《ᠰᠤᠷᠭᠠᠨ ᠬᠥᠮᠦᠵᠢᠯ᠎ᠤᠨ ᠠᠵᠢᠯ᠎ᠤᠨ ᠡᠴᠦᠰ᠎ᠤᠨ ᠬᠠᠷᠠᠯᠲᠠ ᠪᠣᠯ ᠬᠥᠮᠦᠨ᠎ᠢ ᠬᠥᠮᠦᠵᠢᠭᠦᠯᠬᠦ᠌ ᠶᠠᠰᠤ ᠴᠢᠨᠠᠷ᠎ᠤᠨ ᠳᠡᠭᠡᠭ᠌ᠰᠢᠯᠡᠯᠲᠡ᠎ᠶ᠋ᠢ ᠠᠬᠢᠭᠤᠯᠬᠤ ᠶᠠᠪᠤᠳᠠᠯ ᠪᠣᠯᠤᠨ᠎ᠠ᠂ ᠡᠨᠡ ᠪᠣᠯ ᠰᠤᠷᠭᠠᠨ ᠬᠥᠮᠦᠵᠢᠯ᠎ᠤᠨ ᠠᠵᠢᠯ ᠲᠥᠷᠥᠯ᠎ᠤᠨ ᠬᠥᠭ᠌ᠵᠢᠯᠲᠡ᠎ᠶ᠋ᠢᠨ ᠬᠠᠷᠠᠯᠲᠠ ᠮᠥᠨ᠂ ᠪᠠᠰᠠ ᠴᠤ᠌ ᠠᠷᠠᠳ ᠣᠯᠠᠨ᠎ᠤ ᠰᠤᠷᠭᠠᠨ ᠬᠥᠮᠦᠵᠢᠯ᠎ᠢ ᠦᠨᠡᠯᠡᠬᠦ᠌ ᠴᠢᠬᠤᠯᠠ ᠵᠢᠭᠠᠯᠳᠠ ᠲᠤᠭ᠎ᠠ ᠪᠤᠯᠤᠨ᠎ᠠ》 ᠭᠡᠵᠦ᠍ ᠤᠯᠠᠭᠠᠨᠴᠠᠪ ᠬᠤᠲᠠ᠎ᠶ᠋ᠢᠨ ᠴᠠᠬᠠᠷ ᠪᠠᠷᠠᠭᠤᠨ ᠭᠠᠷᠤᠨ ᠬᠤᠢᠲᠤ ᠬᠤᠱᠢᠭᠤᠨ᠎ᠤ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶᠠᠨ᠎ᠤ ᠳᠠᠷᠤᠭ᠎ᠠ ᠱᠢᠶᠠ ᠫᠸᠢ ᠬᠤᠩ ᠬᠡᠯᠡᠨ᠎ᠡ᠃
ᠣᠢᠷ᠎ᠠ᠎ᠶ᠋ᠢᠨ ᠵᠢᠯ᠎ᠳᠤ᠂ ᠴᠠᠬᠠᠷ ᠪᠠᠷᠠᠭᠤᠨ ᠭᠠᠷᠤᠨ ᠬᠤᠢᠲᠤ ᠬᠤᠱᠢᠭᠤᠨ᠎ᠤ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ 《ᠶᠠᠰᠤ ᠴᠢᠨᠠᠷ᠎ᠢ ᠳᠡᠭᠡᠭ᠌ᠰᠢᠯᠡᠭᠦᠯᠬᠦ᠂ ᠠᠭᠤᠯᠤᠭ᠍ᠳᠠᠬᠤᠨ᠎ᠢ ᠠᠳᠭᠤᠬᠤ᠂ ᠬᠥᠭ᠌ᠵᠢᠯᠲᠡ᠎ᠶ᠋ᠢ ᠠᠬᠢᠭᠤᠯᠬᠤ》 ᠡᠨᠡ ᠬᠦ᠌ ᠭᠤᠤᠯ ᠱᠤᠭᠤᠮ᠎ᠤᠨ ᠲᠣᠭᠤᠷᠢᠨ᠎ᠳᠤ᠂ ᠵᠢᠭᠠᠨ ᠰᠤᠷᠭᠠᠯᠲᠠ᠎ᠶ᠋ᠢᠨ ᠣᠳᠣᠬᠢ ᠪᠠᠢᠳᠠᠯ᠎ᠢ ᠨᠠᠷᠢᠨ ᠬᠢᠨᠠᠮᠠᠭᠠᠶ ᠵᠠᠳᠠᠯᠵᠤ᠂ ᠵᠢᠭᠠᠨ ᠰᠤᠷᠭᠠᠯᠲᠠ᠎ᠶ᠋ᠢᠨ ᠠᠷᠭ᠎ᠠ ᠪᠣᠳᠣᠯᠭ᠎ᠠ᠎ᠶ᠋ᠢ ᠰᠤᠳᠤᠯᠤᠨ᠂ ᠵᠢᠭᠠᠨ ᠰᠤᠷᠭᠠᠯᠲᠠ᠎ᠶ᠋ᠢᠨ ᠬᠠᠮᠢᠶᠠᠷᠤᠯᠲᠠ᠎ᠶ᠋ᠢ ᠴᠢᠩᠭ᠎ᠠ ᠠᠳᠭᠤᠵᠤ᠂ ᠪᠠᠭ᠍ᠰᠢ᠎ᠶ᠋ᠢᠨ ᠪᠣᠯᠪᠠᠰᠤᠷᠠᠯ᠎ᠤᠨ ᠡᠷᠴᠢᠮ᠎ᠢ ᠴᠢᠩᠭᠠᠷᠠᠭᠤᠯᠤᠨ᠂ ᠵᠢᠭᠠᠨ ᠰᠤᠷᠭᠠᠯᠲᠠ᠎ᠶ᠋ᠢᠨ ᠦᠨᠡᠯᠡᠯᠲᠡ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠵᠢᠭᠠᠨ ᠰᠤᠷᠭᠠᠯᠲᠠ᠎ᠶ᠋ᠢᠨ ᠦᠵᠡᠯᠲᠡ᠎ᠪᠠᠨ ᠱᠢᠨᠡᠳᠭᠡᠨ᠂ ᠵᠢᠭᠠᠨ ᠰᠤᠷᠭᠠᠯᠲᠠ᠎ᠶ᠋ᠢᠨ ᠠᠷᠭ᠎ᠠ᠎ᠪᠠᠨ ᠰᠠᠢᠵᠢᠷᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯ᠎ᠢ ᠪᠥᠬᠦ᠌ ᠲᠠᠯ᠎ᠠ᠎ᠪᠠᠷ ᠰᠠᠢᠲᠤᠷ ᠠᠳᠭᠤᠪᠠ᠃
《ᠪᠥᠬᠦ᠌ ᠬᠤᠱᠢᠭᠤᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭᠠᠭᠤᠯᠢ᠎ᠨᠤᠭᠤᠳ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶ᠋ᠢ ᠪᠦᠬᠦᠯᠢ ᠴᠣᠭ᠍ᠴᠠ᠎ᠪᠠᠷ᠎ᠨᠢ ᠱᠢᠯᠢᠳᠡᠭ᠌ᠵᠢᠭᠦᠯᠬᠦ᠌᠎ᠶ᠋ᠢ ᠪᠡᠶᠡᠯᠡᠭᠦᠯᠬᠦ᠌᠎ᠪᠠᠷ ᠬᠠᠷᠠᠯᠲᠠ ᠪᠣᠯᠭᠠᠬᠤ᠎ᠶ᠋ᠢ ᠪᠠᠷᠢᠮᠳᠠᠯᠠᠵᠤ᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠬᠡᠪ ᠴᠢᠨᠠᠷ᠎ᠤᠨ ᠰᠤᠷᠭᠠᠨ ᠬᠥᠮᠦᠵᠢᠯ᠎ᠤᠨ ᠤᠢ᠍ᠢᠯᠠᠭᠠᠬ᠍ᠳᠠᠬᠤᠨ᠎ᠢ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠭᠤᠭ᠍ᠴᠤᠭ᠎ᠠ ᠪᠦᠷᠢ᠎ᠳᠤ ᠨᠠᠢᠳᠠᠪᠤᠷᠢᠵᠢᠭᠤᠯᠪᠠ᠃ 〈ᠰᠠᠭᠤᠷᠢ᠎ᠶ᠋ᠢ ᠴᠢᠬᠤᠯᠠᠴᠢᠯᠠᠬᠤ᠂ ᠣᠯᠠᠨ ᠠᠵᠢᠯᠯᠠᠭ᠎ᠠ ᠥᠷᠨᠢᠭᠦᠯᠬᠦ᠂ ᠲᠦᠷᠭᠡᠨ ᠬᠠᠷᠢᠭᠤ ᠲᠤᠰᠭᠠᠬᠤ〉 ᠬᠢᠴᠢᠶᠡᠯ᠎ᠤᠨ ᠲᠠᠩᠬᠢᠮ᠎ᠤᠨ ᠵᠠᠭ᠍ᠪᠤᠷ᠎ᠢ ᠢᠳᠡᠪᠬᠢᠲᠡᠶ ᠪᠠᠢᠭᠤᠯᠵᠤ᠂ 〈ᠬᠢᠴᠢᠶᠡᠯ᠎ᠤᠨ ᠲᠠᠩᠬᠢᠮ᠎ᠳᠤ ᠠᠩᠬᠠᠷᠤᠯ᠎ᠢᠶᠠᠨ ᠲᠥᠪᠯᠡᠷᠡᠭᠦᠯᠬᠦ᠂ ᠬᠢᠴᠢᠶᠡᠯ᠎ᠤᠨ ᠲᠠᠩᠬᠢᠮ᠎ᠳᠤ ᠱᠢᠢᠳᠪᠦᠷᠢᠳᠦ ᠲᠠᠢᠯᠠᠯᠳᠤᠭᠠᠨ ᠬᠢᠬᠦ᠌〉 ᠳᠤ ᠲᠦᠱᠢᠭ᠌ᠯᠡᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠲᠡᠭᠡᠭ᠌ᠰᠢᠯᠡᠬᠦᠯᠪᠡ᠃ ᠰᠤᠷᠤᠭ᠍ᠴᠢᠳ᠎ᠤᠨ ᠬᠢᠴᠢᠶᠡᠯ ᠰᠤᠷᠤᠯᠭ᠎ᠠ᠎ᠶ᠋ᠢᠨ ᠳᠠᠷᠤᠭᠠᠰᠤ ᠬᠡᠲᠦ ᠬᠦᠨᠳᠦ᠂ ᠬᠡᠷ ᠪᠦᠯᠢ᠎ᠶ᠋ᠢᠨ ᠰᠤᠷᠭᠠᠨ ᠬᠥᠮᠦᠵᠢᠯ᠎ᠤᠨ ᠵᠠᠷᠤᠯᠭ᠎ᠠ ᠪᠠ ᠬᠡᠷ᠎ᠤᠨ ᠠᠬᠠᠮᠠᠳ᠎ᠤᠨ ᠣᠶᠤᠨ ᠴᠢᠳᠠᠯ᠎ᠤᠨ ᠳᠠᠷᠤᠭᠠᠰᠤ ᠬᠦᠨᠳᠦ ᠵᠡᠷᠭᠡ ᠣᠯᠠᠨ ᠲᠦᠮᠡᠨ᠎ᠤ ᠪᠠᠴᠢᠮᠳᠠᠵᠦ᠍ ᠬᠦᠴᠢᠷᠳᠡᠵᠦ᠍ ᠵᠣᠪᠠᠨᠢᠵᠤ ᠬᠦᠰᠡᠵᠦ᠍ ᠪᠠᠢᠭ᠎ᠠ ᠬᠦᠴᠢᠷ ᠲᠦᠪᠡᠭ᠌ᠲᠡᠶ ᠠᠰᠠᠭᠤᠳᠠᠯ᠎ᠢ ᠦᠨᠡᠨ ᠬᠦ᠌ ᠱᠢᠢᠳᠪᠤᠷᠢᠯᠡᠵᠦ᠍᠂ ᠰᠤᠷᠤᠭ᠍ᠴᠢᠳ᠎ᠤᠨ ᠰᠤᠷᠤᠯᠭ᠎ᠠ ᠠᠮᠢᠳᠤᠷᠠᠯ᠎ᠢ ᠰᠤᠷᠭᠠᠭᠤᠯᠢ᠎ᠶ᠋ᠢᠨ ᠬᠦᠷᠢᠶᠡᠨ᠎ᠳᠤ ᠪᠤᠴᠠᠭᠠᠨ ᠶᠠᠪᠤᠭᠤᠯᠵᠤ᠂ ᠰᠠᠢᠨ ᠰᠠᠢᠬᠠᠨ ᠰᠤᠷᠭᠠᠨ ᠬᠥᠮᠦᠵᠢᠯ᠎ᠤᠨ ᠠᠮᠢ ᠠᠬᠤᠶ ᠪᠠ ᠦᠰᠦᠨ ᠪᠤᠢᠵᠢᠯᠲᠠ᠎ᠶ᠋ᠢᠨ ᠣᠷᠴᠢᠨ ᠨᠥᠬᠦᠴᠡᠯ᠎ᠢ ᠪᠣᠶ ᠪᠣᠯᠭᠠᠵᠤ᠂ ᠰᠤᠷᠭᠠᠨ ᠬᠥᠮᠦᠵᠢᠯ᠎ᠤᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ》 ᠭᠡᠵᠦ᠍ ᠱᠢᠶᠠ ᠫᠸᠢ ᠬᠤᠩ ᠬᠡᠯᠡᠨ᠎ᠡ᠃