ᠠᠷᠤᠨ ᠬᠤᠱᠢᠭᠤ᠄ ᠰᠦ᠎ᠶ᠋ᠢᠨ ᠦᠢᠯᠡᠰ᠎ᠤᠨ 《ᠭᠤᠷᠪᠠᠨ ᠭᠤᠤᠯᠯᠠᠬᠤ ᠤᠷᠤᠨ》 ᠎ᠢ ᠪᠦᠳᠦᠬᠡᠨ ᠪᠠᠢᠭᠤᠯᠤᠨ᠎ᠠ
2021-08-02 17:44:00
ᠵᠣᠬᠢᠶᠠᠭ᠍ᠴᠢ᠄
​ ᠭᠤᠸ᠎ᠠ
ᠣᠩᠱᠢᠭ᠍ᠰᠠᠨ ᠣᠳᠠᠭ᠎ᠠ᠄
★★★☆☆

ᠴᠡᠴᠡᠭ ᠲᠠᠯᠬᠡᠷᠡᠵᠤ ᠡᠪᠡᠰᠤ ᠬᠠᠯᠢᠭᠤᠷᠠᠭ᠍ᠰᠠᠨ ᠳᠡᠯᠭᠡᠷ ᠵᠤᠨ᠎ᠤ ᠰᠠᠢᠬᠠᠨ ᠡᠷᠢᠨ᠎ᠳᠤ ᠠᠷᠤᠨ ᠬᠤᠱᠢᠭᠤᠨ᠎ᠤ ᠭᠠᠵᠠᠷ ᠪᠣᠯᠭᠠᠨ᠎ᠳᠤ ᠲᠦᠷᠦᠯ ᠵᠦᠢᠯ᠎ᠤᠨ ᠪᠦᠳᠦᠭᠡᠨ ᠪᠠᠢᠭᠤᠯᠤᠯᠲᠠ ᠬᠦᠷ ᠬᠥᠭ᠌ᠵᠢᠶᠡᠨ᠎ᠲᠠᠢ ᠶᠠᠪᠤᠭ᠍ᠳᠠᠨ᠎ᠠ᠃ ᠠᠷᠤᠨ ᠬᠤᠱᠢᠭᠤᠨ᠎ᠤ ᠨᠠᠵᠢ ᠪᠠᠯᠭᠠᠰᠤ᠎ᠶ᠋ᠢᠨ ᠵᠡᠭᠦᠨ ᠪᠡᠶ᠎ᠡ᠎ᠳᠤ ᠪᠠᠢᠷᠢᠯᠠᠭ᠎ᠠ ᠬᠥᠯᠥᠨ ᠪᠤᠢᠷ᠎ᠤᠨ ᠪᠣᠬᠢᠷᠲᠤᠯ ᠦᠭᠡᠢ ᠢᠳᠡᠭᠡᠨ᠎ᠤ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠲᠤ ᠢᠯᠢ ᠪᠦᠯᠦᠭ᠌ᠯᠡᠯ ᠺᠤᠮᠫᠠᠨᠢ᠎ᠶ᠋ᠢᠨ ᠣᠷᠭᠠᠨᠢᠭ ᠰᠦ᠎ᠶ᠋ᠢᠨ ᠪᠦᠲᠦᠭᠡᠭ᠌ᠳᠡᠬᠦᠨ᠎ᠤ ᠲᠦᠷᠦᠯ ᠵᠦᠢᠯ᠎ᠤᠨ ᠪᠦᠳᠦᠭᠡᠨ ᠪᠠᠢᠭᠤᠯᠤᠯᠲᠠ ᠢᠳᠡ ᠬᠦᠭ᠎ᠲᠠᠢ ᠶᠠᠪᠤᠭ᠍ᠳᠠᠵᠤ᠂ ᠮᠠᠱᠢᠨ᠎ᠤ ᠳᠠᠭᠤᠨ ᠬᠦᠩᠭᠢᠨᠡᠨ ᠵᠥᠭᠡᠭᠡᠪᠦᠷᠢ᠎ᠶ᠋ᠢᠨ ᠳᠡᠷᠭᠡ ᠰᠦᠯᠵᠢᠯᠳᠦᠵᠤ᠂ ᠬᠡᠳᠦᠨ ᠵᠠᠭᠤᠨ ᠠᠵᠢᠯᠴᠢᠨ ᠴᠠᠭ ᠮᠥᠴᠡ᠎ᠶ᠋ᠢ ᠠᠮᠵᠢᠨ ᠶᠠᠭᠠᠷᠠᠯᠳᠠᠢ ᠠᠵᠢᠯᠯᠠᠵᠠᠭᠠᠨ᠎ᠠ ᠁

ᠨᠢᠳᠤᠨᠤᠨ᠎ᠤ 4 ᠰᠠᠷ᠎ᠠ᠎ᠳᠤ᠂ ᠠᠷᠤᠨ ᠬᠤᠱᠢᠭᠤ ᠢᠯᠢ ᠪᠦᠯᠦᠭ᠌ᠯᠡᠯ ᠺᠤᠮᠫᠠᠨᠢ᠎ᠶ᠋ᠢᠨ ᠰᠦ᠎ᠶ᠋ᠢᠨ ᠪᠦᠲᠦᠭᠡᠭ᠌ᠳᠡᠬᠦᠨ᠎ᠤ ᠨᠢᠭᠡᠳᠦᠭᠡᠷ ᠬᠤᠭᠤᠴᠠᠭᠠᠨ᠎ᠤ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠶ᠋ᠢ ᠡᠬᠢᠯᠡᠭᠦᠯᠵᠦ᠍᠂ ᠵᠢᠱ᠌ᠢᠯᠲᠡ᠎ᠪᠠᠷ ᠡᠨᠡ ᠵᠢᠯ᠎ᠤᠨ 10 ᠰᠠᠷ᠎ᠠ᠎ᠶ᠋ᠢᠨ ᠰᠡᠭᠦᠯᠴᠢ᠎ᠪᠠᠷ ᠠᠱᠢᠬ᠍ᠯᠠᠯᠳᠠ᠎ᠳᠤ ᠤᠷᠤᠭᠤᠯᠬᠤ ᠪᠤᠯᠤᠨ᠎ᠠ᠃ ᠳᠤᠰ ᠬᠤᠱᠢᠭᠤ ᠨᠢᠳᠤᠨᠤᠨ᠎ᠤ 4 ᠰᠠᠷ᠎ᠠ᠎ᠳᠤ ᠪᠠᠰᠠ ᠢᠯᠢ ᠪᠦᠯᠦᠭ᠌ᠯᠡᠯ ᠺᠤᠮᠫᠠᠨᠢ᠎ᠶ᠋ᠢᠨ ᠪᠣᠬᠢᠷᠲᠤᠯ ᠥᠬᠡᠶ ᠣᠶᠤᠨᠳᠤ ᠳᠡᠭᠡᠳᠦ ᠲᠠᠰ᠎ᠤᠨ ᠣᠷᠭᠠᠨᠢᠭ ᠰᠦ᠎ᠶ᠋ᠢᠨ ᠪᠦᠲᠦᠭᠡᠭ᠌ᠳᠡᠬᠦᠨ᠎ᠤ ᠬᠤᠶᠠᠳᠤᠭᠠᠷ ᠬᠤᠭᠤᠴᠠᠭᠠᠨ᠎ᠤ ᠲᠠᠰ ᠳᠡᠪᠱᠢᠬᠦᠯᠬᠦ᠌ ᠵᠢᠱ᠌ᠢᠶ᠎ᠡ ᠦᠵᠡᠭᠦᠯᠬᠦ᠌ ᠲᠥᠷᠥᠯ ᠵᠦᠢᠯ᠎ᠢ ᠤᠷᠢᠨ ᠤᠷᠤᠭᠤᠯᠬᠤ ᠳᠤᠬᠠᠢ ᠵᠦᠪᠳᠡᠯᠴᠡᠭᠡᠷ ᠳᠤᠭ᠍ᠳᠠᠭ᠍ᠰᠠᠨ ᠠᠵᠢ᠃ 

ᠡᠨᠡ ᠪᠦᠬᠦᠨ ᠪᠤᠯ ᠲᠤᠰ ᠬᠤᠱᠢᠭᠤ ᠰᠦ᠎ᠶ᠋ᠢᠨ ᠦᠢᠯᠡᠰ᠎ᠢ ᠪᠥᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠨᠠᠢᠳᠠᠪᠤᠷᠢᠵᠢᠭᠤᠯᠵᠤ ᠪᠠᠢᠭ᠎ᠠ᠎ᠶ᠋ᠢᠨ ᠬᠡᠷᠡᠴᠢᠯᠡᠯ ᠪᠤᠯᠬᠤ ᠶᠤᠮ᠃ ᠠᠷᠤᠨ ᠬᠤᠱᠢᠭᠤ ᠰᠦ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠶᠡᠭᠡ᠎ᠪᠠᠷ ᠬᠡᠷᠡᠭ᠌ᠵᠢᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠪᠠᠯᠠ ᠮᠥᠩᠭᠦ᠎ᠪᠠᠷ ᠲᠡᠳᠬᠦᠬᠦ᠌ ᠡᠷᠴᠢᠮ᠎ᠢᠶᠠᠨ ᠴᠢᠩᠭᠠᠷᠠᠭᠤᠯᠤᠨ᠂ ᠢᠯᠢ ᠪᠦᠯᠦᠭ᠌ᠯᠡᠯ ᠺᠤᠮᠫᠠᠨᠢ᠎ᠶ᠋ᠢᠨ ᠣᠷᠭᠠᠨᠢᠭ ᠰᠦ᠎ᠶ᠋ᠢᠨ ᠪᠦᠳᠦᠭᠡᠭ᠌ᠳᠡᠭᠦᠨ ᠵᠡᠷᠭᠡ ᠴᠢᠬᠤᠯᠠ ᠶᠡᠭᠡ ᠲᠥᠷᠥᠯ ᠵᠦᠢᠯ᠎ᠤᠳ᠎ᠢ ᠪᠠᠷᠢᠯᠭ᠎ᠠ ᠡᠬᠢᠯᠡᠭᠦᠯᠵᠦ᠍᠂ ᠠᠷᠤᠨ ᠬᠤᠱᠢᠭᠤ᠎ᠶ᠋ᠢ ᠣᠷᠭᠠᠨᠢᠭ ᠲᠦᠭᠦᠬᠡᠶ ᠰᠦ᠎ᠶ᠋ᠢᠨ ᠭᠠᠷᠤᠯᠳᠠ᠎ᠶ᠋ᠢᠨ ᠭᠤᠤᠯᠯᠠᠬᠤ ᠤᠷᠤᠨ᠂ ᠴᠠᠭᠠᠨ ᠢᠳᠡᠭᠡᠨ᠎ᠤ ᠦᠢᠯᠡᠳᠪᠦᠷᠢᠯᠡᠯ᠎ᠤᠨ ᠭᠤᠤᠯᠯᠠᠬᠤ ᠤᠷᠤᠨ᠂ ᠵᠢᠱ᠌ᠢᠶ᠎ᠡ ᠦᠵᠡᠭᠦᠯᠬᠦ᠌ ᠣᠷᠭᠠᠨᠢᠭ ᠮᠠᠯᠵᠢᠯ᠎ᠤᠨ ᠲᠠᠯᠠᠪᠠᠶ᠎ᠶ᠋ᠢᠨ ᠭᠤᠤᠯᠯᠠᠬᠤ ᠤᠷᠤᠨ ᠪᠣᠯᠭᠠᠨ ᠪᠦᠳᠦᠬᠡᠨ ᠪᠠᠢᠭᠤᠯᠵᠤ᠂ ᠬᠥᠳᠡᠭᠡ ᠲᠣᠰᠭᠤᠨ᠎ᠤ ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠵᠤ ᠪᠤᠢ᠃

ᠲᠥᠷᠥ᠎ᠶ᠋ᠢᠨ ᠪᠣᠳᠣᠯᠭ᠎ᠠ᠎ᠪᠠᠷ ᠲᠦᠮᠡᠨ᠎ᠤ ᠬᠦᠴᠦ᠎ᠶ᠋ᠢ ᠨᠢᠭ᠍ᠳᠠᠷᠠᠭᠤᠯᠤᠨ᠎ᠠ

ᠤᠯᠤᠰ᠎ᠠᠴᠠ ᠰᠦ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠦᠭ᠌ᠰᠡᠨ᠎ᠠᠴᠠ ᠨᠠᠭᠠᠰᠢ᠂ ᠬᠥᠯᠥᠨ ᠪᠤᠢᠷ ᠬᠤᠲᠠ᠎ᠶ᠋ᠢᠨ᠎ᠬᠢᠨ ᠠᠷᠤᠨ ᠬᠤᠱᠢᠭᠤ᠎ᠶ᠋ᠢ ᠰᠦ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠭᠤᠤᠯᠳᠠᠯᠭ᠎ᠠ᠎ᠲᠠᠢ ᠭᠠᠵᠠᠷ ᠣᠷᠣᠨ ᠪᠣᠯᠭᠠᠨ ᠴᠤᠭ᠍ᠴᠠᠯᠠᠵᠤ᠂ ᠠᠷᠤᠨ ᠬᠤᠱᠢᠭᠤᠨ᠎ᠤ ᠰᠦ᠎ᠶ᠋ᠢᠨ ᠠᠵᠤ ᠦᠢᠯᠡᠰ᠎ᠤᠨ ᠬᠦᠷᠢᠶᠡᠯᠡᠩ ᠲᠤᠭᠤᠷᠢᠭ᠎ᠤᠨ ᠪᠥᠲᠥᠭᠡᠨ ᠪᠠᠢᠭᠤᠯᠤᠯᠲᠠ᠎ᠶ᠋ᠢ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠲᠥᠷᠥᠯ ᠵᠦᠢᠯ᠎ᠳᠤ ᠭᠤᠶᠤᠴᠢᠯᠠᠨ ᠣᠷᠣᠭᠤᠯᠵᠠᠢ᠃ 2018 ᠤᠨ᠎ᠠᠴᠠ ᠡᠬᠢᠯᠡᠨ ᠳᠠᠭᠠᠭᠤᠯᠤᠭ᠍ᠴᠢ ᠠᠵᠤ ᠠᠬᠤᠢ᠍ᠢᠯᠠᠯ᠎ᠢ ᠤᠷᠤᠭᠤᠯᠤᠨ ᠰᠦ᠎ᠶ᠋ᠢᠨ ᠠᠵᠤ ᠦᠢᠯᠡᠰ᠎ᠤᠨ ᠲᠦᠷᠦᠯ ᠵᠦᠢᠯ᠎ᠢ ᠢᠳᠡᠪᠬᠢᠳᠠᠢ ᠬᠡᠷᠡᠭ᠌ᠵᠢᠭᠦᠯᠵᠤ᠂ ᠢᠯᠠᠩᠭᠤᠶ᠎ᠠ ᠢᠯᠢ ᠪᠦᠯᠦᠭ᠌ᠯᠡᠯ ᠺᠤᠮᠫᠠᠨᠢ᠎ᠶ᠋ᠢᠨ ᠲᠦᠷᠦᠯ ᠵᠦᠢᠯ᠎ᠢ ᠬᠡᠷᠡᠭ᠌ᠵᠢᠭᠦᠯᠦᠭ᠌ᠰᠡᠨ᠎ᠠᠴᠠ ᠨᠠᠭᠠᠰᠢ ᠠᠷᠦᠨ ᠬᠤᠱᠢᠭᠤᠨ᠎ᠤ ᠰᠦ᠎ᠶ᠋ᠢᠨ ᠦᠢᠯᠡᠰ᠎ᠢ ᠬᠦᠭ᠌ᠵᠢᠬᠦᠯᠦᠨ ᠮᠠᠨᠳᠤᠭᠤᠯᠬᠤ ᠠᠯᠬᠤᠭ᠎ᠠ ᠤᠯᠠᠮ ᠢᠳᠡᠯᠢᠭ ᠪᠤᠯᠤᠭ᠍ᠰᠠᠨ ᠪᠢᠯᠡ᠃

ᠰᠦ᠎ᠶ᠋ᠢᠨ ᠦᠢᠯᠡᠰ᠎ᠤᠨ ᠡᠷᠡᠭᠦᠯ ᠪᠥᠭᠡᠳ ᠲᠦᠷᠭᠡᠨ ᠬᠥᠭ᠌ᠵᠢᠯᠲᠡ᠎ᠶ᠋ᠢ ᠪᠥᠬᠦ᠌ ᠬᠦᠴᠦᠨ᠎ᠢᠶᠠᠷ ᠠᠬᠢᠭᠤᠯᠬᠤ᠎ᠶ᠋ᠢᠨ ᠲᠥᠯᠥᠭᠡ᠂ ᠢᠯᠢ ᠪᠦᠯᠦᠭ᠌ᠯᠡᠯ ᠺᠤᠮᠫᠠᠨᠢ᠎ᠶ᠋ᠢᠨ ᠣᠷᠭᠠᠨᠢᠭ ᠰᠦ᠎ᠶ᠋ᠢᠨ ᠪᠦᠲᠦᠭᠡᠭ᠌ᠳᠡᠬᠦᠨ᠎ᠤ ᠲᠥᠷᠥᠯ ᠵᠦᠢᠯ ᠵᠡᠷᠭᠡ ᠰᠦ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠠᠯᠢ ᠣᠯᠠᠨ ᠲᠥᠷᠥᠯ ᠵᠦᠢᠯ᠎ᠳᠤ ᠬᠠᠨᠳᠤᠭᠤᠯᠤᠨ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠢᠷ ᠬᠤᠲᠠ᠂ ᠠᠷᠤᠨ ᠬᠤᠱᠢᠭᠤ ᠪᠣᠯᠤᠨ ᠢᠯᠢ ᠪᠦᠯᠦᠭ᠌ᠯᠡᠯ ᠺᠤᠮᠫᠠᠨᠢ ᠵᠠᠯᠭᠠᠭ᠎ᠠ᠎ᠪᠠᠷ ᠣᠯᠠᠨ ᠵᠦᠢᠯ᠎ᠤᠨ ᠲᠡᠳᠬᠦᠨ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠨ ᠬᠡᠷᠡᠭ᠌ᠵᠢᠬᠦᠯᠪᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠲᠡᠵᠢᠭᠡᠯ ᠪᠣᠷᠳᠤᠭ᠎ᠠ ᠳᠠᠷᠢᠬᠤ ᠪᠠ ᠬᠤᠷᠢᠶᠠᠨ ᠬᠠᠳᠠᠭᠠᠯᠠᠬᠤ᠂ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠲᠠᠯᠠᠪᠠᠶ᠎ᠶ᠋ᠢᠨ ᠪᠠᠭᠠᠵᠢ ᠲᠥᠬᠦᠭᠡᠷᠦᠮᠵᠢ ᠬᠤᠳᠠᠯᠳᠤᠨ ᠠᠪᠬᠤ᠂ ᠴᠢᠨᠠᠷ ᠰᠠᠢᠲᠠᠶ ᠢᠴᠡᠭᠡᠯ ᠦᠷ᠎ᠡ ᠬᠡᠷᠡᠭ᠌ᠯᠡᠬᠦ᠌ ᠵᠢᠴᠢ ᠭᠠᠳᠠᠭᠠᠳᠤ᠎ᠠᠴᠠ ᠰᠠᠢᠨ ᠡᠭᠦᠯᠳᠡᠷ᠎ᠤᠨ ᠰᠠᠭᠠᠯᠢ᠎ᠶ᠋ᠢᠨ ᠦᠨᠢᠶ᠎ᠠ ᠤᠷᠤᠭᠤᠯᠬᠤ᠎ᠳᠤ ᠴᠥᠮ ᠨᠥᠬᠦᠪᠥᠷᠢ ᠣᠯᠭᠤᠪᠠ᠃ ᠡᠬᠦᠨ᠎ᠤ ᠬᠠᠮᠳᠤ ᠠᠷᠤᠨ ᠬᠤᠱᠢᠭᠤᠨ᠎ᠤ᠎ᠬᠢᠨ ᠪᠠᠰᠠ ᠬᠥᠯᠥᠨ ᠪᠤᠢᠷ ᠬᠤᠲᠠ᠎ᠶ᠋ᠢᠨ ᠭᠠᠳᠠᠨ᠎ᠠ᠎ᠠᠴᠠ ᠬᠤᠳᠠᠯᠳᠤᠨ ᠠᠪᠬᠤ ᠰᠠᠢᠨ ᠡᠭᠦᠯᠳᠡᠷ᠎ᠤᠨ ᠰᠠᠭᠠᠯᠢ᠎ᠶ᠋ᠢᠨ ᠦᠨᠢᠶ᠎ᠡ ᠪᠠ ᠰᠠᠭᠠᠯᠢ᠎ᠶ᠋ᠢᠨ ᠦᠨᠢᠶ᠎ᠡ᠎ᠶ᠋ᠢᠨ ᠦᠢᠯᠡᠳᠪᠦᠷᠢᠯᠡᠯ᠎ᠤᠨ ᠴᠢᠳᠠᠮᠵᠢ᠎ᠶ᠋ᠢ ᠬᠡᠮᠵᠢᠨ ᠲᠣᠭ᠍ᠲᠠᠭᠠᠬᠤ᠎ᠳᠤ ᠨᠥᠬᠦᠪᠥᠷᠢ ᠤᠯᠭᠤᠬᠤ᠂ ᠱᠢᠨ᠎ᠡ᠎ᠪᠠᠷ ᠪᠠᠢᠭᠤᠯᠤᠭ᠍ᠰᠠᠨ 300 ᠦᠨᠢᠶ᠎ᠡ᠎ᠠᠴᠠ ᠳᠡᠭᠡᠭ᠌ᠰᠢᠬᠢ ᠬᠡᠪᠴᠢᠶᠡᠵᠢᠭ᠌ᠰᠡᠨ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠲᠠᠯᠠᠪᠠᠶ ᠪᠠᠯᠠ ᠬᠤᠷᠠᠮᠳᠤᠭᠤᠯᠭ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠢ ᠪᠠᠢᠪᠠᠯ 2019 — 2023 ᠣᠨ᠎ᠤ ᠬᠤᠭᠤᠷᠣᠨᠳᠣ 3 ᠵᠢᠯ᠎ᠤᠨ ᠬᠤᠭᠤᠴᠠᠭ᠎ᠠ᠎ᠲᠠᠢ᠎ᠪᠠᠷ ᠵᠢᠭᠡᠯᠡᠯᠭᠡ ᠤᠯᠭᠤᠨ᠂ ᠬᠦᠦ ᠮᠦᠩᠭᠦ᠎ᠶ᠋ᠢ᠎ᠨᠢ ᠵᠠᠰᠠᠭ᠎ᠤᠨ ᠳᠠᠯ᠎ᠠ᠎ᠠᠴᠠ ᠤᠷᠤᠯᠠᠨ ᠳᠤᠱᠢᠶᠠᠬᠤ᠂ ᠱᠢᠨ᠎ᠡ᠎ᠪᠠᠷ ᠪᠠᠢᠭᠤᠯᠬᠤ ᠬᠡᠪᠴᠢᠶᠡᠵᠢᠭ᠌ᠰᠡᠨ ᠲᠡᠵᠢᠭᠡᠨ ᠦᠷᠡᠵᠢᠭᠦᠯᠬᠦ᠌ ᠲᠠᠯᠠᠪᠠᠶ᠎ᠶ᠋ᠢᠨ ᠬᠤᠳᠠᠯᠳᠤᠨ ᠠᠪᠤᠭ᠍ᠰᠠᠨ ᠪᠠᠭᠠᠵᠢ ᠲᠥᠬᠦᠭᠡᠷᠦᠮᠵᠢ᠎ᠳᠤ ᠤᠯᠤᠰ ᠪᠠ ᠥᠪᠡᠷᠲᠡᠭᠡᠨ ᠵᠠᠰᠠᠬᠤ ᠣᠷᠣᠨ᠎ᠠᠴᠠ ᠨᠥᠬᠦᠪᠥᠷᠢ ᠤᠯᠭᠤᠬᠤ ᠵᠡᠷᠬᠡ ᠲᠦᠷᠦ᠎ᠶ᠋ᠢᠨ ᠪᠤᠳᠤᠯᠭ᠎ᠠ᠎ᠶ᠋ᠢᠨ ᠬᠠᠷᠠᠭᠠᠯᠵᠠᠯ᠎ᠢ ᠬᠦᠷᠲᠡᠭᠡᠵᠤ ᠪᠠᠢᠨ᠎ᠠ᠃

ᠦᠪᠡᠷᠳᠡᠭᠡᠨ ᠵᠠᠰᠠᠬᠤ ᠤᠷᠤᠨ ᠪᠤᠯᠤᠨ ᠬᠦᠯᠦᠨ ᠪᠤᠢᠷ ᠬᠤᠲᠠ᠎ᠶ᠋ᠢᠨ ᠬᠠᠮᠢᠶ᠎ᠠ ᠪᠦᠬᠦᠢ ᠲᠡᠳᠬᠦᠨ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠤᠭ᠍ᠰᠠᠨ᠎ᠠᠴᠠ ᠭᠠᠳᠠᠨ᠎ᠠ᠂ ᠠᠷᠤᠨ ᠬᠤᠱᠢᠭᠤ ᠪᠠᠰᠠ ᠱᠢᠨ᠎ᠡ᠎ᠪᠠᠷ ᠪᠠᠢᠭᠤᠯᠤᠭ᠍ᠰᠠᠨ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠵᠢᠱ᠌ᠢᠶ᠎ᠡ ᠦᠵᠡᠭᠦᠯᠬᠦ᠌ ᠮᠠᠯᠵᠢᠯ᠎ᠤᠨ ᠲᠠᠯᠠᠪᠠᠶ ᠪᠤᠯᠭᠠᠨ᠎ᠤ ᠬᠡᠷᠡᠭ᠌ᠯᠡᠭᠡᠨ᠎ᠤ ᠭᠠᠵᠠᠷ᠎ᠢ ᠪᠥᠬᠦ᠌ ᠬᠦᠴᠦᠨ᠎ᠢᠶᠠᠷ ᠳᠡᠮᠵᠢᠬᠦ᠌᠎ᠶ᠋ᠢᠨ ᠬᠠᠮᠲᠤ ᠱᠢᠨ᠎ᠡ᠎ᠪᠠᠷ ᠪᠠᠢᠭᠤᠯᠤᠭ᠍ᠰᠠᠨ ᠵᠢᠱ᠌ᠢᠶ᠎ᠡ ᠦᠵᠡᠭᠦᠯᠬᠦ᠌ ᠮᠠᠯᠵᠢᠯ᠎ᠤᠨ ᠲᠠᠯᠠᠪᠠᠶ᠎ᠳᠤ ᠤᠰᠤ᠂ ᠴᠠᠬᠢᠯᠭᠠᠨ᠂ ᠵᠠᠮ ᠵᠢᠴᠢ ᠲᠠᠯᠠᠪᠠᠶ ᠲᠣᠭᠤᠷᠢᠭ᠎ᠢ ᠲᠡᠭ᠌ᠰᠢᠯᠡᠬᠦ᠌ 《ᠭᠤᠷᠪᠠ᠎ᠶ᠋ᠢ ᠨᠡᠪᠲᠡᠷᠡᠭᠦᠯᠵᠦ᠍ ᠨᠢᠭᠡ᠎ᠶ᠋ᠢ ᠲᠡᠭ᠌ᠰᠢᠯᠡᠬᠦᠯᠬᠦ᠌》 ᠪᠥᠲᠥᠭᠡᠨ ᠪᠠᠢᠭᠤᠯᠤᠯᠲᠠ᠎ᠶ᠋ᠢᠨ ᠲᠦᠭᠦᠮ ᠨᠦᠭᠦᠴᠡᠯ ᠬᠠᠩᠭᠠᠵᠤ᠂ ᠪᠥᠬᠦ᠌ ᠬᠤᠱᠢᠭᠤᠨ᠎ᠤ ᠲᠠᠷᠢᠶᠠᠯᠠᠩ᠎ᠳᠤ ᠬᠤᠯᠪᠣᠭ᠍ᠳᠠᠬᠤ ᠲᠥᠷᠥᠯ ᠵᠦᠢᠯ᠎ᠢ ᠨᠡᠢᠳᠭᠡᠨ ᠱᠢᠨ᠎ᠡ᠎ᠪᠠᠷ ᠪᠠᠢᠭᠤᠯᠬᠤ ᠮᠠᠯᠵᠢᠯ᠎ᠤᠨ ᠲᠠᠯᠠᠪᠠᠶ᠎ᠶ᠋ᠢ ᠤᠷᠢᠳ᠎ᠢᠶᠠᠷ ᠪᠤᠳᠤᠯᠬᠢᠯᠠᠵᠤ ᠪᠠᠢᠨ᠎ᠠ᠃ 

ᠮᠥᠩᠭᠦᠨ ᠭᠦᠢᠯᠭᠡᠭᠡᠨ᠎ᠤ ᠲᠥᠷᠥ᠎ᠶ᠋ᠢᠨ ᠪᠣᠳᠣᠯᠭ᠎ᠠ᠎ᠶ᠋ᠢᠨ ᠲᠠᠯ᠎ᠠ᠎ᠪᠠᠷ᠂ ᠬᠥᠯᠥᠨ ᠪᠤᠢᠷ ᠬᠤᠲᠠ ᠪᠤᠯᠤᠨ ᠠᠷᠤᠨ ᠬᠤᠱᠢᠭᠤ᠎ᠶ᠋ᠢᠨ᠎ᠬᠢᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠪᠠᠩᠬᠢ᠎ᠶ᠋ᠢ ᠢᠳᠡᠪᠬᠢᠲᠡᠶ ᠵᠣᠬᠢᠴᠠᠭᠤᠯᠵᠤ᠂ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠠᠵᠤ ᠠᠬᠤᠢ᠍ᠢᠯᠠᠯ᠎ᠤᠨ ᠡᠪᠡᠰᠦ ᠪᠣᠷᠳᠤᠭ᠎ᠠ ᠳᠠᠷᠢᠬᠤ᠂ ᠰᠠᠭᠠᠯᠢ᠎ᠶ᠋ᠢᠨ ᠦᠨᠢᠶ᠎ᠡ ᠬᠤᠳᠠᠯᠳᠤᠨ ᠠᠪᠬᠤ᠂ ᠬᠠᠱᠢᠶ᠎ᠠ ᠰᠠᠷᠠᠪᠴᠢ ᠪᠠᠷᠢᠬᠤ ᠵᠢᠴᠢ ᠢᠵᠢ ᠪᠥᠷᠢᠳᠦᠭ᠌ᠰᠡᠨ ᠳᠠᠭᠠᠯᠲᠠ ᠲᠥᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠂ ᠰᠠᠭᠠᠯᠢ᠎ᠶ᠋ᠢᠨ ᠦᠨᠢᠶ᠎ᠡ ᠲᠡᠵᠢᠭᠡᠨ ᠠᠷᠠᠴᠢᠯᠠᠬᠤ ᠬᠠᠮᠢᠶᠠᠷᠤᠯᠲᠠ ᠵᠡᠷᠭᠡ ᠪᠥᠬᠦ᠌ ᠠᠵᠤ ᠦᠢᠯᠡᠰ᠎ᠤᠨ ᠬᠡᠯᠬᠢᠶ᠎ᠡ᠎ᠳᠤ ᠪᠠᠯᠠ ᠬᠤᠷᠠᠮᠳᠤᠭᠤᠯᠭ᠎ᠠ᠎ᠶ᠋ᠢᠨ ᠳᠡᠮᠵᠢᠯᠭᠡ ᠬᠠᠩᠭᠠᠵᠤ᠂ 13 ᠮᠠᠯᠵᠢᠯ᠎ᠤᠨ ᠳᠠᠯᠠᠪᠠᠢ᠎ᠳᠤ ᠨᠡᠢᠳᠡ 24.7 ᠳ᠋ᠦᠩᠱᠢᠭᠤᠷ ᠲᠦᠬᠦᠷᠢᠭ᠎ᠤᠨ ᠵᠢᠭᠡᠯᠡᠯᠭᠡ ᠬᠠᠩᠭᠠᠬᠤ᠎ᠪᠠᠷ ᠲᠤᠭ᠍ᠳᠠᠭ᠍ᠰᠠᠨ ᠪᠢᠯᠡ᠃ ᠢᠯᠢ ᠪᠦᠯᠦᠭ᠌ᠯᠡᠯ ᠺᠤᠮᠫᠠᠨᠢ ᠴᠦ᠍ ᠠᠷᠤᠨ ᠬᠤᠱᠢᠭᠤ᠎ᠶ᠋ᠢᠨ ᠱᠢᠨ᠎ᠡ᠎ᠪᠠᠷ ᠪᠠᠢᠭᠤᠯᠤᠭ᠍ᠰᠠᠨ ᠪᠠᠷᠢᠮᠵᠢᠶᠠᠵᠢᠭ᠍ᠰᠠᠨ ᠮᠠᠯᠵᠢᠯ᠎ᠤᠨ ᠲᠠᠯᠠᠪᠠᠶ᠎ᠳᠤ ᠴᠢᠭ᠌ᠯᠡᠭᠦᠯᠦᠨ ᠲᠤᠰᠭᠠᠶ ᠪᠠᠯᠠ ᠬᠤᠷᠠᠮᠳᠤᠭᠤᠯᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠬᠠᠮᠲᠤ᠎ᠳᠤᠨᠢ ᠨᠡᠢᠲᠡᠯᠡᠨ ᠬᠡᠷᠡᠭ᠌ᠵᠢᠬᠦᠯᠪᠡ᠃ ᠤᠳᠤᠬᠠᠨ ᠪᠤᠯᠳᠠᠯ᠎ᠠ ᠳᠤᠰ ᠬᠤᠱᠢᠭᠤ ᠰᠦ᠎ᠶ᠋ᠢᠨ ᠠᠵᠤ ᠦᠢᠯᠡᠰ᠎ᠤᠨ ᠬᠦᠷᠢᠶᠡᠯᠡᠩ ᠳᠤᠭᠤᠷᠢᠭ᠎ᠤᠨ ᠰᠠᠭᠤᠷᠢ ᠲᠦᠭᠦᠭᠡᠷᠦᠮᠵᠢ᠎ᠶ᠋ᠢᠨ ᠪᠦᠳᠦᠭᠡᠨ ᠪᠠᠢᠭᠤᠯᠤᠯᠳᠠ᠎ᠶ᠋ᠢᠨ 8 ᠵᠦᠢᠯ᠎ᠤᠨ ᠵᠢᠭᠡᠯᠡᠯᠭᠡ᠎ᠶ᠋ᠢᠨ ᠳᠡᠮᠳᠡᠭ᠌ᠳᠦ ᠲᠠᠷᠬᠠᠭᠠᠵᠤ᠂ ᠵᠢᠱ᠌ᠢᠭ᠌ᠰᠡᠨ ᠶᠡᠷᠦᠩᠬᠡᠢ ᠪᠡᠯᠡ ᠬᠤᠷᠠᠮᠳᠤᠭᠤᠯᠭ᠎ᠠ᠎ᠨᠢ 25 ᠳ᠋ᠦᠩᠱᠢᠭᠤᠷ ᠲᠦᠭᠦᠷᠢᠭ᠎ᠢ ᠲᠠᠪᠠᠵᠤ᠂ ᠨᠢᠬᠡᠨᠳᠡ 4.3 ᠳ᠋ᠦᠩᠱᠢᠭᠤᠷ ᠲᠦᠭᠦᠷᠢᠭ᠎ᠤᠨ ᠪᠡᠯᠡ ᠬᠤᠷᠠᠮᠳᠤᠭᠤᠯᠭ᠎ᠠ᠎ᠶ᠋ᠢ᠎ᠨᠢ ᠵᠦᠪᠱᠢᠶᠡᠷᠡᠭᠡᠳ ᠪᠤᠢ᠃

ᠠᠯᠢ ᠤᠯᠠᠨ ᠬᠠᠷᠠᠭᠠᠯᠵᠠᠯ᠎ᠤᠨ ᠲᠦᠷᠦ᠎ᠶ᠋ᠢᠨ ᠪᠤᠳᠤᠯᠭ᠎ᠠ᠎ᠶ᠋ᠢ ᠬᠠᠮᠳᠤ ᠬᠡᠷᠡᠭ᠌ᠵᠢᠬᠦᠯᠦᠭ᠌ᠰᠡᠨ᠎ᠨᠢ ᠥᠪᠡᠷᠲᠡᠭᠡᠨ ᠵᠠᠰᠠᠬᠤ ᠣᠷᠣᠨ ᠵᠢᠴᠢ ᠬᠥᠯᠥᠨ ᠪᠤᠢᠷ ᠬᠤᠳᠠ᠎ᠶ᠋ᠢᠨ ᠰᠦ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠲᠦᠷᠭᠡᠳᠭᠡᠨ ᠠᠬᠢᠭᠤᠯᠬᠤ ᠢᠲᠡᠭᠡᠯ ᠵᠣᠷᠢᠭ ᠡᠷᠴᠢ ᠬᠦᠴᠦᠨ᠎ᠢ ᠭᠦᠢᠴᠡᠳ ᠬᠠᠷᠠᠭᠤᠯᠵᠤ ᠪᠤᠢ᠃ ᠤᠳᠤᠬᠠᠨ᠎ᠳᠤ ᠢᠯᠢ ᠪᠦᠯᠦᠭ᠌ᠯᠡᠯ ᠺᠤᠮᠫᠠᠨᠢ᠎ᠶ᠋ᠢᠨ ᠲᠦᠷᠦᠯ ᠵᠦᠢᠯ᠎ᠢᠶᠠᠷ ᠲᠥᠯᠥᠭᠡᠯᠡᠭᠦᠯᠦᠭ᠌ᠰᠡᠨ ᠨᠢᠭᠡ ᠪᠦᠯᠦᠭ ᠱᠢᠯᠢᠳᠡᠭ ᠲᠦᠷᠦᠯ ᠵᠦᠢᠯ ᠠᠷᠤᠨ ᠬᠤᠱᠢᠭᠤᠨ᠎ᠳᠤ ᠦᠨᠳᠤᠰᠤ ᠬᠠᠳᠭᠤᠨ ᠦᠷᠡᠯᠡᠨ ᠵᠢᠮᠢᠰᠯᠡᠵᠤ᠂ ᠰᠦ᠎ᠶ᠋ᠢᠨ ᠦᠢᠯᠡᠰ᠎ᠢ ᠬᠦᠭ᠌ᠵᠢᠭᠦᠯᠦᠨ ᠮᠠᠨᠳᠤᠭᠤᠯᠬᠤ᠎ᠨᠢ ᠠᠷᠤᠨ ᠬᠤᠱᠢᠭᠤᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠤᠯᠭᠠᠭᠤᠷᠢᠯᠠᠯ ᠪᠤᠯᠵᠤ᠂ ᠲᠤᠰ ᠬᠤᠱᠢᠭᠤᠨ᠎ᠤ ᠠᠵᠤ ᠠᠬᠤᠢ ᠨᠡᠢᠭᠡᠮ᠎ᠤᠨ ᠬᠦᠭ᠌ᠵᠢᠯᠳᠡ᠎ᠳᠤ ᠭᠦᠨᠵᠡᠭᠡᠢ ᠬᠤᠪᠢᠷᠠᠯᠲᠠ ᠠᠪᠴᠢᠷᠠᠯ᠎ᠠ᠃

ᠬᠠᠯᠠᠭᠤᠨ ᠦᠢᠯᠡᠴᠢᠯᠡᠭᠡ᠎ᠪᠠᠷ ᠬᠠᠮᠳᠤ᠎ᠶ᠋ᠢᠨ ᠦᠢᠯᠡᠰ᠎ᠢ ᠴᠤᠭ᠍ᠴᠠᠯᠠᠨ᠎ᠠ

ᠲᠥᠷᠥᠯ ᠵᠦᠢᠯ᠎ᠢ ᠠᠬᠢᠭᠤᠯᠬᠤ ᠪᠠ ᠪᠥᠲᠥᠭᠡᠨ ᠪᠠᠢᠭᠤᠯᠬᠤ ᠶᠠᠪᠤᠴᠠ᠎ᠳᠤ᠂ ᠠᠷᠤᠨ ᠬᠤᠱᠢᠭᠤ᠎ᠶ᠋ᠢᠨ᠎ᠬᠢᠨ ᠠᠵᠤ ᠠᠬᠤᠢ᠍ᠢᠯᠠᠯ᠎ᠯᠤᠭ᠎ᠠ᠎ᠶ᠋ᠢᠨ ᠬᠠᠮᠳᠤᠷᠠᠯᠴᠠᠭ᠎ᠠ᠎ᠪᠠᠨ ᠬᠦᠨᠵᠡᠭᠡᠢᠷᠡᠭᠦᠯᠤᠨ ᠪᠦᠬᠦ᠌ ᠲᠠᠯ᠎ᠠ᠎ᠶ᠋ᠢ ᠬᠠᠮᠤᠷᠤᠭ᠍ᠰᠠᠨ 24 ᠴᠠᠭ᠎ᠤᠨ ᠦᠢᠯᠡᠴᠢᠯᠡᠭᠡᠨ᠎ᠤ ᠲᠣᠭ᠍ᠲᠠᠴᠠ᠎ᠶ᠋ᠢ ᠪᠠᠢᠭᠤᠯᠵᠤ᠂ ᠬᠤᠯᠪᠤᠭ᠍ᠳᠠᠯ ᠪᠦᠬᠦᠢ ᠠᠵᠤ ᠠᠬᠤᠶ᠎ᠶ᠋ᠢᠨ ᠰᠠᠯᠠᠭ᠎ᠠ ᠮᠥᠴᠢᠷ᠎ᠠᠴᠠ ᠢᠯᠢ ᠪᠦᠯᠦᠭ᠌ᠯᠡᠯ ᠺᠤᠮᠫᠠᠨᠢ᠎ᠶ᠋ᠢᠨ ᠣᠷᠭᠠᠨᠢᠭ ᠰᠦ᠎ᠶ᠋ᠢᠨ ᠪᠦᠲᠦᠭᠡᠭ᠌ᠳᠡᠬᠦᠨ᠎ᠤ ᠲᠥᠷᠥᠯ ᠵᠦᠢᠯ᠎ᠢ ᠠᠬᠢᠭᠤᠯᠤᠨ ᠨᠠᠢᠳᠠᠪᠤᠷᠢᠵᠢᠭᠤᠯᠬᠤ᠎ᠳᠤ ᠲᠤᠯᠭᠠᠷᠠᠭ᠍ᠰᠠᠨ ᠬᠦᠴᠢᠷ ᠠᠰᠠᠭᠤᠳᠠᠯ᠎ᠢ ᠴᠠᠭ ᠲᠤᠬᠠᠶ᠎ᠳᠤᠨᠢ  ᠱᠢᠢᠳᠪᠦᠷᠢᠯᠡᠨ ᠥᠭ᠌ᠴᠦ ᠪᠠᠢᠨ᠎ᠠ᠃

《ᠪᠢᠳᠡ ᠲᠤᠰᠭᠠᠶ ᠠᠩᠭᠢ᠎ᠶ᠋ᠢᠨ ᠦᠢᠯᠡᠴᠢᠯᠡᠭᠡᠨ᠎ᠤ ᠵᠠᠭ᠍ᠪᠤᠷ ᠪᠣᠯᠤᠨ ᠠᠵᠢᠯᠯᠠᠭᠠᠨ᠎ᠤ ᠵᠢᠷᠤᠭ ᠡᠯᠭᠦᠨ ᠠᠵᠢᠯᠯᠠᠬᠤ ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠪᠠᠴᠢᠮ ᠶᠠᠪᠤᠳᠠᠯ᠎ᠢ ᠪᠠᠴᠢᠮ  ᠱᠢᠢᠳᠪᠦᠷᠢᠯᠡᠨ ᠣᠨᠴᠠᠭᠠᠢ ᠶᠠᠪᠤᠳᠠᠯ᠎ᠢ ᠣᠨᠴᠠᠭᠠᠢ  ᠱᠢᠢᠳᠪᠦᠷᠢᠯᠡᠵᠦ᠍᠂ ᠬᠠᠯᠠᠭᠤᠨ ᠳᠤᠯᠠᠭᠠᠨ ᠦᠢᠯᠡᠴᠢᠯᠡᠭᠡ᠎ᠪᠠᠷ ᠬᠤᠳᠠᠯᠳᠤᠭ᠎ᠠ ᠡᠷᠭᠢᠯᠡᠬᠦ᠌ ᠣᠷᠴᠢᠨ ᠨᠦᠭᠦᠴᠡᠯ᠎ᠢ ᠱᠢᠯᠢᠳᠡᠭ᠌ᠵᠢᠭᠦᠯᠤᠨ᠂ 〈ᠠᠷᠤᠨ᠎ᠤ ᠬᠤᠷᠳᠤᠴᠠ〉 ᠎ᠪᠠᠷ ᠢᠯᠢ ᠪᠦᠯᠦᠭ᠌ᠯᠡᠯ ᠺᠤᠮᠫᠠᠨᠢ᠎ᠶ᠋ᠢᠨ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠎ᠶ᠋ᠢᠨ ᠬᠠᠮᠲᠤ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠠᠷᠠᠳ᠎ᠤᠨ ᠠᠮᠢᠳᠤᠷᠠᠯ᠎ᠤᠨ ᠰᠠᠯᠠᠭ᠎ᠠ ᠮᠥᠴᠢᠷ᠎ᠢ ᠵᠣᠬᠢᠶᠠᠨ ᠪᠠᠢᠭᠤᠯᠤᠨ ᠰᠠᠨᠠᠭᠠᠴᠢᠯᠠᠭ᠎ᠠ᠎ᠠᠴᠠ᠎ᠪᠠᠨ ᠠᠵᠤ ᠠᠬᠤᠢ᠍ᠢᠯᠠᠯ᠎ᠤᠨ ᠠᠵᠢᠯᠲᠠᠨ ᠠᠵᠢᠯᠴᠢᠨ ᠪᠠ ᠲᠥᠷᠥᠯ ᠵᠦᠢᠯ᠎ᠤᠨ ᠪᠠᠷᠢᠯᠭ᠎ᠠ᠎ᠶ᠋ᠢᠨ ᠠᠵᠢᠯᠴᠢᠳ᠎ᠤᠨ ᠦᠷ᠎ᠡ ᠬᠡᠤᠬᠡᠳ᠎ᠤᠨ ᠬᠢᠨᠢ ᠰᠤᠷᠭᠠᠨ ᠬᠥᠮᠦᠵᠢᠯ᠂ ᠡᠮ ᠡᠮᠨᠡᠯᠭᠡ᠎ᠶ᠋ᠢᠨ ᠪᠠᠲᠤᠯᠠᠭ᠎ᠠ᠂ ᠴᠢᠳᠠᠪᠤᠷᠢᠲᠠᠨ᠎ᠤ ᠠᠮᠤᠭᠤᠯᠠᠩ ᠣᠷᠣᠨ ᠰᠠᠭᠤᠴᠠ ᠵᠡᠷᠭᠡ᠎ᠶ᠋ᠢ ᠪᠠᠭ᠍ᠳᠠᠭᠠᠭ᠍ᠰᠠᠨ ᠪᠦᠬᠦ᠌ ᠲᠠᠯ᠎ᠠ᠎ᠶ᠋ᠢᠨ ᠪᠦᠷᠢᠨ ᠦᠢᠯᠡᠴᠢᠯᠡᠭᠡ ᠬᠠᠩᠭᠠᠨ ᠬᠠᠢᠷ᠎ᠠ ᠬᠠᠯᠠᠮᠵᠢ ᠬᠦᠷᠳᠡᠭᠡᠵᠤ᠂ ᠠᠵᠤ ᠠᠬᠤᠢ᠍ᠢᠯᠠᠯ ᠬᠢᠭᠡᠳ ᠣᠷᠣᠨ ᠨᠤᠲᠤᠭ᠎ᠤᠨ ᠬᠠᠮᠳᠤ᠎ᠶ᠋ᠢᠨ ᠠᠵᠤ ᠦᠢᠯᠡᠰ᠎ᠢ ᠴᠤᠭ᠍ᠴᠠᠯᠠᠨ ᠬᠠᠮᠲᠤ᠎ᠪᠠᠷ ᠠᠱᠢᠭ ᠭᠥᠷᠳᠡᠵᠦ᠍ ᠪᠤᠢ》 ᠭᠡᠵᠤ ᠠᠷᠤᠨ ᠬᠤᠱᠢᠭᠤᠨ᠎ᠤ ᠬᠤᠱᠢᠭᠤᠨ ᠳᠠᠷᠤᠭ᠎ᠠ᠎ᠶ᠋ᠢᠨ ᠢ ᠮᠢᠨ ᠤᠴᠢᠷᠳᠠᠢᠬᠠᠨ ᠶᠠᠷᠢᠨ᠎ᠠ᠃

ᠢᠯᠢ ᠪᠦᠯᠦᠭ᠌ᠯᠡᠯ ᠺᠤᠮᠫᠠᠨᠢ᠎ᠶ᠋ᠢᠨ ᠲᠦᠷᠦᠯ ᠵᠦᠢᠯ᠎ᠢ ᠠᠬᠢᠭᠤᠯᠬᠤ ᠶᠠᠪᠤᠴᠠ᠎ᠳᠤᠨᠢ ᠠᠷᠤᠨ ᠬᠤᠱᠢᠭᠤ 16 ᠴᠢᠬᠤᠯᠠ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ᠎ᠢ ᠱᠢᠯᠢᠨ ᠰᠤᠩᠭᠤᠵᠤ᠂ 16 ᠵᠢᠱ᠌ᠢᠶ᠎ᠠ ᠦᠵᠡᠭᠦᠯᠬᠦ᠌ ᠮᠠᠯᠵᠢᠯ᠎ᠤᠨ ᠲᠠᠯᠠᠪᠠᠢ᠎ᠶ᠋ᠢᠨ ᠲᠤᠰᠭᠠᠢ ᠠᠩᠬᠢ᠎ᠶ᠋ᠢ ᠵᠣᠬᠢᠶᠠᠨ ᠪᠠᠢᠭᠤᠯᠵᠤ᠂ ᠮᠠᠯᠵᠢᠯ᠎ᠤᠨ ᠲᠠᠯᠠᠪᠠᠢ᠎ᠶ᠋ᠢᠨ ᠪᠦᠳᠦᠬᠡᠨ ᠪᠠᠢᠭᠤᠯᠤᠯᠲᠠ᠎ᠶ᠋ᠢᠨ ᠪᠦᠬᠦ᠌ ᠶᠠᠪᠤᠴᠠ᠎ᠳᠤ ᠪᠦᠬᠦ᠌ ᠲᠠᠯ᠎ᠠ᠎ᠶ᠋ᠢᠨ ᠪᠦᠷᠢᠨ ᠦᠢᠯᠡᠴᠢᠯᠡᠭᠡ ᠬᠠᠩᠭᠠᠵᠠᠢ᠃ ᠡᠢᠮᠦᠷᠭᠦᠦ ᠦᠢᠯᠡᠴᠢᠯᠡᠭᠡᠨ᠎ᠤ ᠵᠠᠭ᠍ᠪᠤᠷ᠎ᠢᠶᠠᠷ ᠳᠡᠮᠵᠢᠨ ᠬᠡᠰᠡᠭ ᠮᠠᠯᠵᠢᠯ᠎ᠤᠨ ᠲᠠᠯᠠᠪᠠᠶ᠎ᠶ᠋ᠢᠨ ᠲᠥᠷᠥᠯ ᠵᠦᠢᠯ᠎ᠨᠢ ᠲᠤᠬᠠᠶ᠎ᠶ᠋ᠢᠨ ᠵᠢᠯ᠎ᠳᠡᠭᠡᠨ ᠵᠦᠪᠳᠡᠯᠴᠡᠭᠡᠷ ᠲᠣᠭ᠍ᠲᠠᠨ᠂ ᠲᠤᠬᠠᠶ᠎ᠶ᠋ᠢᠨ ᠵᠢᠯ᠎ᠳᠡᠭᠡᠨ ᠪᠠᠷᠢᠯᠭ᠎ᠠ ᠡᠬᠢᠯᠡᠵᠦ᠍᠂ ᠲᠤᠬᠠᠶ᠎ᠶ᠋ᠢᠨ ᠵᠢᠯ᠎ᠳᠡᠭᠡᠨ ᠠᠱᠢᠬ᠍ᠯᠠᠯᠳᠠ᠎ᠳᠤ ᠤᠷᠤᠭ᠍ᠰᠠᠨ ᠪᠢᠯᠡ᠃ ᠢᠯᠢ ᠪᠦᠯᠦᠭ᠌ᠯᠡᠯ ᠺᠤᠮᠫᠠᠨᠢ᠎ᠶ᠋ᠢᠨ ᠣᠷᠭᠠᠨᠢᠭ ᠰᠦ᠎ᠶ᠋ᠢᠨ ᠪᠦᠲᠦᠭᠡᠭ᠌ᠳᠡᠬᠦᠨ᠎ᠤ ᠲᠦᠷᠦᠯ ᠵᠦᠢᠯ᠎ᠤᠨ ᠪᠦᠳᠦᠬᠡᠨ ᠪᠠᠢᠭᠤᠯᠤᠯᠳᠠ᠎ᠶ᠋ᠢᠨ ᠠᠬᠢᠴᠠ ᠲᠦᠷᠭᠡᠳᠴᠦ᠍᠂ ᠨᠢᠭᠡᠳᠦᠭᠡᠷ ᠬᠤᠭᠤᠴᠠᠭᠠᠨ᠎ᠤ ᠲᠦᠷᠦᠯ ᠵᠦᠢᠯ᠎ᠳᠤ ᠭᠡᠷ᠎ᠡ ᠲᠣᠭ᠍ᠲᠠᠭ᠍ᠰᠠᠨ᠎ᠤ ᠳᠠᠷᠠᠭ᠎ᠠ ᠵᠥᠪᠬᠡᠨ 73 ᠡᠳᠦᠷ᠎ᠤᠨ ᠳᠣᠲᠣᠷ᠎ᠠ 43 ᠵᠦᠢᠯ᠎ᠤᠨ ᠭᠠᠷ ᠭᠦᠢᠴᠡᠳᠭᠡᠯ᠎ᠢ ᠭᠦᠢᠴᠡᠳᠭᠡᠴᠢᠬᠡᠵᠡᠢ᠃ ᠵᠢᠱ᠌ᠢᠯᠳᠠ᠎ᠪᠠᠷ 2025 ᠣᠨ ᠪᠣᠯᠬᠤ᠎ᠳᠤ ᠳᠤᠰ ᠬᠤᠱᠢᠭᠤᠨ᠎ᠤ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠬᠡᠪᠴᠢᠶ᠎ᠡ 30 ᠲᠦᠮᠡ᠎ᠳᠤ ᠬᠦᠷᠴᠦ᠍᠂ ᠡᠳᠦᠷ᠎ᠲᠤ 4000 ᠲᠣᠨ ᠰᠦ ᠰᠠᠭᠠᠵᠤ᠂ 100 ᠳ᠋ᠦᠩᠱᠢᠭᠤᠷ ᠲᠥᠭᠦᠷᠢᠭ᠎ᠤᠨ ᠦᠢᠯᠡᠳᠬᠦᠨ᠎ᠤ ᠥᠷᠲᠡᠭ᠎ᠲᠠᠢ ᠪᠤᠯᠵᠤ᠂ 1 ᠲᠦᠮᠡᠨ ᠬᠥᠮᠦᠨ᠎ᠳᠤ ᠱᠢᠭᠤᠳ ᠠᠵᠢᠯ ᠣᠯᠭᠤᠬᠤ ᠪᠤᠯᠤᠨ᠎ᠠ᠃ ᠣᠳᠣᠬᠠᠨ᠎ᠳᠤ ᠲᠤᠰ ᠬᠤᠱᠢᠭᠤ 2020 ᠣᠨ᠎ᠠᠴᠠ ᠡᠬᠢᠯᠡᠨ ᠲᠦᠯᠦᠪᠵᠢᠬᠦᠯᠦᠨ ᠪᠠᠢᠭᠤᠯᠬᠤ 14 ᠮᠠᠯᠵᠢᠯ᠎ᠤᠨ ᠲᠠᠯᠠᠪᠠᠶ᠎ᠶ᠋ᠢᠨ᠎ᠢᠶᠠᠨ 13 ᠮᠠᠯᠵᠢᠯ᠎ᠤᠨ ᠲᠠᠯᠠᠪᠠᠶ᠎ᠶ᠋ᠢᠨ ᠪᠠᠷᠢᠯᠭ᠎ᠠ᠎ᠶ᠋ᠢ ᠪᠦᠳᠦᠮᠵᠢᠳᠠᠢ ᠡᠬᠢᠯᠡᠬᠦᠯᠵᠤ᠂ ᠡᠭᠦᠨ᠎ᠳᠤ ᠦᠪᠦᠷ ᠮᠤᠩᠭᠤᠯ᠎ᠤᠨ ᠶᠢᠦ ᠷᠠᠨ ᠮᠠᠯ ᠠᠵᠤ ᠠᠬᠤᠢ᠎ᠶ᠋ᠢᠨ ᠬᠢᠵᠠᠭᠠᠷᠳᠤ ᠺᠤᠮᠫᠠᠨᠢ᠎ᠶ᠋ᠢᠨ ᠨᠢᠭᠡᠳᠦᠭᠡᠷ ᠬᠤᠭᠤᠴᠠᠭᠠᠨ᠎ᠤ ᠲᠦᠷᠦᠯ ᠵᠦᠢᠯ ᠨᠢᠬᠡᠨᠳᠡ ᠠᠱᠢᠬ᠍ᠯᠠᠯᠳᠠ᠎ᠳᠤ ᠤᠷᠤᠵᠤ᠂ ᠶᠢᠦ ᠷᠠᠨ ᠬᠤᠶᠠᠳᠤᠭᠠᠷ ᠬᠤᠭᠤᠴᠠᠭᠠᠨ᠎ᠤ ᠲᠦᠷᠦᠯ ᠵᠦᠢᠯ᠂ ᠰᠠᠢ ᠺᠧ ᠱᠢᠩ᠂ ᠲᠢᠶᠠᠨ ᠱᠢᠩ᠂ ᠱᠧᠩ ᠹᠠ ᠶᠤᠸᠠᠨ ᠵᠡᠷᠭᠡ ᠮᠠᠯᠵᠢᠯ᠎ᠤᠨ ᠲᠠᠯᠠᠪᠠᠶ᠎ᠶ᠋ᠢᠨ ᠦᠬᠡᠷ᠎ᠤᠨ ᠬᠠᠱᠢᠶ᠎ᠠ ᠰᠠᠷᠠᠪᠴᠢ᠎ᠶ᠋ᠢᠨ ᠪᠥᠲᠥᠭᠡᠨ ᠪᠠᠢᠭᠤᠯᠤᠯᠲᠠ ᠤᠷᠤᠭ᠍ᠰᠢᠳᠠᠢ ᠶᠠᠪᠤᠭ᠍ᠳᠠᠵᠤ ᠪᠠᠢᠨ᠎ᠠ᠃

《ᠢᠯᠢ ᠪᠦᠯᠦᠭ᠌ᠯᠡᠯ ᠺᠤᠮᠫᠠᠨᠢ᠎ᠶ᠋ᠢᠨ 2 ᠬᠤᠭᠤᠴᠠᠭᠠᠨ᠎ᠤ ᠲᠥᠷᠥᠯ ᠵᠦᠢᠯ ᠠᠱᠢᠬ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ ᠲᠤᠬᠠᠶ᠎ᠶ᠋ᠢᠨ ᠭᠠᠵᠠᠷ ᠤᠷᠤᠨ᠎ᠤ ᠴᠠᠭᠠᠨ ᠢᠳᠡᠭᠡᠨ ᠡᠳ᠋ᠱᠢᠭᠦᠯᠦᠨ ᠪᠣᠯᠪᠠᠰᠤᠷᠠᠭᠤᠯᠬᠤ᠂ ᠲᠠᠷᠢᠮᠠᠯ᠎ᠤᠨ ᠦᠢᠯᠡᠰ᠂ ᠲᠡᠵᠢᠭᠡᠨ ᠦᠷᠡᠵᠢᠭᠦᠯᠬᠦ᠌ ᠦᠢᠯᠡᠰ᠂ ᠳᠡᠵᠢᠭᠡᠯ ᠪᠣᠷᠳᠤᠭ᠎ᠠ ᠡᠳ᠋ᠱᠢᠭᠦᠯᠦᠨ ᠪᠤᠯᠪᠠᠰᠤᠷᠠᠭᠤᠯᠬᠤ ᠪᠠ ᠪᠠᠷᠠᠭᠠᠨ᠎ᠤ ᠭᠦᠢᠯᠭᠡᠭᠡ᠂ ᠪᠣᠭᠤᠳᠠᠯ ᠵᠡᠷᠭᠡ ᠬᠠᠮᠢᠶ᠎ᠠ ᠪᠦᠬᠦᠢ ᠠᠵᠤ ᠦᠢᠯᠡᠰ᠎ᠤᠨ ᠬᠠᠮᠵᠢᠯᠴᠠᠨ ᠬᠥᠭ᠌ᠵᠢᠬᠦ᠌᠎ᠶ᠋ᠢ ᠭᠦᠢᠴᠡᠳ ᠳᠠᠢᠴᠢᠯᠠᠵᠤ᠂ ᠨᠠᠭᠠᠳᠤ ᠵᠠᠬ᠎ᠠ᠎ᠳᠠᠭᠠᠨ ᠮᠢᠩᠭᠠᠨ ᠳ᠋ᠦᠩᠱᠢᠭᠤᠷ ᠲᠥᠭᠦᠷᠢᠭ᠎ᠤᠨ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠠᠵᠤ ᠠᠬᠤᠶ᠎ᠶ᠋ᠢᠨ ᠬᠤᠪᠢ ᠨᠡᠮᠡᠷᠢ᠎ᠶ᠋ᠢ ᠪᠡᠶᠡᠯᠡᠬᠦᠯᠵᠤ᠂ 6 ᠲᠦᠮᠡᠨ ᠬᠥᠮᠦᠨ᠎ᠤ ᠠᠵᠢᠯ ᠣᠯᠭᠤᠯᠲᠠ᠎ᠶ᠋ᠢ ᠱᠢᠭᠤᠳ ᠳᠠᠢᠴᠢᠯᠠᠨ᠂ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ 40 ᠲᠦᠮᠡᠨ ᠬᠥᠮᠦᠨ᠎ᠤ ᠠᠵᠢᠯ ᠣᠯᠭᠤᠯᠲᠠ᠎ᠶ᠋ᠢ ᠳᠠᠮ᠎ᠢᠶᠠᠷ ᠳᠠᠢᠴᠢᠯᠠᠵᠤ᠂ ᠠᠵᠤ ᠦᠢᠯᠡᠰ᠎ᠤᠨ ᠰᠦᠷᠦᠭ᠌ᠵᠢᠯ᠎ᠤᠨ ᠠᠵᠤ ᠠᠬᠤᠶ ᠨᠡᠢᠭᠡᠮ᠎ᠤᠨ ᠶᠡᠷᠦᠩᠬᠡᠢᠯᠡᠭ᠌ᠰᠡᠨ ᠦᠷ᠎ᠠ ᠨᠦᠯᠦᠭᠡ ᠭᠠᠷᠭᠠᠨ᠂ ᠬᠦᠳᠡᠭᠡ ᠳᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠳᠤ ᠢᠯᠡᠳᠳᠡ ᠲᠦᠯᠬᠢᠴᠡ ᠦᠢᠯᠡᠳᠦᠯ ᠦᠵᠡᠭᠦᠯᠬᠦ᠌ ᠪᠤᠯᠤᠨ᠎ᠠ》 ᠭᠡᠵᠤ ᠠᠷᠤᠨ ᠬᠤᠱᠢᠭᠤᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠤᠨ ᠡᠷᠬᠢᠯᠡᠭ᠌ᠴᠢ ᠸᠠᠨ ᠪᠦᠦ ᠵᠦ᠍ ᠬᠦᠭ᠌ᠵᠢᠯᠳᠡ᠎ᠶ᠋ᠢᠨ ᠢᠷᠡᠭᠡᠳᠦᠢ᠎ᠪᠠᠨ ᠵᠢᠷᠤᠭ᠍ᠯᠠᠨ᠎ᠠ᠃

ᠣᠳᠣᠬᠠᠨ᠎ᠳᠤ ᠪᠦᠬᠦ᠌ ᠬᠤᠱᠢᠭᠤᠨ᠎ᠤ 32 ᠲᠦᠮᠡᠨ ᠺᠠᠳ᠋ᠷ ᠤᠯᠠᠨ ᠲᠦᠮᠡᠨ ᠤᠬᠠᠭᠠᠨ ᠰᠤᠪᠢᠨ ᠬᠦᠴᠦ᠎ᠪᠠᠨ ᠱᠢᠪᠬᠠᠵᠤ᠂ ᠠᠷᠤᠨ ᠬᠤᠱᠢᠭᠤ᠎ᠪᠠᠨ ᠬᠢᠩᠭᠠᠨ ᠳᠠᠪᠠᠭ᠎ᠠ᠎ᠶ᠋ᠢᠨ ᠵᠡᠭᠦᠨᠳᠡᠬᠢ ᠰᠦ᠎ᠶ᠋ᠢᠨ ᠦᠢᠯᠡᠰ᠎ᠤᠨ ᠬᠦᠴᠦᠷᠬᠡᠭ ᠬᠤᠱᠢᠭᠤ ᠪᠤᠯᠭᠠᠨ ᠪᠦᠳᠦᠭᠡᠨ ᠪᠠᠢᠭᠤᠯᠬᠤ ᠠᠯᠬᠤᠭ᠎ᠠ᠎ᠪᠠᠨ ᠲᠦᠷᠬᠡᠳᠭᠡᠵᠤ ᠪᠤᠢ᠂ ᠤᠳᠠᠯ ᠦᠬᠡᠢ ᠠᠳᠡ ᠵᠠᠭᠤᠨ ᠳ᠋ᠦᠩᠱᠢᠭᠤᠷ᠎ᠤᠨ ᠲᠡᠰ᠎ᠤᠨ ᠰᠦ᠎ᠶ᠋ᠢᠨ ᠠᠵᠤ ᠦᠢᠯᠡᠰ᠎ᠤᠨ ᠰᠦᠷᠦᠭ᠌ᠵᠢᠯ ᠰᠦᠨᠳᠡᠷᠯᠡᠨ ᠪᠤᠰᠴᠦ᠍᠂ ᠰᠦ᠎ᠶ᠋ᠢᠨ ᠦᠢᠯᠡᠰ᠎ᠤᠨ ᠬᠦᠭ᠌ᠵᠢᠯ ᠮᠠᠨᠳᠤᠯ᠎ᠤᠨ ᠱᠢᠨ᠎ᠠ ᠴᠠᠭ ᠦᠶ᠎ᠠ᠎ᠪᠠᠨ ᠤᠭ᠍ᠳᠤᠨ ᠠᠪᠬᠤ ᠪᠤᠯᠤᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号