ᠡᠷᠬᠡᠪᠰᠢ ᠳᠤᠮᠳᠠᠳᠤ ᠤᠯᠤᠰ᠎ᠤᠨ ᠤᠨᠴᠠᠯᠢᠭ ᠎ᠲᠠᠢ ᠨᠡᠢᠭᠡᠮ ᠵᠢᠷᠦᠮ᠎ᠢ ᠪᠠᠷᠢᠮᠳᠠᠯᠠᠨ ᠬᠦᠭ᠌ᠵᠢᠭᠦᠯᠬᠦ᠌ ᠬᠡᠷᠡᠭ᠌ᠲᠡᠢ ​
2021-08-02 17:44:26
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠭᠡᠭᠡᠬᠦ᠌᠎ᠳᠤ᠂ ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠬᠡᠷᠡᠭ᠌ᠲᠡᠢ᠃ ᠥᠪᠡᠷ᠎ᠤᠨ ᠵᠠᠮ᠎ᠢᠶᠠᠷ᠎ᠢᠶᠠᠨ ᠵᠠᠮᠨᠠᠬᠤ ᠪᠣᠯ ᠨᠠᠮ᠎ᠤᠨ ᠪᠦᠬᠦ᠌ ᠤᠨᠤᠯ ᠪᠠ ᠦᠢᠯᠡᠳᠦᠯᠭᠡ᠎ᠶ᠋ᠢᠨ ᠵᠣᠭ᠍ᠰᠣᠴᠠ ᠮᠥᠨ᠂ ᠨᠡᠩ ᠴᠤ᠌ ᠨᠠᠮ᠎ᠤᠨ ᠵᠠᠭᠤᠨ ᠵᠢᠯ᠎ᠤᠨ ᠲᠡᠮᠡᠴᠡᠯ᠎ᠢᠶᠠᠷ ᠳᠠᠮᠵᠢᠨ ᠣᠯᠤᠭ᠍ᠰᠠᠨ ᠲᠡᠦᠬᠡᠨ ᠳ᠋ᠦᠩᠨᠡᠯᠲᠡ ᠮᠥᠨ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠪᠣᠯ ᠨᠠᠮ ᠪᠠ ᠠᠷᠠᠳ ᠲᠦᠮᠡᠨ᠎ᠤ ᠲᠦᠮᠡᠨ ᠪᠡᠷᠬᠡ ᠮᠢᠩᠭᠠᠨ ᠵᠣᠪᠠᠭᠤᠷᠢ᠎ᠶ᠋ᠢ ᠲᠤᠭᠤᠯᠵᠤ᠂ ᠯᠤᠲᠤ ᠶᠡᠭᠡ ᠦᠷᠡᠭ᠌ᠳᠡᠯ ᠭᠠᠷᠭᠠᠵᠤ ᠪᠠᠢᠭᠠᠳ ᠣᠯᠤᠭ᠍ᠰᠠᠨ ᠦᠨᠳᠦᠰᠦᠨ ᠠᠮᠵᠢᠯᠲᠠ ᠪᠦᠲᠦᠮᠵᠢ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠥᠪ ᠵᠠᠮ ᠮᠥᠨ᠃ ᠪᠢᠳᠡ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠵᠠᠮ᠎ᠢ ᠨᠡᠬᠡᠭᠡᠵᠦ᠍᠂ ᠬᠥᠮᠦᠨ ᠲᠥᠷᠥᠯᠬᠢᠲᠡᠨ᠎ᠤ ᠪᠣᠯᠪᠠᠰᠤᠨ᠎ᠤ ᠱᠢᠨ᠎ᠡ ᠬᠡᠯᠪᠡᠷᠢ ᠪᠠᠢᠳᠠᠯ᠎ᠢ ᠪᠤᠢ ᠪᠤᠯᠭᠠᠵᠠᠢ᠃ 

ᠳᠤᠮᠳᠠᠳᠤ᠎ᠶ᠋ᠢᠨ ᠦᠨᠳᠦᠰᠦᠲᠡᠨ᠎ᠳᠤ 5000 ᠭᠠᠷᠤᠢ ᠵᠢᠯ᠎ᠤᠨ ᠲᠡᠦᠬᠡ᠎ᠶ᠋ᠢᠨ ᠤᠯᠠᠷᠢᠯ ᠬᠤᠪᠢᠰᠤᠯ᠎ᠤᠨ ᠳᠤᠮᠳᠠ ᠪᠦᠷᠢᠯᠳᠦᠭ᠌ᠰᠡᠨ ᠭᠡᠷᠡᠯ ᠰᠠᠴᠤᠷᠠᠩᠭᠤᠢ ᠪᠣᠯᠪᠠᠰᠤᠨ᠎ᠲᠠᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠵᠠᠭᠤᠨ ᠵᠢᠯ᠎ᠤᠨ ᠲᠡᠮᠡᠴᠡᠯ᠎ᠤᠨ ᠦᠢᠯᠡᠳᠦᠯᠭᠡ ᠪᠣᠯᠤᠨ 70 ᠭᠠᠷᠤᠢ ᠵᠢᠯ᠎ᠤᠨ ᠲᠦᠷᠦ᠍ ᠪᠠᠷᠢᠵᠤ ᠤᠯᠤᠰ᠎ᠢᠶᠠᠨ ᠮᠠᠨᠳᠤᠭᠤᠯᠤᠭ᠍ᠰᠠᠠ ᠲᠤᠷᠱᠢᠯᠭ᠎ᠠ᠎ᠲᠠᠢ ᠶᠤᠮ᠂ ᠪᠢᠳᠡ ᠬᠥᠮᠦᠨ ᠲᠥᠷᠥᠯᠬᠢᠲᠡᠨ᠎ᠤ ᠪᠣᠯᠪᠠᠰᠤᠨ᠎ᠤ ᠠᠱᠢᠭ᠍ᠲᠠᠢ ᠦᠷ᠎ᠡ ᠪᠦᠲᠦᠭᠡᠯ ᠪᠦᠬᠦᠨ᠎ᠢ ᠢᠳᠡᠪᠬᠢᠲᠡᠢ ᠰᠤᠷᠤᠯᠴᠠᠨ ᠲᠡᠭᠦᠨ᠎ᠢᠶᠠᠷ ᠲᠤᠯᠢ ᠪᠣᠯᠭᠠᠵᠤ᠂ ᠠᠱᠢᠭ᠍ᠲᠠᠢ ᠰᠠᠨᠠᠭᠤᠯᠭ᠎ᠠ ᠪᠠ ᠰᠠᠢᠨ ᠰᠠᠨᠠᠭᠠᠨ᠎ᠤ ᠱᠢᠭᠦᠮᠵᠢᠯᠡᠯ ᠪᠦᠬᠦᠨ᠎ᠢ ᠪᠠᠶᠠᠷᠯᠠᠨ ᠤᠭ᠍ᠲᠤᠨ᠎ᠠ᠂ ᠭᠡᠪᠡᠴᠦ᠍ ᠪᠢᠳᠡ ᠶᠠᠭᠠᠬᠢᠭ᠍ᠰᠠᠨ ᠴᠤ᠌ 《ᠪᠠᠭ᠍ᠰᠢᠳᠠᠨ》 ᠎ᠢᠶᠠᠷ ᠠᠪᠤᠷᠢᠯᠠᠨ ᠵᠢᠭᠠᠵᠤ ᠲᠤᠬᠢᠬᠤ ᠰᠤᠷᠭᠠᠯ᠎ᠢ ᠤᠭ᠍ᠲᠤ ᠬᠦᠯᠢᠶᠡᠬᠦ᠌ ᠦᠭᠡᠢ! ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ ᠥᠪᠡᠷ᠎ᠤᠨ ᠰᠣᠩᠭᠤᠭ᠍ᠰᠠᠨ ᠵᠠᠮ᠎ᠢᠶᠠᠷ᠎ᠢᠶᠠᠨ ᠴᠡᠭᠡᠵᠢ ᠲᠡᠨᠢᠨ ᠲᠤᠮᠤ ᠠᠯᠬᠤᠮ᠎ᠢᠶᠠᠷ ᠤᠷᠤᠭ᠍ᠰᠢᠯᠠᠵᠤ᠂ ᠳᠤᠮᠳᠠᠳᠤ ᠤᠯᠤᠰ᠎ᠤᠨ ᠬᠥᠭ᠌ᠵᠢᠯᠲᠡ ᠲᠠᠪᠱᠢᠯᠳᠠ᠎ᠶ᠋ᠢᠨ ᠬᠤᠪᠢ ᠵᠠᠶᠠᠭ᠎ᠠ᠎ᠶ᠋ᠢ ᠥᠪᠡᠷ᠎ᠤᠨ ᠭᠠᠷ᠎ᠲᠠᠭᠠᠨ ᠪᠠᠲᠤ ᠡᠵᠡᠮᠳᠡᠨ᠎ᠠ! 

— ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ  ᠬᠤᠷᠠᠯ ᠳᠡᠭᠡᠷᠡᠬᠢ ᠶᠠᠷᠢᠶ᠎ᠠ᠎ᠠᠴᠠ

 

 

 

 

 



4063677_lity_1627546186985_m.jpg

 

ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠪᠣᠯ ᠨᠠᠮ ᠪᠠ ᠠᠷᠠᠳ ᠲᠦᠮᠡᠨ᠎ᠤ ᠲᠦᠮᠡᠨ ᠪᠡᠷᠬᠡ ᠮᠢᠩᠭᠠᠨ ᠵᠣᠪᠠᠭᠤᠷᠢ᠎ᠶ᠋ᠢ ᠲᠤᠭᠤᠯᠵᠤ᠂ ᠯᠤᠲᠤ ᠶᠡᠭᠡ ᠦᠷᠡᠭ᠌ᠳᠡᠯ ᠭᠠᠷᠭᠠᠵᠤ ᠪᠠᠢᠭᠠᠳ ᠣᠯᠤᠭ᠍ᠰᠠᠨ ᠦᠨᠳᠦᠰᠦᠨ ᠠᠮᠵᠢᠯᠲᠠ ᠪᠦᠲᠦᠮᠵᠢ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠥᠪ ᠵᠠᠮ ᠮᠥᠨ᠃

 

 

【 ᠲᠤᠰᠭᠠᠶ ᠮᠡᠷᠭᠡᠵᠢᠯᠲᠡᠨ᠎ᠤ ᠲᠠᠢᠯᠤᠮᠵᠢ 】

 

ᠱᠢᠨ᠎ᠡ ᠠᠶᠠᠨ᠎ᠳᠤ ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠲᠡᠢ

                              ᠮᠧᠩ ᠬᠤᠶ ᠮᠢᠨ


ᠶᠡᠷᠦᠩᠬᠡᠢ ᠱᠦᠵᠢ ᠰᠢ᠎ᠶ᠋ᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠄ 《ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠪᠣᠯ ᠨᠠᠮ ᠪᠠ ᠠᠷᠠᠳ ᠲᠦᠮᠡᠨ᠎ᠤ ᠲᠦᠮᠡᠨ ᠪᠡᠷᠬᠡ ᠮᠢᠩᠭᠠᠨ ᠵᠣᠪᠠᠭᠤᠷᠢ᠎ᠶ᠋ᠢ ᠲᠤᠭᠤᠯᠵᠤ᠂ ᠯᠤᠲᠤ ᠶᠡᠭᠡ ᠦᠷᠡᠭ᠌ᠳᠡᠯ ᠭᠠᠷᠭᠠᠵᠤ ᠪᠠᠢᠭᠠᠳ ᠣᠯᠤᠭ᠍ᠰᠠᠨ ᠦᠨᠳᠦᠰᠦᠨ ᠠᠮᠵᠢᠯᠲᠠ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠥᠪ ᠵᠠᠮ ᠮᠥᠨ》 ᠭᠡᠵᠦ᠍ ᠵᠢᠭᠠᠵᠤ ᠭᠠᠷᠭᠠᠪᠠ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡᠨ ᠲᠤᠷᠱᠢᠯᠭ᠎ᠠ᠎ᠶ᠋ᠢ ᠭᠦᠨᠵᠡᠭᠡᠢ ᠳ᠋ᠦᠩᠨᠡᠭᠡᠳ ᠣᠯᠤᠭ᠍ᠰᠠᠨ ᠵᠥᠪ ᠳ᠋ᠦᠩᠨᠡᠯᠲᠡ ᠮᠥᠨ᠂ ᠤᠯᠤᠰ ᠣᠷᠣᠨ᠎ᠤ ᠲᠤᠰᠠᠭᠠᠷ ᠲᠣᠭ᠍ᠲᠠᠨᠢᠯ᠂ ᠦᠨᠳᠦᠰᠦᠲᠡᠨ᠎ᠤ ᠪᠠᠶᠠᠨ ᠬᠦᠴᠦᠷᠬᠡᠭ᠂ ᠠᠷᠠᠳ ᠲᠦᠮᠡᠨ᠎ᠤ ᠪᠠᠶᠠᠨ ᠴᠢᠨᠡᠭᠡᠯᠢᠭ᠎ᠢ ᠪᠡᠶᠡᠯᠡᠭᠦᠯᠬᠦ᠌ ᠦᠢᠯᠡᠳᠦᠯᠭᠡ᠎ᠶ᠋ᠢᠨ ᠦᠨᠡᠨ ᠶᠣᠰᠣ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠵᠠᠢᠯᠠᠰᠢ ᠦᠭᠡᠢ ᠵᠠᠮᠨᠠᠬᠤ ᠵᠠᠮ ᠮᠥᠨ᠃ 

ᠭᠠᠭ᠍ᠴᠠ ᠬᠦ᠌ ᠨᠡᠢᠭᠡᠮ ᠵᠢᠷᠤᠮ ᠰᠠᠶᠢ ᠳᠤᠮᠳᠠᠳᠤ ᠤᠯᠤᠰ᠎ᠢ ᠠᠪᠤᠷᠠᠵᠤ ᠴᠢᠳᠠᠨ᠎ᠠ᠃ ᠣᠷᠴᠢᠨ ᠦᠶ᠎ᠡ᠎ᠳᠤ ᠦᠨᠳᠦᠰᠦᠲᠡᠨ᠎ᠢᠶᠠᠨ ᠮᠥᠬᠦᠯ᠎ᠤᠨ ᠠᠶᠤᠯ᠎ᠠᠴᠠ ᠠᠪᠤᠷᠠᠵᠤ᠂ ᠤᠯᠤᠰ ᠣᠷᠣᠨ᠎ᠢᠶᠠᠨ ᠬᠥᠭ᠌ᠵᠢᠭᠦᠯᠦᠨ ᠮᠠᠨᠳᠤᠭᠤᠯᠬᠤ᠎ᠶ᠋ᠢᠨ ᠲᠥᠯᠥᠭᠡ ᠲᠤᠭ᠎ᠠ ᠲᠣᠮᠰᠢ ᠦᠭᠡᠢ ᠴᠢᠬᠡᠴᠢ ᠵᠢᠷᠤᠮᠲᠠᠨ ᠴᠥᠬᠦᠷᠡᠰᠢ ᠦᠭᠡᠢ ᠬᠠᠢᠨ ᠰᠦᠪᠡᠭ᠌ᠴᠢᠯᠡᠯᠳᠡ ᠬᠢᠵᠦ᠍᠂ ᠡᠯ᠎ᠡ ᠵᠦᠢᠯ᠎ᠤᠨ ᠦᠵᠡᠯ ᠰᠠᠨᠠᠭᠠᠨ᠎ᠤ ᠤᠷᠤᠰᠭᠠᠯ᠂ ᠦᠵᠡᠯ᠂ ᠬᠤᠪᠢᠰᠭᠠᠯ᠂ ᠬᠥᠳᠡᠯᠭᠡᠭᠡᠨ᠎ᠢ ᠲᠤᠷᠱᠢᠭ᠍ᠰᠠᠨ ᠪᠣᠯᠪᠠᠴᠤ᠌ ᠴᠥᠮ ᠢᠯᠠᠬ᠍ᠳᠠᠵᠠᠢ᠃ ᠡᠨᠡ ᠦᠶᠡᠰ᠎ᠲᠤ ᠤᠷᠤᠰ᠎ᠤᠨ ᠠᠷᠪᠠᠨ ᠰᠠᠷ᠎ᠠ᠎ᠶ᠋ᠢᠨ ᠬᠤᠪᠢᠰᠭᠠᠯ ᠪᠢᠳᠡᠨ᠎ᠳᠤ ᠮᠠᠷᠺᠰ᠎ᠤᠨ ᠦᠵᠡᠯ᠎ᠢ ᠠᠪᠴᠢᠷᠠᠵᠤ ᠥᠭ᠌ᠪᠡ᠃ ᠲᠡᠷᠢᠭᠦᠨ᠎ᠤ ᠦᠵᠡᠯ ᠰᠠᠨᠠᠭ᠎ᠠ᠎ᠨᠢ ᠲᠡᠷᠢᠭᠦᠨ᠎ᠤ ᠲᠦᠷᠦ᠎ᠶ᠋ᠢᠨ ᠨᠠᠮ᠂ ᠲᠡᠷᠢᠭᠦᠨ᠎ᠤ ᠤᠨᠤᠯ᠂ ᠲᠡᠷᠢᠭᠦᠨ᠎ᠤ ᠵᠠᠮ᠎ᠢ ᠪᠤᠢ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠲᠡᠦᠬᠡ᠎ᠶ᠋ᠢᠨ ᠲᠠᠪᠴᠠᠩ᠎ᠳᠤ ᠭᠠᠷᠴᠤ᠌᠂ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ 《ᠭᠤᠷᠪᠠᠨ ᠶᠡᠭᠡ ᠠᠭᠤᠯᠠ》 ᠎ᠶ᠋ᠢ ᠲᠦᠯᠬᠢᠨ ᠤᠨᠠᠭᠠᠵᠤ᠂ ᠨᠡᠢᠭᠡᠮ ᠵᠢᠷᠤᠮᠲᠤ ᠱᠢᠨ᠎ᠡ ᠳᠤᠮᠳᠠᠳᠤ ᠤᠯᠤᠰ᠎ᠢ ᠪᠠᠢᠭᠤᠯᠤᠨ᠂ ᠨᠡᠢᠭᠡᠮ ᠵᠢᠷᠤᠮ᠎ᠤᠨ ᠥᠭᠡᠷᠡᠴᠢᠯᠡᠯᠲᠡ ᠬᠢᠵᠦ᠍᠂ ᠨᠡᠢᠭᠡᠮ ᠵᠢᠷᠤᠮ᠎ᠤᠨ ᠦᠨᠳᠦᠰᠦᠨ ᠪᠠᠢᠭᠤᠯᠤᠯ᠎ᠢ ᠲᠣᠭ᠍ᠲᠠᠭᠠᠵᠤ᠂ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ ᠠᠭᠤᠤ ᠶᠡᠭᠡ ᠦᠰᠦᠷᠦᠯᠲᠡ᠎ᠶ᠋ᠢ ᠪᠡᠶᠡᠯᠡᠭᠦᠯᠪᠡ᠃ 

ᠭᠠᠭ᠍ᠴᠠ ᠬᠦ᠌ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠰᠠᠶᠢ ᠳᠤᠮᠳᠠᠳᠤ ᠤᠯᠤᠰ᠎ᠢ ᠬᠥᠭ᠌ᠵᠢᠭᠦᠯᠵᠦ᠍ ᠴᠢᠳᠠᠨ᠎ᠠ᠃ ᠳ᠋ᠧᠩ ᠱᠢᠶᠤᠤ ᠫᠢᠩ ᠨᠥᠬᠦᠷ᠄ 《ᠶᠠᠳᠠᠭᠤ ᠬᠤᠭᠤᠰᠣᠨ ᠪᠠᠢᠬᠤ᠎ᠨᠢ ᠨᠡᠢᠭᠡᠮ ᠵᠢᠷᠤᠮ ᠪᠢᠰᠢ᠂ ᠬᠥᠭ᠌ᠵᠢᠯᠲᠡ ᠳᠡᠩᠳᠡᠭᠦᠦ ᠤᠳᠠᠭᠠᠨ ᠪᠠᠢᠬᠤ᠎ᠨᠢ ᠴᠦ᠍ ᠨᠡᠢᠭᠡᠮ ᠵᠢᠷᠤᠮ ᠪᠢᠰᠢ》 ᠭᠡᠵᠦ᠍ ᠵᠢᠭᠠᠵᠤ ᠭᠠᠷᠭᠠᠪᠠ᠃ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠭᠦᠳᠡ ᠬᠤᠷᠠᠯ ᠳᠡᠭᠡᠷ᠎ᠡ᠂ ᠪᠦᠬᠦ᠌ ᠨᠠᠮ᠎ᠤᠨ ᠠᠵᠢᠯ᠎ᠤᠨ ᠭᠤᠣᠯᠳᠠᠯᠭ᠎ᠠ᠎ᠶ᠋ᠢ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ ᠳᠡᠭᠡᠷ᠎ᠡ ᠱᠢᠯᠵᠢᠭᠦᠯᠬᠦ᠌ ᠪᠠᠢᠯᠳᠤᠬᠤ ᠪᠤᠳᠤᠯᠭ᠎ᠠ᠎ᠶ᠋ᠢᠨ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ᠎ᠶ᠋ᠢᠨ ᠠᠭᠤᠤ ᠶᠡᠭᠡ ᠠᠶᠠᠨ᠎ᠢᠶᠠᠨ ᠡᠬᠢᠯᠡᠭᠦᠯᠪᠡ᠃ 《ᠬᠥᠳᠡᠭᠡ ᠲᠣᠰᠭᠤᠨ᠎ᠤ ᠬᠤᠷᠢᠶᠠᠯᠲᠠ᠎ᠲᠠᠢ᠎ᠨᠢ ᠬᠤᠯᠪᠣᠵᠤ ᠡᠷᠦᠬᠡ᠎ᠳᠤ ᠳᠠᠭᠠᠭᠠᠴᠢᠯᠠᠭᠤᠯᠬᠤ ᠬᠠᠷᠢᠭᠤᠴᠠᠯᠭ᠎ᠠ᠎ᠶ᠋ᠢᠨ ᠳᠦᠷᠢᠮ》 ᠎ᠠᠴᠠ 《ᠠᠵᠤ ᠠᠬᠤᠢ᠎ᠶ᠋ᠢᠨ ᠣᠨᠴᠠᠭᠠᠢ ᠣᠷᠣᠨ᠎ᠢ ᠪᠠᠢᠭᠤᠯᠬᠤ》 ᠬᠦᠷᠲᠡᠯ᠎ᠡ᠂ 《ᠤᠯᠤᠰ᠎ᠤᠨ ᠡᠭᠦᠳᠡ᠎ᠪᠠᠨ ᠨᠡᠭᠡᠭᠡᠬᠦ᠌》 ᠎ᠠᠴᠠ 《ᠪᠦᠬᠦ᠌ ᠲᠠᠯ᠎ᠠ᠎ᠪᠠᠷ ᠨᠡᠭᠡᠭᠡᠯᠲᠡ ᠬᠢᠬᠦ᠌》 ᠬᠦᠷᠲᠡᠯ᠎ᠡ᠂ 《ᠨᠢᠭᠡ ᠪᠦᠯᠦᠭ ᠬᠦᠮᠦᠨ ᠤᠷᠢᠳ᠎ᠢᠶᠠᠷ ᠪᠠᠶᠠᠵᠢᠬᠤ᠎ᠶ᠋ᠢ ᠵᠥᠪᠱᠢᠶᠡᠷᠡᠬᠦ᠌》 ᠎ᠠᠴᠠ 《ᠪᠦᠬᠦ᠌ ᠲᠠᠯ᠎ᠠ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ》 ᠬᠦᠷᠲᠡᠯ᠎ᠡ᠂ 《ᠳᠡᠯᠡᠬᠡᠢ᠎ᠶ᠋ᠢᠨ ᠪᠦᠮᠪᠦᠷᠴᠡᠭ᠎ᠤᠨ ᠬᠠᠷᠢᠶ᠎ᠠ᠎ᠠᠴᠠ ᠬᠥᠭᠡᠭᠡᠭ᠌ᠳᠡᠬᠦ᠌ ᠠᠶᠤᠯ᠎ᠲᠠᠢ》 ᠤᠯᠤᠰ᠎ᠠᠴᠠ 《ᠳᠡᠯᠡᠬᠡᠢ᠎ᠶ᠋ᠢᠨ ᠬᠤᠶᠠᠳᠤᠭᠠᠷ ᠶᠡᠭᠡ ᠠᠵᠤ ᠠᠬᠤᠢ᠎ᠶ᠋ᠢᠨ ᠴᠣᠭ᠍ᠴᠠ》 ᠪᠤᠯᠤᠭ᠍ᠰᠠᠨ ᠬᠦᠷᠲᠡᠯ᠎ᠡ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠎ᠨᠢ ᠲᠡᠦᠬᠡ᠎ᠶ᠋ᠢᠨ ᠱᠢᠯᠭᠠᠯᠲᠠ᠎ᠶ᠋ᠢ ᠥᠩᠭᠡᠷᠡᠭᠦᠯᠦᠭ᠌ᠰᠡᠨ 《ᠵᠥᠪ ᠵᠠᠮ》᠂ 《ᠤᠯᠤᠰ᠎ᠢᠶᠠᠨ ᠬᠦᠴᠦᠷᠬᠡᠭ᠌ᠵᠢᠭᠦᠯᠬᠦ᠌ ᠵᠠᠮ》᠂ 《ᠠᠷᠠᠳ᠎ᠢ ᠪᠠᠶᠠᠵᠢᠭᠤᠯᠬᠤ ᠵᠠᠮ》 ᠪᠤᠯᠵᠤ᠂ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ᠎ᠠᠴᠠ᠎ᠪᠠᠨ ᠪᠠᠶᠠᠵᠢᠭ᠍ᠰᠠᠨ ᠠᠭᠤᠤ ᠶᠡᠭᠡ ᠦᠰᠦᠷᠦᠯᠲᠡ᠎ᠶ᠋ᠢ ᠪᠡᠶᠡᠯᠡᠭᠦᠯᠪᠡ᠃ 

ᠭᠠᠭ᠍ᠴᠠ ᠬᠦ᠌ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠪᠡᠯ ᠰᠠᠶᠢ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠵᠦ᠍ ᠴᠢᠳᠠᠨ᠎ᠠ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ  ᠬᠤᠷᠢᠶ᠎ᠠ 《ᠱᠢᠨ᠎ᠡ ᠴᠠᠭ ᠦᠶ᠎ᠡ᠎ᠳᠤ ᠶᠠᠮᠠᠷ ᠶᠠᠩᠵᠤ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠬᠡᠷᠬᠢᠨ ᠪᠠᠷᠢᠮᠲᠠᠯᠠᠨ ᠬᠥᠭ᠌ᠵᠢᠭᠦᠯᠬᠦ᠌》 ᠡᠨᠡ ᠬᠦ᠌ ᠴᠢᠬᠤᠯᠠ ᠶᠡᠭᠡ ᠴᠠᠭ ᠦᠶ᠎ᠡ᠎ᠶ᠋ᠢᠨ ᠰᠡᠳᠦᠪ᠎ᠲᠤ ᠭᠦᠨᠵᠡᠭᠡᠢ ᠬᠠᠷᠢᠭᠤᠯᠲᠠ ᠥᠭ᠌ᠴᠦ᠂ ᠨᠠᠮ ᠪᠠ ᠤᠯᠤᠰ᠎ᠤᠨ ᠠᠵᠢᠯ ᠦᠢᠯᠡᠰ᠎ᠲᠤ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠌᠂ ᠲᠡᠦᠬᠡᠲᠦ ᠴᠢᠨᠠᠷᠲᠠᠢ ᠠᠮᠵᠢᠯᠲᠠ ᠣᠯᠬᠤ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠱᠢᠨ᠎ᠡ ᠴᠠᠭ ᠦᠶ᠎ᠡ᠎ᠳᠤ ᠣᠷᠣᠪᠠ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠤᠳᠣᠯᠭ᠎ᠠ ᠳᠤᠤᠷ᠎ᠠ᠂ ᠮᠠᠨ᠎ᠤ ᠨᠠᠮ ᠥᠷᠭᠡᠨ ᠤᠯᠠᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ 《ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ》 ᠪᠣᠯᠤᠨ 《ᠳᠡᠯᠡᠬᠡᠢ ᠳ᠋ᠠᠬᠢᠨ᠎ᠤ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ》 ᠎ᠶ᠋ᠢᠨ ᠪᠠᠢᠳᠠᠯ᠎ᠢ ᠣᠨᠣᠪᠴᠢᠲᠠᠢ ᠵᠠᠳᠠᠯᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ᠎ᠢ ᠡᠬᠢᠯᠡᠭᠦᠯᠵᠦ᠍᠂ ᠳᠡᠯᠡᠬᠡᠶ ᠳ᠋ᠠᠬᠢᠨ᠎ᠳᠤ ᠳᠤᠮᠳᠠᠳᠤ ᠤᠯᠤᠰ᠎ᠤᠨ ᠳᠠᠪᠠᠭᠤᠯᠢᠭ᠂ ᠳᠤᠮᠳᠠᠳᠤ ᠤᠯᠤᠰ᠎ᠤᠨ ᠬᠦᠴᠦᠨ᠂ ᠳᠤᠮᠳᠠᠳᠤ ᠤᠯᠤᠰ᠎ᠤᠨ ᠢᠲᠡᠭᠡᠯ᠎ᠢ ᠬᠠᠷᠠᠭᠤᠯᠤᠨ᠂ ᠳᠤᠮᠳᠠᠳᠤ᠎ᠶ᠋ᠢᠨ ᠦᠨᠳᠦᠰᠦᠲᠡᠨ ᠪᠠᠶᠠᠵᠢᠭ᠍ᠰᠠᠨ᠎ᠠᠴᠠ᠎ᠪᠠᠨ ᠬᠦᠴᠦᠷᠬᠡᠭ᠌ᠵᠢᠭ᠌ᠰᠡᠨ ᠠᠭᠤᠤ ᠶᠡᠭᠡ ᠦᠰᠦᠷᠦᠯᠲᠡ᠎ᠶ᠋ᠢ ᠤᠭ᠍ᠲᠤᠨ ᠠᠪᠴᠢᠷᠠᠪᠠ᠃ 

ᠶᠡᠷᠦᠩᠬᠡᠢ ᠱᠦᠵᠢ ᠰᠢ᠎ᠶ᠋ᠢᠨ ᠫᠢᠩ᠄ 《ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠪᠣᠯ ᠨᠡᠢᠭᠡᠮ ᠵᠢᠷᠤᠮ ᠪᠣᠯᠬᠤ᠎ᠠᠴᠠ ᠪᠢᠰᠢ ᠪᠤᠰᠤᠳ ᠶᠠᠮᠠᠷ ᠨᠢᠭᠡᠨ ᠦᠵᠡᠯ ᠪᠢᠰᠢ ᠶᠤᠮ᠃ ᠱᠢᠨᠵᠢᠯᠡᠬᠦ᠌ ᠤᠬᠠᠭᠠᠨᠴᠢ ᠨᠡᠢᠭᠡᠮ ᠵᠢᠷᠤᠮ᠎ᠤᠨ ᠦᠨᠳᠦᠰᠦᠨ ᠵᠠᠷᠴᠢᠮ᠎ᠢ ᠬᠠᠶᠠᠵᠤ ᠪᠣᠯᠬᠤ ᠦᠭᠡᠢ᠂ ᠬᠠᠶᠠᠪᠠᠯ ᠨᠡᠢᠭᠡᠮ ᠵᠢᠷᠤᠮ ᠪᠢᠰᠢ ᠪᠣᠯᠤᠨ᠎ᠠ》 ᠭᠡᠵᠦ᠍ ᠵᠢᠭᠠᠵᠤ ᠭᠠᠷᠭᠠᠪᠠ᠃ ᠪᠢᠳᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠎ᠤᠨ ᠬᠥᠭ᠌ᠵᠢᠯᠲᠡ᠎ᠶ᠋ᠢᠨ ᠶᠠᠪᠤᠴᠠ᠎ᠳᠤ ᠱᠢᠨᠵᠢᠯᠡᠬᠦ᠌ ᠤᠬᠠᠭᠠᠨᠴᠢ ᠨᠡᠢᠭᠡᠮ ᠵᠢᠷᠤᠮ᠎ᠤᠨ ᠵᠠᠷᠴᠢᠮ᠎ᠢ ᠢᠮᠠᠭ᠍ᠲᠠ ᠪᠠᠷᠢᠮᠲᠠᠯᠠᠭ᠍ᠰᠠᠨ ᠶᠤᠮ᠂ ᠡᠨᠡ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠤᠨᠤᠯ᠎ᠤᠨ ᠦᠨᠳᠦᠰᠦ ᠰᠤᠷᠪᠤᠯᠵᠢ ᠮᠥᠨ᠃ 

ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠤᠨᠤᠯ ᠪᠤᠯ ᠳᠤᠮᠳᠠᠳᠤ ᠤᠯᠤᠰ᠎ᠤᠨ ᠤᠯᠠᠮᠵᠢᠯᠠᠯᠲᠤ ᠰᠣᠶᠣᠯ᠎ᠳᠤ ᠦᠨᠳᠦᠰᠦᠯᠡᠭ᠌ᠰᠡᠨ ᠶᠤᠮ᠃ ᠶᠡᠷᠦᠩᠬᠡᠢ ᠱᠦᠵᠢ ᠰᠢ᠎ᠶ᠋ᠢᠨ ᠫᠢᠩ᠂ ᠪᠢᠳᠡ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠎ᠢ ᠨᠡᠭᠡᠭᠡᠭ᠌ᠰᠡᠨ᠎ᠨᠢ ᠭᠡᠨᠡᠳᠲᠡ᠎ᠶ᠋ᠢᠨ ᠶᠠᠪᠤᠳᠠᠯ ᠪᠢᠰᠢ᠂ ᠬᠠᠷᠢᠨ ᠮᠠᠨ᠎ᠤ ᠤᠯᠤᠰ᠎ᠤᠨ ᠲᠡᠦᠬᠡ᠎ᠶ᠋ᠢᠨ ᠤᠯᠠᠮᠵᠢᠯᠠᠯ ᠪᠠ ᠰᠣᠶᠣᠯ᠎ᠤᠨ ᠤᠯᠠᠮᠵᠢᠯᠠᠯ᠎ᠢᠶᠠᠷ ᠲᠤᠭ᠍ᠳᠠᠭᠠᠭ᠍ᠳᠠᠭ᠍ᠰᠠᠨ ᠶᠤᠮ ᠭᠡᠵᠦ᠍ ᠵᠢᠭᠠᠵᠤ ᠭᠠᠷᠭᠠᠪᠠ᠃ 

ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠪᠣᠯ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠰᠠᠷᠠᠭᠤᠯ ᠳᠠᠷᠳᠠᠩ ᠵᠠᠮ ᠮᠥᠨ᠃ ᠱᠢᠨ᠎ᠡ ᠴᠠᠭ ᠦᠶ᠎ᠡ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌᠎ᠳᠤ ᠪᠣᠳᠠᠲᠠᠢ ᠦᠢᠯᠡᠳᠦᠯᠭᠡ ᠳᠤᠮᠳᠠ 《ᠭᠤᠷᠪᠠ᠎ᠶ᠋ᠢ ᠪᠠᠷᠢᠮᠲᠠᠯᠠᠬᠤ》 ᠎ᠶ᠋ᠢ ᠲᠤᠪᠤᠢᠯᠭᠠᠬᠤ ᠬᠡᠷᠡᠭ᠌ᠲᠡᠢ᠃ 

ᠨᠢᠭᠡ᠎ᠳᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠠᠭᠤᠤ ᠶᠡᠭᠡ ᠲᠤᠭ᠎ᠢ ᠥᠨᠳᠥᠷ ᠮᠠᠨᠳᠤᠭᠤᠯᠬᠤ᠎ᠶ᠋ᠢ ᠪᠠᠷᠢᠮᠲᠠᠯᠠᠬᠤ ᠬᠡᠷᠡᠭ᠌ᠳᠠᠢ᠃ ᠡᠷᠬᠡᠪᠰᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠢ᠃ 

ᠬᠤᠶᠠᠷ᠎ᠲᠤ᠌᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠬᠡᠷᠡᠭ᠌ᠳᠠᠢ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠎ᠢ ᠪᠠᠷᠢᠮᠳᠠᠯᠠᠬᠤ᠎ᠳᠤ᠂ ᠡᠷᠬᠡᠪᠰᠢ 《ᠳᠦᠷᠪᠡᠨ ᠤᠬᠠᠮᠰᠠᠷ》 ᠎ᠢᠶᠠᠨ ᠴᠢᠩᠭᠠᠳᠭᠠᠵᠤ᠂ 《ᠳᠦᠷᠪᠡᠨ ᠢᠳᠡᠭᠡᠯ》 ᠎ᠢ ᠪᠠᠳᠤᠳᠭᠠᠵᠤ᠂ 《ᠬᠤᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠬᠦ᠌ ᠬᠡᠷᠡᠭ᠌ᠳᠠᠢ᠃ 

ᠭᠤᠷᠪᠠ᠎ᠳᠤ᠂ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠬᠤ ᠬᠡᠷᠡᠭ᠌ᠳᠠᠢ᠃ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠶ᠋ᠢ ᠰᠠᠢᠲᠤᠷ ᠪᠡᠶᠡᠯᠡᠭᠦᠯᠵᠦ᠍᠂ ᠰᠠᠢᠲᠤᠷ ᠬᠠᠮᠠᠭᠠᠯᠠᠵᠤ᠂ ᠰᠠᠢᠲᠤᠷ ᠬᠥᠭ᠌ᠵᠢᠭᠦᠯᠬᠦ᠌ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠤᠨᠤᠯ᠎ᠤᠨ ᠭᠠᠷᠤᠭ᠎ᠠ ᠪᠠ ᠦᠢᠯᠡᠳᠦᠯᠭᠡ᠎ᠶ᠋ᠢᠨ ᠦᠷ᠎ᠡ ᠳ᠋ᠦᠩ ᠮᠥᠨ᠃ 

 

(ᠵᠣᠬᠢᠶᠠᠭ᠍ᠴᠢ ᠪᠣᠯ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠤᠯᠤᠰ ᠲᠦᠷᠦ᠎ᠶ᠋ᠢᠨ ᠤᠬᠠᠭᠠᠨ᠎ᠤ ᠵᠢᠭᠠᠨ ᠰᠤᠳᠤᠯᠬᠤ ᠬᠡᠯᠲᠡᠰ᠎ᠤᠨ ᠪᠠᠭ᠍ᠰᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠣᠨᠣᠯ᠎ᠤᠨ ᠰᠤᠳᠤᠯᠭᠠᠨ᠎ᠤ ᠲᠥᠪ᠎ᠤᠨ ᠰᠤᠳᠤᠯᠤᠬ᠍ᠴᠢ)







【 ᠠᠷᠠᠳ ᠤᠯᠠᠨ ᠎ᠤ ᠰᠡᠳᠭᠢᠯ ᠎ᠤᠨ ᠦᠬᠡ 】

 

《ᠡᠷᠬᠢᠮ ᠰᠤᠷᠳᠠᠯ᠎ᠢᠶᠠᠷ ᠭᠡᠪ ᠵᠠᠩᠱᠢᠯ᠎ᠢ ᠲᠠᠭᠠᠭᠤᠯᠬᠤ᠎ᠶ᠋ᠢ ᠪᠠᠷᠢᠮᠳᠠᠯᠠᠨ᠎ᠠ》 

 

《ᠬᠥᠮᠦᠨ ᠵᠣᠷᠢᠭ ᠰᠠᠨᠠᠭ᠎ᠠ ᠦᠭᠡᠢ ᠪᠣᠯ ᠣᠷᠣᠱᠢᠨ ᠲᠣᠭ᠍ᠲᠠᠨᠢᠵᠤ ᠴᠢᠳᠠᠬᠤ ᠦᠭᠡᠢ᠂ ᠤᠯᠤᠰ ᠵᠣᠷᠢᠭ ᠰᠠᠨᠠᠭ᠎ᠠ ᠦᠭᠡᠢ ᠪᠣᠯ ᠬᠦᠴᠦᠷᠬᠡᠭ᠌ᠵᠢᠵᠦ᠍ ᠴᠢᠳᠠᠬᠤ ᠦᠭᠡᠢ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠪᠣᠯ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ ᠪᠦᠬᠦ᠌ ᠲᠠᠯ᠎ᠠ᠎ᠪᠠᠷ ᠬᠥᠭ᠌ᠵᠢᠭ᠌ᠰᠡᠨ ᠨᠡᠢᠭᠡᠮ ᠵᠢᠷᠤᠮ ᠮᠥᠨ᠃ ᠲᠡᠷᠡ᠎ᠪᠠᠷ ᠪᠢᠳᠠ ᠪᠤᠳᠠᠰ᠎ᠤᠨ ᠠᠮᠢᠳᠤᠷᠠᠯ᠎ᠢ ᠬᠦᠭᠡᠭᠡᠴᠡᠯᠳᠤᠬᠦ᠌᠎ᠶ᠋ᠢᠨ ᠲᠠᠭᠠᠤ ᠨᠡᠢᠭᠡᠮ᠎ᠤᠨ ᠭᠡᠪ ᠰᠤᠷᠳᠠᠯ᠎ᠢ ᠡᠷᠡᠰ ᠵᠢᠷᠤᠮᠯᠠᠵᠤ᠂ ᠡᠷᠬᠢᠮ ᠰᠤᠷᠳᠠᠯ᠎ᠢᠶᠠᠷ ᠭᠡᠪ ᠵᠠᠩᠱᠢᠯ᠎ᠢ ᠲᠠᠭᠠᠭᠤᠯᠬᠤ᠎ᠶ᠋ᠢ ᠪᠠᠷᠢᠮᠳᠠᠯᠠᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠤᠳᠤᠯᠭᠠᠨ᠎ᠤ ᠲᠥᠪ᠎ᠤᠨ ᠳᠡᠳ᠋ ᠡᠷᠬᠢᠯᠡᠭ᠌ᠴᠢ ᠪᠢᠶᠠᠨ ᠵᠢᠶᠠᠨ ᠫᠢᠩ ᠬᠡᠯᠡᠨ᠎ᠠ᠃

ᠤᠯᠠᠨ ᠵᠢᠯ᠎ᠤᠨ ᠲᠤᠷᠰᠢ᠂ ᠡᠯ᠎ᠠ ᠭᠠᠵᠠᠷ᠎ᠤᠨ᠎ᠬᠢᠨ ᠤᠶᠤᠨ᠎ᠤ ᠪᠤᠯᠪᠠᠰᠤᠨ᠎ᠤ ᠪᠠᠢᠭᠤᠯᠤᠯᠳᠠ᠎ᠶ᠋ᠢᠨ ᠠᠵᠢᠯ᠎ᠢ ᠲᠠᠰᠤᠷᠠᠯᠳᠠ ᠦᠭᠡᠢ ᠴᠢᠩᠭᠠᠳᠭᠠᠵᠤ᠂ ᠪᠦᠬᠦ᠌ ᠤᠯᠤᠰ᠎ᠤᠨ ᠦᠨᠳᠤᠰᠤᠳᠠᠨ᠎ᠨᠦᠭᠦᠳ᠎ᠤᠨ ᠠᠷᠠᠳ ᠲᠦᠮᠡᠨ᠎ᠤ ᠴᠤᠴᠠᠰᠢ ᠦᠭᠡᠢ ᠤᠷᠤᠭ᠍ᠰᠢᠯᠠᠯᠳᠠ᠎ᠳᠤ ᠡᠷᠡᠰ ᠴᠢᠩᠭ᠎ᠠ ᠦᠵᠡᠯ ᠰᠠᠨᠠᠭᠠᠨ᠎ᠤ ᠪᠠᠳᠤᠯᠠᠭ᠎ᠠ ᠪᠠ ᠬᠦᠴᠤᠷᠭᠡᠭ ᠶᠡᠭᠡ ᠤᠶᠤᠨ ᠰᠠᠨᠠᠭᠠᠨ᠎ᠤ ᠬᠦᠴᠤᠨ ᠬᠠᠨᠭ᠌ᠭᠠᠵᠤ ᠦᠭ᠌ᠪᠠ᠃ 

ᠲᠡᠷᠡ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠠᠵᠢᠯ᠎ᠤᠨ ᠬᠦᠷᠢᠶᠡᠨ᠎ᠤ ᠨᠢᠭᠡ ᠭᠡᠱᠢᠭᠦᠨ ᠪᠣᠯᠤᠭ᠍ᠰᠠᠨ᠎ᠤ ᠬᠤᠪᠢ᠎ᠳᠤ᠂ ᠬᠤᠢᠱᠢᠳᠠ ᠶᠡᠭᠡ ᠳᠡᠭᠡᠳᠦ ᠰᠤᠷᠭᠠᠭᠤᠯᠢ ᠵᠢᠴᠢ ᠨᠡᠢᠭᠡᠮ᠎ᠤᠨ ᠡᠯ᠎ᠡ ᠲᠦᠷᠦᠯ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠭᠤᠯᠬᠤ ᠠᠵᠢᠯ᠎ᠢ ᠰᠠᠢᠲᠤᠷ ᠬᠢᠵᠦ᠍᠂ ᠰᠠᠢᠨ ᠳᠤᠷ᠎ᠠ᠎ᠶ᠋ᠢᠨ ᠦᠢᠯᠡᠴᠢᠯᠡᠭᠡ᠎ᠪᠠᠷ ᠭᠠᠷᠳᠠᠴᠠ ᠪᠣᠯᠭᠠᠨ᠂ ᠤᠯᠠᠨ ᠲᠦᠮᠡᠨ᠎ᠤ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ ᠲᠦᠮᠡᠨ᠎ᠤ ᠬᠦᠰᠡᠯᠡᠩ ᠢᠳᠡᠭᠡᠯ ᠪᠢᠱᠢᠷᠡᠯ᠂ ᠦᠷᠳᠡᠭ᠎ᠤᠨ ᠤᠢ᠍ᠢᠯᠠᠭᠠᠬ᠍ᠳᠠᠬᠤᠨ᠂ ᠶᠤᠰᠤ ᠰᠤᠷᠳᠠᠬᠤᠨ᠎ᠤ ᠦᠵᠡᠯᠳᠠ᠎ᠶ᠋ᠢᠨ ᠲᠠᠯ᠎ᠠ᠎ᠪᠠᠷ ᠨᠢᠬ᠍ᠳᠠᠷᠠᠨ ᠪᠦᠯᠬᠦᠮᠳᠡᠬᠦ᠌᠎ᠶ᠋ᠢ ᠲᠠᠰᠤᠷᠠᠯᠳᠠ ᠦᠭᠡᠢ ᠠᠬᠢᠭᠤᠯᠵᠤ᠂ ᠨᠡᠢᠭᠡᠮ ᠵᠢᠷᠤᠮ᠎ᠤᠨ ᠭᠤᠣᠯᠯᠠᠭ᠍ᠴᠢ ᠦᠷᠳᠡᠭ᠎ᠤᠨ ᠦᠵᠡᠯᠲᠡ᠎ᠶ᠋ᠢ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠳᠤ ᠠᠭᠤᠰᠤᠯᠴᠠᠭᠤᠯᠤᠨ᠎ᠠ ᠭᠡᠯ᠎ᠠ᠃ 

(ᠲᠤᠰ ᠰᠣᠨᠢᠨ᠎ᠤ ᠰᠤᠷᠪᠤᠯᠵᠢᠯᠠᠭ᠍ᠴᠢ ᠾᠦᠸᠧ ᠱᠢᠶᠤᠤ ᠴᠢᠩ)

 

《ᠴᠡᠪᠡᠷ ᠰᠠᠢᠬᠠᠨ ᠠᠮᠢ ᠠᠬᠤᠢ ᠤᠷᠴᠢᠨ ᠲᠤᠭᠤᠷᠢᠨ ᠪᠤᠯ ᠠᠷᠠᠳ᠎ᠤᠨ ᠠᠮᠢᠳᠤᠷᠠᠯ᠎ᠳᠤ ᠬᠦᠷᠳᠡᠭᠡᠬᠦ᠌ ᠬᠠᠮᠤᠭ᠎ᠤᠨ ᠲᠦᠭᠡᠮᠡᠯ ᠪᠤᠶᠠᠨ ᠵᠢᠷᠭᠠᠯ ᠪᠤᠯᠤᠨ᠎ᠠ》


《ᠴᠡᠪᠡᠷ ᠰᠠᠢᠬᠠᠨ ᠠᠮᠢ ᠠᠬᠤᠶ ᠣᠷᠴᠢᠨ ᠲᠤᠭᠤᠷᠢᠨ ᠪᠣᠯ ᠬᠠᠮᠤᠭ᠎ᠤᠨ ᠲᠥᠪ ᠭᠤᠤᠯᠴᠢ ᠣᠯᠠᠨ ᠨᠡᠢᠲᠡ᠎ᠶ᠋ᠢᠨ ᠪᠦᠲᠦᠭᠡᠭ᠌ᠳᠡᠭᠦᠨ ᠪᠤᠯᠬᠤ ᠪᠦᠭᠡᠳ ᠠᠷᠠᠳ᠎ᠤᠨ ᠠᠮᠢᠳᠤᠷᠠᠯ᠎ᠳᠤ ᠬᠦᠷᠳᠡᠭᠡᠬᠦ᠌ ᠬᠠᠮᠤᠭ᠎ᠤᠨ ᠲᠦᠭᠡᠮᠡᠯ ᠪᠤᠶᠠᠨ ᠵᠢᠷᠭᠠᠯ ᠪᠤᠯᠤᠨ᠎ᠠ》 ᠭᠡᠵᠦ᠍ ᠤᠷᠳᠤᠰ ᠬᠤᠳᠠ᠎ᠶ᠋ᠢᠨ ᠲᠠᠯᠠᠳ ᠬᠤᠱᠢᠭᠤᠨ᠎ᠤ ᠤᠢ ᠱᠢᠭᠤᠢ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢᠦ᠎ᠶ᠋ᠢᠨ ᠸᠠᠩ ᠬᠡᠯᠡᠨ᠎ᠠ᠃

ᠣᠶ ᠱᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ᠎ᠳᠤ᠂ ᠣᠯᠠᠨ ᠵᠢᠯ᠎ᠤᠨ ᠲᠤᠷᠰᠢ᠂ ᠳᠠᠯᠠᠳ ᠬᠤᠱᠢᠭᠤᠨ᠎ᠤ ᠣᠶ ᠱᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠶ᠋ᠢᠨ᠎ᠬᠢᠨ ᠰᠢ᠎ᠶ᠋ᠢᠨ ᠫᠢᠩ᠎ᠤᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠭᠡᠷ᠎ᠢ ᠱᠢᠰᠲ᠋ᠧᠮ᠎ᠲᠠᠢ᠎ᠪᠠᠷ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ᠎ᠶ᠋ᠢ ᠨᠢᠭᠡᠲᠦᠯᠲᠡᠢ ᠲᠦᠯᠦᠪᠵᠢᠭᠦᠯᠵᠦ᠍᠂ ᠴᠦᠯᠯᠡᠷᠬᠡᠭ᠌ᠵᠢᠯ᠎ᠢ ᠵᠠᠰᠠᠬᠤ᠎ᠶ᠋ᠢ ᠭᠦᠨᠵᠡᠭᠡᠢ ᠠᠬᠢᠭᠤᠯᠤᠨ᠂ ᠣᠲᠣ ᠪᠣᠯᠲᠠᠯ᠎ᠠ᠂ ᠪᠥᠬᠦ᠌ ᠬᠤᠱᠢᠭᠤᠨ᠎ᠤ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ 28.9% ᠎ᠳᠤ ᠬᠦᠷᠪᠠ᠃

《〈ᠠᠷᠪᠠᠨ ᠲᠦᠷᠪᠡᠳᠦᠭᠡᠷ ᠲᠠᠪᠤᠨ ᠵᠢᠯ〉 ᠎ᠤᠨ ᠲᠦᠯᠦᠪᠵᠢᠬᠦᠯᠭᠡ᠎ᠶ᠋ᠢᠨ ᠬᠤᠭᠤᠴᠠᠭᠠᠨ᠎ᠳᠤ᠂ ᠪᠢᠳᠠ ᠬᠦᠭᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠡᠭ᠌ᠬᠦᠨ ᠠᠭᠤᠯᠠ ᠮᠦᠨ ᠭᠡᠬᠦ᠌ ᠤᠢ᠍ᠢᠯᠠᠭᠠᠬ᠍ᠳᠠᠬᠤᠨ᠎ᠢ ᠪᠠᠳᠤ ᠪᠤᠯᠭᠠᠵᠤ᠂ ᠠᠮᠢ ᠠᠬᠤᠢ᠎ᠶ᠋ᠢᠨ ᠪᠦᠳᠦᠭᠡᠨ ᠪᠠᠢᠭᠤᠯᠤᠯᠳᠠ᠎ᠶ᠋ᠢ ᠴᠢᠩᠭᠠᠳᠭᠠᠵᠤ᠂ ᠠᠮᠢ ᠠᠬᠤᠢ᠎ᠶ᠋ᠢᠨ ᠪᠦᠳᠤᠭᠡᠨ ᠪᠠᠢᠭᠤᠯᠤᠯᠳᠠ᠎ᠶ᠋ᠢᠨ ᠦᠷ᠎ᠠ ᠪᠦᠳᠤᠮᠵᠢ᠎ᠶ᠋ᠢ ᠪᠠᠳᠤᠯᠠᠬᠤ ᠡᠷᠴᠢᠮ᠎ᠢ ᠴᠢᠩᠭᠠᠷᠠᠭᠤᠯᠤᠨ᠂ ᠤᠷᠤᠨ ᠨᠤᠳᠤᠭ᠎ᠤᠨ ᠬᠦᠭ᠌ᠵᠢᠯᠳᠠ᠎ᠶ᠋ᠢᠨ ᠠᠮᠢ ᠠᠬᠤᠢ᠎ᠶ᠋ᠢᠨ ᠰᠠᠭᠤᠷᠢ᠎ᠶ᠋ᠢ ᠪᠠᠬᠢᠵᠢᠬᠦᠯᠤᠨ᠎ᠠ》 ᠭᠡᠵᠤ ᠯᠢᠤ᠎ᠶ᠋ᠢᠨ ᠸᠠᠩ ᠬᠠᠷᠠᠯᠳᠠ᠎ᠪᠠᠨ ᠲᠤᠳᠤᠷᠠᠭᠤᠯᠤᠨ᠎ᠠ᠃

(ᠲᠤᠰ ᠰᠤᠨᠢᠨ᠎ᠤ ᠰᠤᠷᠪᠤᠯᠵᠢᠯᠠᠬ᠍ᠴᠢ ᠾᠦᠸᠧ ᠱᠢᠶᠤᠤ ᠴᠢᠩ)

 

《ᠤᠯᠠᠨ ᠲᠦᠮᠡᠨ᠎ᠤ ᠬᠦᠴᠢᠷᠳᠠᠯ ᠲᠦᠪᠡᠭ᠌ᠳᠡᠯ᠎ᠢ ᠬᠦᠴᠤᠯᠡᠨ ᠱᠢᠢᠳᠪᠤᠷᠢᠯᠡᠨ᠎ᠠ》 


ᠡᠪᠡᠳᠬᠦ᠌᠎ᠠᠴᠠ ᠨᠦᠬᠦᠪᠤᠷᠢ᠎ᠲᠠᠢ᠂ ᠦᠳᠡᠯᠬᠦ᠌᠎ᠠᠴᠠ ᠪᠠᠳᠤᠯᠠᠭ᠎ᠠ᠎ᠲᠠᠢ᠂ ᠰᠠᠭᠤᠬᠤ᠎ᠠᠴᠠ ᠪᠠᠢᠱᠢᠩ᠎ᠲᠠᠢ᠂ ᠰᠤᠷᠤᠯᠴᠠᠬᠤ᠎ᠠᠴᠠ ᠰᠤᠷᠭᠠᠭᠤᠯᠢ᠎ᠲᠠᠢ ᠁ ᠠᠮᠢᠳᠤᠷᠠᠯ ᠦᠢᠯᠡᠳᠪᠤᠷᠢᠯᠡᠯ ᠲᠤᠮᠳᠠᠬᠢ ᠤᠯᠠᠨ ᠬᠤᠪᠢᠷᠠᠯᠳᠠ᠎ᠨᠢ ᠤᠯᠠᠭᠠᠨᠬᠠᠳᠠ ᠬᠤᠲᠠ᠎ᠶ᠋ᠢᠨ ᠶᠤᠸᠠᠨ ᠪᠤᠤ ᠱᠠᠨ ᠲᠤᠭᠤᠷᠢᠭ᠎ᠤᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠠᠵᠢᠯᠲᠠᠨ ᠪᠦᠦ ᠱᠦ᠍ ᠶᠦᠨ᠎ᠤ ᠰᠡᠨᠠᠭ᠎ᠠ ᠰᠡᠳᠭᠢᠯ᠎ᠢ ᠰᠡᠷᠬᠦᠭᠡᠵᠤ ᠤᠷᠮ᠎ᠠ ᠵᠤᠷᠢᠭ᠎ᠢ᠎ᠨᠢ ᠬᠦᠪᠴᠢᠯᠠᠨ᠎ᠠ᠃ 《ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠬᠦ᠌ ᠪᠣᠯ ᠮᠠᠨ᠎ᠤ ᠨᠠᠮ᠎ᠤᠨ ᠨᠡᠢᠲᠡ᠎ᠶ᠋ᠢᠨ ᠲᠥᠯᠥᠭᠡ ᠨᠠᠮ ᠪᠠᠢᠭᠤᠯᠵᠤ᠂ ᠠᠷᠠᠳ᠎ᠤᠨ ᠲᠥᠯᠥᠭᠡ ᠵᠠᠰᠠᠭ ᠶᠠᠪᠤᠭᠤᠯᠬᠤ᠎ᠶ᠋ᠢᠨ ᠮᠥᠨ ᠴᠢᠨᠠᠷ᠎ᠤᠨ ᠱᠠᠭᠠᠷᠳᠠᠯᠭ᠎ᠠ ᠮᠥᠨ》 ᠭᠡᠵᠦ᠍ ᠪᠦᠦ ᠱᠦ᠍ ᠶᠦᠨ ᠲᠦᠷᠦᠭ᠌ᠳᠡᠯ᠎ᠢᠶᠠᠨ ᠬᠤᠪᠢᠶᠠᠯᠴᠠᠨ᠎ᠠ᠃ 

ᠦᠨᠳᠦᠰᠦᠨ ᠱᠠᠳᠤᠨ᠎ᠤ ᠠᠷᠠᠳ᠎ᠤᠨ ᠶᠠᠪᠤᠳᠠᠯ᠎ᠤᠨ ᠠᠵᠢᠯᠳᠠᠨ ᠪᠤᠯᠤᠭ᠍ᠰᠠᠨ᠎ᠤ ᠬᠤᠪᠢ᠎ᠳᠤ᠂ ᠲᠡᠷᠡ᠎ᠪᠠᠷ ᠦᠪᠡᠷ᠎ᠤᠨ ᠡᠭᠦᠷᠭᠡ ᠬᠠᠷᠢᠭᠤᠴᠠᠯᠭ᠎ᠠ ᠮᠠᠰᠢ ᠬᠦᠨᠳᠤ ᠪᠠᠢᠭ᠎ᠠ᠎ᠪᠠᠨ ᠤᠢ᠍ᠢᠯᠠᠭᠠᠨ᠎ᠠ᠃ ᠬᠤᠢᠱᠢᠳᠠ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠬᠦ᠌ ᠵᠣᠷᠢᠯᠲᠠ᠎ᠶ᠋ᠢ ᠴᠠᠭ ᠢᠮᠠᠭ᠍ᠲᠠ ᠪᠠᠲᠤ ᠴᠡᠭᠡᠵᠢᠯᠡᠵᠦ᠍᠂ ᠤᠯᠠᠨ ᠲᠦᠮᠡᠨ᠎ᠤ ᠬᠦᠴᠢᠷᠳᠠᠯ ᠲᠦᠪᠡᠭ᠌ᠳᠡᠯ᠎ᠢ ᠬᠦᠴᠦᠯᠡᠨ ᠱᠢᠢᠳᠪᠦᠷᠢᠯᠡᠵᠦ᠍᠂ ᠠᠷᠠᠳ ᠤᠯᠠᠨ᠎ᠤ ᠬᠦᠷᠳᠡᠮᠵᠢ᠎ᠶ᠋ᠢᠨ ᠲᠦᠷᠦᠭ᠌ᠳᠡᠯ᠂ ᠵᠢᠷᠭᠠᠯᠳᠤ ᠲᠦᠷᠦᠭ᠌ᠳᠡᠯ᠂ ᠠᠮᠦᠷ ᠲᠦᠪᠱᠢᠨ᠎ᠤ ᠲᠦᠷᠦᠭ᠌ᠳᠡᠯ᠎ᠢ ᠲᠠᠰᠤᠷᠠᠯᠳᠠ ᠦᠭᠡᠢ ᠨᠡᠮᠡᠭ᠌ᠳᠡᠬᠦᠯᠤᠨ᠎ᠠ ᠭᠡᠵᠦ᠍ ᠪᠦᠦ ᠱᠦ᠍ ᠶᠦᠨ ᠵᠤᠷᠢᠯᠳᠠ᠎ᠪᠠᠨ ᠲᠤᠳᠤᠷᠠᠭᠤᠯᠤᠨ᠎ᠠ᠃ 

(ᠲᠤᠰ ᠰᠣᠨᠢᠨ᠎ᠤ ᠰᠤᠷᠪᠤᠯᠵᠢᠯᠠᠭ᠍ᠴᠢ ᠾᠦᠸᠧ ᠱᠢᠶᠤᠤ ᠴᠢᠩ)

 

《ᠴᠢᠨᠠᠷ ᠰᠠᠢᠳᠠᠢ ᠬᠦᠭ᠌ᠵᠢᠯᠳᠠ᠎ᠳᠤ ᠪᠠᠳᠤᠯᠠᠭ᠎ᠠ ᠬᠠᠨᠭ᠌ᠭᠠᠨ᠎ᠠ》

 

《ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠪᠠᠷᠢᠮᠳᠠᠯᠠᠬᠤ ᠪᠤᠯ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠦᠮ᠎ᠤᠨ ᠤᠯᠤᠰ᠎ᠤᠨ ᠪᠠᠢᠭᠤᠯᠤᠯ ᠪᠠ ᠤᠯᠤᠰ᠎ᠤᠨ ᠵᠠᠰᠠᠯᠳᠠ᠎ᠶ᠋ᠢᠨ ᠱᠢᠰᠲ᠋ᠧᠮ᠎ᠤᠨ ᠲᠤᠪᠤᠢᠮ᠎ᠠ ᠳᠠᠪᠠᠭᠤᠯᠢᠭ ᠪᠤᠯᠬᠤ ᠶᠤᠮ᠃ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠪᠠᠷᠢᠮᠳᠠᠯᠠᠬᠤ᠎ᠳᠤ ᠡᠷᠬᠡᠪᠰᠢ ᠵᠠᠰᠠᠭ ᠵᠠᠬᠢᠷᠭᠠᠨ᠎ᠤ ᠱᠢᠭᠦᠨ ᠲᠠᠰᠤᠯᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠢ》 ᠭᠡᠵᠦ᠍ ᠲᠦᠩᠯᠢᠶᠣᠤ ᠬᠤᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠤᠷᠢᠶᠠᠨ᠎ᠤ ᠵᠠᠰᠠᠭ ᠵᠠᠬᠢᠷᠭᠠᠨ᠎ᠤ ᠱᠢᠭᠦᠨ ᠲᠠᠰᠤᠯᠬᠤ ᠲᠢᠩᠬᠢᠮ᠎ᠤᠨ ᠳᠠᠷᠤᠭ᠎ᠠ ᠭᠧ ᠫᠧᠩ ᠫᠧᠩ ᠬᠡᠯᠡᠨ᠎ᠠ᠃ 

ᠲᠦᠩᠯᠢᠶᠣᠤ ᠬᠤᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠤᠷᠢᠶ᠎ᠠ᠎ᠶ᠋ᠢᠨ᠎ᠬᠢᠨ ᠵᠠᠰᠠᠭ ᠵᠠᠬᠢᠷᠭᠠᠨ᠎ᠤ ᠱᠢᠭᠦᠨ ᠲᠠᠰᠤᠯᠬᠤ ᠠᠵᠢᠯ᠎ᠢ ᠳᠡᠭᠡᠳᠦ ᠬᠡᠮᠵᠢᠶ᠎ᠠ᠎ᠪᠠᠷ ᠴᠢᠬᠤᠯᠠᠴᠢᠯᠠᠨ᠂ ᠤᠷᠤᠨ ᠠᠯᠤᠰᠯᠠᠵᠤ ᠬᠠᠮᠢᠶᠠᠷᠬᠤ ᠲᠠᠯ᠎ᠠ᠎ᠪᠠᠷ ᠦᠭᠡᠷᠡᠴᠢᠯᠡᠯᠳᠡ ᠬᠢᠵᠤ᠂ ᠪᠦᠬᠦ᠌ ᠤᠷᠤᠨ᠎ᠤ ᠵᠠᠰᠠᠭ ᠵᠠᠬᠢᠷᠭᠠᠨ᠎ᠤ ᠱᠢᠭᠦᠨ ᠲᠠᠰᠤᠯᠤᠯᠳᠠ᠎ᠶ᠋ᠢᠨ ᠬᠡᠷᠡᠭ᠎ᠤᠨ ᠳ᠋ᠠᠢᠲ᠋ᠠ ᠬᠦᠮᠦᠷᠭᠡ᠎ᠶ᠋ᠢ ᠪᠠᠢᠭᠤᠯᠤᠨ᠂ ᠱᠢᠭᠦᠨ ᠲᠠᠰᠤᠯᠤᠯᠳᠠ᠎ᠶ᠋ᠢᠨ ᠪᠠᠷᠢᠮᠵᠢᠶ᠎ᠠ ᠨᠢᠭᠡᠳᠦᠯᠳᠠᠢ ᠪᠠᠢᠬᠤ᠎ᠶ᠋ᠢ ᠪᠠᠳᠤᠯᠠᠵᠤ᠂ ᠠᠷᠠᠳ ᠤᠯᠠᠨ᠎ᠳᠤ ᠱᠢᠬᠦᠨ ᠲᠠᠰᠤᠯᠤᠯᠳᠠ᠎ᠶ᠋ᠢᠨ ᠲᠦᠪ ᠭᠤᠤᠯᠴᠢ ᠪᠠᠢᠬᠤ᠎ᠶ᠋ᠢ ᠮᠡᠳᠡᠷᠡᠭᠦᠯᠪᠠ᠃ ᠭᠧ ᠫᠧᠩ ᠫᠧᠩ᠄ 《ᠡᠨᠡ ᠵᠢᠯ᠂ ᠱᠢᠬᠦᠬᠦ᠌ ᠬᠤᠷᠢᠶ᠎ᠠ᠎ᠶ᠋ᠢᠨ᠎ᠬᠢᠨ ᠵᠠᠰᠠᠭ ᠵᠠᠬᠢᠷᠭᠠᠨ᠎ᠤ ᠱᠢᠬᠦᠨ ᠲᠠᠰᠤᠯᠤᠯᠳᠠ᠎ᠶ᠋ᠢᠨ ᠵᠠᠷᠭᠤ᠎ᠶ᠋ᠢᠨ ᠡᠬᠢ ᠢᠷᠠᠯᠳᠠ᠎ᠶ᠋ᠢᠨ ᠵᠠᠰᠠᠯᠳᠠ᠎ᠶ᠋ᠢᠨ ᠵᠠᠬ᠍ᠪᠤᠷ᠎ᠢ ᠡᠬᠦᠳᠤᠨ᠂ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠴᠢᠨᠠᠭ᠍ᠰᠢᠳᠠ ᠱᠢᠯᠢᠳᠡᠭ᠌ᠵᠢᠬᠦᠯᠬᠦ᠌᠎ᠳᠤ ᠬᠦᠴᠤᠨ ᠨᠡᠮᠠᠷᠢᠯᠠᠵᠤ᠂ ᠬᠠᠤᠯᠢᠵᠢᠯ᠎ᠤᠨ ᠬᠦᠴᠤᠨ᠎ᠢᠶᠠᠷ ᠴᠢᠨᠠᠷ ᠰᠠᠢᠳᠠᠢ ᠬᠦᠭ᠌ᠵᠢᠯᠳᠠ᠎ᠳᠤ ᠪᠠᠳᠤᠯᠠᠭ᠎ᠠ ᠬᠠᠨᠭ᠌ᠭᠠᠬᠤ᠎ᠪᠠᠷ ᠬᠦᠴᠤᠯᠠᠨ ᠴᠢᠷᠮᠠᠢᠨ᠎ᠠ》 ᠭᠡᠵᠤ ᠠᠵᠢᠯ᠎ᠤᠨ ᠪᠠᠢᠳᠠᠯ᠎ᠢᠶᠠᠨ ᠲᠠᠨᠢᠯᠴᠠᠭᠤᠯᠤᠨ᠎ᠠ᠃ 

(ᠲᠤᠰ ᠰᠣᠨᠢᠨ᠎ᠤ ᠰᠤᠷᠪᠤᠯᠵᠢᠯᠠᠭ᠍ᠴᠢ ᠾᠦᠸᠧ ᠱᠢᠶᠤᠤ ᠴᠢᠩ)

 

4063667_lity_1627545924453_m.jpg

 

 

 

 

 

① ᠡᠭᠦᠷᠢᠲᠡ ᠨᠠᠮ᠎ᠢᠶᠠᠨ ᠳᠠᠭᠠᠨ᠎ᠠ᠃

ᠲᠤᠰ ᠰᠤᠨᠢᠨ᠎ᠤ ᠰᠤᠷᠪᠤᠯᠵᠢᠯᠠᠭ᠍ᠴᠢ  ᠮᠠ ᠵᠢᠶᠠᠨ ᠴᠢᠤᠸᠠᠨ ᠰᠡᠭᠦᠳᠡᠷᠯᠡᠪᠡ 

② ᠠᠴᠢᠲᠤ ᠨᠠᠮ᠎ᠤᠨ᠎ᠢᠶᠠᠨ ᠲᠤᠶᠠᠭᠠᠯᠠᠯ ᠳᠤᠤᠷ᠎ᠠ ᠱᠢᠯᠢᠳᠡᠭ ᠵᠠᠯᠭᠠᠮᠵᠢᠯᠠᠭ᠍ᠴᠢ ᠪᠤᠯᠤᠨ᠎ᠠ᠃

③ ᠠᠭᠤᠤ ᠶᠡᠭᠡ ᠡᠬᠡ ᠤᠯᠤᠰ᠎ᠲᠠᠭᠠᠨ ᠲᠠᠯᠠᠷᠬᠠᠨ᠎ᠠ᠃

(ᠲᠤᠰ ᠨᠢᠭᠤᠷ᠎ᠤᠨ ᠨᠠᠷ᠎ᠠ ᠬᠠᠳᠠᠭ᠍ᠰᠠᠨ᠎ᠠᠴᠠ ᠪᠤᠰᠤᠳ ᠭᠡᠷᠡᠯ ᠵᠢᠷᠤᠭ ᠴᠦᠮ ᠮᠠᠲ᠋ᠧᠷᠢᠶᠠᠯ᠎ᠤᠨ ᠭᠡᠷᠠᠯ ᠵᠢᠷᠤᠭ᠎ᠠᠴᠠ ᠢᠷᠡᠯᠲᠡ᠎ᠲᠠᠢ)

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号