ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠤᠯᠠᠭᠠᠨᠬᠠᠳᠠ᠎ᠳᠤ ᠤᠬᠠᠭᠤᠯᠤᠨ ᠲᠠᠢᠯᠪᠤᠷᠢᠯᠠᠪᠠ
2021-08-02 11:30:15
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

7 ᠰᠠᠷ᠎ᠠ᠎ᠶ᠋ᠢᠨ 28 ᠎ᠤ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠤᠯᠠᠭᠠᠨᠬᠠᠳᠠ ᠬᠤᠳᠠ᠎ᠳᠤ ᠬᠦᠷᠴᠦ᠍᠂ ᠬᠥᠳᠡᠭᠡ ᠲᠣᠰᠭᠤᠨ᠂ ᠨᠡᠢᠭᠡᠮ ᠲᠣᠭᠤᠷᠢᠭ ᠪᠣᠯᠤᠨ ᠪᠠᠢᠭᠤᠯᠭ᠎ᠠ ᠨᠢᠭᠡᠴᠢ᠎ᠳᠤ ᠭᠦᠨᠵᠡᠭᠡᠢᠷᠡᠨ᠂ ᠥᠷᠭᠡᠨ ᠤᠯᠠᠨ ᠺᠠᠳ᠋ᠷ ᠤᠯᠠᠨ ᠲᠦᠮᠡᠨ᠎ᠳᠤ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠤᠬᠠᠭᠤᠯᠤᠨ ᠲᠠᠢᠯᠪᠤᠷᠢᠯᠠᠪᠠ᠃

ᠬᠠᠷᠠᠴᠢᠨ ᠬᠤᠱᠢᠭᠤᠨ᠎ᠤ᠎ᠶ᠋ᠢᠨ ᠱᠠᠨ ᠪᠠᠯᠭᠠᠰᠤᠨ᠎ᠤ ᠾᠧ ᠨᠠᠨ ᠵᠡᠭᠡᠯᠢ ᠭᠤᠳᠤᠮᠵᠢ᠎ᠶ᠋ᠢᠨ ᠭᠤᠸᠠᠩ ᠴᠠᠩ ᠨᠡᠢᠭᠡᠮ ᠲᠣᠭᠤᠷᠢᠭ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠥᠷᠲᠡᠭᠡᠨ᠎ᠳᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠭᠡᠱᠢᠭᠦᠨ᠂ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶ᠋ᠢᠨ ᠵᠢᠭᠠᠨ ᠰᠤᠳᠤᠯᠬᠤ ᠬᠡᠯᠲᠡᠰ᠎ᠤᠨ ᠫᠷᠤᠹᠧᠰᠰᠤᠷ ᠢᠦᠶ ᠯᠢᠶᠠᠨ ᠷᠦᠢ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠢ ᠨᠢᠭ᠍ᠲᠠ ᠤᠶᠠᠯᠳᠤᠭᠤᠯᠤᠨ᠂ 《ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠠᠵᠢᠯᠯᠠᠭ᠎ᠠ᠎ᠶ᠋ᠢᠨ ᠬᠥᠲᠥᠯᠪᠦᠷᠢ》 ᠎ᠪᠠᠷ ᠭᠤᠤᠯ ᠰᠡᠳᠦᠪ ᠪᠣᠯᠭᠠᠵᠤ᠂ 《ᠴᠢᠨᠡᠭᠡᠯᠢᠭ ᠨᠡᠢᠭᠡᠮ᠎ᠳᠤ ᠰᠠᠭᠤᠷᠢᠯᠠᠬᠤ》᠂ 《ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ》᠂ 《ᠲᠡᠦᠬᠡ᠎ᠪᠠᠷ ᠲᠤᠯᠢ ᠪᠣᠯᠭᠠᠬᠤ᠎ᠶ᠋ᠢ ᠪᠠᠷᠢᠮᠲᠠᠯᠠᠬᠤ》᠂ 《ᠭᠡᠷᠡᠯ ᠰᠠᠴᠤᠷᠠᠩᠭᠤᠶ ᠢᠷᠡᠭᠡᠳᠦᠶ᠎ᠶ᠋ᠢ ᠨᠡᠭᠡᠭᠡᠬᠦ᠌》 ᠳᠥᠷᠪᠡᠨ ᠬᠠᠷᠠᠭᠠᠰᠤ᠎ᠠᠴᠠ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ᠂ ᠭᠤᠤᠯ ᠤᠳᠭ᠎ᠠ ᠰᠠᠨᠠᠭ᠎ᠠ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠲᠠᠢᠯᠪᠤᠷᠢᠯᠠᠵᠤ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠬᠠᠨᠳᠤᠯᠭᠠᠲᠤ ᠴᠢᠨᠠᠷ ᠪᠠ ᠵᠢᠯᠣᠭᠤᠳᠭᠤ ᠴᠢᠨᠠᠷ᠎ᠲᠠᠢ ᠪᠠᠢᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠬᠤ᠎ᠳᠤ ᠴᠢᠬᠤᠯᠠ ᠵᠢᠯᠤᠭᠤᠳᠤᠮᠵᠢ ᠬᠠᠩᠭᠠᠪᠠ᠃

ᠬᠠᠷᠠᠴᠢᠨ ᠬᠤᠱᠢᠭᠤᠨ᠎ᠤ ᠾᠧ ᠨᠠᠨ ᠵᠡᠭᠡᠯᠢ ᠭᠤᠳᠤᠮᠵᠢ᠎ᠶ᠋ᠢᠨ ᠤᠬᠠᠭᠤᠯᠬᠤ ᠭᠡᠱᠢᠭᠦᠨ ᠴᠧᠨ ᠰᠢ ᠾᠧ᠄ 《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠪᠢᠳᠡ ᠮᠠᠰᠢ ᠵᠣᠷᠢᠭ᠍ᠵᠢᠪᠠ᠂ ᠵᠡᠭᠡᠯᠢ ᠭᠤᠳᠤᠮᠵᠢ᠎ᠶ᠋ᠢᠨ ᠤᠬᠠᠭᠤᠯᠬᠤ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢᠳᠡ ᠠᠵᠢᠯ᠎ᠤᠨ ᠠᠷᠭ᠎ᠠ ᠬᠡᠯᠪᠡᠷᠢ᠎ᠪᠠᠨ ᠱᠢᠨᠡᠴᠢᠯᠡᠵᠦ᠍᠂ ᠶᠡᠷᠦᠩᠬᠡᠶ ᠱᠦᠵᠢ ᠰᠢ᠎ᠶ᠋ᠢᠨ ᠫᠢᠩ᠎ᠤᠨ 〈7 · 1〉 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠡᠢᠭᠡᠮ ᠲᠣᠭᠤᠷᠢᠭ᠎ᠤᠨ ᠦᠨᠳᠦᠰᠦᠨ ᠱᠠᠲᠤᠨ᠎ᠤ ᠠᠢᠯ ᠡᠷᠦᠬᠡ᠎ᠳᠤ ᠤᠬᠠᠭᠤᠯᠤᠨ ᠲᠠᠢᠯᠪᠤᠷᠢᠯᠠᠵᠤ᠂ ᠨᠠᠮ᠎ᠤᠨ ᠭᠡᠱᠢᠭᠦᠨ ᠣᠯᠠᠨ ᠲᠦᠮᠡᠨ᠎ᠢ ᠬᠥᠲᠥᠯᠥᠨ ᠵᠢᠯᠣᠭᠤᠳᠴᠤ᠌ ᠪᠠᠢᠭᠠᠳ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠡᠭᠦᠷᠢᠳᠡ ᠳᠠᠭᠠᠨ᠎ᠠ》 ᠭᠡᠪᠡ᠃

ᠤᠬᠠᠭᠤᠯᠤᠨ ᠲᠠᠢᠯᠪᠤᠷᠢᠯᠠᠯᠲᠠ ᠳᠠᠭᠤᠰᠤᠭ᠍ᠰᠠᠨ᠎ᠤ ᠳᠠᠷᠠᠭ᠎ᠠ᠂ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ᠎ᠬᠢᠨ ᠢᠦᠶ ᠯᠢᠶᠠᠨ ᠷᠦᠢ ᠨᠡᠢᠭᠡᠮ ᠲᠣᠭᠤᠷᠢᠭ᠎ᠤᠨ ᠨᠠᠮ᠎ᠤᠨ ᠭᠡᠱᠢᠭᠦᠨ ᠪᠤᠯᠤᠨ ᠰᠠᠭᠤᠭᠠᠯᠢ ᠠᠷᠠᠳ᠎ᠲᠠᠢ ᠰᠠᠨᠠᠯ᠎ᠢᠶᠠᠨ ᠰᠣᠯᠢᠯᠴᠠᠵᠤ᠂ ᠣᠯᠠᠨ᠎ᠤ ᠳᠤᠷᠠᠳᠤᠭ᠍ᠰᠠᠨ ᠠᠰᠠᠭᠤᠳᠠᠯ᠎ᠳᠤ ᠴᠢᠭ᠌ᠯᠡᠭᠦᠯᠦᠨ ᠨᠢᠭᠡᠳ ᠨᠢᠭᠡ᠎ᠪᠠᠷ ᠬᠠᠷᠢᠭᠤᠯᠲᠠ ᠥᠭ᠌ᠪᠡ᠃

ᠬᠠᠷᠠᠴᠢᠨ ᠬᠤᠱᠢᠭᠤᠨ᠎ᠤ ᠡᠾᠧ ᠨᠠᠨ ᠵᠡᠭᠡᠯᠢ ᠭᠤᠳᠤᠮᠵᠢ᠎ᠶ᠋ᠢᠨ ᠭᠤᠸᠠᠩ ᠴᠠᠩ ᠨᠡᠢᠭᠡᠮ ᠲᠣᠭᠤᠷᠢᠭ᠎ᠤᠨ ᠳᠡᠳ᠋ ᠡᠷᠬᠢᠯᠡᠭ᠌ᠴᠢ ᠯᠢ ᠱᠢᠶᠤᠤ ᠶᠠᠨ᠄ 《ᠢᠦᠢ ᠫᠷᠤᠹᠧᠰᠰᠤᠷ ᠡ᠂ ᠡᠩ᠎ᠤᠨ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢᠳᠡ ᠠᠵᠢᠯ ᠠᠮᠢᠳᠤᠷᠠᠯ᠎ᠤᠨ ᠳᠤᠮᠳᠠ᠎ᠪᠠᠨ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠬᠡᠷᠬᠢᠨ ᠦᠢᠯᠡᠳᠦᠯᠭᠡᠵᠢᠭᠦᠯᠬᠦ᠌ ᠪᠤᠢ?》 ᠭᠡᠵᠦ᠍ ᠠᠰᠠᠭᠤᠬᠤ᠎ᠳᠤ᠂ 《ᠶᠠᠭᠤᠨ᠎ᠤ ᠡᠮᠦᠨ᠎ᠡ ᠪᠢᠳᠡ ᠥᠪᠡᠷ᠎ᠤᠨ ᠰᠤᠷᠤᠯᠴᠠᠬᠤ ᠴᠢᠳᠠᠪᠤᠷᠢ᠎ᠪᠠᠨ ᠴᠢᠩᠭᠠᠤᠡᠬᠠᠨ᠎ᠠ᠃ ᠠᠵᠢᠯ᠎ᠢᠶᠠᠨ ᠰᠠᠢᠲᠤᠷ ᠬᠢᠶ᠎ᠡ ᠭᠡᠪᠡᠯ ᠡᠷᠬᠡᠪᠰᠢ ᠤᠷᠢᠳ᠎ᠢᠶᠠᠷ ᠨᠠᠮ᠎ᠤᠨ ᠱᠤᠭᠤᠮ ᠴᠢᠭ᠌ᠯᠡᠯᠲᠡ ᠲᠦᠷᠦ᠎ᠶ᠋ᠢᠨ ᠪᠤᠳᠤᠯᠭ᠎ᠠ᠎ᠶ᠋ᠢ ᠰᠤᠷᠤᠯᠴᠠᠵᠤ᠂ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭᠠᠨ᠎ᠤ ᠰᠤᠷᠤᠯᠴᠠᠯᠭ᠎ᠠ᠎ᠶ᠋ᠢ ᠴᠢᠩᠭᠠᠤᠡᠬᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠤᠨᠤᠯ᠎ᠤᠨ ᠰᠤᠷᠤᠯᠴᠠᠯᠭ᠎ᠠ᠎ᠶ᠋ᠢ ᠴᠢᠩᠭᠠᠤᠡᠬᠠᠬᠤ ᠬᠡᠷᠡᠭ᠌ᠲᠡᠢ᠂ ᠡᠨᠡ ᠪᠣᠯ ᠮᠠᠨ᠎ᠤ ᠠᠵᠢᠯ᠎ᠢᠶᠠᠨ ᠭᠦᠢᠴᠡᠳᠭᠡᠬᠦ᠌ ᠦᠵᠡᠯ ᠰᠠᠨᠠᠭᠠᠨ᠎ᠤ ᠰᠠᠭᠤᠷᠢ ᠮᠥᠨ᠃ ᠳᠠᠷᠠᠭᠠᠯᠠᠪᠠᠯ ᠪᠣᠳᠠᠲᠠᠢ ᠠᠵᠢᠯ᠎ᠤᠨ ᠳᠤᠮᠳᠠ᠂ ᠤᠯᠠᠨ ᠲᠦᠮᠡᠨ᠎ᠤ ᠲᠥᠯᠥᠭᠡ ᠦᠨᠡᠨ ᠪᠣᠳᠠᠲᠠᠢ᠎ᠪᠠᠷ ᠪᠣᠳᠠᠲᠠᠢ ᠠᠵᠢᠯ ᠬᠢᠵᠦ᠍᠂ ᠤᠯᠠᠨ ᠲᠦᠮᠡᠨ᠎ᠢ ᠬᠠᠪᠰᠤᠷᠤᠨ 〈ᠪᠠᠴᠢᠮᠳᠠᠵᠤ ᠬᠦᠴᠢᠷᠳᠡᠵᠦ᠍ ᠵᠤᠪᠠᠨᠢᠵᠤ ᠬᠦᠰᠡᠵᠦ᠍〉 ᠪᠠᠢᠭ᠎ᠠ ᠠᠰᠠᠭᠤᠳᠠᠯ᠎ᠢ ᠴᠠᠭ ᠲᠤᠬᠠᠢ᠎ᠳᠤᠨᠢ ᠱᠢᠢᠳᠪᠦᠷᠢᠯᠡᠵᠦ᠍ ᠥᠭ᠌ᠬᠦ ᠬᠡᠷᠡᠭ᠌ᠲᠡᠢ》 ᠭᠡᠵᠦ᠍ ᠢᠦᠢ ᠯᠢᠶᠠᠨ ᠷᠦᠢ ᠬᠠᠷᠢᠭᠤᠯᠪᠠ᠃

ᠲᠠᠷᠠᠭ᠎ᠠ᠎ᠨᠢ᠂ ᠢᠦᠢ ᠯᠢᠶᠠᠨ ᠷᠦᠢ ᠪᠠᠰᠠ ᠬᠠᠷᠠᠴᠢᠨ ᠬᠤᠱᠢᠭᠤᠨ᠎ᠤ᠎ᠶ᠋ᠢᠨ ᠱᠠᠨ ᠪᠠᠯᠭᠠᠰᠤᠨ᠎ᠤ ᠨᠢᠦ ᠳᠧᠦ ᠭᠸᠦ ᠮᠧᠨ ᠲᠣᠰᠭᠤᠨ ᠪᠣᠯᠤᠨ ᠬᠤᠩᠱᠠᠨ ᠰᠣᠶᠣᠯ᠎ᠤᠨ ᠮᠦᠽᠧᠢ᠎ᠳᠤ ᠬᠦᠷᠴᠦ᠍᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠳᠤ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号