《ᠠᠵᠢᠯ ᠣᠯᠭᠤᠯᠲᠠ ᠪᠣᠯ ᠠᠷᠠᠳ᠎ᠤᠨ ᠠᠮᠢᠳᠤᠷᠠᠯ᠎ᠤᠨ ᠰᠠᠭᠤᠷᠢ ᠮᠥᠨ᠂ ᠣᠷᠣᠯᠭ᠎ᠠ ᠪᠣᠯ ᠠᠷᠠᠳ᠎ᠤᠨ ᠠᠮᠢᠳᠤᠷᠠᠯ᠎ᠤᠨ ᠦᠨᠳᠦᠰᠦ ᠮᠥᠨ᠂ ᠨᠡᠢᠭᠡᠮ᠎ᠤᠨ ᠪᠠᠲᠤᠯᠠᠭ᠎ᠠ ᠪᠣᠯ ᠠᠷᠠᠳ᠎ᠤᠨ ᠠᠮᠢᠳᠤᠷᠠᠯ᠎ᠤᠨ ᠡᠬᠢ ᠮᠥᠨ᠃ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠨ ᠠᠵᠢᠯ᠎ᠨᠢ ᠣᠯᠠᠨ ᠲᠦᠮᠡᠨ᠎ᠤ ᠠᠮᠢᠳᠤᠷᠠᠯ᠎ᠲᠠᠢ ᠨᠢᠭ᠍ᠲᠠ ᠬᠤᠯᠪᠣᠭ᠎ᠠ᠎ᠲᠠᠢ ᠪᠠᠢᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠨᠢ ᠠᠷᠠᠳ ᠣᠯᠠᠨ᠎ᠤ ᠠᠮᠢᠳᠤᠷᠠᠯ᠎ᠢ ᠱᠢᠭᠤᠳ ᠨᠥᠯᠥᠭᠡᠯᠡᠵᠦ᠍ ᠪᠠᠢᠳᠠᠭ》 ᠭᠡᠵᠦ᠍ ᠲᠦᠩᠯᠢᠶᠣᠤ ᠬᠤᠲᠠ᠎ᠶ᠋ᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠲᠥᠪ᠎ᠤᠨ ᠳᠡᠳ᠋ ᠡᠷᠬᠢᠯᠡᠭ᠌ᠴᠢ ᠸᠠᠩ ᠬᠠᠶ ᠱᠢᠶᠠ ᠶᠠᠷᠢᠨ᠎ᠠ᠃
ᠲᠦᠩᠯᠢᠶᠣᠤ ᠬᠤᠲᠠ᠎ᠶ᠋ᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠣᠪᠴᠢᠶ᠎ᠠ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠦᠢᠯᠡᠴᠢᠯᠡᠭᠡᠨ᠎ᠤ ᠬᠡᠪᠴᠢᠶ᠎ᠡ᠎ᠪᠠᠨ ᠥᠷᠭᠡᠳᠭᠡᠨ᠂ ᠦᠢᠯᠡᠴᠢᠯᠡᠭᠡᠨ᠎ᠤ ᠵᠢᠭ᠍ᠰᠠᠭᠠᠯ᠎ᠤᠨ ᠭᠠᠵᠠᠷ᠎ᠢ ᠡᠮᠦᠨᠡᠰᠢ ᠱᠢᠯᠵᠢᠭᠦᠯᠵᠦ᠍᠂ ᠲᠦᠩᠯᠢᠶᠣᠤ ᠬᠤᠲᠠ᠎ᠶ᠋ᠢᠨ ᠷᠠᠳᠢᠣ᠋ ᠲᠧᠯᠸᠢᠰ ᠬᠤᠷᠢᠶ᠎ᠠ᠎ᠳᠤ 《ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠱᠢᠭᠤᠳ ᠨᠡᠪᠲᠡᠷᠡᠬᠦ᠌ ᠲᠡᠷᠭᠡ》 ᠭᠡᠬᠦ᠌ ᠱᠢᠭᠤᠳ ᠨᠡᠪᠲᠡᠷᠡᠭᠦᠯᠭᠡ᠎ᠶ᠋ᠢᠨ ᠫᠷᠤᠭ᠌ᠷᠠᠮ᠎ᠢ ᠨᠡᠪᠲᠡᠷᠡᠭᠦᠯᠵᠦ᠍᠂ ᠠᠷᠠᠳ ᠣᠯᠠᠨ᠎ᠳᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠬᠠᠮᠤᠭ᠎ᠤᠨ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢ ᠮᠡᠳᠡᠭᠦᠯᠵᠦ᠍᠂ ᠠᠰᠠᠭᠤᠳᠠᠯ᠎ᠲᠠᠢ ᠪᠣᠯ ᠱᠢᠭᠤᠳ ᠤᠲᠠᠰᠤᠳᠠᠵᠤ ᠠᠰᠠᠭᠤᠨ ᠯᠠᠪᠯᠠᠵᠤ᠂ ᠲᠤᠬᠠᠢᠯᠠᠭ᠍ᠰᠠᠨ ᠠᠵᠢᠯ᠎ᠤᠨ ᠠᠵᠢᠯᠲᠠᠨ ᠲᠤᠬᠠᠶ᠎ᠶ᠋ᠢᠨ ᠲᠠᠯᠠᠪᠤᠷ᠎ᠲᠤ ᠬᠠᠷᠢᠭᠤᠯᠲᠠ ᠥᠭ᠌ᠴᠦ ᠴᠢᠳᠠᠬᠤ ᠪᠣᠯᠭᠠᠪᠠ᠃ ᠲᠥᠷᠥ᠎ᠶ᠋ᠢᠨ ᠪᠣᠳᠣᠯᠭ᠎ᠠ᠎ᠶ᠋ᠢᠨ ᠠᠰᠠᠭᠤᠨ ᠯᠠᠪᠯᠠᠭ᠎ᠠ᠎ᠶ᠋ᠢᠨ ᠠᠭᠤᠯᠭ᠎ᠠ᠎ᠨᠢ ᠨᠡᠢᠭᠡᠮ᠎ᠤᠨ ᠪᠠᠲᠤᠯᠠᠭ᠎ᠠ᠂ ᠴᠢᠳᠠᠪᠤᠷᠢᠲᠠᠨ ᠠᠵᠢᠯᠲᠠᠨ᠎ᠤ ᠶᠠᠪᠤᠳᠠᠯ᠂ ᠬᠥᠳᠡᠯᠮᠦᠷᠢ᠎ᠶ᠋ᠢᠨ ᠬᠠᠷᠢᠴᠠᠭ᠎ᠠ᠂ ᠠᠵᠢᠯ ᠲᠥᠷᠥᠯ᠎ᠤᠨ ᠰᠤᠷᠲᠠᠯ᠎ᠤᠨ ᠪᠠᠢᠭᠤᠯᠤᠯᠲᠠ ᠵᠡᠷᠭᠡ ᠣᠯᠠᠨ ᠬᠦᠷᠢᠶ᠎ᠠ᠎ᠲᠠᠢ ᠬᠤᠯᠪᠣᠭ᠍ᠳᠠᠨ᠎ᠠ᠃
《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠶᠠᠪᠤᠴᠠ᠎ᠳᠤ᠂ ᠪᠢᠳᠡ ᠮᠠᠯᠵᠢᠬᠤ ᠲᠠᠷᠢᠶᠠᠯᠠᠬᠤ ᠣᠷᠣᠨ᠎ᠳᠤ ᠭᠦᠨᠵᠡᠭᠡᠢᠷᠡᠨ᠂ ᠠᠵᠢᠯ ᠣᠯᠭᠤᠵᠤ ᠦᠢᠯᠡᠰ ᠪᠤᠰᠭᠠᠬᠤ᠂ ᠨᠡᠢᠭᠡᠮ᠎ᠤᠨ ᠪᠠᠲᠤᠯᠠᠭ᠎ᠠ᠂ ᠠᠵᠢᠯᠲᠠᠨ᠎ᠤ ᠶᠠᠪᠤᠳᠠᠯ᠂ ᠴᠢᠳᠠᠪᠤᠷᠢᠲᠠᠨ᠂ ᠡᠶ᠎ᠡ ᠵᠣᠬᠢᠴᠠᠩᠭᠤᠶ ᠬᠥᠳᠡᠯᠮᠦᠷᠢ᠎ᠶ᠋ᠢᠨ ᠬᠠᠷᠢᠴᠠᠭ᠎ᠠ ᠵᠡᠷᠭᠡ ᠲᠠᠯ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢ ᠰᠠᠢᠲᠤᠷ ᠬᠢᠵᠦ᠍᠂ ᠤᠯᠤᠰ᠎ᠤᠨ ᠰᠠᠢᠨ ᠲᠥᠷᠥ᠎ᠶ᠋ᠢᠨ ᠪᠣᠳᠣᠯᠭ᠎ᠠ᠎ᠶ᠋ᠢ ᠴᠠᠭ ᠲᠤᠬᠠᠶ᠎ᠳᠤᠨᠢ ᠣᠯᠠᠨ ᠲᠦᠮᠡᠨ᠎ᠤ ᠳᠡᠷᠭᠡᠳᠡ ᠬᠦᠷᠭᠡᠵᠦ᠍᠂ ᠣᠯᠠᠨ ᠲᠦᠮᠡᠨ᠎ᠳᠤ ᠨᠠᠩ ᠣᠯᠠᠨ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠬᠦᠷᠲᠡᠭᠡᠵᠦ᠍᠂ ᠠᠷᠠᠳ ᠣᠯᠠᠨ᠎ᠤ ᠠᠮᠢᠳᠤᠷᠠᠯ᠎ᠢ ᠨᠠᠩ ᠵᠣᠯ ᠵᠢᠷᠭᠠᠯ᠎ᠲᠠᠢ ᠪᠤᠯᠭᠠᠨ᠎ᠠ》 ᠬᠡᠵᠦ᠍ ᠸᠠᠩ ᠬᠠᠢ ᠱᠢᠶᠠ ᠶᠠᠷᠢᠨ᠎ᠠ᠃