ᠳᠠᠭᠠᠭᠤᠯᠤᠭ᠍ᠴᠢ ᠠᠵᠤ ᠠᠬᠤᠢ᠍ᠢᠯᠠᠯ᠎ᠢ ᠤᠷᠤᠭᠤᠯᠤᠨ ᠠᠪᠴᠢᠷᠠᠬᠤ᠎ᠶ᠋ᠢᠨ ᠤᠴᠢᠷ
2021-08-02 17:44:06
ᠵᠣᠬᠢᠶᠠᠭ᠍ᠴᠢ᠄
​ ᠭᠤᠸ᠎ᠠ
ᠣᠩᠱᠢᠭ᠍ᠰᠠᠨ ᠣᠳᠠᠭ᠎ᠠ᠄
★★★☆☆

ᠠᠵᠤ ᠦᠢᠯᠡᠰ᠎ᠢ ᠬᠦᠭ᠌ᠵᠢᠬᠦᠯᠬᠦ᠌ ᠪᠤᠯ ᠬᠦᠳᠡᠭᠡ ᠳᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠶ᠋ᠢᠨ ᠰᠠᠭᠤᠷᠢ ᠨᠦᠭᠦᠴᠡᠯ ᠪᠤᠯᠤᠨ᠎ᠠ᠂ ᠠᠵᠤ ᠦᠢᠯᠡᠰ᠎ᠢ ᠭᠦᠭ᠌ᠵᠢᠭᠦᠯᠬᠦ᠌᠎ᠳᠤ ᠳᠠᠭᠠᠭᠤᠯᠤᠭ᠍ᠴᠢ ᠠᠵᠤ ᠠᠬᠤᠢ᠍ᠢᠯᠠᠯ᠎ᠤᠨ ᠳᠠᠢᠴᠢᠯᠠᠯ᠎ᠠᠴᠠ ᠰᠠᠯᠵᠤ ᠴᠢᠳᠠᠬᠤ ᠦᠭᠡᠢ ᠶᠤᠮ᠃ ᠳᠠᠭᠠᠭᠤᠯᠤᠭ᠍ᠴᠢ ᠠᠵᠤ ᠠᠬᠤᠢ᠍ᠢᠯᠠᠯ᠎ᠨᠢ ᠬᠦᠳᠡᠭᠡ ᠳᠤᠰᠭᠤᠨ᠎ᠤ ᠠᠵᠤ ᠠᠬᠤᠢ᠎ᠶ᠋ᠢᠨ ᠬᠦᠭ᠌ᠵᠢᠯᠳᠡ᠎ᠶ᠋ᠢ ᠠᠬᠢᠭᠤᠯᠵᠤ᠂ ᠮᠠᠯᠴᠢᠨ ᠳᠠᠷᠢᠶᠠᠴᠢᠨ᠎ᠤ ᠤᠷᠤᠯᠭ᠎ᠠ᠎ᠶ᠋ᠢ ᠨᠡᠮᠡᠭ᠌ᠳᠡᠬᠦ᠌ ᠲᠠᠯ᠎ᠠ᠎ᠪᠠᠷ ᠤᠷᠤᠯᠠᠭᠤᠯᠵᠤ ᠪᠤᠯᠤᠰᠢ ᠦᠬᠡᠢ ᠴᠢᠬᠤᠯᠠ ᠦᠢᠯᠡᠳᠤᠯ᠎ᠲᠠᠢ ᠬᠡᠰᠡᠨ᠎ᠢ ᠪᠤᠳᠠᠳᠤ ᠦᠢᠯᠡᠳᠦᠯᠬᠡ ᠲᠤᠳᠤᠬᠠᠨ ᠬᠡᠷᠡᠴᠢᠯᠡᠵᠤ ᠪᠠᠢᠨ᠎ᠠ᠃ 

ᠬᠦᠳᠡᠭᠡ ᠳᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌ ᠳᠤᠮᠳᠠ᠂ ᠠᠷᠤᠨ ᠬᠤᠱᠢᠭᠤ ᠰᠦ᠎ᠶ᠋ᠢᠨ ᠦᠢᠯᠡᠰ᠎ᠢ ᠬᠦᠭ᠌ᠵᠢᠭᠦᠯᠦᠨ ᠮᠠᠨᠳᠤᠭᠤᠯᠬᠤ᠎ᠶ᠋ᠢ ᠤᠷᠢᠳ᠎ᠢᠶᠠᠷ ᠪᠤᠳᠤᠯᠬᠢᠯᠠᠵᠤ᠂ ᠬᠦᠳᠡᠭᠡ ᠳᠤᠰᠭᠤᠨ᠎ᠢ ᠪᠦᠭᠦ᠌ ᠳᠠᠯ᠎ᠠ᠎ᠶ᠋ᠢᠨ ᠭᠦᠭ᠌ᠵᠢᠯᠳᠡ ᠳᠠᠪᠱᠢᠯᠳᠠ᠎ᠶ᠋ᠢ ᠠᠬᠢᠭᠤᠯᠵᠤ ᠪᠤᠢ᠃ ᠠᠷᠤᠨ ᠬᠤᠱᠢᠭᠤ ᠶᠡᠭᠡ ᠬᠢᠩᠭᠠᠨ ᠳᠠᠪᠠᠭ᠎ᠠ᠎ᠶ᠋ᠢᠨ ᠡᠮᠦᠨ᠎ᠡ ᠬᠤᠷᠮᠣᠶ᠎ᠳᠤ ᠪᠠᠢᠷᠢᠯᠠᠨ᠂ ᠳᠡᠯᠡᠬᠡᠶ ᠨᠡᠢᠲᠡ᠎ᠳᠤ ᠮᠡᠳᠡᠷᠡᠭ᠌ᠳᠡᠭ᠌ᠰᠡᠨ ᠱᠢᠵᠢᠷ ᠠᠯᠲᠠᠨ ᠰᠦ᠎ᠶ᠋ᠢᠨ ᠢᠷᠡᠯᠲᠡ᠎ᠶ᠋ᠢᠨ ᠪᠦᠰᠡ᠎ᠳᠤ ᠤᠷᠤᠱᠢᠵᠤ᠂ 234.7 ᠲᠦᠮᠡᠨ ᠮᠥ᠎ᠶ᠋ᠢᠨ ᠤᠷᠭᠤᠴᠠ ᠰᠠᠢᠲᠠᠶ ᠪᠠᠢᠭᠠᠯᠢ᠎ᠶ᠋ᠢᠨ ᠬᠠᠳᠤᠯᠠᠩ ᠪᠡᠯᠴᠢᠭᠡᠷ᠎ᠲᠠᠢ ᠮᠦᠷᠳᠡᠭᠡᠨ 470 ᠲᠦᠮᠡᠨ ᠮᠥ᠎ᠶ᠋ᠢᠨ ᠬᠠᠷ᠎ᠠ ᠬᠥᠷᠥᠰᠥᠳᠤ ᠭᠠᠵᠠᠷ᠎ᠲᠠᠢ ᠪᠠᠢᠵᠤ᠂ ᠰᠦ᠎ᠶ᠋ᠢᠨ ᠦᠢᠯᠡᠰ᠎ᠢ ᠬᠦᠭ᠌ᠵᠢᠭᠦᠯᠬᠦ᠌ ᠦᠪᠡᠷᠮᠢᠴᠡ ᠳᠠᠪᠠᠭᠤᠯᠢᠭ᠎ᠲᠠᠢ ᠠᠵᠢ᠃ ᠳᠤᠰ ᠬᠤᠱᠢᠭᠤ ᠡᠨᠡ ᠬᠦ᠌ ᠤᠷᠤᠨ ᠨᠤᠳᠤᠭ᠎ᠤᠨ ᠳᠠᠪᠠᠭᠤᠯᠢᠭ᠎ᠢᠶᠠᠨ ᠠᠱᠢᠬ᠍ᠯᠠᠨ ᠢᠯᠢ᠂ ᠶᠢᠦ ᠷᠠᠨ᠂ ᠰᠠᠢ ᠺᠧ ᠱᠢᠩ᠂ ᠲᠢᠶᠠᠨ ᠱᠢᠩ᠂ ᠱᠧᠩ ᠹᠠ ᠶᠤᠸᠠᠨ ᠵᠡᠷᠭᠡ ᠳᠠᠭᠠᠭᠤᠯᠤᠭ᠍ᠴᠢ ᠠᠵᠤ ᠠᠬᠤᠢ᠍ᠢᠯᠠᠯ᠎ᠢ ᠤᠷᠤᠭᠤᠯᠤᠨ ᠠᠪᠴᠢᠷᠠᠬᠤ᠎ᠶ᠋ᠢᠨ ᠬᠠᠮᠳᠤ ᠲᠦᠷᠦ᠎ᠶ᠋ᠢᠨ ᠪᠤᠳᠤᠯᠭ᠎ᠠ᠎ᠶ᠋ᠢᠨ ᠪᠡᠯᠡ ᠮᠦᠩᠭᠦ᠎ᠶ᠋ᠢᠨ ᠳᠡᠮᠵᠢᠯᠭᠡ᠎ᠶ᠋ᠢᠨ ᠡᠷᠴᠢᠮ᠎ᠢᠶᠠᠨ ᠴᠢᠩᠭᠠᠷᠠᠭᠤᠯᠤᠨ ᠦᠢᠯᠡᠴᠢᠯᠡᠭᠡ᠎ᠪᠠᠨ ᠰᠠᠢᠵᠢᠷᠠᠭᠤᠯᠵᠤ᠂ 《ᠦᠵᠤ ᠲᠦᠯᠦᠪᠯᠡᠭᠡ ᠬᠢᠵᠤ᠂ ᠳᠠᠭᠠᠭᠤᠯᠤᠭ᠍ᠴᠢ ᠠᠵᠤ ᠠᠬᠤᠢ᠍ᠢᠯᠠᠯ᠎ᠢᠶᠠᠷ ᠬᠦᠳᠦᠯᠦᠨ ᠳᠠᠭᠠᠭᠤᠯᠵᠤ᠂ ᠰᠠᠭᠠᠯᠢ᠎ᠶ᠋ᠢᠨ ᠦᠨᠢᠶ᠎ᠠ ᠲᠠᠵᠢᠬᠡᠬᠦ᠌ ᠰᠠᠭᠤᠷᠢᠨ᠎ᠲᠠᠢ ᠬᠤᠯᠪᠤᠭᠠᠯᠠᠨ᠂ ᠠᠵᠤ ᠦᠢᠯᠡᠰ᠎ᠢ ᠬᠦᠴᠦᠷᠭᠡᠭ᠌ᠵᠢᠭᠦᠯᠬᠦ᠌》 ᠰᠡᠳᠭᠢᠴᠡ᠎ᠪᠠᠷ ᠨᠢᠭᠡᠳᠦᠯᠳᠠᠢ ᠲᠦᠯᠦᠪᠵᠢᠭᠦᠯᠵᠤ ᠵᠤᠬᠢᠴᠠᠭᠤᠯᠤᠨ ᠠᠬᠢᠭᠤᠯᠵᠤ᠂ ᠰᠦ᠎ᠶ᠋ᠢᠨ ᠦᠢᠯᠡᠰ᠎ᠢ ᠭᠦᠭ᠌ᠵᠢᠭᠦᠯᠦᠨ ᠮᠠᠨᠳᠤᠭᠤᠯᠬᠤ ᠪᠤᠭᠤᠮᠳᠠ ᠱᠢᠪᠳᠤᠯᠬᠤ ᠳᠠᠢᠯᠠᠯᠳᠤᠭᠠᠨ᠎ᠤ ᠢᠯᠡᠯᠳᠡ᠎ᠶ᠋ᠢ ᠤᠯᠬᠤ᠎ᠪᠠᠷ ᠡᠷᠡᠮᠡᠭᠡᠢᠯᠡᠨ ᠤᠷᠤᠭ᠍ᠰᠢᠯᠠᠵᠤ ᠪᠤᠢ᠃

ᠳᠠᠭᠠᠭᠤᠯᠤᠭ᠍ᠴᠢ ᠠᠵᠤ ᠠᠬᠤᠢ᠍ᠢᠯᠠᠯ᠎ᠨᠢ ᠬᠦᠳᠡᠭᠡ ᠳᠤᠰᠭᠤᠨ᠎ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ᠎ᠤᠨ ᠠᠭᠤᠰᠤᠯᠴᠠᠨ ᠬᠦᠭ᠌ᠵᠢᠭᠦ᠎ᠶ᠋ᠢ ᠠᠬᠢᠭᠤᠯᠵᠤ᠂ ᠤᠷᠤᠨ ᠨᠤᠳᠤᠭ᠎ᠤᠨ ᠠᠵᠤ ᠠᠬᠤᠢ ᠨᠡᠢᠭᠡᠮ᠎ᠤᠨ ᠭᠦᠭ᠌ᠵᠢᠯᠳᠡ᠎ᠶ᠋ᠢ ᠳᠠᠢᠴᠢᠯᠠᠨ ᠲᠠᠭᠠᠭᠤᠯᠬᠤ ᠠᠤᠭ᠎ᠠ ᠶᠡᠭᠡ ᠬᠦᠴᠦᠨ᠎ᠲᠠᠢ ᠬᠡᠳᠡᠭ᠎ᠢ ᠠᠷᠤᠨ ᠬᠤᠱᠢᠭᠤᠨ᠎ᠤ᠎ᠬᠢᠨ ᠲᠤᠳᠤᠷ᠎ᠠ᠎ᠪᠠᠨ ᠲᠤᠭ᠎ᠠ᠎ᠲᠠᠢ ᠶᠤᠮ᠃ ᠳᠤᠰ ᠬᠤᠱᠢᠭᠤᠨ᠎ᠤ ᠪᠦᠳᠦᠭᠡᠨ ᠪᠠᠢᠭᠤᠯᠵᠤ ᠪᠠᠢᠭ᠎ᠠ ᠢᠯᠢ ᠪᠦᠯᠦᠭ᠌ᠯᠡᠯ ᠺᠤᠮᠫᠠᠨᠢ᠎ᠶ᠋ᠢᠨ 2 ᠬᠤᠭᠤᠴᠠᠭᠠᠨ᠎ᠤ ᠲᠥᠷᠥᠯ ᠵᠦᠢᠯ ᠠᠱᠢᠬ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ ᠡᠳᠦᠷ᠎ᠲᠤ 4000 ᠲᠣᠨ ᠰᠦ ᠰᠠᠭᠠᠨ᠂ 100 ᠳ᠋ᠦᠩᠱᠢᠭᠤᠷ ᠲᠥᠭᠦᠷᠢᠭ᠎ᠤᠨ ᠦᠢᠯᠡᠳᠬᠦᠨ᠎ᠤ ᠥᠷᠲᠡᠭ᠎ᠲᠠᠢ ᠪᠤᠯᠵᠤ᠂ ᠤᠷᠤᠨ ᠨᠤᠳᠤᠭ᠎ᠤᠨ᠎ᠢᠶᠠᠨ ᠴᠠᠭᠠᠨ ᠢᠳᠡᠭᠡᠨ ᠡᠳ᠋ᠱᠢᠭᠦᠯᠦᠨ ᠪᠣᠯᠪᠠᠰᠤᠷᠠᠭᠤᠯᠬᠤ ᠦᠢᠯᠡᠰ᠂ ᠲᠠᠷᠢᠮᠠᠯ᠎ᠤᠨ ᠦᠢᠯᠡᠰ᠂ ᠲᠡᠵᠢᠭᠡᠨ ᠦᠷᠡᠵᠢᠭᠦᠯᠬᠦ᠌ ᠦᠢᠯᠡᠰ᠂ ᠳᠡᠵᠢᠭᠡᠯ ᠪᠣᠷᠳᠤᠭ᠎ᠠ ᠡᠳ᠋ᠱᠢᠭᠦᠯᠦᠨ ᠪᠤᠯᠪᠠᠰᠤᠷᠠᠭᠤᠯᠬᠤ ᠦᠢᠯᠡᠰ ᠪᠠ ᠪᠠᠷᠠᠭᠠᠨ᠎ᠤ ᠭᠦᠢᠯᠭᠡᠭᠡ ᠵᠡᠷᠭᠡ ᠬᠠᠮᠢᠶ᠎ᠠ ᠪᠦᠬᠦᠢ ᠠᠵᠤ ᠦᠢᠯᠡᠰ᠎ᠤᠨ ᠬᠠᠮᠵᠢᠯᠴᠠᠨ ᠬᠥᠭ᠌ᠵᠢᠬᠦ᠌᠎ᠶ᠋ᠢ ᠭᠦᠢᠴᠡᠳ ᠳᠠᠢᠴᠢᠯᠠᠵᠤ᠂ ᠨᠠᠭᠠᠳᠤ ᠵᠠᠬ᠎ᠠ᠎ᠳᠠᠭᠠᠨ ᠮᠢᠩᠭᠠᠨ ᠳ᠋ᠦᠩᠱᠢᠭᠤᠷ ᠲᠥᠭᠦᠷᠢᠭ᠎ᠤᠨ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠠᠵᠤ ᠠᠬᠤᠶ᠎ᠶ᠋ᠢᠨ ᠬᠤᠪᠢ ᠨᠡᠮᠡᠷᠢ᠎ᠶ᠋ᠢ ᠪᠡᠶᠡᠯᠡᠬᠦᠯᠵᠤ᠂ 6 ᠲᠦᠮᠡᠨ ᠬᠥᠮᠦᠨ᠎ᠤ ᠠᠵᠢᠯ ᠣᠯᠭᠤᠯᠲᠠ᠎ᠶ᠋ᠢ ᠱᠢᠭᠤᠳ ᠳᠠᠢᠴᠢᠯᠠᠨ᠂ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ 40 ᠲᠦᠮᠡᠨ ᠬᠥᠮᠦᠨ᠎ᠤ ᠠᠵᠢᠯ ᠣᠯᠭᠤᠯᠲᠠ᠎ᠶ᠋ᠢ ᠳᠠᠮ᠎ᠢᠶᠠᠷ ᠳᠠᠢᠴᠢᠯᠠᠵᠤ᠂ ᠠᠵᠤ ᠦᠢᠯᠡᠰ᠎ᠤᠨ ᠰᠦᠷᠦᠭ᠌ᠵᠢᠯ᠎ᠤᠨ ᠠᠵᠤ ᠠᠬᠤᠶ ᠨᠡᠢᠭᠡᠮ᠎ᠤᠨ ᠶᠡᠷᠦᠩᠬᠡᠢᠯᠡᠭ᠌ᠰᠡᠨ ᠦᠷ᠎ᠠ ᠨᠦᠯᠦᠭᠡ ᠭᠠᠷᠭᠠᠨ᠂ ᠬᠦᠳᠡᠭᠡ ᠳᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠳᠤ ᠢᠯᠡᠳᠳᠡ ᠳᠠᠢᠴᠢᠯᠠᠬᠤ ᠦᠢᠯᠡᠳᠦᠯ ᠦᠵᠡᠭᠦᠯᠬᠦ᠌ ᠪᠤᠯᠤᠨ᠎ᠠ᠃

ᠰᠦ᠎ᠶ᠋ᠢᠨ ᠦᠢᠯᠡᠰ᠎ᠤᠨ ᠬᠦᠭ᠌ᠵᠢᠯᠳᠡ᠎ᠨᠢ ᠠᠷᠤᠨ ᠬᠤᠱᠢᠭᠤᠨ᠎ᠤ ᠬᠦᠳᠡᠭᠡ ᠳᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠳᠤ ᠪᠠᠳᠤ ᠰᠠᠭᠤᠷᠢ᠎ᠶ᠋ᠢ ᠳᠠᠯᠪᠢᠬᠤ ᠪᠤᠯᠤᠨ᠎ᠠ᠃ ᠠᠷᠤᠨ ᠬᠤᠱᠢᠭᠤᠨ᠎ᠤ ᠤᠷᠤᠭᠤᠯᠵᠤ ᠠᠪᠴᠢᠷᠠᠭ᠍ᠰᠠᠨ ᠰᠦ᠎ᠶ᠋ᠢᠨ ᠦᠢᠯᠡᠰ᠎ᠤᠨ ᠳᠠᠭᠠᠭᠤᠯᠤᠭ᠍ᠴᠢ ᠠᠵᠤ ᠠᠬᠤᠢ᠍ᠢᠯᠠᠯ᠎ᠤᠳ ᠵᠤᠷᠢᠭ᠍ᠳᠠᠢ᠎ᠪᠠᠷ ᠬᠠᠷᠢᠭᠤᠴᠠᠯᠭ᠎ᠠ ᠡᠭᠦᠷᠭᠡᠯᠡᠨ ᠮᠠᠯ ᠠᠵᠤ ᠠᠬᠤᠢ ᠳᠠᠷᠢᠶᠠᠯᠠᠩ᠎ᠤᠨ ᠠᠵᠤ ᠦᠢᠯᠡᠰ᠎ᠤᠨ ᠬᠡᠯᠬᠢᠶ᠎ᠠ᠎ᠳᠤᠨᠢ ᠬᠦᠨᠵᠡᠭᠡᠢ ᠠᠭᠤᠰᠤᠯᠴᠠᠵᠤ ᠪᠠᠢᠨ᠎ᠠ᠃ ᠡᠨᠡ᠎ᠨᠢ ᠲᠤᠰ ᠬᠤᠱᠢᠭᠤᠨ᠎ᠤ ᠮᠠᠯ ᠠᠵᠤ ᠠᠬᠤᠢ ᠳᠠᠷᠢᠶᠠᠯᠠᠩ᠎ᠤᠨ ᠠᠵᠤ ᠦᠢᠯᠡᠰᠵᠢᠯᠳᠡ᠎ᠶ᠋ᠢ ᠠᠬᠢᠭᠤᠯᠬᠤ᠎ᠶ᠋ᠢᠨ ᠤᠯᠠᠮ᠎ᠢᠶᠠᠷ ᠮᠠᠯ ᠠᠵᠤ ᠠᠬᠤᠢ ᠳᠠᠷᠢᠶᠠᠯᠠᠩ᠎ᠤᠨ ᠤᠳᠤᠬᠢᠴᠢᠯᠠᠯᠳᠠ᠎ᠶ᠋ᠢᠨ ᠠᠯᠬᠤᠭ᠎ᠠ᠎ᠶ᠋ᠢ ᠲᠦᠷᠬᠡᠳᠭᠡᠵᠤ᠂ ᠠᠵᠤ ᠠᠬᠤᠢ ᠨᠡᠢᠭᠡᠮ᠎ᠤᠨ ᠬᠦᠭ᠌ᠵᠢᠯᠳᠠ ᠵᠢᠴᠢ ᠬᠦᠳᠡᠭᠡ ᠳᠤᠰᠭᠤᠨ᠎ᠤ ᠬᠦᠭ᠌ᠵᠢᠯ ᠮᠠᠨᠳᠤᠯ᠎ᠳᠤ ᠬᠦᠴᠦᠳᠤ ᠵᠢᠭᠦᠷ ᠤᠷᠭᠤᠭᠤᠯᠬᠤ᠎ᠨᠢ ᠭᠠᠷᠴᠠᠭ᠎ᠠ ᠦᠬᠡᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号