ᠠᠷᠠᠳ ᠣᠯᠠᠨ᠎ᠤ ᠵᠢᠷᠭᠠᠯᠲᠤ ᠲᠥᠷᠥᠭ᠌ᠳᠡᠯ ᠬᠦᠷᠲᠡᠮᠵᠢ᠎ᠶ᠋ᠢᠨ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠦᠨ᠎ᠡ
2021-08-19 09:21:57
ᠵᠣᠬᠢᠶᠠᠭ᠍ᠴᠢ᠄
ᠮᠧᠶ ᠭᠠᠩ
ᠣᠩᠱᠢᠭ᠍ᠰᠠᠨ ᠣᠳᠠᠭ᠎ᠠ᠄
★★★☆☆

《ᠠᠷᠠᠳ᠎ᠤᠨ ᠶᠠᠪᠤᠳᠠᠯ᠎ᠤᠨ ᠠᠵᠢᠯ᠎ᠨᠢ ᠠᠷᠠᠳ ᠲᠦᠮᠡᠨ᠎ᠤ ᠬᠦᠴᠢᠷᠳᠡᠯ᠎ᠢ ᠱᠢᠢᠳᠪᠤᠷᠢᠯᠡᠬᠦ᠂ ᠠᠷᠠᠳ ᠲᠦᠮᠡᠨ᠎ᠳᠤ ᠠᠱᠢᠭ ᠬᠦᠷᠳᠡᠭᠡᠬᠦ᠂ ᠠᠷᠠᠳ ᠲᠦᠮᠡᠨ᠎ᠳᠤ ᠦᠢᠯᠡᠴᠢᠯᠡᠬᠦ᠌ ᠬᠠᠮᠤᠭ᠎ᠤᠨ ᠡᠮᠦᠨ᠎ᠡ ᠡᠩᠨᠡᠭᠡᠨ᠎ᠳᠤ ᠣᠷᠣᠱᠢᠵᠤ᠂ ᠨᠡᠢᠭᠡᠮ᠎ᠤᠨ ᠪᠠᠢᠭᠤᠯᠤᠯᠲᠠ᠎ᠶ᠋ᠢᠨ ᠬᠤᠷᠢᠭ᠎ᠠ ᠱᠤᠭᠤᠮ᠎ᠤᠨ ᠴᠢᠨᠠᠷᠲᠠᠶ᠂ ᠪᠠᠲᠤᠯᠠᠭ᠎ᠠ᠎ᠶ᠋ᠢᠨ ᠴᠢᠨᠠᠷᠲᠠᠶ ᠠᠵᠢᠯ ᠪᠠᠢᠵᠤ᠂ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠎ᠢ ᠢᠯᠡᠷᠡᠭᠦᠯᠪᠡ》 ᠭᠡᠵᠦ᠍ ᠬᠥᠬᠡᠬᠤᠲᠠ᠎ᠶ᠋ᠢᠨ ᠢᠦ᠋ᠢᠴᠢᠤᠸᠠᠨ ᠲᠣᠭᠤᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠶ᠋ᠢᠨ ᠨᠡᠢᠭᠡᠮ ᠲᠣᠭᠤᠷᠢᠭ᠎ᠤᠨ ᠠᠵᠢᠯ᠎ᠤᠨ ᠦᠢᠯᠡᠴᠢᠯᠡᠭᠡᠨ᠎ᠤ ᠲᠥᠪ᠎ᠤᠨ ᠡᠷᠬᠢᠯᠡᠭ᠌ᠴᠢ ᠯᠢ ᠨᠠ ᠬᠡᠯᠡᠨ᠎ᠠ᠃

ᠠᠷᠠᠳ᠎ᠤᠨ ᠶᠠᠪᠤᠳᠠᠯ᠎ᠤᠨ ᠠᠵᠢᠯ᠎ᠨᠢ ᠠᠷᠠᠳ᠎ᠤᠨ ᠠᠮᠢᠳᠤᠷᠠᠯ᠎ᠳᠤ ᠦᠢᠯᠡᠴᠢᠯᠡᠵᠦ᠍᠂ ᠠᠷᠠᠳ᠎ᠤᠨ ᠰᠡᠳᠭᠢᠯ᠎ᠢ ᠬᠤᠯᠪᠣᠬᠤ᠎ᠨᠢ ᠨᠡᠢᠭᠡᠮ᠎ᠤᠨ ᠲᠤᠬ᠍ᠳᠠᠭᠤᠨ ᠪᠦᠯᠬᠦᠮᠳᠡᠯ᠎ᠲᠠᠢ ᠬᠤᠯᠪᠣᠭ᠍ᠳᠠᠬᠤ᠎ᠪᠠᠷ ᠪᠠᠷᠠᠬᠤ ᠥᠬᠡᠶ᠂ ᠪᠠᠰᠠ ᠴᠤ᠌ ᠠᠷᠠᠳ ᠣᠯᠠᠨ᠎ᠤ ᠠᠮᠢᠳᠤᠷᠠᠯ᠎ᠤᠨ ᠵᠣᠯ ᠵᠢᠷᠭᠠᠯ᠎ᠲᠠᠢ ᠪᠠᠢᠬᠤ ᠡᠰᠡᠬᠦ᠌᠎ᠶ᠋ᠢ ᠬᠡᠮᠵᠢᠬᠦ᠌ ᠴᠢᠬᠤᠯᠠ ᠭᠦᠢᠴᠡᠳᠭᠡᠯ ᠲᠤᠭ᠎ᠠ ᠪᠣᠯᠤᠨ᠎ᠠ᠃ ᠯᠢ ᠨᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠠᠳ᠎ᠤᠨ ᠶᠠᠪᠤᠳᠠᠯ᠎ᠤᠨ ᠠᠵᠢᠯ᠎ᠢ ᠦᠷᠭᠦᠯᠵᠢᠯᠡᠨ ᠰᠠᠢᠲᠤᠷ ᠬᠢᠬᠦ᠌᠎ᠳᠤ᠂ 《ᠠᠷᠠᠳ᠎ᠤᠨ ᠶᠠᠪᠤᠳᠠᠯ ᠠᠷᠠᠳ ᠲᠦᠮᠡᠨ᠎ᠤ ᠲᠥᠯᠥᠭᠡ᠂ ᠠᠷᠠᠳ᠎ᠤᠨ ᠶᠠᠪᠤᠳᠠᠯ ᠠᠷᠠᠳ ᠲᠦᠮᠡᠨ᠎ᠢ ᠬᠠᠢᠷᠠᠯᠠᠬᠤ》 ᠣᠢᠯᠠᠭᠠᠭ᠍ᠳᠠᠬᠤᠨ᠎ᠢ ᠲᠠᠰᠤᠷᠠᠯᠲᠠ ᠥᠬᠡᠶ ᠴᠢᠩᠭᠠᠳᠭᠠᠵᠤ᠂ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠲᠤᠤᠷ᠎ᠢ ᠲᠠᠰᠤᠷᠠᠯᠲᠠ ᠥᠬᠡᠶ ᠪᠠᠬᠢᠵᠢᠬᠦᠯᠬᠦ᠌ ᠬᠡᠷᠡᠭ᠌ᠲᠡᠶ ᠭᠡᠵᠦ᠍ ᠦᠵᠡᠨ᠎ᠠ᠃

《ᠲᠠᠷᠠᠭᠠᠴᠢ᠎ᠪᠠᠷ᠂ ᠪᠢᠳᠡ ᠠᠷᠠᠳ᠎ᠤᠨ ᠠᠮᠢᠳᠤᠷᠠᠯ ᠠᠷᠠᠳ᠎ᠤᠨ ᠶᠠᠪᠤᠳᠠᠯ᠎ᠢ ᠠᠬᠢᠭᠤᠯᠬᠤ᠂ ᠱᠢᠨ᠎ᠡ᠎ᠶ᠋ᠢ ᠡᠭᠦᠳᠬᠦ᠌ ᠠᠷᠠᠳ᠎ᠤᠨ ᠶᠠᠪᠤᠳᠠᠯ᠎ᠢ ᠬᠥᠭ᠌ᠵᠢᠭᠦᠯᠬᠦ᠂ ᠤᠶᠤᠨᠲᠤ ᠠᠷᠠᠳ᠎ᠤᠨ ᠶᠠᠪᠤᠳᠠᠯ᠎ᠢ ᠦᠢᠯᠡᠳᠣᠯᠭᠡᠵᠢᠭᠦᠯᠬᠦ᠂ ᠬᠠᠤᠯᠢᠵᠢᠯ᠎ᠤᠨ ᠠᠷᠠᠳ᠎ᠤᠨ ᠶᠠᠪᠤᠳᠠᠯ᠎ᠢ ᠪᠠᠢᠭᠤᠯᠬᠤ ᠵᠡᠷᠭᠡ ᠲᠠᠯ᠎ᠠ᠎ᠪᠠᠷ ᠬᠦᠴᠦᠯᠡᠵᠦ᠍᠂ ᠣᠯᠠᠨ ᠲᠦᠮᠡᠨ᠎ᠤ ᠬᠠᠯᠠᠭᠤᠨ ᠳᠤᠯᠠᠭᠠᠨ᠎ᠢ ᠰᠡᠳᠭᠢᠯ᠎ᠳᠡᠭᠡᠨ ᠪᠤᠳᠤᠵᠤ᠂ ᠠᠷᠠᠳ ᠣᠯᠠᠨ᠎ᠳᠤ ᠦᠢᠯᠡᠴᠢᠯᠡᠬᠦ᠌ ᠣᠭ ᠰᠠᠨᠠᠭ᠎ᠠ᠎ᠪᠠᠨ ᠪᠠᠲᠤ ᠰᠠᠬᠢᠵᠤ᠂ ᠠᠵᠢᠯ ᠬᠢᠵᠦ᠍ ᠦᠢᠯᠡᠰ ᠪᠤᠰᠭᠠᠬᠤ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠨᠠᠮ ᠪᠣᠯᠤᠨ ᠵᠠᠰᠠᠭ᠎ᠤᠨ ᠣᠷᠳᠣᠨ᠎ᠤ ᠬᠠᠢᠷ᠎ᠠ ᠬᠠᠯᠠᠮᠵᠢ᠎ᠶ᠋ᠢ ᠣᠯᠠᠨ ᠲᠦᠮᠡᠨ᠎ᠤ ᠰᠡᠳᠭᠢᠯ᠎ᠳᠤ ᠬᠦᠷᠭᠡᠵᠦ᠍᠂ ᠠᠷᠠᠳ ᠣᠯᠠᠨ᠎ᠤ ᠵᠢᠷᠭᠠᠯᠲᠤ ᠲᠥᠷᠥᠭ᠌ᠳᠡᠯ ᠬᠦᠷᠲᠡᠮᠵᠢ᠎ᠶ᠋ᠢᠨ ᠲᠥᠷᠥᠭ᠌ᠳᠡᠯ᠎ᠢ᠎ᠨᠢ ᠲᠠᠰᠤᠷᠠᠯᠲᠠ ᠥᠬᠡᠶ ᠨᠡᠮᠡᠭ᠌ᠳᠡᠭᠦᠯᠦᠨ᠎ᠡ》 ᠭᠡᠵᠦ᠍ ᠯᠢ ᠨᠠ ᠲᠠᠨᠢᠯᠴᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号