ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠪᠠᠷ ᠵᠢᠷᠤᠮᠯᠠᠯ ᠪᠣᠯᠭᠠᠵᠤ ᠱᠢᠯᠢ᠎ᠶ᠋ᠢᠨ ᠭᠤᠣᠯ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠴᠤᠭ᠍ᠴᠠᠯᠠᠨ᠎ᠠ — ᠱᠢᠯᠢ᠎ᠶ᠋ᠢᠨ ᠭᠤᠤᠯ ᠠᠢᠮᠠᠭ᠎ᠤᠨ ᠨᠠᠮ᠎ᠤᠨ ᠬᠤᠷᠢᠶᠠᠨ᠎ᠤ ᠱᠦᠵᠢ ᠶᠤᠤ ᠶᠦᠩ ᠪᠥᠸᠧ᠎ᠶ᠋ᠢ ᠰᠤᠷᠪᠤᠯᠵᠢᠯᠠᠬ᠍ᠰᠠᠨ᠎ᠨᠢ
2021-08-02 11:30:26
ᠵᠣᠬᠢᠶᠠᠭ᠍ᠴᠢ᠄
ᠪᠠᠶᠠᠰᠭᠤᠯᠠᠩ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠡᠳᠦᠷ᠎ᠤᠳ᠎ᠲᠤ ᠱᠢᠯᠢ᠎ᠶ᠋ᠢᠨ ᠭᠤᠣᠯ ᠠᠢᠮᠠᠭ᠎ᠤᠨ ᠡᠯ᠎ᠡ ᠭᠠᠵᠠᠷ ᠡᠯ᠎ᠡ ᠱᠠᠲᠤᠨ᠎ᠤ᠎ᠬᠢᠨ ᠠᠯᠢ ᠲᠦᠷᠭᠡᠨ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠬᠠᠯᠠᠭᠤᠨ ᠥᠷᠨᠢᠯᠲᠡ ᠭᠠᠷᠭᠠᠵᠤ᠂ ᠦᠵᠡᠯ ᠰᠠᠨᠠᠭᠠᠨ᠎ᠤ ᠠᠤᠭ᠎ᠠ ᠬᠦᠴᠦᠨ᠎ᠢ ᠭᠦᠨᠵᠡᠭᠡᠢ ᠣᠢᠯᠠᠭᠠᠵᠤ᠂ ᠪᠦᠯᠬᠦᠮᠳᠡᠨ ᠲᠡᠮᠡᠴᠡᠬᠦ᠌ ᠬᠦᠴᠦᠨ᠎ᠢ ᠨᠢᠭ᠍ᠲᠠᠷᠠᠭᠤᠯᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠦᠷᠭᠦᠯᠵᠢᠯᠡᠨ ᠲᠡᠮᠡᠴᠡᠬᠦ᠌ ᠱᠢᠨ᠎ᠡ ᠠᠶᠠᠨ᠂ ᠱᠢᠨ᠎ᠡ ᠴᠠᠭ ᠦᠶ᠎ᠡ᠎ᠳᠤ ᠭᠠᠪᠢᠶ᠎ᠠ ᠪᠠᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ᠎ᠪᠠᠷ ᠬᠦᠴᠦᠯᠡᠨ ᠴᠢᠷᠮᠠᠢᠵᠠᠭᠠᠨ᠎ᠠ᠃ 7 ᠰᠠᠷ᠎ᠠ᠎ᠶ᠋ᠢᠨ 25 ᠎ᠤ ᠡᠳᠦᠷ᠂ ᠰᠤᠷᠪᠤᠯᠵᠢᠯᠠᠭ᠍ᠴᠢ ᠡᠨᠡ ᠲᠤᠬᠠᠢ ᠱᠢᠯᠢ᠎ᠶ᠋ᠢᠨ ᠭᠤᠣᠯ ᠠᠢᠮᠠᠭ᠎ᠤᠨ ᠨᠠᠮ᠎ᠤᠨ ᠬᠤᠷᠢᠶᠠᠨ᠎ᠤ ᠱᠦᠵᠢ ᠶᠤᠤ ᠶᠦᠩ ᠪᠥᠸᠧ᠎ᠶ᠋ᠢ ᠰᠤᠷᠪᠤᠯᠵᠢᠯᠠᠪᠠ᠃

ᠱᠢᠯᠢ᠎ᠶ᠋ᠢᠨ ᠭᠤᠣᠯ ᠠᠢᠮᠠᠭ᠎ᠤᠨ᠎ᠬᠢᠨ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠡᠷᠬᠢᠨ ᠤᠯᠠᠮ ᠴᠢᠨᠠᠭ᠍ᠰᠢᠳᠠ ᠰᠤᠷᠤᠯᠴᠠᠨ ᠲᠤᠭᠤᠱᠢᠯᠠᠭᠤᠯᠬᠤ ᠲᠤᠬᠠᠢ ᠶᠤᠤ ᠶᠦᠩ ᠪᠥᠸᠧ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ ᠣᠮᠤᠭ ᠲᠡᠭᠦᠯᠳᠡᠷ ᠢᠲᠡᠭᠡᠯ ᠵᠣᠷᠢᠭ᠂ ᠣᠷᠭᠢᠯᠤᠮ᠎ᠠ ᠰᠡᠳᠭᠢᠯᠭᠡ᠎ᠪᠠᠷ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠦᠭ᠌ᠰᠡᠨ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠦᠭ᠌ᠰᠠᠨ᠎ᠢ ᠲᠥᠪ ᠴᠢᠩᠭ᠎ᠠ᠎ᠪᠠᠷ ᠲᠤᠩᠬᠠᠭ᠍ᠯᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠡᠷᠡᠰ ᠵᠣᠷᠢᠭ᠎ᠢᠶᠠᠨ ᠲᠥᠪ ᠴᠢᠩᠭ᠎ᠠ᠎ᠪᠠᠷ ᠲᠤᠩᠬᠠᠭ᠍ᠯᠠᠵᠤ᠂ ᠨᠠᠮ᠎ᠤᠨ ᠲᠥᠪ ᠬᠤᠷᠢᠶᠠᠨ᠎ᠤ ᠡᠮᠦᠨ᠎ᠡ᠎ᠠᠴᠠ ᠪᠦᠬᠦ᠌ ᠨᠠᠮ᠎ᠤᠨ ᠭᠡᠱᠢᠭᠦᠳ᠎ᠲᠤ ᠨᠠᠮ ᠪᠠ ᠠᠷᠠᠳ ᠲᠦᠮᠡᠨ᠎ᠳᠤ ᠨᠡᠩ ᠶᠡᠭᠡ ᠢᠷᠠᠭᠤ ᠠᠯᠳᠠᠷ᠎ᠢ ᠲᠡᠮᠡᠴᠡᠨ ᠤᠯᠬᠤ ᠠᠭᠤᠤ ᠶᠡᠭᠡ ᠤᠷᠢᠶᠠᠯᠠᠭ᠎ᠠ ᠭᠠᠷᠭᠠᠵᠦ᠍᠂ ᠪᠦᠬᠦ᠌ ᠨᠠᠮ᠎ᠤᠨ ᠭᠡᠱᠢᠬᠦᠨ ᠨᠥᠬᠦᠳ᠎ᠤᠨ ᠪᠠᠢᠳᠠᠯ᠎ᠢ ᠠᠮᠵᠢᠨ ᠤᠷᠤᠭ᠍ᠰᠢᠯᠠᠵᠦ᠍᠂ ᠴᠢᠷᠮᠠᠢᠭ᠍ᠰᠠᠨ ᠳᠡᠭᠡᠷ᠎ᠡ᠎ᠪᠠᠨ ᠴᠢᠷᠮᠠᠢᠬᠤ᠂ ᠦᠷᠭᠦᠯᠵᠢᠯᠡᠨ ᠲᠡᠮᠡᠴᠡᠬᠦ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠤᠨ ᠳᠤᠮᠳᠠ ᠨᠠᠮ ᠪᠠ ᠠᠷᠠᠳ ᠲᠦᠮᠡᠨ᠎ᠳᠤ ᠭᠠᠪᠢᠶ᠎ᠠ ᠪᠠᠢᠭᠤᠯᠵᠤ ᠦᠢᠯᠡᠰ ᠪᠣᠰᠭᠠᠬᠤ᠎ᠶ᠋ᠢ᠎ᠨᠢ ᠤᠷᠮᠠᠱᠢᠭᠤᠯᠤᠨ ᠵᠣᠷᠢᠭ᠍ᠵᠢᠭᠤᠯᠤᠭ᠍ᠰᠠᠨ ᠪᠠᠢᠨ᠎ᠠ᠃ ᠱᠢᠯᠢ᠎ᠶ᠋ᠢᠨ ᠭᠤᠤᠯ ᠠᠢᠮᠠᠭ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠭᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠣᠨᠣᠯ᠎ᠢᠶᠠᠷ ᠵᠡᠪᠰᠡᠭ᠌ᠯᠡᠬᠦ᠌ ᠠᠵᠢᠯ᠎ᠤᠨ ᠭᠤᠤᠯᠳᠠᠯᠭ᠎ᠠ᠎ᠶ᠋ᠢᠨ ᠭᠤᠤᠯᠳᠠᠯᠭ᠎ᠠ ᠪᠣᠯᠭᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠭᠤᠤᠯ ᠠᠭᠤᠯᠭ᠎ᠠ ᠪᠣᠯᠭᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠤ᠂ ᠰᠠᠢᠨ ᠰᠠᠢᠬᠠᠨ ᠢᠷᠡᠭᠡᠳᠦᠶ᠎ᠶ᠋ᠢ ᠴᠣᠭ᠍ᠴᠠᠯᠠᠬᠤ ᠬᠠᠷᠢᠭᠤᠴᠠᠯᠭ᠎ᠠ ᠡᠭᠦᠷᠭᠡᠯᠡᠯ᠎ᠢᠶᠠᠨ ᠲᠠᠰᠤᠷᠠᠯᠲᠠ ᠥᠬᠡᠶ ᠴᠢᠩᠭᠠᠳᠭᠠᠵᠤ᠂ ᠤᠯᠤᠰ ᠲᠥᠷᠥ᠎ᠶ᠋ᠢᠨ ᠵᠣᠭ᠍ᠰᠣᠯᠲᠠ᠎ᠪᠠᠨ ᠪᠠᠲᠤᠳᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠴᠢᠨᠠᠷ ᠰᠠᠢᠲᠠᠶ ᠠᠮᠢᠳᠤᠷᠠᠯ᠎ᠢ ᠡᠭᠦᠳᠴᠦ᠍᠂ ᠱᠢᠨ᠎ᠡ ᠠᠶᠠᠨ᠎ᠳᠤ ᠠᠷᠠᠳ ᠲᠦᠮᠡᠨ ᠪᠠ ᠲᠡᠦᠬᠡᠨ᠎ᠳᠤ ᠬᠠᠨᠤᠮᠵᠢᠲᠠᠶ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠨ᠎ᠠ ᠭᠡᠵᠦ᠍ ᠬᠡᠯᠡᠵᠡᠢ᠃

ᠨᠢᠭᠡ᠎ᠳᠤ᠂ ᠤᠯᠤᠰ ᠲᠥᠷᠥ᠎ᠶ᠋ᠢᠨ ᠵᠣᠭ᠍ᠰᠣᠯᠲᠠ᠎ᠪᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠎ᠶ᠋ᠢ ᠱᠢᠯᠢ᠎ᠶ᠋ᠢᠨ ᠭᠤᠤᠯ ᠠᠢᠮᠠᠭ᠎ᠤᠨ ᠠᠵᠢᠯ᠎ᠤᠨ ᠪᠥᠬᠦ᠌ ᠶᠠᠪᠤᠴᠠ ᠡᠯ᠎ᠡ ᠲᠠᠯ᠎ᠠ᠎ᠳᠤ ᠡᠷᠡᠰ ᠨᠠᠢᠳᠠᠪᠤᠷᠢᠵᠢᠭᠤᠯᠤᠨ᠎ᠠ᠃ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠎ᠶ᠋ᠢ ᠡᠷᠬᠢᠮᠯᠡᠵᠦ᠍᠂ ᠨᠠᠮ᠎ᠤᠨ ᠪᠦᠯᠬᠦᠮᠳᠡᠯ ᠪᠠ ᠲᠥᠪᠯᠡᠷᠡᠯ ᠨᠢᠭᠡᠳᠦᠯ᠎ᠢ ᠪᠠᠲᠤᠯᠠᠬᠤ ᠪᠣᠯ ᠨᠠᠮ᠎ᠤᠨ ᠠᠮᠢ ᠨᠠᠰᠤ ᠮᠥᠨ᠂ ᠮᠠᠨ᠎ᠤ ᠨᠠᠮ᠎ᠤᠨ ᠵᠠᠭᠤᠨ ᠵᠢᠯ᠎ᠤᠨ ᠲᠤᠮᠤ ᠨᠠᠮ ᠪᠤᠯᠵᠤ᠂ ᠵᠠᠭᠤᠨ ᠵᠢᠯ᠎ᠤᠨ ᠠᠭᠤᠤ ᠦᠢᠯᠡᠰ᠎ᠢ ᠪᠦᠲᠦᠭᠡᠵᠦ᠍ ᠴᠢᠳᠠᠭ᠍ᠰᠠᠨ᠎ᠤ ᠵᠠᠩᠭᠢᠯᠠᠭ᠎ᠠ ᠮᠥᠨ ᠬᠡᠳᠡᠭ᠎ᠢ ᠵᠠᠭᠤᠨ ᠵᠢᠯ᠎ᠤᠨ ᠨᠠᠮ᠎ᠤᠨ ᠲᠡᠤᠬᠡ ᠭᠡᠷᠡᠴᠢᠯᠡᠵᠠᠢ᠃ ᠶᠡᠷᠦᠩᠬᠡᠢ ᠱᠦᠵᠢ ᠰᠢ᠎ᠶ᠋ᠢᠨ ᠫᠢᠩ ᠨᠠᠮ᠎ᠤᠨ ᠲᠥᠪ ᠬᠤᠷᠢᠶᠠᠨ᠎ᠤ ᠡᠮᠦᠨ᠎ᠡ᠎ᠠᠴᠠ ᠪᠦᠬᠦ᠌ ᠨᠠᠮ᠎ᠤᠨ ᠭᠡᠱᠢᠭᠦᠨ᠎ᠳᠤ ᠠᠭᠤᠤ ᠶᠡᠭᠡ ᠤᠷᠢᠶᠠᠯᠠᠭ᠎ᠠ ᠭᠠᠷᠭᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠬᠡᠨ ᠪᠠᠢᠭᠤᠯᠬᠤ ᠱᠢᠨ᠎ᠡ ᠠᠶᠠᠨ᠎ᠳᠤ ᠮᠣᠷᠳᠠᠵᠤ᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ ᠲᠡᠢᠰᠢ ᠡᠷᠡᠯᠬᠡᠭ᠌ᠯᠡᠨ ᠤᠷᠤᠭ᠍ᠰᠢᠯᠠᠵᠤ ᠡᠬᠢᠯᠡᠵᠠᠢ᠂ ᠪᠢᠳᠡ ᠨᠠᠮ᠎ᠤᠨ ᠤᠳᠤᠷᠢᠳᠤᠯᠭ᠎ᠠ᠎ᠶ᠋ᠢ ᠢᠮᠠᠭ᠍ᠲᠠ ᠭᠤᠢᠪᠢᠰᠢ ᠦᠭᠡᠢ ᠪᠠᠷᠢᠮᠲᠠᠯᠠᠵᠤ᠂ 《ᠬᠤᠶᠠᠷ᠎ᠢ ᠬᠠᠮᠠᠭᠠᠯᠠᠬᠤ》 ᠎ᠶ᠋ᠢ ᠡᠷᠡᠰ ᠭᠤᠢᠪᠢᠰᠢ ᠦᠭᠡᠢ ᠪᠡᠶᠡᠯᠡᠭᠦᠯᠳᠡᠭ ᠯᠡ ᠶᠤᠮ ᠪᠣᠯ ᠯᠠᠪᠲᠠᠢ ᠤᠷᠤᠭ᠍ᠰᠢᠯᠠᠯᠲᠠ᠎ᠶ᠋ᠢᠨ ᠵᠠᠮ ᠳᠡᠭᠡᠷᠡᠬᠢ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠵᠤ᠂ ᠠᠤᠭ᠎ᠠ ᠵᠢᠷᠤᠭ ᠲᠥᠰᠦᠪ᠎ᠢ ᠰᠠᠢᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号