᠷᠭᠠᠭᠤᠯᠢ᠎ᠶ᠋ᠢᠨ ᠶᠣᠰᠣ ᠰᠤᠷᠳᠠᠬᠤᠨ ᠬᠢᠭᠡᠳ ᠬᠠᠤᠯᠢ᠎ᠪᠠᠷ ᠵᠠᠰᠠᠬᠤᠢ ᠬᠢᠴᠢᠶᠡᠯ᠎ᠤᠨ ᠪᠠᠭ᠍ᠰᠢ ᠸᠠᠩ ᠯᠢ ᠱᠢᠶᠠᠨ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶ᠋ᠢ ᠰᠤᠳᠤᠯᠬᠤ ᠲᠠᠰᠤᠭ᠎ᠢ ᠳᠠᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠱᠢᠭᠤᠨ᠎ᠤ ᠮᠣᠩᠭᠤᠯ ᠦᠨᠳᠦᠰᠦᠲᠡᠨ᠎ᠤ ᠰᠤᠷᠭᠠᠭᠤᠯᠢ᠎ᠳᠤ ᠬᠦᠷᠴᠦ᠍ ᠪᠠᠢᠴᠠᠭᠠᠨ ᠰᠤᠳᠤᠯᠵᠡᠢ᠂ ᠲᠡᠷᠡ᠄ 《ᠪᠠᠭ᠍ᠰᠢ ᠨᠠᠷ᠎ᠤᠨ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠦᠷ᠎ᠠ ᠪᠦᠲᠦᠮᠵᠢ᠎ᠨᠢ ᠪᠢᠳᠡᠨ᠎ᠳᠤ ᠵᠢᠭᠠᠨ ᠰᠤᠷᠭᠠᠯᠲᠠ᠎ᠶ᠋ᠢᠨ ᠣᠢᠯᠠᠭᠠᠭ᠍ᠳᠠᠬᠤᠨ᠎ᠤ ᠱᠢᠨᠡᠴᠢᠯᠡᠯᠲᠡ᠎ᠶ᠋ᠢ ᠮᠡᠳᠡᠷᠡᠬᠦᠯᠵᠦ᠍᠂ ᠵᠢᠭᠠᠨ ᠰᠤᠷᠭᠠᠯᠲᠠ᠎ᠶ᠋ᠢᠨ ᠠᠷᠭ᠎ᠠ ᠪᠠᠷᠢᠯ᠎ᠤᠨ ᠬᠤᠪᠢᠷᠠᠯᠲᠠ᠎ᠶ᠋ᠢ ᠦᠵᠡᠬᠦᠯᠵᠡᠢ᠃ ᠪᠠᠭ᠍ᠰᠢ ᠨᠠᠷ᠎ᠤᠨ ᠢᠳᠡᠪᠬᠢᠲᠡᠶ ᠵᠣᠷᠢᠭ᠍ᠵᠢᠭᠤᠯᠤᠯ ᠪᠠ ᠵᠢᠯᠣᠭᠤᠳᠣᠯᠭ᠎ᠠ ᠳᠣᠤᠷ᠎ᠠ᠂ ᠬᠢᠴᠢᠶᠡᠯ ᠳᠡᠭᠡᠷ᠎ᠡ ᠰᠤᠷᠤᠭ᠍ᠴᠢᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠠᠷ ᠶᠠᠷᠢᠯᠴᠠᠬᠤ ᠲᠤᠷᠠᠳᠠᠢ ᠪᠠᠢᠵᠦ᠍᠂ ᠪᠢᠴᠢᠯᠭᠡ᠎ᠨᠢ ᠴᠦ᠍ ᠤᠯᠠᠮ᠎ᠢᠶᠠᠷ ᠵᠢᠷᠤᠮᠵᠢᠵᠤ᠂ ᠣᠨᠴᠠ ᠵᠠᠷᠢᠮ ᠴᠢᠳᠠᠬᠤ ᠥᠬᠡᠶ ᠥᠰᠥᠭ᠎ᠢᠶᠠᠨ ᠨᠠᠷᠢᠨ ᠬᠢᠨᠠᠮᠠᠭᠠᠢ ᠭᠠᠯᠢᠬ᠍ᠯᠠᠨ ᠳᠡᠮᠳᠡᠭ᠌ᠯᠡᠵᠦ᠍ ᠪᠠᠢᠭ᠍ᠰᠠᠨ》 ᠬᠡᠵᠦ᠍ ᠬᠡᠯᠡᠪᠡ᠃
ᠪᠠᠭ᠍ᠰᠢ᠎ᠶ᠋ᠢᠨ ᠵᠢᠭᠠᠬᠤ᠎ᠨᠢ ᠰᠠᠢᠨ ᠪᠤᠯᠪᠠᠯ ᠰᠤᠷᠤᠭ᠍ᠴᠢᠳ ᠰᠠᠶᠢ ᠰᠠᠢᠨ ᠰᠤᠷᠴᠤ᠌ ᠴᠢᠳᠠᠨ᠎ᠠ᠃ ᠵᠠᠷᠤᠳ ᠬᠤᠱᠢᠭᠤᠨ᠎ᠤ ᠮᠣᠩᠭᠤᠯ ᠦᠨᠳᠦᠰᠦᠲᠡᠨ᠎ᠤ ᠬᠤᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢ ᠸᠠᠩ ᠬᠠᠢ ᠶᠠᠨ᠄ 《ᠬᠢᠴᠢᠶᠡᠯ ᠳᠡᠭᠡᠷ᠎ᠠ ᠪᠠᠭ᠍ᠰᠢ ᠨᠠᠷ ᠮᠠᠰᠢ ᠨᠠᠷᠢᠯᠢᠭ ᠵᠢᠭᠠᠳᠠᠭ᠂ ᠪᠢᠳᠡᠨ᠎ᠤ ᠰᠤᠷᠤᠯᠴᠠᠬᠤ ᠡᠬᠢ ᠪᠠᠶᠠᠯᠢᠭ ᠴᠤ᠌ ᠮᠠᠰᠢ ᠡᠯᠪᠡᠭ ᠪᠠᠶᠠᠯᠢᠭ᠂ ᠰᠤᠷᠬᠤ᠎ᠳᠤ ᠲᠡᠳᠦᠢ ᠬᠦᠴᠢᠷᠳᠡᠬᠦ᠌ ᠦᠬᠡᠢ᠂ ᠵᠢᠭᠠᠨ ᠰᠤᠷᠭᠠᠯᠳᠠ᠎ᠶ᠋ᠢᠨ ᠠᠬᠢᠴᠠ᠎ᠶ᠋ᠢ ᠪᠦᠷᠢᠮᠦᠰᠦᠨ ᠳᠠᠭᠠᠵᠤ ᠠᠮᠵᠢᠨ᠎ᠠ》 ᠭᠡᠵᠦ᠍ ᠬᠡᠯᠡᠪᠡ᠃
ᠬᠢᠩᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠪᠠᠶᠠᠨᠬᠤᠱᠢᠭᠤ ᠵᠢᠷᠭᠤᠳᠤᠭᠠᠷ ᠳᠤᠮᠳᠠᠳᠤ ᠰᠤᠷᠭᠠᠭᠤᠯᠢ᠎ᠶ᠋ᠢᠨ ᠳᠣᠯᠣᠳᠤᠭᠠᠷ ᠤᠨ᠎ᠤ ᠰᠤᠷᠤᠭ᠍ᠴᠢ ᠵᠠᠩ ᠶᠦᠩ ᠯᠢᠶᠠᠩ᠂ ᠪᠦᠬᠦ᠌ ᠣᠷᠣᠨ᠎ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ 《ᠪᠢᠳᠡ ᠬᠠᠮᠲᠤ᠎ᠪᠠᠷ ᠤᠩᠱᠢᠶᠠ》 ᠭᠡᠬᠦ᠌ ᠠᠵᠢᠯᠯᠠᠭ᠎ᠠ᠎ᠳᠤ 《ᠬᠠᠳᠤᠨ ᠭᠤᠣᠯ᠎ᠤᠨ ᠮᠠᠭ᠍ᠲᠠᠭᠠᠯ》 ᠢ ᠪᠠᠷᠢᠮᠵᠢᠶ᠎ᠠ ᠠᠪᠢᠶ᠎ᠠ᠎ᠪᠠᠷ ᠤᠷᠮ᠎ᠠ ᠰᠡᠳᠭᠢᠯᠬᠡ᠎ᠲᠠᠢ ᠰᠠᠢᠬᠠᠨ ᠤᠩᠱᠢᠨ ᠲᠤᠰᠭᠠᠢ ᠮᠡᠷᠭᠡᠵᠢᠯᠲᠡᠨ᠎ᠤ ᠦᠨᠳᠦᠷ ᠦᠨᠡᠯᠡᠯᠲᠡ᠎ᠶ᠋ᠢ ᠣᠯᠵᠤ᠂ 《ᠤᠩᠱᠢᠯᠭ᠎ᠠ᠎ᠶ᠋ᠢᠨ ᠤᠳᠤᠨ》 ᠢᠶᠠᠷ ᠲᠤᠳᠤᠷᠠᠵᠠᠢ᠃ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶ᠋ᠢ ᠰᠤᠳᠤᠯᠬᠤ ᠲᠠᠰᠤᠭ᠎ᠠᠴᠠ ᠪᠥᠬᠦ᠌ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ 《ᠪᠢᠳᠡ ᠬᠠᠮᠲᠤ᠎ᠪᠠᠷ ᠤᠩᠱᠢᠶᠠ》 ᠭᠡᠬᠦ᠌ ᠠᠵᠢᠯᠯᠠᠭ᠎ᠠ᠎ᠶ᠋ᠢ ᠵᠤᠬᠢᠶᠠᠨ ᠪᠠᠢᠭᠤᠯᠵᠦ᠍ ᠦᠷᠨᠢᠬᠦᠯᠵᠡᠢ᠃ ᠠᠵᠢᠯᠯᠠᠭ᠎ᠠ᠎ᠳᠤ ᠡᠯ᠎ᠠ ᠭᠠᠵᠠᠷ᠎ᠤᠨ ᠪᠠᠭ᠍ᠰᠢ ᠰᠤᠷᠤᠭ᠍ᠴᠢᠳ ᠢᠳᠡᠪᠬᠢᠲᠡᠶ ᠣᠷᠣᠯᠴᠠᠵᠤ᠂ ᠨᠡᠢᠲᠡ 6350 ᠬᠤᠪᠢ ᠰᠣᠷᠣᠭ᠍ᠴᠢ᠎ᠶ᠋ᠢᠨ ᠪᠦᠲᠦᠭᠡᠯ᠎ᠢ ᠭᠥᠯᠢᠶᠡᠨ ᠠᠪᠴᠤ᠌᠂ ᠲᠤᠰᠭᠠᠶ ᠮᠡᠷᠭᠡᠵᠢᠯᠲᠡᠨ᠎ᠤ ᠨᠠᠷᠢᠨ ᠬᠢᠨᠠᠮᠠᠭᠠᠶ ᠬᠢᠨᠠᠨ ᠦᠨᠡᠯᠡᠯᠳᠡ᠎ᠪᠠᠷ ᠳᠡᠮᠵᠢᠨ᠂ 2711 《ᠤᠩᠱᠢᠯᠭ᠎ᠠ᠎ᠶ᠋ᠢᠨ ᠣᠳᠣᠨ》᠂ 186 《ᠤᠩᠱᠢᠯᠭ᠎ᠠ᠎ᠶ᠋ᠢᠨ ᠣᠳᠣᠨ᠎ᠤ ᠵᠢᠯᠣᠭᠤᠳᠤᠭ᠍ᠴᠢ ᠪᠠᠭ᠍ᠰᠢ》᠂ 21 《ᠤᠩᠱᠢᠯᠭ᠎ᠠ᠎ᠶ᠋ᠢᠨ ᠣᠳᠣᠨ᠎ᠤ ᠱᠢᠯᠢᠳᠡᠭ ᠬᠠᠮᠲᠤ ᠨᠡᠢᠲᠡ》 ᠶ᠋ᠢ ᠱᠢᠯᠭᠠᠷᠠᠭᠤᠯᠤᠨ ᠭᠠᠷᠭᠠᠵᠠᠢ᠃ 《ᠰᠤᠷᠤᠭ᠍ᠴᠢᠳ᠎ᠤᠨ ᠤᠩᠱᠢᠬᠤ ᠴᠢᠳᠠᠪᠤᠷᠢ ᠪᠠ ᠬᠡᠯᠡ ᠪᠢᠴᠢᠭ᠎ᠤᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠵᠦ᠍᠂ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠤᠷᠤᠯᠴᠠᠬᠤ ᠢᠲᠡᠭᠡᠯ ᠵᠣᠷᠢᠭ᠎ᠢ ᠬᠥᠮᠦᠵᠢᠭᠦᠯᠬᠦ᠌ ᠡᠨᠡ ᠬᠦ᠌ ᠠᠵᠢᠯᠯᠠᠭ᠎ᠠ᠎ᠶ᠋ᠢ ᠦᠷᠨᠢᠬᠦᠯᠦᠭ᠌ᠰᠡᠨ ᠶᠤᠮ᠃ ᠰᠤᠷᠤᠭ᠍ᠴᠢᠳ ᠢᠳᠡᠪᠬᠢᠳᠡᠢ ᠤᠷᠤᠯᠴᠠᠵᠤ᠂ ᠲᠤᠰᠭᠠᠯ ᠶᠡᠭᠡ ᠰᠠᠢᠨ ᠪᠠᠢᠨ᠎ᠠ᠂ ᠬᠤᠢᠱᠢᠳᠠ ᠪᠢᠳᠡ ᠪᠠᠰᠠ ᠦᠷᠭᠦᠯᠵᠢᠯᠡᠨ ᠵᠣᠬᠢᠶᠠᠨ ᠪᠠᠢᠭᠤᠯᠤᠨ᠎ᠠ》 ᠭᠡᠵᠦ᠍ ᠵᠣᠣ ᠪᠢᠨ ᠬᠡᠯᠡᠪᠡ᠃
ᠥᠪᠡᠷ᠎ᠤᠨ ᠰᠣᠨᠣᠰᠴᠤ᠌ ᠶᠠᠷᠢᠬᠤ ᠤᠩᠱᠢᠵᠤ ᠪᠢᠴᠢᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠮᠡᠳᠡᠯᠭᠡ᠎ᠶ᠋ᠢᠨ ᠨᠥᠭᠡᠴᠡ᠎ᠪᠠᠨ ᠨᠡᠮᠡᠭ᠌ᠳᠡᠭᠦᠯᠬᠦ᠌᠎ᠶ᠋ᠢᠨ ᠲᠥᠯᠥᠭᠡ᠂ ᠵᠣᠨ᠎ᠤ ᠠᠮᠠᠷᠠᠯᠲᠠ᠎ᠳᠤ᠂ ᠮᠠᠨᠵᠤᠤᠷ ᠬᠤᠲᠠ᠎ᠶ᠋ᠢᠨ ᠠᠷᠪᠠᠨ ᠬᠤᠶᠠᠳᠤᠭᠠᠷ ᠰᠤᠷᠭᠠᠭᠤᠯᠢ᠎ᠶ᠋ᠢᠨ ᠰᠣᠷᠣᠭ᠍ᠴᠢ ᠪᠦᠦ ᠰᠧ ᠶᠤᠸᠠᠨ ᠡᠳᠦᠷ ᠪᠦᠷᠢ ᠡᠯ᠎ᠠ ᠲᠥᠷᠥᠯ᠎ᠤᠨ ᠬᠢᠴᠢᠶᠡᠯ᠎ᠤᠨ ᠭᠠᠳᠠᠨᠠᠬᠢ ᠨᠣᠮ ᠪᠢᠴᠢᠭ ᠤᠩᠱᠢᠵᠤ᠂ ᠤᠩᠱᠢᠯᠭ᠎ᠠ᠎ᠶ᠋ᠢᠨ ᠲᠡᠮᠳᠡᠭ᠌ᠯᠡᠯ ᠬᠢᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠪᠣᠯᠤᠨ ᠴᠥᠭᠡᠨ ᠲᠣᠭᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢᠶᠠᠷ ᠡᠷᠲᠡᠨ᠎ᠤ ᠱᠢᠯᠦᠭ ᠳᠠᠭᠤᠯᠠᠯ᠎ᠢ ᠴᠡᠭᠡᠵᠢᠯᠡᠵᠦ᠍᠂ ᠱᠢᠨ᠎ᠠ ᠰᠤᠷᠤᠯᠭ᠎ᠠ᠎ᠶ᠋ᠢᠨ ᠬᠤᠭᠤᠴᠠᠭᠠᠨ᠎ᠤ ᠬᠢᠴᠢᠶᠡᠯ᠎ᠢᠶᠠᠨ ᠤᠷᠢᠳᠴᠢᠯᠠᠨ ᠰᠤᠷᠤᠯᠴᠠᠵᠤ᠂ ᠱᠢᠨ᠎ᠠ ᠰᠤᠷᠤᠯᠭ᠎ᠠ᠎ᠶ᠋ᠢᠨ ᠬᠤᠭᠤᠴᠠᠭ᠎ᠠ ᠡᠬᠢᠯᠡᠬᠦ᠌᠎ᠳᠤ ᠪᠡᠯᠡᠳᠭᠡᠯ ᠬᠢᠨ᠎ᠡ᠃ ᠲᠡᠷᠡ ᠪᠠᠰᠠ ᠤᠯᠠᠮᠵᠢᠯᠠᠯᠲᠤ ᠰᠣᠶᠣᠯ᠎ᠢ ᠰᠤᠷᠤᠯᠴᠠᠬᠤ ᠪᠠ ᠤᠷᠠᠨ ᠪᠢᠴᠢᠯᠭᠡ ᠰᠤᠷᠬᠤ᠎ᠶ᠋ᠢ ᠪᠠᠷᠢᠮᠲᠠᠯᠠᠵᠤ᠂ ᠤᠯᠤᠰ᠎ᠤᠨ ᠪᠠᠶᠠᠷ ᠪᠣᠯᠤᠨ ᠨᠡᠢᠭᠡᠮ ᠵᠢᠷᠤᠮ᠎ᠤᠨ ᠭᠤᠣᠯᠯᠠᠭ᠍ᠴᠢ ᠦᠷᠳᠡᠭ᠎ᠤᠨ ᠦᠵᠡᠯᠲᠡ᠎ᠶ᠋ᠢᠨ ᠠᠭᠤᠯᠭ᠎ᠠ᠎ᠪᠠᠷ ᠭᠠᠷ ᠪᠢᠴᠢᠮᠡᠯ ᠰᠣᠨᠢᠨ ᠬᠢᠵᠡᠢ᠃
ᠬᠥᠬᠡᠬᠤᠲᠠ᠎ᠶ᠋ᠢᠨ ᠮᠣᠩᠭᠤᠯ ᠦᠨᠳᠦᠰᠦᠲᠡᠨ᠎ᠤ ᠰᠤᠷᠭᠠᠭᠤᠯᠢ᠎ᠶ᠋ᠢᠨ ᠨᠢᠭᠡᠳᠦᠭᠡᠷ ᠤᠨ᠎ᠤ ᠰᠤᠷᠤᠭ᠍ᠴᠢ ᠴᠡᠯᠡᠭᠡᠷ᠎ᠤᠨ ᠭᠡᠷ᠎ᠤᠨ ᠠᠬᠠᠮᠠᠳ ᠨᠣᠮᠢᠨ᠄ 《ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠨᠢᠭᠡ ᠵᠢᠯ ᠰᠤᠷᠤᠯᠴᠠᠬᠤ᠎ᠪᠠᠷ ᠳᠠᠮᠵᠢᠨ᠂ ᠬᠡᠦᠬᠡᠳ᠎ᠤᠨ ᠬᠦᠯᠢᠶᠡᠨ ᠠᠪᠬᠤ ᠴᠢᠳᠠᠪᠤᠷᠢ ᠶᠠᠪᠤᠬᠤ ᠳᠤᠳᠤᠮ ᠳᠡᠬᠡᠭ᠌ᠰᠢᠯᠡᠵᠦ᠍᠂ ᠭᠠᠯᠢᠬ᠍ᠯᠠᠬᠤ᠂ ᠬᠦᠴᠢᠷ ᠦᠬᠡᠰᠢ ᠲᠠᠨᠢᠬᠤ ᠬᠡᠮᠵᠢᠶ᠎ᠡ ᠲᠡᠭᠡᠭ᠌ᠰᠢᠯᠡᠵᠡᠢ᠃ ᠪᠠᠭ᠍ᠰᠢ᠎ᠶ᠋ᠢᠨ ᠵᠢᠭᠠᠨ ᠰᠤᠷᠭᠠᠯᠲᠠ ᠬᠡᠦᠬᠡᠳ᠎ᠤᠨ ᠲᠤᠷ᠎ᠠ ᠰᠤᠨᠢᠷᠬᠠᠯ᠎ᠢ ᠬᠥᠭ᠌ᠵᠢᠭᠡᠵᠦ᠍᠂ ᠬᠡᠦᠬᠡᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠤᠷᠮ᠎ᠠ ᠪᠠᠬ᠎ᠠ ᠶᠡᠭᠡ ᠰᠠᠢᠨ ᠪᠠᠢᠨ᠎ᠠ᠃ ᠡᠨᠡ᠎ᠨᠢ ᠲᠡᠬᠦᠨ᠎ᠤ ᠬᠤᠢᠱᠢᠳᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠳᠤᠷ ᠰᠤᠷᠴᠤ᠌ ᠬᠡᠷᠡᠭ᠌ᠯᠡᠬᠦ᠌᠎ᠳᠤ ᠰᠠᠢᠨ ᠰᠠᠢᠬᠠᠨ ᠰᠠᠭᠤᠷᠢ᠎ᠶ᠋ᠢ ᠳᠠᠯᠪᠢᠵᠤ ᠦᠭ᠌ᠬᠦᠭ᠌ᠰᠡᠨ ᠪᠠᠢᠨ᠎ᠠ》 ᠬᠡᠵᠦ᠍ ᠬᠡᠯᠡᠪᠡ᠃