《ᠲᠥᠷᠥ᠍ ᠵᠠᠰᠠᠬ ᠪᠣᠯ ᠲᠠᠷᠤᠢ ᠠᠷᠠᠳ ᠲᠦᠮᠡᠨ ᠮᠦᠨ᠂ ᠠᠷᠠᠳ ᠲᠦᠮᠡᠨ ᠪᠣᠯ ᠲᠠᠷᠤᠢ ᠲᠥᠷᠥ᠍ ᠵᠠᠰᠠᠬ ᠮᠦᠨ᠂ ᠲᠥᠷᠥ᠍ ᠵᠠᠰᠠᠭ᠎ᠢ ᠪᠠᠢᠭᠤᠯᠬᠤ᠂ ᠲᠦᠷᠦ᠍ ᠵᠠᠰᠠᠭ᠎ᠢ ᠰᠠᠬᠢᠬᠤ᠎ᠨᠢ ᠠᠷᠠᠳ ᠲᠦᠮᠡᠨ᠎ᠤ ᠰᠡᠳᠭᠢᠯ᠎ᠢ ᠰᠠᠬᠢᠵᠦ᠍ ᠪᠠᠢᠭ᠎ᠠ ᠶᠠᠪᠤᠲᠠᠯ ᠪᠤᠯᠤᠨ᠎ᠠ᠃》 《ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠭᠡᠭᠡᠬᠦ᠌᠎ᠳᠤ᠂ ᠡᠷᠬᠡᠪᠰᠢ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠰᠠᠢᠨ ᠰᠠᠢᠬᠠᠨ ᠠᠮᠢᠳᠤᠷᠠᠯ᠎ᠤᠨ ᠲᠥᠯᠥᠭᠡ ᠲᠠᠰᠤᠷᠠᠯᠲᠠ ᠦᠭᠡᠢ ᠲᠡᠮᠡᠴᠡᠬᠦ᠌ ᠬᠡᠷᠡᠭ᠌ᠲᠡᠢ᠃》 ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠳᠥᠷᠪᠡᠳᠦᠭᠡᠷ ᠪᠦᠬᠦᠳᠡ ᠬᠤᠷᠠᠯ᠎ᠠᠴᠠ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠦ᠍᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠤᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠦ᠍᠂ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠤᠷᠢᠶ᠎ᠠ᠎ᠠᠴᠠ ᠮᠠᠨ᠎ᠤ ᠣᠷᠣᠨ᠎ᠳᠤ ᠲᠣᠭ᠍ᠲᠠᠭᠠᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠠᠵᠢᠯᠯᠠᠭᠠᠨ᠎ᠤ ᠬᠥᠲᠥᠯᠪᠦᠷᠢ᠎ᠪᠠᠷ ᠦᠨᠳᠦᠰᠦᠨ ᠵᠢᠷᠤᠮᠯᠠᠯ ᠪᠣᠯᠭᠠᠵᠦ᠍᠂ ᠥᠪᠥᠷ ᠮᠣᠩᠭᠤᠯ᠎ᠤᠨ ᠠᠷᠠᠳ᠎ᠤᠨ ᠠᠮᠢᠳᠤᠷᠠᠯ᠎ᠤᠨ ᠪᠣᠳᠠᠲᠤ ᠪᠠᠢᠳᠠᠯ᠎ᠲᠠᠢ ᠨᠢᠭ᠍ᠲᠠ ᠤᠶᠠᠯᠳᠤᠭᠤᠯᠤᠨ᠂ ᠱᠢᠨ᠎ᠡ ᠠᠶᠠᠨ ᠵᠠᠮ᠎ᠳᠤ ᠠᠷᠠᠳ ᠣᠯᠠᠨ᠎ᠤ ᠴᠢᠨᠠᠷ ᠰᠠᠢᠲᠠᠶ ᠠᠮᠢᠳᠤᠷᠠᠯ᠎ᠢ ᠪᠡᠶᠡᠯᠡᠭᠦᠯᠬᠦ᠌᠎ᠶ᠋ᠢ ᠠᠬᠢᠭᠤᠯᠬᠤ ᠤᠷᠤᠭ᠍ᠰᠢᠯᠠᠯᠲᠠ᠎ᠶ᠋ᠢᠨ ᠪᠦᠷᠢᠶ᠎ᠡ᠎ᠶ᠋ᠢ ᠬᠠᠩᠭᠢᠨᠠᠭᠤᠯᠵᠦ᠍᠂ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠵᠦ᠍᠂ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷ᠂ ᠤᠯᠠᠨ ᠲᠦᠮᠡᠨ᠎ᠢ ᠤᠷᠮᠠᠱᠢᠭᠤᠯᠤᠨ ᠵᠢᠯᠣᠭᠤᠳᠴᠤ᠌᠂ ᠣᠳᠣᠬᠢᠴᠢᠯᠠᠭ᠍ᠰᠠᠨ ᠥᠪᠥᠷ ᠮᠣᠩᠭᠤᠯ᠎ᠤᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠡᠭᠦᠳᠬᠦ᠌᠎ᠳᠤ ᠴᠢᠬᠤᠯᠠ ᠶᠡᠭᠡ ᠠᠴᠢ ᠬᠤᠯᠪᠣᠭ᠍ᠳᠠᠯ᠎ᠲᠠᠢ ᠶᠤᠮ᠃
《ᠠᠷᠪᠠᠨ ᠭᠤᠷᠪᠠᠳᠤᠭᠠᠷ ᠲᠠᠪᠤᠨ ᠵᠢᠯ》 ᠠᠴᠠ ᠨᠠᠭᠠᠰᠢ᠂ ᠥᠪᠥᠷ ᠮᠣᠩᠭᠤᠯ ᠡᠷᠬᠡ᠎ᠶ᠋ᠢᠨ ᠦᠵᠡᠯᠲᠡ᠂ ᠠᠵᠢᠯ᠎ᠤᠨ ᠪᠦᠲᠦᠮᠵᠢ᠎ᠶ᠋ᠢᠨ ᠦᠵᠡᠯᠲᠡ᠂ ᠠᠵᠢᠯ ᠦᠢᠯᠡᠰ᠎ᠤᠨ ᠦᠵᠡᠯᠲᠡ᠎ᠪᠠᠷ ᠲᠥᠪ ᠪᠣᠯᠭᠠᠵᠤ᠂ ᠬᠠᠮᠤᠭ᠎ᠤᠨ ᠥᠷᠭᠡᠨ ᠣᠯᠠᠨ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠂ ᠰᠠᠢᠲᠤᠷ ᠬᠠᠮᠠᠭᠠᠯᠠᠬᠤ᠂ ᠰᠠᠢᠲᠤᠷ ᠬᠥᠭ᠌ᠵᠢᠭᠦᠯᠬᠦ᠌᠎ᠪᠠᠷ ᠬᠥᠭ᠌ᠵᠢᠯᠲᠡ᠎ᠶ᠋ᠢᠨ ᠦᠨᠳᠦᠰᠦᠨ ᠵᠣᠷᠢᠯᠭ᠎ᠠ᠎ᠪᠠᠨ ᠪᠣᠯᠭᠠᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ ᠲᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠲᠦᠪᠱᠢᠨ᠎ᠢ ᠳᠡᠭᠡᠭ᠌ᠰᠢᠯᠡᠭᠦᠯᠤᠨ᠂ ᠬᠤᠲᠠ ᠬᠥᠳᠡᠭᠡ᠎ᠶ᠋ᠢ ᠬᠠᠮᠤᠷᠤᠭ᠍ᠰᠠᠨ ᠨᠡᠢᠭᠡᠮ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠦᠨᠳᠦᠰᠦᠨ᠎ᠳᠡᠭᠡᠨ ᠪᠠᠢᠭᠤᠯᠵᠤ᠂ ᠬᠦᠨᠳᠦ ᠶᠡᠭᠡ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠲᠦᠷᠭᠡᠳᠭᠡᠨ ᠲᠡᠭᠦᠯᠳᠡᠷᠵᠢᠭᠦᠯᠵᠦ᠍᠂ ᠬᠤᠲᠠ᠎ᠶ᠋ᠢᠨ ᠰᠠᠭᠤᠷᠢᠱᠢᠬᠤ᠎ᠳᠤ ᠲᠣᠬᠢᠷᠠᠮᠵᠢᠲᠠᠶ ᠲᠦᠪᠱᠢᠨ᠎ᠢ ᠴᠢᠨᠠᠬ᠍ᠰᠢᠲᠠ ᠳᠡᠭᠡᠭ᠌ᠰᠢᠯᠡᠭᠦᠯᠤᠨ᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢᠱᠢᠬᠤ ᠣᠷᠴᠢᠨ ᠲᠣᠭᠤᠷᠢᠨ᠎ᠢ ᠦᠷᠭᠦᠯᠵᠢᠯᠡᠨ ᠰᠠᠢᠵᠢᠷᠠᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠤ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠪᠡ᠃ ᠴᠢᠨᠠᠷ ᠰᠠᠢᠲᠠᠶ ᠠᠮᠢᠳᠤᠷᠠᠯ ᠪᠣᠯ ᠳᠠᠷᠤᠶ ᠠᠷᠠᠳ ᠣᠯᠠᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠠᠵᠤ ᠠᠬᠤᠶ᠂ ᠤᠯᠤᠰ ᠲᠥᠷᠥ᠍᠂ ᠰᠣᠶᠣᠯ᠂ ᠨᠡᠢᠭᠡᠮ᠂ ᠠᠮᠢ ᠠᠬᠤᠶ ᠵᠡᠷᠭᠡ ᠡᠯ᠎ᠡ ᠲᠠᠯ᠎ᠠ᠎ᠶ᠋ᠢᠨ ᠰᠠᠢᠨ ᠰᠠᠢᠬᠠᠨ ᠬᠡᠷᠡᠭ᠌ᠴᠡᠭᠡ᠎ᠶ᠋ᠢ ᠲᠠᠰᠤᠷᠠᠯᠲᠠ ᠥᠬᠡᠶ ᠨᠠᠩ ᠰᠠᠢᠲᠤᠷ ᠪᠠᠲᠤᠯᠠᠨ ᠬᠠᠩᠭᠠᠵᠤ ᠴᠢᠳᠠᠬᠤ ᠶᠠᠪᠤᠳᠠᠯ ᠪᠣᠯᠤᠨ᠎ᠠ᠃ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠣᠷᠣᠵᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ᠎ᠳᠤ᠂ ᠡᠷᠬᠡᠪᠰᠢ ᠬᠠᠮᠲᠤ᠎ᠪᠠᠷ ᠴᠢᠨᠡᠭᠡᠯᠢᠭ᠌ᠵᠢᠬᠦ᠌ ᠠᠰᠠᠭᠤᠳᠠᠯ᠎ᠢ ᠨᠡᠩ ᠴᠢᠬᠤᠯᠠᠴᠢᠯᠠᠬᠤ ᠬᠡᠷᠡᠭ᠌ᠲᠡᠢ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ ᠱᠢᠨ᠎ᠡ ᠠᠶᠠᠨ᠎ᠳᠤ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠪᠡᠶᠡᠯᠡᠭᠦᠯᠬᠦ᠌᠎ᠶ᠋ᠢᠨ ᠲᠥᠯᠥᠭᠡ ᠦᠷᠭᠦᠯᠵᠢᠯᠡᠨ ᠴᠥᠬᠦᠷᠡᠰᠢ ᠦᠭᠡᠢ ᠴᠢᠷᠮᠠᠢᠵᠤ ᠪᠦᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠎ᠳᠤ ᠤᠷᠢᠶᠠᠯᠠᠭ᠎ᠠ ᠪᠠ ᠲᠠᠢᠴᠢᠯᠠᠯᠳᠠ᠎ᠶ᠋ᠢᠨ ᠵᠠᠷᠯᠢᠭ ᠪᠠᠭᠤᠯᠭᠠᠪᠠ᠃ ᠪᠢᠳᠡ ᠶᠡᠷᠦᠩᠬᠡᠶ ᠱᠦᠵᠢ ᠰᠢ᠎ᠶ᠋ᠢᠨ ᠫᠢᠩ᠎ᠤᠨ ᠤᠷᠢᠶᠠᠯᠠᠭ᠎ᠠ᠎ᠶ᠋ᠢ ᠡᠷᠡᠰ ᠴᠤᠤᠷᠢᠶᠠᠳᠤᠨ ᠳᠠᠭᠠᠵᠤ᠂ ᠣᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠨᠠᠮ᠎ᠤᠨ ᠲᠥᠪ ᠬᠤᠷᠢᠶᠠᠨ᠎ᠤ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ ᠶᠣᠰᠣᠭᠠᠷ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠥᠬᠦ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ ᠵᠠᠮ᠎ᠳᠤ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠠᠯᠬᠤᠮ ᠠᠯᠬᠤᠮ᠎ᠢᠶᠠᠷ ᠰᠠᠢᠲᠤᠷ ᠱᠢᠢᠳᠪᠤᠷᠢᠯᠡᠵᠦ᠍᠂ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠶ ᠱᠢᠨ᠎ᠡ ᠬᠦᠰᠡᠯ ᠡᠷᠡᠮᠡᠯᠵᠡᠯ᠎ᠢ ᠨᠠᠩ ᠲᠣᠪᠤᠢᠮ᠎ᠠ ᠪᠠᠢᠷᠢᠨ᠎ᠳᠤ ᠲᠠᠯᠪᠢᠵᠤ᠂ ᠱᠢᠨ᠎ᠡ ᠭᠠᠷᠤᠭ᠎ᠠ ᠳᠡᠭᠡᠷ᠎ᠡ ᠪᠥᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠴᠢᠨᠠᠷ ᠰᠠᠢᠲᠠᠶ ᠠᠮᠢᠳᠤᠷᠠᠯ᠎ᠢ ᠬᠠᠮᠲᠤ᠎ᠪᠠᠷ ᠴᠣᠭ᠍ᠴᠠᠯᠠᠬᠤ ᠬᠡᠷᠡᠭ᠌ᠲᠡᠶ᠃
《ᠠᠷᠪᠠᠨ ᠳᠥᠷᠪᠡᠳᠦᠭᠡᠷ ᠲᠠᠪᠤᠨ ᠵᠢᠯ》 ᠪᠣᠯ ᠥᠪᠥᠷ ᠮᠣᠩᠭᠤᠯ᠎ᠤᠨ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ ᠵᠠᠩᠭᠢᠯᠠᠭ᠎ᠠ᠎ᠶ᠋ᠢᠨ ᠬᠤᠭᠤᠴᠠᠭ᠎ᠠ ᠮᠦᠨ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠤ ᠬᠡᠷᠬᠢᠨ ᠳᠠᠬᠢᠨ ᠮᠣᠷᠳᠠᠬᠤ ᠪᠣᠶ? ᠣᠳᠣᠬᠢᠴᠢᠯᠠᠬ᠍ᠰᠠᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠠᠶᠠᠨ᠎ᠳᠤ ᠠᠷᠠᠳ ᠣᠯᠠᠨ᠎ᠤ ᠨᠠᠩ ᠬᠠᠨᠤᠮᠵᠢᠲᠠᠶ ᠴᠢᠨᠠᠷ ᠰᠠᠢᠲᠠᠶ ᠠᠮᠢᠳᠤᠷᠠᠯ᠎ᠢ ᠬᠡᠷᠬᠢᠨ ᠡᠭᠦᠳᠦᠨ ᠪᠦᠲᠦᠭᠡᠬᠦ᠌ ᠪᠤᠢ? ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠨᠢ ᠨᠠᠩ ᠠᠯᠤᠰ ᠬᠡᠲᠦ᠎ᠶ᠋ᠢᠨ ᠬᠠᠷᠠᠯᠲᠠ ᠲᠡᠢᠰᠢ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠲᠥᠯᠥᠪᠵᠢᠭᠦᠯᠵᠦ᠍᠂ 《ᠪᠥᠬᠦ᠌ ᠠᠷᠠᠳ ᠬᠠᠮᠲᠤ᠎ᠪᠠᠷ ᠴᠢᠨᠡᠭᠡᠯᠢᠭ᠌ᠵᠢᠬᠦ᠌᠎ᠳᠤ ᠨᠠᠩ ᠢᠯᠡᠷᠬᠡᠶ ᠮᠥᠨ ᠴᠢᠨᠠᠷ᠎ᠤᠨ ᠠᠬᠢᠴᠠ᠎ᠲᠠᠢ ᠪᠣᠯᠬᠤ》 ᠲᠡᠮᠡᠴᠡᠬᠦ᠌ ᠬᠠᠷᠠᠯᠲᠠ᠎ᠶ᠋ᠢ ᠳᠤᠷᠠᠳᠴᠤ᠌᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠰᠠᠢᠵᠢᠷᠠᠭᠤᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠱᠢᠨ᠎ᠡ ᠲᠦᠪᠱᠢᠨ᠎ᠳᠤ ᠬᠦᠷᠭᠡᠬᠦ᠌᠎ᠶ᠋ᠢ ᠳᠣᠪᠤᠢᠯᠭᠠᠨ ᠴᠢᠬᠤᠯᠠᠴᠢᠯᠠᠪᠠ᠂ ᠡᠨᠡ᠎ᠨᠢ ᠮᠠᠨ᠎ᠤ ᠣᠷᠣᠨ᠎ᠤ ᠠᠷᠠᠳ᠎ᠤᠨ ᠠᠮᠢᠳᠤᠷᠠᠯ᠎ᠤᠨ ᠠᠵᠢᠯ᠎ᠢ ᠰᠠᠢᠲᠤᠷ ᠬᠢᠬᠦ᠌᠎ᠳᠤ ᠬᠠᠷᠠᠯᠲᠠ ᠪᠠ ᠴᠢᠭ᠌ᠯᠡᠯ ᠬᠠᠩᠭᠠᠪᠠ᠃ ᠪᠢᠳᠡ ᠴᠢᠨᠠᠷ ᠰᠠᠢᠲᠠᠶ ᠰᠤᠷᠭᠠᠨ ᠬᠥᠮᠦᠵᠢᠯ᠎ᠤᠨ ᠱᠢᠰᠲ᠋ᠧᠮ᠎ᠢ ᠪᠠᠢᠭᠤᠯᠵᠤ᠂ ᠡᠷᠡᠭᠦᠯ ᠡᠩᠬᠡ ᠥᠪᠥᠷ ᠮᠣᠩᠭᠤᠯ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠡᠮᠡᠭ᠌ᠲᠡᠢᠴᠦᠳ᠂ ᠬᠡᠦᠬᠡᠳ ᠪᠠ ᠵᠡᠮᠳᠡᠭ᠌ᠴᠦᠳ᠎ᠤᠨ ᠦᠨᠳᠦᠰᠦᠨ ᠡᠷᠬᠡ ᠠᠱᠢᠭ᠎ᠢ ᠪᠠᠲᠤᠯᠠᠵᠤ᠂ ᠵᠠᠯᠠᠭᠤᠴᠤᠳ᠎ᠤᠨ ᠪᠥᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠲᠦᠷᠭᠡᠳᠭᠡᠵᠦ᠍᠂ ᠬᠥᠮᠦᠨ ᠠᠮᠠ᠎ᠶ᠋ᠢᠨ ᠬᠡᠪ ᠪᠣᠯᠪᠠᠰᠤᠷᠠᠯ᠎ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌ ᠬᠡᠷᠡᠭ᠌ᠳᠡᠢ; ᠠᠵᠢᠯ ᠣᠯᠭᠤᠯᠲᠠ᠎ᠶ᠋ᠢ ᠲᠡᠷᠢᠭᠦᠨ᠎ᠳᠤ ᠲᠠᠯᠪᠢᠬᠤ ᠲᠥᠷᠥ᠎ᠶ᠋ᠢᠨ ᠪᠣᠳᠣᠯᠭ᠎ᠠ᠎ᠶ᠋ᠢ ᠴᠢᠩᠭᠠᠳᠭᠠᠵᠤ᠂ ᠪᠦᠲᠦᠴᠡ᠎ᠶ᠋ᠢᠨ ᠴᠢᠨᠠᠷᠲᠠᠶ ᠠᠵᠢᠯ ᠣᠯᠭᠤᠯᠲᠠ᠎ᠶ᠋ᠢᠨ ᠪᠡᠷᠬᠡ ᠰᠡᠳᠦᠪ᠎ᠢ ᠱᠢᠢᠳᠪᠤᠷᠢᠯᠡᠨ᠂ ᠭᠤᠤᠯᠳᠠᠯᠭ᠎ᠠ᠎ᠲᠠᠢ ᠬᠦᠮᠤᠰ᠎ᠤᠨ ᠠᠵᠢᠯ ᠣᠯᠭᠤᠯᠲᠠ᠎ᠶ᠋ᠢ ᠳᠣᠪᠤᠢᠯᠭᠠᠵᠤ᠂ ᠦᠢᠯᠡᠰ ᠪᠤᠰᠭᠠᠬᠤ᠎ᠪᠠᠷ ᠠᠵᠢᠯ ᠣᠯᠭᠤᠯᠲᠠ᠎ᠶ᠋ᠢ ᠳᠠᠢᠴᠢᠯᠠᠬᠤ᠎ᠶ᠋ᠢ ᠳᠡᠮᠵᠢᠵᠦ᠍᠂ ᠣᠯᠠᠨ ᠨᠡᠢᠲᠡ᠎ᠶ᠋ᠢᠨ ᠠᠵᠢᠯ ᠣᠯᠭᠤᠯᠲᠠ᠎ᠶ᠋ᠢᠨ ᠦᠢᠯᠡᠴᠢᠯᠡᠭᠡ᠎ᠶ᠋ᠢ ᠴᠢᠩᠭᠠᠳᠭᠠᠵᠤ᠂ ᠠᠷᠭ᠎ᠠ ᠪᠦᠬᠦᠨ᠎ᠢ ᠰᠦᠪᠡᠭ᠌ᠴᠢᠯᠡᠨ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠬᠦ᠌ ᠬᠡᠷᠡᠭ᠌ᠳᠡᠢ; ᠣᠷᠣᠯᠭ᠎ᠠ ᠲᠤᠤᠷ᠎ᠠ ᠬᠦᠮᠤᠰ᠎ᠤᠨ ᠣᠷᠣᠯᠭ᠎ᠠ᠎ᠶ᠋ᠢ ᠳᠡᠭᠡᠭ᠌ᠰᠢᠯᠡᠭᠦᠯᠵᠦ᠍᠂ ᠳᠤᠮᠳᠠ ᠵᠡᠷᠭᠡ᠎ᠶ᠋ᠢᠨ ᠣᠷᠣᠯᠭ᠎ᠠ᠎ᠲᠠᠢ ᠬᠦᠮᠤᠰ᠎ᠢ ᠥᠷᠭᠡᠳᠭᠡᠨ᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠪᠠᠢᠷᠢᠱᠢᠯ᠎ᠢ ᠰᠠᠢᠵᠢᠷᠠᠭᠤᠯᠵᠤ᠂ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠠᠵᠤ ᠠᠬᠤᠢ᠎ᠶ᠋ᠢᠨ ᠨᠡᠮᠡᠭ᠌ᠳᠡᠯ᠎ᠲᠠᠢ ᠠᠳᠠᠯᠢ ᠠᠯᠬᠤᠮ ᠪᠠᠢᠯᠭᠠᠬᠤ᠎ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠳᠡᠢ; ᠡᠷᠬᠡ ᠬᠠᠷᠢᠭᠤᠴᠠᠯᠭ᠎ᠠ ᠲᠣᠳᠣᠷᠬᠠᠢ᠂ ᠪᠠᠲᠤᠯᠠᠭ᠎ᠠ ᠲᠣᠬᠢᠷᠠᠮᠵᠢᠲᠠᠢ᠂ ᠪᠠᠲᠤᠯᠠᠬᠤ ᠶᠣᠰᠣᠲᠠᠢ ᠪᠦᠬᠦᠨ᠎ᠢ ᠪᠠᠲᠤᠯᠠᠬᠤ ᠵᠠᠷᠴᠢᠮ᠎ᠢ ᠪᠠᠷᠢᠮᠲᠠᠯᠠᠵᠤ᠂ ᠪᠦᠬᠦ᠌ ᠠᠷᠠᠳ᠎ᠢ ᠬᠠᠮᠤᠷᠤᠭ᠍ᠰᠠᠨ᠂ ᠬᠤᠳᠠ ᠬᠥᠳᠡᠭᠡ᠎ᠶ᠋ᠢ ᠨᠢᠭᠡᠳᠦᠯᠲᠡᠢ ᠲᠥᠯᠥᠪᠯᠡᠭ᠌ᠰᠡᠨ᠂ ᠲᠥᠪ ᠭᠤᠣᠯᠴᠢ ᠨᠢᠭᠡᠳᠦᠯᠲᠡᠢ᠂ ᠦᠷᠭᠦᠯᠵᠢᠯᠡᠬᠦ᠌ ᠤᠯᠠᠨ ᠳᠡᠰ ᠳᠠᠪᠬᠤᠷᠭ᠎ᠠ᠎ᠶ᠋ᠢᠨ ᠨᠡᠢᠭᠡᠮ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠌ ᠬᠡᠷᠡᠭ᠌ᠳᠡᠢ; ᠨᠡᠢᠭᠡᠮ᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠲᠥᠪᠯᠡᠩᠭᠦᠢ ᠬᠦᠴᠦᠨ ᠪᠠ ᠳᠦᠷᠢᠮ᠎ᠤᠨ ᠭᠦᠢᠴᠡᠳᠭᠡᠬᠦ᠌ ᠬᠦᠴᠦᠨ᠎ᠢ ᠴᠢᠩᠭᠠᠳᠭᠠᠵᠤ᠂ ᠬᠥᠮᠦᠨ ᠪᠦᠬᠦᠨ ᠬᠠᠷᠢᠭᠤᠴᠠᠯᠭ᠎ᠠ᠎ᠲᠠᠢ᠂ ᠬᠥᠮᠦᠨ ᠪᠦᠬᠦᠨ ᠬᠠᠷᠢᠭᠤᠴᠠᠯᠭ᠎ᠠ᠎ᠪᠠᠨ ᠭᠦᠢᠴᠡᠳᠭᠡᠬᠦ᠂ ᠬᠥᠮᠦᠨ ᠪᠦᠬᠦᠨ ᠡᠳ᠋ᠯᠡᠬᠦ᠌ ᠨᠡᠢᠭᠡᠮ᠎ᠤᠨ ᠵᠠᠰᠠᠯᠲᠠ᠎ᠶ᠋ᠢᠨ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠬᠡᠷᠡᠭ᠌ᠳᠡᠢ; ᠨᠡᠢᠭᠡᠮ ᠵᠢᠷᠤᠮ᠎ᠤᠨ ᠭᠤᠣᠯᠯᠠᠭ᠍ᠴᠢ ᠦᠷᠲᠡᠭ᠎ᠤᠨ ᠦᠵᠡᠯᠲᠡ᠎ᠪᠠᠷ ᠰᠣᠶᠣᠯ᠎ᠤᠨ ᠪᠠᠢᠭᠤᠯᠤᠯᠲᠠ᠎ᠶ᠋ᠢ ᠬᠦᠲᠦᠯᠦᠨ ᠳᠠᠭᠠᠭᠤᠯᠬᠤ᠎ᠶ᠋ᠢ ᠪᠠᠷᠢᠮᠲᠠᠯᠠᠵᠤ᠂ ᠨᠡᠢᠭᠡᠮ ᠵᠢᠷᠤᠮ᠎ᠤᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠰᠣᠶᠣᠯ᠎ᠤᠨ ᠦᠢᠯᠡᠰ ᠪᠠ ᠰᠣᠶᠣᠯ᠎ᠤᠨ ᠠᠵᠤ ᠦᠢᠯᠡᠰ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠠᠷᠠᠳ ᠲᠦᠮᠡᠨ᠎ᠤ ᠰᠣᠶᠣᠯ᠎ᠤᠨ ᠬᠡᠷᠡᠭ᠌ᠴᠡᠭᠡ᠎ᠶ᠋ᠢ ᠲᠠᠰᠤᠷᠠᠯᠲᠠ ᠦᠭᠡᠢ ᠬᠠᠩᠭᠠᠬᠤ ᠬᠡᠷᠡᠭ᠌ᠳᠡᠢ; ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠲᠦᠭᠡᠨ ᠪᠠᠢᠭᠤᠯᠵᠤ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌ ᠬᠦᠴᠦᠷᠬᠡᠭ ᠶᠡᠭᠡ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭ᠌ᠳᠡᠢ; ᠬᠥᠭ᠌ᠵᠢᠯᠲᠡ ᠪᠠ ᠠᠮᠤᠷ ᠲᠦᠪᠱᠢᠨ᠎ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠨ᠂ ᠤᠯᠤᠰ᠎ᠤᠨ ᠶᠡᠷᠦᠩᠬᠡᠢ ᠠᠮᠤᠷ ᠲᠦᠪᠱᠢᠨ᠎ᠤ ᠦᠵᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠤᠯᠠᠮᠵᠢᠯᠠᠯᠲᠤ ᠠᠮᠤᠷ ᠲᠦᠪᠱᠢᠨ ᠪᠠ ᠤᠯᠠᠮᠵᠢᠯᠠᠯᠲᠤ ᠪᠤᠰᠤ ᠠᠮᠤᠷ ᠲᠦᠪᠱᠢᠨ᠎ᠢ ᠨᠢᠭᠡᠳᠦᠯᠲᠡᠢ ᠲᠥᠯᠥᠪᠯᠡᠨ᠂ ᠠᠮᠤᠷ ᠲᠦᠪᠱᠢᠨ᠎ᠤ ᠶᠡᠭᠡ ᠪᠠᠢᠷᠢᠱᠢᠯ᠎ᠢ ᠪᠠᠢᠭᠤᠯᠵᠤ᠂ ᠠᠮᠤᠷ ᠲᠦᠪᠱᠢᠨ᠎ᠤ ᠱᠢᠰᠲ᠋ᠧᠮ᠎ᠢ ᠲᠡᠭᠦᠯᠳᠡᠷᠵᠢᠭᠦᠯᠦᠨ᠂ ᠠᠮᠤᠷ ᠲᠦᠪᠱᠢᠨ ᠬᠥᠭ᠌ᠵᠢᠯᠲᠡ᠎ᠶ᠋ᠢ ᠬᠥᠭ᠌ᠵᠢᠯᠲᠡ᠎ᠶ᠋ᠢᠨ ᠡᠯ᠎ᠡ ᠬᠦᠷᠢᠶ᠎ᠡ ᠴᠠᠷᠠᠭ᠎ᠠ ᠪᠠ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠬᠦᠨᠳᠦ ᠶᠡᠭᠡ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠨᠠᠮᠳᠠᠭᠤᠯᠬᠤ᠎ᠶ᠋ᠢ ᠴᠢᠬᠤᠯᠠᠴᠢᠯᠠᠨ᠂ ᠠᠮᠤᠷ ᠲᠦᠪᠱᠢᠨ ᠬᠥᠭ᠌ᠵᠢᠯᠲᠡ᠎ᠶ᠋ᠢᠨ ᠬᠤᠷᠢᠭ᠎ᠠ ᠱᠤᠭᠤᠮ᠎ᠢ ᠪᠠᠲᠤ ᠰᠠᠬᠢᠵᠤ᠂ ᠠᠷᠠᠳ ᠲᠦᠮᠡᠨ ᠠᠵᠨ ᠵᠢᠷᠭᠠᠯ᠎ᠲᠠᠢ᠂ ᠨᠡᠢᠭᠡᠮ ᠠᠮᠤᠷ ᠲᠣᠭ᠍ᠲᠠᠭᠤᠨ ᠡᠮᠬᠢ ᠵᠢᠷᠤᠮ᠎ᠲᠠᠢ ᠪᠠᠢᠬᠤ᠂ ᠬᠢᠯᠢ ᠬᠢᠵᠠᠭᠠᠷ ᠠᠮᠤᠷ ᠲᠣᠭ᠍ᠲᠠᠭᠤᠨ ᠪᠠᠲᠤ ᠪᠠᠬᠢ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠳᠡᠢ᠃
ᠱᠢᠰᠲ᠋ᠧᠮ᠎ᠳᠤ ᠰᠡᠳᠭᠢᠬᠦᠶ ᠪᠣᠯ ᠪᠢᠳᠡᠨ᠎ᠤ ᠠᠷᠠᠳ᠎ᠤᠨ ᠠᠮᠢᠳᠤᠷᠠᠯ᠎ᠤᠨ ᠠᠵᠢᠯ᠎ᠢ ᠲᠠᠨᠢᠬᠤ᠂ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠱᠢᠢᠳᠪᠤᠷᠢᠯᠡᠬᠦ᠌ ᠱᠢᠨᠵᠢᠯᠡᠬᠦ᠌ ᠤᠬᠠᠭᠠᠨᠴᠢ ᠦᠵᠡᠯ ᠰᠠᠨᠠᠭᠠᠨ᠎ᠤ ᠠᠷᠭ᠎ᠠ ᠪᠠ ᠠᠵᠢᠯ᠎ᠤᠨ ᠠᠷᠭ᠎ᠠ ᠮᠥᠨ᠃ ᠭᠠᠭ᠍ᠴᠠ ᠬᠦ᠌ ᠱᠢᠰᠲ᠋ᠧᠮ᠎ᠳᠤ ᠦᠵᠡᠯᠲᠡ᠎ᠶ᠋ᠢ ᠪᠠᠷᠢᠮᠲᠠᠯᠠᠨ ᠠᠷᠠᠳ᠎ᠤᠨ ᠠᠮᠢᠳᠤᠷᠠᠯ᠎ᠤᠨ ᠠᠵᠢᠯ᠎ᠢ ᠲᠥᠯᠥᠪᠵᠢᠭᠦᠯᠵᠦ᠍᠂ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠱᠢᠢᠳᠪᠦᠷᠢᠯᠡᠪᠡᠯ ᠰᠠᠶᠢ ᠠᠵᠢᠯ᠎ᠤᠨ ᠳᠤᠮᠳᠠ᠎ᠪᠠᠨ ᠠᠷᠠᠳ ᠲᠦᠮᠡᠨ᠎ᠢ ᠳᠡᠭᠡᠳᠦᠯᠡᠬᠦ᠂ ᠠᠷᠠᠳ ᠲᠦᠮᠡᠨ᠎ᠳᠤ ᠨᠢᠭ᠍ᠲᠠ ᠲᠦᠱᠢᠭ᠌ᠯᠡᠬᠦ᠂ ᠠᠷᠠᠳ ᠲᠦᠮᠡᠨ᠎ᠳᠤ ᠲᠠᠰᠤᠷᠠᠯᠳᠠ ᠦᠭᠡᠢ ᠪᠤᠶᠠᠨ ᠦᠢᠯᠡᠳᠬᠦ᠂ ᠠᠷᠠᠳ ᠲᠦᠮᠡᠨ᠎ᠤ ᠳᠤᠮᠳᠠ ᠪᠠᠲᠤ ᠦᠨᠳᠦᠰᠦᠯᠡᠬᠦ᠌᠎ᠶ᠋ᠢ ᠦᠨᠡᠨ ᠬᠦ᠌ ᠪᠡᠶᠡᠯᠡᠭᠦᠯᠵᠦ᠍ ᠴᠢᠳᠠᠨ᠎ᠠ᠃ ᠠᠷᠠᠳ ᠣᠯᠠᠨ᠎ᠤ ᠴᠢᠨᠠᠷ ᠰᠠᠢᠲᠠᠶ ᠠᠮᠢᠳᠤᠷᠠᠯ᠎ᠢ ᠪᠡᠶᠡᠯᠡᠭᠦᠯᠬᠦ᠌᠎ᠶ᠋ᠢ ᠠᠬᠢᠭᠤᠯᠬᠤ᠎ᠳᠤ ᠥᠩᠭᠡᠨ ᠲᠠᠯ᠎ᠠ ᠪᠠ ᠦᠨᠳᠦᠰᠦ ᠰᠤᠷᠪᠤᠯᠵᠢ᠎ᠶ᠋ᠢ ᠵᠡᠷᠭᠡ᠎ᠪᠠᠷ ᠵᠠᠰᠠᠬᠤ ᠬᠡᠷᠡᠭ᠌ᠲᠡᠶ᠃ ᠬᠠᠮᠤᠭ᠎ᠤᠨ ᠬᠦᠴᠢᠷᠳᠡᠯ᠎ᠲᠠᠢ ᠤᠯᠠᠨ ᠲᠦᠮᠡᠨ᠎ᠠᠴᠠ ᠭᠠᠷᠳᠠᠵᠦ᠍᠂ ᠬᠠᠮᠤᠭ᠎ᠤᠨ ᠲᠤᠪᠤᠢᠮ᠎ᠠ ᠠᠰᠠᠭᠤᠳᠠᠯ᠎ᠠᠴᠠ ᠡᠬᠢᠯᠡᠨ ᠠᠳᠭᠤᠵᠤ᠂ ᠬᠠᠮᠤᠭ᠎ᠤᠨ ᠪᠣᠳᠠᠲᠠᠢ ᠠᠱᠢᠭ ᠲᠤᠰᠠ᠎ᠠᠴᠠ ᠡᠭᠦᠰᠴᠤ᠌᠂ ᠤᠯᠠᠨ ᠲᠦᠮᠡᠨ᠎ᠤ 《ᠪᠠᠴᠢᠮᠳᠠᠵᠦ᠍ ᠬᠦᠴᠢᠷᠳᠡᠵᠦ᠍ ᠵᠤᠪᠠᠨᠢᠵᠦ᠍ ᠬᠦᠰᠡᠵᠦ᠍》 ᠪᠠᠢᠭ᠎ᠠ ᠪᠣᠳᠠᠲᠠᠢ ᠠᠰᠠᠭᠤᠳᠠᠯ᠎ᠢ ᠱᠢᠢᠳᠪᠦᠷᠢᠯᠡᠬᠦ᠌᠎ᠪᠠᠷ ᠪᠠᠷᠠᠬᠤ ᠦᠭᠡᠢ ᠪᠠᠰᠠ ᠠᠯᠤᠰ ᠬᠡᠳᠤ᠎ᠶ᠋ᠢ ᠪᠣᠳᠣᠯᠬᠢᠯᠠᠵᠤ᠂ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠱᠢᠢᠳᠪᠦᠷᠢᠯᠡᠬᠦ᠌ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠬᠠᠮᠢᠭ᠎ᠠ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠤᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ ᠪᠠᠢᠪᠠᠯ ᠲᠡᠨᠳᠡ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠍᠂ ᠬᠠᠮᠢᠭ᠎ᠠ ᠠᠷᠠᠳ᠎ᠤᠨ ᠠᠮᠢᠳᠤᠷᠠᠯ᠎ᠤᠨ ᠬᠠᠯᠠᠮᠵᠢᠯᠠᠵᠤ ᠪᠠᠢᠭ᠎ᠠ ᠲᠦᠷᠢᠮ᠎ᠤᠨ ᠪᠠᠢᠭᠤᠯᠤᠯᠲᠠ ᠪᠠᠢᠪᠠᠯ ᠲᠡᠨᠳᠡ ᠬᠠᠷᠢᠭᠤᠯᠲᠠ ᠥᠭ᠌ᠬᠦᠨ ᠳᠡᠨᠳᠡᠬᠢ᠎ᠶ᠋ᠢ ᠴᠢᠩᠭᠠᠳᠭᠠᠬᠤ ᠬᠡᠷᠡᠭ᠌ᠲᠡᠢ᠃ ᠠᠷᠠᠳ ᠤᠯᠠᠨ᠎ᠤ ᠴᠢᠨᠠᠷ ᠰᠠᠢᠲᠠᠢ ᠠᠮᠢᠳᠤᠷᠠᠯ᠎ᠢ ᠪᠡᠶᠡᠯᠡᠭᠦᠯᠬᠦ᠌᠎ᠶ᠋ᠢ ᠠᠬᠢᠭᠤᠯᠬᠤ᠎ᠳᠤ ᠪᠣᠳᠠᠲᠠᠢ᠎ᠠᠴᠠ ᠡᠭᠦᠰᠭᠦ ᠬᠡᠷᠡᠭ᠌ᠲᠡᠢ᠃ ᠬᠡᠷᠡᠭ᠌ᠴᠡᠭᠡ ᠪᠠ ᠪᠣᠯᠤᠯᠴᠠᠭ᠎ᠠ᠎ᠶ᠋ᠢ ᠨᠢᠭᠡᠳᠦᠯᠲᠡᠢ ᠲᠥᠯᠥᠪᠯᠡᠵᠦ᠍᠂ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠵᠢᠮ᠎ᠡ ᠶᠣᠰᠣ᠎ᠪᠠᠷ ᠠᠯᠬᠤᠮ ᠲᠠᠷᠠᠭ᠎ᠠ᠎ᠲᠠᠢ᠎ᠪᠠᠷ ᠤᠷᠤᠭ᠍ᠰᠢᠯᠠᠨ᠎ᠠ᠃ ᠡᠭᠦᠨ᠎ᠤ ᠬᠠᠮᠲᠤ᠌᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠲᠤᠪᠤᠢᠮ᠎ᠠ ᠬᠦᠴᠢᠷ ᠠᠰᠠᠭᠤᠳᠠᠯ᠎ᠢ ᠨᠡᠩ ᠰᠠᠨᠠᠭᠠᠴᠢᠯᠠᠭ᠎ᠠ᠎ᠠᠴᠠ᠎ᠪᠠᠨ ᠱᠢᠢᠳᠪᠦᠷᠢᠯᠡᠵᠦ᠍᠂ ᠠᠷᠠᠳ ᠤᠯᠠᠨ᠎ᠳᠤ ᠬᠠᠮᠲᠤ᠎ᠪᠠᠷ ᠴᠢᠨᠡᠭᠡᠯᠢᠭ᠌ᠵᠢᠬᠦ᠌᠎ᠨᠢ ᠵᠥᠪᠬᠡᠨ ᠤᠷᠢᠶ᠎ᠠ ᠲᠡᠳᠦᠢ ᠪᠢᠰᠢ᠂ ᠬᠠᠷᠢᠨ ᠨᠢᠳᠤᠨ᠎ᠳᠤ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ ᠦᠨᠡᠨ ᠪᠣᠳᠠᠲᠠᠢ ᠪᠣᠳᠠᠲᠤ ᠬᠡᠷᠡᠭ ᠭᠡᠳᠡᠭ᠎ᠢ ᠦᠨᠡᠨ ᠬᠦ᠌ ᠮᠡᠳᠡᠷᠡᠭᠦᠯᠬᠦ᠌ ᠬᠡᠷᠡᠭ᠌ᠲᠡᠢ᠃ ᠠᠷᠠᠳ ᠣᠯᠠᠨ᠎ᠤ ᠴᠢᠨᠠᠷ ᠰᠠᠢᠲᠠᠶ ᠠᠮᠢᠳᠤᠷᠠᠯ᠎ᠢ ᠪᠡᠶᠡᠯᠡᠭᠦᠯᠬᠦ᠌᠎ᠶ᠋ᠢ ᠠᠬᠢᠭᠤᠯᠬᠤ᠎ᠳᠤ ᠪᠦᠬᠦᠯᠢ ᠴᠣᠭ᠍ᠴᠠ᠎ᠪᠠᠷ ᠠᠬᠢᠭᠤᠯᠬᠤ ᠪᠠ ᠭᠤᠤᠯᠳᠠᠯᠭ᠎ᠠ᠎ᠲᠠᠢ ᠱᠢᠪᠲᠤᠯᠬᠤ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠬᠤ ᠬᠡᠷᠡᠭ᠌ᠲᠡᠶ᠃ ᠠᠯᠤᠰ ᠬᠡᠳᠦ᠎ᠶ᠋ᠢ ᠪᠣᠳᠣᠯᠬᠢᠯᠠᠨ ᠪᠦᠬᠦ᠌ ᠲᠠᠯ᠎ᠠ᠎ᠶ᠋ᠢᠨ᠂ ᠱᠢᠰᠲ᠋ᠧᠮ᠎ᠲᠠᠢ᠂ ᠪᠦᠬᠦᠯᠢ ᠴᠣᠭ᠍ᠴᠠ᠎ᠪᠠᠷ᠎ᠨᠢ ᠠᠬᠢᠭᠤᠯᠬᠤ᠎ᠶ᠋ᠢ ᠴᠢᠬᠤᠯᠠᠴᠢᠯᠠᠬᠤ ᠮᠥᠷᠲᠡᠭᠡᠨ ᠪᠠᠰᠠ ᠣᠳᠣᠬᠠᠨ᠎ᠤ ᠭᠤᠣᠯ ᠵᠥᠷᠢᠴᠡᠯ ᠪᠠ ᠵᠥᠷᠢᠴᠡᠯ᠎ᠢ ᠴᠢᠬᠤᠯᠠᠴᠢᠯᠠᠬᠤ ᠭᠤᠣᠯ ᠲᠠᠯ᠎ᠠ᠎ᠳᠤ ᠰᠠᠭᠤᠷᠢᠯᠠᠵᠤ᠂ ᠠᠷᠠᠳ᠎ᠤᠨ ᠠᠮᠢᠳᠤᠷᠠᠯ᠎ᠤᠨ ᠴᠢᠬᠤᠯᠠ ᠬᠦᠷᠢᠶ᠎ᠡ ᠴᠠᠷᠠᠭ᠎ᠠ ᠪᠠ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢᠨ ᠱᠢᠪᠲᠤᠯᠤᠯᠲᠠ᠎ᠶ᠋ᠢ ᠪᠡᠶᠡᠯᠡᠭᠦᠯᠬᠦ᠌ ᠬᠡᠷᠡᠭ᠌ᠳᠡᠢ᠃ ᠠᠷᠠᠳ᠎ᠤᠨ ᠠᠮᠢᠳᠤᠷᠠᠯ᠎ᠤᠨ ᠠᠵᠢᠯ ᠪᠣᠯ ᠨᠢᠭᠡ ᠲᠦᠢᠯ᠎ᠤᠨ ᠨᠠᠷᠢᠨ ᠪᠤᠳᠤᠯᠢᠶᠠᠨᠲᠠᠢ ᠱᠢᠰᠲ᠋ᠧᠮᠲᠦ ᠢᠨᠵᠧᠨᠧᠷᠢᠩ ᠮᠥᠨ᠂ ᠠᠷᠠᠳ᠎ᠤᠨ ᠠᠮᠢᠳᠤᠷᠠᠯ᠎ᠤᠨ ᠠᠰᠠᠭᠤᠳᠠᠯ᠎ᠨᠢ ᠨᠢᠭᠡ ᠯᠡ ᠳᠡᠭᠡᠷ᠎ᠡ ᠱᠢᠢᠳᠪᠦᠷᠢᠯᠡᠴᠢᠬᠡᠬᠦ᠌ ᠶᠠᠪᠤᠳᠠᠯ ᠪᠢᠰᠢ᠂ ᠨᠡᠩ ᠴᠤ᠌ ᠳᠥᠭᠦᠮᠬᠡᠨ᠎ᠢᠶᠠᠷ ᠡᠳ᠋᠎ᠤᠨ ᠵᠠᠰᠠᠭ᠎ᠤᠨ ᠳᠠᠷᠤᠭᠠᠰᠤ᠎ᠶ᠋ᠢ ᠶᠡᠭᠡ ᠬᠡᠪᠴᠢᠶ᠎ᠡ᠎ᠪᠠᠷ ᠨᠡᠮᠡᠭ᠌ᠳᠡᠭᠦᠯᠬᠦ᠌ ᠶᠠᠪᠤᠳᠠᠯ ᠪᠢᠰᠢ ᠶᠤᠮ᠂ ᠡᠷᠭᠡᠪᠰᠢ ᠬᠠᠮᠤᠭ᠎ᠤᠨ ᠵᠠᠩᠭᠢᠯᠠᠭ᠎ᠠ᠂ ᠬᠠᠮᠤᠭ᠎ᠤᠨ ᠲᠤᠪᠤᠢᠮ᠎ᠠ ᠠᠰᠠᠭᠤᠳᠠᠯ᠎ᠢ ᠠᠳᠭᠤᠵᠤ᠂ ᠪᠣᠭᠤᠮᠲᠠ ᠱᠢᠪᠲᠤᠯᠬᠤ ᠳᠠᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠢᠯᠠᠯᠳᠤᠭᠠᠨ᠎ᠢ ᠰᠠᠢᠲᠤᠷ ᠬᠢᠬᠦ᠌ ᠬᠡᠷᠡᠭ᠌ᠲᠡᠢ᠃
ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠱᠢᠢᠳᠪᠦᠷᠢᠯᠡᠬᠦ᠌᠎ᠳᠤ ᠬᠠᠷᠠᠯᠲᠠ ᠡᠭᠦᠷᠭᠡ᠎ᠶ᠋ᠢ ᠲᠣᠭ᠍ᠲᠠᠭᠠᠭ᠍ᠰᠠᠨ᠎ᠤ ᠲᠠᠷᠠᠭ᠎ᠠ ᠵᠠᠩᠭᠢᠯᠠᠭ᠎ᠠ᠎ᠨᠢ ᠨᠠᠢᠳᠠᠪᠤᠷᠢᠵᠢᠭᠤᠯᠬᠤ᠎ᠳᠤ ᠪᠤᠢ᠃ ᠠᠷᠠᠳ᠎ᠤᠨ ᠤᠶᠤᠨ ᠤᠬᠠᠭᠠᠨ᠎ᠢ ᠨᠢᠭ᠍ᠲᠠᠷᠠᠭᠤᠯᠵᠤ᠂ ᠠᠷᠠᠳ᠎ᠤᠨ ᠬᠦᠴᠦᠨ ᠴᠢᠳᠠᠯ᠎ᠢ ᠬᠥᠭ᠌ᠵᠢᠭᠡᠵᠦ᠍᠂ ᠠᠰᠠᠭᠤᠳᠠᠯ᠎ᠢ ᠪᠣᠳᠣᠯᠬᠢᠯᠠᠵᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠤᠴᠢᠷ ᠶᠠᠪᠤᠳᠠᠯ ᠪᠦᠲᠦᠭᠡᠬᠦ᠌᠎ᠳᠡᠭᠡᠨ ᠴᠥᠮ ᠤᠯᠠᠨ ᠲᠦᠮᠡᠨ᠎ᠤ ᠪᠡᠶᠡᠴᠢ ᠴᠢᠳᠠᠮᠠᠭᠠᠢ ᠴᠢᠨᠠᠷ᠎ᠢ ᠪᠠᠳᠠᠷᠠᠭᠤᠯᠬᠤ᠎ᠶ᠋ᠢ ᠠᠩᠬᠠᠷᠴᠤ᠌᠂ ᠤᠯᠠᠨ ᠲᠦᠮᠡᠨ᠎ᠤ ᠣᠷᠣᠯᠴᠠᠬᠤ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠤᠯᠠᠨ ᠲᠦᠮᠡᠨ᠎ᠤ ᠰᠠᠨᠠᠯ᠎ᠢ ᠲᠥᠪᠯᠡᠷᠡᠭᠦᠯᠦᠨ ᠴᠢᠳᠠᠮᠠᠭᠠᠢ᠎ᠪᠠᠷ ᠵᠥᠪ ᠱᠢᠢᠳᠪᠦᠷᠢᠲᠦ ᠪᠤᠳᠤᠯᠭ᠎ᠠ᠎ᠶ᠋ᠢ ᠪᠦᠷᠢᠯᠳᠦᠭᠦᠯᠵᠦ᠍᠂ ᠤᠯᠠᠨ ᠲᠦᠮᠡᠨ᠎ᠤ ᠳᠤᠮᠳᠠ᠎ᠠᠴᠠ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠱᠢᠢᠳᠪᠦᠷᠢᠯᠡᠬᠦ᠌ ᠲᠥᠰᠦᠯ ᠪᠠ ᠠᠷᠭ᠎ᠠ᠎ᠶ᠋ᠢ ᠡᠷᠢᠬᠦ᠌᠎ᠳᠡᠭᠡᠨ ᠴᠢᠳᠠᠮᠠᠭᠠᠢ ᠪᠠᠢᠵᠤ᠂ ᠠᠷᠠᠳ ᠤᠯᠠᠨ᠎ᠤ ᠤᠶᠤᠨ ᠤᠬᠠᠭᠠᠨ ᠪᠠ ᠬᠦᠴᠦᠨ ᠴᠢᠳᠠᠯ᠎ᠢ ᠠᠷᠠᠳ᠎ᠤᠨ ᠠᠮᠢᠳᠤᠷᠠᠯ ᠪᠠ ᠨᠡᠢᠭᠡᠮ᠎ᠤᠨ ᠦᠢᠯᠡᠰ᠎ᠤᠨ ᠬᠥᠭ᠌ᠵᠢᠯᠲᠡ᠎ᠳᠤ ᠨᠢᠭ᠍ᠲᠠᠷᠠᠭᠤᠯᠬᠤ᠎ᠪᠠᠷ ᠴᠢᠷᠮᠠᠢᠬᠤ ᠬᠡᠷᠡᠭ᠌ᠲᠡᠢ᠃ ᠤᠯᠠᠨ ᠲᠦᠮᠡᠨ᠎ᠤ ᠳᠤᠮᠳᠠ ᠣᠴᠢᠬᠤ᠂ ᠦᠢᠯᠡᠳᠦᠯᠭᠡ᠎ᠶ᠋ᠢᠨ ᠳᠤᠮᠳᠠ ᠣᠴᠢᠬᠤ᠎ᠶ᠋ᠢ ᠪᠠᠷᠢᠮᠲᠠᠯᠠᠵᠤ᠂ ᠤᠯᠠᠨ ᠲᠦᠮᠡᠨ᠎ᠤ ᠠᠮᠠᠷᠬᠠᠨ ᠬᠦᠯᠢᠶᠡᠨ ᠠᠪᠬᠤ ᠠᠷᠭ᠎ᠠ᠎ᠪᠠᠷ ᠠᠵᠢᠯ᠎ᠢᠶᠠᠨ ᠥᠷᠨᠢᠭᠦᠯᠦᠨ᠂ ᠤᠯᠠᠨ ᠲᠦᠮᠡᠨ᠎ᠤ ᠰᠣᠨᠣᠰᠭᠤ ᠳᠤᠷᠠᠲᠠᠢ᠂ ᠣᠢᠯᠠᠭᠠᠬᠤ᠎ᠳᠤ ᠬᠢᠯᠪᠠᠷ ᠬᠡᠯᠡ ᠬᠡᠯᠡᠯᠭᠡ᠎ᠪᠠᠷ ᠨᠠᠮ᠎ᠤᠨ ᠲᠦᠷᠦ᠎ᠶ᠋ᠢᠨ ᠪᠤᠳᠤᠯᠭ᠎ᠠ᠎ᠶ᠋ᠢ ᠲᠣᠳᠣᠷᠬᠠᠢ ᠶᠠᠷᠢᠵᠤ᠂ ᠤᠯᠠᠨ᠎ᠢ ᠳᠠᠭᠠᠭᠤᠯᠤᠨ ᠬᠠᠮᠲᠤ᠎ᠪᠠᠷ ᠠᠵᠢᠯᠯᠠᠬᠤ ᠬᠡᠷᠡᠭ᠌ᠲᠡᠢ᠃ ᠠᠷᠠᠳ᠎ᠤᠨ ᠠᠮᠢᠳᠤᠷᠠᠯ᠎ᠤᠨ ᠪᠣᠳᠠᠲᠤ ᠠᠰᠠᠭᠤᠳᠠᠯ᠎ᠢ ᠱᠢᠢᠳᠪᠦᠷᠢᠯᠡᠬᠦ᠌ ᠴᠢᠳᠠᠪᠤᠷᠢ᠎ᠪᠠᠨ ᠦᠨᠡᠨ ᠬᠦ᠌ ᠳᠡᠭᠡᠭ᠌ᠰᠢᠯᠡᠭᠦᠯᠵᠦ᠍᠂ ᠡᠯ᠎ᠡ ᠭᠠᠵᠠᠷ᠎ᠤᠨ ᠠᠷᠠᠳ᠎ᠤᠨ ᠠᠮᠢᠳᠤᠷᠠᠯ᠎ᠤᠨ ᠪᠣᠳᠠᠲᠤ ᠪᠠᠢᠳᠠᠯ᠎ᠢ ᠦᠨᠳᠦᠰᠦᠯᠡᠨ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ᠎ᠢᠶᠠᠨ ᠴᠢᠩᠭᠠᠳᠭᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠠᠷᠠᠳ᠎ᠤᠨ ᠠᠮᠢᠳᠤᠷᠠᠯ᠎ᠤᠨ ᠦᠢᠯᠡᠰ᠎ᠢ ᠰᠠᠢᠲᠤᠷ ᠬᠢᠵᠦ᠍᠂ ᠰᠠᠢᠨ ᠲᠦᠷᠦ᠎ᠶ᠋ᠢᠨ ᠪᠤᠳᠤᠯᠭ᠎ᠠ᠎ᠶ᠋ᠢᠨ ᠰᠠᠢᠨ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠢ᠃
ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠬᠦ᠌ ᠪᠣᠯ ᠮᠠᠨ᠎ᠤ ᠨᠠᠮ᠎ᠤᠨ ᠦᠨᠳᠦᠰᠦᠨ ᠵᠣᠷᠢᠯᠲᠠ ᠮᠥᠨ᠂ ᠶᠠᠮᠠᠷᠪᠠ ᠴᠠᠭ ᠦᠶ᠎ᠡ᠎ᠳᠤ ᠴᠦ᠍ ᠬᠤᠪᠢᠷᠠᠭᠤᠯᠵᠤ ᠪᠣᠯᠬᠤ ᠦᠭᠡᠢ᠃ ᠮᠠᠨ᠎ᠤ ᠤᠯᠤᠰ᠎ᠤᠨ ᠨᠡᠢᠭᠡᠮ᠎ᠤᠨ ᠭᠤᠣᠯ ᠵᠥᠷᠢᠴᠡᠯ᠎ᠤᠨ ᠱᠢᠨ᠎ᠡ ᠬᠤᠪᠢᠷᠠᠯᠲᠠ᠎ᠶ᠋ᠢ ᠣᠨᠣᠪᠴᠢᠲᠠᠢ ᠡᠵᠡᠮᠳᠡᠵᠦ᠍᠂ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠱᠢᠨ᠎ᠡ ᠬᠦᠰᠡᠯ ᠡᠷᠡᠮᠡᠯᠵᠡᠯ᠎ᠢ ᠭᠦᠨᠵᠡᠭᠡᠢ ᠲᠠᠨᠢᠵᠤ᠂ ᠮᠠᠨ᠎ᠤ ᠣᠷᠣᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠲᠠᠰᠤᠷᠠᠯᠳᠠ ᠦᠭᠡᠢ ᠱᠢᠨ᠎ᠡ ᠳᠡᠭ᠌ᠲᠡᠷ᠎ᠲᠤ ᠭᠠᠷᠭᠠᠬᠤ᠎ᠶ᠋ᠢ ᠠᠬᠢᠭᠤᠯᠵᠤ᠂ ᠢᠮᠠᠭ᠍ᠲᠠ ᠠᠷᠠᠳ ᠲᠦᠮᠡᠨ᠎ᠤ ᠲᠦᠯᠦᠭᠡ ᠬᠦᠭ᠌ᠵᠢᠬᠦᠯᠬᠦ᠂ ᠠᠷᠠᠳ ᠲᠦᠮᠡᠨ᠎ᠳᠤ ᠲᠦᠱᠢᠭ᠌ᠯᠡᠨ ᠬᠥᠭ᠌ᠵᠢᠬᠦᠯᠬᠦ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠠᠷᠠᠳ ᠲᠦᠮᠡᠨ ᠬᠠᠮᠲᠤ᠎ᠪᠠᠷ ᠡᠳ᠋ᠯᠡᠭᠦᠯᠬᠦ᠌᠎ᠶ᠋ᠢ ᠪᠡᠶᠡᠯᠡᠭᠦᠯᠪᠡᠯ᠂ ᠪᠢᠳᠠ ᠯᠠᠪᠲᠠᠢ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠠᠭᠤᠤ ᠶᠡᠭᠡ ᠦᠢᠯᠡᠰ᠎ᠢ ᠠᠬᠢᠭᠤᠯᠬᠤ ᠳᠤᠮᠳᠠ ᠱᠢᠨ᠎ᠡ ᠭᠡᠷᠡᠯ ᠰᠠᠴᠤᠷᠠᠩᠭᠤᠢ ᠠᠮᠵᠢᠯᠲᠠ᠎ᠶ᠋ᠢ ᠡᠭᠦᠳᠴᠦ᠍᠂ ᠱᠢᠨ᠎ᠡ ᠡᠭᠦᠷᠭᠡᠯᠡᠯ ᠱᠢᠨ᠎ᠡ ᠵᠢᠳᠬᠦᠯ ᠴᠢᠷᠮᠠᠢᠯᠭ᠎ᠠ ᠭᠠᠷᠭᠠᠵᠦ᠍ ᠴᠢᠳᠠᠨ᠎ᠠ᠃
(ᠵᠣᠬᠢᠶᠠᠭ᠍ᠴᠢ᠎ᠶ᠋ᠢᠨ ᠪᠠᠢᠭᠤᠯᠭ᠎ᠠ᠄ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ)