ᠠᠷᠠᠳ ᠲᠦᠮᠡᠨ᠎ᠤ ᠡᠷᠡᠭᠦᠯ ᠮᠡᠨᠳᠦ᠎ᠶ᠋ᠢᠨ ᠲᠦᠯᠦᠭᠡ — ᠮᠠᠨ᠎ᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠲᠤᠬᠠᠶ ᠬᠦᠦᠷᠨᠢᠯ
2021-08-02 11:30:47
ᠵᠣᠬᠢᠶᠠᠭ᠍ᠴᠢ᠄
ᠵᠠᠩ ᠸᠧᠨ ᠴᠢᠶᠠᠩ
ᠣᠩᠱᠢᠭ᠍ᠰᠠᠨ ᠣᠳᠠᠭ᠎ᠠ᠄
★★★☆☆

ᠪᠥᠬᠦ᠌ ᠣᠷᠣᠨ᠎ᠤ ᠬᠥᠮᠦᠨ ᠠᠮᠠ᠎ᠶ᠋ᠢᠨ ᠵᠢᠱ᠌ᠢᠭ᠌ᠰᠡᠨ ᠨᠠᠰᠤ ᠵᠢᠯ 74.8 ᠨᠠᠰᠤ ᠪᠠᠢᠭ᠍ᠰᠠᠨ᠎ᠠᠴᠠ᠎ᠪᠠᠨ ᠳᠡᠭᠡᠭ᠌ᠰᠢᠯᠡᠭᠡᠳ 77.1 ᠨᠠᠰᠤ ᠪᠣᠯᠵᠣ᠂ ᠵᠢᠷᠮᠦᠰᠦᠨ ᠡᠮᠡᠭ᠌ᠲᠡᠶ᠎ᠶ᠋ᠢᠨ ᠦᠬᠦᠯᠲᠡ᠎ᠶ᠋ᠢᠨ ᠨᠣᠷᠮ᠎ᠠ 20.14/10 ᠲᠦᠮᠡ ᠪᠠᠢᠭ᠍ᠰᠠᠨ᠎ᠠᠴᠠ᠎ᠪᠠᠨ ᠪᠠᠭᠤᠷᠠᠭᠠᠳ 12.73/10 ᠲᠦᠮᠡ ᠪᠣᠯᠵᠣ᠂ ᠨᠢᠯᠬ᠎ᠠ ᠬᠡᠦᠬᠡᠳ᠎ᠤᠨ ᠦᠬᠦᠯᠲᠡ᠎ᠶ᠋ᠢᠨ ᠨᠣᠷᠮ᠎ᠠ 6.37 ᠪᠠᠢᠭ᠍ᠰᠠᠨ᠎ᠠᠴᠠ᠎ᠪᠠᠨ ᠪᠠᠭᠤᠷᠠᠭᠠᠳ 3.45 ᠪᠣᠯᠪᠠ᠃

ᠠᠷᠠᠳ ᠢᠷᠭᠡᠳ᠎ᠤᠨ ᠡᠷᠡᠭᠦᠯ ᠮᠡᠨᠳᠦ᠎ᠶ᠋ᠢᠨ ᠬᠢᠷᠢ ᠲᠦᠪᠱᠢᠨ᠎ᠢ ᠶᠡᠷᠦᠩᠬᠡᠢᠯᠡᠨ ᠲᠤᠰᠭᠠᠬᠤ ᠭᠦᠢᠴᠡᠳᠭᠡᠯ ᠲᠤᠭ᠎ᠠ᠎ᠶ᠋ᠢᠨ ᠬᠤᠪᠢᠷᠠᠯᠲᠠ᠎ᠨᠢ ᠮᠠᠨ᠎ᠤ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠡᠷᠡᠭᠦᠯ ᠮᠡᠨᠳᠦ᠎ᠶ᠋ᠢᠨ ᠬᠢᠷᠢ ᠲᠦᠪᠱᠢᠨ ᠶᠠᠭ ᠢᠯᠡᠳᠲᠡ ᠳᠡᠭᠡᠭ᠌ᠰᠢᠯᠡᠵᠦ᠍ ᠪᠠᠢᠬᠤ᠎ᠶ᠋ᠢ ᠬᠠᠷᠠᠭᠤᠯᠵᠤ ᠪᠠᠢᠨ᠎ᠠ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠵᠤ᠂ ᠠᠷᠠᠳ ᠲᠦᠮᠡᠨ᠎ᠤ ᠡᠷᠡᠭᠦᠯ ᠮᠡᠨᠳᠦ᠎ᠶ᠋ᠢ ᠤᠷᠢᠳ᠎ᠢᠶᠠᠷ ᠬᠥᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢᠨ ᠪᠠᠢᠷᠢᠨ᠎ᠳᠤ ᠲᠠᠯᠪᠢᠵᠤ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠪᠥᠬᠦ᠌ ᠲᠠᠯ᠎ᠠ᠎ᠪᠠᠷ ᠭᠦᠨᠵᠡᠭᠡᠢᠷᠡᠭᠦᠯᠤᠨ᠂ ᠡᠷᠡᠭᠦᠯ ᠡᠩᠬᠡ ᠳᠤᠮᠳᠠᠳᠤ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠶᠡᠭᠡ᠎ᠪᠠᠷ ᠬᠡᠷᠡᠭ᠌ᠵᠢᠭᠦᠯᠵᠦ᠍᠂ ᠡᠷᠡᠭᠦᠯ ᠡᠩᠬᠡ ᠥᠪᠥᠷ ᠮᠣᠩᠭᠤᠯ᠎ᠤᠨ ᠪᠥᠲᠥᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠤᠨ᠂ ᠠᠷᠠᠳ ᠲᠦᠮᠡᠨ᠎ᠤ ᠡᠷᠡᠭᠦᠯ ᠮᠡᠨᠳᠦ᠎ᠶ᠋ᠢ ᠬᠠᠮᠠᠭᠠᠯᠠᠵᠦ᠍᠂ ᠥᠪᠥᠷ ᠮᠣᠩᠭᠤᠯ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠦᠢᠯᠡᠰ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠪᠡ᠃

 

ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠴᠢᠳᠠᠪᠤᠷᠢ ᠢᠯᠡᠳᠲᠡ ᠳᠡᠭᠡᠭ᠌ᠰᠢᠯᠡᠪᠡ


ᠠᠷᠠᠳ᠎ᠤᠨ ᠠᠮᠢᠳᠤᠷᠠᠯ ᠪᠣᠯ ᠬᠠᠮᠤᠭ᠎ᠤᠨ ᠶᠡᠭᠡ ᠤᠯᠤᠰ ᠲᠦᠷᠦ᠍ ᠮᠥᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠠᠵᠢᠯ ᠦᠢᠯᠡᠰ᠎ᠨᠢ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠲᠠᠢ ᠬᠤᠯᠪᠣᠭ᠍ᠳᠠᠵᠤ ᠪᠠᠢᠳᠠᠭ᠃

ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠨᠠᠮ᠎ᠤᠨ ᠲᠥᠪ ᠬᠤᠷᠢᠶ᠎ᠠ᠎ᠠᠴᠠ ᠥᠪᠡᠷᠲᠡᠭᠡᠨ ᠵᠠᠰᠠᠬᠤ ᠣᠷᠣᠨ ᠬᠦᠷᠲᠡᠯ᠎ᠡ᠂ ᠠᠢᠮᠠᠭ ᠬᠤᠲᠠ᠎ᠠᠴᠠ ᠬᠤᠱᠢᠭᠤ ᠱᠢᠶᠠᠨ ᠬᠦᠷᠲᠡᠯ᠎ᠡ᠂ ᠡᠯ᠎ᠡ ᠱᠠᠲᠤᠨ᠎ᠤ ᠵᠠᠰᠠᠭ᠎ᠤᠨ ᠣᠷᠳᠣᠨ ᠪᠠᠯᠠ ᠮᠥᠩᠭᠦ᠎ᠶ᠋ᠢᠨ ᠣᠷᠣᠭᠤᠯᠤᠯᠲᠠ᠎ᠪᠠᠨ ᠲᠠᠰᠤᠷᠠᠯᠲᠠ ᠥᠬᠡᠶ ᠨᠡᠮᠡᠭ᠌ᠳᠡᠭᠦᠯᠵᠦ᠍᠂ ᠪᠥᠬᠦ᠌ ᠠᠷᠠᠳ᠎ᠤᠨ ᠡᠷᠡᠭᠦᠯ ᠮᠡᠨᠳᠦ᠎ᠶ᠋ᠢᠨ ᠰᠠᠭᠤᠷᠢ᠎ᠶ᠋ᠢ ᠪᠠᠬᠢᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠠᠴᠠ ᠭᠠᠴᠠᠭ᠎ᠠ ᠲᠣᠰᠭᠤᠨ ᠬᠦᠷᠲᠡᠯ᠎ᠡ ᠨᠡᠯᠢᠶᠡᠳ ᠪᠦᠷᠢᠨ ᠲᠡᠭᠦᠯᠳᠡᠷ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠱᠢᠰᠲ᠋ᠧᠮ᠎ᠢ ᠪᠦᠷᠢᠯᠳᠤᠬᠦᠯᠪᠠ᠃

ᠲᠤᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠠᠷ᠂ 2012 ᠣᠨ᠎ᠠᠴᠠ ᠨᠠᠭᠠᠰᠢ ᠲᠥᠪ᠎ᠤᠨ ᠲᠥᠰᠦᠪ᠎ᠤᠨ ᠳᠣᠲᠣᠷᠠᠬᠢ ᠪᠠᠯᠠ ᠮᠥᠩᠭᠦ᠎ᠶ᠋ᠢᠨ ᠣᠷᠣᠭᠤᠯᠤᠯᠲᠠ 76.78 ᠳ᠋ᠦᠩᠱᠢᠭᠤᠷ ᠲᠥᠭᠦᠷᠢᠭ᠎ᠲᠤ ᠬᠦᠷᠴᠦ᠍᠂ ᠮᠠᠨ᠎ᠤ ᠣᠷᠣᠨ᠎ᠤ 6893 ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠶ᠋ᠢ ᠳᠡᠮᠵᠢᠪᠡ᠃ ᠪᠥᠬᠦ᠌ ᠣᠷᠣᠨ᠎ᠤ ᠡᠷᠡᠭᠦᠯ ᠬᠠᠮᠠᠭᠠᠯᠠᠯ᠎ᠤᠨ ᠶᠡᠷᠦᠩᠬᠡᠶ ᠵᠠᠷᠤᠳᠠᠯ 2012 ᠣᠨ᠎ᠳᠤ 619.03 ᠳ᠋ᠦᠩᠱᠢᠭᠤᠷ ᠲᠥᠭᠦᠷᠢᠭ ᠪᠠᠢᠭ᠍ᠰᠠᠨ᠎ᠠᠴᠠ᠎ᠪᠠᠨ ᠨᠡᠮᠡᠭ᠌ᠳᠡᠭᠡᠳ 2019 ᠣᠨ᠎ᠳᠤ 1169.4 ᠳ᠋ᠦᠩᠱᠢᠭᠤᠷ ᠲᠥᠭᠦᠷᠢᠭ ᠪᠣᠯᠵᠣ᠂ GDP ᠎ᠳᠤ ᠡᠵᠡᠯᠡᠬᠦ᠌ ᠬᠤᠪᠢ᠎ᠶ᠋ᠢᠨ ᠵᠢᠩ᠎ᠨᠢ 6.79% ᠎ᠳᠤ ᠬᠦᠷᠴᠦ᠍᠂ ᠵᠠᠭᠤᠨ᠎ᠤ ᠬᠠᠷᠢᠴᠠᠯ᠎ᠢᠶᠠᠷ 2.89 ᠬᠤᠪᠢ ᠨᠡᠮᠡᠭ᠌ᠳᠡᠪᠡ᠃

ᠪᠥᠬᠦ᠌ ᠣᠷᠣᠨ᠎ᠤ ᠮᠢᠩᠭᠠᠨ ᠬᠥᠮᠦᠨ ᠠᠮᠠ ᠪᠦᠷᠢ᠎ᠳᠤ ᠨᠣᠭ᠍ᠳᠠᠬᠤ ᠡᠪᠡᠳᠴᠢᠲᠡᠨ᠎ᠤ ᠣᠷᠣ᠎ᠶ᠋ᠢᠨ ᠲᠤᠭ᠎ᠠ ᠴᠤ᠌ 2012 ᠣᠨ᠎ᠳᠤ 2.22 ᠪᠠᠢᠭ᠍ᠰᠠᠨ᠎ᠠᠴᠠ᠎ᠪᠠᠨ ᠨᠡᠮᠡᠭ᠌ᠳᠡᠭᠡᠳ 6.74 ᠪᠣᠯᠵᠣ᠂ ᠲᠤᠰᠠᠯᠠᠭ᠍ᠴᠢ ᠡᠮᠴᠢ ᠪᠠ ᠠᠵᠢᠯ ᠡᠷᠭᠢᠯᠡᠬᠦ᠌ ᠡᠮᠴᠢ 1.2 ᠪᠠᠢᠭ᠍ᠰᠠᠨ᠎ᠠᠴᠠ᠎ᠪᠠᠨ ᠨᠡᠮᠡᠭ᠌ᠳᠡᠭᠡᠳ 3.35 ᠪᠣᠯᠵᠣ᠂ ᠳᠠᠩᠰᠠᠯᠠᠭᠤᠯᠤᠭ᠍ᠰᠠᠨ ᠰᠤᠪᠢᠯᠠᠭ᠍ᠴᠢ᠎ᠶ᠋ᠢᠨ ᠲᠤᠭ᠎ᠠ 0.94 ᠪᠠᠢᠭ᠍ᠰᠠᠨ᠎ᠠᠴᠠ᠎ᠪᠠᠨ ᠨᠡᠮᠡᠭ᠌ᠳᠡᠭᠡᠳ 3.47 ᠪᠣᠯᠪᠠ᠃

ᠪᠡᠯᠡ ᠮᠥᠩᠭᠦ᠎ᠶ᠋ᠢᠨ ᠣᠷᠣᠭᠤᠯᠤᠯᠲᠠ᠎ᠪᠠᠨ ᠲᠠᠰᠤᠷᠠᠯᠲᠠ ᠤᠢ᠍ᠭᠡᠢ ᠨᠡᠮᠡᠭ᠌ᠳᠡᠭᠦᠯᠬᠦ᠌᠎ᠪᠠᠷ ᠳᠠᠮᠵᠢᠭᠤᠯᠤᠨ᠂ ᠪᠦᠬᠦ᠌ ᠣᠷᠣᠨ᠎ᠤ ᠡᠯ᠎ᠡ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠰᠠᠭᠤᠷᠢ ᠲᠦᠭᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠤ᠂ ᠠᠷᠠᠳ ᠣᠯᠠᠨ᠎ᠤ ᠡᠮᠨᠡᠭᠦᠯᠬᠦ᠌ ᠣᠷᠴᠢᠨ ᠲᠣᠭᠤᠷᠢᠨ ᠢᠯᠡᠳᠲᠡ ᠰᠠᠢᠵᠢᠷᠠᠪᠠ᠃

ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠰᠠᠭᠤᠷᠢ ᠲᠦᠭᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠬᠤ᠎ᠶ᠋ᠢᠨ ᠬᠠᠮᠳᠤ ᠮᠠᠨ᠎ᠤ ᠣᠷᠣᠨ ᠡᠮᠨᠡᠯᠭᠡ ᠰᠤᠷᠭᠠᠨ ᠬᠥᠮᠦᠵᠢᠯ ᠬᠠᠮᠵᠢᠯᠴᠠᠭ᠍ᠰᠠᠨ᠂ ᠱᠢᠨᠵᠢᠯᠡᠬᠦ᠌ ᠤᠬᠠᠭᠠᠨ ᠡᠷᠡᠭᠦᠯ ᠬᠠᠮᠠᠭᠠᠯᠠᠯ ᠬᠠᠮᠵᠢᠯᠴᠠᠭ᠍ᠰᠠᠨ ᠲᠣᠭ᠍ᠲᠠᠴᠠ᠎ᠶ᠋ᠢ ᠲᠠᠰᠤᠷᠠᠯᠲᠠ ᠤᠢ᠍ᠭᠡᠢ ᠪᠠᠢᠭᠤᠯᠤᠨ ᠪᠦᠷᠢᠨᠱᠢᠭᠦᠯᠵᠦ᠍᠂ ᠠᠨᠠᠭᠠᠬᠤ ᠤᠬᠠᠭᠠᠨ᠎ᠤ ᠰᠤᠷᠭᠠᠨ ᠬᠥᠮᠦᠵᠢᠯ ᠪᠣᠯᠤᠨ ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠬᠢᠷᠢ ᠲᠦᠪᠱᠢᠨ᠎ᠢ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠪᠡ᠃ 8 ᠵᠢᠯ᠎ᠤᠨ ᠬᠤᠭᠤᠴᠠᠭᠠᠨ᠎ᠳᠤ 200 ᠱᠢᠬᠠᠮ ᠲᠤᠰᠭᠠᠢ ᠮᠡᠷᠭᠡᠵᠢᠯᠲᠡᠨ 《ᠲᠠᠯ᠎ᠠ ᠨᠤᠲᠤᠭ᠎ᠤᠨ ᠴᠢᠳᠠᠪᠤᠷᠢᠲᠠᠨ》 ᠎ᠤ ᠴᠣᠯᠠ ᠬᠦᠷᠳᠡᠵᠦ᠍᠂ 80 ᠭᠠᠷᠤᠢ ᠪᠦᠯᠬᠦᠮ 《ᠲᠠᠯ᠎ᠠ ᠨᠤᠲᠤᠭ᠎ᠤᠨ ᠴᠢᠳᠠᠪᠤᠷᠢᠲᠠᠨ᠎ᠤ ᠪᠦᠯᠬᠦᠮ》 ᠎ᠢᠶᠠᠷ ᠴᠤᠯᠠᠯᠠᠭ᠍ᠳᠠᠪᠠ᠃

ᠮᠠᠨ᠎ᠤ ᠣᠷᠣᠨ ᠱᠢᠶᠠᠩ ᠪᠠᠯᠭᠠᠰᠤ᠂ ᠨᠡᠢᠭᠡᠮ ᠲᠣᠭᠤᠷᠢᠭ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠪᠠᠢᠭᠤᠯᠤᠮᠵᠢ᠎ᠶ᠋ᠢᠨ ᠪᠦᠳᠤᠭᠡᠨ ᠪᠠᠢᠭᠤᠯᠤᠯᠲᠠ᠎ᠶ᠋ᠢ ᠬᠦᠴᠦᠯᠡᠨ ᠠᠬᠢᠭᠤᠯᠵᠤ᠂ ᠪᠠᠷᠢᠮᠵᠢᠶᠠᠵᠢᠭ᠍ᠰᠠᠨ ᠲᠣᠰᠭᠤᠨ᠎ᠤ ᠡᠷᠡᠭᠦᠯ ᠬᠠᠮᠠᠭᠠᠯᠠᠯ᠎ᠤᠨ ᠲᠠᠰᠤᠭ᠎ᠢ ᠪᠦᠷᠬᠦᠬᠦᠯᠬᠦ᠌᠎ᠶ᠋ᠢ ᠪᠡᠶᠡᠯᠡᠭᠦᠯᠤᠨ᠂ 《ᠵᠢᠵᠢᠭ ᠡᠮ᠎ᠤᠨ ᠬᠠᠢᠷᠴᠠᠭ》 ᠎ᠤᠨ ᠢᠨᠵᠧᠨᠧᠷᠢᠩ᠎ᠢ ᠬᠡᠷᠡᠭ᠌ᠵᠢᠭᠦᠯᠵᠦ᠍᠂ 《ᠲᠣᠭ᠍ᠲᠠᠮᠠᠯ ᠪᠠ ᠨᠡᠭᠦᠳᠡᠯ᠎ᠢ ᠬᠠᠷᠢᠯᠴᠠᠨ ᠤᠶᠠᠯᠳᠤᠭᠤᠯᠤᠭ᠍ᠰᠠᠨ》 ᠮᠠᠯᠵᠢᠬᠤ ᠲᠠᠷᠢᠶᠠᠯᠠᠬᠤ ᠣᠷᠣᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠱᠢᠰᠲ᠋ᠧᠮ᠎ᠢ ᠪᠠᠢᠭᠤᠯᠵᠤ᠂ 《ᠬᠦᠡᠭ᠌ᠭᠡᠨ ᠡᠪᠡᠳᠴᠢᠨ᠎ᠢ ᠰᠤᠮᠤ ᠱᠢᠶᠠᠩ᠎ᠠᠴᠠ᠎ᠪᠠᠨ ᠭᠠᠷᠭᠠᠬᠤ ᠥᠬᠡᠶ》 ᠪᠠᠢᠬᠤ᠎ᠶ᠋ᠢ ᠦᠨᠳᠦᠰᠦᠨ᠎ᠳᠡᠭᠡᠨ ᠪᠡᠶᠡᠯᠡᠭᠦᠯᠪᠡ᠃

ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠮᠠᠨ᠎ᠤ ᠣᠷᠣᠨ ᠬᠢᠲᠠᠳ ᠧᠦ᠋ᠷᠣᠫᠠ ᠡᠮᠨᠡᠯᠭᠡ᠎ᠶ᠋ᠢ ᠵᠡᠷᠭᠡ᠎ᠪᠠᠷ ᠴᠢᠬᠤᠯᠠᠴᠢᠯᠠᠬᠤ ᠴᠢᠭ᠌ᠯᠡᠯᠲᠡ᠎ᠶ᠋ᠢ ᠪᠠᠷᠢᠮᠲᠠᠯᠠᠨ ᠲᠤᠭᠤᠱᠢᠯᠠᠭᠤᠯᠵᠤ᠂ ᠬᠢᠲᠠᠳ ᠡᠮ ᠡᠮᠨᠡᠯᠭᠡ (ᠮᠣᠩᠭᠤᠯ ᠡᠮ ᠡᠮᠨᠡᠯᠭᠡ) ᠎ᠶ᠋ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠡᠷᠡᠭᠦᠯ ᠡᠩᠬᠡ ᠥᠪᠥᠷ ᠮᠣᠩᠭᠤᠯ᠎ᠤᠨ ᠠᠵᠢᠯᠯᠠᠭ᠎ᠠ᠎ᠳᠤ ᠣᠷᠣᠭᠤᠯᠵᠤ᠂ ᠠᠯᠢ ᠣᠯᠠᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠭ᠍ᠲᠠᠭᠠᠨ᠂ ᠬᠢᠲᠠᠳ (ᠮᠣᠩᠭᠤᠯ) ᠡᠮ ᠡᠮᠨᠡᠯᠭᠡ᠎ᠶ᠋ᠢᠨ ᠦᠢᠯᠡᠰ᠎ᠤᠨ ᠪᠡᠯᠡ ᠣᠷᠣᠭᠤᠯᠤᠯᠲᠠ ᠪᠠ ᠰᠠᠭᠤᠷᠢ ᠪᠠᠲᠤᠯᠠᠭ᠎ᠠ᠎ᠶ᠋ᠢ ᠦᠷᠭᠦᠯᠵᠢᠯᠡᠨ ᠴᠢᠩᠭᠠᠳᠭᠠᠵᠤ᠂ ᠪᠥᠬᠦ᠌ ᠣᠷᠣᠨ᠎ᠤ ᠬᠢᠲᠠᠳ (ᠮᠣᠩᠭᠤᠯ) ᠡᠮ ᠡᠮᠨᠡᠯᠭᠡ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠨᠠᠩ ᠲᠡᠭᠦᠯᠳᠡᠷᠵᠢᠭᠦᠯᠦᠨ᠂ ᠬᠢᠲᠠᠳ (ᠮᠣᠩᠭᠤᠯ) ᠡᠮ ᠡᠮᠨᠡᠯᠭᠡ᠎ᠶ᠋ᠢᠨ ᠦᠢᠯᠡᠰ᠎ᠤᠨ ᠳᠡᠰ ᠳᠡᠪᠱᠢᠬᠦ᠌᠎ᠶ᠋ᠢ ᠲᠦᠷᠭᠡᠳᠭᠡᠪᠡ᠃

2012 ᠤᠨ ᠪᠣᠯᠬᠤ᠎ᠳᠤ ᠬᠢᠲᠠᠳ ᠡᠮᠨᠡᠯᠭᠡ (ᠮᠣᠩᠭᠤᠯ ᠡᠮᠨᠡᠯᠭᠡ) ᠎ᠶ᠋ᠢᠨ ᠡᠮᠨᠡᠯᠭᠡ᠎ᠶ᠋ᠢᠨ ᠬᠤᠷᠢᠶᠠᠨ᠎ᠤ ᠲᠤᠭ᠎ᠠ᠎ᠶ᠋ᠢ 117 ᠪᠠᠢᠭ᠍ᠰᠠᠨ᠎ᠠᠴᠠ 230 ᠪᠣᠯᠭᠠᠨ ᠨᠡᠮᠡᠭ᠌ᠳᠡᠭᠦᠯᠵᠦ᠍᠂ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠳᠠᠬᠢ (ᠮᠣᠩᠭᠤᠯ) ᠡᠮ ᠡᠮᠨᠡᠯᠭᠡ᠎ᠶ᠋ᠢᠨ ᠦᠢᠯᠡᠴᠢᠯᠡᠭᠡᠨ᠎ᠤ ᠬᠠᠮᠤᠷᠬᠤ ᠬᠡᠪᠴᠢᠶ᠎ᠡ᠎ᠶ᠋ᠢ ᠲᠠᠰᠤᠷᠠᠯᠳᠠ ᠥᠭᠡᠢ ᠥᠷᠭᠡᠳᠭᠡᠨ᠂ 1266 ᠬᠢᠲᠠᠳ ᠡᠮᠨᠡᠯᠭᠡ᠎ᠶ᠋ᠢᠨ ᠣᠷᠳᠣᠨ (ᠮᠣᠩᠭᠤᠯ ᠡᠮᠨᠡᠯᠭᠡ᠎ᠶ᠋ᠢᠨ ᠣᠷᠳᠣᠨ) ᠎ᠤ ᠦᠢᠯᠡᠴᠢᠯᠡᠭᠡᠨ᠎ᠤ ᠴᠢᠳᠠᠪᠤᠷᠢ᠎ᠶ᠋ᠢ ᠢᠯᠡᠳᠲᠡ ᠳᠡᠭᠡᠭ᠌ᠰᠢᠯᠡᠭᠦᠯᠪᠡ᠃

 

ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ ᠲᠤᠪᠤᠢᠮ᠎ᠠ ᠦᠷ᠎ᠡ ᠪᠦᠲᠦᠮᠵᠢ ᠤᠯᠪᠠ


ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠮᠠᠨ᠎ᠤ ᠣᠷᠣᠨ ᠡᠮᠴᠢᠯᠡᠭᠡ᠂ ᠡᠮ ᠡᠮᠨᠡᠯᠭᠡ᠎ᠶ᠋ᠢᠨ ᠳᠠᠭᠠᠳᠭᠠᠯ᠂ ᠡᠮ ᠡᠮᠨᠡᠯᠭᠡ ᠭᠤᠷᠪᠠ᠎ᠶ᠋ᠢ ᠬᠤᠯᠪᠣᠯᠳᠤᠭᠤᠯᠬᠤ᠎ᠶ᠋ᠢ ᠢᠮᠠᠭ᠍ᠲᠠ ᠪᠠᠷᠢᠮᠲᠠᠯᠠᠵᠤ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠦᠢᠯᠡᠰ᠎ᠤᠨ ᠡᠷᠡᠭᠦᠯ᠎ᠢᠶᠠᠷ ᠬᠥᠭ᠌ᠵᠢᠬᠦ᠌᠎ᠳᠤ ᠲᠠᠰᠤᠷᠠᠯᠲᠠ ᠥᠬᠡᠶ ᠱᠢᠨ᠎ᠡ ᠬᠥᠳᠡᠯᠭᠡᠬᠦ᠌ ᠬᠦᠴᠦᠨ ᠬᠠᠩᠭᠠᠵᠤ ᠲᠤᠪᠤᠢᠮ᠎ᠠ ᠦᠷ᠎ᠡ ᠪᠦᠲᠦᠮᠵᠢ ᠤᠯᠪᠠ᠃

ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ ᠶᠡᠷᠦᠩᠬᠡᠢᠯᠡᠭ᠌ᠰᠡᠨ ᠥᠭᠡᠷᠡᠴᠢᠯᠡᠯᠲᠡ ᠪᠣᠯ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠭᠤᠣᠯᠳᠠᠯᠭ᠎ᠠ ᠪᠤᠯᠬᠤ ᠪᠦᠭᠡᠳ ᠬᠦᠴᠢᠷᠳᠠᠯ ᠪᠤᠯᠬᠤ ᠶᠤᠮ᠃

ᠣᠢᠷ᠎ᠠ᠎ᠶ᠋ᠢᠨ ᠵᠢᠯ᠎ᠤᠨ ᠲᠤᠷᠰᠢ᠂ ᠮᠠᠨ᠎ᠤ ᠣᠷᠣᠨ ᠣᠲᠣ ᠦᠶ᠎ᠡ᠎ᠶ᠋ᠢᠨ ᠡᠮᠨᠡᠯᠭᠡ᠎ᠶ᠋ᠢᠨ ᠬᠤᠷᠢᠶ᠎ᠠ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠪᠠᠢᠭᠤᠯᠤᠨ ᠪᠦᠷᠢᠨᠱᠢᠭᠦᠯᠬᠦ᠌᠎ᠪᠠᠷ ᠬᠠᠷᠠᠯᠲᠠ ᠪᠣᠯᠭᠠᠵᠤ᠂ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶ᠎ᠠ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠠᠬᠢᠴᠠ ᠪᠠ ᠱᠠᠭᠠᠷᠳᠠᠯᠭ᠎ᠠ᠎ᠶ᠋ᠢ ᠤᠨᠤᠪᠴᠢᠳᠠᠢ ᠡᠵᠡᠮᠳᠡᠨ᠂ ᠲᠥᠰᠦᠯ ᠨᠡᠢᠲᠡᠯᠡᠬᠦ᠂ ᠲᠣᠭ᠍ᠲᠠᠴᠠ᠎ᠶ᠋ᠢ ᠪᠦᠷᠢᠨᠱᠢᠭᠦᠯᠬᠦ᠂ ᠨᠠᠢᠳᠠᠪᠤᠷᠢᠵᠢᠭᠤᠯᠬᠤ᠎ᠶ᠋ᠢ ᠵᠡᠷᠭᠡ᠎ᠪᠠᠷ ᠠᠳᠭᠤᠬᠤ᠎ᠶ᠋ᠢ ᠪᠠᠷᠢᠮᠲᠠᠯᠠᠵᠤ᠂ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶ᠎ᠠ᠎ᠶ᠋ᠢᠨ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ᠎ᠶ᠋ᠢᠨ ᠭᠤᠭ᠍ᠴᠤᠭ᠎ᠠ᠎ᠳᠤ ᠱᠢᠪᠲᠤᠯᠤᠯᠲᠠ ᠭᠠᠷᠭᠠᠵᠦ᠍ ᠱᠢᠨ᠎ᠡ᠎ᠶ᠋ᠢ ᠡᠭᠦᠳᠬᠦ᠌᠎ᠶ᠋ᠢ ᠲᠠᠰᠤᠷᠠᠯᠲᠠ ᠥᠬᠡᠶ ᠠᠬᠢᠭᠤᠯᠪᠠ᠃

ᠦᠨᠳᠦᠰᠦᠨ ᠱᠠᠲᠤᠨ᠎ᠳᠤ ᠠᠩᠬ᠎ᠠ ᠣᠨᠣᠱᠢᠯᠠᠬᠤ᠂ ᠬᠤᠤᠰ ᠴᠢᠭ᠌ᠯᠡᠯ᠎ᠢᠶᠠᠷ ᠱᠢᠯᠵᠢᠭᠦᠯᠦᠨ ᠣᠨᠣᠱᠢᠯᠠᠬᠤ᠂ ᠲᠦᠷᠭᠡᠨ ᠴᠢᠨᠠᠷᠳᠠᠢ ᠪᠤᠶᠤ ᠤᠳᠠᠭᠠᠨ ᠴᠢᠨᠠᠷᠳᠠᠢ ᠡᠪᠡᠳᠴᠢᠨ᠎ᠢ ᠰᠠᠯᠭᠠᠨ ᠵᠠᠰᠠᠬᠤ᠂ ᠳᠡᠭᠡᠳᠦ ᠳᠤᠤᠷᠠᠳᠤ ᠱᠠᠲᠤ ᠬᠠᠮᠲᠤᠷᠠᠨ ᠬᠥᠳᠡᠯᠦᠯᠴᠡᠭ᠌ᠰᠡᠨ ᠱᠠᠲᠤ ᠬᠤᠪᠢᠶᠠᠨ ᠣᠨᠣᠱᠢᠯᠠᠨ ᠡᠮᠨᠡᠬᠦ᠌ ᠲᠦᠷᠢᠮ᠎ᠢ ᠲᠤᠭ᠍ᠳᠠᠭᠠᠬᠤ ᠪᠣᠯ ᠣᠯᠠᠨ ᠲᠦᠮᠡᠨ᠎ᠤ ᠡᠪᠡᠳᠴᠢᠨ ᠦᠵᠡᠭᠦᠯᠬᠦ᠌᠎ᠳᠤ ᠬᠦᠴᠢᠷᠲᠡᠶ᠂ ᠡᠪᠡᠳᠴᠢᠨ ᠦᠵᠡᠭᠦᠯᠬᠦ᠌᠎ᠳᠤ ᠦᠨᠡᠲᠡᠶ ᠪᠠᠢᠬᠤ ᠠᠰᠠᠭᠤᠳᠠᠯ᠎ᠢ ᠱᠢᠢᠳᠪᠦᠷᠢᠯᠡᠬᠦ᠌ ᠴᠢᠬᠤᠯᠠ ᠠᠷᠭ᠎ᠠ ᠬᠡᠮᠵᠢᠶ᠎ᠡ ᠮᠥᠨ᠂ ᠡᠯ᠎ᠡ ᠭᠠᠵᠠᠷ᠎ᠤᠨ᠎ᠬᠢᠨ ᠡᠮᠴᠢᠯᠡᠭᠡᠨ᠎ᠤ ᠬᠤᠯᠪᠣᠭᠠᠲᠤ ᠴᠣᠭ᠍ᠴᠠ᠎ᠶ᠋ᠢ ᠪᠠᠢᠭᠤᠯᠬᠤ ᠪᠠ ᠬᠡᠷ ᠪᠦᠯᠢ᠎ᠶ᠋ᠢᠨ ᠡᠮᠴᠢ᠎ᠶ᠋ᠢᠨ ᠭᠡᠷᠡᠳᠦ ᠦᠢᠯᠡᠴᠢᠯᠡᠭᠡ᠎ᠪᠠᠷ ᠭᠠᠷᠳᠠᠴᠠ ᠪᠣᠯᠭᠠᠵᠤ᠂ ᠱᠠᠲᠤ ᠬᠤᠪᠢᠶᠠᠨ ᠣᠨᠣᠱᠢᠯᠠᠨ ᠡᠮᠨᠡᠬᠦ᠌ ᠱᠢᠰᠲ᠋ᠧᠮ᠎ᠤᠨ ᠪᠠᠢᠭᠤᠯᠤᠯᠲᠠ᠎ᠶ᠋ᠢ ᠢᠳᠡᠪᠬᠢᠲᠡᠶ ᠠᠬᠢᠭᠤᠯᠵᠠᠢ᠃

ᠣᠳᠣᠬᠠᠨ᠎ᠳᠤ ᠪᠥᠬᠦ᠌ ᠣᠷᠣᠨ᠎ᠳᠤ ᠪᠦᠬᠦ᠋ᠢᠯᠡ ᠭᠤᠷᠪᠠᠳᠤᠭᠠᠷ ᠳᠡᠰ᠎ᠤᠨ ᠡᠮᠨᠡᠯᠭᠡ᠎ᠶ᠋ᠢᠨ ᠬᠤᠷᠢᠶ᠎ᠠ᠎ᠶ᠋ᠢ ᠵᠣᠬᠢᠶᠠᠨ ᠪᠠᠢᠭᠤᠯᠵᠤ ᠣᠷᠣᠯᠴᠠᠭᠤᠯᠤᠭ᠍ᠰᠠᠨ᠂ ᠳᠠᠭᠠᠭᠤᠯᠬᠤ ᠦᠢᠯᠡᠳᠦᠯ᠎ᠢ᠎ᠨᠢ ᠪᠠᠳᠠᠷᠠᠭᠤᠯᠤᠭ᠍ᠰᠠᠨ ᠡᠮᠴᠢᠯᠡᠭᠡᠨ᠎ᠤ ᠬᠤᠯᠪᠣᠭᠠᠲᠤ ᠴᠣᠭ᠍ᠴᠠ 177 ᠪᠠᠢᠵᠤ᠂ ᠲᠤᠰᠭᠠᠶ ᠮᠡᠷᠭᠡᠵᠢᠯᠲᠡᠨ᠎ᠤ ᠠᠵᠢᠯᠯᠠᠬᠤ ᠥᠷᠲᠡᠭᠡ᠂ ᠨᠠᠷᠠᠲᠤ ᠡᠮᠴᠢ᠎ᠶ᠋ᠢᠨ ᠠᠵᠢᠯᠯᠠᠬᠤ ᠲᠠᠰᠤᠭ ᠪᠠᠢᠭᠤᠯᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠡᠮᠴᠢ᠎ᠶ᠋ᠢᠨ ᠦᠨᠳᠦᠰᠦᠨ ᠱᠠᠲᠤᠨ᠎ᠤ ᠣᠯᠠᠨ ᠴᠡᠭ᠎ᠲᠤ ᠠᠵᠢᠯ ᠡᠷᠭᠢᠯᠡᠬᠦ᠌᠎ᠶ᠋ᠢ ᠵᠣᠷᠢᠭ᠍ᠵᠢᠭᠤᠯᠵᠤ᠂ ᠴᠢᠨᠠᠷ ᠰᠠᠢᠲᠠᠶ ᠡᠮᠴᠢᠯᠡᠭᠡ᠎ᠶ᠋ᠢ ᠦᠨᠳᠤᠰᠤᠨ ᠱᠠᠳᠤᠨ ᠲᠠᠢᠰᠢ ᠬᠦᠨᠵᠡᠭᠡᠢᠷᠡᠬᠦᠯᠬᠦ᠌᠎ᠶ᠋ᠢ ᠠᠬᠢᠭᠤᠯᠪᠠ᠃

ᠡᠭᠦᠨ᠎ᠤ ᠬᠠᠮᠲᠤ ᠪᠡᠭᠡᠵᠢᠩ ᠬᠤᠲᠠ᠎ᠶ᠋ᠢᠨ 33᠂ ᠥᠪᠡᠷᠲᠡᠭᠡᠨ ᠵᠠᠰᠠᠬᠤ ᠣᠷᠣᠨ᠎ᠤ 16 ᠭᠤᠷᠪᠠᠳᠤᠭᠠᠷ ᠳᠡᠰ᠎ᠤᠨ ᠡᠮᠨᠡᠯᠭᠡ᠎ᠶ᠋ᠢᠨ ᠬᠤᠷᠢᠶ᠎ᠠ᠎ᠶ᠋ᠢ ᠵᠣᠬᠢᠶᠠᠨ ᠪᠠᠢᠭᠤᠯᠵᠤ᠂ 60 ᠬᠤᠱᠢᠭᠤ ᠱᠢᠶᠠᠨ᠎ᠤ ᠱᠠᠲᠤᠨ᠎ᠤ ᠡᠮᠨᠡᠯᠭᠡ᠎ᠶ᠋ᠢᠨ ᠬᠤᠷᠢᠶ᠎ᠠ᠎ᠶ᠋ᠢ ᠬᠠᠪᠰᠤᠷᠤᠨ ᠲᠡᠳᠬᠦᠵᠦ᠍᠂ ᠣᠳᠣᠬᠠᠨ᠎ᠳᠤ ᠨᠢᠭᠡᠨᠲᠡ ᠲᠤᠰᠠᠯᠠᠮᠵᠢ ᠭᠥᠷᠳᠡᠬᠦ᠌ ᠡᠮᠨᠡᠯᠭᠡ᠎ᠶ᠋ᠢᠨ ᠬᠤᠷᠢᠶ᠎ᠠ᠎ᠶ᠋ᠢ ᠬᠠᠪᠰᠤᠷᠤᠨ 130 ᠡᠮᠴᠢᠯᠡᠭᠡᠨ᠎ᠤ ᠲᠤᠰᠭᠠᠶ ᠰᠠᠯᠠᠭ᠎ᠠ᠎ᠶ᠋ᠢ ᠱᠢᠨ᠎ᠡ᠎ᠪᠠᠷ ᠪᠠᠢᠭᠤᠯᠵᠤ᠂ 365 ᠱᠢᠨ᠎ᠡ ᠮᠡᠷᠭᠡᠵᠢᠯ᠂ ᠱᠢᠨ᠎ᠡ ᠲᠥᠷᠥᠯ ᠵᠦᠢᠯ᠎ᠢ ᠥᠷᠨᠢᠭᠦᠯᠪᠡ᠃

《ᠡᠵᠢ ᠡ᠂ ᠡᠨᠡ ᠪᠣᠯ ᠲᠠᠨ᠎ᠤ ᠠᠪᠬᠤ ᠭᠡᠰᠡᠨ ᠴᠢᠰᠤᠨ ᠱᠢᠬᠢᠷ᠎ᠢ ᠪᠠᠭᠤᠷᠠᠭᠤᠯᠬᠤ ᠡᠮ ᠮᠥᠨ᠂ ᠪᠢ ᠳᠠᠭᠠᠤ᠎ᠳᠤᠨᠢ ᠲᠠᠨ᠎ᠤ ᠴᠢᠰᠤᠨ ᠳᠠᠷᠤᠯᠲᠠ᠎ᠶ᠋ᠢ ᠴᠢᠨᠢ ᠬᠡᠮᠵᠢᠵᠦ᠍ ᠥᠭ᠌ᠬᠦᠶ᠎ᠡ》᠃ ᠬᠤᠷᠢᠨᠭᠡᠷ ᠱᠢᠶᠠᠨ᠎ᠤ ᠴᠢᠶᠣᠤ ᠱ᠌ᠢ ᠶᠢᠩ ᠪᠠᠯᠭᠠᠰᠤᠨ᠎ᠤ ᠬᠤᠲᠣᠩᠲᠤ ᠲᠣᠰᠭᠤᠨ᠎ᠳᠤ᠂ ᠲᠣᠰᠭᠤᠨ᠎ᠤ ᠠᠷᠠᠳ᠎ᠤᠨ ᠭᠡᠷ ᠪᠦᠯᠢ᠎ᠶ᠋ᠢᠨ ᠡᠮᠴᠢ ᠪᠣᠯᠤᠭ᠍ᠰᠠᠨ᠎ᠤ ᠬᠤᠪᠢ᠎ᠳᠤ᠂ ᠲᠣᠰᠭᠤᠨ᠎ᠤ ᠡᠮᠴᠢ ᠵᠠᠩ ᠰᠦ᠋ ᠹᠧᠨ ᠦᠷᠭᠦᠯᠵᠢ ᠲᠣᠰᠭᠤᠨ᠎ᠤ ᠠᠷᠠᠳ᠎ᠤᠨ ᠭᠡᠷ᠎ᠲᠤ ᠬᠦᠷᠴᠦ᠍ ᠦᠢᠯᠡᠴᠢᠯᠡᠳᠡᠭ᠃

《ᠣᠳᠣ᠎ᠶ᠋ᠢᠨ ᠲᠥᠷᠥ᠎ᠶ᠋ᠢᠨ ᠪᠣᠳᠣᠯᠭ᠎ᠠ ᠨᠡᠭᠡᠷᠡᠨ ᠰᠠᠢᠨ ᠪᠠᠢᠨ᠎ᠠ᠂ ᠡᠮᠴᠢ ᠭᠡᠷ᠎ᠲᠤ ᠢᠷᠡᠵᠦ᠍ ᠦᠢᠯᠡᠴᠢᠯᠡᠨ᠎ᠡ᠂ ᠶᠠᠷᠤ᠎ᠨᠢ ᠤᠲᠠᠰᠤᠳᠠᠪᠠᠯ ᠭᠡᠷᠡᠭ᠌ᠴᠡᠭᠡ᠎ᠲᠠᠢ ᠡᠮ᠎ᠢ ᠬᠦᠷᠭᠡᠭᠡᠳ ᠢᠷᠡᠴᠢᠭᠡᠨ᠎ᠡ》 ᠭᠡᠵᠦ᠍ 82 ᠨᠠᠰᠤᠲᠠᠶ ᠲᠣᠰᠭᠤᠨ᠎ᠤ ᠠᠷᠠᠳ ᠵᠣᠣ ᠼᠦᠨ ᠮᠤᠤ ᠪᠠᠶᠠᠷ᠎ᠲᠠᠢ ᠬᠡᠯᠡᠨ᠎ᠡ᠃

ᠣᠢᠷ᠎ᠠ᠎ᠶ᠋ᠢᠨ ᠵᠢᠯ᠎ᠤᠨ ᠲᠤᠷᠰᠢ᠂ ᠮᠠᠨ᠎ᠤ ᠣᠷᠣᠨ ᠬᠡᠷ ᠪᠦᠯᠢ᠎ᠶ᠋ᠢᠨ ᠡᠮᠴᠢ᠎ᠶ᠋ᠢᠨ ᠭᠡᠷᠡᠳᠦ ᠦᠢᠯᠡᠴᠢᠯᠡᠭᠡᠨ᠎ᠤ ᠠᠵᠢᠯ᠎ᠢ ᠭᠦᠨᠵᠡᠭᠡᠶ ᠥᠷᠨᠢᠭᠦᠯᠵᠦ᠍᠂ ᠢᠯᠠᠩᠭᠤᠶ᠎ᠠ 《ᠢᠨᠲ᠋ᠧᠷ ᠰᠦᠯᠵᠢᠶ᠎ᠡ + ᠭᠡᠷ᠎ᠡ ᠲᠣᠭ᠍ᠲᠠᠬᠤ》 ᠵᠠᠭ᠍ᠪᠤᠷ᠎ᠢ ᠳᠡᠯᠭᠡᠷᠡᠭᠦᠯᠵᠦ᠍᠂ ᠭᠡᠷ᠎ᠡ ᠲᠣᠭ᠍ᠲᠠᠭ᠍ᠰᠠᠨ ᠰᠠᠭᠤᠭᠠᠯᠢ ᠠᠷᠠᠳ᠎ᠤᠨ ᠬᠡᠷ ᠪᠦᠯᠢ᠎ᠶ᠋ᠢᠨ ᠡᠮᠴᠢ᠎ᠶ᠋ᠢᠨ ᠦᠢᠯᠡᠴᠢᠯᠡᠭᠡ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠵᠠᠢ᠃

 

ᠬᠦᠨᠳᠦ ᠶᠡᠭᠡ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠴᠢᠳᠠᠪᠤᠷᠢ ᠲᠠᠰᠤᠷᠠᠯᠲᠠ ᠦᠭᠡᠢ ᠴᠢᠩᠭᠠᠷᠠᠪᠠ


ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠮᠠᠨ᠎ᠤ ᠣᠷᠣᠨ 《ᠬᠠᠮ ᠡᠷᠡᠭᠦᠯ ᠬᠠᠮᠠᠭᠠᠯᠠᠯ᠂ ᠬᠠᠮ ᠡᠷᠡᠭᠦᠯ ᠮᠡᠨᠳᠦ》 ᠎ᠶ᠋ᠢᠨ ᠣᠢᠯᠠᠭᠠᠭ᠍ᠳᠠᠬᠤᠨ᠎ᠢ ᠪᠠᠲᠤ ᠪᠠᠬᠢ ᠪᠣᠶ ᠪᠣᠯᠭᠠᠵᠦ᠍᠂ 《ᠢᠯᠡᠷᠡᠭᠡᠳᠦᠢ ᠡᠪᠡᠳᠴᠢᠨ᠎ᠢ ᠵᠠᠰᠠᠬᠤ᠎ᠪᠠᠷ ᠭᠤᠤᠯ ᠪᠣᠯᠭᠠᠵᠤ》 ᠪᠠᠢᠭ᠍ᠰᠠᠨ᠎ᠠᠴᠠ 《ᠠᠷᠠᠳ ᠲᠦᠮᠡᠨ᠎ᠤ ᠡᠷᠡᠭᠦᠯ ᠮᠡᠨᠳᠦ᠎ᠪᠠᠷ ᠭᠤᠤᠯ ᠪᠣᠯᠭᠠᠬᠤ》 ᠲᠡᠢᠰᠢ ᠬᠤᠪᠢᠷᠠᠭᠤᠯᠬᠤ᠎ᠶ᠋ᠢ ᠢᠳᠡᠪᠬᠢᠲᠡᠶ ᠠᠬᠢᠭᠤᠯᠵᠤ᠂ ᠬᠦᠴᠦᠨ᠎ᠢᠶᠠᠨ ᠲᠥᠪᠯᠡᠷᠡᠭᠦᠯᠦᠨ ᠵᠠᠷᠢᠮ ᠬᠦᠨᠳᠦ ᠨᠣᠴᠢᠲᠠᠶ ᠬᠠᠯᠳᠠᠪᠤᠷᠢᠲᠤ ᠡᠪᠡᠳᠴᠢᠨ᠎ᠢ ᠠᠷᠢᠯᠭᠠᠬᠤ ᠪᠤᠶᠤ ᠡᠵᠡᠮᠳᠡᠵᠦ᠍᠂ ᠭᠤᠤᠯ ᠪᠣᠯᠬᠤ ᠣᠷᠣᠨ ᠨᠤᠲᠤᠭ᠎ᠤᠨ ᠡᠪᠡᠳᠴᠢᠨ ᠪᠠ ᠠᠵᠢᠯ᠎ᠤᠨ ᠨᠥᠯᠥᠭᠡᠨ᠎ᠤ ᠡᠪᠡᠳᠴᠢᠨ᠎ᠤ ᠬᠤᠤᠷ ᠬᠥᠨᠥᠭᠡᠯ᠂ ᠪᠥᠬᠦ᠌ ᠣᠷᠣᠨ᠎ᠤ ᠬᠥᠬᠡ ᠬᠥᠬᠡᠭ᠌ᠴᠢᠨ ᠤᠯᠠᠭᠠᠨ ᠲᠥᠷᠥᠯ᠎ᠤᠨ ᠬᠠᠯᠳᠠᠪᠤᠷᠢᠲᠤ ᠡᠪᠡᠳᠴᠢᠨ ᠪᠠ ᠰᠦᠷᠢᠶ᠎ᠡ ᠡᠪᠡᠳᠴᠢᠨ᠂ ᠬᠥᠮᠦᠨ᠎ᠤ ᠬᠤᠭᠤᠷᠣᠨᠳᠣᠬᠢ ᠪᠷᠦ᠋ᠼᠧᠯ ᠡᠪᠡᠳᠴᠢᠨ᠎ᠤ ᠬᠢᠵᠢᠭ᠎ᠤᠨ ᠪᠠᠢᠳᠠᠯ᠎ᠢ ᠪᠦᠲᠦᠮᠵᠢᠲᠡᠶ ᠡᠵᠡᠮᠳᠡᠪᠡ᠃

ᠬᠥᠮᠦᠰ ᠨᠢᠳᠤᠨᠤᠨ᠎ᠤ ᠲᠡᠷᠡ ᠬᠦ᠌ ᠲᠦᠮᠡᠨ ᠠᠷᠠᠳ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠲᠠᠢ ᠲᠡᠮᠡᠴᠡᠭ᠌ᠰᠡᠨ ᠰᠠᠯᠬᠢ ᠪᠣᠷᠣᠭᠠᠨᠲᠤ ᠥᠩᠭᠡᠷᠡᠯᠲᠡ᠎ᠶ᠋ᠢ ᠮᠠᠷᠲᠠᠬᠤ ᠦᠭᠡᠢ ᠶᠤᠮ᠃ ᠭᠡᠨᠡᠳᠲᠡ ᠡᠭᠦᠰᠦᠭ᠌ᠰᠡᠨ ᠠᠶᠤᠯ ᠲᠦᠭ᠌ᠰᠢᠭᠦᠷᠢ᠎ᠲᠠᠢ ᠬᠢᠵᠢᠭ᠎ᠤᠨ ᠪᠠᠢᠳᠠᠯ᠎ᠤᠨ ᠡᠮᠦᠨ᠎ᠡ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠶᠤᠯ ᠲᠦᠭ᠌ᠰᠢᠭᠦᠷᠢ᠎ᠠᠴᠠ ᠰᠦᠷᠳᠡᠯ ᠦᠭᠡᠢ᠎ᠪᠠᠷ ᠡᠷᠡᠯᠬᠡᠭ᠌ᠯᠡᠨ ᠲᠡᠮᠡᠴᠡᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭ᠌ᠰᠡᠨ ᠴᠢᠬᠤᠯᠠ ᠶᠡᠭᠡ ᠦᠷ᠎ᠡ ᠪᠦᠲᠦᠭᠡᠯ᠎ᠢ ᠳᠡᠮᠡᠴᠡᠨ ᠣᠯᠵᠠᠢ᠃

2019 ᠣᠨ᠎ᠠᠴᠠ ᠨᠠᠭᠠᠰᠢ᠂ ᠬᠤᠯᠤᠭᠠᠨ᠎ᠠ᠎ᠶ᠋ᠢᠨ ᠬᠢᠵᠢᠭ ᠪᠣᠯᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠪᠠᠷ ᠠᠵᠠ ᠲᠣᠬᠢᠶᠠᠯ ᠪᠣᠯᠭᠠᠵᠤ᠂ ᠮᠠᠨ᠎ᠤ ᠣᠷᠣᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠱᠢᠰᠲ᠋ᠧᠮ ᠪᠣᠯᠤᠨ ᠪᠥᠭᠡᠮ ᠬᠦᠴᠢᠯ᠎ᠤᠨ ᠪᠠᠢᠴᠠᠭᠠᠯᠳᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠪᠥᠬᠦ᠌ ᠲᠠᠯ᠎ᠠ᠎ᠪᠠᠷ ᠴᠢᠩᠭᠠᠳᠭᠠᠪᠠ᠃ 2020 ᠣᠨ᠎ᠤ ᠰᠡᠬᠦᠯᠴᠢ ᠪᠣᠯᠲᠠᠯ᠎ᠠ᠂ ᠪᠥᠬᠦ᠌ ᠣᠷᠣᠨ᠎ᠤ ᠡᠯ᠎ᠡ ᠱᠠᠲᠤᠨ᠎ᠤ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ ᠦᠨᠳᠦᠰᠦᠨ᠎ᠳᠡᠭᠡᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠲᠠᠭᠤ ᠲᠣᠨᠤᠭ᠎ᠤᠨ ᠪᠥᠲᠥᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠳᠤ ᠬᠦᠷᠴᠦ᠍᠂ ᠪᠥᠭᠡᠮ ᠬᠦᠴᠢᠯ᠎ᠤᠨ ᠪᠠᠢᠴᠠᠭᠠᠯᠳᠠ᠎ᠶ᠋ᠢᠨ ᠴᠢᠳᠠᠪᠤᠷᠢ᠎ᠶ᠋ᠢ ᠪᠦᠷᠢᠯᠳᠦᠭᠦᠯᠦᠭ᠌ᠰᠡᠨ ᠪᠠᠢᠭᠤᠯᠤᠮᠵᠢ ᠨᠢᠭᠡᠨᠲᠡ ᠪᠣᠶ ᠪᠥᠬᠦᠶ ᠠᠢᠮᠠᠭ ᠬᠤᠲᠠ ᠪᠣᠯᠤᠨ ᠬᠤᠱᠢᠭᠤ ᠱᠢᠶᠠᠨ ᠲᠣᠭᠤᠷᠢᠭ᠎ᠢ ᠪᠦᠷᠬᠦᠪᠡ᠃ ᠬᠤᠯᠤᠭᠠᠨ᠎ᠠ᠎ᠶ᠋ᠢᠨ ᠬᠢᠵᠢᠭ᠎ᠢ ᠭᠤᠤᠯᠳᠠᠯᠭ᠎ᠠ᠎ᠲᠠᠢ ᠬᠢᠨᠠᠨ ᠪᠠᠢᠴᠠᠭᠠᠬᠤ 57 ᠬᠤᠱᠢᠭᠤ ᠱᠢᠶᠠᠨ᠎ᠳᠤ ᠵᠢᠯᠣᠭᠤᠴᠢ ᠥᠬᠡᠶ ᠨᠢᠰᠭᠡᠯ ᠲᠣᠬᠢᠷᠠᠭᠤᠯᠵᠤ᠂ ᠪᠥᠬᠦ᠌ ᠵᠢᠯ᠎ᠳᠤ ᠬᠤᠯᠤᠭᠠᠨ᠎ᠠ᠎ᠶ᠋ᠢᠨ ᠬᠢᠵᠢᠭ᠎ᠢ ᠬᠡᠭᠡᠷ᠎ᠡ ᠭᠠᠳᠠᠨ᠎ᠠ ᠬᠢᠨᠠᠨ ᠪᠠᠢᠴᠠᠭᠠᠬᠤ ᠨᠥᠬᠦᠴᠡᠯ᠎ᠢ ᠪᠦᠷᠢᠯᠳᠦᠭᠦᠯᠵᠡᠶ᠃

ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠳᠠᠭᠠᠨ ᠴᠢᠨᠠᠷᠲᠠᠶ ᠡᠪᠡᠳᠴᠢᠨ᠎ᠢ ᠶᠡᠷᠦᠩᠬᠡᠢᠯᠡᠨ ᠰᠡᠷᠭᠡᠢᠯᠡᠵᠦ᠍ ᠡᠵᠡᠮᠳᠡᠬᠦ᠌ ᠵᠢᠱ᠌ᠢᠶ᠎ᠡ ᠦᠵᠡᠭᠦᠯᠬᠦ᠌ ᠣᠷᠣᠨ᠎ᠢ ᠪᠥᠷᠬᠦᠭᠦᠯᠬᠦ᠌᠎ᠶ᠋ᠢ ᠪᠡᠶᠡᠯᠡᠭᠦᠯᠵᠦ᠍᠂ ᠨᠡᠢᠭᠡᠮ᠎ᠤᠨ ᠰᠡᠳᠭᠢᠴᠡ᠎ᠶ᠋ᠢᠨ ᠦᠢᠯᠡᠴᠢᠯᠡᠭᠡᠨ᠎ᠤ ᠱᠢᠰᠲ᠋ᠧᠮ᠎ᠤᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠴᠡᠭ᠎ᠢ ᠪᠦᠬᠦ᠌ ᠠᠢᠮᠠᠭ ᠬᠤᠲᠠ᠎ᠳᠤ ᠨᠡᠢᠳᠡᠮ ᠲᠠᠷᠬᠠᠭᠠᠵᠤ᠂ ᠬᠦᠨᠳᠦ ᠨᠣᠴᠢᠲᠠᠶ ᠣᠶᠤᠨ ᠮᠡᠳᠡᠷᠡᠯ᠎ᠤᠨ ᠰᠠᠭᠠᠳ᠎ᠤᠨ ᠦᠢᠯᠡᠴᠢᠯᠡᠭᠡᠨ᠎ᠤ ᠬᠠᠮᠢᠶᠠᠷᠤᠯᠲᠠ᠎ᠶ᠋ᠢᠨ ᠡᠯ᠎ᠡ ᠵᠦᠢᠯ᠎ᠤᠨ ᠭᠦᠢᠴᠡᠳᠭᠡᠯ ᠲᠤᠭ᠎ᠠ᠎ᠶ᠋ᠢ ᠦᠷᠭᠦᠯᠵᠢᠯᠡᠨ ᠪᠥᠬᠦ᠌ ᠤᠯᠤᠰ᠎ᠤᠨ ᠡᠮᠦᠨ᠎ᠡ ᠡᠩᠨᠡᠭᠡᠨ᠎ᠳᠤ ᠪᠠᠢᠯᠭᠠᠬᠤ᠎ᠶ᠋ᠢ ᠪᠠᠷᠢᠮᠳᠠᠯᠠᠭ᠍ᠰᠠᠭᠠᠷ ᠠᠵᠢ᠃

ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠪᠥᠬᠦ᠌ ᠣᠷᠣᠨ᠎ᠤ ᠡᠯ᠎ᠡ ᠭᠠᠵᠠᠷ᠎ᠤᠨ᠎ᠬᠢᠨ ᠤᠯᠤᠰ᠎ᠤᠨ ᠦᠨᠳᠦᠰᠦᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠲᠥᠷᠥᠯ ᠵᠦᠢᠯ᠎ᠢ ᠭᠦᠨᠵᠡᠭᠡᠶ ᠬᠡᠷᠡᠭ᠌ᠵᠢᠭᠦᠯᠵᠦ᠍᠂ ᠦᠨᠳᠦᠰᠦᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠢᠯᠡᠴᠢᠯᠡᠭᠡ ᠪᠥᠬᠦ᠌ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠢ ᠬᠠᠮᠤᠷᠴᠤ᠌᠂ ᠬᠥᠮᠦᠨ ᠳᠤᠮᠳᠠᠴᠢ᠎ᠶ᠋ᠢᠨ ᠦᠢᠯᠡᠴᠢᠯᠡᠭᠡᠨ᠎ᠤ ᠨᠥᠬᠦᠪᠥᠷᠢ᠎ᠶ᠋ᠢᠨ ᠪᠠᠷᠢᠮᠵᠢᠶ᠎ᠠ᠎ᠶ᠋ᠢ 2012 ᠣᠨ᠎ᠳᠤ 25 ᠲᠥᠭᠦᠷᠢᠭ ᠪᠠᠢᠭ᠍ᠰᠠᠨ᠎ᠠᠴᠠ 2020 ᠤᠨ ᠪᠣᠯᠬᠤ᠎ᠳᠤ 74 ᠲᠥᠭᠦᠷᠢᠭ ᠪᠣᠯᠭᠠᠨ ᠳᠡᠭᠡᠭ᠌ᠰᠢᠯᠡᠭᠦᠯᠵᠦ᠍᠂ ᠦᠢᠯᠡᠴᠢᠯᠡᠭᠡᠨ᠎ᠤ ᠲᠥᠷᠥᠯ ᠵᠦᠢᠯ᠎ᠢ 14 ᠲᠥᠷᠥᠯ᠎ᠤᠨ 45 ᠵᠦᠢᠯ ᠪᠣᠯᠭᠠᠨ ᠨᠡᠮᠡᠭ᠌ᠳᠡᠭᠦᠯᠵᠦ᠍᠂ ᠪᠥᠬᠦ᠌ ᠠᠮᠢ ᠨᠠᠰᠤᠨ᠎ᠤ ᠦᠶᠡᠯᠡᠯ᠎ᠤᠨ ᠬᠤᠭᠤᠴᠠᠭᠠᠨ᠎ᠤ ᠡᠷᠡᠭᠦᠯ ᠮᠡᠨᠳᠦ᠎ᠶ᠋ᠢᠨ ᠬᠠᠮᠢᠶᠠᠷᠤᠯᠲᠠ᠎ᠶ᠋ᠢ ᠪᠡᠶᠡᠯᠡᠭᠦᠯᠪᠡ᠃

ᠮᠠᠨ᠎ᠤ ᠣᠷᠣᠨ᠎ᠤ ᠬᠦᠴᠦᠯᠡᠨ ᠪᠠᠢᠭᠤᠯᠤᠭ᠍ᠰᠠᠨ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠢ ᠪᠦᠷᠬᠦᠬᠦᠯᠦᠭ᠌ᠰᠡᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ᠎ᠤᠨ ᠲᠦᠷᠢᠮ᠎ᠨᠢ ᠤᠯᠠᠨ ᠲᠦᠮᠡᠨ᠎ᠤ ᠡᠪᠡᠳᠴᠢᠨ ᠦᠵᠡᠭᠦᠯᠬᠦ᠌ ᠪᠣᠯᠤᠮᠵᠢᠲᠤ ᠴᠢᠨᠠᠷ ᠪᠣᠯᠤᠨ ᠡᠷᠬᠡ ᠲᠡᠭ᠌ᠰᠢ ᠴᠢᠨᠠᠷ᠎ᠢ ᠶᠡᠭᠡ᠎ᠪᠠᠷ ᠳᠡᠭᠡᠭ᠌ᠰᠢᠯᠡᠭᠦᠯᠵᠦ᠍᠂ ᠡᠪᠡᠳᠴᠢᠨ ᠦᠵᠡᠭᠦᠯᠬᠦ᠌᠎ᠳᠤ ᠴᠥᠭᠡᠨ ᠮᠥᠷᠯᠡᠬᠦ᠂ ᠰᠦᠢᠳᠭᠡᠯ ᠲᠤᠱᠢᠶᠠᠬᠤ᠎ᠳᠤ ᠨᠡᠩ ᠳᠥᠭᠦᠮ ᠳᠥᠲᠡ᠂ ᠪᠠᠢᠴᠠᠭᠠᠯᠲᠠ ᠬᠢᠬᠦ᠌᠎ᠳᠤ ᠳᠤᠲᠠᠭᠤ ᠭᠦᠶᠦᠬᠦ᠂ ᠪᠡᠶ᠎ᠡ ᠮᠠᠬᠠᠪᠣᠳ ᠨᠡᠩ ᠡᠷᠡᠭᠦᠯ ᠴᠢᠭᠢᠷᠠᠭ ᠪᠣᠯᠬᠤ ᠠᠷᠠᠳ ᠤᠯᠠᠨ᠎ᠤ ᠬᠦᠰᠡᠯ ᠡᠷᠡᠮᠡᠯᠵᠡᠯ ᠶᠠᠭ ᠰᠠᠢᠬᠠᠨ ᠢᠳᠡᠭ ᠢᠳᠡᠭ᠎ᠢᠶᠠᠷ ᠪᠡᠶᠡᠯᠡᠭ᠌ᠳᠡᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号